— 2017 ᠣᠨ ᠤ 1 ᠰᠠᠷ᠎ᠠ ᠶᠢᠨ 7 ᠤ ᠡᠳᠥᠷ ᠪᠠᠶᠠᠨᠨᠠᠭᠤᠷ ᠬᠤᠲᠠ ᠶᠢᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠠᠪᠤᠳᠤᠭᠠᠷ ᠤᠳᠠᠭ᠎ᠠ ᠶᠢᠨ ᠬᠤᠷᠠᠯ ᠳᠡᠭᠡᠷ᠎ᠡ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ | ᠵᠠᠩ ᠰᠢᠶᠣᠣ ᠪᠢᠩ | | ᠲᠥᠯᠥᠭᠡᠯᠡᠭᠴᠢᠳ ᠡ᠄ | ᠣᠳᠣ᠂ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠳᠠᠶᠠᠭᠠᠷ ᠢᠶᠠᠨ ᠬᠢᠨᠠᠨ | ᠵᠥᠪᠯᠡᠭᠡᠷᠡᠢ᠂ ᠪᠠᠰᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠣᠯᠠ ᠣᠷᠣᠯᠴᠠᠭ᠎ᠠ ᠨᠥᠬᠦᠳ ᠰᠠᠨᠠᠯ ᠢᠶᠠᠨ ᠳᠤᠷᠠᠳᠤᠭᠠᠷᠠᠢ᠃ | ᠨᠢᠭᠡ᠂ 2016 ᠣᠨ ᠤ ᠠᠵᠢᠯ ᠤᠨ ᠡᠷᠭᠢᠴᠡᠭᠦᠯᠦᠯ ᠰᠠᠶ᠋ᠢᠬᠠᠨ ᠥᠩᠭᠡᠷᠡᠭᠰᠡᠨ ᠨᠢᠭᠡ ᠵᠢᠯ ᠪᠣᠯ ᠬᠤᠳᠡ ᠶᠢᠨ ᠨᠠᠮ ᠤᠨ ᠬᠤᠷᠢᠶᠡᠨ ᠤ ᠪᠠᠳᠤ ᠴᠢᠩᠭ᠎ᠠ | ᠤᠳᠤᠷᠢᠳᠤᠯᠭ᠎ᠠ ᠲᠤᠤᠷ᠎ᠠ᠂ ᠪᠦᠬᠦ ᠬᠤᠲᠠ ᠳᠠᠶᠠᠭᠠᠷ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ | ᠲᠥᠷᠥᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠰᠡᠳᠬᠢᠯ ᠨᠡᠶᠢᠲᠡ ᠶᠢᠨ ᠵᠣᠷᠢᠭ | ᠢᠶᠠᠷ ᠬᠦᠴᠢᠷ ᠪᠡᠷᠬᠡ ᠶᠢ ᠢᠯᠠᠨ ᠳᠠᠪᠠᠵᠤ᠂ ᠨᠡᠮᠡᠭᠳᠡᠯ ᠢ ᠲᠣᠭᠲᠠᠪᠤᠷᠢᠵᠢᠭᠤᠯᠤᠨ᠂ ᠥᠭᠡᠷᠡᠴᠢᠯᠡᠯᠲᠡ ᠶᠢ ᠠᠬᠢᠭᠤᠯᠵᠤ᠂ ᠪᠦᠲᠦᠴᠡ ᠶᠢ ᠲᠣᠬᠢᠷᠠᠭᠤᠯᠤᠨ᠂ ᠠᠷᠠᠳ ᠤᠨ | ᠠᠮᠢᠳᠤᠷᠠᠯ ᠢ ᠬᠠᠷᠠᠭᠠᠯᠵᠠᠬᠤ ᠵᠡᠷᠭᠡ ᠡᠯ᠎ᠡ ᠲᠥᠷᠥᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠰᠢᠨ᠎ᠡ | ᠳᠠᠪᠠᠯᠲᠠ ᠶᠢ ᠪᠡᠶᠡᠯᠡᠭᠦᠯᠵᠦ᠂ ︽13 · 5︾ ᠤᠨ ᠲᠥᠯᠥᠪᠵᠢᠭᠦᠯᠭᠡ ᠶᠢᠨ ᠡᠬᠢᠯᠡᠯᠲᠡ ᠶᠢ ᠪᠡᠶᠡᠯᠡᠬᠦᠯᠦᠭᠰᠡᠨ ᠪᠠᠶᠢᠨ᠎ᠠ᠃ | ︵ᠨᠢᠭᠡ︶ ᠨᠡᠮᠡᠭᠳᠡᠯ ᠢ ᠪᠦᠬᠦ ᠬᠦᠴᠦᠨ ᠢᠶᠠᠷ ᠲᠣᠭᠲᠠᠪᠤᠷᠢᠵᠢᠭᠤᠯᠵᠤ᠂ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠲᠠᠢ | ᠪᠣᠯᠪᠠ᠃ ᠲᠣᠭᠲᠠᠭᠤᠨ ᠤ ᠳᠤᠮᠳᠠ ᠬᠥᠭᠵᠢᠯᠲᠡ ᠶᠢ ᠡᠷᠢᠯᠬᠢᠯᠡᠬᠦ ᠠᠵᠢᠯ ᠤᠨ ᠶᠡᠷᠦᠩᠬᠡᠢ ᠬᠥᠭ ᠠᠶᠢᠵᠠᠮ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ︽ᠭᠤᠷᠪᠠ ᠶᠢ ᠬᠠᠰᠤᠭᠳᠠᠭᠤᠯᠤᠨ᠂ ᠨᠢᠭᠡ ᠶᠢ ᠪᠠᠭᠤᠷᠠᠭᠤᠯᠵᠤ ᠨᠢᠭᠡ ᠶᠢ ᠨᠥᠬᠦᠬᠦ︾ | ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠤᠳᠠᠭᠠᠨ ᠤ ᠳᠤᠮᠳᠠ ᠲᠣᠭᠲᠠᠪᠤᠷᠢᠵᠢᠵᠤ᠂ | ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠢ ᠶᠡᠷᠦᠩᠬᠡᠢ ᠳᠡᠭᠡᠨ ᠪᠠᠲᠤᠯᠠᠪᠠ᠃ | ᠲᠥᠰᠦᠪᠯᠡᠭᠰᠡᠨ ᠢᠶᠠᠷ᠂ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 930 ᠳ᠋ᠦᠩᠰᠢᠭᠤᠷ ᠲᠥᠭᠦᠷᠢᠭ ᠪᠡᠶᠡᠯᠡᠭᠦᠯᠵᠦ᠂ 7% ᠢᠶᠠᠷ | ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 733.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ 10.4% ᠢᠶᠠᠷ ᠨᠡᠮᠡᠭᠳᠡᠪᠡ︔ | ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠥᠷᠲᠡᠭ 258 ᠳ᠋ᠦᠩᠰᠢᠭᠤᠷ ᠲᠥᠭᠦᠷᠢᠭ ᠲᠤ ᠬᠦᠷᠴᠦ᠂ 10% ᠢᠶᠠᠷ | ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠦᠰᠤᠪ ᠣᠷᠣᠯᠭ᠎ᠠ ᠶᠢ 69.95 ᠳ᠋ᠦᠩᠰᠢᠭᠤᠷ ᠲᠥᠭᠦᠷᠢᠭ ᠪᠡᠶᠡᠯᠡᠭᠦᠯᠵᠦ᠂ 6.4% ᠢᠶᠠᠷ ᠨᠡᠮᠡᠭᠳᠡᠪᠡ︔ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠲᠤᠰᠪᠦᠷᠢ 26259 ᠲᠥᠭᠦᠷᠢᠭ ᠪᠠ 14557 ᠲᠥᠭᠦᠷᠢᠭ ᠲᠤ | ᠬᠦᠷᠴᠦ᠂ ᠪᠦᠷ 8% ᠢᠶᠠᠷ ᠨᠡᠮᠡᠭᠳᠡᠵᠡᠢ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠲᠣᠭᠲᠠᠭᠤᠨ ᠢᠶᠠᠷ ᠬᠥᠭᠵᠢᠵᠦ᠂ ᠠᠮᠤ ᠪᠤᠳᠠᠭᠠᠨ ᠤ ᠶᠡᠷᠦᠩᠬᠡᠢ | ᠤᠨᠠᠯᠲᠠ 60 ᠳ᠋ᠦᠩᠰᠢᠭᠤᠷ ᠵᠢᠩ ᠢ ᠳᠠᠪᠠᠵᠤ᠂ ᠲᠥᠬᠦᠭᠡᠷᠦᠮᠵᠢᠲᠦ ᠲᠠᠷᠢᠶᠠᠯᠠᠩ ᠤᠨ ᠲᠠᠯᠠᠪᠠᠢ 26 ᠲᠦᠮᠡᠨ ᠮᠦ ᠳᠤ ᠬᠦᠷᠴᠡᠢ᠃ ᠮᠠᠯ ᠠᠵᠤ ᠠᠬᠤᠢ ᠶᠢᠨ ᠣᠨ ᠤ | ᠮᠠᠯ ᠲᠡᠵᠢᠭᠡᠪᠦᠷᠢ ᠶᠢᠨ ᠲᠤᠭ᠎ᠠ 2278 ᠲᠦᠮᠡ ᠳᠤ ᠬᠦᠷᠴᠦ᠂ ᠡᠭᠦᠨ ᠳᠤ ᠠᠯᠠᠰᠢᠨ ᠬᠤᠨᠢᠨ ᠤ ᠲᠡᠵᠢᠭᠡᠪᠦᠷᠢ ᠶᠢᠨ ᠲᠤᠭ᠎ᠠ 2128 ᠲᠦᠮᠡ ᠳᠤ ᠬᠦᠷᠴᠦ᠂ | ᠬᠠᠰᠢᠶᠠᠨ ᠠᠴᠠ ᠭᠠᠷᠭᠠᠭᠰᠠᠨ ᠲᠤᠭ᠎ᠠ 1151 ᠲᠦᠮᠡ ᠳᠤ ᠬᠦᠷᠴᠦ᠂ ᠠᠯᠠᠰᠢᠨ ᠬᠤᠨᠢ ᠶᠢ ᠬᠠᠰᠢᠶᠠᠨ ᠠᠴᠠ ᠭᠠᠷᠭᠠᠭᠰᠠᠨ ᠲᠤᠭ᠎ᠠ ᠪᠦᠬᠦ ᠣᠷᠣᠨ ᠤ ᠨᠢᠭᠡᠳᠥᠭᠡᠷ ᠲᠤ | ᠯᠠᠪᠳᠠᠭᠤᠨ ᠰᠠᠭᠠᠲᠠᠵᠤ᠂ ᠤᠯᠤᠰ ᠤᠨ ᠳᠡᠰ ᠤᠨ ᠤᠯᠠᠭᠠᠨ ᠯᠤᠤᠯᠢ ᠶᠢᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠭᠰᠠᠨ ᠶᠠᠰᠤ ᠴᠢᠨᠠᠷ ᠠᠮᠤᠷ ᠲᠦᠪᠰᠢᠨ ᠤ ᠵᠢᠱᠢᠶ᠎ᠡ | ᠦᠵᠡᠭᠦᠯᠬᠦ ᠣᠷᠣᠨ ᠢ ᠡᠭᠦᠳᠥᠨ ᠪᠠᠶᠢᠭᠤᠯᠵᠠᠢ᠃ ᠠᠵᠤ ᠦᠢᠯᠡᠳᠪᠦᠷᠢ ᠶᠢᠨ ᠠᠵᠤ ᠠᠬᠤᠢ ᠲᠣᠭᠲᠠᠭᠤᠨ ᠢᠶᠠᠷ ᠡᠷᠭᠢᠯᠳᠥᠵᠦ᠂ ᠲᠥᠰᠦᠪᠯᠡᠭᠰᠡᠨ ᠢᠶᠠᠷ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 7% ᠣᠷᠴᠢᠮ ᠨᠡᠮᠡᠭᠳᠡᠬᠦ ᠪᠣᠯᠣᠨ᠎ᠠ᠃ ᠳ᠋ᠦᠩ ᠯᠢ ᠣᠯᠠᠨ ᠲᠠᠯᠠᠰᠲᠤ ᠴᠠᠬᠢᠭᠤᠷ᠂ | ᠪᠠᠷᠠᠭᠤᠨ ᠰᠠᠭᠠᠳᠠᠭ ᠺᠣᠮᠫᠠᠨᠢ ᠶᠢᠨ ᠮᠤᠯᠢᠪᠳᠧᠨ ᠤ ᠠᠭᠤᠷᠬᠠᠢ ᠶᠢ ᠮᠠᠯᠲᠠᠵᠤ ᠰᠣᠩᠭᠤᠬᠤ᠂ ᠵᠧᠨ ᠰᠧᠨ ᠰᠢᠷᠬᠡᠭᠯᠢᠭ ᠬᠠᠪᠲᠠᠰᠤ᠂ ᠱᠧᠩ ᠮᠦ ᠳᠡᠭᠡᠳᠦ ᠮᠡᠷᠭᠡᠵᠢᠯ ᠤᠨ | ᠣᠷᠭᠠᠨᠢᠭ ᠠᠶᠢᠷᠠᠭ ᠵᠡᠷᠭᠡ ᠲᠥᠷᠥᠯ ᠵᠦᠢᠯ ᠪᠠᠶᠢᠭᠤᠯᠤᠭᠳᠠᠵᠤ᠂ ᠾᠧᠩ ᠵᠢᠶᠠ ᠪᠢᠳᠦᠷᠢᠶᠠ᠂ ᠮᠧᠢ ᠶᠠᠩ ᠶᠠᠩ ᠠᠯᠠᠰᠢᠨ ᠬᠤᠨᠢᠨ ᠤ ᠮᠢᠬ᠎ᠠ ᠶᠢ ᠡᠳ᠋ᠰᠢᠭᠦᠯᠬᠦ | ᠵᠡᠷᠭᠡ ᠶᠢᠨ ᠲᠥᠷᠥᠯ ᠵᠦᠢᠯ ᠲᠦᠷᠭᠡᠨ ᠲᠦᠯᠬᠢᠭᠳᠡᠨ ᠠᠬᠢᠵᠤ ᠪᠤᠢ᠃ ᠲᠣᠮᠣ ᠳ᠋ᠠᠶᠢᠲ᠋ᠠ ᠶᠢᠨ ᠡᠬᠦᠯᠡᠨ ᠪᠣᠳᠣᠯᠲᠠ ᠶᠢᠨ ᠠᠵᠤ ᠦᠢᠯᠡᠰ ᠠᠯᠬᠤᠮ ᠢᠶᠠᠨ ᠡᠬᠢᠯᠡᠵᠦ᠂ | ᠦᠢᠯᠡᠴᠢᠯᠡᠭᠦᠷ ᠤᠨ ᠺᠣᠮᠫᠢᠦ᠋ᠲ᠋ᠧᠷ ᠤᠭᠰᠠᠷᠠᠬᠤ ᠴᠢᠳᠠᠪᠤᠷᠢ ᠨᠢ 1 ᠲᠦᠮᠡ ᠳᠤ ᠬᠦᠷᠴᠡᠢ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ | ᠪᠠᠶᠢᠳᠠᠯ ᠡᠷᠴᠢᠮᠲᠡᠢ ᠪᠠᠶᠢᠨ᠎ᠠ᠃ ᠬᠠᠲᠤᠨ ᠭᠤᠣᠯ ᠤᠨ ᠪᠣᠷᠣᠲᠣᠬᠤᠢ ᠰᠣᠶᠣᠯ ᠤᠨ ᠵᠤᠭᠠᠴᠠᠯ ᠤᠨ ᠣᠷᠣᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ | ᠠᠩᠬᠠᠯᠠᠨ ᠢᠯᠡᠷᠡᠵᠦ᠂ ᠪᠣᠷᠣᠲᠣᠬᠤᠢ ᠠᠷᠢᠬᠢᠨ ᠦᠢᠯᠡᠰ ᠤᠨ ᠪᠦᠯᠦᠭᠯᠡᠯ᠂ ᠬᠠᠲᠤᠨ ᠭᠤᠣᠯ ᠤᠨ ᠰᠠᠨ ᠱᠧᠩ ᠭᠦᠩ ᠳᠠᠬᠢ ᠤᠰᠤᠨ ᠠᠰᠢᠭᠯᠠᠯᠲᠠ ᠶᠢᠨ | ᠦᠵᠡᠮᠵᠢ ᠶᠢᠨ ᠣᠷᠣᠨ ᠨᠢ ᠤᠯᠤᠰ ᠤᠨ 4 A ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠪᠣᠯᠵᠤ᠂ ᠹᠦ᠋ ᠴᠢᠶᠠᠩ ᠲᠣᠰᠬᠤᠨ᠂ ᠯᠢᠶᠠᠨ ᠰᠢᠩ ᠲᠣᠰᠬᠤᠨ ︽ | ᠳᠤᠮᠳᠠᠳᠤ ᠤᠯᠤᠰ ᠤᠨ ᠬᠠᠮᠤᠭ ᠭᠤᠶᠣ ᠲᠣᠰᠬᠤᠨ ᠪᠠᠯᠭᠠᠰᠤ︾ ᠪᠠᠷ ᠦᠨᠡᠯᠡᠭᠳᠡᠵᠡᠢ᠃ ᠪᠦᠬᠦ ᠬᠤᠲᠠ ᠶᠢᠨ ᠬᠦᠯᠢᠶᠡᠨ ᠠᠪᠴᠤ ᠵᠣᠴᠢᠯᠠᠭᠰᠠᠨ ᠵᠤᠭᠠᠴᠠᠭᠰᠠᠳ ᠤᠨ | ᠲᠤᠭ᠎ᠠ 425 ᠲᠦᠮᠡᠨ ᠬᠥᠮᠥᠨ ᠤᠳᠠᠭ᠎ᠠ ᠳᠤ ᠬᠦᠷᠴᠦ᠂ 20.7% ᠢᠶᠠᠷ ᠨᠡᠮᠡᠭᠳᠡᠵᠡᠢ︔ 43 ᠳ᠋ᠦᠩᠰᠢᠭᠤᠷ ᠲᠥᠭᠦᠷᠢᠭ ᠤᠨ ᠵᠤᠭᠠᠴᠠᠯ ᠤᠨ ᠣᠷᠣᠯᠭ᠎ᠠ ᠶᠢ | ᠡᠭᠦᠳᠴᠦ᠂ 22.2% ᠢᠶᠠᠷ ᠨᠡᠮᠡᠭᠳᠡᠵᠡᠢ᠃ 4 ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠᠶᠢᠭᠤᠯᠤᠭᠳᠠᠨ | ᠠᠰᠢᠭᠯᠠᠯᠲᠠ ᠳᠤ ᠣᠷᠣᠵᠤ᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠲᠤᠭ᠎ᠠ 1082 ᠳᠤ ᠬᠦᠷᠴᠦ᠂ ᠰᠣᠯᠢᠯᠴᠠᠭᠠᠨ ᠤ ᠥᠷᠲᠡᠭ 20.4% ᠢᠶᠠᠷ | ᠨᠡᠮᠡᠭᠳᠡᠵᠡᠢ᠂ ᠦᠶᠤᠸᠠᠨ᠂ ᠤᠷᠠᠳ ᠤᠨ ᠡᠮᠦᠨᠡᠲᠦ ᠬᠤᠰᠢᠭᠤ ᠪᠠ ᠬᠠᠩᠭᠢᠨ ᠬᠤᠶᠢᠲᠤ ᠬᠤᠰᠢᠭᠤ ᠲᠤᠰᠪᠦᠷᠢ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ | ᠳᠡᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠤᠭᠰᠠᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠵᠡᠢ | ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠨᠢ ᠲᠤᠰᠪᠦᠷᠢ 937.1 ᠳ᠋ᠦᠩᠰᠢᠭᠤᠷ ᠲᠥᠭᠦᠷᠢᠭ ᠪᠠ 759.4 | ᠳ᠋ᠦᠩᠰᠢᠭᠤᠷ ᠲᠥᠭᠦᠷᠢᠭ ᠲᠤ ᠬᠦᠷᠴᠦ᠂ ᠬᠠᠳᠠᠭᠠᠯᠠᠮᠵᠢ ᠵᠢᠭᠡᠯᠡᠯᠭᠡ ᠶᠢᠨ ᠬᠠᠷᠢᠴᠠᠯ ᠨᠢ 81% ᠲᠤ ᠬᠦᠷᠪᠡ᠃ | ︵ᠬᠤᠶᠠᠷ︶ ᠭᠤᠣᠯᠳᠠᠯᠭ᠎ᠠ ᠶᠢ ᠲᠣᠪᠤᠶᠢᠯᠭᠠᠨ ᠥᠭᠡᠷᠡᠴᠢᠯᠡᠯᠲᠡ ᠶᠢ ᠠᠳᠬᠤᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ | ᠴᠢᠩᠭᠠᠷᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠱᠠᠭᠠᠷᠳᠠᠭᠰᠠᠨ ᠭᠤᠷᠪᠠᠨ ᠲᠥᠷᠥᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠯᠠᠪᠳᠠᠭᠤᠨ ᠢᠶᠠᠷ ᠲᠦᠯᠬᠢᠭᠳᠡᠨ | ᠠᠬᠢᠵᠤ᠂ 70% ᠠᠴᠠ ᠳᠡᠭᠡᠭᠰᠢᠬᠢ ᠲᠣᠯᠣᠭᠠᠶᠢᠯᠠᠬᠤ ᠠᠵᠤ ᠠᠬᠤᠶᠢᠯᠠᠯ ᠮᠠᠯᠴᠢᠨ ᠲᠠᠷᠢᠶᠠᠴᠢᠳ ᠲᠠᠢ ᠠᠰᠢᠭ ᠲᠤᠰᠠ ᠶᠢᠨ ᠬᠤᠯᠪᠣᠯᠳᠤᠬᠤ ᠲᠣᠭᠲᠠᠴᠠ ᠶᠢ | ᠪᠠᠶᠢᠭᠤᠯᠵᠦ᠂ ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠶᠢᠨ ᠥᠭᠡᠷᠡᠴᠢᠯᠡᠯᠲᠡ ᠡᠬᠢᠯᠡᠵᠦ᠂ ᠮᠣᠩᠭᠤᠯ ᠯᠤᠭ᠎ᠠ ᠬᠠᠮᠵᠢᠯᠴᠠᠨ ᠠᠵᠢᠯᠯᠠᠬᠤ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠭᠦᠨᠵᠡᠭᠡᠢ ᠬᠡᠷᠡᠭᠵᠢᠭᠦᠯᠦᠭᠳᠡᠪᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢᠨ ᠦᠷ᠎ᠡ ᠪᠦᠲᠦᠮᠵᠢ ᠠᠩᠬ᠎ᠠ ᠢᠯᠡᠷᠡᠵᠦ᠂ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ᠂ ᠭᠠᠶᠢᠯᠢ ᠶᠢ ᠬᠠᠰᠤᠵᠤ ᠰᠦᠢᠳᠬᠡᠯ ᠢ ᠪᠠᠭᠤᠷᠠᠭᠤᠯᠬᠤ᠂ | ᠴᠠᠬᠢᠯᠭᠠᠨ ᠤ ᠦᠨ᠎ᠡ ᠶᠢᠨ ᠬᠠᠷᠠᠭᠠᠯᠵᠠᠯ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠥᠪᠡᠷ ᠤᠨ | ᠥᠷᠲᠡᠭ ᠢ 24.75 ᠳ᠋ᠦᠩᠰᠢᠭᠤᠷ ᠲᠥᠭᠦᠷᠢᠭ ᠪᠠᠭᠤᠷᠠᠭᠤᠯᠵᠤ᠂ ᠲᠠᠸᠠᠷ ᠤᠨ ᠣᠷᠣᠨ ᠰᠠᠭᠤᠴᠠ ᠶᠢᠨ ᠨᠥᠭᠡᠴᠡ ᠶᠢ 168 ᠲᠦᠮᠡᠨ ᠲᠡᠭᠰᠢ ᠳᠥᠷᠪᠡᠯᠵᠢᠨ ᠮᠧᠲᠷ | ᠬᠠᠰᠤᠭᠳᠠᠭᠤᠯᠪᠠ᠃ | ᠨᠤᠲᠤᠭ ᠪᠡᠯᠴᠢᠭᠡᠷ ᠤᠨ ᠡᠵᠡᠩᠨᠡᠬᠦ ᠡᠷᠬᠡ ᠶᠢ ᠲᠣᠳᠣᠳᠬᠠᠬᠤ ᠠᠵᠢᠯ ᠲᠡᠭᠦᠰ ᠠᠮᠵᠢᠯᠲᠠᠲᠠᠢ ᠪᠡᠶᠡᠯᠡᠭᠳᠡᠵᠦ᠂ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ | ᠡᠷᠬᠡ ᠪᠠᠷ ᠪᠠᠷᠢᠴᠠᠭᠠᠯᠠᠨ ᠵᠢᠭᠡᠯᠡᠯᠭᠡ ᠠᠪᠬᠤ ᠡᠬᠢᠯᠡᠯᠲᠡ ᠶᠢ ᠲᠠᠯᠪᠢᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠲᠠᠰᠤᠷᠠᠯᠲᠠ ᠦᠭᠡᠢ | ᠭᠦᠨᠵᠡᠭᠡᠶᠢᠷᠡᠵᠦ᠂ ᠬᠤᠲᠠ ᠶᠢᠨ ᠲᠤᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠠᠪᠤᠳᠠᠯ ᠢ ᠴᠣᠮᠬᠠᠳᠬᠠᠭᠰᠠᠨ ᠨᠣᠷᠮ᠎ᠠ 85% ᠲᠤ ᠬᠦᠷᠴᠡᠢ᠃ ︽ | ᠲᠠᠪᠤᠨ ᠭᠡᠷᠡᠴᠢ ᠶᠢ ᠨᠢᠭᠡᠳᠬᠡᠬᠦ︾᠂ ︽ᠨᠢᠭᠡ ᠦᠨᠡᠮᠯᠡᠯ ᠨᠢᠭᠡ ᠨᠣᠮᠧᠷ︾ ᠤᠨ ᠠᠷᠠᠯᠵᠢᠶᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠪᠦᠬᠦ ᠲᠠᠯ᠎ᠠ ᠪᠠᠷ | ᠬᠡᠷᠡᠭᠵᠢᠭᠦᠯᠦᠭᠳᠡᠪᠡ᠃ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠶᠢᠨ ᠥᠭᠡᠷᠡᠴᠢᠯᠡᠯᠲᠡ ᠯᠠᠪᠳᠠᠭᠤᠨ ᠢᠶᠠᠷ ᠲᠦᠯᠬᠢᠭᠳᠡᠨ ᠠᠬᠢᠵᠤ᠂ ᠤᠯᠤᠰ ᠤᠨ ︽ | ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ︾ ᠲᠤᠷᠰᠢᠯᠲᠠ ᠶᠢᠨ ᠴᠡᠭ ᠤᠨ ᠠᠵᠢᠯ ᠪᠠ ᠡᠬᠢ ᠪᠠᠶᠠᠯᠢᠭ ᠤᠨ ᠭᠠᠶᠢᠯᠢ ᠶᠢᠨ | ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ PPP ᠵᠠᠭᠪᠤᠷ ᠢᠶᠠᠷ ᠨᠡᠶᠢᠭᠡᠮ ᠤᠨ ᠬᠥᠷᠥᠩᠭᠡ ᠶᠢ 32 ᠳ᠋ᠦᠩᠰᠢᠭᠤᠷ | ᠲᠥᠭᠦᠷᠢᠭ ᠲᠠᠲᠠᠨ ᠣᠷᠣᠭᠤᠯᠪᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠪᠦᠬᠦ ᠣᠷᠣᠨ ᠤ ᠡᠮᠦᠨ᠎ᠡ ᠡᠩᠨᠡᠭᠡᠨ ᠳᠤ | ᠣᠷᠣᠪᠠ᠃ | ᠨᠡᠶᠢᠲᠡ ᠶᠢᠨ ᠵᠠᠮ ᠬᠠᠷᠢᠯᠴᠠᠭᠠᠨ ᠤ ᠥᠭᠡᠷᠡᠴᠢᠯᠡᠯᠲᠡ ᠡᠬᠢᠯᠡᠨ ᠶᠠᠪᠤᠭᠳᠠᠵᠤ᠂ ᠤᠯᠤᠰ ᠤᠨ ᠥᠮᠴᠢᠯᠡᠯᠲᠦ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ | ᠵᠣᠬᠢᠶᠠᠨ ᠪᠠᠶᠢᠭᠤᠯᠤᠭᠳᠠᠪᠠ᠃ | ᠬᠤᠲᠠ ᠶᠢᠨ ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠲᠤ ᠬᠢᠨᠠᠯᠲᠠ ᠲᠠᠯᠪᠢᠬᠤ ᠰᠠᠯᠠᠭ᠎ᠠ ᠮᠥᠴᠢᠷ ᠢ ᠨᠡᠶᠢᠯᠡᠭᠦᠯᠵᠦ᠂ ᠢᠳᠡᠭᠡᠨ ᠡᠮ ᠤᠨ ᠵᠦᠢᠯᠡᠰ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠲᠤᠰᠠᠭᠠᠷ ᠲᠣᠬᠢᠷᠠᠭᠤᠯᠵᠤ᠂ 4 ᠬᠤᠰᠢᠭᠤ ᠰᠢᠶᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠪᠠ᠂ ᠡᠷᠬᠡ ᠶᠢ ᠥᠷᠭᠡᠳᠬᠡᠨ ᠰᠢᠶᠠᠨ ᠢ ᠬᠦᠴᠦᠷᠬᠡᠭᠵᠢᠭᠦᠯᠬᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠤᠨ ᠳᠦᠷᠢᠮ ᠢ ᠨᠡᠶᠢᠳᠬᠡᠬᠦ᠂ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ | ᠥᠭᠡᠷᠡᠴᠢᠯᠡᠯᠲᠡ ᠡᠮᠬᠢ ᠵᠢᠷᠤᠮ ᠲᠠᠢ ᠲᠦᠯᠬᠢᠭᠳᠡᠨ ᠠᠬᠢᠪᠠ᠃ ᠰᠤᠷᠭᠠᠨ ᠬᠥᠮᠥᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠡᠷᠡᠭᠦᠯ ᠬᠠᠮᠠᠭᠠᠯᠠᠯ | ᠲᠦᠯᠤᠪᠯᠡᠬᠡᠳᠡᠢ ᠪᠠᠷ ᠬᠡᠤᠬᠡᠤᠨ ᠠᠪᠬᠤ ᠵᠡᠷᠭᠡ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠰᠢᠨ᠎ᠡ ᠠᠬᠢᠴᠠ ᠲᠠᠢ ᠪᠣᠯᠵᠠᠢ᠃ ᠬᠢᠯᠢ ᠶᠢᠨ ᠪᠣᠭᠤᠮᠲᠠ ᠶᠢᠨ ᠳᠠᠪᠠᠭᠤᠯᠢᠭ ᠢ | ᠪᠠᠳᠠᠷᠠᠭᠤᠯᠵᠤ᠂ ᠳᠣᠲᠣᠭᠠᠳᠤ ᠭᠠᠳᠠᠭᠠᠳᠤ ᠶᠢᠨ ᠨᠡᠭᠡᠭᠡᠯᠲᠡ ᠶᠢ ᠴᠢᠩᠭᠠᠳᠬᠠᠵᠤ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠪᠦᠬᠦ ᠵᠢᠯ ᠤᠨ ᠪᠠᠷᠠᠭ᠎ᠠ | ᠥᠩᠭᠡᠷᠡᠭᠦᠯᠦᠭᠰᠡᠨ ᠬᠡᠮᠵᠢᠶ᠎ᠡ 1390 ᠲᠦᠮᠡᠨ ᠲᠣᠨ ᠳᠤ ᠬᠦᠷᠴᠡᠢ᠃ ᠪᠦᠬᠦ ᠬᠤᠲᠠ ᠶᠢᠨ ᠬᠢᠯᠢ ᠪᠠᠷ ᠣᠷᠣᠭᠤᠯᠵᠤ ᠭᠠᠷᠭᠠᠭᠰᠠᠨ ᠶᠡᠷᠦᠩᠬᠡᠢ ᠬᠡᠮᠵᠢᠶ᠎ᠡ 21 | ᠳ᠋ᠦᠩᠰᠢᠭᠤᠷ ᠳ᠋ᠣᠯᠯᠠᠷ ᠲᠤ ᠬᠦᠷᠴᠦ᠂ ᠡᠭᠦᠨ ᠳᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠭᠠᠳᠠᠭᠠᠳᠤ ᠳᠤ ᠭᠠᠷᠭᠠᠭᠰᠠᠨ ᠬᠡᠮᠵᠢᠶ᠎ᠡ 4.2 | ᠳ᠋ᠦᠩᠰᠢᠭᠤᠷ ᠳ᠋ᠣᠯᠯᠠᠷ ᠲᠤ ᠬᠦᠷᠴᠦ᠂ ᠦᠷᠭᠦᠯᠵᠢᠯᠡᠨ 7 ᠵᠢᠯ ᠪᠦᠬᠦ ᠣᠷᠣᠨ ᠤ ᠲᠡᠷᠢᠭᠦᠨ ᠳᠤ ᠣᠷᠣᠪᠠ᠃ | ︵ᠭᠤᠷᠪᠠ︶ ᠬᠤᠲᠠ ᠬᠥᠳᠡᠭᠡ ᠶᠢ ᠨᠢᠭᠡᠳᠥᠯᠲᠡᠢ ᠲᠥᠯᠥᠪᠵᠢᠭᠦᠯᠦᠨ ᠰᠠᠭᠤᠷᠢ ᠶᠢ ᠪᠠᠬᠢᠵᠢᠭᠦᠯᠵᠦ᠂ ᠬᠥᠭᠵᠢᠯᠲᠡ ᠶᠢᠨ ᠣᠷᠴᠢᠨ ᠲᠤᠭᠤᠷᠢᠨ ᠴᠢᠨᠠᠭᠰᠢᠳᠠ | ᠰᠠᠶᠢᠵᠢᠷᠠᠪᠠ᠃ ᠬᠤᠲᠠ ᠶᠢᠨ ᠶᠡᠷᠦᠩᠬᠡᠢ ᠲᠥᠯᠥᠪᠵᠢᠭᠦᠯᠭᠡ ᠶᠢ ᠵᠠᠰᠠᠨ ᠨᠠᠶᠢᠷᠠᠭᠤᠯᠤᠭᠠᠳ ᠳᠠᠭᠤᠰᠴᠤ᠂ ᠭᠤᠣᠯ ᠬᠤᠲᠠ ᠶᠢᠨ ᠲᠣᠭᠤᠷᠢᠭ ᠲᠠᠬᠢ 25 ᠲᠤᠰᠬᠠᠢ | ᠲᠥᠷᠥᠯ ᠤᠨ ᠲᠥᠯᠥᠪᠵᠢᠭᠦᠯᠭᠡ ᠪᠠ 59 ᠰᠤᠮᠤ ᠰᠢᠶᠠᠩ ᠪᠠᠯᠭᠠᠰᠤ ᠶᠢᠨ ᠲᠥᠯᠥᠪᠵᠢᠭᠦᠯᠭᠡ ᠶᠢ ᠨᠠᠶᠢᠷᠠᠭᠤᠯᠵᠤ᠂ ᠶᠡᠷᠦᠩᠬᠡᠢ ᠲᠥᠯᠥᠪᠵᠢᠭᠦᠯᠭᠡ᠂ ᠬᠢᠵᠠᠭᠠᠷᠯᠠᠭᠰᠠᠨ | ᠲᠥᠯᠥᠪᠵᠢᠭᠦᠯᠭᠡ ᠪᠠ ᠲᠤᠰᠬᠠᠢ ᠲᠥᠷᠥᠯ ᠤᠨ ᠲᠥᠯᠥᠪᠵᠢᠭᠦᠯᠭᠡ ᠪᠦᠬᠦᠨ ᠢ ᠪᠦᠷᠬᠦᠬᠦ ᠶᠢ ᠪᠡᠶᠡᠯᠡᠭᠦᠯᠪᠡ᠃ ᠭᠤᠣᠯ ᠬᠤᠲᠠ ᠶᠢᠨ ᠲᠣᠭᠤᠷᠢᠭ ᠪᠠ ᠰᠢᠶᠠᠨ ᠤ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠰᠢᠨ᠎ᠡ ᠳᠡᠭᠡᠭᠰᠢᠯᠡᠯᠲᠡ ᠲᠠᠢ ᠪᠣᠯᠵᠤ᠂ 156 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠰᠢᠶᠠᠨ | ᠹᠧᠩ ᠰᠢᠨ᠎ᠡ ᠬᠥᠭᠦᠷᠭᠡ᠂ ᠪᠣᠷᠣᠲᠣᠬᠤᠢ ᠶᠡᠭᠡ ᠵᠡᠭᠡᠯᠢ ᠶᠢᠨ ᠪᠠᠷᠠᠭᠤᠨᠰᠢ ᠤᠷᠲᠤᠳᠬᠠᠯ ᠵᠡᠷᠭᠡ ᠨᠢᠭᠡ ᠪᠦᠯᠦᠭ ᠬᠤᠲᠠ ᠪᠠᠯᠭᠠᠰᠤ ᠶᠢᠨ ᠵᠠᠮ ᠱᠤᠭᠤᠮ᠂ ᠬᠤᠭᠤᠯᠠᠢ | ᠲᠣᠣᠷ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠪᠠ ᠪᠤᠶᠢᠳᠠ ᠵᠡᠭᠡᠯᠢ ᠪᠥᠭᠯᠡᠭᠦᠦ ᠭᠤᠳᠤᠮᠵᠢ ᠶᠢᠨ ᠥᠭᠡᠷᠡᠴᠢᠯᠡᠯᠲᠡ ᠵᠡᠷᠭᠡ ᠢᠨᠵᠧᠨᠧᠷᠢᠩ ᠢ ᠬᠡᠷᠡᠭᠵᠢᠭᠦᠯᠵᠦ | ᠂ ᠴᠡᠴᠡᠷᠯᠢᠭᠵᠢᠭᠰᠡᠨ ᠨᠣᠭᠤᠭᠠᠨ ᠭᠠᠵᠠᠷ ᠤᠨ ᠲᠠᠯᠠᠪᠠᠢ ᠶᠢ ᠰᠢᠨ᠎ᠡ ᠪᠠᠷ 2100 ᠮᠦ ᠨᠡᠮᠡᠭᠳᠡᠭᠦᠯᠵᠦ᠂ ᠤᠷᠠᠳ ᠤᠨ ᠳᠤᠮᠳᠠᠳᠤ ᠬᠤᠰᠢᠭᠤ ᠤᠯᠤᠰ ᠤᠨ ᠭᠤᠷᠪᠠᠳᠤᠭᠠᠷ | ᠪᠦᠯᠦᠭ ᠤᠨ ᠰᠢᠨ᠎ᠡ ᠬᠡᠯᠪᠡᠷᠢ ᠶᠢᠨ ᠬᠤᠲᠠ ᠪᠠᠯᠭᠠᠰᠤᠴᠢᠯᠠᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠪᠣᠯᠵᠠᠢ᠃ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠷᠬᠡᠢ ᠪᠣᠯᠵᠤ᠂ 2354 ᠠᠶᠢᠯ ᠲᠣᠰᠬᠤᠨ ᠢ ᠰᠢᠨ᠎ᠡ ᠪᠠᠷ ᠪᠠᠶᠢᠭᠤᠯᠬᠤ ᠪᠠ ᠴᠡᠭᠴᠡᠯᠡᠨ ᠵᠠᠰᠠᠵᠤ | ᠂ 2300 ᠺᠢᠯᠣᠮᠧᠲᠷ ᠤᠨ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ ᠰᠢᠨ᠎ᠡ ᠪᠠᠷ ᠳᠡᠪᠢᠰᠴᠦ᠂ ︽ᠠᠷᠪᠠ ᠶᠢ ᠪᠦᠷᠬᠦᠭᠦᠯᠬᠦ︾ ᠡᠭᠦᠷᠭᠡ ᠪᠠᠨ ᠦᠨᠳᠥᠰᠦᠨ ᠳᠡᠭᠡᠨ | ᠪᠡᠶᠡᠯᠡᠭᠦᠯᠪᠡ᠃ | ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 90 ᠲᠦᠮᠡᠨ ᠮᠦ ᠪᠡᠶᠡᠯᠡᠭᠦᠯᠵᠦ᠂ ᠤᠯᠠᠭᠠᠨᠰᠤᠬᠠᠢ ᠨᠠᠭᠤᠷ ᠤᠨ ᠶᠡᠷᠦᠩᠬᠡᠶᠢᠯᠡᠭᠰᠡᠨ | ᠵᠠᠰᠠᠯᠲᠠ ᠶᠢ ᠤᠯᠤᠰ ᠤᠨ ︽13 · 5︾ ᠤᠨ ᠲᠥᠯᠥᠪᠵᠢᠭᠦᠯᠭᠡ ᠳᠤ ᠣᠷᠣᠭᠤᠯᠵᠤ᠂ ᠲᠥᠯᠥᠪᠵᠢᠭᠦᠯᠭᠡ ᠶᠢᠨ ᠲᠥᠰᠦᠯ ᠢ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠠᠴᠠ ᠴᠣᠬᠤᠯᠠᠪᠤᠷᠢᠯᠡᠨ ᠵᠥᠪᠰᠢᠶᠡᠷᠡᠪᠡ᠂ ᠣᠯᠣᠰᠣᠲᠤ ᠶᠢᠨ ᠨᠠᠭᠤᠷ᠂ ᠪᠠ ᠮᠧᠢ ᠨᠠᠭᠤᠷ ᠤᠯᠤᠰ ᠤᠨ ᠳᠡᠰ ᠤᠨ ᠨᠤᠭᠤ ᠭᠠᠵᠠᠷ ᠤᠨ ᠴᠡᠴᠡᠷᠯᠢᠭ | ᠪᠣᠯᠵᠤ ᠳᠡᠰ ᠳᠡᠪᠰᠢᠪᠡ᠃ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ᠂ ᠬᠠᠲᠤᠨ ᠭᠤᠣᠯ ᠤᠨ ᠳᠠᠯᠠᠩ ᠤᠨ | ᠰᠡᠷᠭᠡᠶᠢᠯᠡᠯᠲᠡ ᠶᠢᠨ ᠵᠠᠰᠠᠮᠠᠯ ᠵᠠᠮ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ 396 ᠲᠦᠮᠡᠨ ᠮᠦ ᠭᠠᠵᠠᠷ ᠰᠢᠷᠣᠢ ᠶᠢᠨ ᠴᠡᠭᠴᠡᠯᠡᠨ ᠵᠠᠰᠠᠯᠲᠠ᠂ 50 | ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠢᠨᠵᠧᠨᠧᠷᠢᠩ ᠯᠠᠪᠳᠠᠭᠤᠨ ᠪᠠᠲᠤᠲᠠᠢ ᠲᠦᠯᠬᠢᠭᠳᠡᠨ ᠠᠬᠢᠵᠤ᠂ ᠮᠠᠨ ᠤ | ᠬᠤᠲᠠ ᠪᠦᠬᠦ ᠤᠯᠤᠰ ᠤᠨ ᠤᠯᠤᠰ ᠤᠨ ᠭᠠᠵᠠᠷ ᠰᠢᠷᠣᠢ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠵᠤ ᠠᠰᠢᠭᠯᠠᠭᠰᠠᠨ ᠵᠢᠱᠢᠶᠡᠴᠢ ᠬᠤᠲᠠ ᠪᠠᠷ ᠦᠨᠡᠯᠡᠭᠳᠡᠪᠡ᠃ | ᠪᠡᠭᠡᠵᠢᠩ ᠠᠴᠠ ᠰᠢᠨᠵᠢᠶᠠᠩ ᠬᠦᠷᠬᠦ ᠲᠦᠷᠭᠡᠨ ᠤ ᠵᠠᠮ ᠤᠨ ᠪᠠᠶᠠᠨᠨᠠᠭᠤᠷ ᠳᠠᠬᠢ ᠬᠡᠰᠡᠭ ᠤᠨ ᠭᠤᠣᠯ ᠱᠤᠭᠤᠮ ᠢ ᠨᠡᠪᠲᠡᠷᠡᠭᠦᠯᠵᠦ᠂ ᠭᠠᠭᠴᠠᠮᠣᠳᠣ ᠠᠴᠠ ᠯᠢᠨ ᠾᠧ | ᠬᠦᠷᠬᠦ ᠨᠢᠭᠡᠳᠥᠭᠡᠷ ᠳᠡᠰ ᠤᠨ ᠵᠠᠰᠠᠮᠠᠯ ᠵᠠᠮ ᠢ ᠲᠦᠷᠭᠡᠳᠬᠡᠨ ᠪᠦᠲᠦᠭᠡᠨ ᠪᠠᠶᠢᠭᠤᠯᠵᠤ᠂ ᠤᠷᠠᠳ ᠤᠨ ᠳᠤᠮᠳᠠᠳᠤ ᠬᠤᠰᠢᠭᠤᠨ ᠤ ᠨᠡᠶᠢᠳᠡᠮ ᠤᠨ ᠬᠡᠷᠡᠭᠯᠡᠭᠡᠨ ᠤ | ᠨᠢᠰᠬᠡᠯ ᠤᠨ ᠪᠠᠭᠤᠳᠠᠯ ᠠᠶᠠᠯᠠᠯ ᠨᠡᠪᠲᠡᠷᠡᠨ ᠡᠵᠡᠩᠨᠡᠯᠲᠡ ᠪᠠᠨ ᠡᠬᠢᠯᠡᠭᠦᠯᠵᠡᠢ᠃ ᠣᠯᠠᠨ ᠲᠦᠮᠡᠨ ᠤ ᠬᠦᠰᠡᠭᠡᠳ ᠤᠳᠠᠭᠰᠠᠨ ᠯᠢᠨ ᠾᠧ ᠠᠴᠠ ᠰᠠᠶᠢᠨ᠋ᠤ᠋ᠰᠤ ᠬᠦᠷᠬᠦ | ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠷᠲᠡᠭᠡ ᠶᠢᠨ ᠰᠦᠢᠳᠬᠡᠯ ᠬᠤᠷᠢᠶᠠᠬᠤ ᠶᠢ ᠵᠣᠭᠰᠣᠭᠠᠵᠤ᠂ ᠯᠢᠨ ᠾᠧ — ᠱᠠᠮᠪᠠ ᠶᠢᠨ ᠨᠢᠭᠡ ᠬᠤᠲᠠᠵᠢᠭᠰᠠᠨ | ᠬᠥᠭᠵᠢᠯᠲᠡ ᠶᠢᠨ ︽ᠪᠣᠭᠤᠮᠢ︾ ᠶᠢ ᠠᠯᠳᠠᠷᠠᠭᠠᠵᠤ᠂ ᠣᠯᠠᠨ ᠲᠦᠮᠡᠨ ᠠᠯᠠᠭ᠎ᠠ ᠲᠠᠰᠢᠨ ᠪᠠᠶᠠᠷᠯᠠᠵᠠᠭᠠᠵᠤ ᠪᠤᠢ᠃ | ︵ᠳᠥᠷᠪᠡ︶ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠠᠮᠢᠳᠤᠷᠠᠯ ᠢ ᠬᠠᠷᠠᠭᠠᠯᠵᠠᠵᠤ᠂ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠠᠬᠢᠪᠠ᠃ | ᠡᠳ᠋ ᠤᠨ ᠬᠦᠴᠦᠨ ᠬᠦᠴᠢᠷᠳᠡᠯᠲᠡᠢ ᠪᠠᠶᠢᠳᠠᠯ ᠳᠣᠣᠷ᠎ᠠ᠂ ᠡᠯ᠎ᠡ ᠱᠠᠲᠤᠨ ᠤ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ ᠬᠡᠷᠡᠭᠯᠡᠭᠰᠡᠨ ᠵᠠᠷᠤᠳᠠᠯ 178.5 | ᠳ᠋ᠦᠩᠰᠢᠭᠤᠷ ᠲᠥᠭᠦᠷᠢᠭ ᠲᠤ ᠬᠦᠷᠴᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢᠨ 75.7% ᠢ ᠡᠵᠡᠯᠡᠵᠡᠢ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠴᠡᠷᠢᠭ ᠤᠨ ᠵᠠᠷᠯᠢᠭ︾ ᠲᠤ ᠲᠣᠭᠲᠠᠭᠠᠭᠰᠠᠨ ᠣᠨ ᠤ ᠬᠠᠷᠠᠯᠲᠠᠲᠤ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠵᠦ᠂ | 22857 ᠶᠠᠳᠠᠭᠤ ᠬᠦᠴᠢᠷᠳᠡᠯᠲᠡᠢ ᠬᠥᠮᠥᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠦ᠂ ᠦᠶᠤᠸᠠᠨ᠂ ᠳ᠋ᠧᠩᠺᠧᠦ᠂ ᠬᠠᠩᠭᠢᠨ ᠬᠤᠶᠢᠲᠤ | ᠬᠤᠰᠢᠭᠤ᠂ ᠤᠷᠠᠳ ᠤᠨ ᠳᠤᠮᠳᠠᠳᠤ ᠬᠤᠰᠢᠭᠤ ᠣᠷᠣᠨ ᠤ ᠳᠡᠰ ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠮᠠᠯᠠᠭᠠᠢ ᠪᠠᠨ ᠠᠪᠴᠤ ᠬᠠᠶᠠᠵᠠᠢ᠃ ᠬᠤᠲᠠ | ᠪᠠᠯᠭᠠᠰᠤ ᠶᠢᠨ ᠠᠵᠢᠯ ᠣᠯᠭᠤᠯᠲᠠ ᠶᠢᠨ ᠲᠤᠭ᠎ᠠ ᠰᠢᠨ᠎ᠡ ᠪᠠᠷ 1.28 ᠲᠦᠮᠡ ᠨᠡᠮᠡᠭᠳᠡᠵᠦ᠂ ᠮᠠᠯᠴᠢᠨ ᠲᠠᠷᠢᠶᠠᠴᠢᠨ ᠢ ᠨᠡᠭᠦᠯᠭᠡᠨ ᠠᠵᠢᠯ ᠣᠯᠭᠤᠭᠰᠠᠨ ᠲᠤᠭ᠎ᠠ 15 | ᠲᠦᠮᠡ ᠳᠤ ᠬᠦᠷᠴᠡᠢ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠳᠠᠶᠠᠭᠠᠷ ᠢᠶᠠᠨ ᠦᠢᠯᠡᠰ ᠪᠣᠰᠬᠠᠬᠤ ᠣᠷᠣᠨ ᠵᠠᠢ ᠶᠢᠨ ᠲᠤᠷᠰᠢᠯᠲᠠ ᠶᠢᠨ ᠴᠡᠭ ᠢ | 5 ᠡᠭᠦᠳᠥᠨ ᠪᠠᠶᠢᠭᠤᠯᠵᠠᠢ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠲᠠᠨ ᠢ ᠠᠰᠠᠷᠠᠬᠤ᠂ ᠳᠣᠣᠷ᠎ᠠ ᠪᠠᠲᠤᠯᠠᠭ᠎ᠠ᠂ ᠲᠠᠪᠤᠨ ᠪᠠᠲᠤᠯᠠᠭᠠᠲᠤ ᠠᠰᠠᠷᠠᠨ | ᠲᠡᠵᠢᠭᠡᠬᠦ ᠪᠠᠲᠤᠯᠠᠭ᠎ᠠ ᠶᠢᠨ ᠪᠠᠷᠢᠮᠵᠢᠶ᠎ᠠ ᠯᠠᠪᠳᠠᠭᠤᠨ ᠢᠶᠠᠷ ᠳᠡᠭᠡᠭᠰᠢᠯᠡᠪᠡ᠃ | ᠪᠠᠲᠤᠯᠠᠭ᠎ᠠ ᠶᠢᠨ ᠣᠷᠣᠨ ᠰᠠᠭᠤᠴᠠ ᠶᠢ ᠡᠬᠢᠯᠡᠨ ᠪᠦᠲᠦᠭᠡᠨ ᠪᠠᠶᠢᠭᠤᠯᠤᠭᠰᠠᠨ ᠬᠡᠮᠵᠢᠶ᠎ᠡ 1.5 ᠲᠦᠮᠡ ᠳᠤ ᠬᠦᠷᠴᠦ᠂ ᠪᠣᠷᠣ ᠭᠡᠷᠲᠦ ᠲᠣᠭᠤᠷᠢᠭ ᠤᠨ | ᠥᠭᠡᠷᠡᠴᠢᠯᠡᠯᠲᠡ ᠶᠢᠨ ᠵᠢᠭᠡᠯᠡᠯᠭᠡ ᠪᠠ ᠱᠠᠩᠨᠠᠵᠤ ᠨᠥᠬᠦᠪᠥᠷᠢᠯᠡᠬᠦ ᠪᠡᠯᠡ ᠮᠥᠩᠭᠦ ᠶᠢ ᠨᠡᠶᠢᠲᠡ 140 ᠳ᠋ᠦᠩᠰᠢᠭᠤᠷ ᠲᠥᠭᠦᠷᠢᠭ ᠲᠡᠮᠡᠴᠡᠨ ᠣᠯᠵᠤ᠂ 9000 ᠭᠠᠷᠤᠢ | ᠡᠷᠦᠬᠡ ᠰᠠᠭᠤᠭᠠᠯᠢ ᠠᠷᠠᠳ ᠤᠨ ᠭᠡᠷ ᠭᠠᠵᠠᠷ ᠬᠥᠷᠥᠩᠭᠡ ᠶᠢᠨ ᠭᠡᠷᠡᠴᠢ ᠬᠢᠯᠭᠡᠬᠦ ᠦᠯᠡᠳᠡᠮᠡᠯ ᠠᠰᠠᠭᠤᠳᠠᠯ ᠢ ᠰᠢᠢᠳᠪᠦᠷᠢᠯᠡᠵᠡᠢ᠃ ᠤᠷᠠᠳ ᠤᠨ ᠳᠤᠮᠳᠠᠳᠤ ᠬᠤᠰᠢᠭᠤ᠂ | ᠬᠠᠩᠭᠢᠨ ᠬᠤᠶᠢᠲᠤ ᠬᠤᠰᠢᠭᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠥᠵᠢᠯ ᠢ ᠲᠡᠩᠴᠡᠭᠦᠷᠢᠲᠡᠢ ᠬᠥᠭᠵᠢᠭᠦᠯᠦᠭᠰᠡᠨ ᠰᠢᠯᠭᠠᠨ ᠬᠤᠷᠢᠶᠠᠯᠲᠠ ᠶᠢ ᠲᠤᠭᠤᠯᠵᠤ᠂ | 85 ᠰᠤᠷᠭᠠᠭᠤᠯᠢ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠢ ᠡᠭᠦᠳᠥᠨ ᠪᠠᠶᠢᠭᠤᠯᠪᠠ᠃ | ᠬᠤᠲᠠ ᠶᠢᠨ ᠡᠮᠨᠡᠯᠭᠡ ᠶᠢᠨ ᠬᠤᠷᠢᠶ᠎ᠠ ᠭᠤᠷᠪᠠᠳᠤᠭᠠᠷ ᠳᠡᠰ ᠤᠨ ᠬᠥᠬᠡ ᠵᠡᠷᠭᠡ ᠶᠢᠨ ᠡᠮᠨᠡᠯᠭᠡ ᠶᠢᠨ ᠬᠤᠷᠢᠶ᠎ᠠ ᠪᠣᠯᠵᠤ᠂ ᠰᠢᠨ᠎ᠡ ᠰᠠᠭᠤᠷᠢᠰᠢᠯ ᠳᠠᠭᠠᠨ ᠨᠡᠭᠦᠵᠦ | ᠣᠷᠣᠨ ᠡᠵᠡᠩᠨᠡᠯᠲᠡ ᠪᠠᠨ ᠡᠬᠢᠯᠡᠭᠦᠯᠵᠡᠢ᠂ ᠪᠦᠬᠦ ᠲᠠᠯ᠎ᠠ ᠪᠠᠷ ᠬᠤᠶᠠᠷ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠯᠠᠪᠳᠠᠭᠤᠨ ᠢᠶᠠᠷ ᠬᠡᠷᠡᠭᠵᠢᠭᠦᠯᠦᠭᠳᠡᠪᠡ᠃ ︽ | ᠡᠷᠡᠭᠦᠯ ᠡᠩᠬᠡ ᠶᠢᠨ ᠲᠦᠷᠭᠡᠨ ᠲᠡᠷᠭᠡ︾ ᠶᠢᠨ ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ᠂ ᠮᠠᠯᠴᠢᠨ ᠲᠠᠷᠢᠶᠠᠴᠢᠳ ᠲᠤ ᠰᠦᠢᠳᠬᠡᠯ ᠬᠤᠷᠢᠶᠠᠬᠤ | ᠦᠭᠡᠢ ᠪᠠᠷ ᠴᠠᠭᠠᠨ ᠬᠠᠷᠠᠩ ᠡᠪᠡᠳᠴᠢᠨ ᠤ ᠮᠡᠰᠡ ᠵᠠᠰᠠᠯ ᠬᠢᠭᠰᠡᠨ ᠲᠤᠭ᠎ᠠ 1000 ᠭᠠᠷᠤᠢ ᠳᠤ ᠬᠦᠷᠴᠡᠢ᠃ ᠰᠢᠨ᠎ᠡ ᠪᠠᠷ ᠡᠷᠬᠡ ᠣᠯᠭᠤᠭᠰᠠᠨ ᠲᠤᠰᠬᠠᠢ ᠠᠰᠢᠭ ᠤᠨ | ᠡᠷᠬᠡ ᠶᠢᠨ ᠲᠤᠭ᠎ᠠ 194 ᠪᠠᠶᠢᠵᠤ᠂ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯᠯᠠᠬᠤ ᠥᠷᠲᠡᠭᠡ ᠶᠢ 2 ᠨᠡᠮᠡᠭᠳᠡᠭᠦᠯᠵᠦ᠂ ᠤᠯᠤᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ 5 ᠨᠡᠮᠡᠭᠳᠡᠭᠦᠯᠵᠦ᠂ ᠪᠠᠶᠠᠨᠨᠠᠭᠤᠷ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠯᠤᠰ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠢᠶᠠᠷ ᠮᠠᠭᠠᠳᠯᠠᠨ ᠲᠣᠭᠲᠠᠭᠠᠭᠳᠠᠵᠤ᠂ ᠳᠡᠯᠡᠬᠡᠢ ᠶᠢᠨ ᠠᠩᠬᠠᠳᠠᠭᠴᠢ ᠣᠨᠴᠠ ᠨᠠᠷᠢᠨ | ᠬᠡᠯᠪᠡᠷᠢ ᠶᠢᠨ ᠪᠡᠶ᠎ᠡ ᠶᠢᠨ ᠡᠰᠢᠲᠦ ᠺᠯᠣᠨ ᠢᠰᠢᠭᠡ ᠶᠢ ᠠᠮᠵᠢᠯᠲᠠᠲᠠᠢ ᠪᠤᠶᠢᠵᠢᠭᠤᠯᠤᠨ ᠭᠠᠷᠭᠠᠵᠠᠢ᠃ ︽ᠪᠢᠷ ᠪᠡᠬᠡᠰ ᠢᠶᠠᠷ ᠤᠷᠲᠤ ᠵᠠᠮ ᠤᠨ ᠠᠶᠠᠨ ᠳᠠᠶᠢᠨ ᠢ | ᠳᠤᠷᠠᠰᠬᠠᠬᠤ︾ ᠤᠷᠠᠨ ᠪᠢᠴᠢᠯᠭᠡ ᠶᠢᠨ ᠠᠯᠳᠠᠷᠲᠠᠳ ᠤᠨ ᠪᠦᠲᠦᠭᠡᠯ ᠤᠨ ᠪᠦᠬᠦ ᠤᠯᠤᠰ ᠤᠨ ᠲᠣᠭᠤᠷᠢᠨ ᠦᠵᠡᠭᠦᠯᠤᠯᠭᠡ᠂ ᠪᠣᠷᠣᠲᠣᠬᠤᠢ ᠰᠣᠶᠣᠯ ᠤᠷᠠᠯᠢᠭ ᠤᠨ | ᠨᠠᠶᠢᠷ᠂ ᠣᠯᠠᠨ ᠤᠯᠤᠰ ᠤᠨ ᠮᠠᠷᠠᠰᠤᠨ ᠤᠷᠤᠯᠳᠤᠭᠠᠨ᠂ ᠪᠦᠬᠦ ᠪᠥᠮᠪᠥᠷᠴᠡᠭ ᠤᠨ ᠳᠤᠮᠳᠠᠳᠤᠴᠤᠳ ᠤᠨ ᠰᠠᠭᠰᠤᠨ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ | ᠯᠤᠤᠲᠤ ᠣᠩᠭᠤᠴᠠ ᠶᠢᠨ ᠤᠷᠤᠯᠳᠤᠭᠠᠨ᠂ ᠬᠠᠲᠤᠨ ᠭᠤᠣᠯ ᠳᠠᠭᠠᠤ ᠶᠢᠨ ᠵᠠᠰᠠᠮᠠᠯ ᠵᠠᠮ ᠤᠨ ᠳᠤᠭᠤᠢ ᠲᠡᠷᠭᠡᠨ ᠤ ᠤᠷᠤᠯᠳᠤᠭᠠᠨ᠂ ᠠᠩᠬᠠᠳᠤᠭᠠᠷ ᠬᠤᠭᠤᠴᠠᠭᠠᠨ ᠤ | ᠴᠥᠭᠡᠨ ᠲᠣᠭᠠᠲᠤ ᠦᠨᠳᠥᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠰᠣᠶᠣᠯ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠨᠢᠩᠰᠢᠶᠠ ᠥᠪᠥᠷ ᠮᠣᠩᠭᠤᠯ ᠱᠠᠨᠰᠢ ᠭᠠᠨᠰᠦ ᠶᠢᠨ ᠬᠥᠷᠰᠢ ᠵᠡᠷᠭᠡᠯᠡᠳᠡᠭᠡ ᠭᠠᠵᠠᠷ ᠣᠷᠣᠨ ᠤ ᠬᠤᠯᠪᠣᠭᠠᠲᠤ ᠬᠤᠷᠠᠯ ᠤᠨ ᠠᠷᠪᠠᠨ ᠭᠤᠷᠪᠠᠳᠤᠭᠠᠷ | ᠬᠤᠭᠤᠴᠠᠭᠠᠨ ᠤ ᠣᠨ ᠤ ᠬᠤᠷᠠᠯ ᠢ ᠠᠮᠵᠢᠯᠲᠠᠲᠠᠢ ᠳᠠᠭᠠᠭᠠᠨ ᠡᠷᠬᠢᠯᠡᠵᠦ᠂ ᠪᠠᠶᠠᠨᠨᠠᠭᠤᠷ ᠤᠨ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠴᠢᠨᠠᠭᠰᠢᠳᠠ ᠥᠷᠭᠡᠳᠪᠡ᠃ | ᠵᠠᠭᠤᠴᠢᠯᠠᠭᠤᠷ ᠤᠨ ᠲᠣᠮᠣ ᠠᠰᠠᠷ ᠪᠠᠶᠢᠭᠤᠯᠤᠭᠳᠠᠨ ᠠᠰᠢᠭᠯᠠᠯᠲᠠ ᠳᠤ ᠣᠷᠣᠵᠠᠢ᠃ ᠢᠳᠡᠭᠡᠨ ᠡᠮ ᠤᠨ ᠵᠦᠢᠯᠡᠰ ᠤᠨ ᠬᠢᠨᠠᠨ ᠬᠠᠮᠢᠶᠠᠷᠤᠯᠲᠠ ᠲᠠᠰᠤᠷᠠᠯᠲᠠ ᠦᠭᠡᠢ | ᠴᠢᠩᠭᠠᠷᠠᠵᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠬᠠᠤᠯᠢ | ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ᠥᠨᠳᠥᠷ ᠦᠨᠡᠯᠡᠯᠲᠡ ᠶᠢ ᠣᠯᠵᠠᠢ᠃ ᠠᠶᠤᠯᠭᠦᠢ ᠦᠢᠯᠡᠳᠪᠦᠷᠢᠯᠡᠯ ᠪᠠ ᠣᠷᠴᠢᠨ ᠲᠣᠭᠤᠷᠢᠨ ᠤ | ᠬᠠᠮᠠᠭᠠᠯᠠᠯᠲᠠ ᠶᠢᠨ ︽ᠬᠤᠣᠰ ᠵᠠᠭᠤᠨ ᠡᠳᠥᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢᠨ ᠦᠷ᠎ᠡ ᠪᠦᠲᠦᠮᠵᠢ ᠢᠯᠡᠷᠬᠡᠢ ᠪᠣᠯᠵᠤ᠂ ᠵᠠᠬᠢᠳᠠᠯ | ᠰᠤᠷᠪᠤᠯᠵᠢᠯᠠᠭ᠎ᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠦᠷᠭᠦᠯᠵᠢᠯᠡᠨ ᠰᠠᠶᠢᠵᠢᠷᠠᠵᠤ᠂ ᠡᠷᠡᠭᠦᠦ ᠶᠢᠨ | ᠬᠡᠷᠡᠭ ᠪᠠ ᠠᠮᠤᠷ ᠲᠦᠪᠰᠢᠨ ᠤ ᠬᠡᠷᠡᠭ ᠲᠤᠰ ᠪᠦᠷᠢ 7.5% ᠪᠠ 5.4% ᠢᠶᠠᠷ ᠪᠠᠭᠤᠷᠠᠵᠤ᠂ ᠠᠷᠠᠳ ᠤᠨ ᠰᠡᠳᠬᠢᠯ ᠪᠣᠳᠣᠯ ᠠᠷᠠᠳ ᠤᠨ ᠠᠮᠢᠳᠤᠷᠠᠯ ᠤᠨ | ᠴᠠᠭᠳᠠᠭᠠᠨ ᠤ ᠶᠠᠪᠤᠳᠠᠯ ᠤᠨ ᠠᠵᠢᠯ ᠳᠣᠲᠣᠭᠠᠳᠤ ᠶᠢ ᠬᠠᠮᠠᠭᠠᠯᠠᠬᠤ ᠶᠠᠮᠤᠨ ᠤ ᠨᠤᠲᠠᠯᠠᠯᠲᠠ ᠶᠢ ᠣᠯᠵᠤ᠂ ᠣᠯᠠᠨ ᠲᠦᠮᠡᠨ ᠤ ᠠᠮᠤᠷ ᠲᠦᠪᠰᠢᠨ ᠤ ᠰᠡᠳᠬᠢᠭᠳᠡᠯ ᠪᠠ | ᠬᠠᠨᠤᠮᠵᠢ ᠶᠢᠨ ᠬᠡᠮᠵᠢᠶ᠎ᠡ ᠢᠯᠡᠷᠬᠡᠢ ᠴᠢᠩᠭᠠᠷᠠᠵᠠᠢ᠃ | ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠵᠣᠬᠢᠬᠤ ᠠᠮᠵᠢᠯᠲᠠ ᠣᠯᠵᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠠᠴᠠ ᠨᠡᠶᠢᠲᠡᠯᠡᠭᠰᠡᠨ ︽ᠪᠦᠬᠦ ᠤᠯᠤᠰ ᠤᠨ 259 ᠭᠠᠵᠠᠷ ᠤᠨ ᠳᠡᠰ ᠤᠨ ᠬᠤᠲᠠ ᠶᠢᠨ ᠢᠲᠡᠭᠡᠮᠵᠢ ᠶᠢᠨ ᠬᠢᠨᠠᠨ ᠬᠡᠮᠵᠢᠯᠲᠡ ᠶᠢᠨ ᠮᠡᠳᠡᠭᠦᠯᠦᠯᠲᠡ︾ ᠳᠤ᠂ | ᠮᠠᠨ ᠤ ᠬᠤᠲᠠ ᠪᠦᠬᠦ ᠤᠯᠤᠰ ᠤᠨ 50 ᠳ᠋ᠤᠭᠠᠷ ᠲᠤ ᠣᠷᠣᠵᠤ᠂ ᠪᠦᠬᠦ ᠣᠷᠣᠨ ᠤ 1 ᠳ᠋ᠦ᠋ᠭᠡᠷ ᠲᠤ ᠵᠢᠭᠰᠠᠵᠠᠢ᠃ ︽ᠲᠠᠪᠤᠨ ᠬᠤᠲᠠ ᠶᠢ ᠵᠡᠷᠭᠡᠪᠡᠷ ᠡᠭᠦᠳᠬᠦ︾ | ᠠᠵᠢᠯ ᠯᠠᠪᠳᠠᠭᠤᠨ ᠢᠶᠠᠷ ᠲᠦᠯᠬᠢᠭᠳᠡᠨ ᠠᠬᠢᠵᠤ᠂ ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ᠪᠣᠯᠵᠠᠢ᠂ ᠦᠨᠳᠥᠰᠦᠲᠡᠨ᠂ ᠱᠠᠰᠢᠨ ᠰᠤᠷᠲᠠᠬᠤᠨ | ᠂ ᠨᠠᠰᠤᠵᠢᠯ ᠠᠰᠠᠷᠠᠮᠵᠢ᠂ ᠡᠮᠡᠭᠲᠡᠶᠢᠴᠦᠳ ᠬᠡᠦᠬᠡᠳ᠂ ᠵᠡᠮᠳᠡᠭᠴᠦᠳ ᠵᠡᠷᠭᠡ ᠡᠯ᠎ᠡ ᠲᠥᠷᠥᠯ ᠤᠨ ᠠᠵᠢᠯ ᠦᠢᠯᠡᠰ ᠪᠦᠷ ᠰᠢᠨ᠎ᠡ ᠠᠬᠢᠴᠠ ᠲᠠᠢ ᠪᠣᠯᠵᠠᠢ᠃ | ︵ᠲᠠᠪᠤ︶ ᠣᠪᠣᠷ ᠰᠤᠷᠲᠠᠯ ᠢᠶᠠᠨ ᠬᠤᠪᠢᠷᠠᠭᠤᠯᠤᠨ ᠦᠷ᠎ᠡ ᠴᠢᠳᠠᠪᠤᠷᠢ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ | ᠲᠠᠰᠤᠷᠠᠯᠲᠠ ᠦᠭᠡᠢ ᠴᠢᠩᠭᠠᠷᠠᠪᠠ᠃ ᠣᠪᠣᠷ ᠰᠤᠷᠲᠠᠯ ᠢᠶᠠᠨ ᠥᠭᠡᠷᠡᠴᠢᠯᠡᠨ ᠰᠠᠶᠢᠵᠢᠷᠠᠭᠤᠯᠬᠤ ᠡᠯ᠎ᠡ ᠲᠥᠷᠥᠯ ᠤᠨ ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ | ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠥᠵᠢᠯ ᠢ ᠯᠠᠪᠳᠠᠭᠤᠨ ᠢᠶᠠᠷ ᠥᠷᠨᠢᠭᠦᠯᠵᠦ᠂ ᠡᠯ᠎ᠡ ᠱᠠᠲᠤᠨ ᠤ | ᠺᠠᠳ᠋ᠷᠴᠤᠳ ᠤᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠢᠳᠡᠪᠬᠢᠲᠡᠢ ᠪᠠᠷ ᠪᠦᠲᠦᠮᠵᠢ ᠭᠠᠷᠭᠠᠬᠤ ᠤᠷᠮ᠎ᠠ ᠵᠣᠷᠢᠭ ᠢᠯᠡᠷᠬᠡᠢ ᠴᠢᠩᠭᠠᠷᠠᠵᠠᠢ᠃ ᠲᠥᠷᠥ ᠶᠢᠨ | ᠶᠠᠪᠤᠳᠠᠯ ᠤ ᠬᠤᠷᠢᠶ᠎ᠠ ᠶᠢᠨ ︽ᠭᠤᠷᠪᠠᠨ ᠵᠦᠢᠯ ᠤᠨ ᠰᠠᠬᠢᠯᠭ᠎ᠠ︾ ᠶᠢ ᠴᠢᠩᠭ᠎ᠠ ᠬᠡᠷᠡᠭᠵᠢᠭᠦᠯᠵᠦ᠂ ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠨ ᠤ ᠲᠡᠷᠭᠡ ᠶᠢᠨ | ᠳᠦᠷᠢᠮ ᠤᠨ ᠥᠭᠡᠷᠡᠴᠢᠯᠡᠯᠲᠡ ᠦᠨᠳᠥᠰᠦᠨ ᠳᠡᠭᠡᠨ ᠪᠡᠶᠡᠯᠡᠭᠳᠡᠵᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ | ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯᠲᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠵᠠᠰᠠᠭ ᠤᠨ ᠣᠷᠳᠣᠨ ᠤ ᠪᠠᠭ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠪᠠ ᠰᠠᠨᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠲᠠᠢ ᠢᠳᠡᠪᠬᠢᠲᠡᠢ ᠬᠠᠮᠵᠢᠯᠴᠠᠨ ᠬᠠᠤᠯᠢ ᠲᠣᠭᠲᠠᠭᠠᠬᠤ ᠠᠵᠢᠯ ᠢ ᠥᠷᠨᠢᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ 128 ᠬᠤᠪᠢ ᠭᠦᠢᠴᠡᠳᠬᠡᠵᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ | 240 ᠬᠤᠪᠢ ᠭᠦᠢᠴᠡᠳᠬᠡᠵᠦ᠂ ᠭᠦᠢᠴᠡᠳᠬᠡᠨ ᠲᠡᠭᠦᠰᠦᠭᠰᠡᠨ ᠨᠣᠷᠮ᠎ᠠ ᠪᠦᠷ 100% ᠲᠤ ᠬᠦᠷᠴᠡᠢ᠃ | ︽7 · 5︾ ᠤᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠪᠦᠬᠦ ᠲᠠᠯ᠎ᠠ ᠪᠠᠷ ᠡᠬᠢᠯᠡᠭᠦᠯᠵᠦ᠂ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ | ᠴᠢᠨᠠᠭᠰᠢᠳᠠ ᠴᠢᠩᠭᠠᠷᠠᠪᠠ᠃ ᠬᠢᠨᠠᠨ ᠪᠣᠳᠣᠯᠲᠠ᠂ ᠬᠢᠨᠠᠨ ᠪᠠᠶᠢᠴᠠᠭᠠᠬᠤ ᠠᠵᠢᠯ ᠤᠨ ᠬᠦᠴᠦᠯᠡᠴᠡ ᠨᠡᠮᠡᠭᠳᠡᠵᠦ᠂ ᠢᠯᠵᠢᠷᠡᠯ ᠢ ᠡᠰᠡᠷᠭᠦᠴᠡᠨ ᠠᠷᠢᠭᠤᠨ ᠴᠢᠬᠡᠴᠢ ᠶᠢ | ᠡᠷᠬᠢᠮᠯᠡᠬᠦ ᠪᠠᠶᠢᠭᠤᠯᠤᠯᠲᠠ ᠭᠦᠨᠵᠡᠭᠡᠢ ᠲᠦᠯᠬᠢᠭᠳᠡᠨ ᠠᠬᠢᠪᠠ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠪᠣᠯ᠂ ᠮᠠᠨ ᠤ ᠪᠦᠬᠦ ᠬᠤᠲᠠ ᠳᠠᠶᠠᠭᠠᠷ ᠬᠠᠲᠠᠭᠤ ᠪᠡᠷᠬᠡᠰᠢᠶᠡᠯ ᠢ ᠬᠠᠮᠲᠤᠪᠠᠷ ᠲᠤᠭᠤᠯᠵᠤ᠂ ᠡᠯ᠎ᠡ ᠵᠦᠢᠯ ᠤᠨ | ᠰᠢᠯᠭᠠᠯᠲᠠ ᠶᠢ ᠳᠠᠭᠠᠭᠠᠵᠤ ᠭᠠᠷᠤᠭᠰᠠᠨ ᠨᠢᠭᠡ ᠵᠢᠯ ᠪᠣᠯᠬᠤ ᠪᠥᠭᠡᠳ ᠪᠢᠳᠡᠨ ᠤ ᠴᠢᠷᠮᠠᠶᠢᠨ ᠲᠡᠮᠡᠴᠡᠵᠦ᠂ ᠬᠦᠴᠢᠷ ᠢ ᠰᠥᠷᠥᠨ ᠤᠷᠤᠭᠰᠢᠯᠠᠵᠤ᠂ ︽13 · 5︾ ᠤᠨ | ᠬᠥᠭᠵᠢᠯᠲᠡ ᠳᠤ ᠬᠦᠴᠦᠨ ᠨᠥᠭᠡᠴᠡᠯᠡᠭᠰᠡᠨ ᠨᠢᠭᠡ ᠵᠢᠯ ᠪᠣᠯᠣᠨ᠎ᠠ᠃ ᠥᠨᠥᠳᠥᠷ ᠤᠨ ᠪᠠᠶᠠᠨᠨᠠᠭᠤᠷ᠂ ᠰᠢᠨ᠎ᠡ ᠱᠠᠲᠤᠨ ᠳᠤ ᠠᠬᠢᠵᠤ᠂ ᠰᠢᠨ᠎ᠡ ᠭᠠᠷᠤᠭ᠎ᠠ ᠳᠡᠭᠡᠷ᠎ᠡ | ᠭᠠᠷᠴᠤ ᠵᠣᠭᠰᠣᠵᠠᠢ᠃ ᠡᠨᠡ ᠨᠢᠭᠡ ᠵᠢᠯ ᠤᠨ ᠠᠮᠵᠢᠯᠲᠠ ᠶᠢ ᠣᠯᠣᠭᠰᠠᠨ ᠨᠢ ᠬᠤᠲᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠶᠢ ᠬᠠᠮᠤᠷᠴᠤ᠂ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠪᠠᠶᠢᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠳᠡᠮᠵᠢᠯᠭᠡ ᠶᠢᠨ ᠦᠷ᠎ᠡ ᠳ᠋ᠦᠩ ᠪᠣᠯᠣᠨ᠎ᠠ᠂ ᠨᠡᠩ ᠴᠦ ᠪᠦᠬᠦ ᠬᠤᠲᠠ ᠶᠢᠨ | ᠦᠨᠳᠥᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠠᠮᠲᠤ ᠶᠢᠨ ᠴᠢᠷᠮᠠᠶᠢᠯᠭ᠎ᠠ᠂ ᠰᠢᠨᠲᠠᠷᠠᠰᠢ ᠦᠭᠡᠢ ᠲᠡᠮᠡᠴᠡᠭᠰᠡᠨ ᠤ ᠦᠷ᠎ᠡ ᠳ᠋ᠦᠩ ᠮᠥᠨ᠂ ᠠᠳᠡ᠂ ᠪᠢ | ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠠᠶᠠᠨᠨᠠᠭᠤᠷ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ ᠢᠷᠡᠭᠰᠡᠨ ᠨᠥᠬᠦᠳ᠂ | ᠨᠠᠶᠢᠵᠠ ᠨᠠᠷ ᠲᠤ ᠦᠨᠡᠨ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ ᠠᠮᠵᠢᠯᠲᠠ ᠪᠠᠨ ᠳ᠋ᠦᠩᠨᠡᠬᠦ ᠶᠢᠨ ᠵᠡᠷᠭᠡᠳᠡ᠂ ᠬᠥᠭᠵᠢᠯᠲᠡ ᠶᠢᠨ ᠳᠤᠮᠳᠠ | ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠂ ᠭᠤᠣᠯᠳᠠᠭᠤ᠄ ᠠᠵᠤ ᠠᠬᠤᠢ ᠶᠢᠨ ᠮᠠᠭᠤᠳᠠᠯ ᠤᠨ ᠳᠠᠷᠤᠯᠲᠠ ᠮᠥᠨ | ᠨᠡᠯᠢᠶᠡᠳ ᠶᠡᠭᠡ ᠪᠠᠶᠢᠵᠤ᠂ ᠬᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯᠲᠡᠢ ᠪᠠᠶᠢᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠦᠨ᠎ᠡ ᠬᠠᠩᠰᠢ ᠳᠤ ᠵᠠᠬ᠎ᠠ ᠳᠡᠯᠭᠡᠭᠦᠷ ᠤᠨ ᠨᠥᠯᠥᠭᠡ ᠪᠠᠷ ᠳᠣᠯᠭᠢᠰᠤᠯ ᠢᠯᠡᠷᠡᠵᠡᠢ︔ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠠ ᠰᠢᠨ᠎ᠡ ᠶᠢ | ᠡᠭᠦᠳᠬᠦ ᠪᠠᠷ ᠬᠥᠭᠵᠢᠯᠲᠡ ᠶᠢ ᠬᠥᠲᠥᠯᠦᠨ ᠵᠢᠯᠣᠭᠤᠳᠬᠤ ᠴᠢᠳᠠᠪᠤᠷᠢ ᠪᠠᠰᠠ ᠴᠢᠩᠭ᠎ᠠ ᠪᠢᠰᠢ ᠪᠠᠶᠢᠵᠤ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠬᠦ ᠠᠷᠭ᠎ᠠ ᠬᠡᠯᠪᠡᠷᠢ᠂ | ᠰᠢᠨ᠎ᠡ ᠬᠤᠳᠠᠯᠳᠤᠭᠠᠨ ᠤ ᠵᠠᠭᠪᠤᠷ ᠤᠨ ᠬᠥᠭᠵᠢᠯᠲᠡ ᠭᠦᠢᠴᠡᠳ ᠦᠭᠡᠢ ᠪᠠᠶᠢᠨ᠎ᠠ︔ ᠡᠳ᠋ ᠤᠨ ᠵᠠᠰᠠᠭ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠬᠦᠴᠢᠷᠳᠡᠯ | ᠶᠡᠬᠡᠰᠴᠦ᠂ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠤᠶᠢᠮ᠎ᠠ ᠪᠣᠯᠵᠠᠢ︔ ᠬᠡᠰᠡᠭ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ | ᠬᠦᠴᠦᠯᠡᠴᠡ ᠶᠢ ᠦᠷᠭᠦᠯᠵᠢᠯᠡᠨ ᠨᠡᠮᠡᠭᠳᠡᠭᠦᠯᠬᠦ ᠴᠢᠬᠤᠯᠠᠲᠠᠢ ᠪᠠᠶᠢᠵᠤ᠂ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠲᠦᠪᠰᠢᠨ ᠢ ᠴᠢᠨᠠᠭᠰᠢᠳᠠ | ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠣᠯᠠᠨ ᠲᠦᠮᠡᠨ ᠤ ᠠᠩᠬᠠᠷᠴᠤ ᠪᠠᠶᠢᠭ᠎ᠠ ᠰᠤᠷᠭᠠᠭᠤᠯᠢ ᠳᠤ ᠰᠠᠭᠤᠬᠤ᠂ ᠠᠵᠢᠯ ᠣᠯᠬᠤ᠂ ᠡᠪᠡᠳᠴᠢᠨ ᠦᠵᠡᠭᠦᠯᠬᠦ᠂ ᠠᠳᠠᠯ | ᠠᠬᠤᠢ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠪᠠᠰᠠ ᠭᠦᠢᠴᠡᠳ ᠦᠭᠡᠢ ᠪᠠᠶᠢᠬᠤ ᠠᠰᠠᠭᠤᠳᠠᠯ ᠣᠷᠣᠰᠢᠵᠤ ᠪᠠᠶᠢᠨ᠎ᠠ︔ ᠵᠠᠷᠢᠮ ᠠᠯᠪᠠᠨ ᠪᠠᠶᠢᠭᠤᠯᠤᠯᠭ᠎ᠠ ᠶᠢᠨ | ᠠᠵᠢᠯᠲᠠᠨ ᠤ ᠣᠪᠣᠷ ᠰᠤᠷᠲᠠᠯ ᠴᠢᠩᠭ᠎ᠠ ᠪᠣᠳᠠᠲᠠᠢ ᠪᠢᠰᠢ᠂ ᠨᠠᠶᠢᠳᠠᠪᠤᠷᠢᠵᠢᠭᠤᠯᠬᠤ ᠳᠤ ᠬᠦᠴᠢᠷ᠂ ᠠᠵᠢᠯ ᠡᠷᠬᠢᠯᠡᠬᠦ ᠳᠤ ᠬᠦᠴᠢᠷ᠂ ᠪᠦᠲᠦᠭᠡᠮᠵᠢ ᠳᠣᠣᠷ᠎ᠠ ᠪᠠᠶᠢᠬᠤ | ᠵᠡᠷᠭᠡ ᠪᠠᠶᠢᠳᠠᠯ ᠪᠠᠰᠠᠯᠠ ᠣᠷᠣᠰᠢᠵᠤ᠂ ᠨᠠᠶᠢᠳᠠᠪᠤᠷᠢᠵᠢᠭᠤᠯᠬᠤ ᠳᠤ ᠬᠦᠴᠢᠷ᠂ ᠶᠠᠪᠤᠳᠠᠯ ᠪᠦᠲᠦᠭᠡᠬᠦ ᠳᠤ ᠬᠦᠴᠢᠷ᠂ ᠠᠰᠢᠭᠯᠠᠮᠵᠢ ᠳᠣᠣᠷ᠎ᠠ ᠪᠠᠶᠢᠬᠤ ᠮᠡᠲᠦ᠃ ᠡᠳᠡᠭᠡᠷ | ᠠᠰᠠᠭᠤᠳᠠᠯ ᠳᠤ᠂ ᠪᠢᠳᠡ ᠨᠡᠩ ᠬᠦᠴᠦᠯᠡᠨ ᠴᠢᠷᠮᠠᠶᠢᠵᠤ᠂ ᠠᠷᠠᠳ ᠤᠨ ᠬᠦᠰᠡᠯ ᠪᠣᠳᠣᠯ ᠢᠶᠠᠷ ᠵᠠᠰᠠᠭ ᠶᠠᠪᠤᠭᠤᠯᠬᠤ ᠴᠢᠭᠯᠡᠯ ᠢᠶᠠᠨ ᠪᠣᠯᠭᠠᠵᠤ᠂ ᠯᠠᠪᠳᠠᠭᠤᠨ ᠪᠣᠳᠠᠲᠠᠢ | ᠠᠵᠢᠯ ᠢᠶᠠᠷ ᠰᠢᠪᠲᠤᠯᠤᠯᠲᠠ ᠶᠢ ᠡᠷᠢᠯᠬᠢᠯᠡᠵᠦ᠂ ᠰᠢᠢᠳᠪᠦᠷᠢᠯᠡᠬᠦ ᠪᠠᠷ ᠬᠦᠴᠦᠯᠡᠨ ᠴᠢᠷᠮᠠᠶᠢᠨ᠎ᠠ᠃ | ᠬᠤᠶᠠᠷ᠂ 2017 ᠣᠨ ᠤ ᠠᠵᠢᠯ ᠤᠨ ᠶᠡᠷᠦᠩᠬᠡᠢ ᠪᠠᠶᠢᠷᠢᠯᠠᠭᠤᠯᠤᠯᠲᠠ ᠡᠨᠡ ᠵᠢᠯ ᠪᠣᠯ ︽13 · 5︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠴᠢᠬᠤᠯᠠ | ᠨᠢᠭᠡ ᠵᠢᠯ ᠪᠠᠶᠢᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠯ ᠪᠣᠯᠣᠨ᠎ᠠ᠂ ᠪᠢᠳᠡ ᠨᠠᠮ ᠤᠨ ᠠᠷᠪᠠ | ᠶᠢᠰᠦᠳᠥᠭᠡᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠪᠠ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠤᠭᠲᠤᠨ | ᠠᠪᠴᠢᠷᠠᠬᠤ ᠲᠣᠯᠠ᠂ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠶᠢᠨ ᠠᠴᠢ ᠬᠤᠯᠪᠣᠭᠳᠠᠯ ᠬᠦᠨᠳᠦ ᠴᠢᠬᠤᠯᠠ᠂ ᠠᠵᠠ ᠲᠣᠬᠢᠶᠠᠯ ᠣᠯᠳᠠᠰᠢ ᠦᠭᠡᠢ ᠪᠠᠶᠢᠨ᠎ᠠ᠃ | ᠪᠢᠳᠡ ᠵᠠᠪᠠᠯ ᠴᠠᠭ ᠢ ᠦᠵᠡᠨ ᠪᠠᠶᠢᠳᠠᠯ ᠢ ᠰᠢᠨᠵᠢᠵᠦ᠂ ᠢᠲᠡᠭᠡᠯ ᠵᠣᠷᠢᠭ ᠪᠠ ᠲᠣᠭᠲᠠᠩᠭᠤᠢ ᠬᠦᠴᠦᠨ ᠢ ᠪᠠᠷᠢᠮᠲᠠᠯᠠᠵᠤ ᠳᠡᠶᠢᠯᠪᠡᠯ ᠰᠠᠶ᠋ᠢ ᠰᠢᠨ᠎ᠡ ᠨᠢᠭᠡ ᠡᠭᠡᠯᠵᠢ ᠶᠢᠨ | ᠠᠵᠤ ᠠᠬᠤᠢ ᠶᠢᠨ ᠪᠠᠶᠢᠷᠢᠰᠢᠯ ᠤᠨ ᠶᠡᠭᠡ ᠲᠣᠬᠢᠷᠠᠭᠤᠯᠤᠯᠲᠠ᠂ ᠶᠡᠭᠡ ᠬᠤᠪᠢᠰᠤᠯᠲᠠ ᠳᠤᠮᠳᠠ ᠠᠵᠠ ᠲᠣᠬᠢᠶᠠᠯ ᠢ ᠠᠮᠵᠢᠨ᠂ ᠰᠠᠨᠠᠭᠠᠴᠢᠯᠠᠭᠠᠲᠤ ᠡᠷᠬᠡ ᠶᠢ ᠲᠡᠮᠡᠴᠡᠨ | ᠣᠯᠵᠤ ᠳᠡᠶᠢᠯᠦᠨ᠎ᠡ᠃ ᠪᠢᠳᠡ ᠵᠠᠪᠠᠯ ᠬᠠᠷᠠᠯᠲᠠ ᠪᠠᠨ ᠭᠤᠶᠢᠪᠢᠰᠢ ᠦᠭᠡᠢ ᠡᠵᠡᠮᠳᠡᠵᠦ᠂ ᠰᠡᠳᠬᠢᠯ ᠠᠯᠭᠠᠰᠠᠯ ᠦᠭᠡᠢ ᠪᠠᠷ ᠬᠥᠭᠵᠢᠯᠲᠡ ᠶᠢ ᠠᠳᠬᠤᠪᠠᠯ ᠰᠠᠶ᠋ᠢ | ᠬᠤᠲᠠ ᠶᠢᠨ ᠳᠥᠷᠪᠡᠳᠥᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠵᠢᠷᠤᠭᠯᠠᠨ ᠭᠠᠷᠭᠠᠭᠰᠠᠨ ᠬᠥᠭᠵᠢᠭᠦᠯᠦᠯᠲᠡ ᠶᠢᠨ ᠪᠣᠷᠣ ᠲᠥᠯᠥᠪ ᠢ | ᠪᠣᠳᠠᠲᠤ ᠠᠬᠤᠢ ᠪᠣᠯᠭᠠᠨ ᠬᠤᠪᠢᠷᠠᠭᠤᠯᠵᠤ᠂ ︽ᠪᠣᠬᠢᠷᠲᠤᠯ ᠦᠭᠡᠢ ᠪᠠᠷ ᠮᠠᠨᠳᠤᠨ ᠬᠥᠭᠵᠢᠵᠦ᠂ ᠵᠢᠶᠠᠩᠨᠠᠨ ᠢ ᠭᠦᠢᠴᠡᠨ ᠳᠠᠪᠠᠭ᠋ᠤ︾ ᠪᠠᠶᠢᠯᠳᠤᠬᠤ ᠪᠣᠳᠣᠯᠭ᠎ᠠ ᠶᠢᠨ | ᠬᠠᠷᠠᠯᠲᠠ ᠪᠠ ᠬᠤᠲᠠ ᠶᠢᠨ ᠨᠠᠮ ᠤᠨ ᠬᠤᠷᠢᠶᠠᠨ ᠤ ᠡᠯ᠎ᠡ ᠲᠥᠷᠥᠯ ᠤᠨ ᠪᠠᠶᠢᠷᠢᠯᠠᠭᠤᠯᠤᠯᠲᠠ ᠶᠢ ᠪᠣᠳᠠᠲᠠᠶᠢᠵᠢᠭᠤᠯᠤᠨ ᠪᠡᠶᠡᠯᠡᠭᠦᠯᠵᠦ ᠳᠡᠶᠢᠯᠦᠨ᠎ᠡ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠪᠠ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ᠂ ᠳᠥᠷᠪᠡᠳᠥᠭᠡᠷ ᠪᠦᠭᠦᠳᠡ ᠬᠤᠷᠠᠯ᠂ | ᠲᠠᠪᠤᠳᠤᠭᠠᠷ ᠪᠦᠭᠦᠳᠡ ᠬᠤᠷᠠᠯ᠂ ᠵᠢᠷᠭᠤᠳᠤᠭᠠᠷ ᠪᠦᠭᠦᠳᠡ ᠬᠤᠷᠠᠯ ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠠᠷᠪᠠᠳᠤᠭᠠᠷ | ᠬᠤᠭᠤᠴᠠᠭᠠᠨ ᠤ ᠬᠤᠶᠠᠳᠤᠭᠠᠷ ᠤᠳᠠᠭ᠎ᠠ ᠶᠢᠨ ᠪᠦᠬᠦ ᠭᠡᠰᠢᠭᠦᠳ ᠤᠨ ᠬᠤᠷᠠᠯ᠂ ᠬᠤᠲᠠ ᠶᠢᠨ ᠳᠥᠷᠪᠡᠳᠥᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠱᠤᠭᠤᠬᠤ ᠪᠠ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠰᠤᠷᠠᠭ ᠵᠠᠩᠭᠢᠵᠢᠯᠲᠠ᠂ ᠬᠤᠲᠠ ᠪᠠᠯᠭᠠᠰᠤᠵᠢᠯᠲᠠ᠂ ᠲᠠᠷᠢᠶᠠᠯᠠᠩ ᠮᠠᠯ ᠠᠵᠤ | ᠠᠬᠤᠢ ᠶᠢᠨ ᠣᠳᠣᠬᠢᠴᠢᠯᠠᠯᠲᠠ᠂ ᠪᠣᠬᠢᠷᠲᠤᠯ ᠦᠭᠡ ᠵᠢᠵᠢᠯᠲᠡ ᠵᠡᠷᠭᠡ ︽ᠲᠠᠪᠤᠵᠢᠯᠲᠠ︾ ᠶᠢᠨ ᠵᠣᠬᠢᠴᠠᠯᠳᠤᠨ ᠬᠥᠭᠵᠢᠭᠡᠬᠦ ᠶᠢ ᠠᠬᠢᠭᠤᠯᠵᠤ᠂ ︽ᠤᠰᠤ ᠨᠣᠭᠤᠭᠠᠨ | ᠰᠣᠶᠣᠯ︾ ᠭᠤᠷᠪᠠᠨ ᠠᠵᠢᠯ ᠢ ᠭᠤᠶᠢᠪᠢᠰᠢ ᠦᠭᠡᠢ ᠰᠠᠶᠢᠲᠤᠷ ᠬᠢᠵᠦ᠂ ︽ᠲᠠᠪᠤᠨ ᠶᠡᠭᠡ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ | ᠰᠠᠶᠢᠲᠤᠷ ᠠᠳᠬᠤᠵᠤ᠂ ︽ᠭᠤᠷᠪᠠᠨ ᠬᠢᠵᠠᠭᠠᠷ ᠱᠤᠭᠤᠮ︾ ᠢ ᠪᠠᠲᠤ ᠰᠠᠬᠢᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠵᠤ᠂ | ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠲᠦᠭᠰᠢᠭᠦᠷᠢ ᠶᠢ ᠰᠡᠷᠭᠡᠶᠢᠯᠡᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠭᠠᠷᠭᠠᠬᠤ ᠪᠠᠷ | ᠴᠢᠷᠮᠠᠶᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ᠂ ︽ᠪᠣᠬᠢᠷᠲᠤᠯ ᠦᠭᠡᠢ ᠪᠠᠷ ᠮᠠᠨᠳᠤᠨ ᠬᠥᠭᠵᠢᠵᠦ᠂ ᠵᠢᠶᠠᠩᠨᠠᠨ ᠢ ᠭᠦᠢᠴᠡᠨ ᠳᠠᠪᠠᠭ᠋ᠤ | ︾ ᠶᠢ ᠪᠡᠶᠡᠯᠡᠭᠦᠯᠬᠦ ᠠᠶᠠᠨ ᠳᠤᠮᠳᠠ ᠰᠢᠨ᠎ᠡ ᠬᠠᠭᠤᠳᠠᠰᠤ ᠶᠢ ᠪᠢᠴᠢᠭᠯᠡᠨ᠎ᠡ᠃ | ᠭᠤᠣᠯ ᠲᠥᠰᠦᠪᠯᠡᠭᠰᠡᠨ ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 8% ᠣᠷᠴᠢᠮ ᠨᠡᠮᠡᠭᠳᠡᠭᠦᠯᠵᠦ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 12% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ | ᠥᠷᠲᠡᠭ ᠢ 10.5% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ ᠠᠳᠠᠯᠢ ᠴᠠᠷᠠᠭ᠎ᠠ ᠳᠤ 6% | ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠳᠤᠮᠳᠠᠴᠢ ᠪᠠᠷ | 8% ᠣᠷᠴᠢᠮ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠯᠢᠶᠡᠰᠦᠯᠡᠬᠦ ᠴᠢᠨᠠᠷᠲᠠᠢ | ᠵᠢᠭᠠᠯᠲᠠ ᠲᠤᠭ᠎ᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠡᠳᠡᠭᠡᠷ ᠬᠠᠷᠠᠯᠲᠠ ᠶᠢ ᠲᠣᠭᠲᠠᠭᠠᠬᠤ ᠳᠠᠭᠠᠨ᠂ ᠪᠢᠳᠡᠨ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠪᠠ | ᠦᠨᠳᠥᠰᠦᠨ ᠨᠥᠬᠦᠴᠡᠯ ᠢ ᠭᠦᠢᠴᠡᠳ ᠪᠣᠳᠣᠯᠬᠢᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠪᠠ ︽13 · 5︾ ᠤᠨ | ᠲᠥᠯᠥᠪᠵᠢᠭᠦᠯᠭᠡ ᠶᠢᠨ ᠬᠠᠷᠠᠯᠲᠠ ᠲᠠᠢ ᠵᠣᠯᠭᠠᠭᠤᠯᠬᠤ ᠶᠢ ᠪᠣᠳᠣᠯᠬᠢᠯᠠᠵᠤ᠂ ᠪᠣᠳᠠᠲᠠᠢ ᠳᠤ ᠰᠠᠭᠤᠷᠢᠯᠠᠨ᠂ ᠶᠡᠷᠦᠩᠬᠡᠶᠢᠯᠡᠨ ᠪᠣᠳᠣᠯᠬᠢᠯᠠᠭᠰᠠᠨ ᠤ ᠳᠠᠷᠠᠭ᠎ᠠ ᠲᠣᠭᠲᠠᠭᠰᠠᠨ | ᠶᠤᠮ᠃ ᠡᠳᠡᠭᠡᠷ ᠬᠠᠷᠠᠯᠲᠠ ᠶᠢ ᠬᠢᠯᠪᠠᠷ ᠳᠥᠭᠦᠮ ᠢᠶᠠᠷ ᠪᠡᠶᠡᠯᠡᠭᠦᠯᠵᠦ ᠳᠡᠶᠢᠯᠬᠦ ᠶᠤᠮ ᠪᠢᠰᠢ᠂ ᠪᠢᠳᠡ ᠵᠠᠪᠠᠯ ᠲᠣᠭᠲᠠᠭᠤᠨ ᠤ ᠳᠤᠮᠳᠠ ᠬᠥᠭᠵᠢᠯᠲᠡ ᠶᠢ ᠡᠷᠢᠯᠬᠢᠯᠡᠬᠦ | ᠠᠵᠢᠯ ᠤᠨ ᠶᠡᠷᠦᠩᠬᠡᠢ ᠬᠥᠭ ᠠᠶᠢᠵᠠᠮ ᠢ ᠪᠠᠷᠢᠮᠲᠠᠯᠠᠵᠤ᠂ ᠥᠪᠡᠷ ᠤᠨ ᠪᠡᠶ᠎ᠡ ᠳᠡᠭᠡᠨ ᠳᠠᠷᠤᠯᠲᠠ ᠥᠭᠴᠦ᠂ ᠬᠦᠴᠢᠷ ᠢ ᠰᠥᠷᠥᠨ ᠤᠷᠤᠭᠰᠢᠯᠠᠵᠤ᠂ ᠬᠠᠷᠠᠯᠲᠠ ᠪᠠᠨ | ᠪᠠᠲᠤ ᠡᠵᠡᠮᠳᠡᠨ᠂ ᠨᠢᠭᠡ ᠨᠢᠭᠡ ᠠᠯᠬᠤᠮ ᠢᠶᠠᠷ ᠤᠷᠤᠭᠰᠢ ᠵᠢᠳᠬᠦᠵᠦ᠂ ᠨᠡᠩ ᠰᠠᠶᠢᠲᠤᠷ ᠪᠡᠶᠡᠯᠡᠭᠦᠯᠬᠦ ᠪᠠᠷ ᠴᠢᠷᠮᠠᠶᠢᠪᠠᠯ ᠰᠠᠶ᠋ᠢ ᠪᠦᠬᠦ ᠬᠤᠲᠠ ᠶᠢᠨ ᠠᠷᠠᠳ ᠲᠦᠮᠡᠨ ᠳᠤ | ᠬᠠᠨᠤᠮᠵᠢᠲᠠᠢ ᠬᠠᠭᠤᠳᠠᠰᠤ ᠲᠤᠰᠢᠶᠠᠵᠤ ᠳᠡᠶᠢᠯᠦᠨ᠎ᠡ᠃ ᠪᠢᠳᠡ ᠳᠣᠣᠷᠠᠬᠢ ᠮᠡᠲᠦ ᠠᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠪᠣᠯᠣᠨ᠎ᠠ᠄ | ︵ᠨᠢᠭᠡ︶ ᠪᠡᠯᠡ ᠣᠷᠣᠭᠤᠯᠤᠯᠲᠠ ᠪᠠᠷ ᠳᠠᠶᠢᠴᠢᠯᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠨᠥᠭᠡᠴᠡ ᠬᠦᠴᠦᠨ ᠢ ᠦᠨᠡᠨ ᠬᠦ ᠴᠢᠩᠭᠠᠷᠠᠭᠤᠯᠤᠨ᠎ᠠ᠂ ᠪᠡᠯᠡ | ᠣᠷᠣᠭᠤᠯᠤᠯᠲᠠ ᠪᠣᠯ ᠠᠵᠤ ᠠᠬᠤᠢ ᠶᠢᠨ ᠨᠡᠮᠡᠭᠳᠡᠯ ᠢ ᠠᠬᠢᠭᠤᠯᠬᠤ ︽ᠨᠢᠭᠡᠳᠥᠭᠡᠷ ᠬᠥᠳᠡᠯᠭᠡᠬᠦ ᠬᠦᠴᠦᠨ︾ ᠮᠥᠨ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠪᠣᠯ ᠣᠷᠣᠨ ᠪᠦᠰᠡ ᠶᠢᠨ ᠬᠥᠭᠵᠢᠯᠲᠡ ᠶᠢ ᠲᠦᠯᠬᠢᠨ ᠠᠬᠢᠭᠤᠯᠬᠤ ︽ᠨᠢᠭᠡᠳᠥᠭᠡᠷ ᠭᠠᠷᠳᠠᠴᠠ︾ ᠮᠥᠨ ᠭᠡᠰᠡᠨ ᠣᠶᠢᠯᠠᠭᠠᠭᠳᠠᠬᠤᠨ ᠢ ᠪᠠᠲᠤ ᠪᠤᠢ | ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠲᠠᠲᠠᠨ ᠣᠷᠣᠭᠤᠯᠬᠤ ᠪᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠶᠢᠪᠢᠰᠢ ᠦᠭᠡᠢ | ᠠᠳᠬᠤᠵᠤ᠂ 822 ᠳ᠋ᠦᠩᠰᠢᠭᠤᠷ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 152 ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠳᠤ ᠪᠡᠯᠡᠭ | ᠪᠠᠷᠢᠨ᠎ᠠ᠃ | ︽ᠳᠣᠯᠣᠭᠠᠨ ᠲᠣᠣᠷ︾ ᠤᠨ ᠪᠦᠲᠦᠭᠡᠨ ᠪᠠᠶᠢᠭᠤᠯᠤᠯᠲᠠ ᠶᠢ ᠲᠣᠪᠤᠶᠢᠯᠭᠠᠨ ᠰᠠᠶᠢᠲᠤᠷ ᠠᠳᠬᠤᠵᠤ᠂ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ᠂ | ᠬᠤᠲᠠ ᠶᠢᠨ ᠶᠠᠪᠤᠳᠠᠯ᠂ ᠤᠰᠤᠨ ᠠᠰᠢᠭᠯᠠᠯᠲᠠ᠂ ᠡᠨᠧᠷᠭᠢ᠂ ᠴᠢᠮᠡᠭᠡ ᠨᠡᠪᠲᠡᠷᠡᠯᠭᠡ ᠵᠡᠷᠭᠡ ᠲᠠᠯ᠎ᠠ ᠪᠠᠷ᠂ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ | ᠬᠡᠷᠡᠭᠵᠢᠭᠦᠯᠬᠦ ᠪᠠᠷ ᠴᠢᠷᠮᠠᠶᠢᠨ᠎ᠠ᠃ ᠲᠡᠮᠦᠷ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ | ᠵᠠᠮ᠂ ᠯᠢᠨ ᠾᠧ ᠶᠢᠨ ᠪᠠᠷᠠᠭᠠᠨ ᠤ ᠭᠦᠢᠯᠭᠡᠭᠡᠨ ᠤ ᠲᠥᠪ ᠤᠨ ᠲᠡᠮᠦᠷ ᠵᠠᠮ ᠤᠨ ᠲᠤᠰᠬᠠᠢ ᠱᠤᠭᠤᠮ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ 9 | ᠰᠠᠷ᠎ᠠ ᠠᠴᠠ ᠡᠬᠢᠯᠡᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠵᠠᠰᠠᠮᠠᠯ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ G7 ᠲᠦᠷᠭᠡᠨ ᠤ | ᠵᠠᠮ ᠤᠨ ᠤᠨ ᠪᠠᠶᠠᠨᠨᠠᠭᠤᠷ ᠤᠨ ᠲᠠᠬᠢ ᠬᠡᠰᠡᠭ᠂ ᠬᠥᠬᠡᠥ᠌ᠨᠳᠥᠷ ᠠᠴᠠ ᠤᠤ ᠶᠢᠨ ᠭᠤᠣᠯ ᠬᠦᠷᠬᠦ ᠨᠢᠭᠡᠳᠥᠭᠡᠷ ᠳᠡᠰ ᠤᠨ ᠵᠠᠰᠠᠮᠠᠯ ᠵᠠᠮ᠂ ᠯᠢᠨ ᠾᠧ ᠶᠢᠨ ᠬᠠᠲᠤᠨ | ᠭᠤᠣᠯ ᠳᠠᠭᠠᠤ ᠶᠢᠨ ᠨᠢᠭᠡᠳᠥᠭᠡᠷ ᠳᠡᠰ ᠤᠨ ᠵᠠᠰᠠᠮᠠᠯ ᠵᠠᠮ ᠤᠨ ᠵᠢᠦ ᠵᠤᠸᠠᠩ ᠤᠨ ᠬᠡᠰᠡᠭ ᠢ ᠪᠠᠶᠢᠭᠤᠯᠤᠨ ᠲᠡᠷᠭᠡ ᠨᠡᠪᠲᠡᠷᠡᠭᠦᠯᠦᠨ᠎ᠡ᠃ 242 ᠤᠯᠤᠰ ᠤᠨ ᠵᠠᠮ ᠤᠨ | ᠭᠠᠭᠴᠠᠮᠣᠳᠣ ᠠᠴᠠ ᠯᠢᠨ ᠾᠧ ᠬᠦᠷᠬᠦ ᠨᠢᠭᠡᠳᠥᠭᠡᠷ ᠳᠡᠰ ᠤᠨ ᠵᠠᠰᠠᠮᠠᠯ ᠵᠠᠮ ᠤᠨ ᠭᠤᠣᠯ ᠴᠣᠭᠴᠠ ᠶᠢᠨ ᠪᠠᠷᠢᠯᠭ᠎ᠠ ᠶᠢ ᠲᠡᠭᠦᠰᠬᠡᠵᠦ᠂ ᠬᠥᠳᠡᠭᠡ ᠲᠣᠰᠬᠤᠨ ᠮᠠᠯᠵᠢᠬᠤ | ᠣᠷᠣᠨ ᠤ 400 ᠺᠢᠯᠣᠮᠧᠲᠷ ᠤᠨ ᠵᠠᠰᠠᠮᠠᠯ ᠵᠠᠮ ᠢ ᠰᠢᠨ᠎ᠡ ᠪᠠᠷ ᠪᠤᠶᠤ ᠥᠭᠡᠷᠡᠴᠢᠯᠡᠨ ᠪᠠᠶᠢᠭᠤᠯᠤᠨ᠎ᠠ᠃ 242 ᠤᠯᠤᠰ ᠤᠨ ᠵᠠᠮ ᠤᠨ ᠯᠢᠨ ᠾᠧ ᠶᠢᠨ ᠬᠠᠲᠤᠨ | ᠭᠤᠣᠯ ᠤᠨ ᠲᠣᠮᠣ ᠬᠥᠭᠦᠷᠭᠡ ᠵᠢᠴᠢ ᠦᠷᠭᠦᠯᠵᠢᠯᠡᠯ ᠱᠤᠭᠤᠮ ᠤᠨ ᠢᠨᠵᠧᠨᠧᠷᠢᠩ ᠢ ᠲᠦᠯᠬᠢᠨ ᠠᠬᠢᠭᠤᠯᠵᠤ᠂ 335 ᠤᠯᠤᠰ ᠤᠨ ᠵᠠᠮ ᠤᠨ ᠣᠤᠪᠤᠯᠠᠭ ᠤᠨ | ᠠᠮᠠ ᠠᠴᠠ ᠤᠤ ᠶᠢᠨ ᠭᠤᠣᠯ ᠬᠦᠷᠬᠦ ᠬᠡᠰᠡᠭ᠂ 331 ᠤᠯᠤᠰ ᠤᠨ ᠵᠠᠮ ᠤᠨ ᠦᠵᠦᠭᠦᠷ ᠠᠴᠠ ᠬᠤᠶᠢᠲᠤ ᠢᠩᠭᠡᠨ ᠬᠦᠷᠬᠦ ᠬᠡᠰᠡᠭ᠂ 110 ᠤᠯᠤᠰ ᠤᠨ ᠵᠠᠮ ᠤᠨ | ᠯᠢᠨ ᠾᠧ ᠠᠴᠠ ᠳ᠋ᠧᠩᠺᠧᠦ ᠬᠦᠷᠬᠦ ᠬᠡᠰᠡᠭ ᠤᠨ ᠬᠤᠣᠰ ᠱᠤᠭᠤᠮ ᠢ ᠳᠠᠩ ᠱᠤᠭᠤᠮ ᠪᠣᠯᠭᠠᠬᠤ᠂ 311 ᠮᠤᠵᠢ ᠶᠢᠨ ᠵᠠᠮ ᠤᠨ ᠵᠢᠶᠠᠨ ᠹᠧᠩ ᠲᠠᠷᠢᠶᠠᠯᠠᠩ ᠤᠨ | ᠲᠠᠯᠠᠪᠠᠢ ᠠᠴᠠ ᠵᠢᠶᠠᠨ ᠱᠧ ᠬᠦᠷᠬᠦ ᠬᠡᠰᠡᠭ᠂ 215 ᠮᠤᠵᠢ ᠶᠢᠨ ᠵᠠᠮ ᠤᠨ ᠣᠤᠪᠤᠯᠠᠭ ᠤᠨ ᠠᠮᠠ ᠠᠴᠠ ᠰᠢᠨ ᠠᠨ ᠪᠠᠯᠭᠠᠰᠤ ᠬᠦᠷᠬᠦ᠂ 212 ᠮᠤᠵᠢ ᠶᠢᠨ ᠵᠠᠮ ᠤᠨ | ᠭᠠᠭᠴᠠᠮᠣᠳᠣ ᠠᠴᠠ ᠬᠠᠯᠢᠭᠤᠲᠤ ᠬᠦᠷᠬᠦ ᠨᠢᠭᠡᠳᠥᠭᠡᠷ ᠳᠡᠰ ᠤᠨ ᠵᠠᠰᠠᠮᠠᠯ ᠵᠠᠮ᠂ ᠣᠯᠣᠰᠣᠲᠤ ᠶᠢᠨ ᠨᠠᠭᠤᠷ ᠤᠨ ᠵᠤᠭᠠᠴᠠᠯ ᠤᠨ ᠵᠠᠰᠠᠮᠠᠯ ᠵᠠᠮ᠂ ᠤᠯᠠᠭᠠᠨᠰᠤᠬᠠᠢ ᠨᠠᠭᠤᠷ ᠢ | ᠲᠣᠭᠤᠷᠢᠭᠰᠠᠨ ᠵᠠᠰᠠᠮᠠᠯ ᠵᠠᠮ᠂ ᠪᠣᠷᠣᠲᠣᠬᠤᠢ ᠰᠣᠶᠣᠯ ᠤᠨ ᠵᠤᠭᠠᠴᠠᠯ ᠤᠨ ᠵᠠᠰᠠᠮᠠᠯ ᠵᠠᠮ᠂ ᠶᠡᠷᠦᠩᠬᠡᠢ ᠤᠰᠤ ᠲᠠᠲᠠᠷᠠᠭᠤᠯᠬᠤ ᠰᠤᠪᠠᠭ ᠤᠨ ᠳᠠᠯᠠᠩ ᠤᠨ ᠵᠠᠰᠠᠮᠠᠯ ᠵᠠᠮ | ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠠᠭᠠᠷ ᠤᠨ ᠠᠶᠠᠯᠠᠯ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢᠨ | ᠲᠠᠯ᠎ᠠ ᠪᠠᠷ᠂ ᠤᠷᠠᠳ ᠤᠨ ᠡᠮᠦᠨᠡᠲᠦ ᠬᠤᠰᠢᠭᠤ᠂ ᠤᠷᠠᠳ ᠤᠨ ᠬᠤᠶᠢᠲᠤ ᠬᠤᠰᠢᠭᠤ᠂ ᠳ᠋ᠧᠩᠺᠧᠦ ᠰᠢᠶᠠᠨ ᠤ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ | ᠪᠦᠲᠦᠭᠡᠨ ᠪᠠᠶᠢᠭᠤᠯᠤᠯᠲᠠ ᠶᠢᠨ ᠡᠮᠦᠨ᠎ᠡ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠡᠷᠲᠡᠬᠡᠨ ᠬᠡᠷᠡᠭᠵᠢᠭᠦᠯᠬᠦ ᠪᠠᠷ ᠴᠢᠷᠮᠠᠶᠢᠨ᠎ᠠ᠃ ᠬᠤᠲᠠ ᠶᠢᠨ ᠶᠠᠪᠤᠳᠠᠯ ᠤᠨ | ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠤᠲᠠ ᠶᠢᠨ ᠨᠡᠪᠲᠡᠷᠡᠬᠦ ᠵᠠᠮ᠂ ᠤᠰᠤᠨ ᠤ ᠬᠠᠩᠭᠠᠯᠭ᠎ᠠ᠂ ᠤᠰᠤ ᠵᠠᠯᠠᠬᠤ᠂ ᠢᠯᠴᠢ ᠬᠠᠩᠭᠠᠬᠤ᠂ | ᠰᠢᠲᠠᠮᠠᠬᠠᠢ ᠬᠡᠢ ᠬᠠᠩᠭᠠᠬᠤ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠬᠤᠭᠤᠯᠠᠢ ᠶᠢᠨ ᠲᠣᠣᠷ ᠢ | 317.6 ᠺᠢᠯᠣᠮᠧᠲᠷ ᠰᠢᠨ᠎ᠡ ᠪᠠᠷ ᠪᠤᠶᠤ ᠥᠭᠡᠷᠡᠴᠢᠯᠡᠨ ᠪᠠᠶᠢᠭᠤᠯᠵᠤ᠂ ᠲᠥᠪᠯᠡᠷᠡᠭᠦᠯᠦᠨ ᠢᠯᠴᠢ ᠬᠠᠩᠭᠠᠬᠤ ᠲᠠᠯᠠᠪᠠᠢ ᠶᠢ ᠰᠢᠨ᠎ᠡ ᠪᠠᠷ 475 ᠲᠦᠮᠡᠨ ᠲᠡᠭᠰᠢ | ᠳᠥᠷᠪᠡᠯᠵᠢᠨ ᠮᠧᠲᠷ ᠨᠡᠮᠡᠭᠳᠡᠭᠦᠯᠵᠦ᠂ ᠰᠢᠲᠠᠮᠠᠬᠠᠢ ᠬᠡᠢ ᠶᠢ 6360 ᠡᠷᠦᠬᠡ ᠳᠤ ᠣᠷᠣᠭᠤᠯᠵᠤ᠂ ᠡᠷᠦᠬᠡ ᠳᠤ ᠣᠷᠣᠭᠤᠯᠤᠭᠰᠠᠨ ᠨᠣᠷᠮ᠎ᠠ ᠶᠢ 3 ᠵᠠᠭᠤᠨ ᠤ ᠬᠤᠪᠢᠳᠠᠯ | ᠳᠡᠭᠡᠭᠰᠢᠯᠡᠭᠦᠯᠦᠨ᠎ᠡ᠃ ᠤᠰᠤᠨ ᠠᠰᠢᠭᠯᠠᠯᠲᠠ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠣᠷᠣᠨ ᠪᠦᠰᠡ ᠠᠯᠤᠰᠯᠠᠨ ᠤᠰᠤᠨ ᠤ ᠡᠷᠬᠡ ᠶᠢ | ᠰᠢᠯᠵᠢᠭᠦᠯᠬᠦ ᠲᠤᠷᠰᠢᠯᠲᠠ ᠶᠢᠨ ᠴᠡᠭ ᠤᠨ ᠢᠨᠵᠧᠨᠧᠷᠢᠩ᠂ ᠬᠠᠲᠤᠨ ᠭᠤᠣᠯ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ᠂ | ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ᠂ ᠤᠰᠤ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠵᠡᠷᠭᠡ ᠲᠥᠷᠥᠯ ᠵᠦᠢᠯ ᠢ | ᠬᠡᠷᠡᠭᠵᠢᠭᠦᠯᠵᠦ᠂ ᠳᠣᠲᠣᠭᠰᠢ ᠭᠠᠳᠠᠭᠰᠢ ᠨᠡᠪᠲᠡᠷᠡᠭᠰᠡᠨ᠂ ᠭᠤᠣᠯ ᠮᠥᠷᠡᠨ ᠨᠠᠭᠤᠷ ᠴᠥᠭᠦᠷᠥᠮ ᠬᠤᠯᠪᠣᠯᠳᠤᠭᠰᠠᠨ ᠬᠤᠲᠠ ᠬᠥᠳᠡᠭᠡ ᠶᠢᠨ ᠤᠰᠤᠨ ᠤ ᠲᠣᠣᠷ ᠢ | ᠴᠣᠭᠴᠠᠯᠠᠨ᠎ᠠ᠃ ᠡᠨᠧᠷᠭᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠴᠠᠬᠢᠯᠭᠠᠨ ᠲᠣᠣᠷ᠂ ᠰᠢᠲᠠᠮᠠᠬᠠᠢ ᠬᠡᠢ ᠬᠦᠷᠭᠡᠬᠦ ᠬᠤᠭᠤᠯᠠᠢ᠂ ᠨᠡᠭᠦᠷᠡᠰᠦ | ᠲᠡᠭᠡᠭᠡᠪᠦᠷᠢᠯᠡᠬᠦ ᠨᠡᠪᠲᠡᠷᠡᠬᠦ ᠵᠠᠮ ᠵᠡᠷᠭᠡ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ 32 ᠲᠥᠷᠥᠯ ᠤᠨ ᠴᠠᠬᠢᠯᠭᠠᠨ ᠬᠦᠷᠭᠡᠵᠦ | ᠬᠦᠴᠦᠳᠡᠯ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠴᠢᠮᠡᠭᠡ ᠨᠡᠪᠲᠡᠷᠡᠯᠭᠡ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠥᠷᠭᠡᠨ | ᠰᠦᠯᠵᠢᠶᠡᠲᠦ ᠪᠠᠶᠠᠨᠨᠠᠭᠤᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠯᠤᠰ ᠤᠨ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡᠨ ᠤ ᠲᠤᠷᠰᠢᠯᠲᠠ ᠶᠢᠨ | ᠴᠡᠭ ᠢ ᠬᠡᠷᠡᠭᠵᠢᠭᠦᠯᠵᠦ᠂ 627 ᠠᠲᠠᠷ ᠬᠠᠭᠠᠯᠪᠤᠷᠢᠯᠠᠯᠲᠠ ᠶᠢᠨ ᠲᠠᠷᠢᠶᠠᠯᠠᠩ ᠮᠠᠯᠵᠢᠯ ᠤᠨ ᠲᠠᠯᠠᠪᠠᠢ ᠪᠠ ᠬᠡᠰᠡᠭ ᠵᠠᠰᠠᠭ ᠵᠠᠬᠢᠷᠭᠠᠨ ᠤ ᠲᠣᠰᠬᠤᠨ᠂ ᠪᠠᠶᠢᠭᠠᠯᠢ ᠶᠢᠨ | ᠲᠣᠰᠬᠤᠨ ᠤ ᠥᠷᠭᠡᠨ ᠰᠦᠯᠵᠢᠶ᠎ᠡ ᠶᠢᠨ ᠳᠡᠰ ᠳᠡᠪᠰᠢᠭᠦᠯᠬᠦ ᠥᠭᠡᠷᠡᠴᠢᠯᠡᠯᠲᠡ ᠶᠢ ᠪᠡᠶᠡᠯᠡᠭᠦᠯᠦᠨ᠎ᠡ᠃ | ︽ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠨ︾ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠤᠰ ᠤᠨ ᠪᠠ ᠥᠪᠡᠷᠲᠡᠭᠡᠨ ᠵᠠᠰᠠᠬᠤ | ᠣᠷᠣᠨ ᠤ ᠪᠡᠯᠡ ᠣᠷᠣᠭᠤᠯᠤᠯᠲᠠ ᠶᠢ ᠣᠯᠠᠨ ᠲᠠᠯ᠎ᠠ ᠠᠴᠠ ᠲᠡᠮᠡᠴᠡᠨ ᠣᠯᠵᠤ᠂ ᠠᠷᠠᠳ ᠤᠨ ᠪᠡᠯᠡ ᠣᠷᠣᠭᠤᠯᠤᠯᠲᠠ ᠶᠢ ᠭᠦᠢᠴᠡᠳ ᠠᠮᠢᠳᠤᠯᠢᠭᠵᠢᠭᠤᠯᠵᠤ᠂ ᠠᠵᠤ | ᠠᠬᠤᠢ ᠶᠢᠨ ᠬᠥᠭᠵᠢᠯᠲᠡ ᠶᠢ ᠲᠤᠯᠭᠠᠭᠤᠷᠢᠯᠠᠨ ᠪᠠᠲᠤᠯᠠᠨ᠎ᠠ᠃ ︽ᠡᠨᠡ ᠵᠢᠯ ᠤᠨ ᠠᠵᠢᠯ ᠢᠶᠠᠨ ᠬᠢᠵᠦ᠂ ᠳᠠᠷᠠᠭ᠎ᠠ ᠵᠢᠯ ᠤᠨ ᠠᠵᠢᠯ ᠢᠶᠠᠨ ᠪᠣᠳᠣᠯᠬᠢᠯᠠᠵᠤ᠂ ᠴᠠᠭᠠᠳᠤ | ᠵᠢᠯ ᠤᠨ ᠠᠵᠢᠯ ᠢᠶᠠᠨ ᠪᠡᠯᠡᠳᠬᠡᠬᠦ︾ ᠠᠵᠢᠯ ᠤᠨ ᠰᠡᠳᠬᠢᠴᠡ ᠶᠣᠰᠣᠭᠠᠷ᠂ ᠲᠥᠷᠥᠯ ᠵᠦᠢᠯ ᠤᠨ ᠡᠮᠦᠨ᠎ᠡ ᠬᠤᠭᠤᠴᠠᠭᠠᠨ ᠤ ᠠᠵᠢᠯ ᠢ ᠪᠣᠳᠠᠲᠠᠢ ᠰᠠᠶᠢᠲᠤᠷ ᠬᠢᠵᠦ᠂ | ᠴᠢᠬᠤᠯᠠ ᠶᠡᠭᠡ ᠲᠥᠷᠥᠯ ᠵᠦᠢᠯ ᠤᠨ ᠭᠤᠷᠪᠠᠨ ᠵᠢᠯ ᠤᠨ ᠥᠩᠬᠦᠷᠢᠯᠲᠡ ᠶᠢᠨ ᠲᠥᠯᠥᠪᠯᠡᠭᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠢᠭᠡ ᠪᠦᠯᠦᠭ ᠴᠢᠬᠤᠯᠠ ᠶᠡᠭᠡ | ᠲᠥᠷᠥᠯ ᠵᠦᠢᠯ ᠢ ᠰᠦᠪᠡᠭᠴᠢᠯᠡᠨ ᠨᠥᠭᠡᠴᠡᠯᠡᠵᠦ ᠪᠦᠲᠦᠭᠡᠨ ᠪᠠᠶᠢᠭᠤᠯᠤᠨ᠎ᠠ᠃ ᠬᠠᠪᠤᠷ ᠤᠨ ᠤᠯᠠᠷᠢᠯ ᠪᠡ ᠨᠠᠮᠤᠷ ᠤᠨ ᠤᠯᠠᠷᠢᠯ ᠤᠨ ᠴᠢᠬᠤᠯᠨ ᠶᠡᠭᠡ ᠲᠦᠷᠤᠯ ᠵᠦᠢᠯ ᠢ | ᠨᠠᠷᠢᠨ ᠬᠢᠨᠠᠮᠠᠭᠠᠢ ᠵᠤᠬᠢᠶᠡᠨ ᠪᠠᠶᠢᠭᠤᠯᠵᠦ᠂ ᠴᠢᠬᠤᠯᠨ ᠶᠡᠭᠡ ᠢᠨᠵᠧᠨᠧᠷᠢᠩ ᠢ ᠲᠦᠪᠯᠡᠷᠡᠬᠦᠯᠤᠨ ᠠᠵᠢᠯ ᠢᠶᠠᠨ ᠡᠬᠢᠯᠡᠬᠦᠯᠬᠦ ᠶᠢ ᠲᠦᠯᠬᠢᠨ ᠠᠬᠢᠭᠤᠯᠤᠨ᠎ᠠ᠃ | ᠠᠷᠠᠯᠵᠢᠶᠠᠴᠢᠨ ᠤᠷᠢᠵᠤ ᠪᠡᠯᠡ ᠲᠠᠲᠠᠨ ᠣᠷᠣᠭᠤᠯᠬᠤ ᠶᠢ ᠬᠦᠴᠦᠲᠡᠢ ᠥᠷᠨᠢᠭᠦᠯᠵᠦ᠂ ︽ᠳᠥᠷᠪᠡᠨ ᠮᠢᠩᠭ᠎ᠠ︾ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠤ | ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠪᠠ ᠴᠢᠨᠠᠷᠯᠢᠭ ᠪᠥᠭᠡᠳ ᠦᠷ᠎ᠡ ᠠᠰᠢᠭ ᠲᠠᠢ ᠪᠠᠶᠢᠬᠤ ᠶᠢ ᠦᠨᠡᠨ ᠬᠦ ᠪᠠᠲᠤᠯᠠᠭᠰᠠᠨ ᠤᠷᠢᠲᠠᠯ ᠨᠥᠬᠦᠴᠡᠯ | ᠳᠣᠣᠷ᠎ᠠ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠢ ᠵᠡᠷᠭᠡᠪᠡᠷ ᠠᠳᠬᠤᠵᠤ᠂ ᠶᠡᠭᠡ ᠳᠤᠮᠳᠠ ᠪᠠᠭ᠎ᠠ ᠲᠥᠷᠥᠯ ᠵᠦᠢᠯ ᠢ ᠪᠦᠷ ᠠᠳᠬᠤᠵᠤ᠂ ᠲᠥᠪ ᠤᠨ ᠪᠠ | ᠣᠷᠣᠨ ᠨᠤᠲᠤᠭ ᠤᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠠᠷᠡᠤᠨ ᠠᠴᠠ ᠡᠷᠬᠢᠯᠡᠭᠰᠡᠨ ᠠᠵᠤ ᠠᠬᠤᠶᠢᠯᠠᠯ ᠢ ᠪᠦᠷ ᠤᠷᠢᠨ | ᠣᠷᠣᠭᠤᠯᠵᠤ᠂ ᠠᠷᠠᠯᠵᠢᠶᠠᠴᠢᠨ ᠤᠷᠢᠵᠤ ᠪᠡᠯᠡ ᠲᠠᠲᠠᠨ ᠣᠷᠣᠭᠤᠯᠬᠤ ᠲᠥᠷᠥᠯ ᠵᠦᠢᠯ ᠢ ᠶᠡᠭᠡ ᠪᠠᠷ ᠣᠷᠣᠭᠤᠯᠵᠤ᠂ ᠶᠡᠷᠦᠩᠬᠡᠢ ᠬᠡᠮᠵᠢᠶ᠎ᠡ ᠶᠢᠨ ᠶᠡᠭᠡ ᠰᠢᠪᠲᠤᠯᠤᠯᠲᠠ | ᠭᠠᠷᠭᠠᠬᠤ ᠶᠢ ᠪᠡᠶᠡᠯᠡᠭᠦᠯᠦᠨ᠎ᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠣᠬᠢᠴᠠᠭᠤᠯᠭ᠎ᠠ ᠶᠢ ᠴᠢᠩᠭᠠᠳᠬᠠᠵᠤ᠂ ᠴᠢᠬᠤᠯᠠ ᠶᠡᠭᠡ ᠲᠥᠷᠥᠯ ᠵᠦᠢᠯ ᠢ | ᠲᠤᠰᠬᠠᠢ ᠲᠥᠷᠥᠯ ᠢᠶᠠᠷ ᠲᠦᠯᠬᠢᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠰᠢᠯᠭᠠᠨ ᠪᠠᠶᠢᠴᠠᠭᠠᠬᠤ ᠬᠦᠴᠦᠯᠡᠴᠡ ᠶᠢ ᠶᠡᠬᠡᠰᠬᠡᠵᠦ᠂ ᠪᠡᠯᠡ ᠣᠷᠣᠭᠤᠯᠤᠯᠲᠠ ᠶᠢᠨ | ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ ᠶᠢ ᠦᠨᠡᠨ ᠬᠦ ᠪᠠᠲᠤᠯᠠᠨ᠎ᠠ᠃ | ᠡᠵᠡᠩᠨᠡᠯᠲᠡ ᠠᠷᠠᠯᠵᠢᠶᠠᠨ ᠤ ᠣᠷᠴᠢᠨ ᠢ ᠰᠢᠯᠢᠳᠡᠭᠵᠢᠭᠦᠯᠵᠦ᠂ ᠢᠲᠡᠭᠡᠮᠵᠢ ᠲᠠᠢ ᠳᠦᠷᠢᠮᠵᠢᠭᠰᠡᠨ᠂ ᠬᠠᠷᠢᠯᠴᠠᠨ ᠠᠰᠢᠭᠲᠠᠢ ᠬᠠᠮᠲᠤᠪᠠᠷ ᠣᠯᠣᠭᠰᠠᠨ᠂ | ᠳᠣᠲᠣᠨᠣᠰᠤᠭ ᠪᠠᠭᠲᠠᠭᠠᠮᠵᠢᠲᠠᠢ᠂ ᠡᠷᠬᠡ ᠲᠡᠭᠰᠢ ᠲᠥᠪ ᠭᠤᠣᠯᠴᠢ ᠪᠡᠯᠡ ᠣᠷᠣᠭᠤᠯᠤᠯᠲᠠ ᠶᠢᠨ ᠣᠷᠴᠢᠨ ᠢ ᠡᠭᠦᠳᠥᠨ ᠪᠠᠶᠢᠭᠤᠯᠵᠤ᠂ ︽ᠳᠣᠲᠣᠨᠣᠰᠤᠭ︾᠂ ︽ | ᠴᠢᠭᠴᠢ︾ ᠵᠠᠰᠠᠭ ᠠᠷᠠᠯᠵᠢᠶᠠᠴᠢᠨ ᠤ ᠬᠠᠷᠢᠴᠠᠭ᠎ᠠ ᠶᠢ ᠬᠦᠴᠦᠯᠡᠨ ᠴᠣᠭᠴᠠᠯᠠᠵᠤ᠂ ᠠᠵᠤ ᠠᠬᠤᠶᠢᠯᠠᠯᠲᠠᠨ ᠢ ᠬᠦᠨᠳᠥᠳᠬᠡᠨ ᠬᠠᠯᠠᠮᠵᠢᠯᠠᠭᠰᠠᠨ ᠨᠡᠶᠢᠭᠡᠮ ᠤᠨ ᠣᠷᠴᠢᠨ | ᠪᠠᠶᠢᠳᠠᠯ ᠢ ᠪᠤᠢ ᠪᠣᠯᠭᠠᠨ᠎ᠠ᠃ ᠨᠡᠶᠢᠲᠡ ᠶᠢᠨ ᠪᠤᠰᠤ ᠥᠮᠴᠢᠯᠡᠯᠲᠦ ᠠᠵᠤ ᠠᠬᠤᠢ ᠶᠢ ᠬᠦᠴᠦᠲᠡᠢ ᠬᠥᠭᠵᠢᠭᠦᠯᠵᠦ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠪᠠ | ᠳᠠᠷᠬᠠᠴᠤᠤᠯ ᠤᠨ ᠵᠣᠷᠢᠭ ᠰᠠᠨᠠᠭ᠎ᠠ ᠶᠢ ᠭᠦᠢᠴᠡᠳ ᠤᠷᠮᠠᠰᠢᠭᠤᠯᠵᠤ᠂ ᠤᠷᠤᠨ ᠨᠤᠲᠤᠭ ᠤᠨ ᠠᠵᠤ ᠠᠬᠤᠶᠢᠯᠠᠯ ᠤᠨ ᠬᠦᠴᠦᠷᠬᠡᠭᠵᠢᠨ ᠪᠤᠵᠠᠭᠠᠶᠢᠷᠠᠬᠤ ᠶᠢ ᠳᠡᠮᠵᠢᠵᠦ᠂ | ︽ᠵᠠᠭᠤᠨ ᠣᠨ ᠤ ᠬᠠᠭᠤᠴᠢᠨ ᠳᠡᠯᠭᠡᠭᠦᠷ︾ ᠢ ᠬᠥᠮᠥᠵᠢᠭᠦᠯᠵᠦ᠂ ᠭᠠᠳᠠᠷ ᠣᠷᠣᠨ ᠳᠠᠬᠢ ᠪᠠᠶᠠᠨᠨᠠᠭᠤᠷ ᠤᠨ ᠠᠵᠤ ᠠᠬᠤᠶᠢᠯᠠᠯᠲᠠᠨ ᠤ ᠨᠤᠲᠤᠭ ᠲᠠᠭᠠᠨ ᠪᠤᠴᠠᠵᠤ | ᠦᠢᠯᠡᠰ ᠪᠣᠰᠬᠠᠬᠤ ᠶᠢ ᠵᠣᠷᠢᠭᠵᠢᠭᠤᠯᠤᠨ᠎ᠠ᠃ | ︵ᠬᠤᠶᠠᠷ︶ ᠲᠠᠷᠢᠶᠠᠯᠠᠩ ᠮᠠᠯ ᠠᠵᠤ ᠠᠬᠤᠢ ᠪᠠᠷ ᠰᠠᠭᠤᠷᠢ ᠪᠠᠨ ᠪᠠᠬᠢᠵᠢᠭᠦᠯᠬᠦ ᠶᠢ ᠪᠠᠷᠢᠮᠲᠠᠯᠠᠵᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ | ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠎ᠠ ᠲᠠᠷᠢᠶᠠᠯᠠᠩ ᠮᠠᠯ ᠠᠵᠤ ᠠᠬᠤᠢ ᠪᠣᠯ ᠪᠠᠶᠠᠨᠨᠠᠭᠤᠷ ᠤᠨ ᠠᠵᠤ ᠲᠥᠷᠥᠵᠦ ᠣᠷᠣᠰᠢᠨ ᠲᠣᠭᠲᠠᠨᠢᠬᠤ | ᠰᠠᠭᠤᠷᠢ ᠮᠥᠨ᠂ ᠵᠠᠪᠠᠯ ᠴᠢᠩᠭ᠎ᠠ ᠠᠳᠬᠤᠵᠤ᠂ ᠨᠠᠷᠢᠯᠢᠭ ᠭᠦᠨᠵᠡᠭᠡᠢ ᠲᠡᠶᠢᠰᠢ ᠬᠥᠭᠵᠢᠭᠦᠯᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ | ᠪᠣᠬᠢᠷᠲᠤᠯ ᠦᠭᠡᠢ᠂ ᠠᠮᠢ ᠠᠬᠤᠢ ᠶᠢᠨ᠂ ᠤᠰᠤ ᠠᠷᠪᠢᠯᠠᠭᠰᠠᠨ᠂ ᠥᠨᠳᠥᠷ ᠦᠷ᠎ᠡ ᠠᠰᠢᠭᠲᠤ ᠲᠠᠷᠢᠶᠠᠯᠠᠩ ᠮᠠᠯ ᠠᠵᠤ ᠠᠬᠤᠢ ᠶᠢ ᠬᠦᠴᠦᠲᠡᠢ ᠬᠥᠭᠵᠢᠭᠦᠯᠵᠦ᠂ | ᠪᠦᠲᠦᠴᠡ ᠵᠣᠬᠢᠰᠲᠠᠢ᠂ ᠪᠠᠲᠤᠯᠠᠭ᠎ᠠ ᠬᠦᠴᠦᠲᠡᠢ᠂ ᠦᠷᠭᠦᠯᠵᠢᠯᠡᠨ ᠬᠥᠭᠵᠢᠭᠰᠡᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠦᠲᠦᠮᠵᠢᠲᠡᠢ | ᠬᠠᠩᠭᠠᠯᠭ᠎ᠠ ᠶᠢ ᠲᠦᠷᠭᠡᠳᠬᠡᠨ ᠪᠦᠷᠢᠯᠳᠥᠭᠦᠯᠵᠦ᠂ ᠪᠦᠬᠦ ᠣᠷᠣᠨ ᠤ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ | ᠦᠢᠯᠡᠳᠪᠦᠷᠢᠯᠡᠨ ᠡᠳ᠋ᠰᠢᠭᠦᠯᠬᠦ ᠰᠠᠭᠤᠷᠢᠨ ᠭᠠᠵᠠᠷ ᠤᠨ ᠲᠦᠷᠦᠭᠦᠴᠢ ᠪᠤᠯᠬᠤ ᠪᠠᠷ ᠴᠢᠷᠮᠠᠶᠢᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠦᠨ᠎ᠡ᠃ | ᠲᠠᠷᠢᠮᠠᠯ ᠤᠨ ᠶᠡᠷᠦᠩᠬᠡᠢ ᠲᠠᠯᠠᠪᠠᠢ ᠶᠢ 1000 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠲᠠᠢ | ᠪᠠᠶᠢᠯᠭᠠᠨ᠎ᠠ᠃ ᠥᠨᠳᠥᠷ ᠦᠷ᠎ᠡ ᠠᠰᠢᠭᠲᠤ ᠣᠨᠴᠠᠯᠢᠭᠲᠤ ᠲᠠᠷᠢᠮᠠᠯ ᠤᠨ ᠦᠢᠯᠡᠰ ᠢ ᠬᠦᠴᠦᠲᠡᠢ ᠬᠥᠭᠵᠢᠭᠦᠯᠵᠦ᠂ ᠨᠣᠭᠤᠭᠠᠨ ᠢᠶᠠᠷ ᠳᠠᠷᠤᠰᠢᠭᠤᠯᠬᠤ ᠪᠠ ᠰᠢᠯᠢᠳᠡᠭ | ᠴᠢᠨᠠᠷ ᠤᠨ ᠲᠡᠵᠢᠭᠡᠯ ᠡᠪᠡᠰᠦ ᠶᠢ ᠲᠠᠷᠢᠬᠤ ᠲᠠᠯᠠᠪᠠᠢ ᠶᠢ ᠥᠷᠭᠡᠳᠬᠡᠵᠦ᠂ ᠲᠥᠬᠦᠭᠡᠷᠦᠮᠵᠢᠲᠦ ᠲᠠᠷᠢᠶᠠᠯᠠᠩ ᠢ ᠰᠢᠨ᠎ᠡ ᠪᠠᠷ 2.5 ᠲᠦᠮᠡᠨ ᠮᠦ ᠨᠡᠮᠡᠭᠳᠡᠭᠦᠯᠵᠦ᠂ ᠯᠢᠨ | ᠾᠧ ᠶᠢᠨ ᠤᠯᠠᠭᠠᠨᠲᠤᠭ᠂ ᠦᠶᠤᠸᠠᠨ ᠰᠢᠶᠠᠨ ᠤ ᠪᠠ ᠯᠢ ᠴᠢᠶᠣᠣ ᠵᠡᠷᠭᠡ ᠲᠦᠮᠡᠨ ᠮᠦ ᠠᠴᠠ ᠳᠡᠭᠡᠭᠰᠢᠬᠢ ᠲᠥᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ | ᠲᠣᠭᠤᠷᠢᠭ ᠢ 2 ᠪᠠᠶᠢᠭᠤᠯᠤᠨ᠎ᠠ᠃ ᠰᠢᠯᠢᠳᠡᠭ ᠴᠢᠨᠠᠷ ᠤᠨ ᠪᠤᠭᠤᠳᠠᠢ ᠲᠠᠷᠢᠬᠤ ᠲᠠᠯᠠᠪᠠᠢ ᠶᠢ 150 ᠲᠦᠮᠡᠨ ᠮᠦ ᠠᠴᠠ ᠳᠡᠭᠡᠭᠰᠢ ᠳᠤ ᠬᠦᠷᠭᠡᠨ᠎ᠡ᠃ | ᠲᠣᠯᠣᠭᠠᠶᠢᠯᠠᠬᠤ ᠠᠵᠤ ᠠᠬᠤᠶᠢᠯᠠᠯ ᠢ ᠲᠠᠲᠠᠨ ᠣᠷᠣᠭᠤᠯᠬᠤ ᠪᠠᠷ ᠳᠠᠮᠵᠢᠨ᠂ ᠮᠠᠯ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠵᠦ᠂ ᠬᠤᠨᠢ ᠶᠢᠨ | ᠲᠤᠭ᠎ᠠ ᠶᠢ ᠲᠣᠭᠲᠠᠪᠤᠷᠢᠵᠢᠭᠤᠯᠤᠨ ᠦᠬᠡᠷ ᠤᠨ ᠲᠤᠭ᠎ᠠ ᠶᠢ ᠨᠡᠮᠡᠭᠳᠡᠭᠦᠯᠵᠦ᠂ ᠭᠠᠭ᠋ᠠᠢ ᠵᠢᠭᠦᠷᠲᠡᠨ ᠤ ᠲᠡᠵᠢᠭᠡᠬᠦ ᠬᠡᠪᠴᠢᠶ᠎ᠡ ᠶᠢ ᠥᠷᠭᠡᠳᠬᠡᠵᠦ᠂ ᠠᠯᠠᠰᠢᠨ ᠡᠯᠵᠢᠭᠡ ᠪᠠ | ᠤᠰᠤᠨ ᠭᠠᠷᠤᠯᠲᠠ ᠵᠡᠷᠭᠡ ᠣᠨᠴᠠᠯᠢᠭᠲᠤ ᠲᠡᠵᠢᠭᠡᠨ ᠦᠷᠡᠵᠢᠭᠦᠯᠬᠦ ᠦᠢᠯᠡᠰ ᠢ ᠵᠣᠬᠢᠰᠲᠠᠢ ᠬᠥᠭᠵᠢᠭᠦᠯᠵᠦ᠂ ᠠᠯᠠᠰᠢᠨ ᠬᠤᠨᠢᠨ ᠤ ᠲᠡᠵᠢᠭᠡᠪᠦᠷᠢ ᠶᠢᠨ ᠬᠡᠮᠵᠢᠶ᠎ᠡ ᠶᠢ | 2400 ᠲᠦᠮᠡ ᠳᠤ ᠬᠦᠷᠭᠡᠨ᠎ᠡ᠃ | ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ 480 ᠲᠦᠮᠡᠨ ᠮᠦ ᠬᠤᠵᠢᠷᠰᠢᠭᠰᠠᠨ ᠭᠠᠵᠠᠷ ᠢ ᠥᠭᠡᠷᠡᠴᠢᠯᠡᠨ ᠠᠮᠤ ᠪᠤᠳᠠᠭ᠎ᠠ ᠡᠪᠡᠰᠦᠨ ᠤ ᠭᠠᠷᠤᠯᠲᠠ ᠶᠢ ᠨᠡᠮᠡᠭᠳᠡᠭᠦᠯᠬᠦ | ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ 50 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ 20 ᠲᠦᠮᠡᠨ ᠮᠦ ᠭᠠᠵᠠᠷ ᠢ ᠮᠠᠰᠢᠨ ᠢᠶᠠᠷ ᠭᠦᠨ | ᠤᠷᠪᠠᠭᠤᠯᠤᠨ ᠲᠡᠭᠰᠢᠯᠡᠬᠦ ᠪᠠ ᠭᠠᠵᠠᠷ ᠰᠢᠷᠣᠢ ᠶᠢ ᠴᠡᠭᠴᠡᠯᠡᠨ ᠵᠠᠰᠠᠬᠤ ᠵᠡᠷᠭᠡ ᠲᠥᠷᠥᠯ ᠵᠦᠢᠯ ᠢ ᠪᠡᠶᠡᠯᠡᠭᠦᠯᠦᠨ᠎ᠡ᠃ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ᠂ | ᠬᠤᠯᠪᠣᠭᠠᠯᠠᠨ ᠬᠠᠭᠠᠯᠪᠤᠷᠢᠯᠠᠵᠤ ᠬᠤᠯᠪᠣᠭᠠᠯᠠᠨ ᠲᠠᠷᠢᠬᠤ᠂ ᠬᠤᠪᠢ ᠣᠷᠣᠭᠤᠯᠤᠨ ᠬᠠᠮᠵᠢᠯᠴᠠᠬᠤ ᠵᠡᠷᠭᠡ ᠣᠯᠠᠨ ᠵᠦᠢᠯ ᠤᠨ ᠡᠵᠡᠩᠨᠡᠯᠲᠡ ᠶᠢᠨ ᠵᠠᠭᠪᠤᠷ ᠤᠨ | ᠬᠥᠭᠵᠢᠯᠲᠡ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠮᠠᠰᠢᠨ ᠤ ᠬᠤᠷᠰᠢᠶ᠎ᠠ᠂ ᠮᠠᠯᠴᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢᠨ ᠵᠣᠬᠢᠶᠠᠨ | ᠪᠠᠶᠢᠭᠤᠯᠤᠯᠲᠠ ᠶᠢᠨ ᠦᠢᠯᠡᠳᠥᠯ ᠢ ᠪᠠᠳᠠᠷᠠᠭᠤᠯᠵᠤ᠂ ᠤᠯᠤᠰ ᠤᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠲᠣᠯᠣᠭᠠᠶᠢᠯᠠᠬᠤ ᠬᠥᠮᠥᠰ ᠢ | ᠡᠭᠡᠯᠵᠢᠯᠡᠨ ᠪᠣᠯᠪᠠᠰᠤᠷᠠᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠣᠯᠠᠨ ᠠᠷᠭ᠎ᠠ ᠵᠠᠮ ᠢᠶᠠᠷ ᠬᠡᠪᠴᠢᠶᠡᠵᠢᠭᠦᠯᠦᠨ ᠡᠵᠡᠩᠨᠡᠬᠦ ᠲᠦᠪᠰᠢᠨ ᠢ ᠳᠡᠭᠡᠭᠰᠢᠯᠡᠭᠦᠯᠦᠨ᠎ᠡ᠃ | ᠣᠳᠣ ᠦᠶ᠎ᠡ ᠶᠢᠨ ᠦᠷ᠎ᠡ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠤᠰᠬᠠᠢ ᠬᠡᠷᠡᠭᠯᠡᠭᠡᠨ ᠤ ᠪᠤᠭᠤᠳᠠᠢ᠂ ᠨᠣᠭᠤᠭᠠᠨ ᠢᠶᠠᠷ | ᠳᠠᠷᠤᠰᠢᠭᠤᠯᠬᠤ ᠡᠷᠳᠡᠨᠢ ᠰᠢᠰᠢ᠂ ᠡᠷᠯᠢᠰᠡᠵᠢᠬᠦᠯᠦᠭᠰᠡᠨ ᠨᠠᠷᠠᠨ ᠬᠤᠸᠠᠷ᠂ ᠡᠳ᠋ᠰᠢᠭᠦᠯᠬᠦ ᠢᠳᠡᠰᠢᠨ ᠨᠣᠭᠤᠭ᠎ᠠ ᠶᠢᠨ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠬᠤ | ᠠᠵᠢᠯ ᠢ ᠰᠠᠶᠢᠲᠤᠷ ᠬᠢᠵᠦ᠂ ᠪᠠᠶᠠᠨᠨᠠᠭᠤᠷ ᠤᠨ ᠮᠧᠷᠢᠨᠣᠰ ᠠᠯᠠᠰᠢᠨ ᠬᠤᠨᠢ ᠶᠢᠨ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠬᠤ ᠪᠠ ᠠᠯᠠᠰᠢᠨ ᠦᠬᠡᠷ ᠵᠡᠷᠭᠡ ᠶᠢᠨ | ᠬᠦᠪᠦᠷᠡᠯ ᠢ ᠰᠢᠯᠵᠢᠭᠦᠯᠬᠦ ᠠᠵᠢᠯ ᠢ ᠥᠷᠨᠢᠭᠦᠯᠦᠨ᠎ᠡ᠃ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ ᠵᠡᠷᠭᠡ | ᠨᠡᠶᠢᠭᠡᠮᠴᠢᠯᠡᠭᠰᠡᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠶᠠᠰᠤ ᠴᠢᠨᠠᠷ ᠤᠨ | ᠪᠦᠬᠦ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠬᠢᠨᠠᠨ ᠬᠠᠮᠢᠶᠠᠷᠬᠤ᠂ ᠰᠢᠯᠭᠠᠨ ᠬᠡᠮᠵᠢᠬᠦ᠂ | ᠬᠠᠤᠯᠢ ᠬᠡᠷᠡᠭᠵᠢᠭᠦᠯᠬᠦ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠲᠦᠮᠡᠨ ᠪᠠᠭᠰᠢ ᠶᠢᠨ ᠪᠦᠯᠬᠦᠮ ᠤᠨ ᠪᠣᠯᠪᠠᠰᠤᠷᠠᠯ ᠢ ᠥᠷᠨᠢᠭᠦᠯᠵᠦ᠂ ᠮᠠᠯᠴᠢᠨ | ᠲᠠᠷᠢᠶᠠᠴᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠯ ᠢ 30 ᠲᠦᠮᠡᠨ ᠬᠥᠮᠥᠨ ᠤᠳᠠᠭ᠎ᠠ ᠳᠤ ᠬᠦᠷᠲᠡᠭᠡᠬᠦ ᠶᠢ ᠪᠡᠶᠡᠯᠡᠭᠦᠯᠦᠨ᠎ᠡ᠃ ᠪᠦᠬᠦ ᠬᠤᠲᠠ ᠶᠢᠨ | ᠬᠦᠴᠦᠨ ᠢ ᠳᠠᠶᠢᠴᠢᠯᠠᠨ᠂ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ | ᠨᠡᠷ᠎ᠡ ᠲᠡᠮᠳᠡᠭ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠣᠷᠣᠨ ᠨᠤᠲᠤᠭ ᠤᠨ | ᠣᠨᠴᠠᠯᠢᠭ ᠪᠦᠬᠦᠢ ᠨᠡᠷᠡᠲᠦ ᠲᠠᠸᠠᠷ ᠤᠨ ᠲᠡᠮᠳᠡᠭ ᠪᠠ ᠨᠡᠷ᠎ᠡ ᠲᠡᠮᠳᠡᠭᠲᠦ ᠦᠢᠯᠡᠳᠬᠦᠨ ᠢ ᠠᠭᠤᠳᠠᠯᠤᠨ ᠪᠤᠶᠢᠵᠢᠭᠤᠯᠵᠤ᠂ ᠵᠣᠬᠢᠰᠲᠠᠢ ᠱᠠᠲᠤᠯᠢᠭ ᠬᠡᠯᠪᠡᠷᠢ ᠶᠢᠨ ᠨᠡᠷ᠎ᠡ | ᠲᠡᠮᠳᠡᠭ ᠤᠨ ᠡᠬᠢ ᠪᠠᠶᠠᠯᠢᠭ ᠤᠨ ᠨᠥᠭᠡᠴᠡ ᠬᠥᠮᠥᠷᠭᠡ ᠶᠢ ᠪᠠᠶᠢᠭᠤᠯᠤᠨ᠎ᠠ᠃ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠡᠷ᠎ᠡ | ᠲᠡᠮᠳᠡᠭ ᠤᠨ ᠪᠠᠶᠢᠭᠤᠯᠤᠯᠲᠠ ᠶᠢᠨ ᠬᠦᠴᠦᠯᠡᠴᠡ ᠶᠢ ᠶᠡᠬᠡᠰᠬᠡᠨ᠎ᠡ᠃ ︽ᠪᠣᠷᠣᠲᠣᠬᠤᠢ︾᠂ ︽ᠪᠠᠶᠠᠨᠨᠠᠭᠤᠷ︾ ᠵᠡᠷᠭᠡ ᠣᠷᠣᠨ ᠪᠦᠰᠡ ᠶᠢᠨ ᠨᠡᠷ᠎ᠡ ᠲᠡᠮᠳᠡᠭ ᠤᠨ | ᠲᠣᠭᠤᠷᠢᠨ ᠳᠤ᠂ ︽ᠭᠤᠷᠪᠠᠨ ᠦᠢᠯᠡᠳᠬᠦᠨ ᠨᠢᠭᠡ ᠨᠡᠷ᠎ᠡ ᠲᠡᠮᠳᠡᠭ︾ ᠤᠨ ᠦᠢᠯᠡᠳᠪᠦᠷᠢᠯᠡᠭᠰᠡᠨ ᠭᠠᠵᠠᠷ ᠤᠨ ᠮᠠᠭᠠᠳᠯᠠᠯᠲᠠ ᠪᠠ ᠦᠢᠯᠡᠳᠬᠦᠨ ᠤ ᠭᠡᠷᠡᠴᠢᠯᠡᠯᠲᠡ ᠶᠢ | ᠰᠠᠶᠢᠲᠤᠷ ᠬᠢᠵᠦ᠂ ᠪᠣᠷᠣᠲᠣᠬᠤᠢ ᠶᠢᠨ ᠪᠤᠭᠤᠳᠠᠢ᠂ ᠳ᠋ᠧᠩᠺᠧᠦ ᠰᠢᠶᠠᠨ ᠤ ᠬᠤᠸᠠᠯᠠᠶᠢᠱᠢ᠂ ᠤᠷᠠᠳ ᠬᠠᠷ᠎ᠠ ᠢᠮᠠᠭ᠎ᠠ ᠵᠡᠷᠭᠡ ᠤᠯᠤᠰ ᠤᠨ ᠭᠠᠵᠠᠷ ᠵᠦᠢ ᠶᠢᠨ ᠪᠡᠯᠭᠡ | ᠲᠡᠮᠳᠡᠭᠲᠦ ᠪᠦᠲᠦᠭᠡᠭᠳᠡᠬᠦᠨ ᠢ ᠳᠠᠩᠰᠠᠯᠠᠭᠤᠯᠤᠨ ᠬᠠᠮᠠᠭᠠᠯᠠᠬᠤ ᠪᠠᠷ ᠭᠤᠶᠤᠴᠢᠯᠠᠨ ᠮᠡᠳᠡᠭᠦᠯᠵᠦ᠂ ᠮᠠᠨ ᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ︽ᠠᠯᠲᠠᠨ | ᠢᠯᠡᠷᠬᠡᠶᠢᠯᠡᠯ︾ ᠢ ᠨᠡᠩ ᠭᠢᠯᠠᠰᠤᠮ᠎ᠠ ᠪᠣᠯᠭᠠᠨ᠎ᠠ᠃ | ᠲᠠᠷᠢᠶᠠᠯᠠᠩ ᠮᠠᠯ ᠠᠵᠤ ᠠᠬᠤᠢ ᠪᠠ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠭᠰᠠᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ | ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠶᠢᠨ | ᠬᠠᠮᠠᠭᠠᠯᠠᠯᠲᠠ᠂ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠵᠤᠭᠠᠴᠠᠯ ᠤᠨ ᠦᠵᠡᠮᠵᠢ᠂ ᠰᠡᠯᠡᠭᠦᠴᠡᠯ ᠠᠮᠠᠷᠠᠯᠲᠠ᠂ ᠪᠡᠶ᠎ᠡ ᠰᠤᠪᠢᠯᠠᠯ ᠨᠠᠰᠤᠲᠠᠨ ᠢ ᠠᠰᠠᠷᠠᠬᠤ ᠵᠡᠷᠭᠡ ᠶᠢᠨ | ᠦᠢᠯᠡᠳᠥᠯ ᠢ ᠥᠷᠭᠡᠳᠬᠡᠨ ᠤᠷᠲᠤᠳᠬᠠᠵᠤ᠂ ᠵᠤᠭᠠᠴᠠᠯ ᠤᠨ ᠲᠠᠷᠢᠶᠠᠯᠠᠩ ᠮᠠᠯ ᠠᠵᠤ ᠠᠬᠤᠢ᠂ ᠣᠶᠢᠯᠠᠭᠠᠨ ᠲᠤᠷᠰᠢᠬᠤ ᠲᠠᠷᠢᠶᠠᠯᠠᠩ ᠮᠠᠯ ᠠᠵᠤ ᠠᠬᠤᠢ᠂ ᠮᠡᠷᠭᠡᠵᠢᠯ | ᠲᠦᠭᠡᠮᠡᠯᠵᠢᠭᠦᠯᠬᠦ ᠲᠠᠷᠢᠶᠠᠯᠠᠩ ᠮᠠᠯ ᠠᠵᠤ ᠠᠬᠤᠢ ᠶᠢ ᠬᠦᠴᠦᠲᠡᠢ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶᠡᠨ ᠤ | ᠦᠷ᠎ᠡ ᠠᠰᠢᠭ ᠢ ᠳᠡᠭᠡᠭᠰᠢᠯᠡᠭᠦᠯᠦᠨ᠎ᠡ᠃ | ︵ᠭᠤᠷᠪᠠ︶ ᠠᠵᠤ ᠦᠢᠯᠡᠳᠪᠦᠷᠢ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠤ | ᠳᠤᠮᠳᠠ ᠠᠬᠢᠬᠤ ᠶᠢ ᠲᠦᠯᠬᠢᠨ ᠠᠬᠢᠭᠤᠯᠤᠨ᠎ᠠ ᠳᠠᠪᠠᠭᠤᠯᠢᠭ ᠢᠶᠠᠨ ᠪᠠᠳᠠᠷᠠᠭᠤᠯᠬᠤ ᠪᠠ ᠳᠤᠲᠠᠭᠤᠳᠠᠯ ᠢᠶᠠᠨ ᠨᠥᠬᠦᠬᠦ ᠶᠢ ᠵᠡᠷᠭᠡᠪᠡᠷ ᠬᠢᠬᠦ᠂ ᠨᠥᠭᠡᠴᠡ ᠶᠢ | ᠠᠮᠢᠳᠤᠯᠢᠭᠵᠢᠭᠤᠯᠬᠤ ᠪᠠ ᠨᠡᠮᠡᠭᠳᠡᠯ ᠢ ᠰᠢᠯᠢᠳᠡᠭᠵᠢᠭᠦᠯᠬᠦ ᠶᠢ ᠬᠠᠮᠲᠤ ᠳᠤᠨᠢ ᠠᠳᠬᠤᠬᠤ ᠶᠢ ᠪᠠᠷᠢᠮᠲᠠᠯᠠᠵᠤ᠂ ᠠᠵᠤ ᠦᠢᠯᠡᠰ ᠢ ᠪᠣᠬᠢᠷᠲᠤᠯ ᠦᠬᠡᠶᠢᠵᠢᠯᠳᠠ᠂ ᠥᠨᠳᠥᠷ | ᠳᠡᠰᠵᠢᠯᠲᠡ᠂ ᠣᠶᠤᠨᠵᠢᠯᠲᠠ᠂ ᠣᠯᠠᠨ ᠡᠰᠢᠵᠢᠯᠲᠡ ᠶᠢᠨ ᠴᠢᠭᠯᠡᠯ ᠲᠡᠶᠢᠰᠢ ᠬᠥᠭᠵᠢᠬᠦ ᠶᠢ ᠲᠦᠯᠬᠢᠨ ᠠᠬᠢᠭᠤᠯᠵᠤ᠂ ︽ᠭᠤᠷᠪᠠ ᠶᠢ ᠬᠠᠰᠤᠭᠳᠠᠭᠤᠯᠵᠤ ᠨᠢᠭᠡ ᠶᠢ | ᠪᠠᠭᠤᠷᠠᠭᠤᠯᠤᠨ ᠨᠢᠭᠡ ᠶᠢ ᠨᠥᠬᠦᠬᠦ︾ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠪᠦᠬᠦ ᠵᠢᠯ ᠳᠤ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢ 378 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ ᠢ 146 ᠬᠡᠷᠡᠭᠵᠢᠭᠦᠯᠬᠦ ᠪᠠᠷ ᠴᠢᠷᠮᠠᠶᠢᠨ᠎ᠠ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7.6% ᠨᠡᠮᠡᠭᠳᠡᠭᠦᠯᠦᠨ᠎ᠡ᠃ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠰ ᠳᠡᠪᠰᠢᠭᠦᠯᠬᠦ ᠶᠢ ᠲᠦᠷᠭᠡᠳᠬᠡᠨ᠎ᠡ᠃ | ᠳᠡᠭᠡᠳᠦ ᠰᠢᠨ᠎ᠡ ᠮᠡᠷᠭᠡᠵᠢᠯ ᠪᠠ ᠲᠡᠷᠢᠭᠦᠨ ᠤ ᠭᠡᠷᠡᠭᠯᠡᠭᠡᠨ ᠤ ᠮᠡᠷᠭᠡᠵᠢᠯ ᠢ ᠬᠡᠷᠡᠭᠯᠡᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ | ᠂ ᠠᠭᠤᠷᠬᠠᠢ ᠲᠡᠮᠦᠷᠯᠢᠭ ᠬᠠᠶᠢᠯᠤᠭᠤᠯᠬᠤ᠂ ᠡᠨᠧᠷᠭᠢ ᠴᠠᠬᠢᠯᠭᠠᠨ ᠬᠦᠴᠦᠨ᠂ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠲᠤᠯᠭᠠᠭᠤᠷᠢ ᠠᠵᠤ ᠦᠢᠯᠡᠰ ᠢ | ᠥᠭᠡᠷᠡᠴᠢᠯᠡᠨ ᠳᠡᠰ ᠳᠡᠪᠰᠢᠭᠦᠯᠦᠨ᠎ᠡ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠲᠠᠯ᠎ᠠ ᠪᠠᠷ᠂ ᠷᠦᠨ ᠬᠠᠢ ᠶᠤᠸᠠᠨ ᠤ 8000 | ᠲᠦᠮᠡᠨ ᠠᠯᠠᠰᠢᠨ ᠲᠠᠬᠢᠶ᠎ᠠ ᠡᠳ᠋ᠰᠢᠭᠦᠯᠬᠦ᠂ ᠺᠠᠩ ᠰᠾᠢ ᠲᠧ ᠶᠢᠨ 4500 ᠲᠣᠨ ᠳᠣᠣᠷ᠎ᠠ ᠡᠰᠲ᠋ᠧᠷᠳᠤ ᠵᠢᠮᠢᠰ ᠤᠨ ᠴᠠᠪᠠᠤ᠂ ᠬᠠᠢ ᠴᠧᠩ ᠠᠮᠢᠳᠤ ᠪᠣᠳᠠᠰ ᠤᠨ | ᠭᠡᠳᠡᠰᠦᠨ ᠤ ᠰᠠᠯᠢᠰᠤᠲᠤ ᠪᠦᠷᠬᠦᠪᠴᠢ ᠶᠢᠨ ᠤᠭᠤᠷᠠᠭ ᠪᠠ ᠡᠯᠢᠭᠡᠨ ᠤ ᠡᠳ᠋ ᠤᠨ ᠨᠠᠲᠷᠢ ᠶᠢ ᠢᠯᠭᠠᠷᠠᠭᠤᠯᠤᠨ ᠠᠪᠬᠤ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠲᠦᠯᠬᠢᠨ ᠠᠬᠢᠭᠤᠯᠤᠨ᠎ᠠ᠃ ᠢᠮᠠᠭᠠᠨ ᠤ ᠨᠣᠯᠣᠤᠷ᠂ ᠭᠤᠯᠢᠷ᠂ ᠠᠷᠢᠬᠢ ᠨᠡᠷᠡᠬᠦ᠂ ᠴᠠᠭᠠᠨ ᠢᠳᠡᠭᠡ ᠵᠡᠷᠭᠡ ᠠᠵᠤ ᠠᠬᠤᠶᠢᠯᠠᠯ | ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠳᠡᠮᠵᠢᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠲᠣᠯᠣᠭᠠᠶᠢᠯᠠᠬᠤ ᠠᠵᠤ | ᠠᠬᠤᠶᠢᠯᠠᠯ ᠢ ᠪᠤᠶᠢᠵᠢᠭᠤᠯᠤᠨ ᠪᠤᠵᠠᠭᠠᠢᠢᠷᠠᠭᠤᠯᠦᠨᠡ᠃ ᠳᠤᠮᠳᠠᠳᠤ ᠤᠯᠤᠰ ᠤᠨ ᠠᠮᠤ ᠪᠤᠳᠠᠭᠠᠨ ᠤ ᠪᠦᠯᠦᠭᠯᠡᠯ ᠪᠠ ᠾᠧᠩ ᠹᠧᠩ ᠺᠣᠮᠫᠠᠨᠢ ᠶᠢᠨ ᠬᠠᠮᠵᠢᠯᠴᠠᠭ᠎ᠠ ᠶᠢ | ᠲᠦᠯᠬᠢᠨ ᠠᠬᠢᠭᠤᠯᠤᠨ᠎ᠠ᠃ ᠠᠭᠤᠷᠬᠠᠢ ᠲᠡᠮᠦᠷᠯᠢᠭ ᠬᠠᠶᠢᠯᠤᠭᠤᠯᠬᠤ᠂ ᠴᠠᠬᠢᠯᠭᠠᠨ ᠬᠦᠴᠦᠨ ᠪᠠ ᠬᠢᠮᠢ ᠶᠢᠨ ᠠᠵᠤ ᠦᠢᠯᠡᠳᠪᠦᠷᠢ ᠶᠢᠨ ᠲᠠᠯ᠎ᠠ ᠪᠠᠷ᠂ ᠬᠤᠸᠠ ᠲᠦᠸᠧ | ᠠᠭᠤᠷᠬᠠᠢ ᠶᠢᠨ ᠦᠢᠯᠡᠰ ᠤᠨ ᠡᠨᠧᠷᠭᠢ ᠶᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠵᠦ ᠾᠧ ᠶᠢᠨ 800 ᠲᠦᠮᠡᠨ ᠲᠣᠨ ᠮᠥᠩᠭᠦᠨ ᠤ ᠬᠦᠳᠡᠷ ᠢ ᠮᠠᠯᠲᠠᠵᠤ | ᠰᠣᠩᠭᠤᠬᠤ᠂ ᠬᠠᠢ ᠢᠤᠢ ᠶᠢᠨ ᠬᠦᠬᠦᠷ ᠹᠤᠰᠹᠤᠷ ᠲᠢᠲ᠋ᠡᠨ ᠲᠡᠮᠤᠷ ᠢ ᠡᠷᠬᠢᠯᠳᠡ ᠲᠠᠢ ᠪᠠᠷ ᠠᠰᠢᠬᠯᠠᠵᠦ᠂ ᠴᠢᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ 12 | ᠲᠣᠨ ᠵᠠᠳᠠᠷᠠᠮᠠᠯ ᠭᠠᠵᠠᠷ ᠤᠨ ᠪᠦᠷᠬᠦᠪᠴᠢ ᠵᠡᠷᠭᠡ ᠶᠢᠨ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ 20 ᠲᠦᠮᠡᠨ ᠲᠣᠨ ᠵᠡᠰ ᠬᠠᠶᠢᠯᠤᠭᠤᠯᠬᠤ᠂ ᠱᠧᠨ | ᠬᠤᠸᠠ ᠪᠦᠯᠦᠭᠯᠡᠯ ᠤᠨ ᠨᠢᠭᠡᠳᠥᠭᠡᠷ ᠬᠤᠭᠤᠴᠠᠭᠠᠨ ᠤ ᠨᠥᠬᠦᠵᠦ ᠲᠡᠭᠰᠢᠯᠡᠬᠦ ᠵᠡᠷᠭᠡ ᠲᠥᠷᠥᠯ ᠵᠦᠢᠯ ᠤᠨ ᠠᠬᠢᠴᠠ ᠶᠢ ᠲᠦᠷᠭᠡᠳᠬᠡᠨ ᠲᠦᠯᠬᠢᠨ ᠠᠬᠢᠭᠤᠯᠵᠤ᠂ | ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠥᠩᠭᠡᠲᠦ ᠲᠡᠮᠦᠷᠯᠢᠭ ᠪᠠ ᠬᠠᠷ᠎ᠠ ᠲᠡᠮᠦᠷᠯᠢᠭ ᠪᠣᠯᠪᠠᠰᠤᠷᠠᠭᠤᠯᠬᠤ ᠵᠡᠷᠭᠡ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠵᠤ᠂ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ | ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠯᠤᠭ᠎ᠠ ᠶᠢᠨ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ 10 ᠲᠦᠮᠡᠨ ᠲᠣᠨ ᠮᠧᠲ᠋ᠢᠯ ᠠᠯᠺᠣᠣᠯ ᠢᠶᠠᠷ | ᠨᠡᠶᠢᠯᠡᠯᠭᠡᠵᠢᠭᠦᠯᠦᠭᠰᠡᠨ ᠲᠣᠰᠣ᠂ 8 ᠲᠦᠮᠡᠨ ᠲᠣᠨ ᠹᠧᠨᠢᠯᠲᠦ ᠤᠰᠤᠲᠥ᠋ᠷᠥᠭᠴᠢ᠂ 100 ᠲᠦᠮᠡᠨ ᠲᠣᠨ ᠳᠣᠣᠷ᠎ᠠ ᠳᠤᠯᠠᠭᠠᠨ ᠳᠤ ᠬᠠᠭᠠᠰ ᠬᠡᠦᠷᠰᠢᠭᠦᠯᠬᠦ ᠵᠡᠷᠭᠡ | ᠲᠥᠷᠥᠯ ᠵᠦᠢᠯ ᠢ ᠲᠦᠷᠭᠡᠳᠬᠡᠨ ᠡᠬᠢᠯᠡᠭᠦᠯᠦᠨ᠎ᠡ᠃ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠦᠴᠦᠲᠡᠢ ᠬᠥᠭᠵᠢᠭᠦᠯᠦᠨ᠎ᠡ᠃ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠲᠥᠯᠦᠨ ᠵᠢᠯᠣᠭᠤᠳᠬᠤ ᠲᠤᠰᠬᠠᠢ | ᠲᠥᠷᠥᠯ ᠤᠨ ᠰᠠᠭᠤᠷᠢ ᠮᠥᠩᠭᠦ ᠪᠠ ᠪᠠᠭ᠎ᠠ ᠵᠢᠵᠢᠭ ᠠᠵᠤ ᠠᠬᠤᠶᠢᠯᠠᠯ ᠤᠨ ᠮᠡᠷᠭᠡᠵᠢᠯ ᠤᠨ ᠳᠠᠪᠰᠢᠯᠲᠠ ᠶᠢᠨ ᠬᠦᠦ ᠮᠦᠡᠭᠬᠦ ᠨᠥᠬᠦᠪᠤᠷᠢᠯᠡᠬᠦ ᠪᠡᠯᠡ ᠮᠥᠩᠭᠦ ᠶᠢ | ᠲᠣᠬᠢᠷᠠᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ᠂ ᠰᠢᠨ᠎ᠡ ᠮᠠᠲ᠋ᠧᠷᠢᠶᠠᠯ᠂ ᠲᠣᠮᠣ ᠳ᠋ᠠᠶᠢᠲ᠋ᠠ᠂ ᠠᠮᠢᠳᠤ ᠪᠣᠳᠠᠰ ᠤᠨ ᠮᠡᠷᠭᠡᠵᠢᠯ ᠵᠡᠷᠭᠡ ᠰᠢᠨ᠎ᠡ ᠪᠠᠷ ᠮᠠᠨᠳᠤᠭᠰᠠᠨ | ᠠᠵᠤ ᠦᠢᠯᠡᠰ ᠢ ᠲᠦᠷᠭᠡᠳᠬᠡᠨ ᠪᠤᠶᠢᠵᠢᠭᠤᠯᠤᠨ᠎ᠠ᠃ ᠳ᠋ᠦᠨ ᠠᠨ ᠤ 5000 ᠲᠣᠨ᠂ ᠳ᠋ᠦᠩ ᠯᠢ ᠶᠢᠨ 6000 ᠲᠣᠨ ᠣᠯᠠᠨ ᠲᠠᠯᠠᠰᠲᠤ ᠴᠠᠬᠢᠭᠤᠷ | ᠦᠢᠯᠡᠳᠪᠦᠷᠢᠯᠡᠬᠦ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠾᠧᠩ ᠵᠢᠶᠠ ᠶᠢᠨ 800 ᠲᠣᠨ ᠪᠢᠳᠦᠷᠢᠶᠠ᠂ ᠤᠷᠠᠳ ᠤᠨ ᠳᠤᠮᠳᠠᠳᠤ ᠬᠤᠰᠢᠭᠤᠨ ᠤ | ᠵᠠᠭᠤᠨ ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠤ ᠰᠠᠭᠤᠷᠢᠨ ᠭᠠᠵᠠᠷ᠂ ᠡᠯᠡᠰᠦᠨ ᠴᠥᠯ ᠤᠨ ᠠᠮᠢ ᠠᠬᠤᠢ ᠶᠢᠨ ᠨᠠᠷᠠᠨ ᠴᠠᠬᠢᠯᠭᠠᠨ ᠤ ᠲᠥᠷᠥᠯ ᠵᠦᠢᠯ | ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠦᠬᠦ ᠤᠯᠤᠰ᠂ ᠪᠦᠬᠦ ᠣᠷᠣᠨ ᠤ ᠪᠠᠯ ᠴᠢᠯᠠᠭᠤᠨ ᠤ ᠠᠵᠤ ᠦᠢᠯᠡᠰ ᠤᠨ | ᠬᠥᠭᠵᠢᠭᠦᠯᠦᠯᠲᠡ ᠶᠢᠨ ᠬᠤᠯᠪᠣᠭ᠎ᠠ ᠯᠤᠭ᠎ᠠ ᠶᠢᠨ ᠬᠠᠮᠵᠢᠯᠴᠠᠭ᠎ᠠ ᠶᠢ ᠢᠳᠡᠪᠬᠢᠳᠡᠢ ᠲᠦᠯᠬᠢᠨ ᠠᠬᠢᠭᠤᠯᠵᠤ᠂ ᠪᠠᠯ ᠴᠢᠯᠠᠭᠤᠨ ᠤ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠬᠦᠷᠢᠶᠡᠯᠡᠩ ᠢ ᠪᠠᠶᠢᠭᠤᠯᠵᠤ᠂ ᠪᠠᠯ ᠴᠢᠯᠠᠭᠤᠨ ᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ | ᠲᠥᠬᠦᠭᠡᠷᠦᠮᠵᠢ ᠪᠠᠷ ᠰᠠᠭᠤᠷᠢ ᠪᠣᠯᠭᠠᠵᠤ᠂ ᠠᠮᠤᠷ ᠲᠦᠪᠰᠢᠨ ᠢᠶᠠᠷ ᠤᠷᠢᠲᠠᠯ ᠪᠣᠯᠭᠠᠵᠤ᠂ ᠡᠬᠢ ᠪᠠᠶᠠᠯᠢᠭ ᠢᠶᠠᠷ ᠦᠨᠳᠥᠰᠦ ᠪᠣᠯᠭᠠᠵᠤ᠂ ᠬᠡᠷᠡᠭᠯᠡᠭᠡᠨ ᠢᠶᠠᠷ | ᠭᠤᠣᠯ ᠴᠥᠮ᠎ᠡ ᠪᠣᠯᠭᠠᠬᠤ ᠰᠡᠳᠬᠢᠴᠡ ᠶᠢ ᠪᠠᠷᠢᠮᠲᠠᠯᠠᠵᠤ᠂ ᠲᠣᠮᠣ ᠳ᠋ᠠᠶᠢᠲ᠋ᠠ ᠶᠢᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠣᠶᠤᠨᠲᠤ ᠪᠠᠶᠠᠨᠨᠠᠭᠤᠷ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠭᠡᠳᠡᠷᠭᠦ | ᠮᠦᠷᠳᠡᠬᠦ᠂ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠲᠠᠪᠴᠠᠩ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠬᠢᠯᠳᠡ ᠶᠢᠨ ᠲᠤᠬᠢᠷᠠᠭᠤᠯᠤᠯᠳᠠ ᠶᠢ ᠴᠢᠩᠭᠠᠳᠬᠠᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ | ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠠᠷᠭ᠎ᠠ ᠪᠠᠷᠢᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ | ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠦᠨ᠎ᠡ ᠬᠠᠩᠰᠢ᠂ ᠴᠠᠬᠢᠯᠭᠠᠨ ᠬᠡᠷᠡᠭᠯᠡᠬᠦ ᠠᠴᠢᠶ᠎ᠠ᠂ ᠦᠢᠯᠡᠳᠬᠦᠨ ᠤ ᠬᠥᠮᠥᠷᠭᠡ ᠶᠢᠨ ᠨᠥᠭᠡᠴᠡ ᠶᠢᠨ | ᠬᠢᠨᠠᠨ ᠬᠡᠮᠵᠢᠯᠲᠡ ᠶᠢ ᠴᠢᠩᠭᠠᠳᠬᠠᠵᠤ᠂ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠠᠵᠤ ᠠᠬᠤᠶᠢᠯᠠᠯ ᠢ | ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶᠢ ᠨᠢ ᠲᠣᠭᠲᠠᠪᠤᠷᠢᠵᠢᠭᠤᠯᠵᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠠᠵᠤ ᠠᠬᠤᠶᠢᠯᠠᠯ ᠤᠨ | ᠦᠢᠯᠡᠳᠪᠦᠷᠢᠯᠡᠯ ᠢᠶᠠᠨ ᠰᠡᠷᠬᠦᠭᠡᠬᠦ ᠶᠢ ᠠᠬᠢᠭᠤᠯᠤᠨ᠎ᠠ᠃ | ᠤᠷᠤᠨ ᠲᠣᠭᠤᠷᠢᠭ ᠤᠨ ᠬᠤᠷᠠᠭᠤᠯᠵᠤ ᠬᠥᠭᠵᠢᠭᠦᠯᠬᠦ ᠴᠢᠳᠠᠪᠤᠷᠢ ᠶᠢ ᠴᠢᠩᠭᠠᠳᠬᠠᠨ᠎ᠠ᠃ ᠤᠷᠤᠨ ᠲᠣᠭᠤᠷᠢᠭ ᠤᠨ ᠠᠵᠤ ᠦᠢᠯᠡᠰ ᠤᠨ ᠪᠠᠶᠢᠷᠢ | ᠲᠣᠭᠲᠠᠭᠠᠯᠲᠠ ᠳᠤ ᠰᠠᠭᠤᠷᠢᠯᠠᠨ᠂ ᠳᠠᠪᠠᠭᠤᠯᠢᠭ ᠠᠵᠤ ᠦᠢᠯᠡᠰ ᠤᠨ ᠲᠥᠷᠥᠯ ᠵᠦᠢᠯ ᠤᠨ ᠲᠣᠭᠤᠷᠢᠨ ᠳᠤ᠂ ᠡᠷᠭᠢᠯᠲᠡᠲᠦ ᠠᠵᠤ ᠠᠬᠤᠢ ᠶᠢ ᠪᠤᠶᠢᠵᠢᠭᠤᠯᠤᠨ | ᠬᠥᠭᠵᠢᠭᠦᠯᠵᠦ᠂ ᠲᠤᠭᠤᠷᠢᠭ ᠤᠨ ᠳᠣᠲᠣᠷᠠᠬᠢ ᠲᠤᠭᠤᠷᠢᠭ᠂ ᠣᠨᠴᠠᠯᠢᠭᠲᠤ ᠲᠤᠭᠤᠷᠢᠭ ᠢ ᠪᠦᠳᠤᠭᠡᠨ ᠪᠠᠶᠢᠭᠤᠯᠵᠤ᠂ ᠠᠵᠤ ᠦᠢᠯᠡᠰ ᠤᠨ ᠲᠥᠪᠯᠡᠷᠡᠯ ᠤᠨ ᠭᠡᠮᠵᠢᠶ᠎ᠡ | ᠪᠠ ᠰᠦᠷᠦᠭᠵᠢᠯ ᠤᠨ ᠲᠦᠪᠰᠢᠨ ᠢ ᠳᠡᠭᠡᠭᠰᠢᠯᠡᠭᠦᠯᠵᠦ᠂ ᠤᠷᠤᠨ ᠲᠣᠭᠤᠷᠢᠭ ᠤᠨ ᠠᠵᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠤᠨ᠎ᠠ᠃ | ᠦᠢᠯᠡᠳᠬᠦᠨ ᠤ ᠥᠷᠲᠡᠭ ᠨᠢ ᠵᠠᠭᠤᠨ ᠳ᠋ᠦᠩᠰᠢᠭᠤᠷ ᠲᠥᠭᠦᠷᠢᠭ ᠢ ᠳᠠᠪᠠᠭᠰᠠᠨ ᠤᠷᠤᠨ ᠲᠣᠭᠤᠷᠢᠭ ᠢ 5 ᠳᠤ ᠬᠦᠷᠭᠡᠵᠦ᠂ ᠦᠢᠯᠡᠳᠬᠦᠨ ᠤ ᠥᠷᠲᠡᠭ 10 | ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ ᠢ 20 ᠳᠤ ᠬᠦᠷᠭᠡᠵᠦ᠂ ᠽᠢ ᠶᠢᠨ ᠺᠣᠮᠫᠠᠨᠢ᠂ ᠯᠢᠶᠠᠨ ᠪᠠᠩ ᠡᠮ ᠦᠢᠯᠡᠳᠬᠦ ᠺᠣᠮᠫᠠᠨᠢ᠂ ᠱᠧᠩ ᠮᠦ ᠳᠡᠭᠡᠳᠦ | ᠮᠡᠷᠭᠡᠵᠢᠯ ᠤᠨ ᠺᠤᠮᠫᠠᠨᠢ ᠶᠢᠨ ᠦᠢᠯᠡᠳᠬᠦᠨ ᠤ ᠥᠷᠲᠡᠭ ᠢ 50 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ | ︵ᠳᠥᠷᠪᠡ︶ ᠭᠤᠷᠪᠠᠳᠤᠭᠠᠷ ᠠᠵᠤ ᠦᠢᠯᠡᠰ ᠤᠨ ᠪᠠᠭᠲᠠᠭᠠᠮᠵᠢ ᠶᠢ ᠥᠷᠭᠡᠳᠬᠡᠬᠦ ᠶᠢ ᠪᠠᠷᠢᠮᠲᠠᠯᠠᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ | ᠪᠤᠶᠢᠵᠢᠭᠤᠯᠤᠨ᠎ᠠ ᠃ ᠦᠢᠯᠡᠴᠢᠯᠡᠭᠡᠨ ᠤ ᠦᠢᠯᠡᠰ ᠢ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠠᠵᠤ ᠠᠬᠤᠢ ᠶᠢᠨ ᠨᠡᠮᠡᠭᠳᠡᠯ ᠢ | ᠳᠠᠶᠢᠴᠢᠯᠠᠬᠤ ᠴᠢᠬᠤᠯᠠ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠵᠤᠭᠠᠴᠠᠯ᠂ ᠮᠥᠩᠭᠦᠨ ᠭᠦᠢᠯᠭᠡᠭᠡ᠂ ᠪᠠᠷᠠᠭᠠᠨ ᠤ ᠭᠦᠢᠯᠭᠡᠭᠡ᠂ ᠡᠯᠧᠺᠲᠷᠣᠨ | ᠬᠤᠳᠠᠯᠳᠤᠭᠠᠨ ᠤ ᠶᠠᠪᠤᠳᠠᠯ ᠵᠡᠷᠭᠡ ᠠᠵᠤ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠨ᠎ᠠ᠃ | ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ︽ᠵᠤᠭᠠᠴᠠᠯ +︾ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ | ᠪᠦᠬᠦ ᠴᠠᠷᠠᠭ᠎ᠠ ᠶᠢᠨ ᠵᠤᠭᠠᠴᠠᠯ᠂ ᠳᠥᠷᠪᠡᠨ ᠤᠯᠠᠷᠢᠯ ᠤᠨ ᠵᠤᠭᠠᠴᠠᠯ ᠢ ᠬᠥᠭᠵᠢᠭᠦᠯᠬᠦ ᠳᠤ ᠬᠠᠨᠳᠤᠭᠤᠯᠵᠤ᠂ ᠦᠵᠡᠰᠬᠦᠯᠡᠩᠲᠦ ᠰᠠᠶᠢᠬᠠᠨ ᠢ ᠨᠡᠶᠢᠳᠡᠮ ᠪᠦᠷᠬᠦᠭᠦᠯᠬᠦ ᠶᠢ | ᠪᠡᠶᠡᠯᠡᠭᠦᠯᠦᠨ᠎ᠡ᠃ ᠪᠦᠬᠦ ᠬᠤᠲᠠ ᠶᠢᠨ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠡᠭᠦᠯᠳᠡᠷᠵᠢᠭᠦᠯᠦᠨ᠎ᠡ᠃ ᠬᠠᠲᠤᠨ ᠭᠤᠣᠯ ᠤᠨ | ᠪᠣᠷᠣᠲᠣᠬᠤᠢ ᠰᠣᠶᠣᠯ ᠤᠨ ᠵᠤᠭᠠᠴᠠᠯ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠦ ᠵᠤᠸᠠᠩ ᠬᠠᠭᠤᠴᠢᠨ ᠪᠠᠯᠭᠠᠰᠤ᠂ ᠬᠠᠲᠤᠨ ᠭᠤᠣᠯ ᠤᠨ | ᠬᠠᠭᠤᠴᠢᠨ ᠣᠯᠣᠮ᠂ ᠰᠦᠩ ᠬᠠᠯᠢᠶ᠎ᠠ ᠶᠢ ᠪᠠᠷᠠᠯᠠᠬᠤ ᠲᠠᠭᠲᠤ ᠵᠡᠷᠭᠡ ᠶᠢᠨ ᠲᠥᠷᠥᠯ ᠵᠦᠢᠯ ᠢ ᠪᠡᠶᠡᠯᠡᠭᠦᠯᠵᠦ᠂ ᠤᠯᠤᠰ ᠤᠨ 5 A ᠳᠡᠰ ᠤᠨ ᠵᠤᠭᠠᠴᠠᠯ ᠤᠨ | ᠦᠵᠡᠮᠵᠢ ᠶᠢᠨ ᠣᠷᠣᠨ ᠢ ᠴᠢᠷᠮᠠᠶᠢᠨ ᠪᠠᠶᠢᠭᠤᠯᠤᠨ᠎ᠠ᠃ ᠤᠯᠠᠭᠠᠡᠰᠤᠬᠠᠢ ᠨᠠᠭᠤᠷ᠂ ᠨᠠᠷᠢᠨ ᠲᠤᠬᠤᠢ ᠨᠠᠭᠤᠷ᠂ ᠱᠠ ᠬᠠᠢ ᠵᠤᠭᠠᠴᠠᠯ ᠤᠨ ᠣᠷᠣᠨ᠂ ᠰᠠᠨ ᠱᠧᠩ | ᠭᠦᠩ ᠳᠠᠬᠢ ᠬᠠᠲᠤᠨ ᠭᠤᠣᠯ ᠤᠨ ᠵᠢᠭᠠᠰᠤᠴᠢᠨ ᠤ ᠲᠣᠰᠬᠤᠨ ᠵᠡᠷᠭᠡ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠲᠠᠷᠢᠶᠠᠯᠠᠩ ᠢᠶᠠᠷ ᠵᠤᠭᠠᠴᠠᠯ ᠢ ᠬᠥᠭᠵᠢᠭᠦᠯᠬᠦ᠂ ᠵᠤᠭᠠᠴᠠᠯ ᠢᠶᠠᠷ ᠲᠠᠷᠢᠶᠠᠯᠠᠩ ᠢ ᠠᠬᠢᠭᠤᠯᠬᠤ ᠶᠢ ᠪᠠᠷᠢᠮᠲᠠᠯᠠᠵᠤ᠂ ᠰᠡᠯᠡᠭᠦᠴᠡᠯ ᠤᠨ ᠲᠠᠷᠢᠶᠠᠯᠠᠩ ᠪᠣᠯᠤᠨ ᠬᠥᠳᠡᠭᠡ | ᠲᠣᠰᠬᠤᠨ ᠤ ᠵᠤᠭᠠᠴᠠᠯ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠥᠷᠭᠡᠳᠬᠡᠵᠦ᠂ ᠠᠶᠢᠯ ᠲᠣᠰᠬᠤᠨ ᠢ ᠦᠵᠡᠮᠵᠢ ᠶᠢᠨ ᠴᠡᠭ ᠪᠣᠯᠭᠠᠵᠤ᠂ ᠲᠠᠷᠢᠶᠠᠴᠢᠳ ᠤᠨ | ᠰᠠᠭᠤᠷᠢᠰᠢᠯ ᠢᠶᠠᠷ ᠪᠠᠭᠤᠳᠠᠯ ᠪᠣᠯᠭᠠᠵᠤ᠂ ᠨᠤᠲᠤᠭ ᠤᠨ ᠭᠠᠷᠤᠯᠲᠠ ᠶᠢ ᠲᠠᠸᠠᠷ ᠪᠣᠯᠭᠠᠵᠤ᠂ ᠬᠥᠳᠡᠭᠡ ᠲᠣᠰᠬᠤᠨ ᠤ ᠵᠤᠭᠠᠴᠠᠯ ᠢ ᠢᠳᠡᠪᠬᠢᠲᠡᠢ ᠪᠤᠶᠢᠵᠢᠭᠤᠯᠤᠨ | ᠬᠥᠭᠵᠢᠭᠦᠯᠦᠨ᠎ᠡ᠃ ᠵᠤᠭᠠᠴᠠᠯ ᠤᠨ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠡᠯᠪᠡᠭ ᠪᠠᠶᠠᠯᠢᠭ ᠲᠡᠦᠬᠡ ᠰᠣᠶᠣᠯ ᠤᠨ ᠡᠬᠢ ᠪᠠᠶᠠᠯᠢᠭ ᠢ ᠪᠦᠲᠦᠭᠡᠯᠴᠢ ᠪᠠᠷ | ᠨᠡᠭᠡᠭᠡᠨ ᠬᠦᠭᠵᠢᠬᠦᠯᠵᠤ᠂ ᠵᠤᠭᠠᠴᠠᠯ ᠤᠨ ᠰᠣᠶᠣᠯ ᠤᠨ ᠴᠢᠨᠠᠷ ᠪᠠ ᠣᠷᠣᠯᠴᠠᠵᠤ ᠲᠤᠷᠰᠢᠬᠤ ᠴᠢᠨᠠᠷ ᠢ ᠲᠣᠪᠤᠶᠢᠯᠭᠠᠨ ᠢᠯᠡᠷᠡᠭᠦᠯᠵᠦ᠂ ᠵᠤᠭᠠᠴᠠᠯ ᠪᠣᠯᠤᠨ ᠰᠣᠶᠣᠯ ᠤᠨ | ᠠᠭᠤᠰᠤᠯᠴᠠᠯ ᠢ ᠳᠡᠭᠡᠭᠰᠢᠯᠡᠭᠦᠯᠦᠨ᠎ᠡ᠃ ᠡᠪᠦᠯ ᠤᠨ ᠤᠯᠠᠷᠢᠯ ᠤᠨ ᠵᠤᠭᠠᠴᠠᠯ ᠢ ᠬᠦᠴᠦᠲᠡᠢ ᠬᠥᠭᠵᠢᠭᠦᠯᠵᠦ᠂ ᠠᠩᠬᠠᠳᠤᠭᠠᠷ ᠬᠤᠭᠤᠴᠠᠭᠠᠨ ᠤ ᠪᠣᠷᠣᠲᠣᠬᠤᠢ ᠶᠢᠨ | ᠡᠪᠦᠯ ᠤᠨ ᠤᠯᠠᠷᠢᠯ ᠤᠨ ᠰᠣᠶᠣᠯ ᠵᠤᠭᠠᠴᠠᠯ ᠤᠨ ᠨᠠᠶᠢᠷ᠂ ᠴᠢᠮᠡᠭᠲᠦ ᠳ᠋ᠧᠩ ᠤᠨ ᠴᠤᠭᠯᠠᠭᠠᠨ ᠵᠡᠷᠭᠡ ᠠᠵᠢᠯᠯᠠᠭ᠎ᠠ ᠶᠢ ᠥᠷᠨᠢᠭᠦᠯᠵᠦ᠂ ᠡᠪᠦᠯ ᠤᠨ ᠤᠯᠠᠷᠢᠯ ᠤᠨ | ᠵᠤᠭᠠᠴᠠᠯ ᠢ ᠬᠥᠭᠵᠢᠶᠡᠨ ᠲᠠᠢ ᠪᠣᠯᠭᠠᠨ᠎ᠠ᠃ ᠵᠤᠭᠠᠴᠠᠯ ᠤᠨ ᠤᠬᠠᠭᠤᠯᠤᠨ ᠲᠠᠨᠢᠯᠴᠠᠭᠤᠯᠬᠤ ᠬᠦᠴᠦᠯᠡᠴᠡ ᠶᠢ ᠶᠡᠬᠡᠰᠬᠡᠵᠦ᠂ ᠵᠤᠭᠠᠴᠠᠯ ᠤᠨ ᠣᠷᠣᠨ ᠪᠦᠰᠡ ᠶᠢᠨ | ᠬᠠᠮᠵᠢᠯᠴᠠᠭ᠎ᠠ ᠶᠢ ᠲᠦᠯᠬᠢᠨ ᠠᠬᠢᠭᠤᠯᠤᠨ᠎ᠠ᠃ ᠣᠯᠠᠨ ᠤᠯᠤᠰ ᠤᠨ ᠲᠡᠮᠡᠭᠡᠨ ᠪᠥᠮᠪᠦᠭᠡ ᠶᠢᠨ ᠤᠷᠤᠯᠳᠤᠭᠠᠨ᠂ ᠬᠠᠲᠤᠨ ᠭᠤᠣᠯ ᠳᠠᠭᠠᠤ ᠶᠢᠨ ᠵᠠᠰᠠᠮᠠᠯ ᠵᠠᠮ ᠤᠨ | ᠳᠤᠭᠤᠢ ᠲᠡᠷᠭᠡᠨ ᠤ ᠤᠷᠤᠯᠳᠤᠭᠠᠨ᠂ ᠪᠣᠷᠣᠲᠣᠬᠤᠢ ᠶᠢᠨ ᠨᠤᠭᠤ ᠭᠠᠵᠠᠷ ᠤᠨ ᠯᠤᠤᠲᠤ ᠣᠩᠭᠤᠴᠠ ᠶᠢᠨ ᠤᠷᠤᠯᠳᠤᠭᠠᠨ ᠵᠡᠷᠭᠡ ᠲᠣᠮᠣ ᠬᠡᠯᠪᠡᠷᠢ ᠶᠢᠨ ᠤᠷᠤᠯᠳᠤᠭᠠᠨ ᠢ | ᠰᠠᠶᠢᠲᠤᠷ ᠡᠷᠬᠢᠯᠡᠵᠦ᠂ ᠳᠤᠮᠳᠠᠳᠤ ᠤᠯᠤᠰ ᠤᠨ ᠬᠤᠨᠢᠨ ᠤ ᠦᠢᠯᠡᠰ ᠤᠨ ᠶᠡᠭᠡ ᠬᠤᠷᠠᠯ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠵᠡᠰᠬᠦᠯᠡᠩ᠂ ᠪᠣᠷᠣᠲᠣᠬᠤᠢ ᠶᠢᠨ ᠵᠤᠭᠠᠴᠠᠯ ᠢ ᠲᠠᠨᠢᠯᠴᠠᠭᠤᠯᠬᠤ ᠬᠤᠷᠠᠯ ᠢ ᠰᠠᠶᠢᠲᠤᠷ ᠡᠷᠬᠢᠯᠡᠨ᠎ᠡ᠃ ᠪᠦᠬᠦ ᠵᠢᠯ ᠳᠤ ᠵᠤᠭᠠᠴᠠᠭᠰᠠᠳ ᠢ 500 ᠲᠦᠮᠡᠨ ᠬᠦᠮᠤᠨ | ᠤᠳᠠᠭ᠎ᠠ ᠠᠴᠠ ᠲᠡᠭᠡᠭᠰᠢ ᠬᠦᠯᠢᠶᠡᠨ ᠠᠪᠴᠤ᠂ ᠵᠤᠭᠠᠴᠠᠯ ᠤᠨ ᠶᠡᠷᠦᠩᠬᠡᠢ ᠣᠷᠣᠯᠭ᠎ᠠ ᠶᠢ 50 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃ | ᠪᠢᠳᠡ ᠵᠤᠭᠠᠴᠠᠯ ᠤᠨ ᠦᠢᠯᠡᠰ ᠢ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠴᠢᠬᠤᠯᠠ ᠲᠦᠯᠬᠢᠬᠦ ᠬᠦᠴᠦᠨ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠬᠥᠳᠡᠯᠦᠨ ᠵᠢᠯᠣᠭᠤᠳᠬᠤ ᠠᠵᠤ ᠦᠢᠯᠡᠰ᠂ ᠣᠷᠣᠨ ᠨᠤᠲᠤᠭ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ | ᠬᠠᠷᠠᠭᠤᠯᠬᠤ ᠴᠢᠬᠤᠯᠠ ᠠᠴᠢᠶᠠᠯᠠᠪᠤᠷᠢ᠂ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠴᠢᠬᠤᠯᠠ ᠪᠡᠯᠡᠳᠬᠡᠯ ᠬᠦᠴᠦᠨ ᠪᠣᠯᠭᠠᠨ | ᠪᠤᠶᠢᠵᠢᠭᠤᠯᠵᠤ᠂ ︽ᠪᠣᠬᠢᠷᠲᠤᠯ ᠦᠭᠡᠢ ᠪᠠᠷ ᠮᠠᠨᠳᠤᠨ ᠬᠥᠭᠵᠢᠵᠦ᠂ ᠵᠢᠶᠠᠩᠨᠠᠨ ᠢ ᠭᠦᠢᠴᠡᠨ ᠳᠠᠪᠠᠭ᠋ᠤ︾ ᠶᠢ ᠪᠡᠶᠡᠯᠡᠭᠦᠯᠬᠦ ᠳᠤ ᠴᠢᠬᠤᠯᠠ ᠵᠢᠳᠬᠦᠯ ᠦᠵᠡᠭᠦᠯᠦᠨ᠎ᠡ᠃ | ᠮᠥᠩᠭᠦᠨ ᠭᠦᠢᠯᠭᠡᠭᠡᠨ ᠤ ᠦᠢᠯᠡᠰ ᠢ ᠬᠦᠴᠦᠲᠡᠢ ᠬᠥᠭᠵᠢᠭᠦᠯᠦᠨ᠎ᠡ᠃ ᠲᠦᠭᠡᠮᠡᠯ ᠬᠠᠷᠠᠭᠠᠯᠵᠠᠯ ᠤᠨ ᠮᠥᠩᠭᠦᠨ ᠭᠦᠢᠯᠭᠡᠭᠡᠨ ᠢ ᠥᠷᠭᠡᠳᠬᠡᠵᠦ᠂ ᠮᠥᠩᠭᠦᠨ | ᠭᠦᠢᠯᠭᠡᠭᠡᠨ ᠤ ᠦᠢᠯᠡᠴᠢᠯᠡᠭᠡ ᠶᠢᠨ ᠪᠦᠷᠬᠦᠴᠡ ᠪᠠ ᠬᠠᠨᠤᠮᠵᠢ ᠶᠢ ᠳᠡᠭᠡᠭᠰᠢᠯᠡᠭᠦᠯᠵᠦ᠂ ᠣᠯᠠᠨ ᠲᠦᠮᠡᠨ ᠳᠤ ᠦᠨ᠎ᠡ ᠬᠠᠩᠰᠢ ᠲᠣᠬᠢᠷᠠᠮᠵᠢᠲᠠᠢ᠂ ᠳᠥᠭᠦᠮ ᠠᠪᠰᠠᠷ ᠠᠮᠤᠷ | ᠲᠦᠪᠰᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠢ ᠡᠳ᠋ᠯᠡᠭᠦᠯᠦᠨ᠎ᠡ᠃ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠶᠢ | ᠲᠡᠭᠦᠯᠳᠡᠷᠵᠢᠭᠦᠯᠵᠦ᠂ ᠡᠯ᠎ᠡ ᠲᠦᠷᠤᠯ ᠤᠨ ᠮᠦᠡᠭᠬᠦᠨ ᠬᠦᠢᠯᠭᠡᠭᠡᠨ ᠤ ᠪᠠᠶᠢᠭᠤᠯᠤᠮᠵᠢ ᠶᠢ ᠢᠳᠡᠪᠬᠢᠳᠠᠢ ᠲᠠᠳᠠᠨ ᠤᠷᠤᠭᠤᠯᠵᠤ᠂ ᠪᠠᠭ᠎ᠠ ᠵᠢᠵᠢᠭ ᠮᠥᠩᠭᠦᠨ ᠭᠦᠢᠯᠭᠡᠭᠡᠨ ᠤ | ᠪᠠᠶᠢᠭᠤᠯᠤᠮᠵᠢ ᠪᠠ ᠪᠡᠯᠡᠳᠬᠡᠯ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠭᠵᠢᠭᠦᠯᠵᠦ᠂ ᠠᠷᠠᠳ ᠤᠨ ᠪᠡᠯᠡ ᠮᠦᠡᠭᠬᠦ ᠶᠢ ᠬᠤᠪᠢ ᠣᠷᠣᠯᠴᠠᠭᠰᠠᠨ ᠪᠡᠯᠡ | ᠣᠷᠣᠭᠤᠯᠤᠯᠲᠠ ᠳᠤ ᠲᠠᠲᠠᠨ ᠣᠷᠣᠭᠤᠯᠬᠤ ᠪᠤᠶᠤ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢ ᠡᠬᠦᠰᠭᠡᠨ ᠪᠠᠶᠢᠭᠤᠯᠬᠤ ᠶᠢ | ᠵᠣᠷᠢᠭᠵᠢᠭᠤᠯᠤᠨ᠎ᠠ᠃ ᠬᠤᠲᠠ ᠶᠢᠨ ᠪᠦᠳᠦᠬᠡᠨ ᠪᠠᠶᠢᠭᠤᠯᠤᠯᠳᠠ ᠶᠢᠨ ᠪᠡᠯᠡ ᠣᠷᠣᠭᠤᠯᠤᠯᠲᠠ᠂ ᠲᠠᠷᠢᠶᠠᠯᠠᠩ ᠤᠨ ᠪᠡᠯᠡ ᠣᠷᠣᠭᠤᠯᠤᠯᠲᠠ᠂ ᠵᠠᠮ ᠬᠠᠷᠢᠯᠴᠠᠭᠠᠨ ᠤ ᠪᠡᠯᠡ | ᠣᠷᠣᠭᠤᠯᠤᠯᠲᠠ᠂ ᠤᠰᠤᠨ ᠤ ᠪᠡᠯᠡ ᠣᠷᠣᠭᠤᠯᠤᠯᠲᠠ ᠵᠡᠷᠭᠡ ᠪᠡᠯᠡ ᠬᠤᠷᠠᠮᠳᠤᠭᠤᠯᠬᠤ ᠲᠠᠪᠴᠠᠩ ᠤᠨ ᠦᠢᠯᠡᠳᠥᠯ ᠢ ᠪᠠᠳᠠᠷᠠᠭᠤᠯᠵᠤ᠂ ᠵᠤᠭᠠᠴᠠᠯ ᠤᠨ ᠪᠡᠯᠡ | ᠣᠷᠣᠭᠤᠯᠤᠯᠲᠠ ᠶᠢᠨ ᠲᠠᠪᠴᠠᠩ ᠢ ᠴᠠᠬ ᠲᠤᠨᠢ ᠳᠤᠬᠢᠷᠠᠭᠤᠯᠤᠨ ᠪᠠᠶᠢᠭᠤᠯᠤᠨ᠎ᠠ᠃ ᠳᠣᠣᠷ᠎ᠠ ᠬᠢᠵᠠᠭᠠᠷ ᠢ ᠰᠠᠬᠢᠵᠤ᠂ ᠲᠦᠭᠰᠢᠭᠦᠷᠢ ᠶᠢ ᠡᠵᠡᠮᠳᠡᠨ᠂ ᠳᠠᠷᠠᠭᠠᠯᠠᠯ ᠢ | ᠴᠢᠩᠭᠠᠳᠬᠠᠬᠤ ᠵᠠᠷᠴᠢᠮ ᠢ ᠪᠠᠷᠢᠮᠲᠠᠯᠠᠵᠤ᠂ PPP ᠵᠠᠭᠪᠤᠷ ᠢ ᠳᠡᠯᠭᠡᠷᠡᠭᠦᠯᠦᠨ ᠬᠡᠷᠡᠭᠯᠡᠵᠦ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ | ᠤᠷᠮᠠᠰᠢᠭᠤᠯᠤᠨ᠎ᠠ᠃ ᠢᠲᠡᠭᠡᠮᠵᠢᠲᠦ ᠵᠢᠭᠡᠯᠡᠯᠭᠡ ᠶᠢᠨ ᠬᠡᠮᠵᠢᠶ᠎ᠡ ᠶᠢ 1100 ᠳ᠋ᠦᠩᠰᠢᠭᠤᠷ ᠲᠥᠭᠦᠷᠢᠭ ᠠᠴᠠ ᠳᠡᠭᠡᠭᠰᠢ ᠬᠦᠷᠭᠡᠵᠦ᠂ ᠨᠡᠶᠢᠭᠡᠮ ᠤᠨ ᠪᠡᠯᠡ | ᠬᠤᠷᠠᠮᠳᠤᠭᠤᠯᠬᠤ ᠬᠡᠪᠴᠢᠶ᠎ᠡ ᠶᠢᠨ ᠨᠡᠮᠡᠭᠳᠡᠯ ᠬᠡᠮᠵᠢᠶ᠎ᠡ ᠶᠢ 200 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ ᠠᠵᠤ ᠠᠬᠤᠶᠢᠯᠠᠯ ᠢ ᠰᠲ᠋ᠤᠺ ᠤᠨ ᠵᠠᠬ᠎ᠠ | ᠳᠡᠯᠭᠡᠭᠦᠷ ᠲᠤ ᠭᠠᠷᠭᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠡᠶᠡᠯᠡᠭᠦᠯᠵᠦ᠂ 23 ᠠᠵᠤ ᠠᠬᠤᠶᠢᠯᠠᠯ ᠢ ᠰᠢᠨ᠎ᠡ ᠪᠠᠷ ᠣᠯᠠᠨ ᠳᠡᠰ ᠳᠠᠪᠬᠤᠷᠭ᠎ᠠ ᠶᠢᠨ | ᠬᠥᠷᠥᠩᠭᠡ ᠶᠢᠨ ᠵᠠᠬ᠎ᠠ ᠳᠡᠯᠭᠡᠭᠦᠷ ᠲᠤ ᠣᠷᠣᠭᠤᠯᠵᠤ᠂ ᠰᠢᠭᠤᠳ 50 ᠳ᠋ᠦᠩᠰᠢᠭᠤᠷ ᠲᠥᠭᠦᠷᠢᠭ ᠠᠴᠠ ᠢᠯᠡᠭᠦᠦ ᠪᠡᠯᠡ ᠬᠤᠷᠠᠮᠳᠤᠭᠤᠯᠤᠨ᠎ᠠ᠃ | ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠵᠢᠱᠢᠶ᠎ᠡ ᠦᠵᠡᠭᠦᠯᠬᠦ ᠰᠢᠶᠠᠨ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠪᠦᠲᠦᠭᠡᠨ ᠪᠠᠶᠢᠭᠤᠯᠬᠤ ᠶᠢ | ᠦᠷᠭᠦᠯᠵᠢᠯᠡᠨ ᠲᠦᠯᠬᠢᠨ ᠠᠬᠢᠭᠤᠯᠤᠨ᠎ᠠ᠃ ᠮᠠᠯ ᠤᠨ ᠠᠰᠢᠭ ᠰᠢᠮ᠎ᠡ ᠶᠢᠨ ᠭᠠᠷᠤᠯᠳᠠ ᠶᠢ ᠠᠷᠠᠯᠵᠢᠶᠠᠯᠠᠬᠤ ᠲᠥᠪ᠂ ᠪᠦᠸᠧᠬᠠᠢ ᠲᠠᠸᠠᠷ ᠤᠨ ᠠᠷᠠᠯᠵᠢᠶᠠᠨ ᠤ | ᠭᠠᠵᠠᠷ ᠤᠨ ᠦᠶᠤᠸᠠᠨ ᠳᠠᠬᠢ ᠨᠠᠷᠠᠨᠬᠤᠸᠠᠷ ᠤᠨ ᠦᠷ᠎ᠡ ᠠᠷᠠᠯᠵᠢᠶᠠᠯᠠᠬᠤ ᠲᠥᠪ ᠤᠨ ᠠᠷᠠᠯᠵᠢᠶᠠᠨ ᠤ ᠬᠡᠪᠴᠢᠶ᠎ᠡ ᠶᠢ ᠥᠷᠭᠡᠳᠬᠡᠵᠦ᠂ ᠬᠤᠸᠠ ᠰᠢᠶᠠ ᠪᠣᠳᠠᠰ ᠤᠨ ᠪᠤᠰᠤ | ᠰᠣᠶᠣᠯ ᠤᠨ ᠥᠪ ᠤᠨ ᠠᠷᠠᠯᠵᠢᠶᠠᠭᠠ ᠪᠠ ᠪᠡᠯᠡᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠳᠠ ᠶᠢᠨ ᠠᠷᠠᠯᠵᠢᠶᠠᠨ ᠤ ᠲᠠᠪᠴᠠᠩ ᠢ | ᠪᠡᠯᠡᠳᠬᠡᠨ ᠪᠠᠶᠢᠭᠤᠯᠵᠤ᠂ ᠵᠠᠬ᠎ᠠ ᠳᠡᠯᠭᠡᠭᠦᠷ ᠤᠨ ᠦᠨ᠎ᠡ ᠲᠣᠭᠲᠠᠭᠠᠬᠤ ᠡᠷᠬᠡ ᠶᠢ ᠪᠦᠷᠢᠯᠳᠥᠭᠦᠯᠦᠨ᠎ᠡ᠃ ᠪᠠ ᠲᠤᠸᠠᠨ ᠰᠦᠯᠵᠢᠶ᠎ᠡ᠂ ᠪᠣᠷᠣᠲᠣᠬᠤᠢ ᠬᠤᠳᠠᠯᠳᠤᠭ᠎ᠠ | ᠵᠡᠷᠭᠡ ᠣᠷᠣᠨ ᠨᠤᠲᠤᠭ ᠤᠨ ᠭᠤᠷᠪᠠᠳᠤᠭᠠᠷ ᠡᠲᠡᠭᠡᠳ ᠤᠨ ᠦᠢᠯᠡᠴᠢᠯᠡᠭᠡᠨ ᠤ ᠲᠠᠪᠴᠠᠩ ᠤᠨ ᠬᠥᠭᠵᠢᠯᠲᠡ ᠶᠢ ᠳᠡᠮᠵᠢᠵᠦ᠂ ︽ᠰᠦᠯᠵᠢᠶᠡᠨ ᠳᠡᠭᠡᠷ᠎ᠡ︾ ᠪᠠ ︽ | ᠰᠦᠯᠵᠢᠶᠡᠨ ᠤ ᠭᠠᠳᠠᠨ᠎ᠠ︾ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠ ᠯᠢ ᠪᠠ ᠪᠠ᠂ ᠵᠢᠩ ᠳ᠋ᠦᠩ ᠵᠡᠷᠭᠡ ᠡᠯᠧᠺᠲᠷᠣᠨ ᠬᠤᠳᠠᠯᠳᠤᠭᠠᠨ ᠤ ᠠᠵᠤ | ᠠᠬᠤᠶᠢᠯᠠᠯ ᠯᠤᠭ᠎ᠠ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠮᠠᠨ ᠤ ᠬᠤᠲᠠ ᠶᠢᠨ ᠨᠡᠷᠡᠲᠦ ᠰᠢᠯᠢᠳᠡᠭ ᠣᠨᠴᠠᠭᠠᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢ ᠪᠦᠬᠦ ᠤᠯᠤᠰ᠂ ᠪᠦᠬᠦ ᠳᠡᠯᠡᠬᠡᠢ ᠶᠢᠨ ᠵᠠᠬ᠎ᠠ ᠳᠡᠯᠭᠡᠭᠦᠷ ᠲᠤ ᠣᠷᠣᠭᠤᠯᠤᠨ᠎ᠠ᠃ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠶᠢᠨ | ᠪᠠᠶᠠᠨᠨᠠᠭᠤᠷ ᠤᠨ ᠲᠦᠷᠦᠭᠦᠴᠦᠳ ᠤᠨ ᠬᠤᠷᠠᠯ ᠢ ᠡᠷᠬᠢᠯᠡᠨ ᠬᠢᠵᠦ᠂ ᠪᠠᠷᠠᠭᠠᠨ ᠤ ᠭᠦᠢᠯᠭᠡᠭᠡ ᠶᠢᠨ ᠲᠦᠷᠭᠡᠨ ᠲᠠᠮᠵᠢᠭᠤᠯᠭ᠎ᠠ ᠶᠢᠨ ᠦᠢᠯᠡᠰ ᠢ ᠵᠢᠷᠤᠮᠵᠢᠭᠤᠯᠤᠨ | ᠬᠥᠭᠵᠢᠭᠦᠯᠵᠦ᠂ ᠪᠠᠶᠠᠨᠨᠠᠭᠤᠷ ᠤᠨ ᠲᠡᠭᠡᠭᠡᠪᠦᠷᠢ ᠶᠢᠨ ᠺᠣᠮᠫᠠᠨᠢ ᠶᠢᠨ ᠪᠠᠷᠠᠭᠠᠨ ᠤ ᠭᠦᠢᠯᠭᠡᠭᠡ ᠵᠡᠷᠭᠡ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠲᠦᠷᠭᠡᠨ | ᠲᠠᠮᠵᠢᠭᠤᠯᠭ᠎ᠠ᠂ ᠰᠦᠯᠵᠢᠶᠡᠨ ᠤ ᠬᠤᠳᠠᠯᠳᠤᠭ᠎ᠠ ᠶᠢ ᠬᠥᠳᠡᠭᠡ ᠬᠦᠷᠭᠡᠵᠦ ᠲᠣᠰᠬᠤᠨ ᠳᠤ ᠣᠷᠣᠭᠤᠯᠬᠤ ᠬᠦᠴᠦᠯᠡᠴᠡ ᠶᠢ ᠨᠡᠮᠡᠭᠳᠡᠭᠦᠯᠦᠨ᠎ᠡ᠃ | ︵ᠲᠠᠪᠤ︶ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠣᠷᠣᠰᠢᠨ ᠰᠠᠭᠤᠵᠤ ᠦᠢᠯᠡᠰ ᠪᠦᠲᠦᠭᠡᠬᠦ ᠳᠤ | ᠲᠣᠬᠢᠷᠠᠮᠵᠢᠲᠠᠢ ᠲᠦᠪᠰᠢᠨ ᠢ ᠳᠡᠭᠡᠭᠰᠢᠯᠡᠭᠦᠯᠦᠨ᠎ᠡ᠃ ᠬᠥᠮᠥᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠠᠷᠠᠳ ᠤᠨ ᠠᠮᠢᠳᠤᠷᠠᠯ ᠤᠨ ᠬᠤᠲᠠ ᠶᠢᠨ ᠪᠦᠳᠦᠬᠡᠨ ᠪᠠᠶᠢᠭᠤᠯᠤᠯᠲᠠ ᠶᠢᠨ ᠣᠶᠢᠯᠠᠭᠠᠭᠳᠠᠬᠤᠨ ᠢ ᠪᠠᠲᠤᠲᠠᠢ ᠪᠤᠢ ᠪᠣᠯᠭᠠᠵᠤ᠂ | ᠦᠢᠯᠡᠳᠪᠦᠷᠢᠯᠡᠯ ᠠᠮᠢᠳᠤᠷᠠᠯ ᠠᠮᠢ ᠠᠬᠤᠢ ᠶᠢ ᠬᠠᠷᠢᠯᠴᠠᠨ ᠠᠭᠤᠰᠤᠯᠴᠠᠭᠤᠯᠬᠤ ᠶᠢ ᠪᠠᠷᠢᠮᠲᠠᠯᠠᠵᠤ᠂ ︽ᠲᠠᠪᠤᠨ ᠬᠤᠲᠠ ᠶᠢ ᠵᠡᠷᠭᠡᠪᠡᠷ ᠡᠭᠦᠳᠬᠦ︾ ᠶᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠬᠤᠲᠠ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠲᠣᠭᠲᠠᠭᠠᠵᠤ᠂ ᠬᠤᠲᠠ ᠪᠠᠯᠭᠠᠰᠤᠨ ᠤ ᠴᠢᠳᠠᠪᠬᠢ ᠶᠢ | ᠲᠡᠭᠦᠯᠳᠡᠷᠵᠢᠭᠦᠯᠦᠨ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠣᠯᠠᠨ ᠲᠦᠮᠡᠨ ᠤ ᠠᠮᠢᠳᠤᠷᠠᠯ ᠢ ᠨᠡᠩ ᠳᠥᠭᠦᠮ᠂ ᠨᠡᠩ ᠲᠠᠭᠠᠯᠠᠮᠵᠢᠲᠠᠢ | ᠂ ᠨᠡᠩ ᠰᠠᠶᠢᠬᠠᠨ ᠪᠣᠯᠭᠠᠨ᠎ᠠ᠃ | ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠶᠢ ᠶᠡᠬᠡᠰᠬᠡᠵᠦ᠂ 160 ᠳ᠋ᠦᠩᠰᠢᠭᠤᠷ ᠲᠥᠭᠦᠷᠢᠭ ᠤᠨ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠲᠠᠪᠤᠨ ᠶᠡᠭᠡ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ | ᠨᠢᠭᠡ ᠳᠤ᠂ ᠪᠠᠶᠢᠰᠢᠩᠲᠤ ᠣᠷᠣᠨ ᠪᠠ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠢᠨᠵᠧᠨᠧᠷᠢᠩ᠃ 90 ᠲᠦᠮᠡᠨ | ᠲᠡᠭᠰᠢ ᠳᠥᠷᠪᠡᠯᠵᠢᠨ ᠮᠧᠲᠷ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ 52 ᠲᠦᠮᠡᠨ ᠲᠡᠭᠰᠢ ᠳᠥᠷᠪᠡᠯᠵᠢᠨ ᠮᠧᠲᠷ ᠤᠨ ᠪᠠᠶᠢᠰᠢᠩᠲᠤ ᠣᠷᠣᠨ ᠢ | ᠥᠭᠡᠷᠡᠴᠢᠯᠡᠵᠦ᠂ ᠡᠭᠦᠨ ᠳᠤ ᠯᠢᠨ ᠾᠧ ᠳᠤ ᠲᠤᠰ ᠪᠦᠷᠢ 60 ᠲᠦᠮᠡᠨ ᠲᠡᠭᠰᠢ ᠳᠥᠷᠪᠡᠯᠵᠢᠨ ᠮᠧᠲᠷ᠂ 30 ᠲᠦᠮᠡᠨ ᠲᠡᠭᠰᠢ ᠳᠥᠷᠪᠡᠯᠵᠢᠨ ᠮᠧᠲᠷ ᠤᠨ | ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠨ᠎ᠡ᠃ ᠬᠤᠶᠠᠷ ᠲᠤ᠂ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠢᠨᠵᠧᠨᠧᠷᠢᠩ᠃ | ︽ᠬᠥᠬᠡᠮᠳᠥᠭ ᠲᠩᠷᠢ︾ ᠶᠢᠨ ᠠᠵᠢᠯᠯᠠᠭ᠎ᠠ ᠶᠢ ᠥᠷᠨᠢᠭᠦᠯᠵᠦ᠂ ᠪᠦᠬᠦ ᠬᠤᠲᠠ ᠳᠤ ᠪᠠᠶᠢᠰᠢᠩᠲᠤ ᠣᠷᠣᠨ ᠳᠤ ᠲᠥᠪᠯᠡᠷᠡᠭᠦᠯᠦᠨ ᠢᠯᠴᠢ ᠬᠠᠩᠭᠠᠬᠤ ᠲᠠᠯᠠᠪᠠᠢ ᠶᠢ 61 | ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠡᠭᠦᠨ ᠳᠤ ᠯᠢᠨ ᠾᠧ ᠳᠤ 50 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠭᠦᠯᠵᠦ᠂ | ᠨᠡᠭᠦᠷᠡᠰᠦ ᠰᠢᠲᠠᠭᠠᠬᠤ ᠵᠢᠵᠢᠭ ᠭᠦᠸᠧᠯᠤ ᠶᠢ ᠪᠦᠬᠦᠨ ᠢ ᠨᠤᠷᠠᠭᠠᠨ ᠨᠡᠶᠢᠯᠡᠭᠦᠯᠵᠦ᠂ 5000 ᠡᠷᠦᠬᠡ ᠪᠠᠶᠢᠰᠢᠩᠲᠤ ᠣᠷᠣᠨ ᠤ ᠰᠠᠭᠤᠭᠠᠯᠢ ᠠᠷᠠᠳ ᠲᠤ ᠣᠷᠴᠢᠨ | ᠲᠣᠭᠤᠷᠢᠨ ᠢ ᠬᠠᠮᠠᠭᠠᠯᠠᠭᠰᠠᠨ ᠡᠨᠧᠷᠭᠢ ᠳᠤ ᠠᠷᠪᠢᠲᠠᠢ ᠵᠤᠤᠬ᠎ᠠ ᠶᠢ ᠰᠦᠢᠳᠬᠡᠯ ᠦᠭᠡᠢ ᠪᠠᠷ ᠰᠣᠯᠢᠵᠤ ᠥᠭᠭᠦᠨ᠎ᠡ᠃ ᠥᠪᠡᠷᠲᠡᠭᠡᠨ ᠵᠠᠰᠠᠬᠤ ᠣᠷᠣᠨ ᠠᠴᠠ | ᠪᠠᠭᠤᠯᠭᠠᠭᠰᠠᠨ ᠰᠢᠷ᠎ᠠ ᠢᠯᠡᠷᠬᠡᠶᠢᠯᠡᠯᠲᠦ ᠲᠡᠷᠭᠡ ᠪᠠ ᠬᠠᠭᠤᠴᠢᠨ ᠲᠡᠷᠭᠡ ᠶᠢ ᠰᠢᠷᠪᠢᠭᠳᠡᠭᠦᠯᠬᠦ ᠡᠭᠦᠷᠭᠡ ᠶᠢ ᠪᠡᠶᠡᠯᠡᠭᠦᠯᠵᠦ᠂ ᠡᠪᠦᠯ ᠤᠨ ᠤᠯᠠᠷᠢᠯ ᠤᠨ ᠪᠣᠬᠢᠷ ᠮᠠᠨᠠᠨ ᠪᠠ | ᠭᠤᠣᠯᠳᠠᠯᠭ᠎ᠠ ᠲᠠᠢ ᠠᠵᠢᠯ ᠲᠥᠷᠥᠯ ᠤᠨ ᠤᠲᠤᠭ᠎ᠠ ᠲᠣᠭᠤᠰᠣᠨ ᠤ ᠪᠣᠬᠢᠷᠲᠤᠯ ᠢ ᠵᠠᠰᠠᠵᠤ᠂ PM 2.5 ᠶᠢᠨ ᠥᠳᠬᠡᠴᠡ ᠶᠢ 3.5% ᠪᠠᠭᠤᠷᠠᠭᠤᠯᠬᠤ ᠪᠠᠷ | ᠴᠢᠷᠮᠠᠶᠢᠵᠤ᠂ ᠪᠦᠬᠦ ᠵᠢᠯ ᠤᠨ ᠰᠢᠯᠢᠳᠡᠭ ᠰᠠᠶᠢᠨ ᠠᠭᠤᠷ ᠠᠮᠢᠰᠬᠤᠯ ᠲᠠᠢ ᠡᠳᠥᠷ ᠤᠨ ᠲᠤᠭ᠎ᠠ ᠶᠢ 300 ᠡᠳᠦᠷ ᠠᠴᠠ ᠢᠯᠡᠭᠦᠦ ᠳᠤ ᠬᠦᠷᠭᠡᠨ᠎ᠡ᠃ ᠭᠤᠷᠪᠠ ᠳᠤ᠂ | ᠰᠠᠭᠤᠭᠠᠯᠢ ᠠᠷᠠᠳ ᠤᠨ ᠤᠤᠭᠤᠬᠤ ᠤᠰᠤᠨ ᠤ ᠪᠠᠲᠤᠯᠠᠭ᠎ᠠ ᠶᠢᠨ ᠢᠨᠵᠧᠨᠧᠷᠢᠩ᠃ ᠬᠠᠲᠤᠨ ᠭᠤᠣᠯ ᠤᠨ ᠤᠰᠤᠨ ᠤ ᠦᠢᠯᠡᠳᠪᠦᠷᠢ ᠶᠢ ᠦᠷᠭᠦᠯᠵᠢᠯᠡᠨ ᠪᠦᠲᠦᠭᠡᠨ | ᠪᠠᠶᠢᠭᠤᠯᠬᠤ ᠵᠢᠴᠢ ᠲᠥᠬᠦᠷᠵᠢᠭᠦᠯᠬᠦ ᠢᠨᠵᠧᠨᠧᠷᠢᠩ ᠢ ᠪᠡᠶᠡᠯᠡᠭᠦᠯᠵᠦ᠂ ᠡᠳᠥᠷ ᠤᠨ ᠤᠰᠤ ᠬᠠᠩᠭᠠᠬᠤ ᠴᠢᠳᠠᠪᠤᠷᠢ ᠶᠢ 10 ᠲᠦᠮᠡᠨ ᠲᠣᠨ ᠳᠤ ᠬᠦᠷᠭᠡᠵᠦ᠂ ᠣᠯᠠᠨ | ᠲᠦᠮᠡᠨ ᠳᠤ ᠰᠢᠯᠢᠳᠡᠭ ᠴᠢᠨᠠᠷ ᠤᠨ ᠬᠠᠲᠤᠨ ᠭᠤᠣᠯ ᠤᠨ ᠤᠰᠤ ᠤᠤᠭᠤᠯᠭᠠᠨ᠎ᠠ᠃ ᠳᠥᠷᠪᠡ ᠳᠤ᠂ ᠬᠤᠲᠠ ᠶᠢᠨ ᠵᠠᠮ ᠵᠡᠭᠡᠯᠢ ᠶᠢ ᠰᠢᠯᠤᠭᠤᠳᠬᠠᠬᠤ ᠢᠨᠵᠧᠨᠧᠷᠢᠩ᠃ | ᠪᠦᠬᠦ ᠬᠤᠲᠠ ᠳᠤ 91.2 ᠺᠢᠯᠣᠮᠧᠲᠷ ᠬᠤᠲᠠ ᠪᠠᠯᠭᠠᠰᠤᠨ ᠤ ᠵᠠᠮ ᠱᠤᠭᠤᠮ᠂ 59.4 ᠲᠦᠮᠡᠨ ᠲᠡᠭᠰᠢ ᠳᠥᠷᠪᠡᠯᠵᠢᠨ ᠮᠧᠲᠷ ᠤᠨ ᠵᠡᠭᠡᠯᠢ ᠠᠴᠠ ᠰᠠᠯᠪᠤᠷᠢᠯᠠᠭᠰᠠᠨ | ᠭᠤᠳᠤᠮᠵᠢ ᠶᠢ ᠰᠢᠨ᠎ᠡ ᠪᠠᠷ ᠪᠤᠶᠤ ᠥᠭᠡᠷᠡᠴᠢᠯᠡᠨ ᠪᠠᠶᠢᠭᠤᠯᠵᠤ᠂ ᠵᠢᠨᠴᠤᠸᠠᠨ ᠳᠠᠷᠳᠠᠩ ᠵᠠᠮ ᠤᠨ ᠤᠮᠠᠷᠠᠲᠤ ᠭᠠᠷᠬᠤ ᠠᠮᠠ᠂ ᠬᠤᠲᠠ ᠶᠢᠨ ᠲᠣᠭᠤᠷᠢᠭ ᠠᠴᠠ ᠴᠢᠩ | ᠴᠦᠨ ᠨᠠᠭᠤᠷ ᠤᠨ ᠦᠵᠡᠮᠵᠢ ᠶᠢᠨ ᠣᠷᠣᠨ ᠬᠦᠷᠬᠦ ᠪᠠᠷᠠᠭᠤᠨ ᠭᠠᠷᠬᠤ ᠠᠮᠠ᠂ ᠤᠷᠠᠳ ᠤᠨ ᠡᠮᠦᠨᠡᠲᠦ ᠬᠤᠰᠢᠭᠤᠨ ᠤ ᠪᠠᠷᠠᠭᠤᠨ ᠭᠠᠷᠬᠤ ᠠᠮᠠ᠂ ᠤᠷᠠᠳ ᠤᠨ | ᠳᠤᠮᠳᠠᠳᠤ ᠬᠤᠰᠢᠭᠤᠨ ᠤ ᠡᠮᠦᠨ᠎ᠡ ᠭᠠᠷᠬᠤ ᠠᠮᠠ ᠵᠡᠷᠭᠡ 15 ᠭᠠᠷᠴᠤ ᠣᠷᠣᠬᠤ ᠠᠮᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠣᠯᠠᠨ ᠲᠦᠮᠡᠨ ᠤ ᠭᠠᠷᠴᠤ | ᠣᠷᠣᠬᠤ ᠶᠢ ᠨᠥᠯᠥᠭᠡᠯᠡᠵᠦ ᠪᠠᠶᠢᠭ᠎ᠠ ᠪᠣᠷᠣᠲᠣᠬᠤᠢ ᠶᠡᠭᠡ ᠵᠡᠭᠡᠯᠢ᠂ ᠯᠢ ᠮᠢᠨ ᠵᠡᠭᠡᠯᠢ᠂ ᠴᠢᠩ ᠹᠧᠩ ᠵᠡᠭᠡᠯᠢ᠂ ᠱᠦᠸᠧ ᠹᠠᠩ ᠵᠠᠮ᠂ ᠮᠢᠨ ᠵᠦ ᠡᠮᠦᠨ᠎ᠡ ᠵᠠᠮ᠂ ᠹᠧᠩ | ᠵᠧᠦ ᠬᠤᠶᠢᠲᠤ ᠵᠠᠮ᠂ ᠳ᠋ᠧᠩᠺᠧᠦ ᠰᠢᠶᠠᠨ ᠤ ᠬᠠᠲᠤᠨ ᠭᠤᠣᠯ ᠪᠠᠷᠠᠭᠤᠨ ᠵᠡᠭᠡᠯᠢ᠂ ᠦᠶᠤᠸᠠᠨ ᠰᠢᠶᠠᠨ ᠤ ᠲᠤᠸᠠᠨ ᠵᠢᠶᠧ ᠪᠠᠷᠠᠭᠤᠨ ᠵᠠᠮ ᠵᠡᠷᠭᠡ ︽ᠮᠤᠬᠤᠷ ᠵᠠᠮ︾ ᠢ | ᠨᠡᠪᠲᠡᠷᠡᠭᠦᠯᠵᠦ᠂ ᠣᠯᠠᠨ ᠲᠦᠮᠡᠨ ᠤ ᠭᠠᠷᠴᠤ ᠣᠷᠣᠬᠤ ᠶᠢ ᠨᠡᠩ ᠳᠥᠭᠦᠮ ᠪᠣᠯᠭᠠᠨ᠎ᠠ᠃ ᠲᠠᠪᠤ ᠳᠤ᠂ ᠴᠡᠴᠡᠷᠯᠢᠭᠵᠢᠭᠦᠯᠦᠯᠲᠡ ᠨᠣᠭᠤᠭᠠᠷᠠᠭᠤᠯᠤᠯᠲᠠ ᠶᠢᠨ ᠲᠡᠰ | ᠲᠡᠪᠰᠢᠭᠦᠯᠬᠦ ᠢᠨᠵᠧᠨᠧᠷᠢᠩ᠃ ᠲᠣᠬᠢᠷᠠᠭᠰᠠᠨ ᠭᠠᠵᠠᠷ ᠲᠤ ᠲᠣᠬᠢᠷᠠᠮᠵᠢᠲᠠᠢ ᠮᠣᠳᠣ ᠲᠠᠷᠢᠬᠤ ᠶᠢ ᠪᠠᠷᠢᠮᠲᠠᠯᠠᠵᠤ᠂ ᠡᠪᠡᠳᠴᠢᠨ ᠬᠤᠷᠣᠬᠠᠢ ᠶᠢ ᠡᠰᠡᠷᠭᠦᠴᠡᠳᠡᠭ᠂ | ᠬᠤᠵᠢᠷ ᠳᠤ ᠳᠠᠭᠠᠭᠠᠴᠠᠲᠠᠢ ᠮᠣᠳᠣᠨ ᠤ ᠡᠭᠦᠯᠳᠡᠷ ᠢ ᠡᠩ ᠲᠡᠷᠢᠭᠦᠨ ᠳᠤ ᠰᠣᠩᠭᠤᠵᠤ᠂ ᠪᠤᠲᠠ ᠮᠣᠳᠣ ᠪᠠ ᠲᠤᠷᠤᠭ ᠮᠣᠳᠣ ᠶᠢ ᠤᠶᠠᠯᠳᠤᠭᠤᠯᠤᠨ᠂ ᠴᠡᠴᠡᠭ ᠪᠠ | ᠡᠪᠡᠰᠦ ᠶᠢ ᠠᠯᠠᠭᠯᠠᠭᠤᠯᠵᠤ᠂ ᠳᠥᠷᠪᠡᠨ ᠤᠯᠠᠷᠢᠯ ᠳᠤ ᠪᠦᠷ ᠨᠣᠭᠤᠭᠠᠨ ᠪᠠᠶᠢᠯᠭᠠᠵᠤ᠂ ᠨᠣᠭᠤᠭᠠᠷᠠᠭᠤᠯᠤᠯᠲᠠ ᠶᠢᠨ ᠳᠠᠪᠬᠤᠷᠭᠠᠲᠤ ᠰᠡᠷᠡᠭᠳᠡᠯ ᠪᠠ ᠥᠩᠭᠡ | ᠠᠯᠠᠭᠯᠠᠭᠰᠠᠨ ᠰᠡᠷᠡᠭᠳᠡᠯ ᠢ ᠳᠡᠭᠡᠭᠰᠢᠯᠡᠭᠦᠯᠦᠨ᠎ᠡ᠃ ᠬᠥᠯ ᠪᠥᠮᠪᠦᠭᠡ ᠶᠢᠨ ᠭᠤᠣᠯ ᠰᠡᠳᠥᠪᠲᠦ ᠴᠡᠴᠡᠷᠯᠢᠭ᠂ ᠤᠰᠤᠨ ᠤ ᠦᠵᠡᠮᠵᠢ ᠶᠢᠨ ᠴᠡᠴᠡᠷᠯᠢᠭ᠂ ᠹᠦ᠋ ᠶᠤᠸᠠᠨ | ᠴᠡᠴᠡᠷᠯᠢᠭ ᠵᠡᠷᠭᠡ ᠴᠡᠴᠡᠷᠯᠢᠭ ᠵᠤᠭᠠᠴᠠᠯ ᠤᠨ ᠬᠦᠷᠢᠶᠡᠯᠡᠩ ᠢ ᠰᠢᠨ᠎ᠡ ᠪᠠᠷ ᠪᠠᠶᠢᠭᠤᠯᠵᠤ᠂ ᠬᠤᠲᠠ ᠪᠠᠯᠭᠠᠰᠤᠨ ᠤ ᠴᠡᠴᠡᠷᠯᠢᠭᠵᠢᠭᠦᠯᠦᠯᠲᠡ ᠨᠣᠭᠤᠭᠠᠷᠠᠭᠤᠯᠤᠯᠲᠠ ᠶᠢᠨ | ᠲᠠᠯᠠᠪᠠᠢ ᠶᠢ ᠰᠢᠨ᠎ᠡ ᠪᠠᠷ 1800 ᠮᠦ ᠨᠡᠮᠡᠭᠳᠡᠭᠦᠯᠵᠦ᠂ ᠯᠢᠨ ᠾᠧ ᠶᠢᠨ ᠤᠷᠭᠤᠮᠠᠯ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠢᠨᠵᠧᠨᠧᠷᠢᠩ ᠢ ᠥᠨᠳᠥᠷ | ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠤᠯᠤᠰ ᠤᠨ ᠴᠡᠴᠡᠷᠯᠢᠭᠵᠢᠭᠰᠡᠨ ᠬᠤᠲᠠ ᠶᠢ ᠡᠭᠦᠳᠥᠨ ᠪᠠᠶᠢᠭᠤᠯᠵᠤ᠂ ︽ᠰᠢᠭᠤᠶᠢᠵᠢᠭᠰᠠᠨ ᠬᠤᠲᠠ︾ ᠶᠢᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠦᠨ᠎ᠡ᠃ | ᠲᠥᠪ ᠬᠤᠲᠠ ᠶᠢᠨ ᠲᠣᠭᠤᠷᠢᠭ ᠢ ᠡᠩ ᠲᠡᠷᠢᠭᠦᠨ ᠳᠤ ᠬᠥᠭᠵᠢᠭᠦᠯᠦᠨ᠎ᠡ᠃ ᠬᠤᠲᠠ ᠲᠣᠭᠤᠷᠢᠭ ᠢ ᠬᠠᠮᠲᠤᠪᠠᠷ ᠪᠠᠶᠢᠭᠤᠯᠬᠤ᠂ ᠭᠠᠵᠠᠷ ᠳᠡᠭᠡᠷᠡᠬᠢ ᠪᠠ ᠭᠠᠵᠠᠷ | ᠳᠣᠣᠷᠠᠬᠢ᠂ ᠰᠢᠨ᠎ᠡ ᠲᠣᠭᠤᠷᠢᠭ ᠪᠠ ᠬᠠᠭᠤᠴᠢᠨ ᠲᠣᠭᠤᠷᠢᠭ ᠢ ᠨᠢᠭᠡᠳᠥᠯᠲᠡᠢ ᠲᠥᠯᠥᠪᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠳᠠ᠂ ᠲᠥᠷᠥᠯ ᠵᠦᠢᠯ ᠤᠨ | ᠪᠠᠶᠢᠷᠢᠰᠢᠭᠤᠯᠤᠯᠳᠠ᠂ ᠪᠡᠯᠡ ᠮᠥᠩᠭᠦ ᠶᠢᠨ ᠣᠷᠣᠭᠤᠯᠤᠯᠳᠠ ᠵᠡᠷᠭᠡ ᠲᠠᠯ᠎ᠠ ᠪᠠᠷ ᠬᠡᠯᠪᠠᠶᠢᠯᠭᠡᠨ ᠳᠡᠮᠵᠢᠵᠤ᠂ ᠯᠢᠨ ᠾᠧ ᠲᠣᠭᠤᠷᠢᠭ ᠤᠨ ᠨᠥᠯᠥᠭᠡᠯᠡᠨ ᠳᠠᠶᠢᠴᠢᠯᠠᠬᠤ | ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠬᠤᠲᠠ ᠶᠢᠨ ᠲᠠᠯ᠎ᠠ ᠭᠠᠵᠠᠷ᠂ ᠬᠠᠲᠤᠨ ᠭᠤᠣᠯ ᠤᠨ ᠲᠠᠩ᠂ ᠳᠤᠮᠳᠠᠳᠤ ᠤᠯᠤᠰ ᠤᠨ ᠪᠠᠷᠠᠭᠤᠨ ᠬᠡᠰᠡᠭ ᠤᠨ ᠬᠠᠮᠤᠭ | ᠭᠤᠶᠢᠳᠠ ᠠᠮᠢ ᠠᠬᠤᠢ ᠶᠢᠨ ᠰᠡᠯᠡᠭᠦᠴᠡᠯ ᠵᠤᠭᠠᠴᠠᠯ ᠤᠨ ᠬᠠᠷᠠᠯᠲᠠ ᠶᠢᠨ ᠣᠷᠣᠨ ᠢ ᠪᠦᠲᠦᠭᠡᠨ ᠪᠠᠶᠢᠭᠤᠯᠬᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠣᠰᠣᠭᠠᠷ᠂ ︽ | ᠭᠤᠷᠪᠠᠨ ᠤ ᠨᠢᠭᠡ ᠬᠤᠪᠢ ᠶᠢᠨ ᠤᠰᠤ᠂ ᠭᠤᠷᠪᠠᠨ ᠤ ᠨᠢᠭᠡ ᠬᠤᠪᠢ ᠶᠢᠨ ᠨᠣᠭᠤᠭᠠᠨ᠂ ᠭᠤᠷᠪᠠᠨ ᠤ ᠨᠢᠭᠡ ᠬᠤᠪᠢ ᠶᠢᠨ ᠨᠡᠶᠢᠲᠡ ᠶᠢᠨ ᠪᠠᠷᠢᠯᠭ᠎ᠠ ᠪᠠ ᠰᠢᠨ᠎ᠠ ᠪᠠᠷ | ᠬᠦᠭᠵᠢᠭᠰᠡᠨ ᠠᠵᠤ ᠦᠢᠯᠡᠰ︾ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠪᠠᠷᠢᠮᠲᠠᠯᠠᠨ᠂ ᠱᠤᠸᠠᠩ ᠾᠧ ᠰᠢᠨ᠎ᠡ ᠲᠣᠭᠤᠷᠢᠭ ᠤᠨ ᠨᠡᠭᠡᠭᠡᠯᠲᠡ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠬᠢᠵᠠᠭᠠᠷᠯᠠᠬᠤ ᠴᠢᠨᠠᠷᠲᠠᠢ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠶᠢ ᠪᠡᠶᠡᠯᠡᠭᠦᠯᠦᠨ᠎ᠡ᠃ ᠰᠢᠶᠠᠨ ᠹᠧᠩ ᠰᠢᠨ᠎ᠡ ᠬᠥᠭᠦᠷᠭᠡ᠂ | ᠰᠢᠶᠠᠨ ᠹᠧᠩ ᠡᠮᠦᠨ᠎ᠡ ᠵᠠᠮ᠂ ᠶᠦᠨ ᠵᠦᠩ ᠶᠡᠭᠡ ᠵᠡᠭᠡᠯᠢ᠂ ᠴᠡᠯᠡᠭᠡᠷ ᠶᠡᠭᠡ ᠵᠡᠭᠡᠯᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠣᠷᠣᠲᠣᠬᠤᠢ ᠳᠡᠭᠡᠳᠦ | ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠡᠮᠦᠨ᠎ᠡ ᠭᠠᠷᠬᠤ ᠠᠮᠠ ᠪᠠ ᠬᠠᠲᠤᠨ ᠭᠤᠣᠯ ᠳᠠᠭᠠᠤ ᠶᠢᠨ | ᠵᠠᠰᠠᠮᠠᠯ ᠵᠠᠮ ᠤᠨ ᠵᠠᠯᠭᠠᠯᠲᠠ ᠱᠤᠭᠤᠮ ᠢ ᠨᠡᠪᠲᠡᠷᠡᠭᠦᠯᠵᠦ᠂ 10 ᠲᠡᠭᠰᠢ ᠳᠥᠷᠪᠡᠯᠵᠢᠨ ᠺᠢᠯᠣᠮᠧᠲᠷ ᠤᠨ ᠲᠥᠪ ᠲᠣᠭᠤᠷᠢᠭ ᠤᠨ ᠭᠤᠣᠯ ᠪᠣᠷᠣ ᠲᠥᠯᠥᠪ ᠢ | ᠪᠦᠷᠢᠯᠳᠥᠭᠦᠯᠦᠨ᠎ᠡ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ᠂ ᠥᠪᠥᠷ ᠮᠣᠩᠭᠤᠯ ᠤᠨ | ᠤᠷᠠᠯᠢᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠴᠠᠬᠢᠯᠭᠠᠨ ᠬᠦᠴᠦᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ ᠯᠢᠨ ᠡᠾᠧ — ᠱᠠᠮᠪᠠ ᠨᠢᠬᠡ ᠬᠤᠳᠠᠴᠢᠯᠠᠭᠰᠠᠨ ᠬᠦᠭᠵᠢᠯᠳᠡ ᠶᠢᠨ ᠲᠦᠯᠬᠢᠨ ᠠᠬᠢᠭᠤᠯᠤᠨ᠎ᠠ᠃ ᠲᠦᠷᠭᠡᠨ ᠤ ᠲᠡᠮᠦᠷ ᠵᠠᠮ ᠤᠨ | ᠱᠤᠭᠤᠮ ᠤᠨ ᠪᠠᠶᠢᠷᠢᠰᠢᠯᠠᠭᠤᠯᠤᠯᠳᠠ ᠪᠠ ᠥᠷᠲᠡᠭᠡᠨ ᠤ ᠰᠠᠭᠤᠷᠢᠰᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠵᠠᠮ ᠳᠠᠭᠠᠤ ᠵᠢᠴᠢ ᠣᠶᠢᠷ᠎ᠠ ᠬᠠᠪᠢ ᠶᠢᠨ | ᠬᠤᠲᠠ ᠪᠠᠯᠭᠠᠰᠤᠨ ᠤ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠦᠨ᠎ᠡ᠃ ᠲᠦᠷᠬᠡᠨ ᠤ ᠵᠠᠮ ᠤᠨ ᠠᠵᠤ ᠠᠬᠤᠢ ᠶᠢ ᠢᠳᠡᠪᠬᠢᠲᠡᠢ | ᠬᠦᠭᠵᠢᠬᠦᠯᠦᠨ᠎ᠠ᠃ | ᠬᠤᠲᠠ ᠶᠢᠨ ᠨᠠᠷᠢᠯᠢᠭᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ︽ᠲᠡᠭᠰᠢ ᠴᠡᠪᠡᠷ ᠰᠠᠭᠠᠳ ᠦᠭᠡᠢ ᠨᠡᠪᠲᠡᠷᠡᠬᠦ ᠡᠮᠬᠢ ᠵᠢᠷᠤᠮ ᠲᠠᠢ︾ ᠪᠠᠶᠢᠬᠤ | ᠬᠠᠷᠠᠯᠲᠠ ᠶᠢᠨ ᠲᠣᠭᠤᠷᠢᠨ ᠳᠤ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠠᠳᠠᠯ ᠠᠬᠤᠢ ᠶᠢᠨ ᠬᠠᠮᠢᠶᠠᠷᠤᠯᠲᠠ᠂ ᠲᠥᠪᠯᠡᠷᠡᠭᠦᠯᠦᠨ ᠢᠯᠴᠢ ᠬᠠᠩᠭᠠᠬᠤ᠂ | ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ ᠨᠢᠭᠡ ᠪᠦᠯᠦᠭ ᠪᠣᠳᠠᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ᠭᠠᠵᠠᠷ ᠰᠢᠷᠣᠢ ᠶᠢ ᠨᠥᠭᠡᠴᠡᠯᠡᠬᠦ ᠳᠦᠷᠢᠮ ᠢ ᠲᠡᠭᠦᠯᠳᠡᠷᠵᠢᠭᠦᠯᠵᠦ᠂ ᠰᠣᠯᠠ ᠭᠠᠵᠠᠷ ᠰᠢᠷᠣᠢ ᠶᠢ ᠬᠠᠤᠯᠢ ᠶᠣᠰᠣᠭᠠᠷ ᠴᠡᠪᠡᠷᠯᠡᠨ ᠠᠮᠢᠳᠤᠯᠢᠭᠵᠢᠭᠤᠯᠤᠨᠡ᠃ ᠥᠷᠭᠡᠨ | ᠣᠯᠠᠨ ᠬᠤᠲᠠ ᠶᠢᠨ ᠠᠷᠠᠳ ᠤᠨ ᠪᠣᠯᠪᠠᠰᠤᠨ ᠤ ᠤᠬᠠᠮᠰᠠᠷ ᠢ ᠴᠢᠩᠭᠠᠳᠬᠠᠨ᠂ ᠬᠠᠮᠲᠤᠪᠠᠷ ᠪᠠᠶᠢᠭᠤᠯᠬᠤ᠂ ᠬᠠᠮᠲᠤᠪᠠᠷ ᠬᠠᠮᠢᠶᠠᠷᠬᠤ᠂ ᠬᠠᠮᠲᠤᠪᠠᠷ ᠡᠳ᠋ᠯᠡᠬᠦ ᠬᠤᠲᠠ ᠶᠢᠨ | ᠬᠥᠭᠵᠢᠭᠦᠯᠦᠯᠲᠡ ᠶᠢᠨ ᠠᠭᠤᠷ ᠠᠮᠢᠰᠬᠤᠯ ᠢ ᠪᠦᠷᠢᠯᠳᠥᠭᠦᠯᠵᠦ᠂ ᠪᠦᠬᠦ ᠨᠡᠶᠢᠭᠡᠮ ᠤᠨ ᠪᠣᠯᠪᠠᠰᠤᠨ ᠤ ᠲᠦᠪᠰᠢᠨ ᠢ ᠳᠡᠭᠡᠭᠰᠢᠯᠡᠭᠦᠯᠦᠨ᠎ᠡ᠃ ᠪᠦᠬᠦ ᠤᠯᠤᠰ ᠤᠨ | ᠪᠣᠯᠪᠠᠰᠤᠨ ᠬᠤᠲᠠ ᠶᠢ ᠡᠭᠦᠳᠥᠨ ᠪᠠᠶᠢᠭᠤᠯᠬᠤ ᠡᠯ᠎ᠡ ᠲᠥᠷᠥᠯ ᠤᠨ ᠠᠵᠢᠯ ᠢ ᠰᠠᠶᠢᠲᠤᠷ ᠬᠢᠨ᠎ᠡ᠃ | ᠦᠵᠡᠰᠬᠦᠯᠡᠩᠲᠦ ᠰᠠᠶᠢᠬᠠᠨ ᠲᠣᠰᠬᠤᠨ ᠪᠠᠯᠭᠠᠰᠤ ᠶᠢ ᠪᠦᠲᠦᠭᠡᠨ ᠪᠠᠶᠢᠭᠤᠯᠤᠨ᠎ᠠ᠃ 23 ᠭᠤᠣᠯᠳᠠᠯᠭ᠎ᠠ ᠲᠠᠢ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ | ᠰᠠᠶᠢᠲᠤᠷ ᠠᠳᠬᠤᠵᠤ᠂ ᠣᠨᠴᠠᠯᠢᠭᠲᠤ ᠵᠢᠵᠢᠭ ᠪᠠᠯᠭᠠᠰᠤ ᠶᠢ ᠢᠳᠡᠪᠬᠢᠲᠡᠢ ᠡᠭᠦᠳᠥᠨ ᠪᠠᠶᠢᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠣᠷᠴᠢᠨ ᠲᠣᠭᠤᠷᠢᠨ ᠤ | ᠲᠣᠪᠤᠶᠢᠮ᠎ᠠ ᠠᠰᠠᠭᠤᠳᠠᠯ ᠢ ᠶᠡᠷᠦᠩᠬᠡᠶᠢᠯᠡᠨ ᠵᠠᠰᠠᠬᠤ ᠬᠦᠴᠦᠯᠡᠴᠡ ᠶᠢ ᠶᠡᠬᠡᠰᠬᠡᠵᠦ᠂ ᠪᠤᠵᠠᠷ ᠤᠰᠤ ᠶᠢ ᠴᠤᠭᠯᠠᠭᠤᠯᠬᠤ᠂ ᠬᠤᠭ ᠨᠣᠪᠰᠢ ᠶᠢ ᠰᠢᠢᠳᠪᠦᠷᠢᠯᠡᠬᠦ ᠵᠡᠷᠭᠡ | ᠲᠥᠬᠦᠭᠡᠷᠦᠮᠵᠢ ᠶᠢ ᠲᠥᠬᠦᠷᠵᠢᠭᠦᠯᠦᠨ ᠲᠡᠬᠦᠯᠳᠡᠷᠵᠢᠬᠦᠯᠦᠨ᠎ᠠ᠃ ᠠᠶᠢᠯ ᠲᠣᠰᠬᠤᠨ ᠢ ᠬᠠᠮᠢᠶᠠᠷᠤᠨ ᠳᠣᠳᠣᠮᠳᠠᠬᠤ ᠤᠷᠲᠤ ᠬᠤᠭᠤᠴᠠᠭᠠᠲᠤ ᠪᠦᠳᠤᠮᠵᠢᠳᠠᠢ | ᠲᠣᠭᠲᠠᠴᠠ ᠶᠢ ᠪᠦᠷᠢᠨᠰᠢᠭᠦᠯᠵᠦ᠂ ᠴᠡᠪᠡᠷ ᠲᠣᠬᠢᠯᠢᠭ᠂ ᠣᠷᠴᠢᠨ ᠲᠣᠭᠤᠷᠢᠨ ᠰᠢᠯᠢᠳᠡᠭ ᠰᠠᠶᠢᠨ ᠲᠠᠷᠢᠶᠠᠯᠠᠬᠤ ᠮᠠᠯᠵᠢᠬᠤ ᠣᠷᠣᠨ ᠢ ᠪᠠᠶᠠᠨᠨᠠᠭᠤᠷ ᠤᠨ ᠦᠵᠡᠰᠬᠦᠯᠡᠩᠲᠦ | ᠰᠠᠶᠢᠬᠠᠨ ᠦᠵᠡᠮᠵᠢ ᠪᠣᠯᠭᠠᠨ᠎ᠠ᠃ | ︵ᠵᠢᠷᠭᠤᠭ᠎ᠠ︶ ᠠᠮᠢ ᠠᠬᠤᠢ ᠶᠢ ᠡᠩ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠥᠬᠡᠮᠳᠥᠭ ᠠᠭᠤᠯᠠ ᠲᠤᠩᠭᠠᠯᠠᠭ ᠤᠰᠤ ᠪᠠᠨ ᠰᠠᠶᠢᠲᠤᠷ ᠬᠠᠮᠠᠭᠠᠯᠠᠬᠤ ᠪᠠᠷ | ᠬᠦᠴᠦᠯᠡᠨ᠎ᠡ᠃ ᠠᠮᠢ ᠠᠬᠤᠢ ᠪᠣᠯ ᠳᠠᠷᠤᠢ ᠡᠬᠢ ᠪᠠᠶᠠᠯᠢᠭ᠂ ᠦᠵᠡᠰᠬᠦᠯᠡᠩᠲᠦ ᠰᠠᠶᠢᠬᠠᠨ ᠪᠠᠶᠢᠬᠤ ᠪᠣᠯ ᠳᠠᠷᠤᠢ ᠥᠪ ᠬᠥᠷᠥᠩᠭᠡ ᠮᠥᠨ᠃ ᠪᠢᠳᠡ ᠥᠪᠡᠷ ᠤᠨ | ᠨᠢᠳᠦ ᠪᠠᠨ ᠬᠠᠮᠠᠭᠠᠯᠠᠬᠤ ᠮᠡᠲᠦ ᠪᠠᠷ ᠠᠮᠢ ᠠᠬᠤᠢ ᠶᠢ ᠬᠠᠮᠠᠭᠠᠯᠠᠬᠤ ᠭᠡᠷᠡᠭᠳᠡᠢ᠃ | ᠨᠤᠭᠤ ᠭᠠᠵᠠᠷ ᠤᠨ ᠬᠠᠮᠠᠭᠠᠯᠠᠯᠲᠠ ᠪᠠ ᠰᠡᠷᠭᠦᠭᠡᠯᠲᠡ ᠶᠢᠨ ᠬᠦᠴᠦᠯᠡᠴᠡ ᠶᠢ ᠶᠡᠬᠡᠰᠬᠡᠨ᠎ᠡ᠃ ︽ᠠᠮᠢ ᠠᠬᠤᠢ ᠶᠢᠨ ᠤᠰᠤ ᠨᠥᠬᠦᠪᠥᠷᠢᠯᠡᠬᠦ᠂ ᠪᠣᠬᠢᠷᠲᠤᠯ ᠤᠨ | ᠡᠬᠢ ᠶᠢ ᠬᠢᠵᠠᠭᠠᠷᠯᠠᠨ ᠪᠣᠬᠢᠷᠲᠤᠯ ᠢ ᠪᠠᠭᠠᠰᠬᠠᠬᠤ᠂ ᠰᠡᠷᠭᠦᠭᠡᠨ ᠵᠠᠰᠠᠬᠤ᠂ ᠡᠬᠢ ᠰᠤᠷᠪᠤᠯᠵᠢ ᠶᠢ ᠠᠰᠢᠭᠯᠠᠬᠤ᠂ ᠦᠷᠭᠦᠯᠵᠢᠯᠡᠨ ᠬᠥᠭᠵᠢᠭᠦᠯᠬᠦ︾ ᠰᠡᠳᠬᠢᠴᠡ ᠶᠣᠰᠣᠭᠠᠷ | ᠂ ᠤᠯᠠᠭᠠᠨᠰᠤᠬᠠᠢ ᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠶᠢ ᠲᠦᠷᠭᠡᠳᠬᠡᠵᠦ᠂ 2.5 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠢᠯᠡᠭᠦᠦ ᠤᠰᠤ | ᠨᠥᠬᠦᠬᠦ ᠶᠢ ᠪᠡᠶᠡᠯᠡᠭᠦᠯᠵᠦ᠂ ᠵᠠᠰᠠᠯᠲᠠ ᠶᠢᠨ ᠲᠥᠯᠥᠪᠵᠢᠭᠦᠯᠭᠡ ᠶᠢ ᠤᠯᠤᠰ ᠢᠶᠠᠷ ᠵᠥᠪᠰᠢᠶᠡᠷᠡᠭᠦᠯᠬᠦ ᠪᠠᠷ ᠴᠢᠷᠮᠠᠶᠢᠨ᠎ᠠ᠃ ᠤᠰᠤᠨ ᠤ ᠴᠢᠨᠠᠷ ᠢ ᠬᠢᠨᠠᠨ ᠬᠡᠮᠵᠢᠬᠦ 36 | ᠴᠡᠭ ᠢ ᠪᠦᠷ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠤᠯᠠᠭᠠᠨᠰᠤᠬᠠᠢ ᠨᠠᠭᠤᠷ ᠤᠨ ᠳᠡᠭᠡᠷ᠎ᠡ ᠳᠣᠣᠷ᠎ᠠ ᠤᠷᠤᠰᠬᠠᠯ ᠤᠨ ᠪᠣᠬᠢᠷᠲᠤᠯ ᠤᠨ ᠡᠬᠢ ᠶᠢ ᠬᠢᠨᠠᠨ | ᠬᠡᠮᠵᠢᠬᠦ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ ᠳᠤᠯᠠᠭᠠᠨ ᠨᠠᠭᠤᠷ᠂ ᠴᠢᠩ ᠴᠦᠨ ᠨᠠᠭᠤᠷ᠂ ᠵᠠᠩᠴᠢᠪ ᠤᠨ ᠰᠦᠮ᠎ᠡ ᠶᠢᠨ ᠨᠠᠭᠤᠷ᠂ ᠵᠢᠨᠴᠤᠸᠠᠨ | ᠨᠠᠭᠤᠷ ᠤᠨ ᠤᠮᠠᠷᠠᠰᠢ ᠦᠷᠭᠦᠯᠵᠢᠯᠡᠯ᠂ ᠬᠠᠩᠭᠢᠨ ᠬᠤᠶᠢᠲᠤ ᠬᠤᠰᠢᠭᠤᠨ ᠤ ᠤᠮᠠᠷᠠᠲᠤ ᠲᠡᠭᠦᠷᠭᠡ ᠶᠢᠨ ᠨᠤᠭᠤ ᠭᠠᠵᠠᠷ ᠵᠡᠷᠭᠡ ᠶᠢᠨ ᠢᠨᠵᠧᠨᠧᠷᠢᠩ ᠢ ᠬᠡᠷᠡᠭᠵᠢᠭᠦᠯᠵᠦ᠂ | ᠶᠦᠩ ᠴᠢᠩ ᠭᠤᠣᠯ ︵ᠤᠮᠠᠷᠠᠲᠤ ᠤᠰᠤᠨ ᠰᠤᠪᠠᠭ︶ ᠤᠨ ᠶᠡᠷᠦᠩᠬᠡᠶᠢᠯᠡᠭᠰᠡᠨ ᠵᠠᠰᠠᠯᠲᠠ ᠶᠢ 2.5 ᠺᠢᠯᠣᠮᠧᠲᠷ ᠪᠡᠶᠡᠯᠡᠭᠦᠯᠵᠦ᠂ ᠤᠷᠠᠳ ᠤᠨ ᠳᠤᠮᠳᠠᠳᠤ | ᠬᠤᠰᠢᠭᠤᠨ ᠤ ᠪᠠᠷᠠᠭᠤᠨ ᠭᠤᠣᠯ ᠤᠨ ᠬᠡᠪᠡᠯᠢ᠂ ᠤᠷᠠᠳ ᠤᠨ ᠬᠤᠶᠢᠲᠤ ᠬᠤᠰᠢᠭᠤᠨ ᠤ ᠵᠣᠴᠢᠨ ᠤᠭᠲᠤᠬᠤ ᠨᠠᠭᠤᠷ ᠵᠡᠷᠭᠡ ᠨᠤᠭᠤ ᠭᠠᠵᠠᠷ ᠪᠠ ᠤᠰᠤᠨ | ᠰᠢᠰᠲ᠋ᠧᠮ ᠤᠨ ᠢᠨᠵᠧᠨᠧᠷᠢᠩ ᠢ ᠥᠭᠡᠷᠡᠴᠢᠯᠡᠵᠦ᠂ 15 ᠨᠠᠭᠤᠷ ᠪᠦᠷᠢᠳᠦ ᠨᠤᠭᠤ ᠭᠠᠵᠠᠷ ᠢ ᠰᠡᠷᠭᠦᠭᠡᠵᠦ᠂ ︽ᠨᠢᠭᠡ ᠬᠤᠰᠢᠭᠤ ᠰᠢᠶᠠᠨ ᠨᠢᠭᠡ ᠨᠠᠭᠤᠷ ︵ᠨᠤᠭᠤ | ᠭᠠᠵᠠᠷ︶ ᠢ ᠰᠡᠷᠭᠦᠭᠡᠬᠦ︾ ᠬᠠᠷᠠᠯᠲᠠ ᠶᠢ ᠪᠡᠶᠡᠯᠡᠭᠦᠯᠵᠦ᠂ ᠪᠦᠬᠦ ᠬᠤᠳᠠ ᠳᠤ 3 ᠲᠦᠮᠡᠨ ᠮᠦ ᠨᠤᠭᠤ ᠭᠠᠵᠠᠷ ᠪᠠ ᠨᠠᠭᠤᠷ ᠴᠦᠬᠦᠷᠤᠮ ᠢ ᠰᠡᠷᠬᠦᠭᠡᠨ᠎ᠡ᠃ ᠬᠠᠳᠤᠨ | ᠭᠤᠤᠯ ᠤᠨ ᠵᠠᠰᠠᠮᠠᠯ ᠵᠠᠮ ᠤᠨ ᠳᠠᠭᠠᠤ ᠦᠶᠡᠷ ᠢ ᠰᠡᠷᠬᠡᠶᠢᠯᠡᠬᠦ ᠳᠠᠯᠠᠩ ᠢ ᠪᠠᠳᠤᠳᠬᠠᠬᠤ ᠪᠠ ᠬᠠᠵᠠᠭᠤ ᠬᠠᠪᠢ ᠶᠢᠨ ᠠᠮᠢ ᠠᠬᠤᠢ ᠶᠢᠨ ᠬᠠᠮᠠᠭᠠᠯᠠᠯᠳᠠ ᠶᠢᠨ | ᠢᠨᠵᠧᠨᠧᠷᠢᠩ ᠢ ᠬᠡᠷᠡᠭᠵᠢᠬᠦᠯᠦᠨ᠎ᠠ᠃ ︽ᠭᠤᠣᠯ ᠤᠨ ᠳᠠᠷᠤᠭ᠎ᠠ ᠶᠢᠨ ᠳᠦᠷᠢᠮ︾ ᠢ ᠯᠠᠪᠳᠠᠭᠤᠨ ᠢᠶᠠᠷ ᠨᠠᠶᠢᠳᠠᠪᠤᠷᠢᠵᠢᠭᠤᠯᠵᠤ᠂ ᠱᠠᠲᠤ ᠬᠡᠰᠡᠭ ᠬᠤᠪᠢᠶᠠᠨ ᠭᠤᠣᠯ ᠤᠨ | ᠳᠠᠷᠤᠭ᠎ᠠ ᠲᠣᠬᠢᠷᠠᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠭᠤᠣᠯ ᠮᠥᠷᠡᠨ | ᠨᠠᠭᠤᠷ ᠴᠥᠭᠦᠷᠥᠮ ᠤᠨ ᠠᠮᠢ ᠠᠬᠤᠢ ᠶᠢᠨ ᠴᠢᠳᠠᠪᠬᠢ ᠶᠢ ᠬᠠᠮᠠᠭᠠᠯᠠᠨ᠎ᠠ᠃ | ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠪᠦᠰᠡ ᠶᠢᠨ ᠵᠠᠰᠠᠯᠲᠠ ᠶᠢ ᠲᠦᠯᠬᠢᠨ ᠠᠬᠢᠭᠤᠯᠤᠨ᠎ᠠ᠃ ᠲᠠᠷᠢᠶᠠᠨ ᠭᠠᠵᠠᠷ ᠢ ᠠᠲᠠᠷᠰᠢᠭᠤᠯᠤᠨ ᠣᠢ ᠮᠣᠳᠣ | ᠡᠪᠡᠰᠦ ᠲᠠᠷᠢᠬᠤ ᠬᠦᠴᠦᠯᠡᠴᠡ ᠶᠢ ᠶᠡᠬᠡᠰᠬᠡᠵᠦ᠂ ᠪᠡᠭᠡᠵᠢᠩ ᠲᠢᠶᠠᠨᠵᠢᠨ ᠤ ᠡᠯᠡᠰᠦ ᠰᠠᠯᠬᠢᠨ ᠤ ᠡᠬᠢ ᠶᠢ ᠵᠠᠰᠠᠬᠤ᠂ ᠪᠠᠶᠢᠭᠠᠯᠢᠯᠢᠭ ᠣᠢ ᠶᠢᠨ ᠬᠠᠮᠠᠭᠠᠯᠠᠯᠲᠠ ᠵᠡᠷᠭᠡ | ᠪᠠᠶᠢᠭᠠᠯᠢᠯᠢᠭ ᠤᠢ ᠶᠢᠨ ᠬᠠᠮᠠᠭᠠᠯᠠᠯᠳᠠ ᠵᠡᠷᠭᠡ ᠢᠨᠵᠧᠨᠧᠷᠢᠩ ᠢ ᠬᠡᠷᠡᠭᠵᠢᠭᠦᠯᠵᠦ᠂ ︽ᠣᠶᠢᠵᠢᠭᠰᠠᠨ ᠨᠢᠰᠬᠡᠯ ᠤᠨ ᠪᠠᠭᠤᠳᠠᠯ︾᠂ ᠭᠤᠣᠯ ᠨᠡᠪᠲᠡᠷᠡᠬᠦ ᠵᠠᠮ᠂ ᠠᠶᠢᠯ | ᠲᠣᠰᠬᠤᠨ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠣᠢ᠂ ᠬᠤᠲᠠ ᠪᠠᠯᠭᠠᠰᠤ ᠶᠢᠨ ᠭᠠᠷᠴᠤ ᠣᠷᠣᠬᠤ ᠠᠮᠠ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ | ᠨᠣᠭᠤᠭᠠᠷᠠᠭᠤᠯᠤᠯᠲᠠ ᠶᠢ ᠲᠦᠯᠬᠢᠨ ᠠᠬᠢᠭᠤᠯᠵᠤ᠂ 90 ᠲᠦᠮᠡᠨ ᠮᠦ ᠶᠢᠨ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ | ᠠᠵᠤ ᠠᠬᠤᠢ ᠶᠢᠨ ᠣᠢ ᠶᠢ ᠰᠢᠨ᠎ᠡ ᠪᠠᠷ 2.2 ᠲᠦᠮᠡᠨ ᠮᠦ ᠨᠡᠮᠡᠭᠳᠡᠭᠦᠯᠦᠨ᠎ᠡ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠵᠦ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠭᠠᠮᠰᠢᠭ ᠥᠷᠭᠡᠳᠬᠦ ᠦᠭᠡᠢ ᠪᠠᠶᠢᠬᠤ ᠶᠢ ᠪᠡᠶᠡᠯᠡᠭᠦᠯᠦᠨ᠎ᠡ᠃ | ᠰᠢᠨ᠎ᠡ ᠨᠢᠭᠡ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠨᠦᠬᠦᠪᠤᠷᠢᠯᠡᠨ ᠱᠠᠩᠨᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠤᠯᠠᠭᠠᠨᠪᠤᠬ᠎ᠠ ᠶᠢᠨ ᠡᠯᠡᠰᠦᠨ ᠴᠥᠯ ᠤᠨ ᠵᠠᠰᠠᠯᠲᠠ ᠶᠢ ᠲᠦᠯᠬᠢᠨ ᠠᠬᠢᠭᠤᠯᠵᠤ᠂ ᠴᠠᠭᠠᠨ ᠭᠤᠶᠣᠣ᠂ ᠠᠷᠢᠬᠢ ᠨᠡᠷᠡᠬᠦ ᠦᠵᠦᠮ᠂ ᠬᠠᠷ᠎ᠠ ᠱᠢᠷᠦᠨ ᠤᠨᠵᠢᠯᠠᠭ᠎ᠠ ᠵᠡᠷᠭᠡ | 1 ᠲᠦᠮᠡᠨ ᠮᠦ ᠶᠢᠨ ᠡᠯᠡᠰᠦᠨ ᠤ ᠠᠵᠤ ᠦᠢᠯᠡᠰ ᠢ ᠰᠢᠨ᠎ᠡ ᠪᠠᠷ ᠨᠡᠮᠡᠭᠳᠡᠭᠦᠯᠦᠨ᠎ᠡ᠃ | ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠤᠨ ᠵᠠᠰᠠᠯᠳᠠ ᠶᠢ ᠴᠢᠩᠭᠠᠳᠬᠠᠨ᠎ᠠ᠃ | ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠡᠮᠬᠢ ᠳᠢᠭᠯᠢᠮ ᠢ ᠪᠦᠬᠦ ᠲᠠᠯ᠎ᠠ ᠪᠠᠷ ᠴᠡᠭᠴᠡᠯᠡᠬᠦ ᠪᠠ ᠳᠦᠷᠢᠮᠵᠢᠭᠦᠯᠵᠦ᠂ ᠠᠭᠤᠷᠬᠠᠢ ᠶᠢᠨ ᠭᠠᠵᠠᠷ ᠵᠦᠢ ᠶᠢᠨ | ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ ᠲᠦᠯᠬᠢᠨ ᠠᠬᠢᠭᠤᠯᠵᠤ᠂ ᠮᠤᠨᠠ ᠠᠭᠤᠯᠠ᠂ ᠤᠯᠠᠭᠠᠨ ᠬᠤᠳᠳᠤᠭ ᠠᠭᠤᠷᠬᠠᠢ ᠶᠢᠨ ᠣᠷᠣᠨ᠂ ᠮᠠᠯᠲᠠᠵᠤ ᠰᠣᠩᠭᠤᠬᠤ | ᠠᠵᠤ ᠠᠬᠤᠶᠢᠯᠠᠯ ᠤᠨ ᠬᠠᠶᠠᠭᠳᠠᠮᠠᠯ ᠬᠦᠳᠡᠷ ᠤᠨ ᠳᠠᠯᠠᠩ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠤ ᠵᠠᠰᠠᠯᠲᠠ ᠶᠢ ᠥᠷᠨᠢᠭᠦᠯᠦᠨ᠎ᠡ᠃ ᠡᠯ᠎ᠡ ᠲᠥᠷᠥᠯ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠰᠠᠶᠢᠲᠤᠷ ᠠᠳᠬᠤᠨ᠎ᠠ᠃ ᠬᠢᠮᠢ ᠶᠢᠨ ᠪᠣᠷᠳᠣᠭᠤᠷ ᠲᠠᠷᠢᠶᠠᠨ ᠡᠮ ᠤᠨ | ᠭᠡᠷᠡᠭᠯᠡᠯᠳᠡ ᠶᠢ ᠦᠯᠦ ᠨᠡᠮᠡᠭᠳᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠡᠰᠢ ᠰᠦᠷᠡᠯ᠂ ᠭᠠᠵᠠᠷ ᠤᠨ ᠪᠦᠷᠬᠦᠪᠴᠢ ᠵᠡᠷᠭᠡ ᠲᠠᠷᠢᠶᠠᠯᠠᠩ ᠤᠨ ᠬᠠᠶᠠᠭᠳᠠᠮᠠᠯ | ᠡᠳ᠋ ᠪᠣᠳᠠᠰ ᠢ ᠠᠰᠢᠭᠯᠠᠬᠤ ᠪᠠ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠪᠣᠬᠢᠷᠲᠤᠯ ᠤᠨ ᠵᠠᠰᠠᠯᠲᠠ ᠶᠢ ᠲᠦᠯᠬᠢᠨ ᠠᠬᠢᠭᠤᠯᠤᠨ᠎ᠠ᠃ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠳᠠ ᠶᠢᠨ ᠭᠡᠳᠡᠷᠭᠦ ᠲᠤᠰᠬᠠᠭᠰᠠᠨ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠶᠢ ᠰᠠᠶᠢᠲᠤᠷ ᠠᠳᠬᠤᠵᠤ᠂ ᠣᠯᠠᠨ | ᠲᠦᠮᠡᠨ ᠤ ᠲᠤᠰᠬᠠᠯ ᠴᠢᠩᠭ᠎ᠠ ᠪᠠᠶᠢᠭ᠎ᠠ ᠣᠷᠴᠢᠨ ᠲᠣᠭᠤᠷᠢᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠪᠢᠳᠡ ᠦᠷᠭᠦᠯᠵᠢᠯᠡᠨ ᠬᠦᠴᠦᠯᠡᠵᠦ᠂ ᠤᠳᠠᠭᠠᠨ | ᠳᠠᠭᠠᠭᠠᠮᠠᠭᠠᠢ ᠪᠠᠷ ᠠᠵᠢᠯᠯᠠᠵᠤ᠂ ᠪᠦᠬᠦ ᠤᠯᠤᠰ ᠤᠨ ᠠᠮᠢ ᠠᠬᠤᠢ ᠶᠢᠨ ᠪᠣᠯᠪᠠᠰᠤᠨ ᠢ ᠤᠷᠢᠳᠠᠪᠠᠷ ᠬᠥᠭᠵᠢᠭᠦᠯᠦᠭᠰᠡᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ | ᠪᠠᠶᠢᠭᠤᠯᠵᠤ᠂ ᠪᠠᠶᠠᠨᠨᠠᠭᠤᠷ ᠤᠨ ᠲᠩᠷᠢ ᠨᠢ ᠨᠡᠩ ᠴᠡᠩᠬᠡᠷ᠂ ᠭᠠᠵᠠᠷ ᠨᠢ ᠨᠡᠩ ᠨᠣᠭᠤᠭᠠᠨ᠂ ᠤᠰᠤ ᠨᠢ ᠨᠡᠩ ᠲᠤᠩᠭᠠᠯᠠᠭ᠂ ᠠᠭᠠᠷ ᠮᠠᠨᠳᠠᠯ ᠢ ᠨᠡᠩ ᠴᠡᠩᠭᠡᠭ ᠪᠣᠯᠭᠠᠨ᠎ᠠ | ᠃ | ︵ᠳᠣᠯᠤᠭ᠎ᠠ︶ ᠠᠷᠠᠳ ᠤᠨ ᠠᠮᠢᠳᠤᠷᠠᠯ ᠢᠶᠠᠷ ᠦᠨᠳᠥᠰᠦ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠦᠨᠡᠨ ᠬᠦ | ᠳᠡᠭᠡᠭᠰᠢᠯᠡᠭᠦᠯᠦᠨ᠎ᠡ᠃ ᠵᠣᠯ ᠵᠢᠷᠭᠠᠯᠲᠠᠢ ᠡᠩᠬᠡ ᠠᠮᠤᠭᠤᠯᠠᠩ ᠪᠠᠶᠢᠬᠤ ᠪᠣᠯ ᠠᠷᠠᠳ ᠤᠨ ᠰᠡᠳᠬᠢᠯ ᠤᠨ ᠬᠠᠨᠳᠤᠰᠢ ᠮᠥᠨ᠃ ᠠᠷᠠᠳ ᠤᠨ ᠠᠮᠢᠳᠤᠷᠠᠯ ᠤᠨ ᠳᠣᠣᠷ᠎ᠠ | ᠬᠢᠵᠠᠭᠠᠷ ᠢ ᠪᠠᠲᠤ ᠰᠠᠬᠢᠵᠤ᠂ ᠠᠷᠠᠳ ᠤᠨ ᠰᠡᠳᠬᠢᠯ ᠳᠤ ᠨᠡᠶᠢᠴᠡᠭᠰᠡᠨ᠂ ᠠᠷᠠᠳ ᠤᠨ ᠵᠣᠪᠠᠨᠢᠯ ᠢ ᠲᠠᠶᠢᠯᠤᠭᠰᠠᠨ᠂ ᠠᠷᠠᠳ ᠤᠨ ᠠᠰᠢᠭ ᠢ ᠨᠡᠮᠡᠭᠳᠡᠭᠦᠯᠦᠭᠰᠡᠨ ᠰᠠᠶᠢᠨ | ᠶᠠᠪᠤᠳᠠᠯ ᠪᠣᠳᠠᠲᠤ ᠶᠠᠪᠤᠳᠠᠯ ᠢ ᠢᠯᠡᠭᠦᠬᠡᠨ ᠬᠢᠵᠦ᠂ ᠣᠯᠠᠨ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠦᠨ᠎ᠡ᠃ | ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ | ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠭᠤᠣᠯᠳᠠᠯᠭ᠎ᠠ ᠶᠢᠨ | ᠳᠤᠮᠳᠠᠬᠢ ᠭᠤᠣᠯᠳᠠᠯᠭ᠎ᠠ ᠪᠣᠯᠭᠠᠵᠤ᠂ ᠲᠡᠷᠢᠭᠦᠨ ᠴᠢᠬᠤᠯᠠ ᠠᠵᠢᠯ ᠪᠠ ᠨᠢᠭᠡᠳᠥᠭᠡᠷ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠵᠤ᠂ ︽ᠣᠨᠢᠨ ᠳᠡᠭᠡᠷ᠎ᠡ ᠨᠢ | ᠶᠠᠳᠠᠭᠤ ᠶᠢ ᠲᠡᠳᠬᠦᠵᠦ᠂ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ︾ ᠦᠨᠳᠥᠰᠦᠨ ᠠᠷᠭ᠎ᠠ ᠪᠣᠳᠣᠯᠭ᠎ᠠ ᠶᠢ ᠭᠦᠨᠵᠡᠭᠡᠢ ᠲᠤᠤᠱᠯᠠᠭᠤᠯᠵᠤ᠂ ︽ᠲᠠᠪᠤᠨ | ᠨᠢᠭᠡ ᠪᠦᠯᠦᠭ᠂ ᠵᠢᠷᠭᠤᠭᠠᠨ ᠣᠨᠣᠪᠴᠢᠲᠠᠢ︾ ᠪᠠᠶᠢᠬᠤ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠬᠦᠨ ᠨᠡᠭᠡᠭᠡᠯᠲᠡ ᠬᠢᠬᠦ | ᠣᠷᠣᠭᠤᠯᠤᠯᠲᠠ ᠶᠢᠨ ᠬᠦᠴᠦᠯᠡᠴᠡ ᠶᠢ ᠶᠡᠬᠡᠰᠬᠡᠨ᠂ ᠭᠠᠳᠠᠭᠠᠳᠤ ᠠᠴᠠ ᠨᠢ ᠣᠯᠠᠨ ᠡᠰᠢᠵᠢᠬᠦᠯᠦᠭᠰᠡᠨ ᠶᠠᠳᠠᠭᠤ ᠶᠢ ᠲᠡᠳᠬᠦᠬᠦ ᠪᠣᠯᠤᠨ ᠳᠣᠲᠣᠭᠠᠳᠤ ᠳᠠᠭᠠᠨ | ᠥᠪᠡᠷ ᠢᠶᠠᠨ ᠶᠠᠳᠠᠭᠤ ᠠᠴᠠ ᠠᠩᠭᠢᠵᠢᠷᠠᠬᠤ ᠬᠠᠷᠢᠯᠴᠠᠨ ᠦᠢᠯᠡᠳᠤᠯᠴᠡᠬᠦ ᠲᠣᠭᠲᠠᠴᠠ ᠶᠢ ᠪᠦᠷᠢᠯᠳᠥᠭᠦᠯᠵᠦ᠂ 14171 ᠬᠦᠴᠢᠷᠳᠡᠯᠲᠡᠢ ᠬᠥᠮᠥᠨ ᠠᠮᠠ ᠶᠢ ᠪᠦᠬᠦᠨ ᠢ | ᠶᠠᠳᠠᠭᠤ ᠠᠴᠠ ᠠᠩᠭᠢᠵᠢᠷᠠᠭᠤᠯᠬᠤ ᠶᠢ ᠪᠠᠲᠤᠯᠠᠵᠤ᠂ ᠤᠷᠠᠳ ᠤᠨ ᠡᠮᠦᠨᠡᠲᠦ ᠬᠤᠰᠢᠭᠤᠨ ᠤ ᠶᠠᠳᠠᠭᠤ ᠮᠠᠯᠠᠭᠠᠢ ᠶᠢ ᠠᠪᠴᠤ ᠬᠠᠶᠠᠨ᠂ ᠣᠨᠢᠨ ᠳᠡᠭᠡᠷ᠎ᠡ ᠨᠢ ᠬᠦᠴᠦᠯᠡᠵᠦ᠂ | ᠦᠷᠭᠦᠯᠵᠢᠯᠡᠨ ᠬᠦᠴᠦᠯᠡᠵᠦ᠂ ᠶᠡᠷᠦ ᠪᠤᠰᠤ ᠶᠢᠨ ᠠᠷᠭ᠎ᠠ ᠪᠣᠳᠣᠯᠭ᠎ᠠ ᠪᠠᠷ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ | ᠲᠡᠮᠡᠴᠡᠨ ᠣᠯᠣᠨ᠎ᠠ᠃ | ᠠᠵᠢᠯ ᠣᠯᠭᠤᠯᠲᠠ ᠶᠢ ᠢᠳᠡᠪᠬᠢᠲᠡᠢ ᠥᠷᠭᠡᠳᠬᠡᠨ᠎ᠡ᠃ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠴᠢᠭᠯᠡᠭᠦᠯᠬᠦ ᠴᠢᠨᠠᠷ ᠪᠠ ᠠᠵᠢᠯ ᠣᠯᠭᠤᠯᠲᠠ ᠶᠢᠨ | ᠨᠣᠷᠮ᠎ᠠ ᠶᠢ ᠳᠡᠭᠡᠭᠰᠢᠯᠡᠭᠦᠯᠵᠦ᠂ ᠦᠢᠯᠡᠰ ᠪᠦᠲᠦᠭᠡᠬᠦ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠦᠢᠯᠡᠰ ᠪᠦᠲᠦᠭᠡᠬᠦ ᠪᠠᠳᠤᠯᠠᠭᠠᠳᠤ | ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠲᠠ ᠪᠠᠯᠭᠠᠰᠤᠨ ᠤ ᠠᠵᠢᠯ ᠣᠯᠭᠤᠯᠲᠠ ᠶᠢ ᠰᠢᠨ᠎ᠡ ᠪᠠᠷ 1.25 ᠲᠦᠮᠡ ᠨᠡᠮᠡᠭᠳᠡᠭᠦᠯᠵᠦ᠂ | 14.5 ᠲᠦᠮᠡᠨ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠶᠢᠨ ᠠᠵᠢᠯ ᠮᠡᠷᠭᠡᠵᠢᠯ ᠤᠨ ᠮᠡᠷᠭᠡᠵᠢᠯ | ᠴᠢᠳᠠᠪᠤᠷᠢ ᠶᠢᠨ ᠪᠣᠯᠪᠠᠰᠤᠷᠠᠯ ᠤᠨ ᠰᠠᠭᠤᠷᠢᠨ ᠭᠠᠵᠠᠷ ᠪᠠ ᠵᠢᠱᠢᠶ᠎ᠡ ᠦᠵᠡᠭᠦᠯᠬᠦ ᠴᠢᠨᠠᠷᠲᠠᠢ ᠶᠡᠷᠦᠩᠬᠡᠶᠢᠯᠡᠭᠰᠡᠨ ᠦᠢᠯᠡᠳᠥᠯᠭᠡ ᠶᠢᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠦᠨ᠎ᠡ᠃ ᠳᠠᠶᠠᠭᠠᠷ ᠡᠭᠦᠳᠬᠦ᠂ ᠳᠠᠶᠠᠭᠠᠷ ᠳᠠᠭᠠᠭᠠᠴᠢᠯᠠᠬᠤ᠂ ᠳᠠᠶᠠᠭᠠᠷ ᠲᠡᠳᠬᠦᠬᠦ᠂ ᠳᠠᠶᠠᠭᠠᠷ ᠬᠤᠷᠠᠮᠳᠤᠭᠤᠯᠬᠤ ᠵᠡᠷᠭᠡ ᠰᠢᠨ᠎ᠠ ᠵᠠᠭᠪᠤᠷ ᠢ | ᠬᠦᠴᠦᠲᠡᠢ ᠬᠥᠭᠵᠢᠭᠦᠯᠵᠦ᠂ ᠠᠵᠤ ᠠᠬᠤᠢ ᠶᠢᠨ ᠬᠥᠭᠵᠢᠯᠲᠡ ᠶᠢ ᠳᠡᠮᠵᠢᠨ ᠬᠠᠮᠲᠤ ᠳᠤᠨᠢ ᠡᠳ᠋ᠯᠡᠭᠦᠯᠵᠦ᠂ ᠳᠠᠶᠠᠭᠠᠷ ᠦᠢᠯᠡᠰ ᠪᠣᠰᠬᠠᠵᠤ᠂ ᠳᠠᠶᠠᠭᠠᠷ ᠰᠢᠨ᠎ᠡ ᠶᠢ | ᠡᠭᠦᠳᠬᠦ ᠬᠠᠯᠠᠭᠤᠨ ᠥᠷᠨᠢᠯᠲᠡ ᠶᠢ ᠪᠤᠢ ᠪᠣᠯᠭᠠᠵᠤ᠂ ᠬᠥᠮᠥᠨ ᠪᠣᠯᠭᠠᠨ ᠳᠤ ᠠᠵᠢᠯ ᠬᠢᠵᠦ ᠦᠢᠯᠡᠰ ᠪᠦᠲᠦᠭᠡᠬᠦ᠂ ᠬᠦᠰᠡᠯ ᠵᠡᠭᠦᠳᠦ ᠪᠠᠨ ᠪᠡᠶᠡᠯᠡᠭᠦᠯᠬᠦ᠂ ᠬᠥᠮᠥᠨ ᠤ | ᠠᠮᠢᠳᠤᠷᠠᠯ ᠤᠨ ᠭᠡᠷᠡᠯ ᠰᠠᠴᠤᠷᠠᠩᠭᠤᠢ ᠬᠠᠭᠤᠳᠠᠰᠤ ᠪᠠᠨ ᠪᠢᠴᠢᠭᠯᠡᠬᠦ ᠲᠣᠬᠢᠶᠠᠯ ᠣᠯᠭᠤᠬᠤ ᠪᠠᠷ ᠴᠢᠷᠮᠠᠶᠢᠨ᠎ᠠ᠃ | ᠨᠡᠶᠢᠭᠡᠮ ᠤᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠪᠦᠬᠦ ᠠᠷᠠᠳ ᠢ ᠳᠠᠭᠠᠳᠬᠠᠯ ᠳᠤ ᠣᠷᠣᠯᠴᠠᠭᠤᠯᠬᠤ ᠲᠥᠯᠥᠪᠯᠡᠭᠡ ᠶᠢ ᠨᠠᠶᠢᠳᠠᠪᠤᠷᠢᠵᠢᠭᠤᠯᠵᠤ | ᠂ ᠨᠡᠶᠢᠭᠡᠮ ᠤᠨ ᠳᠠᠭᠠᠳᠬᠠᠯ ᠤᠨ ᠪᠦᠷᠬᠦᠴᠡ ᠶᠢ ᠥᠷᠭᠡᠳᠬᠡᠵᠦ᠂ ᠨᠡᠩ ᠣᠯᠠᠨ ᠬᠤᠲᠠ ᠣᠷᠣᠵᠤ ᠠᠵᠢᠯ ᠬᠢᠵᠦ ᠪᠠᠶᠢᠭ᠎ᠠ ᠮᠠᠯᠴᠢᠨ ᠲᠠᠷᠢᠶᠠᠴᠢᠨ᠂ ᠴᠢᠯᠥᠭᠡᠲᠡᠢ ᠠᠵᠢᠯ | ᠬᠢᠵᠦ ᠪᠠᠶᠢᠭ᠎ᠠ ᠬᠥᠮᠥᠰ ᠢ ᠠᠵᠢᠯᠴᠢᠨ ᠤ ᠨᠠᠰᠤᠵᠢᠯ ᠤᠨ ᠳᠠᠭᠠᠳᠬᠠᠯ ᠳᠤ ᠣᠷᠣᠭᠤᠯᠤᠨ᠎ᠠ᠃ ᠬᠤᠲᠠ ᠬᠥᠳᠡᠭᠡ ᠶᠢᠨ ᠳᠣᠣᠷ᠎ᠠ ᠪᠠᠲᠤᠯᠠᠭ᠎ᠠ ᠶᠢᠨ ᠪᠦᠷᠬᠦᠴᠡ ᠶᠢ | ᠥᠷᠭᠡᠳᠬᠡᠵᠦ᠂ 4000 ᠬᠦᠴᠢᠷᠳᠡᠯᠲᠡᠢ ᠮᠠᠯᠴᠢᠨ ᠲᠠᠷᠢᠶᠠᠴᠢᠨ ᠢ ᠳᠣᠣᠷ᠎ᠠ ᠪᠠᠲᠤᠯᠠᠭ᠎ᠠ ᠶᠢᠨ ᠬᠡᠪᠴᠢᠶᠡᠨ ᠳᠤ ᠰᠢᠨ᠎ᠡ ᠪᠠᠷ ᠣᠷᠣᠭᠤᠯᠤᠨ᠎ᠠ᠃ ᠵᠡᠮᠳᠡᠭᠴᠦᠳ ᠤᠨ | ᠠᠮᠢᠳᠤᠷᠠᠯ᠂ ᠠᠵᠢᠯ ᠣᠯᠭᠤᠯᠲᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠬᠦᠴᠢᠷᠳᠡᠯᠲᠡᠢ ᠭᠡᠷ ᠪᠦᠯᠢ ᠶᠢᠨ ᠬᠦᠨᠳᠦ ᠡᠪᠡᠳᠴᠢᠨ ᠢ ᠠᠪᠤᠷᠠᠨ ᠲᠤᠰᠠᠯᠠᠬᠤ | ᠬᠦᠴᠦᠯᠡᠴᠡ ᠶᠢ ᠶᠡᠬᠡᠰᠬᠡᠵᠦ᠂ ᠬᠤᠲᠠ ᠶᠢᠨ ᠶᠡᠷᠦᠩᠬᠡᠶᠢᠯᠡᠭᠰᠡᠨ ᠨᠠᠰᠤᠲᠠᠶᠢᠴᠤᠳ ᠢ ᠠᠰᠠᠷᠠᠨ ᠬᠠᠷᠠᠭᠠᠯᠵᠠᠬᠤ ᠬᠦᠷᠢᠶᠡᠯᠡᠩ ᠢ ᠪᠠᠶᠢᠭᠤᠯᠤᠨ᠎ᠠ᠃ ᠬᠤᠲᠠ ᠶᠢᠨ ᠪᠣᠷᠣ | ᠭᠡᠷᠲᠦ ᠲᠣᠭᠤᠷᠢᠭ ᠤᠨ ᠥᠭᠡᠷᠡᠴᠢᠯᠡᠯᠲᠡ ᠶᠢ 5000 ᠢᠵᠢ ᠡᠬᠢᠯᠡᠨ ᠪᠦᠲᠦᠭᠡᠨ ᠪᠠᠶᠢᠭᠤᠯᠵᠤ᠂ 3169 ᠢᠵᠢ ᠶᠢ ᠦᠨᠳᠥᠰᠦᠨ ᠳᠡᠭᠡᠨ ᠪᠠᠶᠢᠭᠤᠯᠵᠤ ᠳᠠᠭᠤᠰᠬᠠᠨ᠎ᠠ | ᠃ | ᠠᠷᠠᠳ ᠲᠦᠮᠡᠨ ᠬᠠᠨᠤᠮᠵᠢᠲᠠᠢ ᠰᠤᠷᠭᠠᠨ ᠬᠥᠮᠥᠵᠢᠯ ᠢ ᠰᠠᠶᠢᠲᠤᠷ ᠡᠷᠬᠢᠯᠡᠨ᠎ᠡ᠃ ᠭᠤᠷᠪᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠥᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠡᠬᠢᠯᠡᠭᠦᠯᠵᠦ᠂ ᠰᠤᠮᠤ ᠰᠢᠶᠠᠩ ᠪᠠᠯᠭᠠᠰᠤ ᠶᠢᠨ ᠪᠠᠷᠢᠮᠵᠢᠶᠠᠵᠢᠭᠰᠠᠨ ᠭᠤᠣᠯ ᠬᠡᠦᠬᠡᠳ ᠤᠨ | ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠪᠠᠷᠢᠮᠵᠢᠶᠠᠵᠢᠭᠰᠠᠨ ᠰᠤᠷᠭᠠᠭᠤᠯᠢ ᠶᠢᠨ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠯᠢᠨ ᠾᠧ᠂ ᠤᠷᠠᠳ ᠤᠨ ᠡᠮᠦᠨᠡᠲᠦ ᠬᠤᠰᠢᠭᠤ᠂ ᠦᠶᠤᠸᠠᠨ ᠰᠢᠶᠠᠨ ᠤᠯᠤᠰ ᠤᠨ ᠠᠯᠪᠠᠨ ᠵᠢᠷᠤᠮ ᠤᠨ ᠰᠤᠷᠭᠠᠨ | ᠬᠥᠮᠥᠵᠢᠯ ᠤᠨ ᠲᠡᠩᠴᠡᠭᠦᠷᠢᠲᠤ ᠬᠥᠭᠵᠢᠯᠳᠡ ᠶᠢᠨ ᠰᠢᠯᠭᠠᠨ ᠠᠪᠤᠯᠳᠠ ᠶᠢ ᠦᠡᠭᠭᠡᠷᠡᠬᠦᠯᠦᠨᠡ᠃ ᠬᠤᠲᠠ ᠶᠢᠨ ᠰᠢᠭᠤᠳ ᠬᠠᠷᠢᠶ᠎ᠠ ᠦᠨᠳᠥᠰᠦᠲᠡᠨ ᠤ ᠰᠤᠷᠭᠠᠨ | ᠬᠥᠮᠥᠵᠢᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠠᠷᠠᠳ ᠠᠴᠠ ᠡᠷᠬᠢᠯᠡᠭᠰᠡᠨ ᠰᠤᠷᠭᠠᠨ ᠬᠥᠮᠥᠵᠢᠯ ᠤᠨ ᠬᠥᠭᠵᠢᠯᠲᠡ ᠶᠢ ᠳᠡᠮᠵᠢᠬᠦ | ᠪᠠ ᠳᠦᠷᠢᠮᠵᠢᠭᠦᠯᠵᠦ᠂ ᠦᠷᠭᠦᠯᠵᠢᠯᠡᠯ ᠰᠤᠷᠭᠠᠨ ᠬᠥᠮᠥᠵᠢᠯ ᠪᠠ ᠣᠨᠴᠠᠭᠠᠢ ᠰᠤᠷᠭᠠᠨ ᠬᠥᠮᠥᠵᠢᠯ ᠤᠨ ᠰᠤᠷᠭᠠᠭᠤᠯᠢ ᠡᠷᠬᠢᠯᠡᠬᠦ ᠲᠦᠪᠰᠢᠨ ᠢ ᠳᠡᠭᠡᠭᠰᠢᠯᠡᠭᠦᠯᠦᠨ᠎ᠡ᠃ | ᠰᠤᠷᠭᠠᠨ ᠬᠥᠮᠥᠵᠢᠯ ᠢᠶᠠᠷ ᠰᠢᠶᠠᠨ ᠢᠶᠠᠨ ᠬᠦᠴᠦᠷᠬᠡᠭᠵᠢᠭᠦᠯᠬᠦ ᠢᠨᠵᠧᠨᠧᠷᠢᠩ ᠢ ᠡᠬᠢᠯᠡᠭᠦᠯᠦᠨ᠎ᠡ᠃ | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠰᠢᠨ᠎ᠡ ᠶᠢ ᠡᠭᠦᠳᠬᠦ | ᠰᠣᠶᠣᠯ ᠢ ᠬᠦᠴᠦᠲᠡᠢ ᠪᠠᠳᠠᠷᠠᠭᠤᠯᠵᠤ᠂ ᠪᠦᠬᠦ ᠨᠡᠶᠢᠭᠡᠮ ᠤᠨ ᠰᠢᠨ᠎ᠡ ᠶᠢ ᠡᠭᠦᠳᠴᠦ ᠦᠢᠯᠡᠰ ᠪᠦᠲᠦᠭᠡᠬᠦ ᠢᠳᠡᠪᠬᠢᠵᠢᠯ ᠢ ᠳᠠᠶᠢᠴᠢᠯᠠᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠠᠬᠤᠶᠢᠯᠠᠯ ᠢ ᠪᠤᠶᠢᠵᠢᠭᠤᠯᠬᠤ ᠰᠠᠭᠤᠷᠢᠨ ᠪᠠ ᠳᠠᠶᠠᠭᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠠᠬᠢᠭᠤᠯᠤᠨ᠎ᠠ᠃ ᠴᠢᠳᠠᠪᠤᠷᠢᠲᠠᠨ ᠢ ᠬᠥᠮᠥᠵᠢᠭᠦᠯᠵᠦ ᠲᠠᠲᠠᠨ ᠣᠷᠣᠭᠤᠯᠬᠤ | ᠬᠦᠴᠦᠯᠡᠴᠡ ᠶᠢ ᠶᠡᠬᠡᠰᠬᠡᠵᠦ᠂ ᠡᠮᠴᠢᠯᠡᠭᠡᠨ᠂ ᠰᠤᠷᠭᠠᠨ ᠬᠥᠮᠥᠵᠢᠯ᠂ ᠮᠡᠷᠭᠡᠵᠢᠯ ᠤᠨ ᠰᠤᠳᠤᠯᠭᠠᠨ ᠵᠡᠷᠭᠡ ᠲᠠᠯ᠎ᠠ ᠪᠠᠷ ᠨᠡᠩ ᠣᠯᠠᠨ ᠥᠨᠳᠥᠷ ᠳᠡᠰ ᠤᠨ | ᠴᠢᠳᠠᠪᠤᠷᠢᠲᠠᠨ ᠢ ᠲᠠᠲᠠᠨ ᠣᠷᠣᠭᠤᠯᠤᠨ᠎ᠠ᠃ | ᠡᠷᠡᠭᠦᠯ ᠡᠩᠬᠡ ᠪᠠᠶᠠᠨᠨᠠᠭᠤᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠢ ᠬᠦᠴᠦᠲᠡᠢ ᠬᠥᠭᠵᠢᠭᠦᠯᠵᠦ | ᠂ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ︽ᠮᠣᠩᠭᠤᠯ ᠬᠢᠲᠠᠳ ᠡᠮ ᠡᠮᠨᠡᠯᠭᠡ ᠶᠢ ᠲᠦᠮᠡᠨ ᠡᠷᠦᠬᠡ ᠳᠤ ᠣᠷᠣᠭᠤᠯᠬᠤ︾ ᠠᠵᠢᠯᠯᠠᠭ᠎ᠠ ᠶᠢ | ᠬᠡᠷᠡᠭᠵᠢᠭᠦᠯᠦᠨ᠎ᠡ᠃ ᠡᠮᠴᠢᠯᠡᠬᠦ ᠪᠠ ᠰᠤᠪᠢᠯᠠᠬᠤ ᠶᠢ ᠤᠶᠠᠯᠳᠤᠭᠤᠯᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠭᠡᠷ ᠪᠦᠯᠢ ᠶᠢᠨ ᠡᠮᠴᠢ ᠭᠡᠷ᠎ᠡ ᠲᠣᠭᠲᠠᠨ | ᠦᠢᠯᠡᠴᠢᠯᠡᠬᠦ ᠶᠢ ᠠᠬᠢᠭᠤᠯᠵᠤ᠂ ᠭᠤᠣᠯᠳᠠᠯᠭ᠎ᠠ ᠲᠠᠢ ᠬᠥᠮᠥᠰ ᠲᠠᠢ ᠭᠡᠷ᠎ᠡ ᠲᠣᠭᠲᠠᠨ ᠦᠢᠯᠡᠴᠢᠯᠡᠬᠦ ᠨᠣᠷᠮ᠎ᠠ ᠶᠢ 100% ᠲᠤ ᠬᠦᠷᠭᠡᠨ᠎ᠡ᠃ | ᠲᠥᠷᠥᠯᠲᠡ ᠶᠢᠨ ᠭᠡᠮ ᠰᠣᠭᠤᠭ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠲᠥᠷᠥᠭᠰᠡᠨ ᠬᠥᠮᠥᠨ ᠠᠮᠠ ᠶᠢᠨ ᠬᠡᠪ ᠴᠢᠨᠠᠷ ᠢ | ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠵᠦ᠂ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠦᠨ᠎ᠡ᠃ | ᠰᠣᠶᠣᠯ ᠤᠨ ᠴᠡᠴᠡᠭᠯᠡᠯ ᠬᠦᠭᠵᠢᠯᠳᠡ ᠢ ᠠᠬᠢᠭᠤᠯᠤᠨ᠎ᠠ᠃ ᠰᠣᠶᠣᠯ ᠤᠨ ᠹᠷᠣᠨᠲ ᠤᠨ ᠪᠦᠲᠦᠭᠡᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ | ᠰᠣᠶᠣᠯ ᠤᠨ ᠡᠭᠦᠳᠥᠨ ᠪᠦᠲᠦᠭᠡᠯᠲᠡ ᠶᠢ ᠴᠡᠴᠡᠭᠯᠡᠬᠦᠯᠵᠤ᠂ ᠲᠣᠮᠣ ᠬᠡᠯᠪᠡᠷᠢ ᠶᠢᠨ ᠪᠠᠷᠢᠮᠲᠠᠲᠤ ᠺᠢᠨᠣ᠋ ︽ᠬᠤᠨ ᠭᠠᠯᠠᠭᠤ︾ ᠵᠡᠷᠭᠡ ᠨᠢᠭᠡ ᠪᠦᠯᠦᠭ ᠰᠣᠶᠣᠯ ᠤᠨ | ᠪᠦᠲᠦᠭᠡᠯ ᠢ ᠪᠦᠲᠦᠭᠡᠨ ᠭᠠᠷᠭᠠᠨ᠎ᠠ᠃ ᠰᠢᠨ᠎ᠡ ᠬᠡᠯᠪᠡᠷᠢ ᠶᠢᠨ ᠰᠣᠶᠣᠯ ᠤᠨ ᠡᠵᠡᠩᠨᠡᠯᠲᠡ ᠶᠢᠨ ᠠᠷᠭ᠎ᠠ ᠶᠢ ᠲᠦᠷᠭᠡᠳᠬᠡᠨ ᠪᠤᠶᠢᠵᠢᠭᠤᠯᠵᠤ᠂ ᠪᠠᠭ᠎ᠠ ᠵᠢᠵᠢᠭ ᠰᠣᠶᠣᠯ ᠤᠨ | ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠪᠠ ᠬᠥᠲᠥᠯᠦᠨ ᠵᠢᠯᠣᠭᠤᠳᠤᠨ᠎ᠠ᠃ ᠡᠯ᠎ᠡ ᠲᠥᠷᠥᠯ ᠤᠨ ᠲᠣᠮᠣ ᠬᠡᠯᠪᠡᠷᠢ ᠶᠢᠨ ᠰᠣᠶᠣᠯ ᠤᠨ ᠠᠵᠢᠯᠯᠠᠭ᠎ᠠ ᠶᠢ ᠳᠡᠮᠵᠢᠬᠦ | ᠪᠠ ᠵᠣᠬᠢᠶᠠᠨ ᠪᠠᠶᠢᠭᠤᠯᠵᠤ᠂ ᠪᠣᠷᠣᠲᠣᠬᠤᠢ ᠰᠣᠶᠣᠯ ᠤᠷᠠᠯᠢᠭ ᠤᠨ ᠨᠠᠶᠢᠷ ᠢ ᠡᠷᠬᠢᠯᠡᠵᠦ᠂ ᠳᠤᠮᠳᠠᠳᠤ ᠮᠣᠩᠭᠤᠯ ᠣᠷᠣᠰ ᠤᠨ ᠬᠠᠳᠠᠨ ᠰᠡᠶᠢᠯᠦᠮᠡᠯ ︵ᠵᠢᠷᠤᠭ︶ ᠤᠨ | ᠰᠣᠶᠣᠯ ᠤᠨ ᠭᠤᠳᠤᠮ ᠤᠨ ᠪᠠᠶᠢᠭᠤᠯᠤᠯᠲᠠ ᠶᠢ ᠲᠦᠷᠭᠡᠳᠬᠡᠵᠦ᠂ ᠳᠤᠮᠳᠠᠳᠤ ᠮᠣᠩᠭᠤᠯ ᠣᠷᠣᠰ ᠤᠨ ᠣᠯᠠᠨ ᠤᠯᠤᠰ ᠤᠨ ᠬᠠᠳᠠᠨ ᠰᠡᠶᠢᠯᠦᠮᠡᠯ ︵ᠵᠢᠷᠤᠭ︶ ᠤᠨ | ᠤᠷᠠᠯᠢᠭ ᠤᠨ ᠪᠦᠲᠦᠭᠡᠯ ᠤᠨ ︽ᠬᠤᠣᠰ ᠵᠢᠯ ᠤᠨ ᠦᠵᠡᠭᠦᠯᠦᠯᠭᠡ︾᠂ ᠳᠤᠮᠳᠠᠳᠤ ᠮᠣᠩᠭᠤᠯ ᠤᠨ ᠰᠣᠶᠣᠯ ᠤᠨ ᠰᠣᠯᠢᠯᠴᠠᠭᠠᠨ ᠤ ᠭᠠᠷᠠᠭ ᠵᠡᠷᠭᠡ ᠠᠵᠢᠯᠯᠠᠭ᠎ᠠ ᠶᠢ | ᠰᠠᠶᠢᠲᠤᠷ ᠡᠷᠬᠢᠯᠡᠨ᠎ᠡ᠃ ᠮᠤᠨᠠ ᠠᠭᠤᠯᠠ ᠶᠢᠨ ᠬᠠᠳᠠᠨ ᠰᠡᠶᠢᠯᠦᠮᠡᠯ ︵ᠵᠢᠷᠤᠭ︶ ᠢ ᠲᠡᠯᠡᠭᠡᠢ ᠶᠢᠨ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠠᠵᠢᠯ ᠢ | ᠰᠠᠶᠢᠲᠤᠷ ᠬᠢᠨ᠎ᠡ᠃ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠬᠤᠰᠢᠭᠤ ᠰᠢᠶᠠᠨ ᠲᠣᠭᠤᠷᠢᠭ ᠪᠣᠯᠭᠠᠨ ᠳᠤ ᠨᠠᠭᠠᠳᠤ ᠵᠠᠬ᠎ᠠ ᠳᠠᠭᠠᠨ ᠨᠢᠭᠡ | ᠪᠠᠷᠢᠮᠵᠢᠶᠠᠵᠢᠭᠰᠠᠨ ᠬᠥᠯ ᠪᠥᠮᠪᠦᠭᠡ ᠶᠢᠨ ᠲᠠᠯᠠᠪᠤᠷ ᠪᠠᠶᠢᠭᠤᠯᠵᠤ᠂ ᠰᠤᠷᠭᠠᠭᠤᠯᠢ ᠪᠣᠯᠭᠠᠨ ᠳᠤ ᠨᠢᠭᠡ ᠬᠥᠯ ᠪᠥᠮᠪᠦᠭᠡ ᠶᠢᠨ ᠲᠠᠯᠠᠪᠤᠷ ᠪᠠᠶᠢᠭᠤᠯᠤᠨ᠎ᠠ᠃ ᠶᠠᠷᠢᠶ᠎ᠠ | ᠭᠡᠯᠡᠯᠴᠡᠭᠡᠨ ᠤ ᠵᠥᠪ ᠲᠠᠯ᠎ᠠ ᠶᠢᠨ ᠤᠬᠠᠭᠤᠯᠭ᠎ᠠ ᠵᠢᠯᠣᠭᠤᠳᠤᠯᠭ᠎ᠠ ᠶᠢ ᠴᠢᠩᠭᠠᠳᠬᠠᠵᠤ᠂ ᠤᠯᠠᠮᠵᠢᠯᠠᠯᠲᠤ ᠵᠠᠭᠤᠴᠢᠯᠠᠭᠤᠷ ᠪᠣᠯᠤᠨ ᠰᠢᠨ᠎ᠡ ᠵᠠᠭᠤᠴᠢᠯᠠᠭᠤᠷ ᠤᠨ | ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠠᠶᠠᠨᠨᠠᠭᠤᠷ ᠤᠨ ᠰᠣᠨᠢᠨ ᠮᠡᠳᠡᠭᠡᠨ ᠤ ᠰᠦᠯᠵᠢᠶ᠎ᠡ᠂ ︽ᠠᠯᠠᠭᠠᠨ ᠳᠡᠭᠡᠷᠡᠬᠢ ᠪᠠᠶᠠᠨᠨᠠᠭᠤᠷ︾᠂ ︽ᠪᠣᠷᠣᠲᠣᠬᠤᠢ ᠶᠢᠨ | ᠪᠢᠴᠢᠯ ᠵᠠᠭᠤᠴᠢᠯᠠᠭᠤᠷ︾ ᠵᠡᠷᠭᠡ ᠰᠢᠨ᠎ᠡ ᠵᠠᠭᠤᠴᠢᠯᠠᠭᠤᠷ ᠤᠨ ᠨᠥᠯᠥᠭᠡᠯᠡᠬᠦ ᠬᠦᠴᠦᠨ ᠪᠠ ᠳᠠᠮᠵᠢᠯᠲᠠ ᠶᠢᠨ ᠬᠦᠴᠦᠨ ᠢ ᠲᠡᠭᠡᠭᠰᠢᠯᠡᠬᠦᠯᠵᠤ᠂ ᠪᠠᠶᠠᠨᠨᠠᠭᠤᠷ ᠤᠨ | ᠦᠯᠢᠭᠡᠷ ᠢ ᠨᠡᠩ ᠰᠠᠶᠢᠬᠠᠨ ᠬᠦᠦᠷᠨᠢᠵᠦ᠂ ᠠᠯᠳᠠᠷ ᠨᠡᠷ᠎ᠡ ᠶᠢ ᠨᠡᠩ ᠬᠤᠯᠠ ᠳᠠᠮᠵᠢᠭᠤᠯᠤᠨ᠎ᠠ᠃ ᠭᠡᠳᠦ᠋ᠢᠪᠡᠷ ᠡᠳ᠋ ᠤᠨ ᠵᠠᠰᠠᠭ ᠤᠨ ᠣᠷᠣᠯᠭ᠎ᠠ ᠪᠠᠨ ᠨᠡᠮᠡᠭᠳᠡᠭᠦᠯᠬᠦ | ᠳᠠᠷᠤᠯᠲᠠ ᠮᠠᠰᠢ ᠶᠡᠭᠡ ᠪᠠᠶᠢᠪᠠᠴᠤ᠂ ᠭᠡᠳᠤᠢ ᠬᠦᠴᠢᠷᠳᠡᠢ ᠪᠠᠶᠢᠯ᠎ᠠ ᠭᠡᠳ ᠣᠯᠠᠨ ᠲᠦᠮᠡᠨ ᠳᠤ ᠬᠢᠵᠦ ᠥᠭᠬᠦ ᠪᠣᠳᠠᠲᠠᠢ ᠶᠠᠪᠤᠳᠠᠯ ᠤᠨ ᠨᠢᠭᠡ ᠶᠢ ᠴᠦ ᠬᠠᠰᠤᠭᠳᠠᠭᠤᠯᠵᠤ | ᠪᠤᠯᠬᠤ ᠦᠭᠡᠢ᠂ ᠪᠢᠳᠡ ᠣᠯᠠᠨ ᠲᠦᠮᠡᠨ ᠤ ᠠᠮᠢᠳᠤᠷᠠᠯ ᠢ ᠵᠢᠯ ᠠᠴᠠ ᠵᠢᠯ ᠰᠢᠨ᠎ᠡ ᠬᠤᠪᠢᠷᠠᠯᠲᠠ ᠲᠠᠢ ᠪᠣᠯᠭᠠᠵᠤ᠂ ᠵᠢᠯ ᠠᠴᠠ ᠵᠢᠯ ᠰᠠᠶᠢᠵᠢᠷᠠᠭᠤᠯᠬᠤ ᠪᠠᠷ ᠴᠢᠷᠮᠠᠶᠢᠨ᠎ᠠ᠃ | | ︵ᠨᠠᠢᠮᠠ︶ ᠥᠭᠡᠷᠡᠴᠢᠯᠡᠯᠲᠡ ᠪᠠᠷ ᠬᠤᠰᠢᠭᠤᠴᠢᠯᠠᠭᠤᠯᠬᠤ ᠶᠢ ᠪᠠᠷᠢᠮᠲᠠᠯᠠᠵᠤ᠂ ᠭᠠᠳᠠᠭᠠᠳᠤ ᠨᠡᠭᠡᠭᠡᠯᠲᠡ ᠶᠢ ᠪᠦᠬᠦ ᠲᠠᠯ᠎ᠠ ᠪᠠᠷ ᠥᠷᠭᠡᠳᠬᠡᠨ᠎ᠡ᠃ | ᠥᠭᠡᠷᠡᠴᠢᠯᠡᠯᠲᠡ ᠨᠢ ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠨᠡᠭᠡᠭᠡᠯᠲᠡ ᠨᠢ ᠠᠮᠢᠵᠢᠷᠠᠯ ᠤᠨ ᠬᠦᠴᠦᠨ ᠢ ᠴᠢᠩᠭᠠᠷᠠᠭᠤᠯᠳᠠᠭ᠃ ᠪᠢᠳᠡ ᠥᠭᠡᠷᠡᠴᠢᠯᠡᠯᠲᠡ | ᠨᠡᠭᠡᠭᠡᠯᠲᠡ ᠶᠢ ᠢᠮᠠᠭᠲᠠ ᠬᠥᠭᠵᠢᠯᠲᠡ ᠶᠢᠨ ᠪᠦᠬᠦ ᠶᠠᠪᠤᠴᠠ᠂ ᠡᠯ᠎ᠡ ᠬᠦᠷᠢᠶ᠎ᠡ ᠴᠠᠷᠠᠭ᠎ᠠ ᠳᠤ ᠲᠤᠤᠱᠯᠠᠭᠤᠯᠵᠤ᠂ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ | ᠳᠠᠪᠠᠭᠤᠯᠢᠭ ᠢ ᠲᠦᠷᠭᠡᠳᠬᠡᠨ ᠪᠦᠷᠢᠯᠳᠥᠭᠦᠯᠦᠨ᠎ᠡ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠴᠢᠩᠭᠠᠳᠬᠠᠨ᠎ᠠ᠂ ᠠᠵᠤ ᠠᠬᠤᠶᠢᠯᠠᠯ ᠤᠨ ᠥᠪᠡᠷ ᠤᠨ ᠥᠷᠲᠡᠭ ᠢ | ᠪᠠᠭᠤᠷᠠᠭᠤᠯᠬᠤ ︽ᠬᠠᠮ ᠠᠷᠭ᠎ᠠ︾ ᠶᠢ ᠰᠠᠶᠢᠲᠤᠷ ᠬᠢᠵᠦ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ᠂ ᠴᠠᠬᠢᠯᠭᠠᠨ ᠬᠦᠴᠦᠨ ᠤ ᠳᠡᠮᠵᠢᠯᠭᠡ ᠦᠵᠡᠭᠦᠯᠬᠦ᠂ | ᠮᠥᠩᠭᠦᠨ ᠭᠦᠢᠯᠭᠡᠭᠡ ᠶᠢᠨ ᠢᠲᠡᠭᠡᠮᠵᠢᠲᠦ ᠵᠢᠭᠡᠯᠡᠯᠭᠡ ᠣᠯᠭᠤᠬᠤ ᠵᠡᠷᠭᠡ ᠠᠷᠭ᠎ᠠ ᠪᠠᠷ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠪᠠᠭᠠᠰᠬᠠᠨ᠎ᠠ᠃ ︽ᠣᠷᠣᠨ | ᠰᠠᠭᠤᠴᠠ ᠶᠢ ᠣᠷᠣᠰᠢᠨ ᠰᠠᠭᠤᠬᠤ ᠶᠢᠨ ᠲᠥᠯᠥᠭᠡ ᠪᠠᠶᠢᠭᠤᠯᠤᠭᠰᠠᠨ ᠠᠴᠠ ᠪᠢᠰᠢ ᠰᠠᠷᠢᠭᠠᠯᠠᠬᠤ ᠶᠢᠨ ᠲᠥᠯᠥᠭᠡ ᠪᠠᠶᠢᠭᠤᠯᠤᠭᠰᠠᠨ ᠪᠢᠰᠢ︾ ᠭᠡᠰᠡᠨ ᠵᠠᠷᠴᠢᠮ ᠢ | ᠪᠠᠷᠢᠮᠲᠠᠯᠠᠵᠤ᠂ ᠭᠡᠷ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠲᠠᠸᠠᠷ ᠤᠨ ᠣᠷᠣᠨ ᠰᠠᠭᠤᠴᠠ ᠶᠢᠨ | ᠨᠡᠮᠡᠭᠳᠡᠯ ᠬᠡᠮᠵᠢᠶ᠎ᠡ ᠶᠢ ᠵᠣᠬᠢᠰᠲᠠᠢ ᠬᠢᠵᠠᠭᠠᠷᠯᠠᠵᠤ᠂ ᠬᠠᠲᠠᠨ ᠴᠢᠨᠠᠷᠲᠠᠢ ᠣᠷᠣᠨ ᠰᠠᠭᠤᠴᠠ ᠶᠢᠨ ᠬᠤᠳᠠᠯᠳᠤᠨ ᠠᠪᠬᠤ ᠭᠡᠷᠡᠭᠴᠡᠭᠡ ᠪᠠ ᠰᠠᠶᠢᠵᠢᠷᠠᠭᠤᠯᠬᠤ ᠬᠡᠯᠪᠡᠷᠢ ᠶᠢᠨ | ᠣᠷᠣᠨ ᠰᠠᠭᠤᠴᠠ ᠬᠤᠳᠠᠯᠳᠤᠨ ᠠᠪᠬᠤ ᠭᠡᠷᠡᠭᠴᠡᠭᠡ ᠶᠢ ᠢᠳᠡᠪᠬᠢᠲᠡᠢ ᠬᠥᠲᠥᠯᠦᠨ ᠵᠢᠯᠣᠭᠤᠳᠴᠤ᠂ ᠪᠣᠷᠣ ᠭᠡᠷᠲᠦ ᠲᠣᠭᠤᠷᠢᠭ ᠤᠨ ᠥᠭᠡᠷᠡᠴᠢᠯᠡᠯᠲᠡ ᠶᠢᠨ | ᠵᠣᠭᠤᠰᠵᠢᠭᠤᠯᠤᠨ ᠲᠥᠪᠬᠢᠨᠡᠬᠦᠯᠬᠦ ᠶᠢ ᠲᠦᠯᠬᠢᠨ ᠠᠬᠢᠭᠤᠯᠵᠤ᠂ 200 ᠲᠦᠮᠡᠨ ᠲᠡᠭᠰᠢ ᠳᠥᠷᠪᠡᠯᠵᠢᠨ ᠮᠧᠲᠷ ᠤᠨ ᠭᠡᠷ ᠭᠠᠵᠠᠷ ᠬᠥᠷᠥᠩᠭᠡ ᠶᠢᠨ ᠬᠥᠮᠥᠷᠭᠡ ᠶᠢᠨ | ᠨᠥᠭᠡᠴᠡ ᠶᠢ ᠰᠢᠩᠭᠡᠭᠡᠨ᠎ᠡ᠃ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ ᠪᠠ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ | ᠲᠦᠭᠰᠢᠭᠦᠷᠢ ᠶᠢ ᠰᠡᠷᠭᠡᠶᠢᠯᠡᠬᠦ ᠪᠠ ᠨᠠᠶᠢᠳᠠᠪᠤᠷᠢᠲᠠᠢ ᠨᠠᠮᠬᠠᠳᠬᠠᠨᠠ᠃ | ᠰᠢ ᠶᠢᠨ ᠫᠢᠩ ᠶᠡᠷᠦᠩᠬᠡᠢ ᠱᠦᠵᠢ ᠶᠢᠨ ᠱᠠᠭᠠᠷᠳᠠᠭᠰᠠᠨ ᠭᠤᠷᠪᠠᠨ ᠲᠥᠷᠥᠯ ᠤᠨ ᠥᠭᠡᠷᠡᠴᠢᠯᠡᠯᠲᠡ ᠶᠢ ᠭᠦᠨᠵᠡᠭᠡᠢ ᠰᠠᠶᠢᠲᠤᠷ ᠠᠳᠬᠤᠨ᠎ᠠ᠃ ᠨᠢᠭᠲᠠᠷᠠᠭᠰᠠᠨ | ᠭᠡᠯᠪᠡᠷᠢ ᠶᠢᠨ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠭᠳᠠᠭᠤᠯᠬᠤ ᠲᠣᠭᠲᠠᠴᠠ ᠶᠢ ᠳᠡᠯᠭᠡᠷᠡᠭᠦᠯᠵᠦ᠂ ᠠᠵᠤ ᠦᠢᠯᠡᠰᠵᠢᠭᠰᠡᠨ ᠲᠥᠷᠥᠯ | ᠵᠦᠢᠯ ᠤᠨ ᠪᠡᠯᠡ ᠮᠥᠩᠭᠦ ᠶᠢ ᠠᠰᠢᠭ ᠲᠤᠰᠠ ᠶᠢ ᠬᠤᠯᠪᠣᠭᠳᠠᠭᠤᠯᠬᠤ ᠲᠣᠭᠲᠠᠴᠠ ᠰᠠᠶᠢᠲᠠᠢ ᠠᠵᠤ ᠠᠬᠤᠶᠢᠯᠠᠯ ᠲᠡᠰᠢ ᠬᠡᠯᠪᠠᠶᠢᠯᠭᠡᠵᠦ᠂ ᠮᠠᠯᠴᠢᠨ ᠲᠠᠷᠢᠶᠠᠴᠢᠨ ᠳᠤ | ᠠᠵᠤ ᠦᠢᠯᠡᠰᠵᠢᠭᠰᠡᠨ ᠬᠥᠭᠵᠢᠯᠲᠡ ᠶᠢᠨ ᠦᠷ᠎ᠡ ᠠᠰᠢᠭ ᠢ ᠨᠡᠩ ᠢᠯᠡᠭᠦᠦ ᠡᠳ᠋ᠯᠡᠭᠦᠯᠦᠨ᠎ᠡ᠃ ᠲᠠᠷᠢᠶᠠᠨ ᠭᠠᠵᠠᠷ᠂ ᠦᠨᠳᠥᠰᠦᠨ ᠨᠤᠲᠤᠭ ᠪᠡᠯᠴᠢᠭᠡᠷ ᠤᠨ ᠤᠯᠠᠭᠠᠨ | ᠱᠤᠭᠤᠮ ᠢ ᠵᠢᠷᠤᠵᠤ ᠲᠣᠭᠲᠠᠭᠠᠬᠤ ᠠᠵᠢᠯ ᠢ ᠰᠠᠶᠢᠲᠤᠷ ᠬᠢᠵᠦ᠂ ᠣᠢ ᠰᠢᠭᠤᠢ ᠶᠢᠨ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠠᠷᠭ᠎ᠠ ᠶᠢ ᠲᠣᠭᠲᠠᠭᠠᠨ᠎ᠠ᠃ | ᠮᠣᠩᠭᠤᠯ ᠯᠤᠭ᠎ᠠ ᠶᠢᠨ ᠪᠤᠳᠠᠴᠢᠯᠠᠭᠰᠠᠨ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠲᠠᠯ᠎ᠠ ᠶᠢᠨ ᠲᠣᠭᠲᠠᠭᠰᠠᠨ ᠬᠤᠭᠤᠴᠠᠭᠠᠨ ᠤ ᠠᠭᠤᠯᠵᠠᠯᠲᠠ ᠪᠠ | ᠴᠠᠭᠳᠠᠭᠠᠨ ᠤ ᠶᠠᠪᠤᠳᠠᠯ ᠤᠨ ᠠᠵᠢᠯ ᠤᠨ ᠲᠣᠭᠲᠠᠴᠠ ᠶᠢ ᠪᠠᠬᠢᠵᠢᠭᠦᠯᠵᠦ᠂ ᠳᠤᠮᠳᠠᠳᠤ ᠮᠣᠩᠭᠤᠯ ᠤᠨ ᠰᠤᠷᠭᠠᠨ ᠬᠥᠮᠥᠵᠢᠯ᠂ ᠡᠮᠴᠢᠯᠡᠭᠡᠨ᠂ ᠰᠣᠶᠣᠯ ᠲᠠᠮᠢᠷ᠂ | ᠵᠤᠭᠠᠴᠠᠯ ᠵᠡᠷᠭᠡ ᠬᠥᠮᠥᠨ ᠰᠣᠶᠣᠯ ᠤᠨ ᠶᠠᠪᠤᠯᠴᠠᠭ᠎ᠠ ᠶᠢ ᠥᠷᠭᠡᠨ ᠢᠶᠠᠷ ᠥᠷᠨᠢᠭᠦᠯᠵᠦ᠂ ᠭᠠᠭᠴᠠᠮᠣᠳᠣ ᠬᠢᠯᠢ ᠶᠢᠨ ᠪᠣᠭᠤᠮᠲᠠ ᠶᠢᠨ ︽ᠭᠤᠷᠪᠠ ᠶᠢ ᠬᠠᠷᠢᠯᠴᠠᠨ | ᠨᠡᠪᠲᠡᠷᠡᠭᠦᠯᠬᠦ︾ ᠪᠣᠭᠤᠮᠲᠠ ᠶᠢᠨ ᠲᠣᠮᠣ ᠨᠡᠪᠲᠡᠷᠡᠯᠴᠡᠭᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠠᠬᠢᠭᠤᠯᠵᠤ᠂ ᠬᠠᠮᠲᠤᠷᠠᠨ ᠪᠠᠶᠢᠴᠠᠭᠠᠬᠤ ᠰᠠᠯᠠᠭ᠎ᠠ | ᠮᠥᠴᠢᠷ ᠤᠨ ᠬᠠᠮᠲᠤᠷᠠᠭᠰᠠᠨ ᠬᠢᠨᠠᠨ ᠡᠵᠡᠮᠳᠡᠯ᠂ ᠰᠤᠷᠠᠭ ᠵᠠᠩᠭᠢ ᠶᠢ ᠬᠠᠮᠲᠤᠪᠠᠷ ᠡᠳ᠋ᠯᠡᠬᠦ᠂ ᠵᠣᠬᠢᠴᠠᠯᠳᠤᠨ ᠬᠠᠤᠯᠢ ᠬᠡᠷᠡᠭᠵᠢᠭᠦᠯᠬᠦ ᠶᠢ ᠪᠡᠶᠡᠯᠡᠭᠦᠯᠦᠨ᠎ᠡ᠃ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠡᠷ ᠭᠠᠵᠠᠷ ᠬᠥᠷᠥᠩᠭᠡ ᠪᠠ ᠠᠵᠤ ᠦᠢᠯᠡᠳᠪᠦᠷᠢ ᠶᠢᠨ ᠲᠥᠷᠥᠯ ᠵᠦᠢᠯ ᠢ ᠬᠠᠮᠲᠤ ᠳᠤᠨᠢ ᠬᠢᠨᠠᠨ ᠵᠥᠪᠰᠢᠶᠡᠷᠡᠬᠦ | ᠲᠣᠭᠲᠠᠴᠠ ᠶᠢ ᠬᠡᠷᠡᠭᠵᠢᠭᠦᠯᠵᠦ᠂ ᠪᠦᠬᠦ ᠶᠠᠪᠤᠴᠠ ᠶᠢᠨ ᠡᠯᠧᠺᠲᠷᠤᠨᠵᠢᠭᠤᠯᠤᠭᠰᠠᠨ ᠳᠠᠭᠠᠭᠠᠴᠢᠯᠠᠯᠲᠠ ᠵᠠᠷᠯᠠᠵᠤ ᠬᠦᠯᠢᠶᠡᠨ ᠠᠪᠬᠤ ᠪᠠ ᠢᠲᠡᠭᠡᠮᠵᠢ ᠶᠢᠨ ᠰᠤᠷᠠᠭ | ᠵᠠᠩᠭᠢ ᠶᠢᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠎ᠡ᠃ ︽ᠬᠤᠶᠠᠷ ᠳᠤᠷ᠎ᠠ ᠶᠢᠨ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢᠨ ᠳᠦᠷᠢᠮ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠶᠢᠨ ᠪᠦᠬᠦ ᠶᠠᠪᠤᠴᠠ ᠶᠢ ᠡᠯᠧᠺᠲᠷᠤᠨᠵᠢᠭᠤᠯᠬᠤ ᠪᠠ ᠳᠥᠭᠦᠮ | ᠠᠪᠰᠠᠷ ᠳᠠᠩᠰᠠᠨ ᠠᠴᠠ ᠬᠠᠰᠤᠬᠤ ᠳᠠᠩᠰᠠᠯᠠᠯᠲᠠ ᠶᠢ ᠲᠦᠷᠭᠡᠳᠬᠡᠨ᠎ᠡ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠂ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠥᠭᠬᠦ ᠬᠡᠪᠴᠢᠶ᠎ᠡ ᠶᠢ ᠥᠷᠭᠡᠳᠬᠡᠵᠦ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ 500 ᠲᠦᠮᠡᠨ | ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ ᠪᠦᠷ ᠮᠥᠷᠳᠡᠨ ᠬᠢᠨᠠᠨ ᠲᠣᠭᠲᠠᠭᠠᠬᠤ ᠶᠢ ᠪᠡᠶᠡᠯᠡᠭᠦᠯᠦᠨ᠎ᠡ᠃ ᠭᠠᠵᠠᠷ ᠰᠢᠷᠣᠢ ᠶᠢᠨ ᠡᠵᠡᠩᠨᠡᠬᠦ ᠡᠷᠬᠡ ᠶᠢ | ᠲᠣᠳᠣᠷᠬᠠᠶᠢᠯᠠᠨ ᠦᠨᠡᠮᠯᠡᠯ ᠣᠯᠭᠤᠬᠤ ᠠᠵᠢᠯ ᠢ ᠪᠡᠶᠡᠯᠡᠭᠦᠯᠵᠦ᠂ ᠬᠥᠳᠡᠭᠡ ᠲᠣᠰᠬᠤᠨ ᠤ ᠭᠠᠵᠠᠷ ᠰᠢᠷᠣᠢ ᠶᠢ ᠳᠠᠭᠠᠭᠠᠴᠢᠯᠠᠨ ᠡᠵᠡᠩᠨᠡᠬᠦ ᠡᠷᠬᠡ᠂ ᠣᠷᠣᠨ | ᠰᠠᠭᠤᠴᠠ ᠶᠢᠨ ᠰᠠᠭᠤᠷᠢ ᠶᠢᠨ ᠬᠡᠷᠡᠭᠯᠡᠬᠦ ᠡᠷᠬᠡ᠂ ᠣᠢ ᠰᠢᠭᠤᠢ ᠶᠢᠨ ᠡᠷᠬᠡ ᠪᠠᠷ ᠪᠠᠷᠢᠴᠠᠭᠠᠯᠠᠨ ᠵᠢᠭᠡᠯᠡᠯᠭᠡ ᠠᠪᠬᠤ ᠲᠤᠷᠰᠢᠯᠲᠠ ᠶᠢᠨ ᠴᠡᠭ ᠤᠨ ᠠᠵᠢᠯ ᠢ ᠲᠦᠯᠬᠢᠨ | ᠠᠬᠢᠭᠤᠯᠵᠤ᠂ ᠬᠥᠳᠡᠭᠡ ᠲᠣᠰᠬᠤᠨ ᠤ ᠳᠠᠭᠠᠭᠠᠴᠢᠯᠠᠯᠲᠠ ᠶᠢᠨ ᠭᠠᠵᠠᠷ ᠰᠢᠷᠣᠢ ᠶᠢᠨ ︽ᠭᠤᠷᠪᠠᠨ ᠡᠷᠬᠡ ᠶᠢ ᠲᠤᠰᠠᠭᠠᠷᠯᠠᠬᠤ︾ ᠥᠭᠡᠷᠡᠴᠢᠯᠡᠯᠲᠡ ᠶᠢ ᠢᠳᠡᠪᠬᠢᠲᠡᠢ | ᠰᠦᠪᠡᠭᠴᠢᠯᠡᠨ᠎ᠡ᠃ | ᠲᠠᠷᠢᠶᠠᠯᠠᠩ ᠣᠢ ᠰᠢᠭᠤᠢ ᠶᠢᠨ ︽ᠭᠤᠷᠪᠠᠨ ᠪᠠᠭ᠎ᠠ ᠲᠠᠯᠠᠪᠠᠢ︾ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠤᠯᠤᠰ ᠤᠨ ᠥᠮᠴᠢᠯᠡᠯᠲᠦ ᠣᠢ | ᠰᠢᠭᠤᠢ ᠶᠢᠨ ᠲᠠᠯᠠᠪᠠᠢ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠠᠮᠢᠶᠠᠷᠤᠯᠲᠠ ᠶᠢᠨ ᠲᠣᠭᠲᠠᠴᠠ ᠶᠢᠨ | ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠴᠠᠯᠢᠩ ᠣᠯᠭᠤᠮᠵᠢ ᠶᠢᠨ ᠳᠦᠷᠢᠮ ᠪᠠ ᠡᠮᠴᠢᠯᠡᠭᠡᠨ ᠤ ᠦᠷ᠎ᠡ ᠪᠦᠲᠦᠮᠵᠢ ᠶᠢ ᠦᠨᠡᠯᠡᠬᠦ ᠲᠣᠭᠲᠠᠴᠠ ᠶᠢ ᠪᠠᠶᠢᠭᠤᠯᠤᠨ᠎ᠠ᠃ | ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠢᠳᠡᠪᠬᠢᠲᠡᠢ ᠲᠦᠯᠬᠢᠨ ᠠᠬᠢᠭᠤᠯᠵᠤ᠂ ᠠᠵᠢᠯ ᠦᠢᠯᠡᠰ ᠤᠨ ᠨᠢᠭᠡᠴᠡ᠂ | ᠨᠡᠶᠢᠭᠡᠮ ᠤᠨ ᠢᠳᠡᠭᠡᠮᠵᠢ ᠶᠢᠨ ᠳᠦᠷᠢᠮ᠂ ᠨᠡᠶᠢᠭᠡᠮ ᠢ ᠵᠠᠰᠠᠨ ᠴᠡᠭᠴᠡᠯᠡᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠬᠡᠷᠡᠭᠵᠢᠭᠦᠯᠦᠨ᠎ᠡ᠃ | ᠨᠡᠶᠢᠭᠡᠮ ᠤᠨ ᠠᠵᠢᠯ ᠦᠢᠯᠡᠰ ᠤᠨ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠯ᠎ᠡ ᠲᠥᠷᠥᠯ ᠤᠨ ᠥᠭᠡᠷᠡᠴᠢᠯᠡᠯᠲᠡ ᠪᠣᠳᠠᠲᠠᠢ ᠦᠷ᠎ᠡ | ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃ | ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ | ︽ᠨᠢᠭᠡ ᠪᠦᠰᠡ ᠨᠢᠭᠡ ᠵᠠᠮ︾᠂ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠭᠤᠳᠤᠮ︾ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ | ᠣᠷᠣᠯᠴᠠᠬᠤ ᠪᠠ ᠦᠢᠯᠡᠴᠢᠯᠡᠵᠦ᠂ ᠬᠢᠯᠢ ᠶᠢᠨ ᠪᠣᠭᠤᠮᠲᠠ᠂ ᠬᠠᠭᠤᠷᠠᠢ ᠭᠠᠷᠠᠮ᠂ ᠭᠠᠶᠢᠯᠢ ᠶᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠤᠨ ᠪᠦᠲᠦᠭᠡᠨ | ᠪᠠᠶᠢᠭᠤᠯᠤᠯᠲᠠ ᠶᠢᠨ ᠬᠥᠭᠵᠢᠯᠲᠡ ᠶᠢ ᠨᠢᠭᠡᠳᠥᠯᠲᠡᠢ ᠲᠥᠯᠥᠪᠵᠢᠭᠦᠯᠬᠦ᠂ ᠴᠢᠳᠠᠪᠬᠢ ᠨᠢ ᠬᠠᠷᠢᠯᠴᠠᠨ ᠨᠥᠬᠦᠪᠥᠷᠢᠯᠡᠭᠰᠡᠨ᠂ ᠠᠯᠭᠠᠰᠠᠭᠰᠠᠨ ᠬᠥᠭᠵᠢᠯᠲᠡ ᠶᠢ ᠪᠡᠶᠡᠯᠡᠭᠦᠯᠵᠦ | ᠂ ᠣᠯᠠᠨ ᠵᠠᠮ ᠮᠥᠷ ᠢᠶᠠᠷ ᠬᠢᠯᠢ ᠪᠠᠷ ᠣᠷᠣᠭᠤᠯᠵᠤ ᠭᠠᠷᠭᠠᠬᠤ ᠨᠡᠭᠡᠭᠡᠯᠲᠡ ᠶᠢᠨ ᠪᠠᠶᠢᠷᠢᠰᠢᠯ ᠢ ᠪᠦᠷᠢᠯᠳᠥᠭᠦᠯᠦᠨ᠎ᠡ᠃ ᠪᠠᠶᠠᠨᠨᠠᠭᠤᠷ ᠤᠨ ᠬᠠᠭᠤᠷᠠᠢ ᠭᠠᠷᠠᠮ ᠤᠨ | ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ B ᠬᠡᠯᠪᠡᠷᠢ ᠶᠢᠨ ᠭᠠᠶᠢᠯᠢ ᠶᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠪᠠ ᠲᠡᠮᠦᠷ ᠵᠠᠮ ᠤᠨ ᠭᠠᠷᠠᠮ ᠢ | ᠭᠤᠶᠤᠴᠢᠯᠠᠨ ᠮᠡᠳᠡᠭᠦᠯᠬᠦ ᠶᠢ ᠲᠦᠷᠭᠡᠳᠬᠡᠵᠦ᠂ ᠳᠤᠮᠳᠠᠳᠤ ᠡᠸᠦ᠋ᠷᠦᠫᠡ ᠶᠢᠨ ᠲᠠᠷᠢᠶᠠᠯᠠᠩ ᠤᠨ ᠪᠦᠲᠦᠭᠡᠭᠳᠡᠬᠦᠨ ᠤ ᠡᠭᠡᠯᠵᠢ ᠶᠢᠨ ᠭᠠᠯᠲᠤ ᠲᠡᠷᠭᠡ ᠶᠢ ᠨᠡᠪᠲᠡᠷᠡᠭᠦᠯᠬᠦ ᠪᠠᠷ | ᠴᠢᠷᠮᠠᠶᠢᠨ᠎ᠠ᠃ ᠭᠠᠭᠴᠠᠮᠣᠳᠣ ᠬᠢᠯᠢ ᠶᠢᠨ ᠪᠣᠭᠤᠮᠲᠠ ᠶᠢᠨ ᠬᠢᠯᠢ ᠶᠢᠨ ᠠᠵᠤ ᠠᠬᠤᠢ ᠶᠢᠨ ᠬᠠᠮᠵᠢᠯᠴᠠᠬᠤ ᠲᠣᠭᠤᠷᠢᠭ ᠢ ᠪᠦᠲᠦᠭᠡᠨ ᠪᠠᠶᠢᠭᠤᠯᠬᠤ ᠪᠠᠷ ᠭᠤᠶᠤᠴᠢᠯᠠᠨ | ᠮᠡᠳᠡᠭᠦᠯᠵᠦ᠂ ᠦᠪᠡᠷᠳᠡᠬᠡᠨ ᠵᠠᠰᠠᠬᠤ ᠤᠷᠤᠨ ᠤ ᠲᠡᠰ ᠤᠨ ᠭᠤᠤᠯᠳᠠᠯᠭ᠎ᠠ ᠲᠠᠢ ᠨᠡᠬᠡᠬᠡᠯᠳᠡ ᠬᠢᠵᠦ ᠴᠢᠯᠦᠬᠡᠳᠡᠢ ᠶᠠᠪᠤᠯᠴᠠᠬᠤ ᠲᠤᠷᠰᠢᠯᠳᠠ ᠶᠢᠨ ᠲᠤᠭᠤᠷᠢᠭ᠂ ᠵᠠᠬ᠎ᠠ ᠶᠢᠨ | ᠠᠷᠠᠯᠵᠢᠶ᠎ᠠ ᠶᠢᠨ ᠲᠣᠭᠤᠷᠢᠭ᠂ ᠬᠢᠯᠢ ᠰᠤᠨᠳᠠᠯᠠᠭᠰᠠᠨ ᠲᠡᠮᠦᠷ ᠵᠠᠮ᠂ ᠬᠦᠨᠳᠦ ᠠᠴᠢᠶᠠᠨ ᠤ ᠵᠠᠰᠠᠮᠠᠯ ᠵᠠᠮ᠂ ᠨᠡᠪᠲᠡᠷᠡᠬᠦ ᠵᠠᠮ ᠢ ᠥᠭᠡᠷᠡᠴᠢᠯᠡᠨ ᠥᠷᠭᠡᠳᠬᠡᠨ ᠪᠠᠶᠢᠭᠤᠯᠬᠤ᠂ | ᠪᠢᠲᠡᠭᠦᠮᠵᠢᠯᠡᠮᠡᠯ ᠬᠡᠯᠪᠡᠷᠢ ᠶᠢᠨ ᠰᠠᠩ ᠬᠥᠮᠥᠷᠭᠡ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠬᠢᠯᠢ ᠪᠠᠷ ᠥᠩᠭᠡᠷᠡᠭᠡᠬᠦ | ᠪᠠᠶᠢᠴᠠᠭᠠᠯᠲᠠ᠂ ᠬᠠᠳᠠᠭᠠᠯᠠᠨ ᠨᠥᠭᠡᠴᠡᠯᠡᠬᠦ ᠪᠠᠷᠠᠭᠠᠨ ᠤ ᠭᠦᠢᠯᠭᠡᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠢᠯᠢ ᠶᠢᠨ ᠪᠣᠭᠤᠮᠲᠠ ᠶᠢᠨ ᠪᠠᠷᠠᠭ᠎ᠠ ᠥᠩᠭᠡᠷᠡᠭᠡᠬᠦ | ᠬᠡᠮᠵᠢᠶ᠎ᠡ ᠶᠢ ᠮᠢᠩᠭᠠᠨ ᠲᠦᠮᠡᠨ ᠲᠣᠨ ᠠᠴᠠ ᠳᠡᠭᠡᠭᠰᠢ ᠪᠠᠶᠢᠷᠢᠨ ᠳᠤ ᠪᠠᠲᠤᠯᠠᠨ᠎ᠠ᠃ ᠬᠢᠯᠢ ᠶᠢᠨ ᠪᠣᠭᠤᠮᠲᠠ ᠶᠢᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠠ | ᠬᠠᠮᠢᠶᠠᠷᠤᠯᠲᠠ ᠶᠢ ᠴᠢᠩᠭᠠᠳᠬᠠᠵᠤ᠂ ᠬᠢᠯᠢ ᠶᠢᠨ ᠪᠣᠭᠤᠮᠲᠠ ᠪᠠ ᠣᠶᠢᠷ᠎ᠠ ᠬᠠᠪᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠵᠤ᠂ ᠤᠯᠤᠰ ᠤᠨ ᠡᠭᠦᠳᠡ | ᠵᠡᠷᠭᠡ ᠪᠡᠯᠭᠡ ᠲᠡᠮᠳᠡᠭ ᠤᠨ ᠴᠢᠨᠠᠷᠲᠠᠢ ᠪᠠᠷᠢᠯᠭ᠎ᠠ ᠶᠢ ᠲᠥᠯᠥᠪᠯᠡᠨ ᠪᠠᠶᠢᠭᠤᠯᠤᠨ᠎ᠠ᠃ ᠬᠢᠯᠢ ᠶᠢᠨ ᠪᠣᠭᠤᠮᠲᠠ ᠶᠢᠨ ᠠᠷᠠᠯᠵᠢᠶᠠᠨ ᠤ ᠡᠮᠬᠢ ᠳᠢᠭᠯᠢᠮ ᠢ ᠬᠦᠴᠦᠲᠡᠢ | ᠴᠡᠭᠴᠡᠯᠡᠵᠦ᠂ ᠱᠧᠨ ᠬᠤᠸᠠ ᠪᠦᠯᠦᠭᠯᠡᠯ ᠵᠡᠷᠭᠡ ᠠᠵᠤ ᠠᠬᠤᠶᠢᠯᠠᠯ ᠤᠨ ᠮᠣᠩᠭᠤᠯ ᠤᠯᠤᠰ ᠯᠤᠭ᠎ᠠ ᠠᠭᠤᠷᠬᠠᠢ ᠡᠨᠧᠷᠭᠢ ᠶᠢᠨ ᠬᠠᠮᠵᠢᠯᠴᠠᠭ᠎ᠠ ᠬᠢᠬᠦ ᠶᠢ ᠳᠡᠮᠵᠢᠵᠦ᠂ | ᠬᠢᠯᠢ ᠶᠢᠨ ᠭᠠᠳᠠᠨᠠᠬᠢ ᠨᠡᠭᠦᠷᠡᠰᠦ ᠵᠡᠰ ᠤᠨ ᠡᠬᠢ ᠪᠠᠶᠠᠯᠢᠭ ᠢ ᠠᠪᠴᠢᠷᠠᠨ ᠡᠳ᠋ᠰᠢᠭᠦᠯᠵᠦ᠂ ᠣᠨᠳᠣᠣᠰᠢᠭᠤᠯᠤᠨ ᠥᠷᠲᠡᠭ ᠢ ᠨᠢ ᠨᠡᠮᠡᠭᠳᠡᠭᠦᠯᠬᠦ ᠶᠢ ᠲᠦᠯᠬᠢᠨ | ᠠᠬᠢᠭᠤᠯᠤᠨ᠎ᠠ᠃ ᠣᠷᠣᠨ ᠪᠦᠰᠡ ᠶᠢᠨ ᠠᠵᠤ ᠠᠬᠤᠢ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ | ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠨᠢᠩᠰᠢᠶᠠ ᠱᠠᠨᠰᠢ ᠭᠠᠨᠰᠦ ᠵᠡᠷᠭᠡ ᠭᠠᠵᠠᠷ ᠣᠷᠣᠨ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ | ᠬᠥᠬᠡᠬᠤᠲᠠ ᠪᠤᠭᠤᠲᠤ ᠣᠷᠳᠣᠰ ᠤᠨ ᠠᠵᠤ ᠠᠬᠤᠢ ᠶᠢᠨ ᠲᠣᠭᠤᠷᠢᠭ ᠪᠠ ᠬᠥᠬᠡᠬᠤᠲᠠ ᠪᠤᠭᠤᠲᠤ ᠢᠷᠭᠠᠢ ᠲᠡᠮᠡᠭᠡᠲᠦ ᠶᠢᠨ ᠠᠵᠤ ᠠᠬᠤᠢ ᠶᠢᠨ ᠣᠷᠣᠨ ᠳᠤ ᠭᠦᠨᠵᠡᠭᠡᠢ | ᠠᠭᠤᠰᠤᠨ ᠣᠷᠣᠵᠤ᠂ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠲᠣᠰᠣᠨ ᠠᠪᠴᠤ᠂ ᠬᠠᠮᠲᠤᠪᠠᠷ ᠠᠰᠢᠭ ᠤᠯᠬᠤ | ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃ | ︵ᠶᠢᠰᠦ︶ ᠬᠠᠤᠯᠢ ᠪᠠᠷ ᠬᠤᠲᠠ ᠪᠠᠨ ᠵᠠᠰᠠᠬᠤ ᠶᠢ ᠪᠠᠷᠢᠮᠲᠠᠯᠠᠵᠤ᠂ ᠡᠶ᠎ᠡ ᠵᠣᠬᠢᠴᠠᠯᠲᠠᠢ ᠲᠣᠭᠲᠠᠭᠤᠨ ᠤᠷᠴᠢᠨ ᠳᠤᠭᠤᠷᠢᠨ ᠢᠶᠠᠨ ᠬᠠᠮᠠᠭᠠᠯᠠᠨ᠎ᠠ᠃ ᠬᠠᠤᠯᠢᠵᠢᠯ | ᠪᠣᠯ ᠨᠡᠶᠢᠭᠡᠮ ᠤᠨ ᠲᠣᠭᠲᠠᠭᠤᠨ ᠤ ᠦᠨᠳᠥᠰᠦᠨ ᠪᠠᠲᠤᠯᠠᠭ᠎ᠠ ᠪᠠᠶᠢᠵᠤ᠂ ᠨᠡᠶᠢᠭᠡᠮ ᠤᠨ ᠡᠷᠬᠡ ᠲᠡᠭᠰᠢ ᠲᠥᠪ ᠭᠤᠣᠯᠴᠢ ᠶᠢ ᠪᠡᠶᠡᠯᠡᠭᠦᠯᠬᠦ ᠦᠨᠳᠥᠰᠦᠨ ᠵᠠᠮ ᠮᠥᠨ᠃ | ᠪᠢᠳᠡ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠴᠢᠩᠭ᠎ᠠ ᠪᠠᠷ ᠬᠠᠤᠯᠢ ᠬᠡᠷᠡᠭᠵᠢᠭᠦᠯᠬᠦ᠂ ᠡᠷᠬᠡ ᠲᠡᠭᠰᠢ ᠪᠠᠷ ᠬᠠᠤᠯᠢ ᠪᠠᠷᠢᠬᠤ᠂ ᠪᠦᠬᠦ ᠠᠷᠠᠳ ᠢᠶᠠᠷ ᠢᠶᠠᠨ | ᠬᠠᠤᠯᠢ ᠶᠢ ᠰᠠᠬᠢᠬᠤ ᠶᠢ ᠭᠦᠨᠵᠡᠭᠡᠢ ᠲᠦᠯᠬᠢᠨ ᠠᠬᠢᠭᠤᠯᠵᠤ᠂ ᠬᠠᠤᠯᠢᠵᠢᠯ ᠪᠠᠶᠠᠨᠨᠠᠭᠤᠷ ᠢ ᠴᠢᠷᠮᠠᠶᠢᠨ ᠪᠠᠶᠢᠭᠤᠯᠤᠨ᠎ᠠ᠃ | ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢ ᠳᠤ ᠲᠣᠭᠲᠠᠭᠠᠭᠰᠠᠨ ᠡᠷᠬᠡ ᠶᠢᠨ ᠬᠢᠵᠠᠭᠠᠷ᠂ ᠬᠠᠤᠯᠢ ᠳᠤ ᠲᠣᠭᠲᠠᠭᠠᠭᠰᠠᠨ | ᠳᠠᠷᠠᠭᠠᠯᠠᠯ ᠪᠠ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠴᠢᠩᠭ᠎ᠠ ᠵᠢᠷᠤᠮᠯᠠᠨ ᠡᠷᠬᠡ ᠪᠠᠨ ᠬᠡᠷᠡᠭᠯᠡᠵᠦ᠂ ᠵᠠᠰᠠᠭ ᠤᠨ ᠣᠷᠳᠣᠨ ᠤ ᠠᠵᠢᠯᠯᠠᠭ᠎ᠠ ᠶᠢ ᠪᠦᠷ | ᠬᠠᠤᠯᠢᠵᠢᠯ ᠤᠨ ᠵᠠᠮ ᠳᠤ ᠣᠷᠣᠭᠤᠯᠤᠨ᠎ᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠢ ᠢᠳᠡᠪᠬᠢᠲᠡᠢ | ᠬᠠᠮᠵᠢᠯᠴᠠᠨ ᠪᠠᠶᠠᠨᠨᠠᠭᠤᠷ ᠬᠤᠲᠠ ᠶᠢᠨ ᠬᠠᠲᠤᠨ ᠭᠤᠣᠯ ᠤᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ | ᠬᠠᠮᠠᠭᠠᠯᠠᠯᠲᠠ ᠶᠢᠨ ᠳᠦᠷᠢᠮ ᠢ ᠲᠣᠭᠲᠠᠭᠠᠨ ᠭᠠᠷᠭᠠᠵᠤ᠂ ᠤᠯᠠᠭᠠᠨᠰᠤᠬᠠᠢ ᠨᠠᠭᠤᠷ ᠤᠨ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠳᠤ ᠬᠠᠤᠯᠢ ᠲᠣᠭᠲᠠᠭᠠᠬᠤ | ᠠᠵᠢᠯ ᠢ ᠥᠷᠨᠢᠭᠦᠯᠦᠨ᠎ᠡ᠃ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠤᠯᠢ ᠶᠣᠰᠣᠭᠠᠷ ᠲᠤᠰᠠᠭᠠᠷ ᠡᠷᠬᠡ ᠲᠤᠰᠢᠶᠠᠯ ᠢᠶᠠᠨ | ᠭᠦᠢᠴᠡᠳᠬᠡᠬᠦ ᠶᠢ ᠳᠡᠮᠵᠢᠵᠦ᠂ ᠠᠷᠠᠳ ᠣᠯᠠᠨ ᠳᠤ ᠬᠠᠤᠯᠢ ᠴᠠᠭᠠᠵᠠ ᠶᠢᠨ ᠬᠡᠷᠡᠭ ᠪᠣᠯᠭᠠᠨ ᠤ ᠳᠤᠮᠳᠠ ᠠᠴᠠ ᠡᠷᠬᠡ ᠲᠡᠭᠰᠢ ᠲᠥᠪ ᠭᠤᠣᠯᠴᠢ ᠶᠢ ᠰᠡᠷᠡᠭᠳᠡᠭᠦᠯᠦᠨᠡ᠃ | ᠬᠠᠤᠯᠢᠵᠢᠯ ᠤᠨ ᠰᠡᠳᠬᠢᠴᠡ ᠪᠠ ᠬᠠᠤᠯᠢᠵᠢᠯ ᠤᠨ ᠠᠷᠭ᠎ᠠ ᠬᠡᠯᠪᠡᠷᠢ ᠪᠠᠷ ᠨᠡᠶᠢᠭᠡᠮ ᠤᠨ ᠠᠰᠠᠭᠤᠳᠠᠯ ᠢ ᠰᠢᠢᠳᠪᠦᠷᠢᠯᠡᠵᠦ᠂ ᠨᠡᠶᠢᠭᠡᠮ ᠤᠨ ᠵᠥᠷᠢᠴᠡᠯ ᠢ ᠨᠠᠮᠳᠠᠭᠠᠨ᠂ | ᠵᠠᠬᠢᠳᠠᠯ ᠰᠤᠷᠪᠤᠯᠵᠢᠯᠠᠭ᠎ᠠ ᠶᠢᠨ ᠡᠮᠬᠢ ᠳᠢᠭᠯᠢᠮ ᠢ ᠳᠦᠷᠢᠮᠵᠢᠭᠦᠯᠦᠨ᠎ᠡ᠂ ᠬᠠᠤᠯᠢᠴᠢ᠂ ᠠᠯᠪᠠᠨ ᠭᠡᠷᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠬᠠᠤᠯᠢ | ᠴᠠᠭᠠᠵᠠ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠡᠶᠡᠳᠡᠭᠦᠯᠭᠡ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠳᠥᠯ ᠢ ᠪᠠᠳᠠᠷᠠᠭᠤᠯᠵᠤ᠂ | ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠬᠦᠴᠦᠯᠡᠴᠡ ᠶᠢ ᠶᠡᠬᠡᠰᠬᠡᠨ᠎ᠡ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠡᠮ ᠰᠣᠭᠤᠭ ᠤᠨ ᠲᠤᠭ᠎ᠠ ᠪᠠᠷᠢᠮᠲᠠ᠂ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠲᠤᠰᠬᠠᠢ | ᠮᠡᠷᠭᠡᠵᠢᠯᠲᠡᠨ ᠴᠢᠳᠠᠪᠤᠷᠢᠲᠠᠨ ᠤ ᠬᠥᠮᠥᠷᠭᠡ ᠶᠢ ᠲᠡᠭᠦᠯᠳᠡᠷᠵᠢᠭᠦᠯᠦᠨ᠂ ᠭᠤᠷᠪᠠᠳᠤᠭᠠᠷ ᠡᠲᠡᠭᠡᠳ ᠤᠨ ᠦᠨᠡᠯᠡᠨ ᠵᠢᠱᠢᠬᠦ ᠲᠣᠭᠲᠠᠴᠠ᠂ ᠠᠶᠤᠯᠭᠦᠢ ᠶᠢᠨ | ᠪᠠᠶᠢᠴᠠᠭᠠᠯᠲᠠ ᠶᠢᠨ ᠰᠠᠯᠠᠭ᠎ᠠ ᠮᠥᠴᠢᠷ ᠤᠨ ᠰᠤᠷᠠᠭ ᠵᠠᠩᠭᠢ ᠰᠣᠯᠢᠯᠴᠠᠵᠤ ᠭᠡᠳᠡᠷᠭᠦ ᠲᠤᠰᠬᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ | ᠬᠦᠷᠢᠶ᠎ᠡ ᠴᠠᠷᠠᠭ᠎ᠠ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠲᠤᠰᠬᠠᠢ ᠲᠥᠷᠥᠯ ᠤᠨ ᠴᠡᠭᠴᠡᠯᠡᠨ ᠵᠠᠰᠠᠯᠲᠠ ᠶᠢᠨ ᠬᠦᠴᠦᠯᠡᠴᠡ ᠶᠢ ᠨᠡᠮᠡᠭᠳᠡᠭᠦᠯᠵᠦ᠂ ᠬᠦᠨᠳᠦ | ᠣᠨᠴᠠ ᠶᠡᠭᠡ ᠠᠮᠤᠷ ᠲᠦᠪᠰᠢᠨ ᠤ ᠠᠳᠡᠯ ᠡᠭᠦᠰᠬᠦ ᠶᠢ ᠡᠷᠡᠰ ᠰᠡᠷᠭᠡᠶᠢᠯᠡᠨ᠎ᠡ᠃ ︽ᠳᠥᠷᠪᠡᠨ ᠬᠠᠮᠤᠭ ᠴᠢᠩᠭ᠎ᠠ︾ ᠶᠢᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠪᠣᠭᠤᠮᠲᠠ ᠪᠣᠯᠭᠠᠨ ᠢ ᠴᠢᠩᠭ᠎ᠠ ᠰᠠᠬᠢᠵᠤ᠂ ᠤᠯᠤᠰ ᠤᠨ | ᠢᠳᠡᠭᠡᠨ ᠤ ᠠᠮᠤᠷ ᠲᠦᠪᠰᠢᠨ ᠬᠤᠲᠠ ᠶᠢᠨ ᠡᠭᠦᠳᠥᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠣᠯᠠᠨ ᠲᠦᠮᠡᠨ ᠳᠤ ᠠᠮᠤᠷ ᠲᠦᠪᠰᠢᠨ | ᠰᠡᠳᠬᠢᠯ ᠠᠮᠤᠷ ᠢᠳᠡᠭᠡᠨ ᠢᠳᠡᠭᠦᠯᠦᠨ᠎ᠡ᠃ | ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠥᠨ᠎ᠡ᠃ ᠰᠤᠷᠠᠭ ᠵᠠᠩᠭᠢᠵᠢᠯᠲᠠ᠂ ᠰᠦᠯᠵᠢᠶᠡᠵᠢᠯᠲᠡ ᠪᠠᠷ ᠲᠦᠰᠢᠭ ᠪᠣᠯᠭᠠᠭᠰᠠᠨ | ᠨᠡᠶᠢᠭᠡᠮ ᠤᠨ ᠠᠮᠤᠷ ᠲᠦᠪᠰᠢᠨ ᠤ ᠵᠠᠰᠠᠯᠲᠠ ᠶᠢᠨ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠦᠷᠳᠡᠭᠦᠯᠦᠯ᠂ | ᠬᠤᠤᠷ᠂ ᠵᠣᠭᠤᠰ ᠨᠠᠭᠠᠳᠬᠤ ᠳᠤ ᠬᠤᠯᠪᠣᠭᠳᠠᠭᠰᠠᠨ᠂ ᠮᠥᠩᠭᠦᠨ ᠭᠦᠢᠯᠭᠡᠭᠡᠨ ᠤ ᠮᠡᠬᠡᠯᠡᠯ᠂ ᠬᠠᠤᠯᠢ ᠪᠤᠰᠤ ᠪᠠᠷ ᠪᠡᠯᠡ ᠬᠤᠷᠠᠮᠳᠤᠭᠤᠯᠬᠤ ᠵᠡᠷᠭᠡ ᠬᠠᠤᠯᠢ ᠶᠢ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠂ ᠬᠢᠯᠢ ᠶᠢᠨ ᠬᠠᠮᠢᠶᠠᠷᠤᠨ ᠡᠵᠡᠮᠳᠡᠬᠦ ᠲᠦᠪᠰᠢᠨ ᠢ ᠳᠡᠭᠡᠭᠰᠢᠯᠡᠭᠦᠯᠵᠦ᠂ ︽ | ᠲᠠᠪᠤ ᠶᠢ ᠡᠷᠡᠰ ᠡᠭᠦᠰᠬᠡᠬᠦ ᠦᠭᠡᠢ︾ ᠪᠠᠶᠢᠬᠤ ᠶᠢ ᠪᠠᠲᠤᠯᠠᠨ᠎ᠠ᠃ ᠨᠠᠮ ᠤᠨ ᠦᠨᠳᠥᠰᠦᠲᠡᠨ ᠤ ᠲᠤᠬᠠᠢ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ | ᠂ ᠪᠦᠬᠦ ᠤᠯᠤᠰ ᠤᠨ ᠦᠨᠳᠥᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠡᠭᠦᠳᠥᠨ ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠦ᠂ | ᠬᠢᠯᠢ ᠬᠢᠵᠠᠭᠠᠷ ᠢ ᠮᠠᠨᠳᠤᠭᠤᠯᠤᠨ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢ ᠲᠦᠯᠬᠢᠨ ᠠᠬᠢᠭᠤᠯᠵᠤ᠂ ᠬᠤᠳᠠ ᠶᠢᠨ ᠦᠨᠳᠤᠰᠤᠳᠠᠨ ᠤ ᠠᠵᠢᠯ ᠢ ᠴᠢᠬᠤᠯᠠᠴᠢᠯᠠᠨ | ᠰᠠᠶᠢᠳᠤᠷ ᠬᠢᠵᠦ᠂ ︽ᠭᠤᠷᠪᠠ ᠬᠠᠷᠢᠯᠴᠠᠨ ᠰᠠᠯᠵᠤ ᠴᠢᠳᠠᠰᠢ ᠦᠭᠡᠢ︾ ︽ᠲᠠᠪᠤ ᠶᠢ ᠵᠥᠪᠰᠢᠶᠡᠷᠡᠬᠦ︾ ᠦᠵᠡᠯ ᠰᠠᠨᠠᠭ᠎ᠠ ᠶᠢ ᠡᠯ᠎ᠡ ᠦᠨᠳᠥᠰᠦᠲᠡᠨ ᠤ ᠠᠷᠠᠳ | ᠲᠦᠮᠡᠨ ᠤ ᠰᠡᠳᠬᠢᠯ ᠳᠤ ᠭᠦᠨᠵᠡᠭᠡᠢ ᠦᠨᠳᠥᠰᠦᠯᠡᠭᠦᠯᠵᠦ᠂ ᠡᠯ᠎ᠡ ᠦᠨᠳᠥᠰᠦᠲᠡᠨ ᠤ ᠬᠠᠮᠲᠤᠷᠠᠨ ᠪᠦᠯᠬᠦᠮᠳᠡᠵᠦ ᠲᠡᠮᠡᠴᠡᠬᠦ ᠶᠢ ᠠᠬᠢᠭᠤᠯᠤᠨ᠎ᠠ᠃ ᠱᠠᠰᠢᠨ ᠰᠤᠷᠲᠠᠬᠤᠨ ᠤ | ᠤᠴᠢᠷ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠶᠢ ᠢᠳᠡᠪᠬᠢᠲᠡᠢ ᠥᠷᠨᠢᠭᠦᠯᠵᠦ᠂ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠳᠡᠮᠵᠢᠵᠦ᠂ ᠨᠡᠶᠢᠭᠡᠮ ᠲᠣᠭᠲᠠᠭᠤᠨ᠂ ᠦᠨᠳᠥᠰᠦᠲᠡᠨ ᠨᠦᠭᠦᠳ ᠪᠦᠯᠬᠦᠮᠳᠡᠯ ᠲᠠᠢ᠂ ᠬᠢᠯᠢ ᠬᠢᠵᠠᠭᠠᠷ ᠠᠮᠤᠷ | ᠲᠣᠭᠲᠠᠭᠤᠨ ᠣᠬᠢ ᠰᠠᠶᠢᠨ ᠪᠠᠶᠢᠳᠠᠯ ᠢ ᠪᠠᠬᠢᠵᠢᠭᠦᠯᠦᠨ᠎ᠡ᠃ | ︵ᠠᠷᠪᠠ︶ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠪᠠᠷᠢᠮᠲᠠᠯᠠᠵᠤ᠂ ᠠᠷᠠᠳ ᠲᠦᠮᠡᠨ ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠢ | ᠪᠦᠳᠦᠬᠡᠨ ᠪᠠᠶᠢᠭᠤᠯᠤᠨ᠎ᠠ᠃ ᠲᠤᠯᠵᠤ ᠢᠷᠡᠭᠰᠡᠨ ᠠᠭᠤᠯᠠ ᠶᠢ ᠲᠤᠭᠤᠯᠵᠤ ᠭᠠᠷᠬᠤ ᠠᠴᠠ ᠲᠣᠭᠤᠷᠢᠵᠤ ᠭᠠᠷᠬᠤ ᠶᠣᠰᠣ ᠦᠭᠡᠢ᠃ ᠪᠢᠳᠡ ᠵᠠᠪᠠᠯ ︽ᠪᠣᠬᠢᠷᠲᠤᠯ | ᠦᠭᠡᠢ ᠪᠠᠷ ᠮᠠᠨᠳᠤᠨ ᠬᠥᠭᠵᠢᠵᠦ᠂ ᠵᠢᠶᠠᠩᠨᠠᠨ ᠢ ᠭᠦᠢᠴᠡᠨ ᠳᠠᠪᠠᠭ᠋ᠤ︾ ᠶᠢ ᠪᠡᠶᠡᠯᠡᠭᠦᠯᠬᠦ ᠡᠭᠦᠷᠭᠡ ᠶᠢ ᠡᠭᠦᠷᠭᠡᠯᠡᠵᠦ᠂ ᠲᠦᠮᠡᠨ ᠠᠶᠢᠯ ᠮᠢᠩᠭᠠᠨ ᠡᠷᠦᠬᠡ ᠶᠢᠨ ᠪᠠᠶᠠᠷ | ᠵᠣᠪᠠᠨᠢᠯ ᠢ ᠰᠡᠳᠬᠢᠯ ᠳᠡᠭᠡᠨ ᠲᠠᠯᠪᠢᠵᠤ᠂ ᠠᠮᠢ ᠪᠠᠨ ᠪᠣᠳᠣᠬᠤ ᠦᠭᠡᠢ ᠪᠠᠷ ᠣᠯᠠᠨ ᠤ ᠲᠥᠯᠥᠭᠡ ᠵᠢᠳᠬᠦᠵᠦ᠂ ᠲᠤᠰᠢᠶᠠᠯ ᠢᠶᠠᠨ ᠭᠦᠢᠴᠡᠳᠬᠡᠨ ᠬᠠᠷᠢᠭᠤᠴᠠᠯᠭ᠎ᠠ ᠪᠠᠨ | ᠪᠡᠶᠡᠯᠡᠭᠦᠯᠵᠦ᠂ ᠠᠷᠠᠳ ᠲᠦᠮᠡᠨ ᠤ ᠰᠠᠶᠢᠨ ᠠᠯᠪᠠᠨ ᠵᠠᠷᠤᠴᠠ ᠪᠣᠯᠣᠨ᠎ᠠ᠃ | ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠵᠢᠷᠤᠮ ᠢ ᠪᠠᠲᠤ ᠰᠠᠬᠢᠵᠤ᠂ ︽ᠳᠥᠷᠪᠡᠨ ᠤᠬᠠᠮᠰᠠᠷ︾ ᠣᠨᠴᠠᠭᠠᠶᠢᠯᠠᠨ | ᠭᠤᠣᠯᠯᠠᠬᠤ ᠤᠬᠠᠮᠰᠠᠷ᠂ ᠲᠠᠭᠠᠨ ᠰᠤᠷᠤᠯᠴᠠᠬᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠦᠵᠡᠯ ᠰᠠᠨᠠᠭᠠᠨ ᠳᠡᠭᠡᠷ᠎ᠡ ᠪᠠᠨ ᠭᠤᠣᠯᠯᠠᠭᠴᠢ ᠪᠠᠨ ᠴᠢᠩ | ᠰᠡᠳᠬᠢᠯ ᠠᠴᠠ ᠪᠠᠨ ᠬᠦᠷᠢᠶᠡᠯᠡᠵᠦ᠂ ᠤᠯᠤᠰ ᠲᠥᠷᠥ ᠳᠡᠭᠡᠷ᠎ᠡ ᠪᠠᠨ ᠭᠤᠣᠯᠯᠠᠭᠴᠢ ᠪᠠᠨ ᠡᠷᠡᠰ ᠬᠠᠮᠠᠭᠠᠯᠠᠵᠤ᠂ ᠵᠤᠬᠢᠶᠠᠨ ᠪᠠᠶᠢᠭᠤᠯᠤᠯᠳᠠ ᠲᠡᠭᠡᠷ᠎ᠡ ᠪᠠᠨ | ᠤᠬᠠᠮᠰᠠᠷ ᠠᠴᠠ ᠪᠠᠨ ᠭᠤᠤᠯᠯᠠᠭᠴᠢ ᠪᠠᠨ ᠳᠠᠭᠠᠵᠤ᠂ ᠠᠵᠢᠯᠯᠠᠭ᠎ᠠ ᠳᠡᠭᠡᠷ᠎ᠡ ᠪᠠᠨ ᠭᠤᠣᠯᠯᠠᠭᠴᠢ ᠪᠠᠨ ᠢᠮᠠᠭᠲᠠ ᠴᠢᠩᠭ᠎ᠠ ᠳᠠᠭᠠᠵᠤ᠂ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠥᠯᠲᠡᠢ ᠪᠠᠶᠢᠬᠤ ᠶᠢ ᠡᠷᠡᠰ ᠪᠠᠳᠤ ᠤᠬᠠᠮᠰᠠᠷ ᠠᠴᠠ ᠪᠠᠨ ᠲᠠᠭᠠᠨ᠎ᠠ᠃ | ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠭᠠᠳᠬᠠᠵᠤ᠂ ᠨᠠᠮ ᠤᠨ ᠳᠣᠲᠣᠭᠠᠳᠤ ᠶᠢᠨ | ᠬᠢᠨᠠᠯᠲᠠ᠂ ᠨᠡᠶᠢᠭᠡᠮ ᠤᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠠᠮ ᠤᠨ ᠳᠦᠷᠢᠮ ᠨᠠᠮ ᠤᠨ ᠰᠠᠬᠢᠯᠭ᠎ᠠ ᠶᠣᠰᠣᠭᠠᠷ | ᠲᠤᠰᠢᠶᠠᠯ ᠢᠶᠠᠨ ᠭᠦᠢᠴᠡᠳᠬᠡᠨ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠬᠤᠲᠠ ᠶᠢᠨ ᠨᠠᠮ ᠤᠨ ᠬᠤᠷᠢᠶᠠᠨ ᠤ ᠡᠯ᠎ᠡ ᠲᠥᠷᠥᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ | ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠡᠯ᠎ᠡ ᠠᠷᠠᠳᠴᠢᠯᠠᠭᠰᠠᠨ ᠨᠠᠮ ᠪᠦᠯᠦᠭ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ ᠤᠨ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠴᠤ ᠬᠦᠯᠢᠶᠡᠨ ᠠᠪᠤᠨ᠎ᠠ᠃ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠳᠦᠷᠢᠮ ᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠰᠤᠷᠠᠭ ᠵᠠᠩᠭᠢ ᠶᠢ ᠢᠯᠡ ᠪᠣᠯᠭᠠᠬᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠣᠯᠠᠨ | ᠲᠦᠮᠡᠨ ᠤ ᠠᠰᠢᠭ ᠲᠤᠰᠠ ᠲᠠᠢ ᠨᠢᠭᠲᠠ ᠬᠤᠯᠪᠣᠭᠳᠠᠬᠤ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ᠂ ᠪᠠᠲᠤᠯᠠᠭ᠎ᠠ ᠶᠢᠨ ᠣᠷᠣᠨ ᠰᠠᠭᠤᠴᠠ ᠶᠢᠨ | ᠬᠤᠪᠢᠶᠠᠷᠢᠯᠠᠯ᠂ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠤᠷᠢᠵᠤ ᠬᠡᠷᠡᠭᠯᠡᠬᠦ ᠵᠡᠷᠭᠡ ᠰᠤᠷᠠᠭ ᠵᠠᠩᠭᠢ ᠶᠢ ᠪᠦᠷ ᠢᠯᠡ ᠪᠠᠷ ᠵᠠᠷᠯᠠᠨ ᠨᠡᠶᠢᠲᠡᠯᠡᠨ᠎ᠡ᠃ ᠡᠯᠧᠺᠲᠷᠣᠨ | ᠵᠠᠰᠠᠭ ᠤᠨ ᠶᠠᠪᠤᠳᠠᠯ ᠪᠠ ᠰᠦᠯᠵᠢᠶᠡᠨ ᠳᠡᠭᠡᠷᠡᠬᠢ ᠠᠵᠢᠯ ᠡᠷᠬᠢᠯᠡᠬᠦ ᠶᠢ ᠳᠡᠯᠭᠡᠷᠡᠭᠦᠯᠵᠦ᠂ ᠰᠦᠯᠵᠢᠶᠡᠨ ᠳᠡᠭᠡᠷ᠎ᠡ ᠠᠵᠢᠯ ᠡᠷᠬᠢᠯᠡᠬᠦ ᠲᠣᠮᠣ ᠲᠢᠩᠬᠢᠮ᠂ ᠡᠯᠧᠺᠲᠷᠣᠨ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ | ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠪᠠ ᠬᠤᠲᠠ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠦᠢᠯᠡᠴᠢᠯᠡᠭᠡᠨ ᠤ ᠬᠡᠯᠪᠡᠷᠢ ᠳᠤ ᠰᠢᠨ᠎ᠡ ᠶᠢ ᠡᠭᠦᠳᠴᠦ᠂ ᠠᠵᠢᠯ ᠡᠷᠬᠢᠯᠡᠬᠦ ᠠᠰᠢᠭᠯᠠᠮᠵᠢ ᠶᠢ ᠳᠡᠭᠡᠭᠰᠢᠯᠡᠭᠦᠯᠵᠦ᠂ ᠣᠯᠠᠨ ᠲᠦᠮᠡᠨ ᠳᠤ ᠦᠢᠯᠡᠴᠢᠯᠡᠬᠦ | ︽ᠬᠠᠮᠤᠭ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠪᠡᠯᠡ ᠮᠥᠩᠭᠦ ᠶᠢ ᠬᠢᠨᠠᠨ ᠪᠣᠳᠣᠵᠤ ᠬᠢᠨᠠᠯᠲᠠ ᠲᠠᠯᠪᠢᠬᠤ ᠶᠢ | ᠴᠢᠩᠭᠠᠳᠬᠠᠵᠤ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠨ᠂ ᠵᠠᠰᠠᠭ ᠵᠠᠬᠢᠷᠭᠠᠨ ᠤ ᠠᠵᠢᠯᠯᠠᠭ᠎ᠠ ᠠᠪᠬᠤ ᠦᠭᠡᠢ᠂ ᠳᠤᠷ᠎ᠠ ᠪᠠᠷ ᠠᠵᠢᠯᠯᠠᠭ᠎ᠠ ᠠᠪᠬᠤ | ᠪᠠ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠠᠵᠢᠯᠯᠠᠭ᠎ᠠ ᠶᠢ ᠡᠷᠡᠰ ᠴᠡᠭᠴᠡᠯᠡᠨ ᠵᠠᠰᠠᠨ᠎ᠠ᠃ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠰᠠᠬᠢᠯᠭ᠎ᠠ ᠶᠢ ᠵᠥᠷᠢᠴᠡᠭᠰᠡᠨ ᠬᠡᠷᠡᠭ ᠢ ᠴᠢᠩᠭ᠎ᠠ ᠪᠠᠷ ᠪᠠᠶᠢᠴᠠᠭᠠᠨ | ᠰᠢᠢᠳᠬᠡᠨ᠎ᠡ᠃ ᠣᠪᠣᠷ ᠰᠤᠷᠲᠠᠯ ᠢ ᠥᠭᠡᠷᠡᠴᠢᠯᠡᠨ ᠰᠠᠶᠢᠵᠢᠷᠠᠭᠤᠯᠬᠤ ᠡᠯ᠎ᠡ ᠲᠥᠷᠥᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ︽ᠭᠤᠷᠪᠠᠨ ᠵᠦᠢᠯ ᠤᠨ ᠰᠠᠬᠢᠯᠭ᠎ᠠ︾ ᠶᠢ ᠬᠢᠨᠠᠮᠠᠭᠠᠢ ᠭᠦᠢᠴᠡᠳᠬᠡᠨ᠎ᠡ᠃ ᠠᠵᠢᠯ ᠬᠢᠶ᠎ᠡ ᠭᠡᠵᠦ ᠰᠠᠨᠠᠬᠤ᠂ ᠠᠵᠢᠯ ᠢ ᠵᠣᠷᠢᠭᠲᠠᠢ ᠬᠢᠬᠦ ᠡᠨᠡ ᠬᠤᠶᠠᠷ | ᠵᠠᠩᠭᠢᠯᠠᠭ᠎ᠠ ᠶᠢ ᠠᠳᠬᠤᠵᠤ᠂ ︽ᠦᠨᠡᠨ ᠪᠣᠳᠠᠲᠠᠢ ᠪᠠᠶᠢᠵᠤ ᠪᠣᠳᠠᠲᠠᠢ ᠪᠠᠷ ᠬᠢᠵᠦ ᠪᠣᠳᠠᠲᠠᠢ ᠪᠦᠲᠦᠮᠵᠢ ᠭᠠᠷᠭᠠᠬᠤ︾ ᠪᠠᠷ ᠬᠡᠮ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠵᠤ | ᠂ ᠵᠥᠪ ᠲᠠᠯ᠎ᠠ ᠶᠢᠨ ᠤᠷᠮᠠᠰᠢᠭᠤᠯᠬᠤ ᠲᠣᠭᠲᠠᠴᠠ ᠪᠠ ᠠᠯᠳᠠᠭ᠎ᠠ ᠶᠢ ᠠᠭᠤᠴᠢᠯᠠᠨ ᠵᠠᠯᠠᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠳᠠᠷᠤᠢ ᠳᠤᠨᠢ ᠠᠳᠬᠤᠨ ᠬᠢᠬᠦ᠂ | ᠡᠳᠥᠷ ᠰᠥᠨᠢ ᠶᠢ ᠲᠡᠮᠡᠴᠡᠵᠦ᠂ ᠤᠴᠢᠷ ᠪᠣᠯᠭᠠᠨ ᠳᠤ ᠰᠡᠳᠬᠢᠯ ᠲᠠᠯᠪᠢᠵᠤ᠂ ᠶᠣᠰᠣ ᠵᠢᠷᠤᠮ ᠢ ᠴᠢᠩᠭ᠎ᠠ ᠰᠠᠬᠢᠵᠤ᠂ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ᠂ | ᠵᠣᠷᠢᠭᠲᠠᠢ ᠡᠭᠦᠷᠭᠡᠯᠡᠬᠦ ᠠᠵᠢᠯ ᠤᠨ ᠰᠤᠷᠲᠠᠯ ᠢ ᠰᠠᠨᠠᠭᠠᠴᠢᠯᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠠᠵᠢᠯᠲᠠᠳ ᠦᠵᠡᠯ ᠰᠠᠨᠠᠭ᠎ᠠ ᠪᠠᠨ ᠴᠢᠨᠠᠭᠰᠢᠳᠠ | ᠴᠢᠯᠥᠭᠡᠯᠡᠨ᠂ ᠥᠭᠡᠷᠡᠴᠢᠯᠡᠨ ᠰᠢᠨᠡᠴᠢᠯᠡᠵᠦ᠂ ᠴᠢᠩᠭ᠎ᠠ ᠬᠦᠴᠦᠲᠡᠢ ᠰᠤᠷᠤᠯᠴᠠᠬᠤ ᠤᠬᠠᠮᠰᠠᠷ ᠢ ᠪᠤᠢ ᠪᠣᠯᠭᠠᠵᠤ᠂ ᠴᠢᠳᠠᠪᠤᠷᠢ ᠬᠡᠪ ᠴᠢᠨᠠᠷ ᠢᠶᠠᠨ ᠴᠢᠷᠮᠠᠶᠢᠨ | ᠳᠡᠭᠡᠭᠰᠢᠯᠡᠭᠦᠯᠵᠦ᠂ ᠳᠠᠶᠠᠭᠠᠷ ᠢᠶᠠᠨ ᠪᠦᠷ ᠲᠠᠷᠢᠬᠢ ᠪᠠᠨ ᠬᠥᠳᠡᠯᠭᠡᠨ ᠠᠵᠢᠯ ᠢᠶᠠᠨ ᠪᠣᠳᠣᠯᠬᠢᠯᠠᠵᠤ᠂ ᠬᠠᠨᠴᠤᠢ ᠪᠠᠨ ᠰᠢᠮᠠᠯᠠᠨ ᠠᠵᠢᠯ ᠬᠢᠵᠦ᠂ ᠵᠠᠰᠠᠭ ᠤᠨ ᠣᠷᠳᠣᠨ ᠤ | ᠭᠦᠢᠴᠡᠳᠬᠡᠬᠦ ᠬᠦᠴᠦᠨ ᠪᠠ ᠠᠵᠢᠯ ᠤᠨ ᠪᠦᠲᠦᠭᠡᠮᠵᠢ ᠶᠢ ᠳᠡᠭᠡᠭᠰᠢᠯᠡᠭᠦᠯᠵᠦ᠂ ᠪᠦᠬᠦ ᠬᠤᠲᠠ ᠳᠠᠶᠠᠭᠠᠷ ᠲᠤ ᠣᠯᠠᠨ ᠪᠦᠭᠦᠳᠡᠭᠡᠷ ᠨᠠᠶᠢᠳᠠᠪᠤᠷᠢᠵᠢᠭᠤᠯᠤᠯᠲᠠ ᠶᠢ | ᠠᠳᠬᠤᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ | ᠲᠥᠯᠥᠭᠡᠯᠡᠭᠴᠢᠳ ᠡ᠂ ︽ᠪᠣᠬᠢᠷᠲᠤᠯ ᠦᠭᠡᠢ ᠪᠠᠷ ᠮᠠᠨᠳᠤᠨ ᠬᠥᠭᠵᠢᠵᠦ᠂ ᠵᠢᠶᠠᠩᠨᠠᠨ ᠢ ᠭᠦᠢᠴᠡᠨ ᠳᠠᠪᠠᠭ᠋ᠤ︾ ᠶᠢ ᠪᠡᠶᠡᠯᠡᠭᠦᠯᠬᠦ ᠠᠶᠠᠨ ᠵᠠᠮ ᠨᠢᠭᠡᠨᠲᠡ | ᠡᠬᠢᠯᠡᠵᠡᠢ᠃ ᠪᠢᠳᠡ ᠪᠦᠭᠦᠳᠡᠭᠡᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩᠳᠡ ᠨᠢᠭᠲᠠᠷᠠᠨ ᠪᠦᠯᠬᠦᠮᠳᠡᠵᠦ | ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠴᠤᠴᠠᠯᠲᠠ ᠦᠭᠡᠢ ᠤᠷᠤᠭᠰᠢᠯᠠᠵᠤ᠂ ᠪᠠᠶᠠᠨ ᠲᠠᠩᠰᠤᠭ ᠪᠣᠯᠪᠠᠰᠤᠨ ᠪᠣᠬᠢᠷᠲᠤᠯ ᠦᠭᠡᠢ | ᠵᠣᠯ ᠵᠢᠷᠭᠠᠯᠲᠤ ᠪᠠᠶᠠᠨᠨᠠᠭᠤᠷ ᠢ ᠲᠦᠷᠭᠡᠳᠬᠡᠨ ᠪᠠᠶᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ | ᠪᠠ ᠨᠠᠮ ᠤᠨ ᠠᠷᠪᠠ ᠶᠢᠰᠦᠳᠥᠭᠡᠷ ᠶᠡᠭᠡ ᠬᠤᠷᠠᠯ ᠤᠨ ᠢᠯᠠᠯᠳᠠ ᠲᠠᠢ ᠬᠤᠷᠠᠯᠳᠤᠬᠤ ᠶᠢ ᠤᠭᠲᠤᠵᠠᠭᠠᠶ᠎ᠠ︕ |