ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠳᠤᠪᠴᠢᠶ᠎ᠠ ᠶᠢᠨ ᠳᠠᠷᠤᠭ᠎ᠠ ᠰᠢᠤᠸᠠᠨ ᠶᠦᠩ ᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2018/11/20
     ᠡᠨᠡ ᠵᠢᠯ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠷᠤᠳᠤᠬᠤᠢ ᠶᠢᠨ ᠮᠠᠯ ᠳᠠᠷᠢᠶᠠᠯᠠᠩ ᠤᠨ ᠪᠦᠳᠦᠭᠡᠭᠳᠡᠭᠦᠨ ᠤ ᠨᠡᠷ᠎ᠡ ᠳᠡᠮᠳᠡᠭ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠪᠦᠬᠦ ᠬᠤᠳᠠ ᠶᠢᠨ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠲᠦᠯᠬᠢᠨ ᠠᠬᠢᠭᠤᠯᠬᠤ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠲᠦᠷᠭᠡᠳᠬᠡᠬᠦ᠂ ᠤᠨᠴᠠᠯᠢᠭᠳᠤ ᠠᠵᠤ ᠠᠬᠤᠢ ᠶᠢ ᠬᠦᠭᠵᠢᠭᠦᠯᠬᠦ ᠴᠢᠬᠤᠯᠠ ᠭᠠᠷᠳᠠᠴᠠ ᠪᠤᠯᠭᠠᠵᠤ᠂ ᠪᠤᠷᠤᠳᠤᠬᠤᠢ ᠶᠢᠨ ᠮᠠᠯ ᠳᠠᠷᠢᠶᠠᠯᠠᠩ ᠤᠨ ᠪᠦᠳᠦᠭᠡᠭᠳᠡᠭᠦᠨ ᠤ ᠨᠡᠷ᠎ᠡ ᠳᠡᠮᠳᠡᠭ ᠤᠨ ᠬᠦᠭᠵᠢᠭᠦᠯᠦᠯᠳᠡ ᠶᠢᠨ ᠲᠦᠯᠦᠪᠯᠡᠭᠡ ᠶᠢ ᠨᠠᠶᠢᠷᠠᠭᠤᠯᠤᠨ ᠳᠤᠭᠳᠠᠭᠠᠵᠤ᠂ ︽ᠪᠤᠷᠤᠳᠤᠬᠤᠢ︾ ᠶᠢᠨ ᠭᠠᠵᠠᠷ ᠵᠦᠢ ᠶᠢᠨ ᠪᠡᠯᠬᠡ ᠳᠡᠮᠳᠡᠭᠳᠤ ᠳᠠᠸᠠᠷ ᠤᠨ ᠳᠡᠮᠳᠡᠭ ᠪᠠ ᠨᠡᠶᠢᠳᠡ ᠶᠢᠨ ᠬᠡᠷᠡᠭᠯᠡᠭᠡᠨ ᠤ ᠨᠡᠷ᠎ᠡ ᠳᠡᠮᠳᠡᠭ ᠤᠨ ᠳᠠᠩᠰᠠᠯᠠᠭᠤᠯᠤᠯᠳᠠ ᠶᠢ ᠲᠦᠷᠭᠡᠳᠬᠡᠨ ᠠᠬᠢᠭᠤᠯᠤᠭᠰᠠᠨ ᠪᠠᠶᠢᠨ᠎ᠠ᠃     ᠤᠢᠢᠷ᠎ᠠ ᠳᠤ᠂ ᠰᠤᠷᠪᠤᠯᠵᠢᠯᠠᠭᠴᠢ ᠪᠤᠷᠤᠳᠤᠬᠤᠢ ᠶᠢᠨ ᠮᠠᠯ ᠳᠠᠷᠢᠶᠠᠯᠠᠩ ᠤᠨ ᠪᠦᠳᠦᠭᠡᠭᠳᠡᠭᠦᠨ ᠤ ᠨᠡᠷ᠎ᠡ ᠳᠡᠮᠳᠡᠭ ᠤᠨ ᠪᠠᠶᠢᠭᠤᠯᠤᠯᠳᠠ ᠶᠢᠨ ᠠᠵᠢᠯ ᠤᠨ ᠳᠤᠬᠠᠢ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠳᠤᠪᠴᠢᠶ᠎ᠠ ᠶᠢᠨ ᠳᠠᠷᠤᠭ᠎ᠠ ᠰᠢᠤᠸᠠᠨ ᠶᠦᠩ ᠢ ᠰᠤᠷᠪᠤᠯᠵᠢᠯᠠᠪᠠ᠃ᠰᠤᠷᠪᠤᠯᠵᠢᠯᠠᠭᠴᠢ᠄ ᠪᠤᠷᠤᠳᠤᠬᠤᠢ ᠶᠢᠨ ᠤᠷᠤᠨ ᠪᠦᠰᠡ ᠶᠢᠨ ᠨᠡᠷ᠎ᠡ ᠳᠡᠮᠳᠡᠭ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤᠬᠠᠢ ᠳᠠ ᠶᠠᠮᠠᠷ ᠳᠠᠨᠢᠯᠳᠠ ᠲᠠᠢ ᠪᠤᠢ︖ᠰᠢᠤᠸᠠᠨ ᠶᠦᠩ᠄ ᠮᠠᠯ ᠳᠠᠷᠢᠶᠠᠯᠠᠩ ᠤᠨ ᠪᠦᠳᠦᠭᠡᠭᠳᠡᠭᠦᠨ ᠤ ᠨᠡᠷ᠎ᠡ ᠳᠡᠮᠳᠡᠭ ᠢ ᠡᠭᠦᠳᠦᠨ ᠪᠠᠶᠢᠭᠤᠯᠬᠤ ᠨᠢ ᠨᠢᠭᠡᠨᠳᠡ ᠮᠠᠨ ᠤ ᠬᠤᠳᠠ ᠶᠢᠨ ᠮᠠᠯ ᠳᠠᠷᠢᠶᠠᠯᠠᠩ ᠤᠨ ᠪᠦᠳᠦᠭᠡᠭᠳᠡᠭᠦᠨ ᠤ ᠪᠤᠷᠤᠯᠠᠭᠤᠯᠭ᠎ᠠ ᠶᠢ ᠨᠡᠮᠡᠭᠳᠡᠭᠦᠯᠵᠦ᠂ ᠨᠡᠷ᠎ᠡ ᠠᠯᠳᠠᠷᠰᠢᠯ ᠢ ᠳᠡᠭᠡᠭᠰᠢᠯᠡᠭᠦᠯᠬᠦ ᠵᠠᠶᠢᠯᠠᠰᠢ ᠦᠭᠡᠢ ᠵᠠᠮᠨᠠᠬᠤ ᠵᠠᠮ ᠪᠤᠯᠵᠤ᠂ ᠮᠦᠨᠴᠦ ᠮᠠᠨ ᠤ ᠬᠤᠳᠠ ᠶᠢᠨ ᠳᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠪᠠ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠲᠦᠯᠬᠢᠨ ᠠᠬᠢᠭᠤᠯᠬᠤ᠂ ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠪᠤᠷᠤᠳᠤᠬᠤᠢ ᠶᠢᠨ ᠪᠦᠬᠦ ᠴᠠᠷᠠᠭᠠᠨ ᠤ ᠪᠤᠬᠢᠷᠳᠤᠯ ᠦᠭᠡᠢ ᠤᠷᠭᠠᠨᠢᠭ ᠦᠨᠳᠦᠷ ᠳᠡᠰ ᠤᠨ ᠮᠠᠯ ᠳᠠᠷᠢᠶᠠᠯᠠᠩ ᠤᠨ ᠪᠦᠳᠦᠭᠡᠭᠳᠡᠭᠦᠨ ᠢ ᠦᠢᠯᠡᠳᠪᠤᠷᠢᠯᠡᠨ ᠡᠳ᠋ᠰᠢᠭᠦᠯᠵᠦ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠦᠳᠦᠭᠡᠨ ᠪᠠᠶᠢᠭᠤᠯᠬᠤ ᠴᠢᠬᠤᠯᠠ ᠭᠠᠷᠳᠠᠴᠠ ᠪᠤᠯᠤᠭᠰᠠᠨ ᠪᠠᠶᠢᠨ᠎ᠠ᠃ᠰᠤᠷᠪᠤᠯᠵᠢᠯᠠᠭᠴᠢ᠄ ᠪᠤᠷᠤᠳᠤᠬᠤᠢ ᠶᠢᠨ ᠮᠠᠯ ᠳᠠᠷᠢᠶᠠᠯᠠᠩ ᠤᠨ ᠪᠦᠳᠦᠭᠡᠭᠳᠡᠭᠦᠨ ᠤ ᠨᠡᠷ᠎ᠡ ᠳᠡᠮᠳᠡᠭ ᠤᠨ ᠪᠠᠶᠢᠭᠤᠯᠤᠯᠳᠠ ᠶᠢᠨ ᠳᠠᠯ᠎ᠠ ᠪᠠᠷ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠳᠤᠪᠴᠢᠶ᠎ᠠ ᠠᠵᠢᠯ ᠢᠶᠠᠨ ᠬᠡᠷᠬᠢᠨ ᠦᠷᠨᠢᠭᠦᠯᠵᠤ ᠪᠠᠶᠢᠬᠤ ᠪᠤᠢ︖ᠰᠢᠤᠸᠠᠨ ᠶᠦᠩ᠄ ᠨᠢᠭᠡ ᠳᠤ ᠪᠤᠷᠤᠳᠤᠬᠤᠢ ᠶᠢᠨ ᠡᠯᠧᠺᠳ᠋ᠷᠤᠨ ᠬᠤᠳᠠᠯᠳᠤᠭᠠᠨ ᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠵᠢᠯ ᠤᠨ ᠡᠬᠢᠨ ᠳᠤ ᠬᠤᠳᠠ ᠶᠢᠨ ᠵᠠᠰᠠᠭ ᠤᠨ ᠤᠷᠳᠤᠨ ᠬᠢᠭᠡᠳ ᠵᠧᠨ ᠳ᠋ᠤᠤ ᠺᠤᠮᠫᠠᠨᠢ ︽ᠳᠠᠷᠢᠶᠠᠯᠠᠩ ᠬᠤᠳᠠᠯᠳᠤᠭ᠎ᠠ ᠶᠢ ᠬᠤᠯᠪᠣᠯᠳᠤᠭᠤᠯᠬᠤ ᠪᠠ ᠡᠯᠧᠺᠳ᠋ᠷᠤᠨ ᠬᠤᠳᠠᠯᠳᠤᠭᠠᠨ ᠤ ᠰᠠᠭᠤᠷᠢᠨ ᠭᠠᠵᠠᠷ ᠢ ᠪᠡᠯᠡᠳᠬᠡᠨ ᠪᠦᠳᠦᠭᠡᠨ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠪᠤᠷᠤ ᠲᠦᠯᠦᠪ ᠤᠨ ᠬᠡᠯᠡᠯᠴᠡᠭᠡᠷ︾ ᠢ ᠳᠤᠭᠳᠠᠵᠤ᠂ ᠡᠭᠦᠨ ᠤ ᠳᠠᠷᠠᠭᠠᠴᠢ ᠪᠠᠷ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠳᠤᠪᠴᠢᠶ᠎ᠠ ︽ᠪᠤᠷᠤᠳᠤᠬᠤᠢ ᠶᠢᠨ ᠡᠯᠧᠺᠳ᠋ᠷᠤᠨ ᠬᠤᠳᠠᠯᠳᠤᠭᠠᠨ ᠤ ᠰᠠᠭᠤᠷᠢᠨ ᠭᠠᠵᠠᠷ ᠤᠨ ᠠᠵᠢᠯ ᠤᠨ ᠲᠦᠰᠦᠯ︾ ᠢ ᠨᠠᠶᠢᠷᠠᠭᠤᠯᠤᠨ ᠳᠤᠭᠳᠠᠭᠠᠵᠤ᠂ ᠤᠷᠢᠳ ᠬᠤᠵᠢᠳ 40 ᠭᠠᠷᠤᠢ ᠠᠵᠤ ᠠᠬᠤᠢᠢᠯᠠᠯ ᠢ ᠰᠤᠷᠪᠤᠯᠵᠢᠯᠠᠬᠤ ᠪᠠᠷ ᠳᠠᠮᠵᠢᠨ 20 ᠠᠵᠤ ᠠᠬᠤᠢᠢᠯᠠᠯ ᠲᠠᠢ ᠤᠷᠤᠵᠤ ᠰᠠᠭᠤᠬᠤ ᠬᠡᠯᠡᠯᠴᠡᠭᠡᠷ ᠳᠤᠭᠳᠠᠪᠠ᠃ ᠤᠳᠤᠬᠠᠨ ᠳᠤ᠂ ᠡᠯᠧᠺᠳ᠋ᠷᠤᠨ ᠬᠤᠳᠠᠯᠳᠤᠭᠠᠨ ᠤ ᠰᠠᠭᠤᠷᠢᠨ ᠭᠠᠵᠠᠷ ᠤᠨ ᠦᠵᠡᠭᠦᠯᠭᠡ ᠶᠢᠨ ᠲᠢᠩᠬᠢᠮ ᠪᠠ ᠠᠯᠪᠠᠯᠠᠬᠤ ᠤᠷᠤᠨ ᠢ ᠵᠠᠰᠠᠨ ᠴᠢᠮᠡᠭᠯᠡᠬᠦ ᠠᠵᠢᠯ ᠨᠢᠭᠡᠨᠳᠡ ᠳᠠᠭᠤᠰᠴᠤ᠂ ᠤᠳᠠᠯ ᠦᠭᠡᠢ ᠭᠡᠷ ᠎ᠡ ᠳᠤᠭᠳᠠᠭᠰᠠᠨ ᠠᠵᠤ ᠠᠬᠤᠢᠢᠯᠠᠯ ᠢ ᠵᠤᠬᠢᠶᠠᠨ ᠪᠠᠶᠢᠭᠤᠯᠤᠨ ᠤᠷᠤᠵᠤ ᠰᠠᠭᠤᠯᠭᠠᠬᠤ ᠪᠠᠷ ᠪᠠᠶᠢᠨ᠎ᠠ᠃ ᠬᠤᠶᠠᠷ ᠲᠤ ᠰᠢᠯᠢᠳᠡᠭ ᠴᠢᠨᠠᠷ ᠤᠨ ᠮᠠᠯ ᠳᠠᠷᠢᠶᠠᠯᠠᠩ ᠤᠨ ᠪᠦᠳᠦᠭᠡᠭᠳᠡᠭᠦᠨ ᠤ ᠭᠠᠳᠠᠭᠰᠢ ᠭᠠᠷᠬᠤ ᠶᠢ ᠲᠦᠯᠬᠢᠨ ᠠᠬᠢᠭᠤᠯᠪᠠ᠃ ᠡᠨᠡ ᠵᠢᠯ ᠤᠨ 5 ᠰᠠᠷ᠎ᠠ ᠳᠤ ᠮᠠᠨ ᠤ ᠬᠤᠳᠠ ᠶᠢᠨ ᠠᠩᠬᠠᠳᠠᠭᠴᠢ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠳᠡᠷᠭᠡ ᠶᠢ ᠨᠡᠪᠳᠡᠷᠡᠭᠦᠯᠵᠦ᠂ ᠮᠠᠨ ᠤ ᠬᠤᠳᠠ ᠶᠢᠨ 1150 ᠳᠤᠨ ᠰᠢᠯᠢᠳᠡᠭ ᠴᠢᠨᠠᠷ ᠤᠨ ᠨᠠᠷᠠᠨ ᠬᠤᠸᠠᠷ ᠤᠨ ᠦᠷ᠎ᠡ ᠶᠢ ᠳᠤᠮᠳᠠᠳᠤ ᠠᠽᠢᠶ᠎ᠠ ᠶᠢᠨ ᠭᠠᠵᠠᠷ ᠤᠷᠤᠨ ᠳᠤ ᠭᠠᠷᠭᠠᠪᠠ᠃ ᠡᠭᠦᠨ ᠠᠴᠠ ᠭᠠᠳᠠᠨ᠎ᠠ ᠪᠠᠰᠠ 28 ᠠᠵᠤ ᠠᠬᠤᠢᠢᠯᠠᠯ ᠢ ᠵᠤᠬᠢᠶᠠᠨ ᠪᠠᠶᠢᠭᠤᠯᠤᠨ ᠳᠤᠮᠳᠠᠳᠤ ᠤᠯᠤᠰ ᠤᠨ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠳᠠᠸᠠᠷ ᠤᠨ ᠠᠷᠠᠯᠵᠢᠶᠠᠨ ᠤ ᠴᠤᠭᠯᠠᠭᠠᠨ ᠳᠤ ᠤᠷᠤᠯᠴᠠᠭᠤᠯᠵᠤ᠂ ᠮᠠᠨ ᠤ ᠬᠤᠳᠠ ᠶᠢᠨ ᠠᠵᠤ ᠠᠬᠤᠢᠢᠯᠠᠯ ᠳᠤ ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠴᠢᠬᠤᠯᠠ ᠳᠠᠪᠴᠠᠩ ᠢ ᠬᠠᠩᠭᠠᠪᠠ᠃ ᠾᠧᠩ ᠹᠧᠩ ᠪᠦᠯᠦᠭᠯᠡᠯ ᠪᠠ ᠪᠤᠷᠤᠳᠤᠬᠤᠢ ᠠᠷᠢᠬᠢᠨ ᠤ ᠦᠢᠯᠡᠰ ᠵᠡᠷᠭᠡ ︽ᠳᠤᠮᠳᠠᠳᠤ ᠶᠢᠨ ᠬᠠᠭᠤᠴᠢᠨ ᠨᠡᠷ᠎ᠡ ᠳᠡᠮᠳᠡᠭᠳᠤ︾ ᠠᠵᠤ ᠠᠬᠤᠢᠢᠯᠠᠯ ᠪᠠ ︽ᠦᠪᠤᠷ ᠮᠤᠩᠭᠤᠯ ᠤᠨ ᠬᠠᠭᠤᠴᠢᠨ ᠨᠡᠷ᠎ᠡ ᠳᠡᠮᠳᠡᠭᠳᠤ︾ ᠢ ᠭᠤᠶᠤᠴᠢᠯᠠᠨ ᠮᠡᠳᠡᠭᠦᠯᠬᠦ ᠪᠠᠷ ᠪᠠᠶᠢᠭ᠎ᠠ ᠰᠢᠭᠡᠳᠠᠢ ᠶᠢᠨ ᠢ ᠱᠧᠩ ᠶᠤᠸᠠᠨ ᠠᠷᠢᠬᠢᠨ ᠤ ᠦᠢᠯᠡᠰ ᠤᠨ ᠺᠤᠮᠫᠠᠨᠢ ᠶᠢ ᠵᠤᠬᠢᠶᠠᠨ ᠪᠠᠶᠢᠭᠤᠯᠤᠨ ᠬᠤᠶᠠᠳᠤᠭᠠᠷ ᠬᠤᠭᠤᠴᠠᠭᠠᠨ ᠤ ᠳᠤᠮᠳᠠᠳᠤ ᠶᠢᠨ ᠬᠠᠭᠤᠴᠢᠨ ᠨᠡᠷ᠎ᠡ ᠳᠡᠮᠳᠡᠭᠳᠤ ᠶᠢᠨ ︵ᠱᠠᠨᠳᠥ᠋ᠩ︶ ᠦᠵᠡᠰᠭᠦᠯᠡᠩ ᠤᠨ ᠴᠤᠭᠯᠠᠭᠠᠨ ᠵᠢᠴᠢ ᠬᠠᠭᠤᠴᠢᠨ ᠨᠡᠷ᠎ᠡ ᠳᠡᠮᠳᠡᠭᠳᠤ ᠶᠢᠨ ᠬᠦᠭᠵᠢᠯᠳᠡ ᠶᠢᠨ ᠲᠦᠷᠦᠭᠦᠴᠦᠳ ᠤᠨ ᠶᠠᠷᠢᠶᠠᠨ ᠤ ᠳᠠᠪᠴᠠᠩ ᠳᠤ ᠤᠷᠤᠯᠴᠠᠭᠤᠯᠵᠤ᠂ ᠮᠠᠨ ᠤ ᠬᠤᠳᠠ ᠶᠢᠨ ᠠᠵᠤ ᠠᠬᠤᠢᠢᠯᠠᠯ ᠤᠨ ᠨᠡᠷ᠎ᠡ ᠠᠯᠳᠠᠷᠰᠢᠯ ᠢ ᠴᠢᠨᠠᠭᠰᠢᠳᠠ ᠠᠬᠢᠭᠤᠯᠤᠭᠰᠠᠨ ᠪᠠᠶᠢᠨ᠎ᠠ᠃
ᠢᠷᠡᠯᠲᠡ᠄ ᠪᠠᠶᠠᠨ ᠨᠠᠭᠤᠷ ᠤᠨ ᠰᠤᠨᠢᠨ