2017 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2018/7/20
           — 2017 ᠣᠨ ᠤ 1 ᠰᠠᠷ᠎ᠠ ᠶᠢᠨ 7 ᠤ ᠡᠳᠥᠷ ᠪᠠᠶᠠᠨᠨᠠᠭᠤᠷ ᠬᠤᠲᠠ ᠶᠢᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭ᠎ᠠ ᠶᠢᠨ ᠬᠤᠷᠠᠯ ᠳᠡᠭᠡᠷ᠎ᠡ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ ᠵᠠᠩ ᠰᠢᠶᠣᠣ ᠪᠢᠩ  ᠲᠥᠯᠥᠭᠡᠯᠡᠭᠴᠢᠳ ᠡ᠄  ᠣᠳᠣ᠂ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠳᠠᠶᠠᠭᠠᠷ ᠢᠶᠠᠨ ᠬᠢᠨᠠᠨ ᠵᠥᠪᠯᠡᠭᠡᠷᠡᠢ᠂ ᠪᠠᠰᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠣᠯᠠ ᠣᠷᠣᠯᠴᠠᠭ᠎ᠠ ᠨᠥᠬᠦᠳ ᠰᠠᠨᠠᠯ ᠢᠶᠠᠨ ᠳᠤᠷᠠᠳᠤᠭᠠᠷᠠᠢ᠃  ᠨᠢᠭᠡ᠂ 2016 ᠣᠨ ᠤ ᠠᠵᠢᠯ ᠤᠨ ᠡᠷᠭᠢᠴᠡᠭᠦᠯᠦᠯ ᠰᠠᠶ᠋ᠢᠬᠠᠨ ᠥᠩᠭᠡᠷᠡᠭᠰᠡᠨ ᠨᠢᠭᠡ ᠵᠢᠯ ᠪᠣᠯ ᠬᠤᠳᠡ ᠶᠢᠨ ᠨᠠᠮ ᠤᠨ ᠬᠤᠷᠢᠶᠡᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ ᠬᠤᠲᠠ ᠳᠠᠶᠠᠭᠠᠷ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ ᠲᠥᠷᠥᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠰᠡᠳᠬᠢᠯ ᠨᠡᠶᠢᠲᠡ ᠶᠢᠨ ᠵᠣᠷᠢᠭ  ᠢᠶᠠᠷ ᠬᠦᠴᠢᠷ ᠪᠡᠷᠬᠡ ᠶᠢ ᠢᠯᠠᠨ ᠳᠠᠪᠠᠵᠤ᠂ ᠨᠡᠮᠡᠭᠳᠡᠯ ᠢ ᠲᠣᠭᠲᠠᠪᠤᠷᠢᠵᠢᠭᠤᠯᠤᠨ᠂ ᠥᠭᠡᠷᠡᠴᠢᠯᠡᠯᠲᠡ ᠶᠢ ᠠᠬᠢᠭᠤᠯᠵᠤ᠂ ᠪᠦᠲᠦᠴᠡ ᠶᠢ ᠲᠣᠬᠢᠷᠠᠭᠤᠯᠤᠨ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠵᠡᠷᠭᠡ ᠡᠯ᠎ᠡ ᠲᠥᠷᠥᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠰᠢᠨ᠎ᠡ ᠳᠠᠪᠠᠯᠲᠠ ᠶᠢ ᠪᠡᠶᠡᠯᠡᠭᠦᠯᠵᠦ᠂ ︽13 · 5︾ ᠤᠨ ᠲᠥᠯᠥᠪᠵᠢᠭᠦᠯᠭᠡ ᠶᠢᠨ ᠡᠬᠢᠯᠡᠯᠲᠡ ᠶᠢ ᠪᠡᠶᠡᠯᠡᠬᠦᠯᠦᠭᠰᠡᠨ ᠪᠠᠶᠢᠨ᠎ᠠ᠃  ︵ᠨᠢᠭᠡ︶ ᠨᠡᠮᠡᠭᠳᠡᠯ ᠢ ᠪᠦᠬᠦ ᠬᠦᠴᠦᠨ ᠢᠶᠠᠷ ᠲᠣᠭᠲᠠᠪᠤᠷᠢᠵᠢᠭᠤᠯᠵᠤ᠂ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠲᠠᠢ ᠪᠣᠯᠪᠠ᠃ ᠲᠣᠭᠲᠠᠭᠤᠨ ᠤ ᠳᠤᠮᠳᠠ ᠬᠥᠭᠵᠢᠯᠲᠡ ᠶᠢ ᠡᠷᠢᠯᠬᠢᠯᠡᠬᠦ ᠠᠵᠢᠯ ᠤᠨ ᠶᠡᠷᠦᠩᠬᠡᠢ ᠬᠥᠭ ᠠᠶᠢᠵᠠᠮ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ︽ᠭᠤᠷᠪᠠ ᠶᠢ ᠬᠠᠰᠤᠭᠳᠠᠭᠤᠯᠤᠨ᠂ ᠨᠢᠭᠡ ᠶᠢ ᠪᠠᠭᠤᠷᠠᠭᠤᠯᠵᠤ ᠨᠢᠭᠡ ᠶᠢ ᠨᠥᠬᠦᠬᠦ︾ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠤᠳᠠᠭᠠᠨ ᠤ ᠳᠤᠮᠳᠠ ᠲᠣᠭᠲᠠᠪᠤᠷᠢᠵᠢᠵᠤ᠂ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠢ ᠶᠡᠷᠦᠩᠬᠡᠢ ᠳᠡᠭᠡᠨ ᠪᠠᠲᠤᠯᠠᠪᠠ᠃  ᠲᠥᠰᠦᠪᠯᠡᠭᠰᠡᠨ ᠢᠶᠠᠷ᠂ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 930 ᠳ᠋ᠦᠩᠰᠢᠭᠤᠷ ᠲᠥᠭᠦᠷᠢᠭ ᠪᠡᠶᠡᠯᠡᠭᠦᠯᠵᠦ᠂ 7% ᠢᠶᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 733.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ 10.4% ᠢᠶᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠥᠷᠲᠡᠭ 258 ᠳ᠋ᠦᠩᠰᠢᠭᠤᠷ ᠲᠥᠭᠦᠷᠢᠭ ᠲᠤ ᠬᠦᠷᠴᠦ᠂ 10% ᠢᠶᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠦᠰᠤᠪ ᠣᠷᠣᠯᠭ᠎ᠠ ᠶᠢ 69.95 ᠳ᠋ᠦᠩᠰᠢᠭᠤᠷ ᠲᠥᠭᠦᠷᠢᠭ ᠪᠡᠶᠡᠯᠡᠭᠦᠯᠵᠦ᠂ 6.4% ᠢᠶᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠲᠤᠰᠪᠦᠷᠢ 26259 ᠲᠥᠭᠦᠷᠢᠭ ᠪᠠ 14557 ᠲᠥᠭᠦᠷᠢᠭ ᠲᠤ ᠬᠦᠷᠴᠦ᠂ ᠪᠦᠷ 8% ᠢᠶᠠᠷ ᠨᠡᠮᠡᠭᠳᠡᠵᠡᠢ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠲᠣᠭᠲᠠᠭᠤᠨ ᠢᠶᠠᠷ ᠬᠥᠭᠵᠢᠵᠦ᠂ ᠠᠮᠤ ᠪᠤᠳᠠᠭᠠᠨ ᠤ ᠶᠡᠷᠦᠩᠬᠡᠢ ᠤᠨᠠᠯᠲᠠ 60 ᠳ᠋ᠦᠩᠰᠢᠭᠤᠷ ᠵᠢᠩ ᠢ ᠳᠠᠪᠠᠵᠤ᠂ ᠲᠥᠬᠦᠭᠡᠷᠦᠮᠵᠢᠲᠦ ᠲᠠᠷᠢᠶᠠᠯᠠᠩ ᠤᠨ ᠲᠠᠯᠠᠪᠠᠢ 26 ᠲᠦᠮᠡᠨ ᠮᠦ ᠳᠤ ᠬᠦᠷᠴᠡᠢ᠃ ᠮᠠᠯ ᠠᠵᠤ ᠠᠬᠤᠢ ᠶᠢᠨ ᠣᠨ ᠤ ᠮᠠᠯ ᠲᠡᠵᠢᠭᠡᠪᠦᠷᠢ ᠶᠢᠨ ᠲᠤᠭ᠎ᠠ 2278 ᠲᠦᠮᠡ ᠳᠤ ᠬᠦᠷᠴᠦ᠂ ᠡᠭᠦᠨ ᠳᠤ ᠠᠯᠠᠰᠢᠨ ᠬᠤᠨᠢᠨ ᠤ ᠲᠡᠵᠢᠭᠡᠪᠦᠷᠢ ᠶᠢᠨ ᠲᠤᠭ᠎ᠠ 2128 ᠲᠦᠮᠡ ᠳᠤ ᠬᠦᠷᠴᠦ᠂ ᠬᠠᠰᠢᠶᠠᠨ ᠠᠴᠠ ᠭᠠᠷᠭᠠᠭᠰᠠᠨ ᠲᠤᠭ᠎ᠠ 1151 ᠲᠦᠮᠡ ᠳᠤ ᠬᠦᠷᠴᠦ᠂ ᠠᠯᠠᠰᠢᠨ ᠬᠤᠨᠢ ᠶᠢ ᠬᠠᠰᠢᠶᠠᠨ ᠠᠴᠠ ᠭᠠᠷᠭᠠᠭᠰᠠᠨ ᠲᠤᠭ᠎ᠠ ᠪᠦᠬᠦ ᠣᠷᠣᠨ ᠤ ᠨᠢᠭᠡᠳᠥᠭᠡᠷ ᠲᠤ ᠯᠠᠪᠳᠠᠭᠤᠨ ᠰᠠᠭᠠᠲᠠᠵᠤ᠂ ᠤᠯᠤᠰ ᠤᠨ ᠳᠡᠰ ᠤᠨ ᠤᠯᠠᠭᠠᠨ ᠯᠤᠤᠯᠢ ᠶᠢᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠭᠰᠠᠨ ᠶᠠᠰᠤ ᠴᠢᠨᠠᠷ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ ᠢ ᠡᠭᠦᠳᠥᠨ ᠪᠠᠶᠢᠭᠤᠯᠵᠠᠢ᠃ ᠠᠵᠤ ᠦᠢᠯᠡᠳᠪᠦᠷᠢ ᠶᠢᠨ ᠠᠵᠤ ᠠᠬᠤᠢ ᠲᠣᠭᠲᠠᠭᠤᠨ ᠢᠶᠠᠷ ᠡᠷᠭᠢᠯᠳᠥᠵᠦ᠂ ᠲᠥᠰᠦᠪᠯᠡᠭᠰᠡᠨ ᠢᠶᠠᠷ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 7% ᠣᠷᠴᠢᠮ ᠨᠡᠮᠡᠭᠳᠡᠬᠦ ᠪᠣᠯᠣᠨ᠎ᠠ᠃ ᠳ᠋ᠦᠩ ᠯᠢ ᠣᠯᠠᠨ ᠲᠠᠯᠠᠰᠲᠤ ᠴᠠᠬᠢᠭᠤᠷ᠂ ᠪᠠᠷᠠᠭᠤᠨ ᠰᠠᠭᠠᠳᠠᠭ ᠺᠣᠮᠫᠠᠨᠢ ᠶᠢᠨ ᠮᠤᠯᠢᠪᠳᠧᠨ ᠤ ᠠᠭᠤᠷᠬᠠᠢ ᠶᠢ ᠮᠠᠯᠲᠠᠵᠤ ᠰᠣᠩᠭᠤᠬᠤ᠂ ᠵᠧᠨ ᠰᠧᠨ ᠰᠢᠷᠬᠡᠭᠯᠢᠭ ᠬᠠᠪᠲᠠᠰᠤ᠂ ᠱᠧᠩ ᠮᠦ ᠳᠡᠭᠡᠳᠦ ᠮᠡᠷᠭᠡᠵᠢᠯ ᠤᠨ ᠣᠷᠭᠠᠨᠢᠭ ᠠᠶᠢᠷᠠᠭ ᠵᠡᠷᠭᠡ ᠲᠥᠷᠥᠯ ᠵᠦᠢᠯ ᠪᠠᠶᠢᠭᠤᠯᠤᠭᠳᠠᠵᠤ᠂ ᠾᠧᠩ  ᠵᠢᠶᠠ ᠪᠢᠳᠦᠷᠢᠶ᠎ᠠ᠂ ᠮᠧᠢ ᠶᠠᠩ ᠶᠠᠩ ᠠᠯᠠᠰᠢᠨ ᠬᠤᠨᠢᠨ ᠤ ᠮᠢᠬ᠎ᠠ ᠶᠢ ᠡᠳ᠋ᠰᠢᠭᠦᠯᠬᠦ ᠵᠡᠷᠭᠡ ᠶᠢᠨ ᠲᠥᠷᠥᠯ ᠵᠦᠢᠯ ᠲᠦᠷᠭᠡᠨ ᠲᠦᠯᠬᠢᠭᠳᠡᠨ ᠠᠬᠢᠵᠤ ᠪᠤᠢ᠃ ᠲᠣᠮᠣ ᠳ᠋ᠠᠶᠢᠲ᠋ᠠ ᠶᠢᠨ ᠡᠬᠦᠯᠡᠨ ᠪᠣᠳᠣᠯᠲᠠ ᠶᠢᠨ ᠠᠵᠤ ᠦᠢᠯᠡᠰ ᠠᠯᠬᠤᠮ ᠢᠶᠠᠨ ᠡᠬᠢᠯᠡᠵᠦ᠂ ᠦᠢᠯᠡᠴᠢᠯᠡᠭᠦᠷ ᠤᠨ ᠺᠣᠮᠫᠢᠦ᠋ᠲ᠋ᠧᠷ ᠤᠭᠰᠠᠷᠠᠬᠤ ᠴᠢᠳᠠᠪᠤᠷᠢ ᠨᠢ 1 ᠲᠦᠮᠡ ᠳᠤ ᠬᠦᠷᠴᠡᠢ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠡᠷᠴᠢᠮᠲᠡᠢ ᠪᠠᠶᠢᠨ᠎ᠠ᠃ ᠬᠠᠲᠤᠨ ᠭᠤᠣᠯ ᠤᠨ ᠪᠣᠷᠣᠲᠣᠬᠤᠢ ᠰᠣᠶᠣᠯ ᠤᠨ ᠵᠤᠭᠠᠴᠠᠯ ᠤᠨ ᠣᠷᠣᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠠᠩᠬᠠᠯᠠᠨ ᠢᠯᠡᠷᠡᠵᠦ᠂ ᠪᠣᠷᠣᠲᠣᠬᠤᠢ ᠠᠷᠢᠬᠢᠨ ᠦᠢᠯᠡᠰ ᠤᠨ ᠪᠦᠯᠦᠭᠯᠡᠯ᠂ ᠬᠠᠲᠤᠨ ᠭᠤᠣᠯ ᠤᠨ ᠰᠠᠨ ᠱᠧᠩ ᠭᠦᠩ ᠳᠠᠬᠢ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠨᠢ ᠤᠯᠤᠰ ᠤᠨ 4 A ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠪᠣᠯᠵᠤ᠂ ᠹᠦ᠋ ᠴᠢᠶᠠᠩ ᠲᠣᠰᠬᠤᠨ᠂ ᠯᠢᠶᠠᠨ ᠰᠢᠩ ᠲᠣᠰᠬᠤᠨ ︽ᠳᠤᠮᠳᠠᠳᠤ ᠤᠯᠤᠰ ᠤᠨ ᠬᠠᠮᠤᠭ ᠭᠤᠶᠣ ᠲᠣᠰᠬᠤᠨ ᠪᠠᠯᠭᠠᠰᠤ︾ ᠪᠠᠷ ᠦᠨᠡᠯᠡᠭᠳᠡᠵᠡᠢ᠃ ᠪᠦᠬᠦ ᠬᠤᠲᠠ ᠶᠢᠨ ᠬᠦᠯᠢᠶᠡᠨ ᠠᠪᠴᠤ ᠵᠣᠴᠢᠯᠠᠭᠰᠠᠨ ᠵᠤᠭᠠᠴᠠᠭᠰᠠᠳ ᠤᠨ ᠲᠤᠭ᠎ᠠ 425 ᠲᠦᠮᠡᠨ ᠬᠥᠮᠥᠨ ᠤᠳᠠᠭ᠎ᠠ ᠳᠤ ᠬᠦᠷᠴᠦ᠂ 20.7% ᠢᠶᠠᠷ ᠨᠡᠮᠡᠭᠳᠡᠵᠡᠢ︔ 43 ᠳ᠋ᠦᠩᠰᠢᠭᠤᠷ ᠲᠥᠭᠦᠷᠢᠭ ᠤᠨ ᠵᠤᠭᠠᠴᠠᠯ ᠤᠨ ᠣᠷᠣᠯᠭ᠎ᠠ ᠶᠢ ᠡᠭᠦᠳᠴᠦ᠂ 22.2% ᠢᠶᠠᠷ ᠨᠡᠮᠡᠭᠳᠡᠵᠡᠢ᠃ 4 ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠲᠤᠭ᠎ᠠ 1082 ᠳᠤ ᠬᠦᠷᠴᠦ᠂ ᠰᠣᠯᠢᠯᠴᠠᠭᠠᠨ ᠤ ᠥᠷᠲᠡᠭ 20.4% ᠢᠶᠠᠷ ᠨᠡᠮᠡᠭᠳᠡᠵᠡᠢ᠂ ᠦᠶᠤᠸᠠᠨ᠂ ᠤᠷᠠᠳ ᠤᠨ ᠡᠮᠦᠨᠡᠲᠦ ᠬᠤᠰᠢᠭᠤ ᠪᠠ ᠬᠠᠩᠭᠢᠨ ᠬᠤᠶᠢᠲᠤ ᠬᠤᠰᠢᠭᠤ ᠲᠤᠰᠪᠦᠷᠢ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠤᠭᠰᠠᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠵᠡᠢ ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠨᠢ ᠲᠤᠰᠪᠦᠷᠢ 937.1 ᠳ᠋ᠦᠩᠰᠢᠭᠤᠷ ᠲᠥᠭᠦᠷᠢᠭ ᠪᠠ 759.4 ᠳ᠋ᠦᠩᠰᠢᠭᠤᠷ ᠲᠥᠭᠦᠷᠢᠭ ᠲᠤ ᠬᠦᠷᠴᠦ᠂ ᠬᠠᠳᠠᠭᠠᠯᠠᠮᠵᠢ ᠵᠢᠭᠡᠯᠡᠯᠭᠡ ᠶᠢᠨ ᠬᠠᠷᠢᠴᠠᠯ ᠨᠢ 81% ᠲᠤ ᠬᠦᠷᠪᠡ᠃  ︵ᠬᠤᠶᠠᠷ︶ ᠭᠤᠣᠯᠳᠠᠯᠭ᠎ᠠ ᠶᠢ ᠲᠣᠪᠤᠶᠢᠯᠭᠠᠨ ᠥᠭᠡᠷᠡᠴᠢᠯᠡᠯᠲᠡ ᠶᠢ ᠠᠳᠬᠤᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠴᠢᠩᠭᠠᠷᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠱᠠᠭᠠᠷᠳᠠᠭᠰᠠᠨ ᠭᠤᠷᠪᠠᠨ ᠲᠥᠷᠥᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠯᠠᠪᠳᠠᠭᠤᠨ ᠢᠶᠠᠷ ᠲᠦᠯᠬᠢᠭᠳᠡᠨ ᠠᠬᠢᠵᠤ᠂ 70% ᠠᠴᠠ ᠳᠡᠭᠡᠭᠰᠢᠬᠢ ᠲᠣᠯᠣᠭᠠᠶᠢᠯᠠᠬᠤ ᠠᠵᠤ ᠠᠬᠤᠶᠢᠯᠠᠯ ᠮᠠᠯᠴᠢᠨ ᠲᠠᠷᠢᠶᠠᠴᠢᠳ ᠲᠠᠢ ᠠᠰᠢᠭ ᠲᠤᠰᠠ ᠶᠢᠨ ᠬᠤᠯᠪᠣᠯᠳᠤᠬᠤ ᠲᠣᠭᠲᠠᠴᠠ ᠶᠢ ᠪᠠᠶᠢᠭᠤᠯᠵᠦ᠂ ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠶᠢᠨ ᠥᠭᠡᠷᠡᠴᠢᠯᠡᠯᠲᠡ ᠡᠬᠢᠯᠡᠵᠦ᠂ ᠮᠣᠩᠭᠤᠯ ᠯᠤᠭ᠎ᠠ ᠬᠠᠮᠵᠢᠯᠴᠠᠨ ᠠᠵᠢᠯᠯᠠᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠭᠦᠨᠵᠡᠭᠡᠢ ᠬᠡᠷᠡᠭᠵᠢᠭᠦᠯᠦᠭᠳᠡᠪᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠦᠷ᠎ᠡ ᠪᠦᠲᠦᠮᠵᠢ ᠠᠩᠬ᠎ᠠ ᠢᠯᠡᠷᠡᠵᠦ᠂ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ᠂ ᠭᠠᠶᠢᠯᠢ ᠶᠢ ᠬᠠᠰᠤᠵᠤ ᠰᠦᠢᠳᠬᠡᠯ ᠢ ᠪᠠᠭᠤᠷᠠᠭᠤᠯᠬᠤ᠂ ᠴᠠᠬᠢᠯᠭᠠᠨ ᠤ ᠦᠨ᠎ᠡ ᠶᠢᠨ ᠬᠠᠷᠠᠭᠠᠯᠵᠠᠯ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠥᠪᠡᠷ ᠤᠨ ᠥᠷᠲᠡᠭ ᠢ 24.75 ᠳ᠋ᠦᠩᠰᠢᠭᠤᠷ ᠲᠥᠭᠦᠷᠢᠭ ᠪᠠᠭᠤᠷᠠᠭᠤᠯᠵᠤ᠂ ᠲᠠᠸᠠᠷ ᠤᠨ ᠣᠷᠣᠨ ᠰᠠᠭᠤᠴᠠ ᠶᠢᠨ ᠨᠥᠭᠡᠴᠡ ᠶᠢ 168 ᠲᠦᠮᠡᠨ ᠲᠡᠭᠰᠢ ᠳᠥᠷᠪᠡᠯᠵᠢᠨ ᠮᠧᠲᠷ ᠬᠠᠰᠤᠭᠳᠠᠭᠤᠯᠪᠠ᠃  ᠨᠤᠲᠤᠭ ᠪᠡᠯᠴᠢᠭᠡᠷ ᠤᠨ ᠡᠵᠡᠩᠨᠡᠬᠦ ᠡᠷᠬᠡ ᠶᠢ ᠲᠣᠳᠣᠳᠬᠠᠬᠤ ᠠᠵᠢᠯ ᠲᠡᠭᠦᠰ ᠠᠮᠵᠢᠯᠲᠠᠲᠠᠢ ᠪᠡᠶᠡᠯᠡᠭᠳᠡᠵᠦ᠂ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠪᠠᠷ ᠪᠠᠷᠢᠴᠠᠭᠠᠯᠠᠨ ᠵᠢᠭᠡᠯᠡᠯᠭᠡ ᠠᠪᠬᠤ ᠡᠬᠢᠯᠡᠯᠲᠡ ᠶᠢ ᠲᠠᠯᠪᠢᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠲᠠᠰᠤᠷᠠᠯᠲᠠ ᠦᠭᠡᠢ ᠭᠦᠨᠵᠡᠭᠡᠶᠢᠷᠡᠵᠦ᠂ ᠬᠤᠲᠠ ᠶᠢᠨ ᠲᠤᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠠᠪᠤᠳᠠᠯ ᠢ ᠴᠣᠮᠬᠠᠳᠬᠠᠭᠰᠠᠨ ᠨᠣᠷᠮ᠎ᠠ 85% ᠲᠤ ᠬᠦᠷᠴᠡᠢ᠃ ︽ᠲᠠᠪᠤᠨ ᠭᠡᠷᠡᠴᠢ ᠶᠢ ᠨᠢᠭᠡᠳᠬᠡᠬᠦ︾᠂ ︽ᠨᠢᠭᠡ ᠦᠨᠡᠮᠯᠡᠯ ᠨᠢᠭᠡ ᠨᠣᠮᠧᠷ︾ ᠤᠨ ᠠᠷᠠᠯᠵᠢᠶᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠪᠦᠬᠦ ᠲᠠᠯ᠎ᠠ ᠪᠠᠷ ᠬᠡᠷᠡᠭᠵᠢᠭᠦᠯᠦᠭᠳᠡᠪᠡ᠃ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠶᠢᠨ ᠥᠭᠡᠷᠡᠴᠢᠯᠡᠯᠲᠡ ᠯᠠᠪᠳᠠᠭᠤᠨ ᠢᠶᠠᠷ ᠲᠦᠯᠬᠢᠭᠳᠡᠨ ᠠᠬᠢᠵᠤ᠂ ᠤᠯᠤᠰ ᠤᠨ ︽ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ︾ ᠲᠤᠷᠰᠢᠯᠲᠠ ᠶᠢᠨ ᠴᠡᠭ ᠤᠨ ᠠᠵᠢᠯ ᠪᠠ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ PPP ᠵᠠᠭᠪᠤᠷ ᠢᠶᠠᠷ ᠨᠡᠶᠢᠭᠡᠮ ᠤᠨ ᠬᠥᠷᠥᠩᠭᠡ ᠶᠢ 32 ᠳ᠋ᠦᠩᠰᠢᠭᠤᠷ ᠲᠥᠭᠦᠷᠢᠭ ᠲᠠᠲᠠᠨ ᠣᠷᠣᠭᠤᠯᠪᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠪᠦᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃  ᠨᠡᠶᠢᠲᠡ ᠶᠢᠨ ᠵᠠᠮ ᠬᠠᠷᠢᠯᠴᠠᠭᠠᠨ ᠤ ᠥᠭᠡᠷᠡᠴᠢᠯᠡᠯᠲᠡ ᠡᠬᠢᠯᠡᠨ ᠶᠠᠪᠤᠭᠳᠠᠵᠤ᠂ ᠤᠯᠤᠰ ᠤᠨ ᠥᠮᠴᠢᠯᠡᠯᠲᠦ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ ᠵᠣᠬᠢᠶᠠᠨ ᠪᠠᠶᠢᠭᠤᠯᠤᠭᠳᠠᠪᠠ᠃  ᠬᠤᠲᠠ ᠶᠢᠨ ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠲᠤ ᠬᠢᠨᠠᠯᠲᠠ ᠲᠠᠯᠪᠢᠬᠤ ᠰᠠᠯᠠᠭ᠎ᠠ ᠮᠥᠴᠢᠷ ᠢ ᠨᠡᠶᠢᠯᠡᠭᠦᠯᠵᠦ᠂ ᠢᠳᠡᠭᠡᠨ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠲᠤᠰᠠᠭᠠᠷ ᠲᠣᠬᠢᠷᠠᠭᠤᠯᠵᠤ᠂ 4 ᠬᠤᠰᠢᠭᠤ ᠰᠢᠶᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠪᠠ᠂ ᠡᠷᠬᠡ ᠶᠢ ᠥᠷᠭᠡᠳᠬᠡᠨ ᠰᠢᠶᠠᠨ ᠢ ᠬᠦᠴᠦᠷᠬᠡᠭᠵᠢᠭᠦᠯᠬᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠢ ᠨᠡᠶᠢᠳᠬᠡᠬᠦ᠂ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠡᠮᠬᠢ ᠵᠢᠷᠤᠮ ᠲᠠᠢ ᠲᠦᠯᠬᠢᠭᠳᠡᠨ ᠠᠬᠢᠪᠠ᠃ ᠰᠤᠷᠭᠠᠨ ᠬᠥᠮᠥᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠡᠷᠡᠭᠦᠯ ᠬᠠᠮᠠᠭᠠᠯᠠᠯ ᠲᠦᠯᠤᠪᠯᠡᠬᠡᠳᠡᠢ ᠪᠠᠷ ᠬᠡᠤᠬᠡᠤᠨ ᠠᠪᠬᠤ ᠵᠡᠷᠭᠡ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠰᠢᠨ᠎ᠡ ᠠᠬᠢᠴᠠ ᠲᠠᠢ ᠪᠣᠯᠵᠠᠢ᠃ ᠬᠢᠯᠢ ᠶᠢᠨ ᠪᠣᠭᠤᠮᠲᠠ ᠶᠢᠨ ᠳᠠᠪᠠᠭᠤᠯᠢᠭ ᠢ ᠪᠠᠳᠠᠷᠠᠭᠤᠯᠵᠤ᠂ ᠳᠣᠲᠣᠭᠠᠳᠤ ᠭᠠᠳᠠᠭᠠᠳᠤ ᠶᠢᠨ ᠨᠡᠭᠡᠭᠡᠯᠲᠡ ᠶᠢ ᠴᠢᠩᠭᠠᠳᠬᠠᠵᠤ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠪᠦᠬᠦ ᠵᠢᠯ ᠤᠨ ᠪᠠᠷᠠᠭ᠎ᠠ ᠥᠩᠭᠡᠷᠡᠭᠦᠯᠦᠭᠰᠡᠨ ᠬᠡᠮᠵᠢᠶ᠎ᠡ 1390 ᠲᠦᠮᠡᠨ ᠲᠣᠨ ᠳᠤ ᠬᠦᠷᠴᠡᠢ᠃ ᠪᠦᠬᠦ ᠬᠤᠲᠠ ᠶᠢᠨ ᠬᠢᠯᠢ ᠪᠠᠷ ᠣᠷᠣᠭᠤᠯᠵᠤ ᠭᠠᠷᠭᠠᠭᠰᠠᠨ ᠶᠡᠷᠦᠩᠬᠡᠢ ᠬᠡᠮᠵᠢᠶ᠎ᠡ 21 ᠳ᠋ᠦᠩᠰᠢᠭᠤᠷ ᠳ᠋ᠣᠯᠯᠠᠷ ᠲᠤ ᠬᠦᠷᠴᠦ᠂ ᠡᠭᠦᠨ ᠳᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠭᠠᠳᠠᠭᠠᠳᠤ ᠳᠤ ᠭᠠᠷᠭᠠᠭᠰᠠᠨ ᠬᠡᠮᠵᠢᠶ᠎ᠡ 4.2 ᠳ᠋ᠦᠩᠰᠢᠭᠤᠷ ᠳ᠋ᠣᠯᠯᠠᠷ ᠲᠤ ᠬᠦᠷᠴᠦ᠂ ᠦᠷᠭᠦᠯᠵᠢᠯᠡᠨ 7 ᠵᠢᠯ ᠪᠦᠬᠦ ᠣᠷᠣᠨ ᠤ ᠲᠡᠷᠢᠭᠦᠨ ᠳᠤ ᠣᠷᠣᠪᠠ᠃  ︵ᠭᠤᠷᠪᠠ︶ ᠬᠤᠲᠠ ᠬᠥᠳᠡᠭᠡ ᠶᠢ ᠨᠢᠭᠡᠳᠥᠯᠲᠡᠢ ᠲᠥᠯᠥᠪᠵᠢᠭᠦᠯᠦᠨ ᠰᠠᠭᠤᠷᠢ ᠶᠢ ᠪᠠᠬᠢᠵᠢᠭᠦᠯᠵᠦ᠂ ᠬᠥᠭᠵᠢᠯᠲᠡ ᠶᠢᠨ ᠣᠷᠴᠢᠨ ᠲᠤᠭᠤᠷᠢᠨ ᠴᠢᠨᠠᠭᠰᠢᠳᠠ ᠰᠠᠶᠢᠵᠢᠷᠠᠪᠠ᠃ ᠬᠤᠲᠠ ᠶᠢᠨ ᠶᠡᠷᠦᠩᠬᠡᠢ ᠲᠥᠯᠥᠪᠵᠢᠭᠦᠯᠭᠡ ᠶᠢ ᠵᠠᠰᠠᠨ ᠨᠠᠶᠢᠷᠠᠭᠤᠯᠤᠭᠠᠳ ᠳᠠᠭᠤᠰᠴᠤ᠂ ᠭᠤᠣᠯ ᠬᠤᠲᠠ ᠶᠢᠨ ᠲᠣᠭᠤᠷᠢᠭ ᠲᠠᠬᠢ 25 ᠲᠤᠰᠬᠠᠢ ᠲᠥᠷᠥᠯ ᠤᠨ ᠲᠥᠯᠥᠪᠵᠢᠭᠦᠯᠭᠡ ᠪᠠ 59 ᠰᠤᠮᠤ ᠰᠢᠶᠠᠩ ᠪᠠᠯᠭᠠᠰᠤ ᠶᠢᠨ ᠲᠥᠯᠥᠪᠵᠢᠭᠦᠯᠭᠡ ᠶᠢ ᠨᠠᠶᠢᠷᠠᠭᠤᠯᠵᠤ᠂ ᠶᠡᠷᠦᠩᠬᠡᠢ ᠲᠥᠯᠥᠪᠵᠢᠭᠦᠯᠭᠡ᠂ ᠬᠢᠵᠠᠭᠠᠷᠯᠠᠭᠰᠠᠨ ᠲᠥᠯᠥᠪᠵᠢᠭᠦᠯᠭᠡ ᠪᠠ ᠲᠤᠰᠬᠠᠢ ᠲᠥᠷᠥᠯ ᠤᠨ ᠲᠥᠯᠥᠪᠵᠢᠭᠦᠯᠭᠡ ᠪᠦᠬᠦᠨ ᠢ ᠪᠦᠷᠬᠦᠬᠦ ᠶᠢ ᠪᠡᠶᠡᠯᠡᠭᠦᠯᠪᠡ᠃ ᠭᠤᠣᠯ ᠬᠤᠲᠠ ᠶᠢᠨ ᠲᠣᠭᠤᠷᠢᠭ ᠪᠠ ᠰᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠰᠢᠨ᠎ᠡ ᠳᠡᠭᠡᠭᠰᠢᠯᠡᠯᠲᠡ ᠲᠠᠢ ᠪᠣᠯᠵᠤ᠂ 156 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠰᠢᠶᠠᠨ ᠹᠧᠩ ᠰᠢᠨ᠎ᠡ ᠬᠥᠭᠦᠷᠭᠡ᠂ ᠪᠣᠷᠣᠲᠣᠬᠤᠢ ᠶᠡᠭᠡ ᠵᠡᠭᠡᠯᠢ ᠶᠢᠨ ᠪᠠᠷᠠᠭᠤᠨᠰᠢ ᠤᠷᠲᠤᠳᠬᠠᠯ ᠵᠡᠷᠭᠡ ᠨᠢᠭᠡ ᠪᠦᠯᠦᠭ ᠬᠤᠲᠠ ᠪᠠᠯᠭᠠᠰᠤ ᠶᠢᠨ ᠵᠠᠮ ᠱᠤᠭᠤᠮ᠂ ᠬᠤᠭᠤᠯᠠᠢ ᠲᠣᠣᠷ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠪᠠ ᠪᠤᠶᠢᠳᠠ ᠵᠡᠭᠡᠯᠢ ᠪᠥᠭᠯᠡᠭᠦᠦ ᠭᠤᠳᠤᠮᠵᠢ ᠶᠢᠨ ᠥᠭᠡᠷᠡᠴᠢᠯᠡᠯᠲᠡ ᠵᠡᠷᠭᠡ ᠢᠨᠵᠧᠨᠧᠷᠢᠩ ᠢ ᠬᠡᠷᠡᠭᠵᠢᠭᠦᠯᠵᠦ ᠂ ᠴᠡᠴᠡᠷᠯᠢᠭᠵᠢᠭᠰᠡᠨ ᠨᠣᠭᠤᠭᠠᠨ ᠭᠠᠵᠠᠷ ᠤᠨ ᠲᠠᠯᠠᠪᠠᠢ ᠶᠢ ᠰᠢᠨ᠎ᠡ ᠪᠠᠷ 2100 ᠮᠦ ᠨᠡᠮᠡᠭᠳᠡᠭᠦᠯᠵᠦ᠂ ᠤᠷᠠᠳ ᠤᠨ ᠳᠤᠮᠳᠠᠳᠤ ᠬᠤᠰᠢᠭᠤ ᠤᠯᠤᠰ ᠤᠨ ᠭᠤᠷᠪᠠᠳᠤᠭᠠᠷ ᠪᠦᠯᠦᠭ ᠤᠨ ᠰᠢᠨ᠎ᠡ ᠬᠡᠯᠪᠡᠷᠢ ᠶᠢᠨ ᠬᠤᠲᠠ ᠪᠠᠯᠭᠠᠰᠤᠴᠢᠯᠠᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠪᠣᠯᠵᠠᠢ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠷᠬᠡᠢ ᠪᠣᠯᠵᠤ᠂ 2354 ᠠᠶᠢᠯ ᠲᠣᠰᠬᠤᠨ ᠢ ᠰᠢᠨ᠎ᠡ ᠪᠠᠷ ᠪᠠᠶᠢᠭᠤᠯᠬᠤ ᠪᠠ ᠴᠡᠭᠴᠡᠯᠡᠨ ᠵᠠᠰᠠᠵᠤ ᠂ 2300 ᠺᠢᠯᠣᠮᠧᠲᠷ ᠤᠨ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ ᠰᠢᠨ᠎ᠡ ᠪᠠᠷ ᠳᠡᠪᠢᠰᠴᠦ᠂ ︽ᠠᠷᠪᠠ ᠶᠢ ᠪᠦᠷᠬᠦᠭᠦᠯᠬᠦ︾ ᠡᠭᠦᠷᠭᠡ ᠪᠠᠨ ᠦᠨᠳᠥᠰᠦᠨ ᠳᠡᠭᠡᠨ ᠪᠡᠶᠡᠯᠡᠭᠦᠯᠪᠡ᠃  ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 90 ᠲᠦᠮᠡᠨ ᠮᠦ ᠪᠡᠶᠡᠯᠡᠭᠦᠯᠵᠦ᠂ ᠤᠯᠠᠭᠠᠨᠰᠤᠬᠠᠢ ᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠶᠢ ᠤᠯᠤᠰ ᠤᠨ ︽13 · 5︾ ᠤᠨ ᠲᠥᠯᠥᠪᠵᠢᠭᠦᠯᠭᠡ ᠳᠤ ᠣᠷᠣᠭᠤᠯᠵᠤ᠂ ᠲᠥᠯᠥᠪᠵᠢᠭᠦᠯᠭᠡ ᠶᠢᠨ ᠲᠥᠰᠦᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠴᠣᠬᠤᠯᠠᠪᠤᠷᠢᠯᠡᠨ ᠵᠥᠪᠰᠢᠶᠡᠷᠡᠪᠡ᠂ ᠣᠯᠣᠰᠣᠲᠤ ᠶᠢᠨ ᠨᠠᠭᠤᠷ᠂ ᠪᠠ ᠮᠧᠢ ᠨᠠᠭᠤᠷ ᠤᠯᠤᠰ ᠤᠨ ᠳᠡᠰ ᠤᠨ ᠨᠤᠭᠤ ᠭᠠᠵᠠᠷ ᠤᠨ ᠴᠡᠴᠡᠷᠯᠢᠭ ᠪᠣᠯᠵᠤ ᠳᠡᠰ ᠳᠡᠪᠰᠢᠪᠡ᠃ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ᠂ ᠬᠠᠲᠤᠨ ᠭᠤᠣᠯ ᠤᠨ ᠳᠠᠯᠠᠩ ᠤᠨ ᠰᠡᠷᠭᠡᠶᠢᠯᠡᠯᠲᠡ ᠶᠢᠨ ᠵᠠᠰᠠᠮᠠᠯ ᠵᠠᠮ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ 396 ᠲᠦᠮᠡᠨ ᠮᠦ ᠭᠠᠵᠠᠷ ᠰᠢᠷᠣᠢ ᠶᠢᠨ ᠴᠡᠭᠴᠡᠯᠡᠨ ᠵᠠᠰᠠᠯᠲᠠ᠂ 50 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠢᠨᠵᠧᠨᠧᠷᠢᠩ ᠯᠠᠪᠳᠠᠭᠤᠨ ᠪᠠᠲᠤᠲᠠᠢ ᠲᠦᠯᠬᠢᠭᠳᠡᠨ ᠠᠬᠢᠵᠤ᠂ ᠮᠠᠨ ᠤ ᠬᠤᠲᠠ ᠪᠦᠬᠦ ᠤᠯᠤᠰ ᠤᠨ ᠤᠯᠤᠰ ᠤᠨ ᠭᠠᠵᠠᠷ ᠰᠢᠷᠣᠢ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠵᠤ ᠠᠰᠢᠭᠯᠠᠭᠰᠠᠨ ᠵᠢᠱᠢᠶᠡᠴᠢ ᠬᠤᠲᠠ ᠪᠠᠷ ᠦᠨᠡᠯᠡᠭᠳᠡᠪᠡ᠃ ᠪᠡᠭᠡᠵᠢᠩ ᠠᠴᠠ ᠰᠢᠨᠵᠢᠶᠠᠩ ᠬᠦᠷᠬᠦ ᠲᠦᠷᠭᠡᠨ ᠤ ᠵᠠᠮ ᠤᠨ ᠪᠠᠶᠠᠨᠨᠠᠭᠤᠷ  ᠳᠠᠬᠢ ᠬᠡᠰᠡᠭ ᠤᠨ ᠭᠤᠣᠯ ᠱᠤᠭᠤᠮ ᠢ ᠨᠡᠪᠲᠡᠷᠡᠭᠦᠯᠵᠦ᠂ ᠭᠠᠭᠴᠠᠮᠣᠳᠣ ᠠᠴᠠ ᠯᠢᠨ ᠾᠧ ᠬᠦᠷᠬᠦ ᠨᠢᠭᠡᠳᠥᠭᠡᠷ ᠳᠡᠰ ᠤᠨ ᠵᠠᠰᠠᠮᠠᠯ ᠵᠠᠮ ᠢ ᠲᠦᠷᠭᠡᠳᠬᠡᠨ ᠪᠦᠲᠦᠭᠡᠨ ᠪᠠᠶᠢᠭᠤᠯᠵᠤ᠂ ᠤᠷᠠᠳ ᠤᠨ ᠳᠤᠮᠳᠠᠳᠤ ᠬᠤᠰᠢᠭᠤᠨ ᠤ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠠᠶᠠᠯᠠᠯ ᠨᠡᠪᠲᠡᠷᠡᠨ ᠡᠵᠡᠩᠨᠡᠯᠲᠡ ᠪᠠᠨ ᠡᠬᠢᠯᠡᠭᠦᠯᠵᠡᠢ᠃ ᠣᠯᠠᠨ ᠲᠦᠮᠡᠨ ᠤ ᠬᠦᠰᠡᠭᠡᠳ ᠤᠳᠠᠭᠰᠠᠨ ᠯᠢᠨ ᠾᠧ ᠠᠴᠠ ᠰᠠᠶᠢᠨ᠋ᠤ᠋ᠰᠤ ᠬᠦᠷᠬᠦ ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠷᠲᠡᠭᠡ ᠶᠢᠨ ᠰᠦᠢᠳᠬᠡᠯ ᠬᠤᠷᠢᠶᠠᠬᠤ ᠶᠢ ᠵᠣᠭᠰᠣᠭᠠᠵᠤ᠂ ᠯᠢᠨ ᠾᠧ — ᠱᠠᠮᠪᠠ ᠶᠢᠨ ᠨᠢᠭᠡ ᠬᠤᠲᠠᠵᠢᠭᠰᠠᠨ ᠬᠥᠭᠵᠢᠯᠲᠡ ᠶᠢᠨ ︽ᠪᠣᠭᠤᠮᠢ︾ ᠶᠢ ᠠᠯᠳᠠᠷᠠᠭᠠᠵᠤ᠂ ᠣᠯᠠᠨ ᠲᠦᠮᠡᠨ ᠠᠯᠠᠭ᠎ᠠ ᠲᠠᠰᠢᠨ ᠪᠠᠶᠠᠷᠯᠠᠵᠠᠭᠠᠵᠤ ᠪᠤᠢ᠃  ︵ᠳᠥᠷᠪᠡ︶ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠠᠮᠢᠳᠤᠷᠠᠯ ᠢ ᠬᠠᠷᠠᠭᠠᠯᠵᠠᠵᠤ᠂ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠠᠬᠢᠪᠠ᠃ ᠡᠳ᠋ ᠤᠨ ᠬᠦᠴᠦᠨ ᠬᠦᠴᠢᠷᠳᠡᠯᠲᠡᠢ ᠪᠠᠶᠢᠳᠠᠯ ᠳᠣᠣᠷ᠎ᠠ᠂ ᠡᠯ᠎ᠡ ᠱᠠᠲᠤᠨ ᠤ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ ᠬᠡᠷᠡᠭᠯᠡᠭᠰᠡᠨ ᠵᠠᠷᠤᠳᠠᠯ 178.5 ᠳ᠋ᠦᠩᠰᠢᠭᠤᠷ ᠲᠥᠭᠦᠷᠢᠭ ᠲᠤ ᠬᠦᠷᠴᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢᠨ 75.7% ᠢ ᠡᠵᠡᠯᠡᠵᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠴᠡᠷᠢᠭ ᠤᠨ ᠵᠠᠷᠯᠢᠭ︾ ᠲᠤ ᠲᠣᠭᠲᠠᠭᠠᠭᠰᠠᠨ ᠣᠨ ᠤ ᠬᠠᠷᠠᠯᠲᠠᠲᠤ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠵᠦ᠂ 22857 ᠶᠠᠳᠠᠭᠤ ᠬᠦᠴᠢᠷᠳᠡᠯᠲᠡᠢ ᠬᠥᠮᠥᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠦ᠂ ᠦᠶᠤᠸᠠᠨ᠂ ᠳ᠋ᠧᠩᠺᠧᠦ᠂ ᠬᠠᠩᠭᠢᠨ ᠬᠤᠶᠢᠲᠤ ᠬᠤᠰᠢᠭᠤ᠂ ᠤᠷᠠᠳ ᠤᠨ ᠳᠤᠮᠳᠠᠳᠤ ᠬᠤᠰᠢᠭᠤ ᠣᠷᠣᠨ ᠤ ᠳᠡᠰ ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠮᠠᠯᠠᠭᠠᠢ ᠪᠠᠨ ᠠᠪᠴᠤ ᠬᠠᠶᠠᠵᠠᠢ᠃ ᠬᠤᠲᠠ ᠪᠠᠯᠭᠠᠰᠤ ᠶᠢᠨ ᠠᠵᠢᠯ ᠣᠯᠭᠤᠯᠲᠠ ᠶᠢᠨ ᠲᠤᠭ᠎ᠠ ᠰᠢᠨ᠎ᠡ ᠪᠠᠷ 1.28 ᠲᠦᠮᠡ ᠨᠡᠮᠡᠭᠳᠡᠵᠦ᠂ ᠮᠠᠯᠴᠢᠨ ᠲᠠᠷᠢᠶᠠᠴᠢᠨ ᠢ ᠨᠡᠭᠦᠯᠭᠡᠨ ᠠᠵᠢᠯ ᠣᠯᠭᠤᠭᠰᠠᠨ ᠲᠤᠭ᠎ᠠ 15 ᠲᠦᠮᠡ ᠳᠤ ᠬᠦᠷᠴᠡᠢ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠳᠠᠶᠠᠭᠠᠷ ᠢᠶᠠᠨ ᠦᠢᠯᠡᠰ ᠪᠣᠰᠬᠠᠬᠤ ᠣᠷᠣᠨ ᠵᠠᠢ ᠶᠢᠨ ᠲᠤᠷᠰᠢᠯᠲᠠ ᠶᠢᠨ ᠴᠡᠭ ᠢ 5 ᠡᠭᠦᠳᠥᠨ ᠪᠠᠶᠢᠭᠤᠯᠵᠠᠢ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠲᠠᠨ ᠢ ᠠᠰᠠᠷᠠᠬᠤ᠂ ᠳᠣᠣᠷ᠎ᠠ ᠪᠠᠲᠤᠯᠠᠭ᠎ᠠ᠂ ᠲᠠᠪᠤᠨ ᠪᠠᠲᠤᠯᠠᠭᠠᠲᠤ ᠠᠰᠠᠷᠠᠨ ᠲᠡᠵᠢᠭᠡᠬᠦ ᠪᠠᠲᠤᠯᠠᠭ᠎ᠠ ᠶᠢᠨ ᠪᠠᠷᠢᠮᠵᠢᠶ᠎ᠠ ᠯᠠᠪᠳᠠᠭᠤᠨ ᠢᠶᠠᠷ ᠳᠡᠭᠡᠭᠰᠢᠯᠡᠪᠡ᠃  ᠪᠠᠲᠤᠯᠠᠭ᠎ᠠ ᠶᠢᠨ ᠣᠷᠣᠨ ᠰᠠᠭᠤᠴᠠ ᠶᠢ ᠡᠬᠢᠯᠡᠨ ᠪᠦᠲᠦᠭᠡᠨ ᠪᠠᠶᠢᠭᠤᠯᠤᠭᠰᠠᠨ ᠬᠡᠮᠵᠢᠶ᠎ᠡ 1.5 ᠲᠦᠮᠡ ᠳᠤ ᠬᠦᠷᠴᠦ᠂ ᠪᠣᠷᠣ ᠭᠡᠷᠲᠦ ᠲᠣᠭᠤᠷᠢᠭ ᠤᠨ ᠥᠭᠡᠷᠡᠴᠢᠯᠡᠯᠲᠡ ᠶᠢᠨ ᠵᠢᠭᠡᠯᠡᠯᠭᠡ ᠪᠠ ᠱᠠᠩᠨᠠᠵᠤ ᠨᠥᠬᠦᠪᠥᠷᠢᠯᠡᠬᠦ ᠪᠡᠯᠡ ᠮᠥᠩᠭᠦ ᠶᠢ ᠨᠡᠶᠢᠲᠡ 140 ᠳ᠋ᠦᠩᠰᠢᠭᠤᠷ ᠲᠥᠭᠦᠷᠢᠭ ᠲᠡᠮᠡᠴᠡᠨ ᠣᠯᠵᠤ᠂ 9000 ᠭᠠᠷᠤᠢ ᠡᠷᠦᠬᠡ ᠰᠠᠭᠤᠭᠠᠯᠢ ᠠᠷᠠᠳ ᠤᠨ ᠭᠡᠷ ᠭᠠᠵᠠᠷ ᠬᠥᠷᠥᠩᠭᠡ ᠶᠢᠨ ᠭᠡᠷᠡᠴᠢ ᠬᠢᠯᠭᠡᠬᠦ ᠦᠯᠡᠳᠡᠮᠡᠯ ᠠᠰᠠᠭᠤᠳᠠᠯ ᠢ ᠰᠢᠢᠳᠪᠦᠷᠢᠯᠡᠵᠡᠢ᠃ ᠤᠷᠠᠳ ᠤᠨ ᠳᠤᠮᠳᠠᠳᠤ ᠬᠤᠰᠢᠭᠤ᠂ ᠬᠠᠩᠭᠢᠨ ᠬᠤᠶᠢᠲᠤ ᠬᠤᠰᠢᠭᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠥᠵᠢᠯ ᠢ ᠲᠡᠩᠴᠡᠭᠦᠷᠢᠲᠡᠢ ᠬᠥᠭᠵᠢᠭᠦᠯᠦᠭᠰᠡᠨ ᠰᠢᠯᠭᠠᠨ ᠬᠤᠷᠢᠶᠠᠯᠲᠠ ᠶᠢ ᠲᠤᠭᠤᠯᠵᠤ᠂ 85 ᠰᠤᠷᠭᠠᠭᠤᠯᠢ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠢ ᠡᠭᠦᠳᠥᠨ ᠪᠠᠶᠢᠭᠤᠯᠪᠠ᠃  ᠬᠤᠲᠠ ᠶᠢᠨ ᠡᠮᠨᠡᠯᠭᠡ ᠶᠢᠨ ᠬᠤᠷᠢᠶ᠎ᠠ ᠭᠤᠷᠪᠠᠳᠤᠭᠠᠷ ᠳᠡᠰ ᠤᠨ ᠬᠥᠬᠡ ᠵᠡᠷᠭᠡ ᠶᠢᠨ ᠡᠮᠨᠡᠯᠭᠡ ᠶᠢᠨ ᠬᠤᠷᠢᠶ᠎ᠠ ᠪᠣᠯᠵᠤ᠂ ᠰᠢᠨ᠎ᠡ ᠰᠠᠭᠤᠷᠢᠰᠢᠯ ᠳᠠᠭᠠᠨ ᠨᠡᠭᠦᠵᠦ ᠣᠷᠣᠨ ᠡᠵᠡᠩᠨᠡᠯᠲᠡ ᠪᠠᠨ ᠡᠬᠢᠯᠡᠭᠦᠯᠵᠡᠢ᠂ ᠪᠦᠬᠦ ᠲᠠᠯ᠎ᠠ ᠪᠠᠷ ᠬᠤᠶᠠᠷ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠯᠠᠪᠳᠠᠭᠤᠨ ᠢᠶᠠᠷ ᠬᠡᠷᠡᠭᠵᠢᠭᠦᠯᠦᠭᠳᠡᠪᠡ᠃ ︽ᠡᠷᠡᠭᠦᠯ ᠡᠩᠬᠡ ᠶᠢᠨ ᠲᠦᠷᠭᠡᠨ ᠲᠡᠷᠭᠡ︾ ᠶᠢᠨ ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ᠂ ᠮᠠᠯᠴᠢᠨ ᠲᠠᠷᠢᠶᠠᠴᠢᠳ ᠲᠤ ᠰᠦᠢᠳᠬᠡᠯ ᠬᠤᠷᠢᠶᠠᠬᠤ ᠦᠭᠡᠢ ᠪᠠᠷ ᠴᠠᠭᠠᠨ ᠬᠠᠷᠠᠩ ᠡᠪᠡᠳᠴᠢᠨ ᠤ ᠮᠡᠰᠡ ᠵᠠᠰᠠᠯ ᠬᠢᠭᠰᠡᠨ ᠲᠤᠭ᠎ᠠ 1000 ᠭᠠᠷᠤᠢ ᠳᠤ ᠬᠦᠷᠴᠡᠢ᠃ ᠰᠢᠨ᠎ᠡ ᠪᠠᠷ ᠡᠷᠬᠡ ᠣᠯᠭᠤᠭᠰᠠᠨ ᠲᠤᠰᠬᠠᠢ ᠠᠰᠢᠭ ᠤᠨ ᠡᠷᠬᠡ ᠶᠢᠨ ᠲᠤᠭ᠎ᠠ 194 ᠪᠠᠶᠢᠵᠤ᠂ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯᠯᠠᠬᠤ ᠥᠷᠲᠡᠭᠡ ᠶᠢ 2 ᠨᠡᠮᠡᠭᠳᠡᠭᠦᠯᠵᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 5 ᠨᠡᠮᠡᠭᠳᠡᠭᠦᠯᠵᠦ᠂ ᠪᠠᠶᠠᠨᠨᠠᠭᠤᠷ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠢᠶᠠᠷ ᠮᠠᠭᠠᠳᠯᠠᠨ ᠲᠣᠭᠲᠠᠭᠠᠭᠳᠠᠵᠤ᠂ ᠳᠡᠯᠡᠬᠡᠢ ᠶᠢᠨ ᠠᠩᠬᠠᠳᠠᠭᠴᠢ ᠣᠨᠴᠠ ᠨᠠᠷᠢᠨ ᠬᠡᠯᠪᠡᠷᠢ ᠶᠢᠨ ᠪᠡᠶ᠎ᠡ ᠶᠢᠨ ᠡᠰᠢᠲᠦ ᠺᠯᠣᠨ ᠢᠰᠢᠭᠡ ᠶᠢ ᠠᠮᠵᠢᠯᠲᠠᠲᠠᠢ ᠪᠤᠶᠢᠵᠢᠭᠤᠯᠤᠨ ᠭᠠᠷᠭᠠᠵᠠᠢ᠃ ︽ᠪᠢᠷ ᠪᠡᠬᠡᠰ ᠢᠶᠠᠷ ᠤᠷᠲᠤ ᠵᠠᠮ ᠤᠨ ᠠᠶᠠᠨ ᠳᠠᠶᠢᠨ ᠢ ᠳᠤᠷᠠᠰᠬᠠᠬᠤ︾ ᠤᠷᠠᠨ ᠪᠢᠴᠢᠯᠭᠡ ᠶᠢᠨ ᠠᠯᠳᠠᠷᠲᠠᠳ ᠤᠨ ᠪᠦᠲᠦᠭᠡᠯ ᠤᠨ ᠪᠦᠬᠦ ᠤᠯᠤᠰ ᠤᠨ ᠲᠣᠭᠤᠷᠢᠨ ᠦᠵᠡᠭᠦᠯᠤᠯᠭᠡ᠂ ᠪᠣᠷᠣᠲᠣᠬᠤᠢ ᠰᠣᠶᠣᠯ ᠤᠷᠠᠯᠢᠭ ᠤᠨ ᠨᠠᠶᠢᠷ᠂ ᠣᠯᠠᠨ ᠤᠯᠤᠰ ᠤᠨ ᠮᠠᠷᠠᠰᠤᠨ ᠤᠷᠤᠯᠳᠤᠭᠠᠨ᠂ ᠪᠦᠬᠦ ᠪᠥᠮᠪᠥᠷᠴᠡᠭ ᠤᠨ ᠳᠤᠮᠳᠠᠳᠤᠴᠤᠳ ᠤᠨ ᠰᠠᠭᠰᠤᠨ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ᠯᠤᠤᠲᠤ ᠣᠩᠭᠤᠴᠠ ᠶᠢᠨ ᠤᠷᠤᠯᠳᠤᠭᠠᠨ᠂ ᠬᠠᠲᠤᠨ ᠭᠤᠣᠯ ᠳᠠᠭᠠᠤ ᠶᠢᠨ ᠵᠠᠰᠠᠮᠠᠯ ᠵᠠᠮ ᠤᠨ ᠳᠤᠭᠤᠢ ᠲᠡᠷᠭᠡᠨ ᠤ ᠤᠷᠤᠯᠳᠤᠭᠠᠨ᠂ ᠠᠩᠬᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠥᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠰᠣᠶᠣᠯ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠩᠰᠢᠶ᠎ᠠ ᠥᠪᠥᠷ ᠮᠣᠩᠭᠤᠯ ᠱᠠᠨᠰᠢ ᠭᠠᠨᠰᠦ ᠶᠢᠨ ᠬᠥᠷᠰᠢ ᠵᠡᠷᠭᠡᠯᠡᠳᠡᠭᠡ ᠭᠠᠵᠠᠷ ᠣᠷᠣᠨ ᠤ ᠬᠤᠯᠪᠣᠭᠠᠲᠤ ᠬᠤᠷᠠᠯ ᠤᠨ ᠠᠷᠪᠠᠨ ᠭᠤᠷᠪᠠᠳᠤᠭᠠᠷ ᠬᠤᠭᠤᠴᠠᠭᠠᠨ ᠤ ᠣᠨ ᠤ ᠬᠤᠷᠠᠯ ᠢ ᠠᠮᠵᠢᠯᠲᠠᠲᠠᠢ ᠳᠠᠭᠠᠭᠠᠨ ᠡᠷᠬᠢᠯᠡᠵᠦ᠂ ᠪᠠᠶᠠᠨᠨᠠᠭᠤᠷ ᠤᠨ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠴᠢᠨᠠᠭᠰᠢᠳᠠ ᠥᠷᠭᠡᠳᠪᠡ᠃ ᠵᠠᠭᠤᠴᠢᠯᠠᠭᠤᠷ ᠤᠨ ᠲᠣᠮᠣ ᠠᠰᠠᠷ ᠪᠠᠶᠢᠭᠤᠯᠤᠭᠳᠠᠨ ᠠᠰᠢᠭᠯᠠᠯᠲᠠ ᠳᠤ ᠣᠷᠣᠵᠠᠢ᠃ ᠢᠳᠡᠭᠡᠨ ᠡᠮ ᠤᠨ ᠵᠦᠢᠯᠡᠰ ᠤᠨ ᠬᠢᠨᠠᠨ ᠬᠠᠮᠢᠶᠠᠷᠤᠯᠲᠠ ᠲᠠᠰᠤᠷᠠᠯᠲᠠ ᠦᠭᠡᠢ ᠴᠢᠩᠭᠠᠷᠠᠵᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ᠥᠨᠳᠥᠷ ᠦᠨᠡᠯᠡᠯᠲᠡ ᠶᠢ ᠣᠯᠵᠠᠢ᠃ ᠠᠶᠤᠯᠭᠦᠢ ᠦᠢᠯᠡᠳᠪᠦᠷᠢᠯᠡᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠬᠤᠣᠰ ᠵᠠᠭᠤᠨ ᠡᠳᠥᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢᠨ ᠦᠷ᠎ᠡ ᠪᠦᠲᠦᠮᠵᠢ ᠢᠯᠡᠷᠬᠡᠢ ᠪᠣᠯᠵᠤ᠂ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠦᠷᠭᠦᠯᠵᠢᠯᠡᠨ ᠰᠠᠶᠢᠵᠢᠷᠠᠵᠤ᠂ ᠡᠷᠡᠭᠦᠦ ᠶᠢᠨ ᠬᠡᠷᠡᠭ ᠪᠠ ᠠᠮᠤᠷ ᠲᠦᠪᠰᠢᠨ ᠤ ᠬᠡᠷᠡᠭ ᠲᠤᠰ ᠪᠦᠷᠢ 7.5% ᠪᠠ 5.4% ᠢᠶᠠᠷ ᠪᠠᠭᠤᠷᠠᠵᠤ᠂ ᠠᠷᠠᠳ ᠤᠨ ᠰᠡᠳᠬᠢᠯ ᠪᠣᠳᠣᠯ ᠠᠷᠠᠳ ᠤᠨ ᠠᠮᠢᠳᠤᠷᠠᠯ ᠤᠨ ᠴᠠᠭᠳᠠᠭᠠᠨ ᠤ ᠶᠠᠪᠤᠳᠠᠯ ᠤᠨ ᠠᠵᠢᠯ ᠳᠣᠲᠣᠭᠠᠳᠤ ᠶᠢ ᠬᠠᠮᠠᠭᠠᠯᠠᠬᠤ ᠶᠠᠮᠤᠨ ᠤ ᠨᠤᠲᠠᠯᠠᠯᠲᠠ ᠶᠢ ᠣᠯᠵᠤ᠂ ᠣᠯᠠᠨ ᠲᠦᠮᠡᠨ ᠤ ᠠᠮᠤᠷ ᠲᠦᠪᠰᠢᠨ ᠤ ᠰᠡᠳᠬᠢᠭᠳᠡᠯ ᠪᠠ ᠬᠠᠨᠤᠮᠵᠢ ᠶᠢᠨ ᠬᠡᠮᠵᠢᠶ᠎ᠡ ᠢᠯᠡᠷᠬᠡᠢ ᠴᠢᠩᠭᠠᠷᠠᠵᠠᠢ᠃  ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠵᠣᠬᠢᠬᠤ ᠠᠮᠵᠢᠯᠲᠠ ᠣᠯᠵᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠨᠡᠶᠢᠲᠡᠯᠡᠭᠰᠡᠨ ︽ᠪᠦᠬᠦ ᠤᠯᠤᠰ ᠤᠨ 259 ᠭᠠᠵᠠᠷ ᠤᠨ ᠳᠡᠰ ᠤᠨ ᠬᠤᠲᠠ ᠶᠢᠨ ᠢᠲᠡᠭᠡᠮᠵᠢ ᠶᠢᠨ ᠬᠢᠨᠠᠨ ᠬᠡᠮᠵᠢᠯᠲᠡ ᠶᠢᠨ ᠮᠡᠳᠡᠭᠦᠯᠦᠯᠲᠡ︾ ᠳᠤ᠂ ᠮᠠᠨ ᠤ ᠬᠤᠲᠠ ᠪᠦᠬᠦ ᠤᠯᠤᠰ ᠤᠨ 50 ᠳ᠋ᠤᠭᠠᠷ ᠲᠤ ᠣᠷᠣᠵᠤ᠂ ᠪᠦᠬᠦ ᠣᠷᠣᠨ ᠤ 1 ᠳ᠋ᠦ᠋ᠭᠡᠷ ᠲᠤ ᠵᠢᠭᠰᠠᠵᠠᠢ᠃ ︽ᠲᠠᠪᠤᠨ ᠬᠤᠲᠠ ᠶᠢ ᠵᠡᠷᠭᠡᠪᠡᠷ ᠡᠭᠦᠳᠬᠦ︾ ᠠᠵᠢᠯ ᠯᠠᠪᠳᠠᠭᠤᠨ ᠢᠶᠠᠷ ᠲᠦᠯᠬᠢᠭᠳᠡᠨ ᠠᠬᠢᠵᠤ᠂ ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ᠪᠣᠯᠵᠠᠢ᠂ ᠦᠨᠳᠥᠰᠦᠲᠡᠨ᠂ ᠱᠠᠰᠢᠨ ᠰᠤᠷᠲᠠᠬᠤᠨ ᠂ ᠨᠠᠰᠤᠵᠢᠯ ᠠᠰᠠᠷᠠᠮᠵᠢ᠂ ᠡᠮᠡᠭᠲᠡᠶᠢᠴᠦᠳ ᠬᠡᠦᠬᠡᠳ᠂ ᠵᠡᠮᠳᠡᠭᠴᠦᠳ ᠵᠡᠷᠭᠡ ᠡᠯ᠎ᠡ ᠲᠥᠷᠥᠯ ᠤᠨ ᠠᠵᠢᠯ ᠦᠢᠯᠡᠰ ᠪᠦᠷ ᠰᠢᠨ᠎ᠡ ᠠᠬᠢᠴᠠ ᠲᠠᠢ ᠪᠣᠯᠵᠠᠢ᠃  ︵ᠲᠠᠪᠤ︶ ᠣᠪᠣᠷ ᠰᠤᠷᠲᠠᠯ ᠢᠶᠠᠨ ᠬᠤᠪᠢᠷᠠᠭᠤᠯᠤᠨ ᠦᠷ᠎ᠡ ᠴᠢᠳᠠᠪᠤᠷᠢ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠷᠠᠪᠠ᠃ ᠣᠪᠣᠷ ᠰᠤᠷᠲᠠᠯ ᠢᠶᠠᠨ ᠥᠭᠡᠷᠡᠴᠢᠯᠡᠨ ᠰᠠᠶᠢᠵᠢᠷᠠᠭᠤᠯᠬᠤ ᠡᠯ᠎ᠡ ᠲᠥᠷᠥᠯ ᠤᠨ ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠥᠵᠢᠯ ᠢ ᠯᠠᠪᠳᠠᠭᠤᠨ ᠢᠶᠠᠷ ᠥᠷᠨᠢᠭᠦᠯᠵᠦ᠂ ᠡᠯ᠎ᠡ ᠱᠠᠲᠤᠨ ᠤ ᠺᠠᠳ᠋ᠷᠴᠤᠳ ᠤᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠢᠳᠡᠪᠬᠢᠲᠡᠢ ᠪᠠᠷ ᠪᠦᠲᠦᠮᠵᠢ ᠭᠠᠷᠭᠠᠬᠤ ᠤᠷᠮ᠎ᠠ ᠵᠣᠷᠢᠭ ᠢᠯᠡᠷᠬᠡᠢ ᠴᠢᠩᠭᠠᠷᠠᠵᠠᠢ᠃ ᠲᠥᠷᠥ ᠶᠢᠨ ᠶᠠᠪᠤᠳᠠᠯ ᠤ ᠬᠤᠷᠢᠶ᠎ᠠ ᠶᠢᠨ ︽ᠭᠤᠷᠪᠠᠨ ᠵᠦᠢᠯ ᠤᠨ ᠰᠠᠬᠢᠯᠭ᠎ᠠ︾ ᠶᠢ ᠴᠢᠩᠭ᠎ᠠ ᠬᠡᠷᠡᠭᠵᠢᠭᠦᠯᠵᠦ᠂ ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠨ ᠤ ᠲᠡᠷᠭᠡ ᠶᠢᠨ ᠳᠦᠷᠢᠮ ᠤᠨ ᠥᠭᠡᠷᠡᠴᠢᠯᠡᠯᠲᠡ ᠦᠨᠳᠥᠰᠦᠨ ᠳᠡᠭᠡᠨ ᠪᠡᠶᠡᠯᠡᠭᠳᠡᠵᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯᠲᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠵᠠᠰᠠᠭ ᠤᠨ ᠣᠷᠳᠣᠨ ᠤ ᠪᠠᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠪᠠ ᠰᠠᠨᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠢ ᠢᠳᠡᠪᠬᠢᠲᠡᠢ ᠬᠠᠮᠵᠢᠯᠴᠠᠨ ᠬᠠᠤᠯᠢ ᠲᠣᠭᠲᠠᠭᠠᠬᠤ ᠠᠵᠢᠯ ᠢ ᠥᠷᠨᠢᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ 128 ᠬᠤᠪᠢ ᠭᠦᠢᠴᠡᠳᠬᠡᠵᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 240 ᠬᠤᠪᠢ ᠭᠦᠢᠴᠡᠳᠬᠡᠵᠦ᠂ ᠭᠦᠢᠴᠡᠳᠬᠡᠨ ᠲᠡᠭᠦᠰᠦᠭᠰᠡᠨ ᠨᠣᠷᠮ᠎ᠠ ᠪᠦᠷ 100% ᠲᠤ ᠬᠦᠷᠴᠡᠢ᠃  ︽7 · 5︾ ᠤᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠪᠦᠬᠦ ᠲᠠᠯ᠎ᠠ ᠪᠠᠷ ᠡᠬᠢᠯᠡᠭᠦᠯᠵᠦ᠂ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠴᠢᠨᠠᠭᠰᠢᠳᠠ ᠴᠢᠩᠭᠠᠷᠠᠪᠠ᠃ ᠬᠢᠨᠠᠨ ᠪᠣᠳᠣᠯᠲᠠ᠂ ᠬᠢᠨᠠᠨ ᠪᠠᠶᠢᠴᠠᠭᠠᠬᠤ ᠠᠵᠢᠯ ᠤᠨ ᠬᠦᠴᠦᠯᠡᠴᠡ ᠨᠡᠮᠡᠭᠳᠡᠵᠦ᠂ ᠢᠯᠵᠢᠷᠡᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠭᠦᠨᠵᠡᠭᠡᠢ ᠲᠦᠯᠬᠢᠭᠳᠡᠨ ᠠᠬᠢᠪᠠ᠃  ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠪᠣᠯ᠂ ᠮᠠᠨ ᠤ ᠪᠦᠬᠦ ᠬᠤᠲᠠ ᠳᠠᠶᠠᠭᠠᠷ ᠬᠠᠲᠠᠭᠤ ᠪᠡᠷᠬᠡᠰᠢᠶᠡᠯ ᠢ ᠬᠠᠮᠲᠤᠪᠠᠷ ᠲᠤᠭᠤᠯᠵᠤ᠂ ᠡᠯ᠎ᠡ ᠵᠦᠢᠯ ᠤᠨ ᠰᠢᠯᠭᠠᠯᠲᠠ ᠶᠢ ᠳᠠᠭᠠᠭᠠᠵᠤ ᠭᠠᠷᠤᠭᠰᠠᠨ ᠨᠢᠭᠡ ᠵᠢᠯ ᠪᠣᠯᠬᠤ ᠪᠥᠭᠡᠳ ᠪᠢᠳᠡᠨ ᠤ ᠴᠢᠷᠮᠠᠶᠢᠨ ᠲᠡᠮᠡᠴᠡᠵᠦ᠂ ᠬᠦᠴᠢᠷ ᠢ ᠰᠥᠷᠥᠨ ᠤᠷᠤᠭᠰᠢᠯᠠᠵᠤ᠂ ︽13 · 5︾ ᠤᠨ ᠬᠥᠭᠵᠢᠯᠲᠡ ᠳᠤ ᠬᠦᠴᠦᠨ ᠨᠥᠭᠡᠴᠡᠯᠡᠭᠰᠡᠨ ᠨᠢᠭᠡ ᠵᠢᠯ ᠪᠣᠯᠣᠨ᠎ᠠ᠃ ᠥᠨᠥᠳᠥᠷ ᠤᠨ ᠪᠠᠶᠠᠨᠨᠠᠭᠤᠷ᠂ ᠰᠢᠨ᠎ᠡ ᠱᠠᠲᠤᠨ ᠳᠤ ᠠᠬᠢᠵᠤ᠂ ᠰᠢᠨ᠎ᠡ ᠭᠠᠷᠤᠭ᠎ᠠ ᠳᠡᠭᠡᠷ᠎ᠡ ᠭᠠᠷᠴᠤ ᠵᠣᠭᠰᠣᠵᠠᠢ᠃ ᠡᠨᠡ ᠨᠢᠭᠡ ᠵᠢᠯ ᠤᠨ ᠠᠮᠵᠢᠯᠲᠠ ᠶᠢ ᠣᠯᠣᠭᠰᠠᠨ ᠨᠢ ᠬᠤᠲᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠶᠢ ᠬᠠᠮᠤᠷᠴᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠪᠠᠶᠢᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠳᠡᠮᠵᠢᠯᠭᠡ ᠶᠢᠨ ᠦᠷ᠎ᠡ ᠳ᠋ᠦᠩ ᠪᠣᠯᠣᠨ᠎ᠠ᠂ ᠨᠡᠩ ᠴᠦ ᠪᠦᠬᠦ ᠬᠤᠲᠠ ᠶᠢᠨ ᠦᠨᠳᠥᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠠᠮᠲᠤ ᠶᠢᠨ ᠴᠢᠷᠮᠠᠶᠢᠯᠭ᠎ᠠ᠂ ᠰᠢᠨᠲᠠᠷᠠᠰᠢ ᠦᠭᠡᠢ ᠲᠡᠮᠡᠴᠡᠭᠰᠡᠨ ᠤ ᠦᠷ᠎ᠡ ᠳ᠋ᠦᠩ ᠮᠥᠨ᠂ ᠠᠳᠡ᠂ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠠᠶᠠᠨᠨᠠᠭᠤᠷ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ ᠢᠷᠡᠭᠰᠡᠨ ᠨᠥᠬᠦᠳ᠂ ᠨᠠᠶᠢᠵᠠ ᠨᠠᠷ ᠲᠤ ᠦᠨᠡᠨ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ ᠠᠮᠵᠢᠯᠲᠠ ᠪᠠᠨ ᠳ᠋ᠦᠩᠨᠡᠬᠦ ᠶᠢᠨ ᠵᠡᠷᠭᠡᠳᠡ᠂ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠂ ᠭᠤᠣᠯᠳᠠᠭᠤ᠄ ᠠᠵᠤ ᠠᠬᠤᠢ ᠶᠢᠨ ᠮᠠᠭᠤᠳᠠᠯ ᠤᠨ ᠳᠠᠷᠤᠯᠲᠠ ᠮᠥᠨ ᠨᠡᠯᠢᠶᠡᠳ ᠶᠡᠭᠡ ᠪᠠᠶᠢᠵᠤ᠂ ᠬᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯᠲᠡᠢ ᠪᠠᠶᠢᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠨ᠎ᠡ ᠬᠠᠩᠰᠢ ᠳᠤ ᠵᠠᠬ᠎ᠠ ᠳᠡᠯᠭᠡᠭᠦᠷ ᠤᠨ ᠨᠥᠯᠥᠭᠡ ᠪᠠᠷ ᠳᠣᠯᠭᠢᠰᠤᠯ ᠢᠯᠡᠷᠡᠵᠡᠢ︔ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠠ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠦᠨ ᠵᠢᠯᠣᠭᠤᠳᠬᠤ ᠴᠢᠳᠠᠪᠤᠷᠢ ᠪᠠᠰᠠ ᠴᠢᠩᠭ᠎ᠠ ᠪᠢᠰᠢ ᠪᠠᠶᠢᠵᠤ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠬᠦ ᠠᠷᠭ᠎ᠠ ᠬᠡᠯᠪᠡᠷᠢ᠂ ᠰᠢᠨ᠎ᠡ ᠬᠤᠳᠠᠯᠳᠤᠭᠠᠨ ᠤ ᠵᠠᠭᠪᠤᠷ ᠤᠨ ᠬᠥᠭᠵᠢᠯᠲᠡ ᠭᠦᠢᠴᠡᠳ ᠦᠭᠡᠢ ᠪᠠᠶᠢᠨ᠎ᠠ︔ ᠡᠳ᠋ ᠤᠨ ᠵᠠᠰᠠᠭ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠬᠦᠴᠢᠷᠳᠡᠯ ᠶᠡᠬᠡᠰᠴᠦ᠂ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠤᠶᠢᠮ᠎ᠠ ᠪᠣᠯᠵᠠᠢ︔ ᠬᠡᠰᠡᠭ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠬᠦᠴᠦᠯᠡᠴᠡ ᠶᠢ ᠦᠷᠭᠦᠯᠵᠢᠯᠡᠨ ᠨᠡᠮᠡᠭᠳᠡᠭᠦᠯᠬᠦ ᠴᠢᠬᠤᠯᠠᠲᠠᠢ ᠪᠠᠶᠢᠵᠤ᠂ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠣᠯᠠᠨ ᠲᠦᠮᠡᠨ ᠤ ᠠᠩᠬᠠᠷᠴᠤ ᠪᠠᠶᠢᠭ᠎ᠠ ᠰᠤᠷᠭᠠᠭᠤᠯᠢ ᠳᠤ ᠰᠠᠭᠤᠬᠤ᠂ ᠠᠵᠢᠯ ᠣᠯᠬᠤ᠂ ᠡᠪᠡᠳᠴᠢᠨ ᠦᠵᠡᠭᠦᠯᠬᠦ᠂ ᠠᠳᠠᠯ ᠠᠬᠤᠢ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠪᠠᠰᠠ ᠭᠦᠢᠴᠡᠳ ᠦᠭᠡᠢ ᠪᠠᠶᠢᠬᠤ ᠠᠰᠠᠭᠤᠳᠠᠯ ᠣᠷᠣᠰᠢᠵᠤ ᠪᠠᠶᠢᠨ᠎ᠠ︔ ᠵᠠᠷᠢᠮ ᠠᠯᠪᠠᠨ ᠪᠠᠶᠢᠭᠤᠯᠤᠯᠭ᠎ᠠ ᠶᠢᠨ ᠠᠵᠢᠯᠲᠠᠨ ᠤ ᠣᠪᠣᠷ ᠰᠤᠷᠲᠠᠯ ᠴᠢᠩᠭ᠎ᠠ ᠪᠣᠳᠠᠲᠠᠢ ᠪᠢᠰᠢ᠂ ᠨᠠᠶᠢᠳᠠᠪᠤᠷᠢᠵᠢᠭᠤᠯᠬᠤ ᠳᠤ ᠬᠦᠴᠢᠷ᠂ ᠠᠵᠢᠯ ᠡᠷᠬᠢᠯᠡᠬᠦ ᠳᠤ ᠬᠦᠴᠢᠷ᠂ ᠪᠦᠲᠦᠭᠡᠮᠵᠢ ᠳᠣᠣᠷ᠎ᠠ ᠪᠠᠶᠢᠬᠤ ᠵᠡᠷᠭᠡ ᠪᠠᠶᠢᠳᠠᠯ ᠪᠠᠰᠠᠯ᠎ᠠ ᠣᠷᠣᠰᠢᠵᠤ᠂ ᠨᠠᠶᠢᠳᠠᠪᠤᠷᠢᠵᠢᠭᠤᠯᠬᠤ ᠳᠤ ᠬᠦᠴᠢᠷ᠂ ᠶᠠᠪᠤᠳᠠᠯ ᠪᠦᠲᠦᠭᠡᠬᠦ ᠳᠤ ᠬᠦᠴᠢᠷ᠂ ᠠᠰᠢᠭᠯᠠᠮᠵᠢ ᠳᠣᠣᠷ᠎ᠠ ᠪᠠᠶᠢᠬᠤ ᠮᠡᠲᠦ᠃ ᠡᠳᠡᠭᠡᠷ ᠠᠰᠠᠭᠤᠳᠠᠯ ᠳᠤ᠂ ᠪᠢᠳᠡ ᠨᠡᠩ ᠬᠦᠴᠦᠯᠡᠨ ᠴᠢᠷᠮᠠᠶᠢᠵᠤ᠂ ᠠᠷᠠᠳ ᠤᠨ ᠬᠦᠰᠡᠯ ᠪᠣᠳᠣᠯ ᠢᠶᠠᠷ ᠵᠠᠰᠠᠭ ᠶᠠᠪᠤᠭᠤᠯᠬᠤ ᠴᠢᠭᠯᠡᠯ ᠢᠶᠠᠨ ᠪᠣᠯᠭᠠᠵᠤ᠂ ᠯᠠᠪᠳᠠᠭᠤᠨ ᠪᠣᠳᠠᠲᠠᠢ ᠠᠵᠢᠯ ᠢᠶᠠᠷ ᠰᠢᠪᠲᠤᠯᠤᠯᠲᠠ ᠶᠢ ᠡᠷᠢᠯᠬᠢᠯᠡᠵᠦ᠂ ᠰᠢᠢᠳᠪᠦᠷᠢᠯᠡᠬᠦ ᠪᠠᠷ ᠬᠦᠴᠦᠯᠡᠨ ᠴᠢᠷᠮᠠᠶᠢᠨ᠎ᠠ᠃  ᠬᠤᠶᠠᠷ᠂ 2017 ᠣᠨ ᠤ ᠠᠵᠢᠯ ᠤᠨ ᠶᠡᠷᠦᠩᠬᠡᠢ ᠪᠠᠶᠢᠷᠢᠯᠠᠭᠤᠯᠤᠯᠲᠠ ᠡᠨᠡ ᠵᠢᠯ ᠪᠣᠯ ︽13 · 5︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠴᠢᠬᠤᠯᠠ ᠨᠢᠭᠡ ᠵᠢᠯ ᠪᠠᠶᠢᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠯ ᠪᠣᠯᠣᠨ᠎ᠠ᠂ ᠪᠢᠳᠡ ᠨᠠᠮ ᠤᠨ ᠠᠷᠪᠠ ᠶᠢᠰᠦᠳᠥᠭᠡᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠪᠠ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠤᠭᠲᠤᠨ ᠠᠪᠴᠢᠷᠠᠬᠤ ᠲᠣᠯᠠ᠂ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠶᠢᠨ ᠠᠴᠢ ᠬᠤᠯᠪᠣᠭᠳᠠᠯ ᠬᠦᠨᠳᠦ ᠴᠢᠬᠤᠯᠠ᠂ ᠠᠵᠠ ᠲᠣᠬᠢᠶᠠᠯ ᠣᠯᠳᠠᠰᠢ ᠦᠭᠡᠢ ᠪᠠᠶᠢᠨ᠎ᠠ᠃ ᠪᠢᠳᠡ ᠵᠠᠪᠠᠯ ᠴᠠᠭ ᠢ ᠦᠵᠡᠨ ᠪᠠᠶᠢᠳᠠᠯ ᠢ ᠰᠢᠨᠵᠢᠵᠦ᠂ ᠢᠲᠡᠭᠡᠯ ᠵᠣᠷᠢᠭ ᠪᠠ ᠲᠣᠭᠲᠠᠩᠭᠤᠢ ᠬᠦᠴᠦᠨ ᠢ ᠪᠠᠷᠢᠮᠲᠠᠯᠠᠵᠤ ᠳᠡᠶᠢᠯᠪᠡᠯ ᠰᠠᠶ᠋ᠢ ᠰᠢᠨ᠎ᠡ ᠨᠢᠭᠡ ᠡᠭᠡᠯᠵᠢ ᠶᠢᠨ ᠠᠵᠤ ᠠᠬᠤᠢ ᠶᠢᠨ ᠪᠠᠶᠢᠷᠢᠰᠢᠯ ᠤᠨ ᠶᠡᠭᠡ ᠲᠣᠬᠢᠷᠠᠭᠤᠯᠤᠯᠲᠠ᠂ ᠶᠡᠭᠡ ᠬᠤᠪᠢᠰᠤᠯᠲᠠ ᠳᠤᠮᠳᠠ ᠠᠵᠠ ᠲᠣᠬᠢᠶᠠᠯ ᠢ ᠠᠮᠵᠢᠨ᠂ ᠰᠠᠨᠠᠭᠠᠴᠢᠯᠠᠭᠠᠲᠤ ᠡᠷᠬᠡ ᠶᠢ ᠲᠡᠮᠡᠴᠡᠨ ᠣᠯᠵᠤ ᠳᠡᠶᠢᠯᠦᠨ᠎ᠡ᠃ ᠪᠢᠳᠡ ᠵᠠᠪᠠᠯ ᠬᠠᠷᠠᠯᠲᠠ ᠪᠠᠨ ᠭᠤᠶᠢᠪᠢᠰᠢ ᠦᠭᠡᠢ ᠡᠵᠡᠮᠳᠡᠵᠦ᠂ ᠰᠡᠳᠬᠢᠯ ᠠᠯᠭᠠᠰᠠᠯ ᠦᠭᠡᠢ ᠪᠠᠷ ᠬᠥᠭᠵᠢᠯᠲᠡ ᠶᠢ ᠠᠳᠬᠤᠪᠠᠯ ᠰᠠᠶ᠋ᠢ ᠬᠤᠲᠠ ᠶᠢᠨ ᠳᠥᠷᠪᠡᠳᠥᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠵᠢᠷᠤᠭᠯᠠᠨ ᠭᠠᠷᠭᠠᠭᠰᠠᠨ ᠬᠥᠭᠵᠢᠭᠦᠯᠦᠯᠲᠡ ᠶᠢᠨ ᠪᠣᠷᠣ ᠲᠥᠯᠥᠪ ᠢ ᠪᠣᠳᠠᠲᠤ ᠠᠬᠤᠢ ᠪᠣᠯᠭᠠᠨ ᠬᠤᠪᠢᠷᠠᠭᠤᠯᠵᠤ᠂ ︽ᠪᠣᠬᠢᠷᠲᠤᠯ ᠦᠭᠡᠢ ᠪᠠᠷ ᠮᠠᠨᠳᠤᠨ ᠬᠥᠭᠵᠢᠵᠦ᠂ ᠵᠢᠶᠠᠩᠨᠠᠨ ᠢ ᠭᠦᠢᠴᠡᠨ ᠳᠠᠪᠠᠭ᠋ᠤ︾ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠠ ᠬᠤᠲᠠ ᠶᠢᠨ ᠨᠠᠮ ᠤᠨ ᠬᠤᠷᠢᠶᠠᠨ ᠤ ᠡᠯ᠎ᠡ ᠲᠥᠷᠥᠯ ᠤᠨ ᠪᠠᠶᠢᠷᠢᠯᠠᠭᠤᠯᠤᠯᠲᠠ ᠶᠢ ᠪᠣᠳᠠᠲᠠᠶᠢᠵᠢᠭᠤᠯᠤᠨ ᠪᠡᠶᠡᠯᠡᠭᠦᠯᠵᠦ ᠳᠡᠶᠢᠯᠦᠨ᠎ᠡ᠃  ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠪᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ᠂ ᠳᠥᠷᠪᠡᠳᠥᠭᠡᠷ ᠪᠦᠭᠦᠳᠡ ᠬᠤᠷᠠᠯ᠂ ᠲᠠᠪᠤᠳᠤᠭᠠᠷ ᠪᠦᠭᠦᠳᠡ ᠬᠤᠷᠠᠯ᠂ ᠵᠢᠷᠭᠤᠳᠤᠭᠠᠷ ᠪᠦᠭᠦᠳᠡ ᠬᠤᠷᠠᠯ ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭ᠎ᠠ ᠶᠢᠨ ᠪᠦᠬᠦ ᠭᠡᠰᠢᠭᠦᠳ ᠤᠨ ᠬᠤᠷᠠᠯ᠂ ᠬᠤᠲᠠ ᠶᠢᠨ ᠳᠥᠷᠪᠡᠳᠥᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠱᠤᠭᠤᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠰᠤᠷᠠᠭ ᠵᠠᠩᠭᠢᠵᠢᠯᠲᠠ᠂ ᠬᠤᠲᠠ ᠪᠠᠯᠭᠠᠰᠤᠵᠢᠯᠲᠠ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ᠂ ᠪᠣᠬᠢᠷᠲᠤᠯ ᠦᠭᠡ ᠵᠢᠵᠢᠯᠲᠡ ᠵᠡᠷᠭᠡ ︽ᠲᠠᠪᠤᠵᠢᠯᠲᠠ︾ ᠶᠢᠨ ᠵᠣᠬᠢᠴᠠᠯᠳᠤᠨ ᠬᠥᠭᠵᠢᠭᠡᠬᠦ ᠶᠢ ᠠᠬᠢᠭᠤᠯᠵᠤ᠂ ︽ᠤᠰᠤ ᠨᠣᠭᠤᠭᠠᠨ ᠰᠣᠶᠣᠯ︾ ᠭᠤᠷᠪᠠᠨ ᠠᠵᠢᠯ ᠢ ᠭᠤᠶᠢᠪᠢᠰᠢ ᠦᠭᠡᠢ ᠰᠠᠶᠢᠲᠤᠷ ᠬᠢᠵᠦ᠂ ︽ᠲᠠᠪᠤᠨ ᠶᠡᠭᠡ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ︽ᠭᠤᠷᠪᠠᠨ ᠬᠢᠵᠠᠭᠠᠷ ᠱᠤᠭᠤᠮ︾ ᠢ ᠪᠠᠲᠤ ᠰᠠᠬᠢᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠵᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠲᠦᠭᠰᠢᠭᠦᠷᠢ ᠶᠢ ᠰᠡᠷᠭᠡᠶᠢᠯᠡᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ᠂ ︽ᠪᠣᠬᠢᠷᠲᠤᠯ ᠦᠭᠡᠢ ᠪᠠᠷ ᠮᠠᠨᠳᠤᠨ ᠬᠥᠭᠵᠢᠵᠦ᠂ ᠵᠢᠶᠠᠩᠨᠠᠨ ᠢ ᠭᠦᠢᠴᠡᠨ ᠳᠠᠪᠠᠭ᠋ᠤ ︾ ᠶᠢ ᠪᠡᠶᠡᠯᠡᠭᠦᠯᠬᠦ ᠠᠶᠠᠨ ᠳᠤᠮᠳᠠ ᠰᠢᠨ᠎ᠡ ᠬᠠᠭᠤᠳᠠᠰᠤ ᠶᠢ ᠪᠢᠴᠢᠭᠯᠡᠨ᠎ᠡ᠃  ᠭᠤᠣᠯ ᠲᠥᠰᠦᠪᠯᠡᠭᠰᠡᠨ ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 8% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 12% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠥᠷᠲᠡᠭ ᠢ 10.5% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ ᠠᠳᠠᠯᠢ ᠴᠠᠷᠠᠭ᠎ᠠ ᠳᠤ 6% ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠳᠤᠮᠳᠠᠴᠢ ᠪᠠᠷ 8% ᠣᠷᠴᠢᠮ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠯᠢᠶᠡᠰᠦᠯᠡᠬᠦ ᠴᠢᠨᠠᠷᠲᠠᠢ ᠵᠢᠭᠠᠯᠲᠠ ᠲᠤᠭ᠎ᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠡᠳᠡᠭᠡᠷ ᠬᠠᠷᠠᠯᠲᠠ ᠶᠢ ᠲᠣᠭᠲᠠᠭᠠᠬᠤ ᠳᠠᠭᠠᠨ᠂ ᠪᠢᠳᠡᠨ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠪᠠ ᠦᠨᠳᠥᠰᠦᠨ ᠨᠥᠬᠦᠴᠡᠯ ᠢ ᠭᠦᠢᠴᠡᠳ ᠪᠣᠳᠣᠯᠬᠢᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠪᠠ ︽13 · 5︾ ᠤᠨ ᠲᠥᠯᠥᠪᠵᠢᠭᠦᠯᠭᠡ ᠶᠢᠨ ᠬᠠᠷᠠᠯᠲᠠ ᠲᠠᠢ ᠵᠣᠯᠭᠠᠭᠤᠯᠬᠤ ᠶᠢ ᠪᠣᠳᠣᠯᠬᠢᠯᠠᠵᠤ᠂ ᠪᠣᠳᠠᠲᠠᠢ ᠳᠤ ᠰᠠᠭᠤᠷᠢᠯᠠᠨ᠂ ᠶᠡᠷᠦᠩᠬᠡᠶᠢᠯᠡᠨ ᠪᠣᠳᠣᠯᠬᠢᠯᠠᠭᠰᠠᠨ ᠤ ᠳᠠᠷᠠᠭ᠎ᠠ ᠲᠣᠭᠲᠠᠭᠰᠠᠨ ᠶᠤᠮ᠃ ᠡᠳᠡᠭᠡᠷ ᠬᠠᠷᠠᠯᠲᠠ ᠶᠢ ᠬᠢᠯᠪᠠᠷ ᠳᠥᠭᠦᠮ ᠢᠶᠠᠷ ᠪᠡᠶᠡᠯᠡᠭᠦᠯᠵᠦ ᠳᠡᠶᠢᠯᠬᠦ ᠶᠤᠮ ᠪᠢᠰᠢ᠂ ᠪᠢᠳᠡ ᠵᠠᠪᠠᠯ ᠲᠣᠭᠲᠠᠭᠤᠨ ᠤ ᠳᠤᠮᠳᠠ ᠬᠥᠭᠵᠢᠯᠲᠡ ᠶᠢ ᠡᠷᠢᠯᠬᠢᠯᠡᠬᠦ ᠠᠵᠢᠯ ᠤᠨ ᠶᠡᠷᠦᠩᠬᠡᠢ ᠬᠥᠭ ᠠᠶᠢᠵᠠᠮ ᠢ ᠪᠠᠷᠢᠮᠲᠠᠯᠠᠵᠤ᠂ ᠥᠪᠡᠷ ᠤᠨ ᠪᠡᠶ᠎ᠡ ᠳᠡᠭᠡᠨ ᠳᠠᠷᠤᠯᠲᠠ ᠥᠭᠴᠦ᠂ ᠬᠦᠴᠢᠷ ᠢ ᠰᠥᠷᠥᠨ ᠤᠷᠤᠭᠰᠢᠯᠠᠵᠤ᠂ ᠬᠠᠷᠠᠯᠲᠠ ᠪᠠᠨ ᠪᠠᠲᠤ ᠡᠵᠡᠮᠳᠡᠨ᠂ ᠨᠢᠭᠡ ᠨᠢᠭᠡ ᠠᠯᠬᠤᠮ ᠢᠶᠠᠷ ᠤᠷᠤᠭᠰᠢ ᠵᠢᠳᠬᠦᠵᠦ᠂ ᠨᠡᠩ ᠰᠠᠶᠢᠲᠤᠷ ᠪᠡᠶᠡᠯᠡᠭᠦᠯᠬᠦ ᠪᠠᠷ ᠴᠢᠷᠮᠠᠶᠢᠪᠠᠯ ᠰᠠᠶ᠋ᠢ ᠪᠦᠬᠦ ᠬᠤᠲᠠ ᠶᠢᠨ ᠠᠷᠠᠳ ᠲᠦᠮᠡᠨ ᠳᠤ ᠬᠠᠨᠤᠮᠵᠢᠲᠠᠢ ᠬᠠᠭᠤᠳᠠᠰᠤ ᠲᠤᠰᠢᠶᠠᠵᠤ ᠳᠡᠶᠢᠯᠦᠨ᠎ᠡ᠃ ᠪᠢᠳᠡ ᠳᠣᠣᠷᠠᠬᠢ ᠮᠡᠲᠦ ᠠᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠪᠣᠯᠣᠨ᠎ᠠ᠄ ︵ᠨᠢᠭᠡ︶ ᠪᠡᠯᠡ ᠣᠷᠣᠭᠤᠯᠤᠯᠲᠠ ᠪᠠᠷ ᠳᠠᠶᠢᠴᠢᠯᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠨᠥᠭᠡᠴᠡ ᠬᠦᠴᠦᠨ ᠢ ᠦᠨᠡᠨ ᠬᠦ ᠴᠢᠩᠭᠠᠷᠠᠭᠤᠯᠤᠨ᠎ᠠ᠂ ᠪᠡᠯᠡ ᠣᠷᠣᠭᠤᠯᠤᠯᠲᠠ ᠪᠣᠯ ᠠᠵᠤ ᠠᠬᠤᠢ ᠶᠢᠨ ᠨᠡᠮᠡᠭᠳᠡᠯ ᠢ ᠠᠬᠢᠭᠤᠯᠬᠤ ︽ᠨᠢᠭᠡᠳᠥᠭᠡᠷ ᠬᠥᠳᠡᠯᠭᠡᠬᠦ ᠬᠦᠴᠦᠨ︾ ᠮᠥᠨ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠣᠷᠣᠨ ᠪᠦᠰᠡ ᠶᠢᠨ ᠬᠥᠭᠵᠢᠯᠲᠡ ᠶᠢ ᠲᠦᠯᠬᠢᠨ ᠠᠬᠢᠭᠤᠯᠬᠤ ︽ᠨᠢᠭᠡᠳᠥᠭᠡᠷ ᠭᠠᠷᠳᠠᠴᠠ︾ ᠮᠥᠨ ᠭᠡᠰᠡᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠲᠠᠲᠠᠨ ᠣᠷᠣᠭᠤᠯᠬᠤ ᠪᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠶᠢᠪᠢᠰᠢ ᠦᠭᠡᠢ ᠠᠳᠬᠤᠵᠤ᠂ 822 ᠳ᠋ᠦᠩᠰᠢᠭᠤᠷ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 152 ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠳᠤ ᠪᠡᠯᠡᠭ ᠪᠠᠷᠢᠨ᠎ᠠ᠃  ︽ᠳᠣᠯᠣᠭᠠᠨ ᠲᠣᠣᠷ︾ ᠤᠨ ᠪᠦᠲᠦᠭᠡᠨ ᠪᠠᠶᠢᠭᠤᠯᠤᠯᠲᠠ ᠶᠢ ᠲᠣᠪᠤᠶᠢᠯᠭᠠᠨ ᠰᠠᠶᠢᠲᠤᠷ ᠠᠳᠬᠤᠵᠤ᠂ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ᠂ ᠬᠤᠲᠠ ᠶᠢᠨ ᠶᠠᠪᠤᠳᠠᠯ᠂ ᠤᠰᠤᠨ ᠠᠰᠢᠭᠯᠠᠯᠲᠠ᠂ ᠡᠨᠧᠷᠭᠢ᠂ ᠴᠢᠮᠡᠭᠡ ᠨᠡᠪᠲᠡᠷᠡᠯᠭᠡ ᠵᠡᠷᠭᠡ ᠲᠠᠯ᠎ᠠ ᠪᠠᠷ᠂ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠬᠦ ᠪᠠᠷ ᠴᠢᠷᠮᠠᠶᠢᠨ᠎ᠠ᠃ ᠲᠡᠮᠦᠷ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ᠂ ᠯᠢᠨ ᠾᠧ ᠶᠢᠨ ᠪᠠᠷᠠᠭᠠᠨ ᠤ ᠭᠦᠢᠯᠭᠡᠭᠡᠨ ᠤ ᠲᠥᠪ ᠤᠨ ᠲᠡᠮᠦᠷ ᠵᠠᠮ ᠤᠨ ᠲᠤᠰᠬᠠᠢ ᠱᠤᠭᠤᠮ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ 9 ᠰᠠᠷ᠎ᠠ ᠠᠴᠠ ᠡᠬᠢᠯᠡᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠵᠠᠰᠠᠮᠠᠯ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ G7 ᠲᠦᠷᠭᠡᠨ ᠤ ᠵᠠᠮ ᠤᠨ ᠤᠨ ᠪᠠᠶᠠᠨᠨᠠᠭᠤᠷ ᠤᠨ ᠲᠠᠬᠢ ᠬᠡᠰᠡᠭ᠂ ᠬᠥᠬᠡᠥ᠌ᠨᠳᠥᠷ ᠠᠴᠠ ᠤᠤ ᠶᠢᠨ ᠭᠤᠣᠯ ᠬᠦᠷᠬᠦ ᠨᠢᠭᠡᠳᠥᠭᠡᠷ ᠳᠡᠰ ᠤᠨ ᠵᠠᠰᠠᠮᠠᠯ ᠵᠠᠮ᠂ ᠯᠢᠨ ᠾᠧ ᠶᠢᠨ ᠬᠠᠲᠤᠨ ᠭᠤᠣᠯ ᠳᠠᠭᠠᠤ ᠶᠢᠨ ᠨᠢᠭᠡᠳᠥᠭᠡᠷ ᠳᠡᠰ ᠤᠨ ᠵᠠᠰᠠᠮᠠᠯ ᠵᠠᠮ ᠤᠨ ᠵᠢᠦ ᠵᠤᠸᠠᠩ ᠤᠨ ᠬᠡᠰᠡᠭ ᠢ ᠪᠠᠶᠢᠭᠤᠯᠤᠨ ᠲᠡᠷᠭᠡ ᠨᠡᠪᠲᠡᠷᠡᠭᠦᠯᠦᠨ᠎ᠡ᠃ 242 ᠤᠯᠤᠰ ᠤᠨ ᠵᠠᠮ ᠤᠨ ᠭᠠᠭᠴᠠᠮᠣᠳᠣ ᠠᠴᠠ ᠯᠢᠨ ᠾᠧ ᠬᠦᠷᠬᠦ ᠨᠢᠭᠡᠳᠥᠭᠡᠷ ᠳᠡᠰ ᠤᠨ ᠵᠠᠰᠠᠮᠠᠯ ᠵᠠᠮ ᠤᠨ ᠭᠤᠣᠯ ᠴᠣᠭᠴᠠ ᠶᠢᠨ ᠪᠠᠷᠢᠯᠭ᠎ᠠ ᠶᠢ ᠲᠡᠭᠦᠰᠬᠡᠵᠦ᠂ ᠬᠥᠳᠡᠭᠡ ᠲᠣᠰᠬᠤᠨ ᠮᠠᠯᠵᠢᠬᠤ ᠣᠷᠣᠨ ᠤ 400 ᠺᠢᠯᠣᠮᠧᠲᠷ ᠤᠨ ᠵᠠᠰᠠᠮᠠᠯ ᠵᠠᠮ ᠢ ᠰᠢᠨ᠎ᠡ ᠪᠠᠷ ᠪᠤᠶᠤ ᠥᠭᠡᠷᠡᠴᠢᠯᠡᠨ ᠪᠠᠶᠢᠭᠤᠯᠤᠨ᠎ᠠ᠃ 242 ᠤᠯᠤᠰ ᠤᠨ ᠵᠠᠮ ᠤᠨ ᠯᠢᠨ ᠾᠧ ᠶᠢᠨ ᠬᠠᠲᠤᠨ ᠭᠤᠣᠯ ᠤᠨ ᠲᠣᠮᠣ ᠬᠥᠭᠦᠷᠭᠡ ᠵᠢᠴᠢ ᠦᠷᠭᠦᠯᠵᠢᠯᠡᠯ ᠱᠤᠭᠤᠮ ᠤᠨ ᠢᠨᠵᠧᠨᠧᠷᠢᠩ ᠢ ᠲᠦᠯᠬᠢᠨ ᠠᠬᠢᠭᠤᠯᠵᠤ᠂ 335 ᠤᠯᠤᠰ ᠤᠨ ᠵᠠᠮ ᠤᠨ ᠣᠤᠪᠤᠯᠠᠭ ᠤᠨ ᠠᠮᠠ ᠠᠴᠠ ᠤᠤ ᠶᠢᠨ ᠭᠤᠣᠯ ᠬᠦᠷᠬᠦ ᠬᠡᠰᠡᠭ᠂ 331 ᠤᠯᠤᠰ ᠤᠨ ᠵᠠᠮ ᠤᠨ ᠦᠵᠦᠭᠦᠷ ᠠᠴᠠ ᠬᠤᠶᠢᠲᠤ ᠢᠩᠭᠡᠨ ᠬᠦᠷᠬᠦ ᠬᠡᠰᠡᠭ᠂ 110 ᠤᠯᠤᠰ ᠤᠨ ᠵᠠᠮ ᠤᠨ ᠯᠢᠨ ᠾᠧ ᠠᠴᠠ ᠳ᠋ᠧᠩᠺᠧᠦ ᠬᠦᠷᠬᠦ ᠬᠡᠰᠡᠭ ᠤᠨ ᠬᠤᠣᠰ ᠱᠤᠭᠤᠮ ᠢ ᠳᠠᠩ ᠱᠤᠭᠤᠮ ᠪᠣᠯᠭᠠᠬᠤ᠂ 311 ᠮᠤᠵᠢ ᠶᠢᠨ ᠵᠠᠮ ᠤᠨ ᠵᠢᠶᠠᠨ ᠹᠧᠩ ᠲᠠᠷᠢᠶᠠᠯᠠᠩ ᠤᠨ ᠲᠠᠯᠠᠪᠠᠢ ᠠᠴᠠ ᠵᠢᠶᠠᠨ ᠱᠧ ᠬᠦᠷᠬᠦ ᠬᠡᠰᠡᠭ᠂ 215 ᠮᠤᠵᠢ ᠶᠢᠨ ᠵᠠᠮ ᠤᠨ ᠣᠤᠪᠤᠯᠠᠭ ᠤᠨ ᠠᠮᠠ ᠠᠴᠠ ᠰᠢᠨ ᠠᠨ ᠪᠠᠯᠭᠠᠰᠤ ᠬᠦᠷᠬᠦ᠂ 212 ᠮᠤᠵᠢ ᠶᠢᠨ ᠵᠠᠮ ᠤᠨ ᠭᠠᠭᠴᠠᠮᠣᠳᠣ ᠠᠴᠠ ᠬᠠᠯᠢᠭᠤᠲᠤ ᠬᠦᠷᠬᠦ ᠨᠢᠭᠡᠳᠥᠭᠡᠷ ᠳᠡᠰ ᠤᠨ ᠵᠠᠰᠠᠮᠠᠯ ᠵᠠᠮ᠂ ᠣᠯᠣᠰᠣᠲᠤ ᠶᠢᠨ ᠨᠠᠭᠤᠷ ᠤᠨ ᠵᠤᠭᠠᠴᠠᠯ ᠤᠨ ᠵᠠᠰᠠᠮᠠᠯ ᠵᠠᠮ᠂ ᠤᠯᠠᠭᠠᠨᠰᠤᠬᠠᠢ ᠨᠠᠭᠤᠷ ᠢ ᠲᠣᠭᠤᠷᠢᠭᠰᠠᠨ ᠵᠠᠰᠠᠮᠠᠯ ᠵᠠᠮ᠂ ᠪᠣᠷᠣᠲᠣᠬᠤᠢ ᠰᠣᠶᠣᠯ ᠤᠨ ᠵᠤᠭᠠᠴᠠᠯ ᠤᠨ ᠵᠠᠰᠠᠮᠠᠯ ᠵᠠᠮ᠂ ᠶᠡᠷᠦᠩᠬᠡᠢ ᠤᠰᠤ ᠲᠠᠲᠠᠷᠠᠭᠤᠯᠬᠤ ᠰᠤᠪᠠᠭ ᠤᠨ ᠳᠠᠯᠠᠩ ᠤᠨ ᠵᠠᠰᠠᠮᠠᠯ ᠵᠠᠮ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠠᠭᠠᠷ ᠤᠨ ᠠᠶᠠᠯᠠᠯ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠤᠷᠠᠳ ᠤᠨ ᠡᠮᠦᠨᠡᠲᠦ ᠬᠤᠰᠢᠭᠤ᠂ ᠤᠷᠠᠳ ᠤᠨ ᠬᠤᠶᠢᠲᠤ ᠬᠤᠰᠢᠭᠤ᠂ ᠳ᠋ᠧᠩᠺᠧᠦ ᠰᠢᠶᠠᠨ ᠤ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠡᠮᠦᠨ᠎ᠡ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠡᠷᠲᠡᠬᠡᠨ ᠬᠡᠷᠡᠭᠵᠢᠭᠦᠯᠬᠦ ᠪᠠᠷ ᠴᠢᠷᠮᠠᠶᠢᠨ᠎ᠠ᠃ ᠬᠤᠲᠠ ᠶᠢᠨ ᠶᠠᠪᠤᠳᠠᠯ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠤᠲᠠ ᠶᠢᠨ ᠨᠡᠪᠲᠡᠷᠡᠬᠦ ᠵᠠᠮ᠂ ᠤᠰᠤᠨ ᠤ ᠬᠠᠩᠭᠠᠯᠭ᠎ᠠ᠂ ᠤᠰᠤ ᠵᠠᠯᠠᠬᠤ᠂ ᠢᠯᠴᠢ ᠬᠠᠩᠭᠠᠬᠤ᠂ ᠰᠢᠲᠠᠮᠠᠬᠠᠢ ᠬᠡᠢ ᠬᠠᠩᠭᠠᠬᠤ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠬᠤᠭᠤᠯᠠᠢ ᠶᠢᠨ ᠲᠣᠣᠷ ᠢ 317.6 ᠺᠢᠯᠣᠮᠧᠲᠷ ᠰᠢᠨ᠎ᠡ ᠪᠠᠷ ᠪᠤᠶᠤ ᠥᠭᠡᠷᠡᠴᠢᠯᠡᠨ ᠪᠠᠶᠢᠭᠤᠯᠵᠤ᠂ ᠲᠥᠪᠯᠡᠷᠡᠭᠦᠯᠦᠨ ᠢᠯᠴᠢ ᠬᠠᠩᠭᠠᠬᠤ ᠲᠠᠯᠠᠪᠠᠢ ᠶᠢ ᠰᠢᠨ᠎ᠡ ᠪᠠᠷ 475 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠭᠦᠯᠵᠦ᠂ ᠰᠢᠲᠠᠮᠠᠬᠠᠢ ᠬᠡᠢ ᠶᠢ 6360 ᠡᠷᠦᠬᠡ ᠳᠤ ᠣᠷᠣᠭᠤᠯᠵᠤ᠂ ᠡᠷᠦᠬᠡ ᠳᠤ ᠣᠷᠣᠭᠤᠯᠤᠭᠰᠠᠨ ᠨᠣᠷᠮ᠎ᠠ ᠶᠢ 3 ᠵᠠᠭᠤᠨ ᠤ ᠬᠤᠪᠢᠳᠠᠯ ᠳᠡᠭᠡᠭᠰᠢᠯᠡᠭᠦᠯᠦᠨ᠎ᠡ᠃ ᠤᠰᠤᠨ ᠠᠰᠢᠭᠯᠠᠯᠲᠠ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠣᠷᠣᠨ ᠪᠦᠰᠡ ᠠᠯᠤᠰᠯᠠᠨ ᠤᠰᠤᠨ ᠤ ᠡᠷᠬᠡ ᠶᠢ ᠰᠢᠯᠵᠢᠭᠦᠯᠬᠦ ᠲᠤᠷᠰᠢᠯᠲᠠ ᠶᠢᠨ ᠴᠡᠭ ᠤᠨ ᠢᠨᠵᠧᠨᠧᠷᠢᠩ᠂ ᠬᠠᠲᠤᠨ ᠭᠤᠣᠯ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ᠂ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ᠂ ᠤᠰᠤ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠳᠣᠲᠣᠭᠰᠢ ᠭᠠᠳᠠᠭᠰᠢ ᠨᠡᠪᠲᠡᠷᠡᠭᠰᠡᠨ᠂ ᠭᠤᠣᠯ ᠮᠥᠷᠡᠨ ᠨᠠᠭᠤᠷ ᠴᠥᠭᠦᠷᠥᠮ ᠬᠤᠯᠪᠣᠯᠳᠤᠭᠰᠠᠨ ᠬᠤᠲᠠ ᠬᠥᠳᠡᠭᠡ ᠶᠢᠨ ᠤᠰᠤᠨ ᠤ ᠲᠣᠣᠷ ᠢ ᠴᠣᠭᠴᠠᠯᠠᠨ᠎ᠠ᠃ ᠡᠨᠧᠷᠭᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠴᠠᠬᠢᠯᠭᠠᠨ ᠲᠣᠣᠷ᠂ ᠰᠢᠲᠠᠮᠠᠬᠠᠢ ᠬᠡᠢ ᠬᠦᠷᠭᠡᠬᠦ ᠬᠤᠭᠤᠯᠠᠢ᠂ ᠨᠡᠭᠦᠷᠡᠰᠦ ᠲᠡᠭᠡᠭᠡᠪᠦᠷᠢᠯᠡᠬᠦ ᠨᠡᠪᠲᠡᠷᠡᠬᠦ ᠵᠠᠮ ᠵᠡᠷᠭᠡ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ 32 ᠲᠥᠷᠥᠯ ᠤᠨ ᠴᠠᠬᠢᠯᠭᠠᠨ ᠬᠦᠷᠭᠡᠵᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠴᠢᠮᠡᠭᠡ ᠨᠡᠪᠲᠡᠷᠡᠯᠭᠡ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠥᠷᠭᠡᠨ ᠰᠦᠯᠵᠢᠶᠡᠲᠦ ᠪᠠᠶᠠᠨᠨᠠᠭᠤᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠯᠤᠰ ᠤᠨ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡᠨ ᠤ ᠲᠤᠷᠰᠢᠯᠲᠠ ᠶᠢᠨ ᠴᠡᠭ ᠢ ᠬᠡᠷᠡᠭᠵᠢᠭᠦᠯᠵᠦ᠂ 627 ᠠᠲᠠᠷ ᠬᠠᠭᠠᠯᠪᠤᠷᠢᠯᠠᠯᠲᠠ ᠶᠢᠨ ᠲᠠᠷᠢᠶᠠᠯᠠᠩ ᠮᠠᠯᠵᠢᠯ ᠤᠨ ᠲᠠᠯᠠᠪᠠᠢ ᠪᠠ ᠬᠡᠰᠡᠭ ᠵᠠᠰᠠᠭ ᠵᠠᠬᠢᠷᠭᠠᠨ ᠤ ᠲᠣᠰᠬᠤᠨ᠂ ᠪᠠᠶᠢᠭᠠᠯᠢ ᠶᠢᠨ ᠲᠣᠰᠬᠤᠨ ᠤ ᠥᠷᠭᠡᠨ ᠰᠦᠯᠵᠢᠶ᠎ᠡ ᠶᠢᠨ ᠳᠡᠰ ᠳᠡᠪᠰᠢᠭᠦᠯᠬᠦ ᠥᠭᠡᠷᠡᠴᠢᠯᠡᠯᠲᠡ ᠶᠢ ᠪᠡᠶᠡᠯᠡᠭᠦᠯᠦᠨ᠎ᠡ᠃  ︽ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠨ︾ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢ ᠣᠯᠠᠨ ᠲᠠᠯ᠎ᠠ ᠠᠴᠠ ᠲᠡᠮᠡᠴᠡᠨ ᠣᠯᠵᠤ᠂ ᠠᠷᠠᠳ ᠤᠨ ᠪᠡᠯᠡ ᠣᠷᠣᠭᠤᠯᠤᠯᠲᠠ ᠶᠢ ᠭᠦᠢᠴᠡᠳ ᠠᠮᠢᠳᠤᠯᠢᠭᠵᠢᠭᠤᠯᠵᠤ᠂ ᠠᠵᠤ ᠠᠬᠤᠢ ᠶᠢᠨ ᠬᠥᠭᠵᠢᠯᠲᠡ ᠶᠢ ᠲᠤᠯᠭᠠᠭᠤᠷᠢᠯᠠᠨ ᠪᠠᠲᠤᠯᠠᠨ᠎ᠠ᠃ ︽ᠡᠨᠡ ᠵᠢᠯ ᠤᠨ ᠠᠵᠢᠯ ᠢᠶᠠᠨ ᠬᠢᠵᠦ᠂ ᠳᠠᠷᠠᠭ᠎ᠠ ᠵᠢᠯ ᠤᠨ ᠠᠵᠢᠯ ᠢᠶᠠᠨ ᠪᠣᠳᠣᠯᠬᠢᠯᠠᠵᠤ᠂ ᠴᠠᠭᠠᠳᠤ ᠵᠢᠯ ᠤᠨ ᠠᠵᠢᠯ ᠢᠶᠠᠨ ᠪᠡᠯᠡᠳᠬᠡᠬᠦ︾ ᠠᠵᠢᠯ ᠤᠨ ᠰᠡᠳᠬᠢᠴᠡ ᠶᠣᠰᠣᠭᠠᠷ᠂ ᠲᠥᠷᠥᠯ ᠵᠦᠢᠯ ᠤᠨ ᠡᠮᠦᠨ᠎ᠡ ᠬᠤᠭᠤᠴᠠᠭᠠᠨ ᠤ ᠠᠵᠢᠯ ᠢ ᠪᠣᠳᠠᠲᠠᠢ ᠰᠠᠶᠢᠲᠤᠷ ᠬᠢᠵᠦ᠂ ᠴᠢᠬᠤᠯᠠ ᠶᠡᠭᠡ ᠲᠥᠷᠥᠯ ᠵᠦᠢᠯ ᠤᠨ ᠭᠤᠷᠪᠠᠨ ᠵᠢᠯ ᠤᠨ ᠥᠩᠬᠦᠷᠢᠯᠲᠡ ᠶᠢᠨ ᠲᠥᠯᠥᠪᠯᠡᠭᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠰᠦᠪᠡᠭᠴᠢᠯᠡᠨ ᠨᠥᠭᠡᠴᠡᠯᠡᠵᠦ ᠪᠦᠲᠦᠭᠡᠨ ᠪᠠᠶᠢᠭᠤᠯᠤᠨ᠎ᠠ᠃ ᠬᠠᠪᠤᠷ ᠤᠨ ᠤᠯᠠᠷᠢᠯ ᠪᠡ ᠨᠠᠮᠤᠷ ᠤᠨ ᠤᠯᠠᠷᠢᠯ ᠤᠨ ᠴᠢᠬᠤᠯᠨ ᠶᠡᠭᠡ ᠲᠦᠷᠤᠯ ᠵᠦᠢᠯ ᠢ ᠨᠠᠷᠢᠨ ᠬᠢᠨᠠᠮᠠᠭᠠᠢ ᠵᠤᠬᠢᠶᠡᠨ ᠪᠠᠶᠢᠭᠤᠯᠵᠦ᠂ ᠴᠢᠬᠤᠯᠨ ᠶᠡᠭᠡ ᠢᠨᠵᠧᠨᠧᠷᠢᠩ ᠢ ᠲᠦᠪᠯᠡᠷᠡᠬᠦᠯᠤᠨ ᠠᠵᠢᠯ ᠢᠶᠠᠨ ᠡᠬᠢᠯᠡᠬᠦᠯᠬᠦ ᠶᠢ ᠲᠦᠯᠬᠢᠨ ᠠᠬᠢᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠲᠠᠲᠠᠨ ᠣᠷᠣᠭᠤᠯᠬᠤ ᠶᠢ ᠬᠦᠴᠦᠲᠡᠢ ᠥᠷᠨᠢᠭᠦᠯᠵᠦ᠂ ︽ᠳᠥᠷᠪᠡᠨ ᠮᠢᠩᠭ᠎ᠠ︾ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠪᠠ ᠴᠢᠨᠠᠷᠯᠢᠭ ᠪᠥᠭᠡᠳ ᠦᠷ᠎ᠡ ᠠᠰᠢᠭ ᠲᠠᠢ ᠪᠠᠶᠢᠬᠤ ᠶᠢ ᠦᠨᠡᠨ ᠬᠦ ᠪᠠᠲᠤᠯᠠᠭᠰᠠᠨ ᠤᠷᠢᠲᠠᠯ ᠨᠥᠬᠦᠴᠡᠯ ᠳᠣᠣᠷ᠎ᠠ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠢ ᠵᠡᠷᠭᠡᠪᠡᠷ ᠠᠳᠬᠤᠵᠤ᠂ ᠶᠡᠭᠡ ᠳᠤᠮᠳᠠ ᠪᠠᠭ᠎ᠠ ᠲᠥᠷᠥᠯ ᠵᠦᠢᠯ ᠢ ᠪᠦᠷ ᠠᠳᠬᠤᠵᠤ᠂ ᠲᠥᠪ ᠤᠨ ᠪᠠ ᠣᠷᠣᠨ ᠨᠤᠲᠤᠭ ᠤᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠠᠷᠡᠤᠨ ᠠᠴᠠ ᠡᠷᠬᠢᠯᠡᠭᠰᠡᠨ ᠠᠵᠤ ᠠᠬᠤᠶᠢᠯᠠᠯ ᠢ ᠪᠦᠷ ᠤᠷᠢᠨ ᠣᠷᠣᠭᠤᠯᠵᠤ᠂ ᠠᠷᠠᠯᠵᠢᠶᠠᠴᠢᠨ ᠤᠷᠢᠵᠤ ᠪᠡᠯᠡ ᠲᠠᠲᠠᠨ ᠣᠷᠣᠭᠤᠯᠬᠤ ᠲᠥᠷᠥᠯ ᠵᠦᠢᠯ ᠢ ᠶᠡᠭᠡ ᠪᠠᠷ ᠣᠷᠣᠭᠤᠯᠵᠤ᠂ ᠶᠡᠷᠦᠩᠬᠡᠢ ᠬᠡᠮᠵᠢᠶ᠎ᠡ ᠶᠢᠨ ᠶᠡᠭᠡ ᠰᠢᠪᠲᠤᠯᠤᠯᠲᠠ ᠭᠠᠷᠭᠠᠬᠤ ᠶᠢ ᠪᠡᠶᠡᠯᠡᠭᠦᠯᠦᠨ᠎ᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠣᠬᠢᠴᠠᠭᠤᠯᠭ᠎ᠠ ᠶᠢ ᠴᠢᠩᠭᠠᠳᠬᠠᠵᠤ᠂ ᠴᠢᠬᠤᠯᠠ ᠶᠡᠭᠡ ᠲᠥᠷᠥᠯ ᠵᠦᠢᠯ ᠢ ᠲᠤᠰᠬᠠᠢ ᠲᠥᠷᠥᠯ ᠢᠶᠠᠷ ᠲᠦᠯᠬᠢᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠰᠢᠯᠭᠠᠨ ᠪᠠᠶᠢᠴᠠᠭᠠᠬᠤ ᠬᠦᠴᠦᠯᠡᠴᠡ ᠶᠢ ᠶᠡᠬᠡᠰᠬᠡᠵᠦ᠂ ᠪᠡᠯᠡ ᠣᠷᠣᠭᠤᠯᠤᠯᠲᠠ ᠶᠢᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ ᠶᠢ ᠦᠨᠡᠨ ᠬᠦ ᠪᠠᠲᠤᠯᠠᠨ᠎ᠠ᠃  ᠡᠵᠡᠩᠨᠡᠯᠲᠡ ᠠᠷᠠᠯᠵᠢᠶᠠᠨ ᠤ ᠣᠷᠴᠢᠨ ᠢ ᠰᠢᠯᠢᠳᠡᠭᠵᠢᠭᠦᠯᠵᠦ᠂ ᠢᠲᠡᠭᠡᠮᠵᠢ ᠲᠠᠢ ᠳᠦᠷᠢᠮᠵᠢᠭᠰᠡᠨ᠂ ᠬᠠᠷᠢᠯᠴᠠᠨ ᠠᠰᠢᠭᠲᠠᠢ ᠬᠠᠮᠲᠤᠪᠠᠷ ᠣᠯᠣᠭᠰᠠᠨ᠂ ᠳᠣᠲᠣᠨᠣᠰᠤᠭ ᠪᠠᠭᠲᠠᠭᠠᠮᠵᠢᠲᠠᠢ᠂ ᠡᠷᠬᠡ ᠲᠡᠭᠰᠢ ᠲᠥᠪ ᠭᠤᠣᠯᠴᠢ ᠪᠡᠯᠡ ᠣᠷᠣᠭᠤᠯᠤᠯᠲᠠ ᠶᠢᠨ ᠣᠷᠴᠢᠨ ᠢ ᠡᠭᠦᠳᠥᠨ ᠪᠠᠶᠢᠭᠤᠯᠵᠤ᠂ ︽ᠳᠣᠲᠣᠨᠣᠰᠤᠭ︾᠂ ︽ᠴᠢᠭᠴᠢ︾ ᠵᠠᠰᠠᠭ ᠠᠷᠠᠯᠵᠢᠶᠠᠴᠢᠨ ᠤ ᠬᠠᠷᠢᠴᠠᠭ᠎ᠠ ᠶᠢ ᠬᠦᠴᠦᠯᠡᠨ ᠴᠣᠭᠴᠠᠯᠠᠵᠤ᠂ ᠠᠵᠤ ᠠᠬᠤᠶᠢᠯᠠᠯᠲᠠᠨ ᠢ ᠬᠦᠨᠳᠥᠳᠬᠡᠨ ᠬᠠᠯᠠᠮᠵᠢᠯᠠᠭᠰᠠᠨ ᠨᠡᠶᠢᠭᠡᠮ ᠤᠨ ᠣᠷᠴᠢᠨ ᠪᠠᠶᠢᠳᠠᠯ ᠢ ᠪᠤᠢ ᠪᠣᠯᠭᠠᠨ᠎ᠠ᠃ ᠨᠡᠶᠢᠲᠡ ᠶᠢᠨ ᠪᠤᠰᠤ ᠥᠮᠴᠢᠯᠡᠯᠲᠦ ᠠᠵᠤ ᠠᠬᠤᠢ ᠶᠢ ᠬᠦᠴᠦᠲᠡᠢ ᠬᠥᠭᠵᠢᠭᠦᠯᠵᠦ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠪᠠ ᠳᠠᠷᠬᠠᠴᠤᠤᠯ ᠤᠨ ᠵᠣᠷᠢᠭ ᠰᠠᠨᠠᠭ᠎ᠠ ᠶᠢ ᠭᠦᠢᠴᠡᠳ ᠤᠷᠮᠠᠰᠢᠭᠤᠯᠵᠤ᠂ ᠤᠷᠤᠨ ᠨᠤᠲᠤᠭ ᠤᠨ ᠠᠵᠤ ᠠᠬᠤᠶᠢᠯᠠᠯ ᠤᠨ ᠬᠦᠴᠦᠷᠬᠡᠭᠵᠢᠨ ᠪᠤᠵᠠᠭᠠᠶᠢᠷᠠᠬᠤ ᠶᠢ ᠳᠡᠮᠵᠢᠵᠦ᠂ ︽ᠵᠠᠭᠤᠨ ᠣᠨ ᠤ ᠬᠠᠭᠤᠴᠢᠨ ᠳᠡᠯᠭᠡᠭᠦᠷ︾ ᠢ ᠬᠥᠮᠥᠵᠢᠭᠦᠯᠵᠦ᠂ ᠭᠠᠳᠠᠷ ᠣᠷᠣᠨ ᠳᠠᠬᠢ ᠪᠠᠶᠠᠨᠨᠠᠭᠤᠷ ᠤᠨ ᠠᠵᠤ ᠠᠬᠤᠶᠢᠯᠠᠯᠲᠠᠨ ᠤ ᠨᠤᠲᠤᠭ ᠲᠠᠭᠠᠨ ᠪᠤᠴᠠᠵᠤ ᠦᠢᠯᠡᠰ ᠪᠣᠰᠬᠠᠬᠤ ᠶᠢ ᠵᠣᠷᠢᠭᠵᠢᠭᠤᠯᠤᠨ᠎ᠠ᠃  ︵ᠬᠤᠶᠠᠷ︶ ᠲᠠᠷᠢᠶᠠᠯᠠᠩ ᠮᠠᠯ ᠠᠵᠤ ᠠᠬᠤᠢ ᠪᠠᠷ ᠰᠠᠭᠤᠷᠢ ᠪᠠᠨ ᠪᠠᠬᠢᠵᠢᠭᠦᠯᠬᠦ ᠶᠢ ᠪᠠᠷᠢᠮᠲᠠᠯᠠᠵᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠎ᠠ ᠲᠠᠷᠢᠶᠠᠯᠠᠩ ᠮᠠᠯ ᠠᠵᠤ ᠠᠬᠤᠢ ᠪᠣᠯ ᠪᠠᠶᠠᠨᠨᠠᠭᠤᠷ ᠤᠨ ᠠᠵᠤ ᠲᠥᠷᠥᠵᠦ ᠣᠷᠣᠰᠢᠨ ᠲᠣᠭᠲᠠᠨᠢᠬᠤ ᠰᠠᠭᠤᠷᠢ ᠮᠥᠨ᠂ ᠵᠠᠪᠠᠯ ᠴᠢᠩᠭ᠎ᠠ ᠠᠳᠬᠤᠵᠤ᠂ ᠨᠠᠷᠢᠯᠢᠭ ᠭᠦᠨᠵᠡᠭᠡᠢ ᠲᠡᠶᠢᠰᠢ ᠬᠥᠭᠵᠢᠭᠦᠯᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠣᠬᠢᠷᠲᠤᠯ ᠦᠭᠡᠢ᠂ ᠠᠮᠢ ᠠᠬᠤᠢ   ᠶᠢᠨ᠂ ᠤᠰᠤ ᠠᠷᠪᠢᠯᠠᠭᠰᠠᠨ᠂ ᠥᠨᠳᠥᠷ ᠦᠷ᠎ᠡ ᠠᠰᠢᠭᠲᠤ ᠲᠠᠷᠢᠶᠠᠯᠠᠩ ᠮᠠᠯ ᠠᠵᠤ ᠠᠬᠤᠢ ᠶᠢ ᠬᠦᠴᠦᠲᠡᠢ ᠬᠥᠭᠵᠢᠭᠦᠯᠵᠦ᠂ ᠪᠦᠲᠦᠴᠡ ᠵᠣᠬᠢᠰᠲᠠᠢ᠂ ᠪᠠᠲᠤᠯᠠᠭ᠎ᠠ ᠬᠦᠴᠦᠲᠡᠢ᠂ ᠦᠷᠭᠦᠯᠵᠢᠯᠡᠨ ᠬᠥᠭᠵᠢᠭᠰᠡᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠦᠲᠦᠮᠵᠢᠲᠡᠢ ᠬᠠᠩᠭᠠᠯᠭ᠎ᠠ ᠶᠢ ᠲᠦᠷᠭᠡᠳᠬᠡᠨ ᠪᠦᠷᠢᠯᠳᠥᠭᠦᠯᠵᠦ᠂ ᠪᠦᠬᠦ ᠣᠷᠣᠨ ᠤ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠨ ᠡᠳ᠋ᠰᠢᠭᠦᠯᠬᠦ ᠰᠠᠭᠤᠷᠢᠨ ᠭᠠᠵᠠᠷ ᠤᠨ ᠲᠦᠷᠦᠭᠦᠴᠢ ᠪᠤᠯᠬᠤ ᠪᠠᠷ ᠴᠢᠷᠮᠠᠶᠢᠨ᠎ᠠ᠃  ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠦᠨ᠎ᠡ᠃   ᠲᠠᠷᠢᠮᠠᠯ ᠤᠨ ᠶᠡᠷᠦᠩᠬᠡᠢ ᠲᠠᠯᠠᠪᠠᠢ ᠶᠢ 1000 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠲᠠᠢ ᠪᠠᠶᠢᠯᠭᠠᠨ᠎ᠠ᠃ ᠥᠨᠳᠥᠷ ᠦᠷ᠎ᠡ ᠠᠰᠢᠭᠲᠤ ᠣᠨᠴᠠᠯᠢᠭᠲᠤ ᠲᠠᠷᠢᠮᠠᠯ ᠤᠨ ᠦᠢᠯᠡᠰ ᠢ ᠬᠦᠴᠦᠲᠡᠢ ᠬᠥᠭᠵᠢᠭᠦᠯᠵᠦ᠂ ᠨᠣᠭᠤᠭᠠᠨ ᠢᠶᠠᠷ ᠳᠠᠷᠤᠰᠢᠭᠤᠯᠬᠤ ᠪᠠ ᠰᠢᠯᠢᠳᠡᠭ ᠴᠢᠨᠠᠷ ᠤᠨ ᠲᠡᠵᠢᠭᠡᠯ ᠡᠪᠡᠰᠦ ᠶᠢ ᠲᠠᠷᠢᠬᠤ ᠲᠠᠯᠠᠪᠠᠢ ᠶᠢ ᠥᠷᠭᠡᠳᠬᠡᠵᠦ᠂ ᠲᠥᠬᠦᠭᠡᠷᠦᠮᠵᠢᠲᠦ ᠲᠠᠷᠢᠶᠠᠯᠠᠩ ᠢ ᠰᠢᠨ᠎ᠡ ᠪᠠᠷ 2.5 ᠲᠦᠮᠡᠨ ᠮᠦ ᠨᠡᠮᠡᠭᠳᠡᠭᠦᠯᠵᠦ᠂ ᠯᠢᠨ ᠾᠧ ᠶᠢᠨ ᠤᠯᠠᠭᠠᠨᠲᠤᠭ᠂ ᠦᠶᠤᠸᠠᠨ ᠰᠢᠶᠠᠨ ᠤ ᠪᠠ ᠯᠢ ᠴᠢᠶᠣᠣ ᠵᠡᠷᠭᠡ ᠲᠦᠮᠡᠨ ᠮᠦ ᠠᠴᠠ ᠳᠡᠭᠡᠭᠰᠢᠬᠢ ᠲᠥᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠢ 2 ᠪᠠᠶᠢᠭᠤᠯᠤᠨ᠎ᠠ᠃ ᠰᠢᠯᠢᠳᠡᠭ ᠴᠢᠨᠠᠷ ᠤᠨ ᠪᠤᠭᠤᠳᠠᠢ ᠲᠠᠷᠢᠬᠤ ᠲᠠᠯᠠᠪᠠᠢ ᠶᠢ 150 ᠲᠦᠮᠡᠨ ᠮᠦ ᠠᠴᠠ ᠳᠡᠭᠡᠭᠰᠢ ᠳᠤ ᠬᠦᠷᠭᠡᠨ᠎ᠡ᠃  ᠲᠣᠯᠣᠭᠠᠶᠢᠯᠠᠬᠤ ᠠᠵᠤ ᠠᠬᠤᠶᠢᠯᠠᠯ ᠢ ᠲᠠᠲᠠᠨ ᠣᠷᠣᠭᠤᠯᠬᠤ ᠪᠠᠷ ᠳᠠᠮᠵᠢᠨ᠂ ᠮᠠᠯ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠵᠦ᠂ ᠬᠤᠨᠢ ᠶᠢᠨ ᠲᠤᠭ᠎ᠠ ᠶᠢ ᠲᠣᠭᠲᠠᠪᠤᠷᠢᠵᠢᠭᠤᠯᠤᠨ ᠦᠬᠡᠷ ᠤᠨ ᠲᠤᠭ᠎ᠠ ᠶᠢ ᠨᠡᠮᠡᠭᠳᠡᠭᠦᠯᠵᠦ᠂ ᠭᠠᠭ᠋ᠠᠢ ᠵᠢᠭᠦᠷᠲᠡᠨ ᠤ ᠲᠡᠵᠢᠭᠡᠬᠦ ᠬᠡᠪᠴᠢᠶ᠎ᠡ ᠶᠢ ᠥᠷᠭᠡᠳᠬᠡᠵᠦ᠂ ᠠᠯᠠᠰᠢᠨ ᠡᠯᠵᠢᠭᠡ ᠪᠠ ᠤᠰᠤᠨ ᠭᠠᠷᠤᠯᠲᠠ ᠵᠡᠷᠭᠡ ᠣᠨᠴᠠᠯᠢᠭᠲᠤ ᠲᠡᠵᠢᠭᠡᠨ ᠦᠷᠡᠵᠢᠭᠦᠯᠬᠦ ᠦᠢᠯᠡᠰ ᠢ ᠵᠣᠬᠢᠰᠲᠠᠢ ᠬᠥᠭᠵᠢᠭᠦᠯᠵᠦ᠂ ᠠᠯᠠᠰᠢᠨ ᠬᠤᠨᠢᠨ ᠤ ᠲᠡᠵᠢᠭᠡᠪᠦᠷᠢ ᠶᠢᠨ ᠬᠡᠮᠵᠢᠶ᠎ᠡ ᠶᠢ 2400 ᠲᠦᠮᠡ ᠳᠤ ᠬᠦᠷᠭᠡᠨ᠎ᠡ᠃  ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ 480 ᠲᠦᠮᠡᠨ ᠮᠦ ᠬᠤᠵᠢᠷᠰᠢᠭᠰᠠᠨ ᠭᠠᠵᠠᠷ ᠢ ᠥᠭᠡᠷᠡᠴᠢᠯᠡᠨ ᠠᠮᠤ ᠪᠤᠳᠠᠭ᠎ᠠ ᠡᠪᠡᠰᠦᠨ ᠤ ᠭᠠᠷᠤᠯᠲᠠ ᠶᠢ ᠨᠡᠮᠡᠭᠳᠡᠭᠦᠯᠬᠦ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ 50 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ 20 ᠲᠦᠮᠡᠨ ᠮᠦ ᠭᠠᠵᠠᠷ ᠢ ᠮᠠᠰᠢᠨ ᠢᠶᠠᠷ ᠭᠦᠨ ᠤᠷᠪᠠᠭᠤᠯᠤᠨ ᠲᠡᠭᠰᠢᠯᠡᠬᠦ ᠪᠠ ᠭᠠᠵᠠᠷ ᠰᠢᠷᠣᠢ ᠶᠢ ᠴᠡᠭᠴᠡᠯᠡᠨ ᠵᠠᠰᠠᠬᠤ ᠵᠡᠷᠭᠡ ᠲᠥᠷᠥᠯ ᠵᠦᠢᠯ ᠢ ᠪᠡᠶᠡᠯᠡᠭᠦᠯᠦᠨ᠎ᠡ᠃ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ᠂ ᠬᠤᠯᠪᠣᠭᠠᠯᠠᠨ ᠬᠠᠭᠠᠯᠪᠤᠷᠢᠯᠠᠵᠤ ᠬᠤᠯᠪᠣᠭᠠᠯᠠᠨ ᠲᠠᠷᠢᠬᠤ᠂ ᠬᠤᠪᠢ ᠣᠷᠣᠭᠤᠯᠤᠨ ᠬᠠᠮᠵᠢᠯᠴᠠᠬᠤ ᠵᠡᠷᠭᠡ ᠣᠯᠠᠨ ᠵᠦᠢᠯ ᠤᠨ ᠡᠵᠡᠩᠨᠡᠯᠲᠡ ᠶᠢᠨ ᠵᠠᠭᠪᠤᠷ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠮᠠᠰᠢᠨ ᠤ ᠬᠤᠷᠰᠢᠶ᠎ᠠ᠂ ᠮᠠᠯᠴᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠳᠥᠯ ᠢ ᠪᠠᠳᠠᠷᠠᠭᠤᠯᠵᠤ᠂ ᠤᠯᠤᠰ ᠤᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠲᠣᠯᠣᠭᠠᠶᠢᠯᠠᠬᠤ ᠬᠥᠮᠥᠰ ᠢ ᠡᠭᠡᠯᠵᠢᠯᠡᠨ ᠪᠣᠯᠪᠠᠰᠤᠷᠠᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠣᠯᠠᠨ ᠠᠷᠭ᠎ᠠ ᠵᠠᠮ ᠢᠶᠠᠷ ᠬᠡᠪᠴᠢᠶᠡᠵᠢᠭᠦᠯᠦᠨ ᠡᠵᠡᠩᠨᠡᠬᠦ ᠲᠦᠪᠰᠢᠨ ᠢ ᠳᠡᠭᠡᠭᠰᠢᠯᠡᠭᠦᠯᠦᠨ᠎ᠡ᠃ ᠣᠳᠣ ᠦᠶ᠎ᠡ ᠶᠢᠨ ᠦᠷ᠎ᠡ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠤᠰᠬᠠᠢ ᠬᠡᠷᠡᠭᠯᠡᠭᠡᠨ ᠤ ᠪᠤᠭᠤᠳᠠᠢ᠂ ᠨᠣᠭᠤᠭᠠᠨ ᠢᠶᠠᠷ ᠳᠠᠷᠤᠰᠢᠭᠤᠯᠬᠤ ᠡᠷᠳᠡᠨᠢ ᠰᠢᠰᠢ᠂ ᠡᠷᠯᠢᠰᠡᠵᠢᠬᠦᠯᠦᠭᠰᠡᠨ ᠨᠠᠷᠠᠨ ᠬᠤᠸᠠᠷ᠂ ᠡᠳ᠋ᠰᠢᠭᠦᠯᠬᠦ ᠢᠳᠡᠰᠢᠨ ᠨᠣᠭᠤᠭ᠎ᠠ ᠶᠢᠨ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠬᠤ ᠠᠵᠢᠯ ᠢ ᠰᠠᠶᠢᠲᠤᠷ ᠬᠢᠵᠦ᠂ ᠪᠠᠶᠠᠨᠨᠠᠭᠤᠷ ᠤᠨ ᠮᠧᠷᠢᠨᠣᠰ ᠠᠯᠠᠰᠢᠨ ᠬᠤᠨᠢ ᠶᠢᠨ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠬᠤ ᠪᠠ ᠠᠯᠠᠰᠢᠨ ᠦᠬᠡᠷ ᠵᠡᠷᠭᠡ ᠶᠢᠨ ᠬᠦᠪᠦᠷᠡᠯ ᠢ ᠰᠢᠯᠵᠢᠭᠦᠯᠬᠦ ᠠᠵᠢᠯ ᠢ ᠥᠷᠨᠢᠭᠦᠯᠦᠨ᠎ᠡ᠃ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠶᠠᠰᠤ ᠴᠢᠨᠠᠷ ᠤᠨ ᠪᠦᠬᠦ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠬᠢᠨᠠᠨ ᠬᠠᠮᠢᠶᠠᠷᠬᠤ᠂ ᠰᠢᠯᠭᠠᠨ ᠬᠡᠮᠵᠢᠬᠦ᠂ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠲᠦᠮᠡᠨ ᠪᠠᠭᠰᠢ ᠶᠢᠨ ᠪᠦᠯᠬᠦᠮ ᠤᠨ ᠪᠣᠯᠪᠠᠰᠤᠷᠠᠯ ᠢ ᠥᠷᠨᠢᠭᠦᠯᠵᠦ᠂ ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠯ ᠢ 30 ᠲᠦᠮᠡᠨ ᠬᠥᠮᠥᠨ ᠤᠳᠠᠭ᠎ᠠ ᠳᠤ ᠬᠦᠷᠲᠡᠭᠡᠬᠦ ᠶᠢ ᠪᠡᠶᠡᠯᠡᠭᠦᠯᠦᠨ᠎ᠡ᠃ ᠪᠦᠬᠦ ᠬᠤᠲᠠ ᠶᠢᠨ ᠬᠦᠴᠦᠨ ᠢ ᠳᠠᠶᠢᠴᠢᠯᠠᠨ᠂ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃  ᠨᠡᠷ᠎ᠡ ᠲᠡᠮᠳᠡᠭ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠣᠷᠣᠨ ᠨᠤᠲᠤᠭ ᠤᠨ ᠣᠨᠴᠠᠯᠢᠭ ᠪᠦᠬᠦᠢ ᠨᠡᠷᠡᠲᠦ ᠲᠠᠸᠠᠷ ᠤᠨ ᠲᠡᠮᠳᠡᠭ ᠪᠠ ᠨᠡᠷ᠎ᠡ ᠲᠡᠮᠳᠡᠭᠲᠦ ᠦᠢᠯᠡᠳᠬᠦᠨ ᠢ ᠠᠭᠤᠳᠠᠯᠤᠨ ᠪᠤᠶᠢᠵᠢᠭᠤᠯᠵᠤ᠂ ᠵᠣᠬᠢᠰᠲᠠᠢ ᠱᠠᠲᠤᠯᠢᠭ ᠬᠡᠯᠪᠡᠷᠢ ᠶᠢᠨ ᠨᠡᠷ᠎ᠡ ᠲᠡᠮᠳᠡᠭ ᠤᠨ ᠡᠬᠢ ᠪᠠᠶᠠᠯᠢᠭ ᠤᠨ ᠨᠥᠭᠡᠴᠡ ᠬᠥᠮᠥᠷᠭᠡ ᠶᠢ ᠪᠠᠶᠢᠭᠤᠯᠤᠨ᠎ᠠ᠃ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠡᠷ᠎ᠡ ᠲᠡᠮᠳᠡᠭ ᠤᠨ ᠪᠠᠶᠢᠭᠤᠯᠤᠯᠲᠠ ᠶᠢᠨ ᠬᠦᠴᠦᠯᠡᠴᠡ ᠶᠢ ᠶᠡᠬᠡᠰᠬᠡᠨ᠎ᠡ᠃ ︽ᠪᠣᠷᠣᠲᠣᠬᠤᠢ︾᠂ ︽ᠪᠠᠶᠠᠨᠨᠠᠭᠤᠷ︾ ᠵᠡᠷᠭᠡ ᠣᠷᠣᠨ ᠪᠦᠰᠡ ᠶᠢᠨ ᠨᠡᠷ᠎ᠡ ᠲᠡᠮᠳᠡᠭ ᠤᠨ ᠲᠣᠭᠤᠷᠢᠨ ᠳᠤ᠂ ︽ᠭᠤᠷᠪᠠᠨ ᠦᠢᠯᠡᠳᠬᠦᠨ ᠨᠢᠭᠡ ᠨᠡᠷ᠎ᠡ ᠲᠡᠮᠳᠡᠭ︾ ᠤᠨ ᠦᠢᠯᠡᠳᠪᠦᠷᠢᠯᠡᠭᠰᠡᠨ ᠭᠠᠵᠠᠷ ᠤᠨ ᠮᠠᠭᠠᠳᠯᠠᠯᠲᠠ ᠪᠠ ᠦᠢᠯᠡᠳᠬᠦᠨ ᠤ ᠭᠡᠷᠡᠴᠢᠯᠡᠯᠲᠡ ᠶᠢ ᠰᠠᠶᠢᠲᠤᠷ ᠬᠢᠵᠦ᠂ ᠪᠣᠷᠣᠲᠣᠬᠤᠢ ᠶᠢᠨ ᠪᠤᠭᠤᠳᠠᠢ᠂ ᠳ᠋ᠧᠩᠺᠧᠦ ᠰᠢᠶᠠᠨ ᠤ ᠬᠤᠸᠠᠯᠠᠶᠢᠱᠢ᠂ ᠤᠷᠠᠳ ᠬᠠᠷ᠎ᠠ ᠢᠮᠠᠭ᠎ᠠ ᠵᠡᠷᠭᠡ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠢ ᠳᠠᠩᠰᠠᠯᠠᠭᠤᠯᠤᠨ ᠬᠠᠮᠠᠭᠠᠯᠠᠬᠤ ᠪᠠᠷ ᠭᠤᠶᠤᠴᠢᠯᠠᠨ ᠮᠡᠳᠡᠭᠦᠯᠵᠦ᠂ ᠮᠠᠨ ᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ︽ᠠᠯᠲᠠᠨ ᠢᠯᠡᠷᠬᠡᠶᠢᠯᠡᠯ︾ ᠢ ᠨᠡᠩ ᠭᠢᠯᠠᠰᠤᠮ᠎ᠠ ᠪᠣᠯᠭᠠᠨ᠎ᠠ᠃  ᠲᠠᠷᠢᠶᠠᠯᠠᠩ ᠮᠠᠯ ᠠᠵᠤ ᠠᠬᠤᠢ ᠪᠠ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠭᠰᠠᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠶᠢᠨ ᠬᠠᠮᠠᠭᠠᠯᠠᠯᠲᠠ᠂ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠵᠤᠭᠠᠴᠠᠯ ᠤᠨ ᠦᠵᠡᠮᠵᠢ᠂ ᠰᠡᠯᠡᠭᠦᠴᠡᠯ ᠠᠮᠠᠷᠠᠯᠲᠠ᠂ ᠪᠡᠶ᠎ᠡ ᠰᠤᠪᠢᠯᠠᠯ ᠨᠠᠰᠤᠲᠠᠨ ᠢ ᠠᠰᠠᠷᠠᠬᠤ ᠵᠡᠷᠭᠡ ᠶᠢᠨ ᠦᠢᠯᠡᠳᠥᠯ ᠢ ᠥᠷᠭᠡᠳᠬᠡᠨ ᠤᠷᠲᠤᠳᠬᠠᠵᠤ᠂ ᠵᠤᠭᠠᠴᠠᠯ ᠤᠨ ᠲᠠᠷᠢᠶᠠᠯᠠᠩ ᠮᠠᠯ ᠠᠵᠤ ᠠᠬᠤᠢ᠂ ᠣᠶᠢᠯᠠᠭᠠᠨ ᠲᠤᠷᠰᠢᠬᠤ ᠲᠠᠷᠢᠶᠠᠯᠠᠩ ᠮᠠᠯ ᠠᠵᠤ ᠠᠬᠤᠢ᠂ ᠮᠡᠷᠭᠡᠵᠢᠯ ᠲᠦᠭᠡᠮᠡᠯᠵᠢᠭᠦᠯᠬᠦ ᠲᠠᠷᠢᠶᠠᠯᠠᠩ ᠮᠠᠯ ᠠᠵᠤ ᠠᠬᠤᠢ ᠶᠢ ᠬᠦᠴᠦᠲᠡᠢ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶᠡᠨ ᠤ ᠦᠷ᠎ᠡ ᠠᠰᠢᠭ ᠢ ᠳᠡᠭᠡᠭᠰᠢᠯᠡᠭᠦᠯᠦᠨ᠎ᠡ᠃  ︵ᠭᠤᠷᠪᠠ︶ ᠠᠵᠤ ᠦᠢᠯᠡᠳᠪᠦᠷᠢ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠤ ᠳᠤᠮᠳᠠ ᠠᠬᠢᠬᠤ ᠶᠢ ᠲᠦᠯᠬᠢᠨ ᠠᠬᠢᠭᠤᠯᠤᠨ᠎ᠠ ᠳᠠᠪᠠᠭᠤᠯᠢᠭ ᠢᠶᠠᠨ ᠪᠠᠳᠠᠷᠠᠭᠤᠯᠬᠤ ᠪᠠ ᠳᠤᠲᠠᠭᠤᠳᠠᠯ ᠢᠶᠠᠨ ᠨᠥᠬᠦᠬᠦ ᠶᠢ ᠵᠡᠷᠭᠡᠪᠡᠷ ᠬᠢᠬᠦ᠂ ᠨᠥᠭᠡᠴᠡ ᠶᠢ ᠠᠮᠢᠳᠤᠯᠢᠭᠵᠢᠭᠤᠯᠬᠤ ᠪᠠ ᠨᠡᠮᠡᠭᠳᠡᠯ ᠢ ᠰᠢᠯᠢᠳᠡᠭᠵᠢᠭᠦᠯᠬᠦ ᠶᠢ ᠬᠠᠮᠲᠤ ᠳᠤᠨᠢ ᠠᠳᠬᠤᠬᠤ ᠶᠢ ᠪᠠᠷᠢᠮᠲᠠᠯᠠᠵᠤ᠂ ᠠᠵᠤ ᠦᠢᠯᠡᠰ ᠢ ᠪᠣᠬᠢᠷᠲᠤᠯ ᠦᠬᠡᠶᠢᠵᠢᠯᠳᠠ᠂ ᠥᠨᠳᠥᠷ ᠳᠡᠰᠵᠢᠯᠲᠡ᠂ ᠣᠶᠤᠨᠵᠢᠯᠲᠠ᠂ ᠣᠯᠠᠨ ᠡᠰᠢᠵᠢᠯᠲᠡ ᠶᠢᠨ ᠴᠢᠭᠯᠡᠯ ᠲᠡᠶᠢᠰᠢ ᠬᠥᠭᠵᠢᠬᠦ ᠶᠢ ᠲᠦᠯᠬᠢᠨ ᠠᠬᠢᠭᠤᠯᠵᠤ᠂ ︽ᠭᠤᠷᠪᠠ ᠶᠢ ᠬᠠᠰᠤᠭᠳᠠᠭᠤᠯᠵᠤ ᠨᠢᠭᠡ ᠶᠢ ᠪᠠᠭᠤᠷᠠᠭᠤᠯᠤᠨ ᠨᠢᠭᠡ ᠶᠢ ᠨᠥᠬᠦᠬᠦ︾ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠪᠦᠬᠦ ᠵᠢᠯ ᠳᠤ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢ 378 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ ᠢ 146 ᠬᠡᠷᠡᠭᠵᠢᠭᠦᠯᠬᠦ ᠪᠠᠷ ᠴᠢᠷᠮᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7.6% ᠨᠡᠮᠡᠭᠳᠡᠭᠦᠯᠦᠨ᠎ᠡ᠃  ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠰ ᠳᠡᠪᠰᠢᠭᠦᠯᠬᠦ ᠶᠢ ᠲᠦᠷᠭᠡᠳᠬᠡᠨ᠎ᠡ᠃  ᠳᠡᠭᠡᠳᠦ ᠰᠢᠨ᠎ᠡ ᠮᠡᠷᠭᠡᠵᠢᠯ ᠪᠠ ᠲᠡᠷᠢᠭᠦᠨ ᠤ ᠭᠡᠷᠡᠭᠯᠡᠭᠡᠨ ᠤ ᠮᠡᠷᠭᠡᠵᠢᠯ ᠢ ᠬᠡᠷᠡᠭᠯᠡᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠂ ᠠᠭᠤᠷᠬᠠᠢ ᠲᠡᠮᠦᠷᠯᠢᠭ ᠬᠠᠶᠢᠯᠤᠭᠤᠯᠬᠤ᠂ ᠡᠨᠧᠷᠭᠢ ᠴᠠᠬᠢᠯᠭᠠᠨ ᠬᠦᠴᠦᠨ᠂ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠲᠤᠯᠭᠠᠭᠤᠷᠢ ᠠᠵᠤ ᠦᠢᠯᠡᠰ ᠢ ᠥᠭᠡᠷᠡᠴᠢᠯᠡᠨ ᠳᠡᠰ ᠳᠡᠪᠰᠢᠭᠦᠯᠦᠨ᠎ᠡ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠲᠠᠯ᠎ᠠ ᠪᠠᠷ᠂ ᠷᠦᠨ ᠬᠠᠢ ᠶᠤᠸᠠᠨ ᠤ 8000 ᠲᠦᠮᠡᠨ ᠠᠯᠠᠰᠢᠨ ᠲᠠᠬᠢᠶ᠎ᠠ ᠡᠳ᠋ᠰᠢᠭᠦᠯᠬᠦ᠂ ᠺᠠᠩ ᠰᠾᠢ ᠲᠧ ᠶᠢᠨ 4500 ᠲᠣᠨ ᠳᠣᠣᠷ᠎ᠠ ᠡᠰᠲ᠋ᠧᠷᠳᠤ ᠵᠢᠮᠢᠰ ᠤᠨ ᠴᠠᠪᠠᠤ᠂ ᠬᠠᠢ ᠴᠧᠩ ᠠᠮᠢᠳᠤ ᠪᠣᠳᠠᠰ ᠤᠨ ᠭᠡᠳᠡᠰᠦᠨ ᠤ ᠰᠠᠯᠢᠰᠤᠲᠤ ᠪᠦᠷᠬᠦᠪᠴᠢ ᠶᠢᠨ ᠤᠭᠤᠷᠠᠭ ᠪᠠ ᠡᠯᠢᠭᠡᠨ ᠤ ᠡᠳ᠋ ᠤᠨ ᠨᠠᠲᠷᠢ ᠶᠢ ᠢᠯᠭᠠᠷᠠᠭᠤᠯᠤᠨ ᠠᠪᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠲᠦᠯᠬᠢᠨ ᠠᠬᠢᠭᠤᠯᠤᠨ᠎ᠠ᠃ ᠢᠮᠠᠭᠠᠨ ᠤ ᠨᠣᠯᠣᠤᠷ᠂ ᠭᠤᠯᠢᠷ᠂ ᠠᠷᠢᠬᠢ ᠨᠡᠷᠡᠬᠦ᠂ ᠴᠠᠭᠠᠨ ᠢᠳᠡᠭᠡ ᠵᠡᠷᠭᠡ ᠠᠵᠤ ᠠᠬᠤᠶᠢᠯᠠᠯ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠳᠡᠮᠵᠢᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠲᠣᠯᠣᠭᠠᠶᠢᠯᠠᠬᠤ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠢᠢᠷᠠᠭᠤᠯᠦᠨ᠎ᠡ᠃ ᠳᠤᠮᠳᠠᠳᠤ ᠤᠯᠤᠰ ᠤᠨ ᠠᠮᠤ ᠪᠤᠳᠠᠭᠠᠨ ᠤ ᠪᠦᠯᠦᠭᠯᠡᠯ ᠪᠠ ᠾᠧᠩ ᠹᠧᠩ ᠺᠣᠮᠫᠠᠨᠢ ᠶᠢᠨ ᠬᠠᠮᠵᠢᠯᠴᠠᠭ᠎ᠠ ᠶᠢ ᠲᠦᠯᠬᠢᠨ ᠠᠬᠢᠭᠤᠯᠤᠨ᠎ᠠ᠃ ᠠᠭᠤᠷᠬᠠᠢ ᠲᠡᠮᠦᠷᠯᠢᠭ ᠬᠠᠶᠢᠯᠤᠭᠤᠯᠬᠤ᠂ ᠴᠠᠬᠢᠯᠭᠠᠨ ᠬᠦᠴᠦᠨ ᠪᠠ ᠬᠢᠮᠢ ᠶᠢᠨ ᠠᠵᠤ ᠦᠢᠯᠡᠳᠪᠦᠷᠢ ᠶᠢᠨ ᠲᠠᠯ᠎ᠠ ᠪᠠᠷ᠂ ᠬᠤᠸᠠ ᠲᠦᠸᠧ ᠠᠭᠤᠷᠬᠠᠢ ᠶᠢᠨ ᠦᠢᠯᠡᠰ ᠤᠨ ᠡᠨᠧᠷᠭᠢ ᠶᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠵᠦ ᠾᠧ ᠶᠢᠨ 800 ᠲᠦᠮᠡᠨ ᠲᠣᠨ ᠮᠥᠩᠭᠦᠨ ᠤ ᠬᠦᠳᠡᠷ ᠢ ᠮᠠᠯᠲᠠᠵᠤ ᠰᠣᠩᠭᠤᠬᠤ᠂ ᠬᠠᠢ ᠢᠤᠢ ᠶᠢᠨ ᠬᠦᠬᠦᠷ ᠹᠤᠰᠹᠤᠷ ᠲᠢᠲ᠋ᠡᠨ ᠲᠡᠮᠤᠷ ᠢ ᠡᠷᠬᠢᠯᠳᠡ ᠲᠠᠢ ᠪᠠᠷ ᠠᠰᠢᠬᠯᠠᠵᠦ᠂ ᠴᠢᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ 12 ᠲᠣᠨ ᠵᠠᠳᠠᠷᠠᠮᠠᠯ ᠭᠠᠵᠠᠷ ᠤᠨ ᠪᠦᠷᠬᠦᠪᠴᠢ ᠵᠡᠷᠭᠡ ᠶᠢᠨ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ 20 ᠲᠦᠮᠡᠨ ᠲᠣᠨ ᠵᠡᠰ ᠬᠠᠶᠢᠯᠤᠭᠤᠯᠬᠤ᠂ ᠱᠧᠨ ᠬᠤᠸᠠ ᠪᠦᠯᠦᠭᠯᠡᠯ ᠤᠨ ᠨᠢᠭᠡᠳᠥᠭᠡᠷ ᠬᠤᠭᠤᠴᠠᠭᠠᠨ ᠤ ᠨᠥᠬᠦᠵᠦ ᠲᠡᠭᠰᠢᠯᠡᠬᠦ ᠵᠡᠷᠭᠡ ᠲᠥᠷᠥᠯ ᠵᠦᠢᠯ ᠤᠨ ᠠᠬᠢᠴᠠ ᠶᠢ ᠲᠦᠷᠭᠡᠳᠬᠡᠨ ᠲᠦᠯᠬᠢᠨ ᠠᠬᠢᠭᠤᠯᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠥᠩᠭᠡᠲᠦ ᠲᠡᠮᠦᠷᠯᠢᠭ ᠪᠠ ᠬᠠᠷ᠎ᠠ ᠲᠡᠮᠦᠷᠯᠢᠭ ᠪᠣᠯᠪᠠᠰᠤᠷᠠᠭᠤᠯᠬᠤ ᠵᠡᠷᠭᠡ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃  ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠯᠤᠭ᠎ᠠ ᠶᠢᠨ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ 10 ᠲᠦᠮᠡᠨ ᠲᠣᠨ ᠮᠧᠲ᠋ᠢᠯ ᠠᠯᠺᠣᠣᠯ ᠢᠶᠠᠷ ᠨᠡᠶᠢᠯᠡᠯᠭᠡᠵᠢᠭᠦᠯᠦᠭᠰᠡᠨ ᠲᠣᠰᠣ᠂ 8 ᠲᠦᠮᠡᠨ ᠲᠣᠨ ᠹᠧᠨᠢᠯᠲᠦ ᠤᠰᠤᠲᠥ᠋ᠷᠥᠭᠴᠢ᠂ 100 ᠲᠦᠮᠡᠨ ᠲᠣᠨ ᠳᠣᠣᠷ᠎ᠠ ᠳᠤᠯᠠᠭᠠᠨ ᠳᠤ ᠬᠠᠭᠠᠰ ᠬᠡᠦᠷᠰᠢᠭᠦᠯᠬᠦ ᠵᠡᠷᠭᠡ ᠲᠥᠷᠥᠯ ᠵᠦᠢᠯ ᠢ ᠲᠦᠷᠭᠡᠳᠬᠡᠨ ᠡᠬᠢᠯᠡᠭᠦᠯᠦᠨ᠎ᠡ᠃  ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠦᠴᠦᠲᠡᠢ ᠬᠥᠭᠵᠢᠭᠦᠯᠦᠨ᠎ᠡ᠃ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠲᠥᠯᠦᠨ ᠵᠢᠯᠣᠭᠤᠳᠬᠤ ᠲᠤᠰᠬᠠᠢ ᠲᠥᠷᠥᠯ ᠤᠨ ᠰᠠᠭᠤᠷᠢ ᠮᠥᠩᠭᠦ ᠪᠠ ᠪᠠᠭ᠎ᠠ ᠵᠢᠵᠢᠭ ᠠᠵᠤ ᠠᠬᠤᠶᠢᠯᠠᠯ ᠤᠨ ᠮᠡᠷᠭᠡᠵᠢᠯ ᠤᠨ ᠳᠠᠪᠰᠢᠯᠲᠠ ᠶᠢᠨ ᠬᠦᠦ ᠮᠦᠡᠭᠬᠦ ᠨᠥᠬᠦᠪᠤᠷᠢᠯᠡᠬᠦ ᠪᠡᠯᠡ ᠮᠥᠩᠭᠦ ᠶᠢ ᠲᠣᠬᠢᠷᠠᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ᠂ ᠰᠢᠨ᠎ᠡ ᠮᠠᠲ᠋ᠧᠷᠢᠶᠠᠯ᠂ ᠲᠣᠮᠣ ᠳ᠋ᠠᠶᠢᠲ᠋ᠠ᠂ ᠠᠮᠢᠳᠤ ᠪᠣᠳᠠᠰ ᠤᠨ ᠮᠡᠷᠭᠡᠵᠢᠯ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠦᠷᠭᠡᠳᠬᠡᠨ ᠪᠤᠶᠢᠵᠢᠭᠤᠯᠤᠨ᠎ᠠ᠃ ᠳ᠋ᠦᠨ ᠠᠨ ᠤ 5000 ᠲᠣᠨ᠂ ᠳ᠋ᠦᠩ ᠯᠢ ᠶᠢᠨ 6000 ᠲᠣᠨ ᠣᠯᠠᠨ ᠲᠠᠯᠠᠰᠲᠤ ᠴᠠᠬᠢᠭᠤᠷ ᠦᠢᠯᠡᠳᠪᠦᠷᠢᠯᠡᠬᠦ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠾᠧᠩ ᠵᠢᠶᠠ ᠶᠢᠨ 800 ᠲᠣᠨ ᠪᠢᠳᠦᠷᠢᠶ᠎ᠠ᠂ ᠤᠷᠠᠳ ᠤᠨ ᠳᠤᠮᠳᠠᠳᠤ ᠬᠤᠰᠢᠭᠤᠨ ᠤ ᠵᠠᠭᠤᠨ ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠤ ᠰᠠᠭᠤᠷᠢᠨ ᠭᠠᠵᠠᠷ᠂ ᠡᠯᠡᠰᠦᠨ ᠴᠥᠯ ᠤᠨ ᠠᠮᠢ ᠠᠬᠤᠢ ᠶᠢᠨ ᠨᠠᠷᠠᠨ ᠴᠠᠬᠢᠯᠭᠠᠨ ᠤ ᠲᠥᠷᠥᠯ ᠵᠦᠢᠯ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠦᠬᠦ ᠤᠯᠤᠰ᠂ ᠪᠦᠬᠦ ᠣᠷᠣᠨ ᠤ ᠪᠠᠯ ᠴᠢᠯᠠᠭᠤᠨ ᠤ ᠠᠵᠤ ᠦᠢᠯᠡᠰ ᠤᠨ ᠬᠥᠭᠵᠢᠭᠦᠯᠦᠯᠲᠡ ᠶᠢᠨ ᠬᠤᠯᠪᠣᠭ᠎ᠠ ᠯᠤᠭ᠎ᠠ ᠶᠢᠨ ᠬᠠᠮᠵᠢᠯᠴᠠᠭ᠎ᠠ ᠶᠢ ᠢᠳᠡᠪᠬᠢᠳᠡᠢ ᠲᠦᠯᠬᠢᠨ ᠠᠬᠢᠭᠤᠯᠵᠤ᠂ ᠪᠠᠯ ᠴᠢᠯᠠᠭᠤᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠪᠠᠯ ᠴᠢᠯᠠᠭᠤᠨ ᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃  ᠲᠥᠬᠦᠭᠡᠷᠦᠮᠵᠢ ᠪᠠᠷ ᠰᠠᠭᠤᠷᠢ ᠪᠣᠯᠭᠠᠵᠤ᠂ ᠠᠮᠤᠷ ᠲᠦᠪᠰᠢᠨ ᠢᠶᠠᠷ ᠤᠷᠢᠲᠠᠯ ᠪᠣᠯᠭᠠᠵᠤ᠂ ᠡᠬᠢ ᠪᠠᠶᠠᠯᠢᠭ ᠢᠶᠠᠷ ᠦᠨᠳᠥᠰᠦ ᠪᠣᠯᠭᠠᠵᠤ᠂ ᠬᠡᠷᠡᠭᠯᠡᠭᠡᠨ ᠢᠶᠠᠷ ᠭᠤᠣᠯ ᠴᠥᠮ᠎ᠡ ᠪᠣᠯᠭᠠᠬᠤ ᠰᠡᠳᠬᠢᠴᠡ ᠶᠢ ᠪᠠᠷᠢᠮᠲᠠᠯᠠᠵᠤ᠂ ᠲᠣᠮᠣ ᠳ᠋ᠠᠶᠢᠲ᠋ᠠ ᠶᠢᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠣᠶᠤᠨᠲᠤ ᠪᠠᠶᠠᠨᠨᠠᠭᠤᠷ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠭᠡᠳᠡᠷᠭᠦ ᠮᠦᠷᠳᠡᠬᠦ᠂ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃  ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠬᠢᠯᠳᠡ ᠶᠢᠨ ᠲᠤᠬᠢᠷᠠᠭᠤᠯᠤᠯᠳᠠ ᠶᠢ ᠴᠢᠩᠭᠠᠳᠬᠠᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠠᠷᠭ᠎ᠠ ᠪᠠᠷᠢᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠦᠨ᠎ᠡ ᠬᠠᠩᠰᠢ᠂ ᠴᠠᠬᠢᠯᠭᠠᠨ ᠬᠡᠷᠡᠭᠯᠡᠬᠦ ᠠᠴᠢᠶ᠎ᠠ᠂ ᠦᠢᠯᠡᠳᠬᠦᠨ ᠤ ᠬᠥᠮᠥᠷᠭᠡ ᠶᠢᠨ ᠨᠥᠭᠡᠴᠡ ᠶᠢᠨ ᠬᠢᠨᠠᠨ ᠬᠡᠮᠵᠢᠯᠲᠡ ᠶᠢ ᠴᠢᠩᠭᠠᠳᠬᠠᠵᠤ᠂ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶᠢ ᠨᠢ ᠲᠣᠭᠲᠠᠪᠤᠷᠢᠵᠢᠭᠤᠯᠵᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠬᠦᠭᠡᠬᠦ ᠶᠢ ᠠᠬᠢᠭᠤᠯᠤᠨ᠎ᠠ᠃  ᠤᠷᠤᠨ ᠲᠣᠭᠤᠷᠢᠭ ᠤᠨ ᠬᠤᠷᠠᠭᠤᠯᠵᠤ ᠬᠥᠭᠵᠢᠭᠦᠯᠬᠦ ᠴᠢᠳᠠᠪᠤᠷᠢ ᠶᠢ ᠴᠢᠩᠭᠠᠳᠬᠠᠨ᠎ᠠ᠃ ᠤᠷᠤᠨ ᠲᠣᠭᠤᠷᠢᠭ ᠤᠨ ᠠᠵᠤ ᠦᠢᠯᠡᠰ ᠤᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠳᠠᠪᠠᠭᠤᠯᠢᠭ ᠠᠵᠤ ᠦᠢᠯᠡᠰ ᠤᠨ ᠲᠥᠷᠥᠯ ᠵᠦᠢᠯ ᠤᠨ ᠲᠣᠭᠤᠷᠢᠨ ᠳᠤ᠂ ᠡᠷᠭᠢᠯᠲᠡᠲᠦ ᠠᠵᠤ ᠠᠬᠤᠢ ᠶᠢ ᠪᠤᠶᠢᠵᠢᠭᠤᠯᠤᠨ ᠬᠥᠭᠵᠢᠭᠦᠯᠵᠦ᠂ ᠲᠤᠭᠤᠷᠢᠭ ᠤᠨ ᠳᠣᠲᠣᠷᠠᠬᠢ ᠲᠤᠭᠤᠷᠢᠭ᠂ ᠣᠨᠴᠠᠯᠢᠭᠲᠤ ᠲᠤᠭᠤᠷᠢᠭ ᠢ ᠪᠦᠳᠤᠭᠡᠨ ᠪᠠᠶᠢᠭᠤᠯᠵᠤ᠂ ᠠᠵᠤ ᠦᠢᠯᠡᠰ ᠤᠨ ᠲᠥᠪᠯᠡᠷᠡᠯ ᠤᠨ ᠭᠡᠮᠵᠢᠶ᠎ᠡ ᠪᠠ ᠰᠦᠷᠦᠭᠵᠢᠯ ᠤᠨ ᠲᠦᠪᠰᠢᠨ ᠢ ᠳᠡᠭᠡᠭᠰᠢᠯᠡᠭᠦᠯᠵᠦ᠂ ᠤᠷᠤᠨ ᠲᠣᠭᠤᠷᠢᠭ ᠤᠨ ᠠᠵᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠤᠨ᠎ᠠ᠃  ᠦᠢᠯᠡᠳᠬᠦᠨ ᠤ ᠥᠷᠲᠡᠭ ᠨᠢ ᠵᠠᠭᠤᠨ ᠳ᠋ᠦᠩᠰᠢᠭᠤᠷ ᠲᠥᠭᠦᠷᠢᠭ ᠢ ᠳᠠᠪᠠᠭᠰᠠᠨ ᠤᠷᠤᠨ ᠲᠣᠭᠤᠷᠢᠭ ᠢ 5 ᠳᠤ ᠬᠦᠷᠭᠡᠵᠦ᠂ ᠦᠢᠯᠡᠳᠬᠦᠨ ᠤ ᠥᠷᠲᠡᠭ 10 ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ ᠢ 20 ᠳᠤ ᠬᠦᠷᠭᠡᠵᠦ᠂ ᠽᠢ ᠶᠢᠨ ᠺᠣᠮᠫᠠᠨᠢ᠂ ᠯᠢᠶᠠᠨ ᠪᠠᠩ ᠡᠮ ᠦᠢᠯᠡᠳᠬᠦ ᠺᠣᠮᠫᠠᠨᠢ᠂ ᠱᠧᠩ ᠮᠦ ᠳᠡᠭᠡᠳᠦ ᠮᠡᠷᠭᠡᠵᠢᠯ ᠤᠨ ᠺᠤᠮᠫᠠᠨᠢ ᠶᠢᠨ ᠦᠢᠯᠡᠳᠬᠦᠨ ᠤ ᠥᠷᠲᠡᠭ ᠢ 50 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃  ︵ᠳᠥᠷᠪᠡ︶ ᠭᠤᠷᠪᠠᠳᠤᠭᠠᠷ ᠠᠵᠤ ᠦᠢᠯᠡᠰ ᠤᠨ ᠪᠠᠭᠲᠠᠭᠠᠮᠵᠢ ᠶᠢ ᠥᠷᠭᠡᠳᠬᠡᠬᠦ ᠶᠢ ᠪᠠᠷᠢᠮᠲᠠᠯᠠᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ᠎ᠠ  ᠃ ᠦᠢᠯᠡᠴᠢᠯᠡᠭᠡᠨ ᠤ ᠦᠢᠯᠡᠰ ᠢ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠴᠢᠬᠤᠯᠠ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠵᠤᠭᠠᠴᠠᠯ᠂ ᠮᠥᠩᠭᠦᠨ ᠭᠦᠢᠯᠭᠡᠭᠡ᠂ ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠠᠵᠤ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠨ᠎ᠠ᠃  ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ︽ᠵᠤᠭᠠᠴᠠᠯ +︾ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠪᠦᠬᠦ ᠴᠠᠷᠠᠭ᠎ᠠ ᠶᠢᠨ ᠵᠤᠭᠠᠴᠠᠯ᠂ ᠳᠥᠷᠪᠡᠨ ᠤᠯᠠᠷᠢᠯ ᠤᠨ ᠵᠤᠭᠠᠴᠠᠯ ᠢ ᠬᠥᠭᠵᠢᠭᠦᠯᠬᠦ ᠳᠤ ᠬᠠᠨᠳᠤᠭᠤᠯᠵᠤ᠂ ᠦᠵᠡᠰᠬᠦᠯᠡᠩᠲᠦ ᠰᠠᠶᠢᠬᠠᠨ ᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ ᠪᠦᠬᠦ ᠬᠤᠲᠠ ᠶᠢᠨ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠡᠭᠦᠯᠳᠡᠷᠵᠢᠭᠦᠯᠦᠨ᠎ᠡ᠃ ᠬᠠᠲᠤᠨ ᠭᠤᠣᠯ ᠤᠨ ᠪᠣᠷᠣᠲᠣᠬᠤᠢ ᠰᠣᠶᠣᠯ ᠤᠨ ᠵᠤᠭᠠᠴᠠᠯ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠦ ᠵᠤᠸᠠᠩ ᠬᠠᠭᠤᠴᠢᠨ ᠪᠠᠯᠭᠠᠰᠤ᠂ ᠬᠠᠲᠤᠨ ᠭᠤᠣᠯ ᠤᠨ ᠬᠠᠭᠤᠴᠢᠨ ᠣᠯᠣᠮ᠂ ᠰᠦᠩ ᠬᠠᠯᠢᠶ᠎ᠠ ᠶᠢ ᠪᠠᠷᠠᠯᠠᠬᠤ ᠲᠠᠭᠲᠤ ᠵᠡᠷᠭᠡ ᠶᠢᠨ ᠲᠥᠷᠥᠯ ᠵᠦᠢᠯ ᠢ ᠪᠡᠶᠡᠯᠡᠭᠦᠯᠵᠦ᠂ ᠤᠯᠤᠰ ᠤᠨ 5 A ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠢ ᠴᠢᠷᠮᠠᠶᠢᠨ ᠪᠠᠶᠢᠭᠤᠯᠤᠨ᠎ᠠ᠃ ᠤᠯᠠᠭᠠᠡᠰᠤᠬᠠᠢ ᠨᠠᠭᠤᠷ᠂ ᠨᠠᠷᠢᠨ ᠲᠤᠬᠤᠢ ᠨᠠᠭᠤᠷ᠂ ᠱᠠ ᠬᠠᠢ ᠵᠤᠭᠠᠴᠠᠯ ᠤᠨ ᠣᠷᠣᠨ᠂ ᠰᠠᠨ ᠱᠧᠩ ᠭᠦᠩ ᠳᠠᠬᠢ ᠬᠠᠲᠤᠨ ᠭᠤᠣᠯ ᠤᠨ ᠵᠢᠭᠠᠰᠤᠴᠢᠨ ᠤ ᠲᠣᠰᠬᠤᠨ ᠵᠡᠷᠭᠡ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠢᠶᠠᠷ ᠵᠤᠭᠠᠴᠠᠯ ᠢ ᠬᠥᠭᠵᠢᠭᠦᠯᠬᠦ᠂ ᠵᠤᠭᠠᠴᠠᠯ ᠢᠶᠠᠷ ᠲᠠᠷᠢᠶᠠᠯᠠᠩ ᠢ ᠠᠬᠢᠭᠤᠯᠬᠤ ᠶᠢ ᠪᠠᠷᠢᠮᠲᠠᠯᠠᠵᠤ᠂ ᠰᠡᠯᠡᠭᠦᠴᠡᠯ ᠤᠨ ᠲᠠᠷᠢᠶᠠᠯᠠᠩ ᠪᠣᠯᠤᠨ ᠬᠥᠳᠡᠭᠡ ᠲᠣᠰᠬᠤᠨ ᠤ ᠵᠤᠭᠠᠴᠠᠯ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠥᠷᠭᠡᠳᠬᠡᠵᠦ᠂ ᠠᠶᠢᠯ ᠲᠣᠰᠬᠤᠨ ᠢ ᠦᠵᠡᠮᠵᠢ ᠶᠢᠨ ᠴᠡᠭ ᠪᠣᠯᠭᠠᠵᠤ᠂ ᠲᠠᠷᠢᠶᠠᠴᠢᠳ ᠤᠨ ᠰᠠᠭᠤᠷᠢᠰᠢᠯ ᠢᠶᠠᠷ ᠪᠠᠭᠤᠳᠠᠯ ᠪᠣᠯᠭᠠᠵᠤ᠂ ᠨᠤᠲᠤᠭ ᠤᠨ ᠭᠠᠷᠤᠯᠲᠠ ᠶᠢ ᠲᠠᠸᠠᠷ ᠪᠣᠯᠭᠠᠵᠤ᠂ ᠬᠥᠳᠡᠭᠡ ᠲᠣᠰᠬᠤᠨ ᠤ ᠵᠤᠭᠠᠴᠠᠯ ᠢ ᠢᠳᠡᠪᠬᠢᠲᠡᠢ ᠪᠤᠶᠢᠵᠢᠭᠤᠯᠤᠨ ᠬᠥᠭᠵᠢᠭᠦᠯᠦᠨ᠎ᠡ᠃ ᠵᠤᠭᠠᠴᠠᠯ ᠤᠨ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠡᠯᠪᠡᠭ ᠪᠠᠶᠠᠯᠢᠭ ᠲᠡᠦᠬᠡ ᠰᠣᠶᠣᠯ ᠤᠨ ᠡᠬᠢ ᠪᠠᠶᠠᠯᠢᠭ ᠢ ᠪᠦᠲᠦᠭᠡᠯᠴᠢ ᠪᠠᠷ ᠨᠡᠭᠡᠭᠡᠨ ᠬᠦᠭᠵᠢᠬᠦᠯᠵᠤ᠂ ᠵᠤᠭᠠᠴᠠᠯ ᠤᠨ ᠰᠣᠶᠣᠯ ᠤᠨ ᠴᠢᠨᠠᠷ ᠪᠠ ᠣᠷᠣᠯᠴᠠᠵᠤ ᠲᠤᠷᠰᠢᠬᠤ ᠴᠢᠨᠠᠷ ᠢ ᠲᠣᠪᠤᠶᠢᠯᠭᠠᠨ ᠢᠯᠡᠷᠡᠭᠦᠯᠵᠦ᠂ ᠵᠤᠭᠠᠴᠠᠯ ᠪᠣᠯᠤᠨ ᠰᠣᠶᠣᠯ ᠤᠨ ᠠᠭᠤᠰᠤᠯᠴᠠᠯ ᠢ ᠳᠡᠭᠡᠭᠰᠢᠯᠡᠭᠦᠯᠦᠨ᠎ᠡ᠃ ᠡᠪᠦᠯ ᠤᠨ ᠤᠯᠠᠷᠢᠯ ᠤᠨ ᠵᠤᠭᠠᠴᠠᠯ ᠢ ᠬᠦᠴᠦᠲᠡᠢ ᠬᠥᠭᠵᠢᠭᠦᠯᠵᠦ᠂ ᠠᠩᠬᠠᠳᠤᠭᠠᠷ ᠬᠤᠭᠤᠴᠠᠭᠠᠨ ᠤ ᠪᠣᠷᠣᠲᠣᠬᠤᠢ ᠶᠢᠨ ᠡᠪᠦᠯ ᠤᠨ ᠤᠯᠠᠷᠢᠯ ᠤᠨ ᠰᠣᠶᠣᠯ ᠵᠤᠭᠠᠴᠠᠯ ᠤᠨ ᠨᠠᠶᠢᠷ᠂ ᠴᠢᠮᠡᠭᠲᠦ ᠳ᠋ᠧᠩ ᠤᠨ ᠴᠤᠭᠯᠠᠭᠠᠨ ᠵᠡᠷᠭᠡ ᠠᠵᠢᠯᠯᠠᠭ᠎ᠠ ᠶᠢ ᠥᠷᠨᠢᠭᠦᠯᠵᠦ᠂ ᠡᠪᠦᠯ ᠤᠨ ᠤᠯᠠᠷᠢᠯ ᠤᠨ ᠵᠤᠭᠠᠴᠠᠯ ᠢ ᠬᠥᠭᠵᠢᠶᠡᠨ ᠲᠠᠢ ᠪᠣᠯᠭᠠᠨ᠎ᠠ᠃ ᠵᠤᠭᠠᠴᠠᠯ ᠤᠨ ᠤᠬᠠᠭᠤᠯᠤᠨ ᠲᠠᠨᠢᠯᠴᠠᠭᠤᠯᠬᠤ ᠬᠦᠴᠦᠯᠡᠴᠡ ᠶᠢ ᠶᠡᠬᠡᠰᠬᠡᠵᠦ᠂ ᠵᠤᠭᠠᠴᠠᠯ ᠤᠨ ᠣᠷᠣᠨ ᠪᠦᠰᠡ ᠶᠢᠨ ᠬᠠᠮᠵᠢᠯᠴᠠᠭ᠎ᠠ ᠶᠢ ᠲᠦᠯᠬᠢᠨ ᠠᠬᠢᠭᠤᠯᠤᠨ᠎ᠠ᠃ ᠣᠯᠠᠨ ᠤᠯᠤᠰ ᠤᠨ ᠲᠡᠮᠡᠭᠡᠨ ᠪᠥᠮᠪᠦᠭᠡ ᠶᠢᠨ ᠤᠷᠤᠯᠳᠤᠭᠠᠨ᠂ ᠬᠠᠲᠤᠨ ᠭᠤᠣᠯ ᠳᠠᠭᠠᠤ ᠶᠢᠨ ᠵᠠᠰᠠᠮᠠᠯ ᠵᠠᠮ ᠤᠨ ᠳᠤᠭᠤᠢ ᠲᠡᠷᠭᠡᠨ ᠤ ᠤᠷᠤᠯᠳᠤᠭᠠᠨ᠂ ᠪᠣᠷᠣᠲᠣᠬᠤᠢ ᠶᠢᠨ ᠨᠤᠭᠤ ᠭᠠᠵᠠᠷ ᠤᠨ ᠯᠤᠤᠲᠤ ᠣᠩᠭᠤᠴᠠ ᠶᠢᠨ ᠤᠷᠤᠯᠳᠤᠭᠠᠨ ᠵᠡᠷᠭᠡ ᠲᠣᠮᠣ ᠬᠡᠯᠪᠡᠷᠢ ᠶᠢᠨ ᠤᠷᠤᠯᠳᠤᠭᠠᠨ ᠢ ᠰᠠᠶᠢᠲᠤᠷ ᠡᠷᠬᠢᠯᠡᠵᠦ᠂ ᠳᠤᠮᠳᠠᠳᠤ ᠤᠯᠤᠰ ᠤᠨ ᠬᠤᠨᠢᠨ ᠤ ᠦᠢᠯᠡᠰ ᠤᠨ ᠶᠡᠭᠡ ᠬᠤᠷᠠᠯ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠵᠡᠰᠬᠦᠯᠡᠩ᠂ ᠪᠣᠷᠣᠲᠣᠬᠤᠢ ᠶᠢᠨ ᠵᠤᠭᠠᠴᠠᠯ ᠢ ᠲᠠᠨᠢᠯᠴᠠᠭᠤᠯᠬᠤ ᠬᠤᠷᠠᠯ ᠢ ᠰᠠᠶᠢᠲᠤᠷ ᠡᠷᠬᠢᠯᠡᠨ᠎ᠡ᠃ ᠪᠦᠬᠦ ᠵᠢᠯ ᠳᠤ ᠵᠤᠭᠠᠴᠠᠭᠰᠠᠳ ᠢ 500 ᠲᠦᠮᠡᠨ ᠬᠦᠮᠤᠨ ᠤᠳᠠᠭ᠎ᠠ ᠠᠴᠠ ᠲᠡᠭᠡᠭᠰᠢ ᠬᠦᠯᠢᠶᠡᠨ ᠠᠪᠴᠤ᠂ ᠵᠤᠭᠠᠴᠠᠯ ᠤᠨ ᠶᠡᠷᠦᠩᠬᠡᠢ ᠣᠷᠣᠯᠭ᠎ᠠ ᠶᠢ 50 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃  ᠪᠢᠳᠡ ᠵᠤᠭᠠᠴᠠᠯ ᠤᠨ ᠦᠢᠯᠡᠰ ᠢ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠴᠢᠬᠤᠯᠠ ᠲᠦᠯᠬᠢᠬᠦ ᠬᠦᠴᠦᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠬᠥᠳᠡᠯᠦᠨ ᠵᠢᠯᠣᠭᠤᠳᠬᠤ ᠠᠵᠤ ᠦᠢᠯᠡᠰ᠂ ᠣᠷᠣᠨ ᠨᠤᠲᠤᠭ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠬᠠᠷᠠᠭᠤᠯᠬᠤ ᠴᠢᠬᠤᠯᠠ ᠠᠴᠢᠶᠠᠯᠠᠪᠤᠷᠢ᠂ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠴᠢᠬᠤᠯᠠ ᠪᠡᠯᠡᠳᠬᠡᠯ ᠬᠦᠴᠦᠨ ᠪᠣᠯᠭᠠᠨ ᠪᠤᠶᠢᠵᠢᠭᠤᠯᠵᠤ᠂ ︽ᠪᠣᠬᠢᠷᠲᠤᠯ ᠦᠭᠡᠢ ᠪᠠᠷ ᠮᠠᠨᠳᠤᠨ ᠬᠥᠭᠵᠢᠵᠦ᠂ ᠵᠢᠶᠠᠩᠨᠠᠨ ᠢ ᠭᠦᠢᠴᠡᠨ ᠳᠠᠪᠠᠭ᠋ᠤ︾ ᠶᠢ ᠪᠡᠶᠡᠯᠡᠭᠦᠯᠬᠦ ᠳᠤ ᠴᠢᠬᠤᠯᠠ ᠵᠢᠳᠬᠦᠯ ᠦᠵᠡᠭᠦᠯᠦᠨ᠎ᠡ᠃  ᠮᠥᠩᠭᠦᠨ ᠭᠦᠢᠯᠭᠡᠭᠡᠨ ᠤ ᠦᠢᠯᠡᠰ ᠢ ᠬᠦᠴᠦᠲᠡᠢ ᠬᠥᠭᠵᠢᠭᠦᠯᠦᠨ᠎ᠡ᠃ ᠲᠦᠭᠡᠮᠡᠯ ᠬᠠᠷᠠᠭᠠᠯᠵᠠᠯ ᠤᠨ ᠮᠥᠩᠭᠦᠨ ᠭᠦᠢᠯᠭᠡᠭᠡᠨ ᠢ ᠥᠷᠭᠡᠳᠬᠡᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠪᠦᠷᠬᠦᠴᠡ ᠪᠠ ᠬᠠᠨᠤᠮᠵᠢ ᠶᠢ ᠳᠡᠭᠡᠭᠰᠢᠯᠡᠭᠦᠯᠵᠦ᠂ ᠣᠯᠠᠨ ᠲᠦᠮᠡᠨ ᠳᠤ ᠦᠨ᠎ᠡ ᠬᠠᠩᠰᠢ ᠲᠣᠬᠢᠷᠠᠮᠵᠢᠲᠠᠢ᠂ ᠳᠥᠭᠦᠮ ᠠᠪᠰᠠᠷ ᠠᠮᠤᠷ ᠲᠦᠪᠰᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠢ ᠡᠳ᠋ᠯᠡᠭᠦᠯᠦᠨ᠎ᠡ᠃ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠡᠯ᠎ᠡ ᠲᠦᠷᠤᠯ ᠤᠨ ᠮᠦᠡᠭᠬᠦᠨ ᠬᠦᠢᠯᠭᠡᠭᠡᠨ ᠤ ᠪᠠᠶᠢᠭᠤᠯᠤᠮᠵᠢ ᠶᠢ ᠢᠳᠡᠪᠬᠢᠳᠠᠢ ᠲᠠᠳᠠᠨ ᠤᠷᠤᠭᠤᠯᠵᠤ᠂ ᠪᠠᠭ᠎ᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠪᠡᠯᠡᠳᠬᠡᠯ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠭᠵᠢᠭᠦᠯᠵᠦ᠂ ᠠᠷᠠᠳ ᠤᠨ ᠪᠡᠯᠡ ᠮᠦᠡᠭᠬᠦ ᠶᠢ ᠬᠤᠪᠢ ᠣᠷᠣᠯᠴᠠᠭᠰᠠᠨ ᠪᠡᠯᠡ ᠣᠷᠣᠭᠤᠯᠤᠯᠲᠠ ᠳᠤ ᠲᠠᠲᠠᠨ ᠣᠷᠣᠭᠤᠯᠬᠤ ᠪᠤᠶᠤ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢ ᠡᠬᠦᠰᠭᠡᠨ ᠪᠠᠶᠢᠭᠤᠯᠬᠤ ᠶᠢ ᠵᠣᠷᠢᠭᠵᠢᠭᠤᠯᠤᠨ᠎ᠠ᠃ ᠬᠤᠲᠠ ᠶᠢᠨ ᠪᠦᠳᠦᠬᠡᠨ ᠪᠠᠶᠢᠭᠤᠯᠤᠯᠳᠠ ᠶᠢᠨ ᠪᠡᠯᠡ ᠣᠷᠣᠭᠤᠯᠤᠯᠲᠠ᠂ ᠲᠠᠷᠢᠶᠠᠯᠠᠩ ᠤᠨ ᠪᠡᠯᠡ ᠣᠷᠣᠭᠤᠯᠤᠯᠲᠠ᠂ ᠵᠠᠮ ᠬᠠᠷᠢᠯᠴᠠᠭᠠᠨ ᠤ ᠪᠡᠯᠡ ᠣᠷᠣᠭᠤᠯᠤᠯᠲᠠ᠂ ᠤᠰᠤᠨ ᠤ ᠪᠡᠯᠡ ᠣᠷᠣᠭᠤᠯᠤᠯᠲᠠ ᠵᠡᠷᠭᠡ ᠪᠡᠯᠡ ᠬᠤᠷᠠᠮᠳᠤᠭᠤᠯᠬᠤ ᠲᠠᠪᠴᠠᠩ ᠤᠨ ᠦᠢᠯᠡᠳᠥᠯ ᠢ ᠪᠠᠳᠠᠷᠠᠭᠤᠯᠵᠤ᠂ ᠵᠤᠭᠠᠴᠠᠯ ᠤᠨ ᠪᠡᠯᠡ ᠣᠷᠣᠭᠤᠯᠤᠯᠲᠠ ᠶᠢᠨ ᠲᠠᠪᠴᠠᠩ ᠢ ᠴᠠᠬ ᠲᠤᠨᠢ ᠳᠤᠬᠢᠷᠠᠭᠤᠯᠤᠨ ᠪᠠᠶᠢᠭᠤᠯᠤᠨ᠎ᠠ᠃ ᠳᠣᠣᠷ᠎ᠠ ᠬᠢᠵᠠᠭᠠᠷ ᠢ ᠰᠠᠬᠢᠵᠤ᠂ ᠲᠦᠭᠰᠢᠭᠦᠷᠢ ᠶᠢ ᠡᠵᠡᠮᠳᠡᠨ᠂ ᠳᠠᠷᠠᠭᠠᠯᠠᠯ ᠢ ᠴᠢᠩᠭᠠᠳᠬᠠᠬᠤ ᠵᠠᠷᠴᠢᠮ ᠢ ᠪᠠᠷᠢᠮᠲᠠᠯᠠᠵᠤ᠂ PPP ᠵᠠᠭᠪᠤᠷ ᠢ ᠳᠡᠯᠭᠡᠷᠡᠭᠦᠯᠦᠨ ᠬᠡᠷᠡᠭᠯᠡᠵᠦ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠤᠷᠮᠠᠰᠢᠭᠤᠯᠤᠨ᠎ᠠ᠃ ᠢᠲᠡᠭᠡᠮᠵᠢᠲᠦ ᠵᠢᠭᠡᠯᠡᠯᠭᠡ ᠶᠢᠨ ᠬᠡᠮᠵᠢᠶ᠎ᠡ ᠶᠢ 1100 ᠳ᠋ᠦᠩᠰᠢᠭᠤᠷ ᠲᠥᠭᠦᠷᠢᠭ ᠠᠴᠠ ᠳᠡᠭᠡᠭᠰᠢ ᠬᠦᠷᠭᠡᠵᠦ᠂ ᠨᠡᠶᠢᠭᠡᠮ ᠤᠨ ᠪᠡᠯᠡ ᠬᠤᠷᠠᠮᠳᠤᠭᠤᠯᠬᠤ ᠬᠡᠪᠴᠢᠶ᠎ᠡ ᠶᠢᠨ ᠨᠡᠮᠡᠭᠳᠡᠯ ᠬᠡᠮᠵᠢᠶ᠎ᠡ ᠶᠢ 200 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ ᠠᠵᠤ ᠠᠬᠤᠶᠢᠯᠠᠯ ᠢ ᠰᠲ᠋ᠤᠺ ᠤᠨ ᠵᠠᠬ᠎ᠠ ᠳᠡᠯᠭᠡᠭᠦᠷ ᠲᠤ ᠭᠠᠷᠭᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠡᠶᠡᠯᠡᠭᠦᠯᠵᠦ᠂ 23 ᠠᠵᠤ ᠠᠬᠤᠶᠢᠯᠠᠯ ᠢ ᠰᠢᠨ᠎ᠡ ᠪᠠᠷ ᠣᠯᠠᠨ ᠳᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠲᠤ ᠣᠷᠣᠭᠤᠯᠵᠤ᠂ ᠰᠢᠭᠤᠳ 50 ᠳ᠋ᠦᠩᠰᠢᠭᠤᠷ ᠲᠥᠭᠦᠷᠢᠭ ᠠᠴᠠ ᠢᠯᠡᠭᠦᠦ ᠪᠡᠯᠡ ᠬᠤᠷᠠᠮᠳᠤᠭᠤᠯᠤᠨ᠎ᠠ᠃  ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠢᠶᠠᠨ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠪᠦᠲᠦᠭᠡᠨ ᠪᠠᠶᠢᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠮᠠᠯ ᠤᠨ ᠠᠰᠢᠭ ᠰᠢᠮ᠎ᠡ ᠶᠢᠨ ᠭᠠᠷᠤᠯᠳᠠ ᠶᠢ ᠠᠷᠠᠯᠵᠢᠶᠠᠯᠠᠬᠤ ᠲᠥᠪ᠂ ᠪᠦᠸᠧᠬᠠᠢ ᠲᠠᠸᠠᠷ ᠤᠨ ᠠᠷᠠᠯᠵᠢᠶᠠᠨ ᠤ ᠭᠠᠵᠠᠷ ᠤᠨ ᠦᠶᠤᠸᠠᠨ ᠳᠠᠬᠢ ᠨᠠᠷᠠᠨᠬᠤᠸᠠᠷ ᠤᠨ ᠦᠷ᠎ᠡ ᠠᠷᠠᠯᠵᠢᠶᠠᠯᠠᠬᠤ ᠲᠥᠪ ᠤᠨ ᠠᠷᠠᠯᠵᠢᠶᠠᠨ ᠤ ᠬᠡᠪᠴᠢᠶ᠎ᠡ ᠶᠢ ᠥᠷᠭᠡᠳᠬᠡᠵᠦ᠂ ᠬᠤᠸᠠ ᠰᠢᠶᠠ ᠪᠣᠳᠠᠰ ᠤᠨ ᠪᠤᠰᠤ ᠰᠣᠶᠣᠯ ᠤᠨ ᠥᠪ ᠤᠨ ᠠᠷᠠᠯᠵᠢᠶᠠᠭ᠎ᠠ ᠪᠠ ᠪᠡᠯᠡᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠳᠠ ᠶᠢᠨ ᠠᠷᠠᠯᠵᠢᠶᠠᠨ ᠤ ᠲᠠᠪᠴᠠᠩ ᠢ ᠪᠡᠯᠡᠳᠬᠡᠨ ᠪᠠᠶᠢᠭᠤᠯᠵᠤ᠂ ᠵᠠᠬ᠎ᠠ ᠳᠡᠯᠭᠡᠭᠦᠷ ᠤᠨ ᠦᠨ᠎ᠡ ᠲᠣᠭᠲᠠᠭᠠᠬᠤ ᠡᠷᠬᠡ ᠶᠢ ᠪᠦᠷᠢᠯᠳᠥᠭᠦᠯᠦᠨ᠎ᠡ᠃ ᠪᠠ ᠲᠤᠸᠠᠨ ᠰᠦᠯᠵᠢᠶ᠎ᠡ᠂ ᠪᠣᠷᠣᠲᠣᠬᠤᠢ ᠬᠤᠳᠠᠯᠳᠤᠭ᠎ᠠ ᠵᠡᠷᠭᠡ ᠣᠷᠣᠨ ᠨᠤᠲᠤᠭ ᠤᠨ ᠭᠤᠷᠪᠠᠳᠤᠭᠠᠷ ᠡᠲᠡᠭᠡᠳ ᠤᠨ ᠦᠢᠯᠡᠴᠢᠯᠡᠭᠡᠨ ᠤ ᠲᠠᠪᠴᠠᠩ ᠤᠨ ᠬᠥᠭᠵᠢᠯᠲᠡ ᠶᠢ ᠳᠡᠮᠵᠢᠵᠦ᠂ ︽ᠰᠦᠯᠵᠢᠶᠡᠨ ᠳᠡᠭᠡᠷ᠎ᠡ︾ ᠪᠠ ︽ᠰᠦᠯᠵᠢᠶᠡᠨ ᠤ ᠭᠠᠳᠠᠨ᠎ᠠ︾ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠ ᠯᠢ ᠪᠠ ᠪᠠ᠂ ᠵᠢᠩ ᠳ᠋ᠦᠩ ᠵᠡᠷᠭᠡ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠯᠤᠭ᠎ᠠ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠮᠠᠨ ᠤ ᠬᠤᠲᠠ ᠶᠢᠨ ᠨᠡᠷᠡᠲᠦ ᠰᠢᠯᠢᠳᠡᠭ ᠣᠨᠴᠠᠭᠠᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠦᠬᠦ ᠤᠯᠤᠰ᠂ ᠪᠦᠬᠦ ᠳᠡᠯᠡᠬᠡᠢ ᠶᠢᠨ ᠵᠠᠬ᠎ᠠ ᠳᠡᠯᠭᠡᠭᠦᠷ ᠲᠤ ᠣᠷᠣᠭᠤᠯᠤᠨ᠎ᠠ᠃ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠶᠢᠨ ᠪᠠᠶᠠᠨᠨᠠᠭᠤᠷ ᠤᠨ ᠲᠦᠷᠦᠭᠦᠴᠦᠳ ᠤᠨ ᠬᠤᠷᠠᠯ ᠢ ᠡᠷᠬᠢᠯᠡᠨ ᠬᠢᠵᠦ᠂ ᠪᠠᠷᠠᠭᠠᠨ ᠤ ᠭᠦᠢᠯᠭᠡᠭᠡ ᠶᠢᠨ ᠲᠦᠷᠭᠡᠨ ᠲᠠᠮᠵᠢᠭᠤᠯᠭ᠎ᠠ ᠶᠢᠨ ᠦᠢᠯᠡᠰ ᠢ ᠵᠢᠷᠤᠮᠵᠢᠭᠤᠯᠤᠨ ᠬᠥᠭᠵᠢᠭᠦᠯᠵᠦ᠂ ᠪᠠᠶᠠᠨᠨᠠᠭᠤᠷ ᠤᠨ ᠲᠡᠭᠡᠭᠡᠪᠦᠷᠢ ᠶᠢᠨ ᠺᠣᠮᠫᠠᠨᠢ ᠶᠢᠨ ᠪᠠᠷᠠᠭᠠᠨ ᠤ ᠭᠦᠢᠯᠭᠡᠭᠡ ᠵᠡᠷᠭᠡ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠲᠦᠷᠭᠡᠨ ᠲᠠᠮᠵᠢᠭᠤᠯᠭ᠎ᠠ᠂ ᠰᠦᠯᠵᠢᠶᠡᠨ ᠤ ᠬᠤᠳᠠᠯᠳᠤᠭ᠎ᠠ ᠶᠢ ᠬᠥᠳᠡᠭᠡ ᠬᠦᠷᠭᠡᠵᠦ ᠲᠣᠰᠬᠤᠨ ᠳᠤ ᠣᠷᠣᠭᠤᠯᠬᠤ ᠬᠦᠴᠦᠯᠡᠴᠡ ᠶᠢ ᠨᠡᠮᠡᠭᠳᠡᠭᠦᠯᠦᠨ᠎ᠡ᠃  ︵ᠲᠠᠪᠤ︶ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠣᠷᠣᠰᠢᠨ ᠰᠠᠭᠤᠵᠤ ᠦᠢᠯᠡᠰ ᠪᠦᠲᠦᠭᠡᠬᠦ ᠳᠤ ᠲᠣᠬᠢᠷᠠᠮᠵᠢᠲᠠᠢ ᠲᠦᠪᠰᠢᠨ ᠢ ᠳᠡᠭᠡᠭᠰᠢᠯᠡᠭᠦᠯᠦᠨ᠎ᠡ᠃ ᠬᠥᠮᠥᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠷᠠᠳ ᠤᠨ ᠠᠮᠢᠳᠤᠷᠠᠯ ᠤᠨ ᠬᠤᠲᠠ ᠶᠢᠨ ᠪᠦᠳᠦᠬᠡᠨ ᠪᠠᠶᠢᠭᠤᠯᠤᠯᠲᠠ ᠶᠢᠨ ᠣᠶᠢᠯᠠᠭᠠᠭᠳᠠᠬᠤᠨ ᠢ ᠪᠠᠲᠤᠲᠠᠢ ᠪᠤᠢ ᠪᠣᠯᠭᠠᠵᠤ᠂ ᠦᠢᠯᠡᠳᠪᠦᠷᠢᠯᠡᠯ ᠠᠮᠢᠳᠤᠷᠠᠯ ᠠᠮᠢ ᠠᠬᠤᠢ ᠶᠢ ᠬᠠᠷᠢᠯᠴᠠᠨ ᠠᠭᠤᠰᠤᠯᠴᠠᠭᠤᠯᠬᠤ ᠶᠢ ᠪᠠᠷᠢᠮᠲᠠᠯᠠᠵᠤ᠂ ︽ᠲᠠᠪᠤᠨ ᠬᠤᠲᠠ ᠶᠢ ᠵᠡᠷᠭᠡᠪᠡᠷ ᠡᠭᠦᠳᠬᠦ︾ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠤᠲᠠ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠲᠣᠭᠲᠠᠭᠠᠵᠤ᠂ ᠬᠤᠲᠠ ᠪᠠᠯᠭᠠᠰᠤᠨ ᠤ ᠴᠢᠳᠠᠪᠬᠢ ᠶᠢ ᠲᠡᠭᠦᠯᠳᠡᠷᠵᠢᠭᠦᠯᠦᠨ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠣᠯᠠᠨ ᠲᠦᠮᠡᠨ ᠤ ᠠᠮᠢᠳᠤᠷᠠᠯ ᠢ ᠨᠡᠩ ᠳᠥᠭᠦᠮ᠂ ᠨᠡᠩ ᠲᠠᠭᠠᠯᠠᠮᠵᠢᠲᠠᠢ ᠂ ᠨᠡᠩ ᠰᠠᠶᠢᠬᠠᠨ ᠪᠣᠯᠭᠠᠨ᠎ᠠ᠃  ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠶᠢ ᠶᠡᠬᠡᠰᠬᠡᠵᠦ᠂ 160 ᠳ᠋ᠦᠩᠰᠢᠭᠤᠷ ᠲᠥᠭᠦᠷᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠲᠠᠪᠤᠨ ᠶᠡᠭᠡ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠨᠢᠭᠡ ᠳᠤ᠂ ᠪᠠᠶᠢᠰᠢᠩᠲᠤ ᠣᠷᠣᠨ ᠪᠠ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠢᠨᠵᠧᠨᠧᠷᠢᠩ᠃ 90 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ 52 ᠲᠦᠮᠡᠨ ᠲᠡᠭᠰᠢ ᠳᠥᠷᠪᠡᠯᠵᠢᠨ ᠮᠧᠲᠷ ᠤᠨ ᠪᠠᠶᠢᠰᠢᠩᠲᠤ ᠣᠷᠣᠨ ᠢ ᠥᠭᠡᠷᠡᠴᠢᠯᠡᠵᠦ᠂ ᠡᠭᠦᠨ ᠳᠤ ᠯᠢᠨ ᠾᠧ ᠳᠤ ᠲᠤᠰ ᠪᠦᠷᠢ 60 ᠲᠦᠮᠡᠨ ᠲᠡᠭᠰᠢ ᠳᠥᠷᠪᠡᠯᠵᠢᠨ ᠮᠧᠲᠷ᠂ 30 ᠲᠦᠮᠡᠨ ᠲᠡᠭᠰᠢ ᠳᠥᠷᠪᠡᠯᠵᠢᠨ ᠮᠧᠲᠷ ᠤᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠨ᠎ᠡ᠃ ᠬᠤᠶᠠᠷ ᠲᠤ᠂ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠢᠨᠵᠧᠨᠧᠷᠢᠩ᠃ ︽ᠬᠥᠬᠡᠮᠳᠥᠭ ᠲᠩᠷᠢ︾ ᠶᠢᠨ ᠠᠵᠢᠯᠯᠠᠭ᠎ᠠ ᠶᠢ ᠥᠷᠨᠢᠭᠦᠯᠵᠦ᠂ ᠪᠦᠬᠦ ᠬᠤᠲᠠ ᠳᠤ ᠪᠠᠶᠢᠰᠢᠩᠲᠤ ᠣᠷᠣᠨ ᠳᠤ ᠲᠥᠪᠯᠡᠷᠡᠭᠦᠯᠦᠨ ᠢᠯᠴᠢ ᠬᠠᠩᠭᠠᠬᠤ ᠲᠠᠯᠠᠪᠠᠢ ᠶᠢ 61 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠡᠭᠦᠨ ᠳᠤ ᠯᠢᠨ ᠾᠧ ᠳᠤ 50 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠭᠦᠯᠵᠦ᠂ ᠨᠡᠭᠦᠷᠡᠰᠦ ᠰᠢᠲᠠᠭᠠᠬᠤ ᠵᠢᠵᠢᠭ ᠭᠦᠸᠧᠯᠤ ᠶᠢ ᠪᠦᠬᠦᠨ ᠢ ᠨᠤᠷᠠᠭᠠᠨ ᠨᠡᠶᠢᠯᠡᠭᠦᠯᠵᠦ᠂ 5000 ᠡᠷᠦᠬᠡ ᠪᠠᠶᠢᠰᠢᠩᠲᠤ ᠣᠷᠣᠨ ᠤ ᠰᠠᠭᠤᠭᠠᠯᠢ ᠠᠷᠠᠳ ᠲᠤ ᠣᠷᠴᠢᠨ ᠲᠣᠭᠤᠷᠢᠨ ᠢ ᠬᠠᠮᠠᠭᠠᠯᠠᠭᠰᠠᠨ ᠡᠨᠧᠷᠭᠢ ᠳᠤ ᠠᠷᠪᠢᠲᠠᠢ ᠵᠤᠤᠬ᠎ᠠ ᠶᠢ ᠰᠦᠢᠳᠬᠡᠯ ᠦᠭᠡᠢ ᠪᠠᠷ ᠰᠣᠯᠢᠵᠤ ᠥᠭᠭᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠰᠢᠷ᠎ᠠ ᠢᠯᠡᠷᠬᠡᠶᠢᠯᠡᠯᠲᠦ ᠲᠡᠷᠭᠡ ᠪᠠ ᠬᠠᠭᠤᠴᠢᠨ ᠲᠡᠷᠭᠡ ᠶᠢ ᠰᠢᠷᠪᠢᠭᠳᠡᠭᠦᠯᠬᠦ ᠡᠭᠦᠷᠭᠡ ᠶᠢ ᠪᠡᠶᠡᠯᠡᠭᠦᠯᠵᠦ᠂ ᠡᠪᠦᠯ ᠤᠨ ᠤᠯᠠᠷᠢᠯ ᠤᠨ ᠪᠣᠬᠢᠷ ᠮᠠᠨᠠᠨ ᠪᠠ ᠭᠤᠣᠯᠳᠠᠯᠭ᠎ᠠ ᠲᠠᠢ ᠠᠵᠢᠯ ᠲᠥᠷᠥᠯ ᠤᠨ ᠤᠲᠤᠭ᠎ᠠ ᠲᠣᠭᠤᠰᠣᠨ ᠤ ᠪᠣᠬᠢᠷᠲᠤᠯ ᠢ ᠵᠠᠰᠠᠵᠤ᠂ PM 2.5 ᠶᠢᠨ ᠥᠳᠬᠡᠴᠡ ᠶᠢ 3.5% ᠪᠠᠭᠤᠷᠠᠭᠤᠯᠬᠤ ᠪᠠᠷ ᠴᠢᠷᠮᠠᠶᠢᠵᠤ᠂ ᠪᠦᠬᠦ ᠵᠢᠯ ᠤᠨ ᠰᠢᠯᠢᠳᠡᠭ ᠰᠠᠶᠢᠨ ᠠᠭᠤᠷ ᠠᠮᠢᠰᠬᠤᠯ ᠲᠠᠢ ᠡᠳᠥᠷ ᠤᠨ ᠲᠤᠭ᠎ᠠ ᠶᠢ 300 ᠡᠳᠦᠷ ᠠᠴᠠ ᠢᠯᠡᠭᠦᠦ ᠳᠤ ᠬᠦᠷᠭᠡᠨ᠎ᠡ᠃ ᠭᠤᠷᠪᠠ ᠳᠤ᠂ ᠰᠠᠭᠤᠭᠠᠯᠢ ᠠᠷᠠᠳ ᠤᠨ ᠤᠤᠭᠤᠬᠤ ᠤᠰᠤᠨ ᠤ ᠪᠠᠲᠤᠯᠠᠭ᠎ᠠ ᠶᠢᠨ ᠢᠨᠵᠧᠨᠧᠷᠢᠩ᠃ ᠬᠠᠲᠤᠨ ᠭᠤᠣᠯ ᠤᠨ ᠤᠰᠤᠨ ᠤ ᠦᠢᠯᠡᠳᠪᠦᠷᠢ ᠶᠢ ᠦᠷᠭᠦᠯᠵᠢᠯᠡᠨ ᠪᠦᠲᠦᠭᠡᠨ ᠪᠠᠶᠢᠭᠤᠯᠬᠤ ᠵᠢᠴᠢ ᠲᠥᠬᠦᠷᠵᠢᠭᠦᠯᠬᠦ ᠢᠨᠵᠧᠨᠧᠷᠢᠩ ᠢ ᠪᠡᠶᠡᠯᠡᠭᠦᠯᠵᠦ᠂ ᠡᠳᠥᠷ ᠤᠨ ᠤᠰᠤ ᠬᠠᠩᠭᠠᠬᠤ ᠴᠢᠳᠠᠪᠤᠷᠢ ᠶᠢ 10 ᠲᠦᠮᠡᠨ ᠲᠣᠨ ᠳᠤ ᠬᠦᠷᠭᠡᠵᠦ᠂ ᠣᠯᠠᠨ ᠲᠦᠮᠡᠨ ᠳᠤ ᠰᠢᠯᠢᠳᠡᠭ ᠴᠢᠨᠠᠷ ᠤᠨ ᠬᠠᠲᠤᠨ ᠭᠤᠣᠯ ᠤᠨ ᠤᠰᠤ ᠤᠤᠭᠤᠯᠭᠠᠨ᠎ᠠ᠃ ᠳᠥᠷᠪᠡ ᠳᠤ᠂ ᠬᠤᠲᠠ ᠶᠢᠨ ᠵᠠᠮ ᠵᠡᠭᠡᠯᠢ ᠶᠢ ᠰᠢᠯᠤᠭᠤᠳᠬᠠᠬᠤ ᠢᠨᠵᠧᠨᠧᠷᠢᠩ᠃ ᠪᠦᠬᠦ ᠬᠤᠲᠠ ᠳᠤ 91.2 ᠺᠢᠯᠣᠮᠧᠲᠷ ᠬᠤᠲᠠ ᠪᠠᠯᠭᠠᠰᠤᠨ ᠤ ᠵᠠᠮ ᠱᠤᠭᠤᠮ᠂ 59.4 ᠲᠦᠮᠡᠨ ᠲᠡᠭᠰᠢ ᠳᠥᠷᠪᠡᠯᠵᠢᠨ ᠮᠧᠲᠷ ᠤᠨ ᠵᠡᠭᠡᠯᠢ ᠠᠴᠠ ᠰᠠᠯᠪᠤᠷᠢᠯᠠᠭᠰᠠᠨ ᠭᠤᠳᠤᠮᠵᠢ ᠶᠢ ᠰᠢᠨ᠎ᠡ ᠪᠠᠷ ᠪᠤᠶᠤ ᠥᠭᠡᠷᠡᠴᠢᠯᠡᠨ ᠪᠠᠶᠢᠭᠤᠯᠵᠤ᠂ ᠵᠢᠨᠴᠤᠸᠠᠨ ᠳᠠᠷᠳᠠᠩ ᠵᠠᠮ ᠤᠨ ᠤᠮᠠᠷᠠᠲᠤ ᠭᠠᠷᠬᠤ ᠠᠮᠠ᠂ ᠬᠤᠲᠠ ᠶᠢᠨ ᠲᠣᠭᠤᠷᠢᠭ ᠠᠴᠠ ᠴᠢᠩ ᠴᠦᠨ ᠨᠠᠭᠤᠷ ᠤᠨ ᠦᠵᠡᠮᠵᠢ ᠶᠢᠨ ᠣᠷᠣᠨ ᠬᠦᠷᠬᠦ ᠪᠠᠷᠠᠭᠤᠨ ᠭᠠᠷᠬᠤ ᠠᠮᠠ᠂ ᠤᠷᠠᠳ ᠤᠨ ᠡᠮᠦᠨᠡᠲᠦ ᠬᠤᠰᠢᠭᠤᠨ ᠤ ᠪᠠᠷᠠᠭᠤᠨ ᠭᠠᠷᠬᠤ ᠠᠮᠠ᠂ ᠤᠷᠠᠳ ᠤᠨ ᠳᠤᠮᠳᠠᠳᠤ ᠬᠤᠰᠢᠭᠤᠨ ᠤ ᠡᠮᠦᠨ᠎ᠡ ᠭᠠᠷᠬᠤ ᠠᠮᠠ ᠵᠡᠷᠭᠡ 15 ᠭᠠᠷᠴᠤ ᠣᠷᠣᠬᠤ ᠠᠮᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠣᠯᠠᠨ ᠲᠦᠮᠡᠨ ᠤ ᠭᠠᠷᠴᠤ ᠣᠷᠣᠬᠤ ᠶᠢ ᠨᠥᠯᠥᠭᠡᠯᠡᠵᠦ ᠪᠠᠶᠢᠭ᠎ᠠ ᠪᠣᠷᠣᠲᠣᠬᠤᠢ ᠶᠡᠭᠡ ᠵᠡᠭᠡᠯᠢ᠂ ᠯᠢ ᠮᠢᠨ ᠵᠡᠭᠡᠯᠢ᠂ ᠴᠢᠩ ᠹᠧᠩ ᠵᠡᠭᠡᠯᠢ᠂ ᠱᠦᠸᠧ ᠹᠠᠩ ᠵᠠᠮ᠂ ᠮᠢᠨ ᠵᠦ ᠡᠮᠦᠨ᠎ᠡ ᠵᠠᠮ᠂ ᠹᠧᠩ ᠵᠧᠦ ᠬᠤᠶᠢᠲᠤ ᠵᠠᠮ᠂ ᠳ᠋ᠧᠩᠺᠧᠦ ᠰᠢᠶᠠᠨ ᠤ ᠬᠠᠲᠤᠨ ᠭᠤᠣᠯ ᠪᠠᠷᠠᠭᠤᠨ ᠵᠡᠭᠡᠯᠢ᠂ ᠦᠶᠤᠸᠠᠨ ᠰᠢᠶᠠᠨ ᠤ ᠲᠤᠸᠠᠨ ᠵᠢᠶᠧ ᠪᠠᠷᠠᠭᠤᠨ ᠵᠠᠮ ᠵᠡᠷᠭᠡ ︽ᠮᠤᠬᠤᠷ ᠵᠠᠮ︾ ᠢ ᠨᠡᠪᠲᠡᠷᠡᠭᠦᠯᠵᠦ᠂ ᠣᠯᠠᠨ ᠲᠦᠮᠡᠨ ᠤ ᠭᠠᠷᠴᠤ ᠣᠷᠣᠬᠤ ᠶᠢ ᠨᠡᠩ ᠳᠥᠭᠦᠮ ᠪᠣᠯᠭᠠᠨ᠎ᠠ᠃ ᠲᠠᠪᠤ ᠳᠤ᠂ ᠴᠡᠴᠡᠷᠯᠢᠭᠵᠢᠭᠦᠯᠦᠯᠲᠡ ᠨᠣᠭᠤᠭᠠᠷᠠᠭᠤᠯᠤᠯᠲᠠ ᠶᠢᠨ ᠲᠡᠰ ᠲᠡᠪᠰᠢᠭᠦᠯᠬᠦ ᠢᠨᠵᠧᠨᠧᠷᠢᠩ᠃ ᠲᠣᠬᠢᠷᠠᠭᠰᠠᠨ ᠭᠠᠵᠠᠷ ᠲᠤ ᠲᠣᠬᠢᠷᠠᠮᠵᠢᠲᠠᠢ ᠮᠣᠳᠣ ᠲᠠᠷᠢᠬᠤ ᠶᠢ ᠪᠠᠷᠢᠮᠲᠠᠯᠠᠵᠤ᠂ ᠡᠪᠡᠳᠴᠢᠨ ᠬᠤᠷᠣᠬᠠᠢ ᠶᠢ ᠡᠰᠡᠷᠭᠦᠴᠡᠳᠡᠭ᠂ ᠬᠤᠵᠢᠷ ᠳᠤ ᠳᠠᠭᠠᠭᠠᠴᠠᠲᠠᠢ ᠮᠣᠳᠣᠨ ᠤ ᠡᠭᠦᠯᠳᠡᠷ ᠢ ᠡᠩ ᠲᠡᠷᠢᠭᠦᠨ ᠳᠤ ᠰᠣᠩᠭᠤᠵᠤ᠂ ᠪᠤᠲᠠ ᠮᠣᠳᠣ ᠪᠠ ᠲᠤᠷᠤᠭ ᠮᠣᠳᠣ ᠶᠢ ᠤᠶᠠᠯᠳᠤᠭᠤᠯᠤᠨ᠂ ᠴᠡᠴᠡᠭ ᠪᠠ ᠡᠪᠡᠰᠦ ᠶᠢ ᠠᠯᠠᠭᠯᠠᠭᠤᠯᠵᠤ᠂ ᠳᠥᠷᠪᠡᠨ ᠤᠯᠠᠷᠢᠯ ᠳᠤ ᠪᠦᠷ ᠨᠣᠭᠤᠭᠠᠨ ᠪᠠᠶᠢᠯᠭᠠᠵᠤ᠂ ᠨᠣᠭᠤᠭᠠᠷᠠᠭᠤᠯᠤᠯᠲᠠ ᠶᠢᠨ ᠳᠠᠪᠬᠤᠷᠭᠠᠲᠤ ᠰᠡᠷᠡᠭᠳᠡᠯ ᠪᠠ ᠥᠩᠭᠡ ᠠᠯᠠᠭᠯᠠᠭᠰᠠᠨ ᠰᠡᠷᠡᠭᠳᠡᠯ ᠢ ᠳᠡᠭᠡᠭᠰᠢᠯᠡᠭᠦᠯᠦᠨ᠎ᠡ᠃ ᠬᠥᠯ ᠪᠥᠮᠪᠦᠭᠡ ᠶᠢᠨ ᠭᠤᠣᠯ ᠰᠡᠳᠥᠪᠲᠦ ᠴᠡᠴᠡᠷᠯᠢᠭ᠂ ᠤᠰᠤᠨ ᠤ ᠦᠵᠡᠮᠵᠢ ᠶᠢᠨ ᠴᠡᠴᠡᠷᠯᠢᠭ᠂ ᠹᠦ᠋ ᠶᠤᠸᠠᠨ ᠴᠡᠴᠡᠷᠯᠢᠭ ᠵᠡᠷᠭᠡ ᠴᠡᠴᠡᠷᠯᠢᠭ ᠵᠤᠭᠠᠴᠠᠯ ᠤᠨ ᠬᠦᠷᠢᠶᠡᠯᠡᠩ ᠢ ᠰᠢᠨ᠎ᠡ ᠪᠠᠷ ᠪᠠᠶᠢᠭᠤᠯᠵᠤ᠂ ᠬᠤᠲᠠ ᠪᠠᠯᠭᠠᠰᠤᠨ ᠤ ᠴᠡᠴᠡᠷᠯᠢᠭᠵᠢᠭᠦᠯᠦᠯᠲᠡ ᠨᠣᠭᠤᠭᠠᠷᠠᠭᠤᠯᠤᠯᠲᠠ ᠶᠢᠨ ᠲᠠᠯᠠᠪᠠᠢ ᠶᠢ ᠰᠢᠨ᠎ᠡ ᠪᠠᠷ 1800 ᠮᠦ ᠨᠡᠮᠡᠭᠳᠡᠭᠦᠯᠵᠦ᠂ ᠯᠢᠨ ᠾᠧ ᠶᠢᠨ ᠤᠷᠭᠤᠮᠠᠯ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠢᠨᠵᠧᠨᠧᠷᠢᠩ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠤᠯᠤᠰ ᠤᠨ ᠴᠡᠴᠡᠷᠯᠢᠭᠵᠢᠭᠰᠡᠨ ᠬᠤᠲᠠ ᠶᠢ ᠡᠭᠦᠳᠥᠨ ᠪᠠᠶᠢᠭᠤᠯᠵᠤ᠂ ︽ᠰᠢᠭᠤᠶᠢᠵᠢᠭᠰᠠᠨ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃  ᠲᠥᠪ ᠬᠤᠲᠠ ᠶᠢᠨ ᠲᠣᠭᠤᠷᠢᠭ ᠢ ᠡᠩ ᠲᠡᠷᠢᠭᠦᠨ ᠳᠤ ᠬᠥᠭᠵᠢᠭᠦᠯᠦᠨ᠎ᠡ᠃ ᠬᠤᠲᠠ ᠲᠣᠭᠤᠷᠢᠭ ᠢ ᠬᠠᠮᠲᠤᠪᠠᠷ ᠪᠠᠶᠢᠭᠤᠯᠬᠤ᠂ ᠭᠠᠵᠠᠷ ᠳᠡᠭᠡᠷᠡᠬᠢ ᠪᠠ ᠭᠠᠵᠠᠷ ᠳᠣᠣᠷᠠᠬᠢ᠂ ᠰᠢᠨ᠎ᠡ ᠲᠣᠭᠤᠷᠢᠭ ᠪᠠ ᠬᠠᠭᠤᠴᠢᠨ ᠲᠣᠭᠤᠷᠢᠭ ᠢ ᠨᠢᠭᠡᠳᠥᠯᠲᠡᠢ ᠲᠥᠯᠥᠪᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠳᠠ᠂ ᠲᠥᠷᠥᠯ ᠵᠦᠢᠯ ᠤᠨ ᠪᠠᠶᠢᠷᠢᠰᠢᠭᠤᠯᠤᠯᠳᠠ᠂ ᠪᠡᠯᠡ ᠮᠥᠩᠭᠦ ᠶᠢᠨ ᠣᠷᠣᠭᠤᠯᠤᠯᠳᠠ ᠵᠡᠷᠭᠡ ᠲᠠᠯ᠎ᠠ ᠪᠠᠷ ᠬᠡᠯᠪᠠᠶᠢᠯᠭᠡᠨ ᠳᠡᠮᠵᠢᠵᠤ᠂ ᠯᠢᠨ ᠾᠧ ᠲᠣᠭᠤᠷᠢᠭ ᠤᠨ ᠨᠥᠯᠥᠭᠡᠯᠡᠨ ᠳᠠᠶᠢᠴᠢᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠬᠤᠲᠠ ᠶᠢᠨ ᠲᠠᠯ᠎ᠠ ᠭᠠᠵᠠᠷ᠂ ᠬᠠᠲᠤᠨ ᠭᠤᠣᠯ ᠤᠨ ᠲᠠᠩ᠂ ᠳᠤᠮᠳᠠᠳᠤ ᠤᠯᠤᠰ ᠤᠨ ᠪᠠᠷᠠᠭᠤᠨ ᠬᠡᠰᠡᠭ ᠤᠨ ᠬᠠᠮᠤᠭ ᠭᠤᠶᠢᠳᠠ ᠠᠮᠢ ᠠᠬᠤᠢ ᠶᠢᠨ ᠰᠡᠯᠡᠭᠦᠴᠡᠯ ᠵᠤᠭᠠᠴᠠᠯ ᠤᠨ ᠬᠠᠷᠠᠯᠲᠠ ᠶᠢᠨ ᠣᠷᠣᠨ ᠢ ᠪᠦᠲᠦᠭᠡᠨ ᠪᠠᠶᠢᠭᠤᠯᠬᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠣᠰᠣᠭᠠᠷ᠂ ︽ᠭᠤᠷᠪᠠᠨ ᠤ ᠨᠢᠭᠡ ᠬᠤᠪᠢ ᠶᠢᠨ ᠤᠰᠤ᠂ ᠭᠤᠷᠪᠠᠨ ᠤ ᠨᠢᠭᠡ ᠬᠤᠪᠢ ᠶᠢᠨ ᠨᠣᠭᠤᠭᠠᠨ᠂ ᠭᠤᠷᠪᠠᠨ ᠤ ᠨᠢᠭᠡ ᠬᠤᠪᠢ ᠶᠢᠨ ᠨᠡᠶᠢᠲᠡ ᠶᠢᠨ ᠪᠠᠷᠢᠯᠭ᠎ᠠ ᠪᠠ ᠰᠢᠨ᠎ᠠ ᠪᠠᠷ ᠬᠦᠭᠵᠢᠭᠰᠡᠨ ᠠᠵᠤ ᠦᠢᠯᠡᠰ︾ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠪᠠᠷᠢᠮᠲᠠᠯᠠᠨ᠂ ᠱᠤᠸᠠᠩ ᠾᠧ ᠰᠢᠨ᠎ᠡ ᠲᠣᠭᠤᠷᠢᠭ ᠤᠨ ᠨᠡᠭᠡᠭᠡᠯᠲᠡ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠢᠵᠠᠭᠠᠷᠯᠠᠬᠤ ᠴᠢᠨᠠᠷᠲᠠᠢ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠶᠢ ᠪᠡᠶᠡᠯᠡᠭᠦᠯᠦᠨ᠎ᠡ᠃ ᠰᠢᠶᠠᠨ ᠹᠧᠩ ᠰᠢᠨ᠎ᠡ ᠬᠥᠭᠦᠷᠭᠡ᠂ ᠰᠢᠶᠠᠨ ᠹᠧᠩ ᠡᠮᠦᠨ᠎ᠡ ᠵᠠᠮ᠂ ᠶᠦᠨ ᠵᠦᠩ ᠶᠡᠭᠡ ᠵᠡᠭᠡᠯᠢ᠂ ᠴᠡᠯᠡᠭᠡᠷ ᠶᠡᠭᠡ ᠵᠡᠭᠡᠯᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠣᠷᠣᠲᠣᠬᠤᠢ ᠳᠡᠭᠡᠳᠦ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠡᠮᠦᠨ᠎ᠡ ᠭᠠᠷᠬᠤ ᠠᠮᠠ ᠪᠠ ᠬᠠᠲᠤᠨ ᠭᠤᠣᠯ ᠳᠠᠭᠠᠤ ᠶᠢᠨ ᠵᠠᠰᠠᠮᠠᠯ ᠵᠠᠮ ᠤᠨ ᠵᠠᠯᠭᠠᠯᠲᠠ ᠱᠤᠭᠤᠮ ᠢ ᠨᠡᠪᠲᠡᠷᠡᠭᠦᠯᠵᠦ᠂ 10 ᠲᠡᠭᠰᠢ ᠳᠥᠷᠪᠡᠯᠵᠢᠨ ᠺᠢᠯᠣᠮᠧᠲᠷ ᠤᠨ ᠲᠥᠪ ᠲᠣᠭᠤᠷᠢᠭ ᠤᠨ ᠭᠤᠣᠯ ᠪᠣᠷᠣ ᠲᠥᠯᠥᠪ ᠢ ᠪᠦᠷᠢᠯᠳᠥᠭᠦᠯᠦᠨ᠎ᠡ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ᠂ ᠥᠪᠥᠷ ᠮᠣᠩᠭᠤᠯ ᠤᠨ ᠤᠷᠠᠯᠢᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠴᠠᠬᠢᠯᠭᠠᠨ ᠬᠦᠴᠦᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠯᠢᠨ ᠡᠾᠧ — ᠱᠠᠮᠪᠠ ᠨᠢᠬᠡ ᠬᠤᠳᠠᠴᠢᠯᠠᠭᠰᠠᠨ ᠬᠦᠭᠵᠢᠯᠳᠡ ᠶᠢᠨ ᠲᠦᠯᠬᠢᠨ ᠠᠬᠢᠭᠤᠯᠤᠨ᠎ᠠ᠃ ᠲᠦᠷᠭᠡᠨ ᠤ ᠲᠡᠮᠦᠷ ᠵᠠᠮ ᠤᠨ ᠱᠤᠭᠤᠮ ᠤᠨ ᠪᠠᠶᠢᠷᠢᠰᠢᠯᠠᠭᠤᠯᠤᠯᠳᠠ ᠪᠠ ᠥᠷᠲᠡᠭᠡᠨ ᠤ ᠰᠠᠭᠤᠷᠢᠰᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠵᠠᠮ ᠳᠠᠭᠠᠤ ᠵᠢᠴᠢ ᠣᠶᠢᠷ᠎ᠠ ᠬᠠᠪᠢ ᠶᠢᠨ ᠬᠤᠲᠠ ᠪᠠᠯᠭᠠᠰᠤᠨ ᠤ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠦᠨ᠎ᠡ᠃ ᠲᠦᠷᠬᠡᠨ ᠤ ᠵᠠᠮ ᠤᠨ ᠠᠵᠤ ᠠᠬᠤᠢ ᠶᠢ ᠢᠳᠡᠪᠬᠢᠲᠡᠢ ᠬᠦᠭᠵᠢᠬᠦᠯᠦᠨ᠎ᠠ᠃  ᠬᠤᠲᠠ ᠶᠢᠨ ᠨᠠᠷᠢᠯᠢᠭᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ︽ᠲᠡᠭᠰᠢ ᠴᠡᠪᠡᠷ ᠰᠠᠭᠠᠳ ᠦᠭᠡᠢ ᠨᠡᠪᠲᠡᠷᠡᠬᠦ ᠡᠮᠬᠢ ᠵᠢᠷᠤᠮ ᠲᠠᠢ︾ ᠪᠠᠶᠢᠬᠤ ᠬᠠᠷᠠᠯᠲᠠ ᠶᠢᠨ ᠲᠣᠭᠤᠷᠢᠨ ᠳᠤ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠠᠳᠠᠯ ᠠᠬᠤᠢ ᠶᠢᠨ ᠬᠠᠮᠢᠶᠠᠷᠤᠯᠲᠠ᠂ ᠲᠥᠪᠯᠡᠷᠡᠭᠦᠯᠦᠨ ᠢᠯᠴᠢ ᠬᠠᠩᠭᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ ᠨᠢᠭᠡ ᠪᠦᠯᠦᠭ ᠪᠣᠳᠠᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠭᠠᠵᠠᠷ ᠰᠢᠷᠣᠢ ᠶᠢ ᠨᠥᠭᠡᠴᠡᠯᠡᠬᠦ ᠳᠦᠷᠢᠮ ᠢ ᠲᠡᠭᠦᠯᠳᠡᠷᠵᠢᠭᠦᠯᠵᠦ᠂ ᠰᠣᠯᠠ ᠭᠠᠵᠠᠷ ᠰᠢᠷᠣᠢ ᠶᠢ ᠬᠠᠤᠯᠢ ᠶᠣᠰᠣᠭᠠᠷ ᠴᠡᠪᠡᠷᠯᠡᠨ ᠠᠮᠢᠳᠤᠯᠢᠭᠵᠢᠭᠤᠯᠤᠨ᠎ᠡ᠃ ᠥᠷᠭᠡᠨ ᠣᠯᠠᠨ ᠬᠤᠲᠠ ᠶᠢᠨ ᠠᠷᠠᠳ ᠤᠨ ᠪᠣᠯᠪᠠᠰᠤᠨ ᠤ ᠤᠬᠠᠮᠰᠠᠷ ᠢ ᠴᠢᠩᠭᠠᠳᠬᠠᠨ᠂ ᠬᠠᠮᠲᠤᠪᠠᠷ ᠪᠠᠶᠢᠭᠤᠯᠬᠤ᠂ ᠬᠠᠮᠲᠤᠪᠠᠷ ᠬᠠᠮᠢᠶᠠᠷᠬᠤ᠂ ᠬᠠᠮᠲᠤᠪᠠᠷ ᠡᠳ᠋ᠯᠡᠬᠦ ᠬᠤᠲᠠ ᠶᠢᠨ ᠬᠥᠭᠵᠢᠭᠦᠯᠦᠯᠲᠡ ᠶᠢᠨ ᠠᠭᠤᠷ ᠠᠮᠢᠰᠬᠤᠯ ᠢ ᠪᠦᠷᠢᠯᠳᠥᠭᠦᠯᠵᠦ᠂ ᠪᠦᠬᠦ ᠨᠡᠶᠢᠭᠡᠮ ᠤᠨ ᠪᠣᠯᠪᠠᠰᠤᠨ ᠤ ᠲᠦᠪᠰᠢᠨ ᠢ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠥᠨ ᠪᠠᠶᠢᠭᠤᠯᠬᠤ ᠡᠯ᠎ᠡ ᠲᠥᠷᠥᠯ ᠤᠨ ᠠᠵᠢᠯ ᠢ ᠰᠠᠶᠢᠲᠤᠷ ᠬᠢᠨ᠎ᠡ᠃  ᠦᠵᠡᠰᠬᠦᠯᠡᠩᠲᠦ ᠰᠠᠶᠢᠬᠠᠨ ᠲᠣᠰᠬᠤᠨ ᠪᠠᠯᠭᠠᠰᠤ ᠶᠢ ᠪᠦᠲᠦᠭᠡᠨ ᠪᠠᠶᠢᠭᠤᠯᠤᠨ᠎ᠠ᠃ 23 ᠭᠤᠣᠯᠳᠠᠯᠭ᠎ᠠ ᠲᠠᠢ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠣᠨᠴᠠᠯᠢᠭᠲᠤ ᠵᠢᠵᠢᠭ ᠪᠠᠯᠭᠠᠰᠤ ᠶᠢ ᠢᠳᠡᠪᠬᠢᠲᠡᠢ ᠡᠭᠦᠳᠥᠨ ᠪᠠᠶᠢᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠶᠡᠷᠦᠩᠬᠡᠶᠢᠯᠡᠨ ᠵᠠᠰᠠᠬᠤ ᠬᠦᠴᠦᠯᠡᠴᠡ ᠶᠢ ᠶᠡᠬᠡᠰᠬᠡᠵᠦ᠂ ᠪᠤᠵᠠᠷ ᠤᠰᠤ ᠶᠢ ᠴᠤᠭᠯᠠᠭᠤᠯᠬᠤ᠂ ᠬᠤᠭ ᠨᠣᠪᠰᠢ ᠶᠢ ᠰᠢᠢᠳᠪᠦᠷᠢᠯᠡᠬᠦ ᠵᠡᠷᠭᠡ ᠲᠥᠬᠦᠭᠡᠷᠦᠮᠵᠢ ᠶᠢ ᠲᠥᠬᠦᠷᠵᠢᠭᠦᠯᠦᠨ ᠲᠡᠬᠦᠯᠳᠡᠷᠵᠢᠬᠦᠯᠦᠨ᠎ᠠ᠃ ᠠᠶᠢᠯ ᠲᠣᠰᠬᠤᠨ ᠢ ᠬᠠᠮᠢᠶᠠᠷᠤᠨ ᠳᠣᠳᠣᠮᠳᠠᠬᠤ ᠤᠷᠲᠤ ᠬᠤᠭᠤᠴᠠᠭᠠᠲᠤ ᠪᠦᠳᠤᠮᠵᠢᠳᠠᠢ ᠲᠣᠭᠲᠠᠴᠠ ᠶᠢ ᠪᠦᠷᠢᠨᠰᠢᠭᠦᠯᠵᠦ᠂ ᠴᠡᠪᠡᠷ ᠲᠣᠬᠢᠯᠢᠭ᠂ ᠣᠷᠴᠢᠨ ᠲᠣᠭᠤᠷᠢᠨ ᠰᠢᠯᠢᠳᠡᠭ ᠰᠠᠶᠢᠨ ᠲᠠᠷᠢᠶᠠᠯᠠᠬᠤ ᠮᠠᠯᠵᠢᠬᠤ ᠣᠷᠣᠨ ᠢ ᠪᠠᠶᠠᠨᠨᠠᠭᠤᠷ ᠤᠨ ᠦᠵᠡᠰᠬᠦᠯᠡᠩᠲᠦ ᠰᠠᠶᠢᠬᠠᠨ ᠦᠵᠡᠮᠵᠢ ᠪᠣᠯᠭᠠᠨ᠎ᠠ᠃  ︵ᠵᠢᠷᠭᠤᠭ᠎ᠠ︶ ᠠᠮᠢ ᠠᠬᠤᠢ ᠶᠢ ᠡᠩ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠥᠬᠡᠮᠳᠥᠭ ᠠᠭᠤᠯ᠎ᠠ ᠲᠤᠩᠭᠠᠯᠠᠭ ᠤᠰᠤ ᠪᠠᠨ ᠰᠠᠶᠢᠲᠤᠷ ᠬᠠᠮᠠᠭᠠᠯᠠᠬᠤ ᠪᠠᠷ ᠬᠦᠴᠦᠯᠡᠨ᠎ᠡ᠃ ᠠᠮᠢ ᠠᠬᠤᠢ ᠪᠣᠯ ᠳᠠᠷᠤᠢ ᠡᠬᠢ ᠪᠠᠶᠠᠯᠢᠭ᠂ ᠦᠵᠡᠰᠬᠦᠯᠡᠩᠲᠦ ᠰᠠᠶᠢᠬᠠᠨ ᠪᠠᠶᠢᠬᠤ ᠪᠣᠯ ᠳᠠᠷᠤᠢ ᠥᠪ ᠬᠥᠷᠥᠩᠭᠡ ᠮᠥᠨ᠃ ᠪᠢᠳᠡ ᠥᠪᠡᠷ ᠤᠨ ᠨᠢᠳᠦ ᠪᠠᠨ ᠬᠠᠮᠠᠭᠠᠯᠠᠬᠤ ᠮᠡᠲᠦ ᠪᠠᠷ ᠠᠮᠢ ᠠᠬᠤᠢ ᠶᠢ ᠬᠠᠮᠠᠭᠠᠯᠠᠬᠤ ᠭᠡᠷᠡᠭᠳᠡᠢ᠃  ᠨᠤᠭᠤ ᠭᠠᠵᠠᠷ ᠤᠨ ᠬᠠᠮᠠᠭᠠᠯᠠᠯᠲᠠ ᠪᠠ ᠰᠡᠷᠭᠦᠭᠡᠯᠲᠡ ᠶᠢᠨ ᠬᠦᠴᠦᠯᠡᠴᠡ ᠶᠢ ᠶᠡᠬᠡᠰᠬᠡᠨ᠎ᠡ᠃ ︽ᠠᠮᠢ ᠠᠬᠤᠢ ᠶᠢᠨ ᠤᠰᠤ ᠨᠥᠬᠦᠪᠥᠷᠢᠯᠡᠬᠦ᠂ ᠪᠣᠬᠢᠷᠲᠤᠯ ᠤᠨ ᠡᠬᠢ ᠶᠢ ᠬᠢᠵᠠᠭᠠᠷᠯᠠᠨ ᠪᠣᠬᠢᠷᠲᠤᠯ ᠢ ᠪᠠᠭᠠᠰᠬᠠᠬᠤ᠂ ᠰᠡᠷᠭᠦᠭᠡᠨ ᠵᠠᠰᠠᠬᠤ᠂ ᠡᠬᠢ ᠰᠤᠷᠪᠤᠯᠵᠢ ᠶᠢ ᠠᠰᠢᠭᠯᠠᠬᠤ᠂ ᠦᠷᠭᠦᠯᠵᠢᠯᠡᠨ ᠬᠥᠭᠵᠢᠭᠦᠯᠬᠦ︾ ᠰᠡᠳᠬᠢᠴᠡ ᠶᠣᠰᠣᠭᠠᠷ ᠂ ᠤᠯᠠᠭᠠᠨᠰᠤᠬᠠᠢ ᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠶᠢ ᠲᠦᠷᠭᠡᠳᠬᠡᠵᠦ᠂ 2.5 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠢᠯᠡᠭᠦᠦ ᠤᠰᠤ ᠨᠥᠬᠦᠬᠦ ᠶᠢ ᠪᠡᠶᠡᠯᠡᠭᠦᠯᠵᠦ᠂ ᠵᠠᠰᠠᠯᠲᠠ ᠶᠢᠨ ᠲᠥᠯᠥᠪᠵᠢᠭᠦᠯᠭᠡ ᠶᠢ ᠤᠯᠤᠰ ᠢᠶᠠᠷ ᠵᠥᠪᠰᠢᠶᠡᠷᠡᠭᠦᠯᠬᠦ ᠪᠠᠷ ᠴᠢᠷᠮᠠᠶᠢᠨ᠎ᠠ᠃ ᠤᠰᠤᠨ ᠤ ᠴᠢᠨᠠᠷ ᠢ ᠬᠢᠨᠠᠨ ᠬᠡᠮᠵᠢᠬᠦ 36 ᠴᠡᠭ ᠢ ᠪᠦᠷ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠤᠯᠠᠭᠠᠨᠰᠤᠬᠠᠢ ᠨᠠᠭᠤᠷ ᠤᠨ ᠳᠡᠭᠡᠷ᠎ᠡ ᠳᠣᠣᠷ᠎ᠠ ᠤᠷᠤᠰᠬᠠᠯ ᠤᠨ ᠪᠣᠬᠢᠷᠲᠤᠯ ᠤᠨ ᠡᠬᠢ ᠶᠢ ᠬᠢᠨᠠᠨ ᠬᠡᠮᠵᠢᠬᠦ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ ᠳᠤᠯᠠᠭᠠᠨ ᠨᠠᠭᠤᠷ᠂ ᠴᠢᠩ ᠴᠦᠨ ᠨᠠᠭᠤᠷ᠂ ᠵᠠᠩᠴᠢᠪ ᠤᠨ ᠰᠦᠮ᠎ᠡ ᠶᠢᠨ ᠨᠠᠭᠤᠷ᠂ ᠵᠢᠨᠴᠤᠸᠠᠨ ᠨᠠᠭᠤᠷ ᠤᠨ ᠤᠮᠠᠷᠠᠰᠢ ᠦᠷᠭᠦᠯᠵᠢᠯᠡᠯ᠂ ᠬᠠᠩᠭᠢᠨ ᠬᠤᠶᠢᠲᠤ ᠬᠤᠰᠢᠭᠤᠨ ᠤ ᠤᠮᠠᠷᠠᠲᠤ ᠲᠡᠭᠦᠷᠭᠡ ᠶᠢᠨ ᠨᠤᠭᠤ ᠭᠠᠵᠠᠷ ᠵᠡᠷᠭᠡ ᠶᠢᠨ ᠢᠨᠵᠧᠨᠧᠷᠢᠩ ᠢ ᠬᠡᠷᠡᠭᠵᠢᠭᠦᠯᠵᠦ᠂ ᠶᠦᠩ ᠴᠢᠩ ᠭᠤᠣᠯ ︵ᠤᠮᠠᠷᠠᠲᠤ ᠤᠰᠤᠨ ᠰᠤᠪᠠᠭ︶ ᠤᠨ ᠶᠡᠷᠦᠩᠬᠡᠶᠢᠯᠡᠭᠰᠡᠨ ᠵᠠᠰᠠᠯᠲᠠ ᠶᠢ 2.5 ᠺᠢᠯᠣᠮᠧᠲᠷ ᠪᠡᠶᠡᠯᠡᠭᠦᠯᠵᠦ᠂ ᠤᠷᠠᠳ ᠤᠨ ᠳᠤᠮᠳᠠᠳᠤ ᠬᠤᠰᠢᠭᠤᠨ ᠤ ᠪᠠᠷᠠᠭᠤᠨ ᠭᠤᠣᠯ ᠤᠨ ᠬᠡᠪᠡᠯᠢ᠂ ᠤᠷᠠᠳ ᠤᠨ ᠬᠤᠶᠢᠲᠤ ᠬᠤᠰᠢᠭᠤᠨ ᠤ ᠵᠣᠴᠢᠨ ᠤᠭᠲᠤᠬᠤ ᠨᠠᠭᠤᠷ ᠵᠡᠷᠭᠡ ᠨᠤᠭᠤ ᠭᠠᠵᠠᠷ ᠪᠠ ᠤᠰᠤᠨ ᠰᠢᠰᠲ᠋ᠧᠮ ᠤᠨ ᠢᠨᠵᠧᠨᠧᠷᠢᠩ ᠢ ᠥᠭᠡᠷᠡᠴᠢᠯᠡᠵᠦ᠂ 15 ᠨᠠᠭᠤᠷ ᠪᠦᠷᠢᠳᠦ ᠨᠤᠭᠤ ᠭᠠᠵᠠᠷ ᠢ ᠰᠡᠷᠭᠦᠭᠡᠵᠦ᠂ ︽ᠨᠢᠭᠡ ᠬᠤᠰᠢᠭᠤ ᠰᠢᠶᠠᠨ ᠨᠢᠭᠡ ᠨᠠᠭᠤᠷ ︵ᠨᠤᠭᠤ ᠭᠠᠵᠠᠷ︶ ᠢ ᠰᠡᠷᠭᠦᠭᠡᠬᠦ︾ ᠬᠠᠷᠠᠯᠲᠠ ᠶᠢ ᠪᠡᠶᠡᠯᠡᠭᠦᠯᠵᠦ᠂ ᠪᠦᠬᠦ ᠬᠤᠳᠠ ᠳᠤ 3 ᠲᠦᠮᠡᠨ ᠮᠦ ᠨᠤᠭᠤ ᠭᠠᠵᠠᠷ ᠪᠠ ᠨᠠᠭᠤᠷ ᠴᠦᠬᠦᠷᠤᠮ ᠢ ᠰᠡᠷᠬᠦᠭᠡᠨ᠎ᠡ᠃ ᠬᠠᠳᠤᠨ ᠭᠤᠤᠯ ᠤᠨ ᠵᠠᠰᠠᠮᠠᠯ ᠵᠠᠮ ᠤᠨ ᠳᠠᠭᠠᠤ ᠦᠶᠡᠷ ᠢ ᠰᠡᠷᠬᠡᠶᠢᠯᠡᠬᠦ ᠳᠠᠯᠠᠩ ᠢ ᠪᠠᠳᠤᠳᠬᠠᠬᠤ ᠪᠠ ᠬᠠᠵᠠᠭᠤ ᠬᠠᠪᠢ ᠶᠢᠨ ᠠᠮᠢ ᠠᠬᠤᠢ ᠶᠢᠨ ᠬᠠᠮᠠᠭᠠᠯᠠᠯᠳᠠ ᠶᠢᠨ ᠢᠨᠵᠧᠨᠧᠷᠢᠩ ᠢ ᠬᠡᠷᠡᠭᠵᠢᠬᠦᠯᠦᠨ᠎ᠠ᠃ ︽ᠭᠤᠣᠯ ᠤᠨ ᠳᠠᠷᠤᠭ᠎ᠠ ᠶᠢᠨ ᠳᠦᠷᠢᠮ︾ ᠢ ᠯᠠᠪᠳᠠᠭᠤᠨ ᠢᠶᠠᠷ ᠨᠠᠶᠢᠳᠠᠪᠤᠷᠢᠵᠢᠭᠤᠯᠵᠤ᠂ ᠱᠠᠲᠤ ᠬᠡᠰᠡᠭ ᠬᠤᠪᠢᠶᠠᠨ ᠭᠤᠣᠯ ᠤᠨ ᠳᠠᠷᠤᠭ᠎ᠠ ᠲᠣᠬᠢᠷᠠᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠴᠢᠳᠠᠪᠬᠢ ᠶᠢ ᠬᠠᠮᠠᠭᠠᠯᠠᠨ᠎ᠠ᠃  ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠪᠦᠰᠡ ᠶᠢᠨ ᠵᠠᠰᠠᠯᠲᠠ ᠶᠢ ᠲᠦᠯᠬᠢᠨ ᠠᠬᠢᠭᠤᠯᠤᠨ᠎ᠠ᠃ ᠲᠠᠷᠢᠶᠠᠨ ᠭᠠᠵᠠᠷ ᠢ ᠠᠲᠠᠷᠰᠢᠭᠤᠯᠤᠨ ᠣᠢ ᠮᠣᠳᠣ ᠡᠪᠡᠰᠦ ᠲᠠᠷᠢᠬᠤ ᠬᠦᠴᠦᠯᠡᠴᠡ ᠶᠢ ᠶᠡᠬᠡᠰᠬᠡᠵᠦ᠂ ᠪᠡᠭᠡᠵᠢᠩ ᠲᠢᠶᠠᠨᠵᠢᠨ ᠤ ᠡᠯᠡᠰᠦ ᠰᠠᠯᠬᠢᠨ ᠤ ᠡᠬᠢ ᠶᠢ ᠵᠠᠰᠠᠬᠤ᠂ ᠪᠠᠶᠢᠭᠠᠯᠢᠯᠢᠭ ᠣᠢ ᠶᠢᠨ ᠬᠠᠮᠠᠭᠠᠯᠠᠯᠲᠠ ᠵᠡᠷᠭᠡ ᠪᠠᠶᠢᠭᠠᠯᠢᠯᠢᠭ ᠤᠢ ᠶᠢᠨ ᠬᠠᠮᠠᠭᠠᠯᠠᠯᠳᠠ ᠵᠡᠷᠭᠡ ᠢᠨᠵᠧᠨᠧᠷᠢᠩ ᠢ ᠬᠡᠷᠡᠭᠵᠢᠭᠦᠯᠵᠦ᠂ ︽ᠣᠶᠢᠵᠢᠭᠰᠠᠨ ᠨᠢᠰᠬᠡᠯ ᠤᠨ ᠪᠠᠭᠤᠳᠠᠯ︾᠂ ᠭᠤᠣᠯ ᠨᠡᠪᠲᠡᠷᠡᠬᠦ ᠵᠠᠮ᠂ ᠠᠶᠢᠯ ᠲᠣᠰᠬᠤᠨ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠣᠢ᠂ ᠬᠤᠲᠠ ᠪᠠᠯᠭᠠᠰᠤ ᠶᠢᠨ ᠭᠠᠷᠴᠤ ᠣᠷᠣᠬᠤ ᠠᠮᠠ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠲᠦᠯᠬᠢᠨ ᠠᠬᠢᠭᠤᠯᠵᠤ᠂ 90 ᠲᠦᠮᠡᠨ ᠮᠦ ᠶᠢᠨ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠠᠵᠤ ᠠᠬᠤᠢ ᠶᠢᠨ ᠣᠢ ᠶᠢ ᠰᠢᠨ᠎ᠡ ᠪᠠᠷ 2.2 ᠲᠦᠮᠡᠨ ᠮᠦ ᠨᠡᠮᠡᠭᠳᠡᠭᠦᠯᠦᠨ᠎ᠡ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠭᠠᠮᠰᠢᠭ ᠥᠷᠭᠡᠳᠬᠦ ᠦᠭᠡᠢ ᠪᠠᠶᠢᠬᠤ ᠶᠢ ᠪᠡᠶᠡᠯᠡᠭᠦᠯᠦᠨ᠎ᠡ᠃  ᠰᠢᠨ᠎ᠡ ᠨᠢᠭᠡ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠨᠦᠬᠦᠪᠤᠷᠢᠯᠡᠨ ᠱᠠᠩᠨᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠤᠯᠠᠭᠠᠨᠪᠤᠬ᠎ᠠ ᠶᠢᠨ ᠡᠯᠡᠰᠦᠨ ᠴᠥᠯ ᠤᠨ ᠵᠠᠰᠠᠯᠲᠠ ᠶᠢ ᠲᠦᠯᠬᠢᠨ ᠠᠬᠢᠭᠤᠯᠵᠤ᠂ ᠴᠠᠭᠠᠨ ᠭᠤᠶᠣᠣ᠂ ᠠᠷᠢᠬᠢ ᠨᠡᠷᠡᠬᠦ ᠦᠵᠦᠮ᠂ ᠬᠠᠷ᠎ᠠ ᠱᠢᠷᠦᠨ ᠤᠨᠵᠢᠯᠠᠭ᠎ᠠ ᠵᠡᠷᠭᠡ 1 ᠲᠦᠮᠡᠨ ᠮᠦ ᠶᠢᠨ ᠡᠯᠡᠰᠦᠨ ᠤ ᠠᠵᠤ ᠦᠢᠯᠡᠰ ᠢ ᠰᠢᠨ᠎ᠡ ᠪᠠᠷ ᠨᠡᠮᠡᠭᠳᠡᠭᠦᠯᠦᠨ᠎ᠡ᠃     ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠤᠨ ᠵᠠᠰᠠᠯᠳᠠ ᠶᠢ ᠴᠢᠩᠭᠠᠳᠬᠠᠨ᠎ᠠ᠃  ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠡᠮᠬᠢ ᠳᠢᠭᠯᠢᠮ ᠢ ᠪᠦᠬᠦ ᠲᠠᠯ᠎ᠠ ᠪᠠᠷ ᠴᠡᠭᠴᠡᠯᠡᠬᠦ ᠪᠠ ᠳᠦᠷᠢᠮᠵᠢᠭᠦᠯᠵᠦ᠂ ᠠᠭᠤᠷᠬᠠᠢ ᠶᠢᠨ ᠭᠠᠵᠠᠷ ᠵᠦᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ ᠲᠦᠯᠬᠢᠨ ᠠᠬᠢᠭᠤᠯᠵᠤ᠂ ᠮᠤᠨᠠ ᠠᠭᠤᠯᠠ᠂ ᠤᠯᠠᠭᠠᠨ ᠬᠤᠳᠳᠤᠭ ᠠᠭᠤᠷᠬᠠᠢ ᠶᠢᠨ ᠣᠷᠣᠨ᠂ ᠮᠠᠯᠲᠠᠵᠤ ᠰᠣᠩᠭᠤᠬᠤ ᠠᠵᠤ ᠠᠬᠤᠶᠢᠯᠠᠯ ᠤᠨ ᠬᠠᠶᠠᠭᠳᠠᠮᠠᠯ ᠬᠦᠳᠡᠷ ᠤᠨ ᠳᠠᠯᠠᠩ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠤ ᠵᠠᠰᠠᠯᠲᠠ ᠶᠢ ᠥᠷᠨᠢᠭᠦᠯᠦᠨ᠎ᠡ᠃ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠰᠠᠶᠢᠲᠤᠷ ᠠᠳᠬᠤᠨ᠎ᠠ᠃ ᠬᠢᠮᠢ ᠶᠢᠨ ᠪᠣᠷᠳᠣᠭᠤᠷ ᠲᠠᠷᠢᠶᠠᠨ ᠡᠮ ᠤᠨ ᠭᠡᠷᠡᠭᠯᠡᠯᠳᠡ ᠶᠢ ᠦᠯᠦ ᠨᠡᠮᠡᠭᠳᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠡᠰᠢ ᠰᠦᠷᠡᠯ᠂ ᠭᠠᠵᠠᠷ ᠤᠨ ᠪᠦᠷᠬᠦᠪᠴᠢ ᠵᠡᠷᠭᠡ ᠲᠠᠷᠢᠶᠠᠯᠠᠩ ᠤᠨ ᠬᠠᠶᠠᠭᠳᠠᠮᠠᠯ ᠡᠳ᠋ ᠪᠣᠳᠠᠰ ᠢ ᠠᠰᠢᠭᠯᠠᠬᠤ ᠪᠠ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠪᠣᠬᠢᠷᠲᠤᠯ ᠤᠨ ᠵᠠᠰᠠᠯᠲᠠ ᠶᠢ ᠲᠦᠯᠬᠢᠨ ᠠᠬᠢᠭᠤᠯᠤᠨ᠎ᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠳᠠ ᠶᠢᠨ ᠭᠡᠳᠡᠷᠭᠦ ᠲᠤᠰᠬᠠᠭᠰᠠᠨ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠶᠢ ᠰᠠᠶᠢᠲᠤᠷ ᠠᠳᠬᠤᠵᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠣᠷᠴᠢᠨ ᠲᠣᠭᠤᠷᠢᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃  ᠪᠢᠳᠡ ᠦᠷᠭᠦᠯᠵᠢᠯᠡᠨ ᠬᠦᠴᠦᠯᠡᠵᠦ᠂ ᠤᠳᠠᠭᠠᠨ ᠳᠠᠭᠠᠭᠠᠮᠠᠭᠠᠢ ᠪᠠᠷ ᠠᠵᠢᠯᠯᠠᠵᠤ᠂ ᠪᠦᠬᠦ ᠤᠯᠤᠰ ᠤᠨ ᠠᠮᠢ ᠠᠬᠤᠢ ᠶᠢᠨ ᠪᠣᠯᠪᠠᠰᠤᠨ ᠢ ᠤᠷᠢᠳᠠᠪᠠᠷ ᠬᠥᠭᠵᠢᠭᠦᠯᠦᠭᠰᠡᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠵᠤ᠂ ᠪᠠᠶᠠᠨᠨᠠᠭᠤᠷ ᠤᠨ ᠲᠩᠷᠢ ᠨᠢ ᠨᠡᠩ ᠴᠡᠩᠬᠡᠷ᠂ ᠭᠠᠵᠠᠷ ᠨᠢ ᠨᠡᠩ ᠨᠣᠭᠤᠭᠠᠨ᠂ ᠤᠰᠤ ᠨᠢ ᠨᠡᠩ ᠲᠤᠩᠭᠠᠯᠠᠭ᠂ ᠠᠭᠠᠷ ᠮᠠᠨᠳᠠᠯ ᠢ ᠨᠡᠩ ᠴᠡᠩᠭᠡᠭ ᠪᠣᠯᠭᠠᠨ᠎ᠠ   ︵ᠳᠣᠯᠤᠭ᠎ᠠ︶ ᠠᠷᠠᠳ ᠤᠨ ᠠᠮᠢᠳᠤᠷᠠᠯ ᠢᠶᠠᠷ ᠦᠨᠳᠥᠰᠦ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠦᠨᠡᠨ ᠬᠦ ᠳᠡᠭᠡᠭᠰᠢᠯᠡᠭᠦᠯᠦᠨ᠎ᠡ᠃ ᠵᠣᠯ ᠵᠢᠷᠭᠠᠯᠲᠠᠢ ᠡᠩᠬᠡ ᠠᠮᠤᠭᠤᠯᠠᠩ ᠪᠠᠶᠢᠬᠤ ᠪᠣᠯ ᠠᠷᠠᠳ ᠤᠨ ᠰᠡᠳᠬᠢᠯ ᠤᠨ ᠬᠠᠨᠳᠤᠰᠢ ᠮᠥᠨ᠃ ᠠᠷᠠᠳ ᠤᠨ ᠠᠮᠢᠳᠤᠷᠠᠯ ᠤᠨ ᠳᠣᠣᠷ᠎ᠠ ᠬᠢᠵᠠᠭᠠᠷ ᠢ ᠪᠠᠲᠤ ᠰᠠᠬᠢᠵᠤ᠂ ᠠᠷᠠᠳ ᠤᠨ ᠰᠡᠳᠬᠢᠯ ᠳᠤ ᠨᠡᠶᠢᠴᠡᠭᠰᠡᠨ᠂ ᠠᠷᠠᠳ ᠤᠨ ᠵᠣᠪᠠᠨᠢᠯ ᠢ ᠲᠠᠶᠢᠯᠤᠭᠰᠠᠨ᠂ ᠠᠷᠠᠳ ᠤᠨ ᠠᠰᠢᠭ ᠢ ᠨᠡᠮᠡᠭᠳᠡᠭᠦᠯᠦᠭᠰᠡᠨ ᠰᠠᠶᠢᠨ ᠶᠠᠪᠤᠳᠠᠯ ᠪᠣᠳᠠᠲᠤ ᠶᠠᠪᠤᠳᠠᠯ ᠢ ᠢᠯᠡᠭᠦᠬᠡᠨ ᠬᠢᠵᠦ᠂ ᠣᠯᠠᠨ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠦᠨ᠎ᠡ᠃  ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃  ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠭᠤᠣᠯᠳᠠᠯᠭ᠎ᠠ ᠶᠢᠨ ᠳᠤᠮᠳᠠᠬᠢ ᠭᠤᠣᠯᠳᠠᠯᠭ᠎ᠠ ᠪᠣᠯᠭᠠᠵᠤ᠂ ᠲᠡᠷᠢᠭᠦᠨ ᠴᠢᠬᠤᠯᠠ ᠠᠵᠢᠯ ᠪᠠ ᠨᠢᠭᠡᠳᠥᠭᠡᠷ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠵᠤ᠂ ︽ᠣᠨᠢᠨ ᠳᠡᠭᠡᠷ᠎ᠡ ᠨᠢ ᠶᠠᠳᠠᠭᠤ ᠶᠢ ᠲᠡᠳᠬᠦᠵᠦ᠂ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ︾ ᠦᠨᠳᠥᠰᠦᠨ ᠠᠷᠭ᠎ᠠ ᠪᠣᠳᠣᠯᠭ᠎ᠠ ᠶᠢ ᠭᠦᠨᠵᠡᠭᠡᠢ ᠲᠤᠤᠱᠯᠠᠭᠤᠯᠵᠤ᠂ ︽ᠲᠠᠪᠤᠨ ᠨᠢᠭᠡ ᠪᠦᠯᠦᠭ᠂ ᠵᠢᠷᠭᠤᠭᠠᠨ ᠣᠨᠣᠪᠴᠢᠲᠠᠢ︾ ᠪᠠᠶᠢᠬᠤ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠬᠦᠨ ᠨᠡᠭᠡᠭᠡᠯᠲᠡ ᠬᠢᠬᠦ ᠣᠷᠣᠭᠤᠯᠤᠯᠲᠠ ᠶᠢᠨ ᠬᠦᠴᠦᠯᠡᠴᠡ ᠶᠢ ᠶᠡᠬᠡᠰᠬᠡᠨ᠂ ᠭᠠᠳᠠᠭᠠᠳᠤ ᠠᠴᠠ ᠨᠢ ᠣᠯᠠᠨ ᠡᠰᠢᠵᠢᠬᠦᠯᠦᠭᠰᠡᠨ ᠶᠠᠳᠠᠭᠤ ᠶᠢ ᠲᠡᠳᠬᠦᠬᠦ ᠪᠣᠯᠤᠨ ᠳᠣᠲᠣᠭᠠᠳᠤ ᠳᠠᠭᠠᠨ ᠥᠪᠡᠷ ᠢᠶᠠᠨ ᠶᠠᠳᠠᠭᠤ ᠠᠴᠠ ᠠᠩᠭᠢᠵᠢᠷᠠᠬᠤ ᠬᠠᠷᠢᠯᠴᠠᠨ ᠦᠢᠯᠡᠳᠤᠯᠴᠡᠬᠦ ᠲᠣᠭᠲᠠᠴᠠ ᠶᠢ ᠪᠦᠷᠢᠯᠳᠥᠭᠦᠯᠵᠦ᠂ 14171 ᠬᠦᠴᠢᠷᠳᠡᠯᠲᠡᠢ ᠬᠥᠮᠥᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠶᠢ ᠪᠠᠲᠤᠯᠠᠵᠤ᠂ ᠤᠷᠠᠳ ᠤᠨ ᠡᠮᠦᠨᠡᠲᠦ ᠬᠤᠰᠢᠭᠤᠨ ᠤ ᠶᠠᠳᠠᠭᠤ ᠮᠠᠯᠠᠭᠠᠢ ᠶᠢ ᠠᠪᠴᠤ ᠬᠠᠶᠠᠨ᠂ ᠣᠨᠢᠨ ᠳᠡᠭᠡᠷ᠎ᠡ ᠨᠢ ᠬᠦᠴᠦᠯᠡᠵᠦ᠂ ᠦᠷᠭᠦᠯᠵᠢᠯᠡᠨ ᠬᠦᠴᠦᠯᠡᠵᠦ᠂ ᠶᠡᠷᠦ ᠪᠤᠰᠤ ᠶᠢᠨ ᠠᠷᠭ᠎ᠠ ᠪᠣᠳᠣᠯᠭ᠎ᠠ ᠪᠠᠷ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠣᠨ᠎ᠠ᠃  ᠠᠵᠢᠯ ᠣᠯᠭᠤᠯᠲᠠ ᠶᠢ ᠢᠳᠡᠪᠬᠢᠲᠡᠢ ᠥᠷᠭᠡᠳᠬᠡᠨ᠎ᠡ᠃ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠴᠢᠭᠯᠡᠭᠦᠯᠬᠦ ᠴᠢᠨᠠᠷ ᠪᠠ ᠠᠵᠢᠯ ᠣᠯᠭᠤᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠦᠢᠯᠡᠰ ᠪᠦᠲᠦᠭᠡᠬᠦ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠦᠢᠯᠡᠰ ᠪᠦᠲᠦᠭᠡᠬᠦ ᠪᠠᠳᠤᠯᠠᠭᠠᠳᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠲᠠ ᠪᠠᠯᠭᠠᠰᠤᠨ ᠤ ᠠᠵᠢᠯ ᠣᠯᠭᠤᠯᠲᠠ ᠶᠢ ᠰᠢᠨ᠎ᠡ ᠪᠠᠷ 1.25 ᠲᠦᠮᠡ ᠨᠡᠮᠡᠭᠳᠡᠭᠦᠯᠵᠦ᠂ 14.5 ᠲᠦᠮᠡᠨ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠶᠢᠨ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠰᠠᠭᠤᠷᠢᠨ ᠭᠠᠵᠠᠷ ᠪᠠ ᠵᠢᠱᠢᠶ᠎ᠡ ᠦᠵᠡᠭᠦᠯᠬᠦ ᠴᠢᠨᠠᠷᠲᠠᠢ ᠶᠡᠷᠦᠩᠬᠡᠶᠢᠯᠡᠭᠰᠡᠨ ᠦᠢᠯᠡᠳᠥᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠳᠠᠶᠠᠭᠠᠷ ᠡᠭᠦᠳᠬᠦ᠂ ᠳᠠᠶᠠᠭᠠᠷ ᠳᠠᠭᠠᠭᠠᠴᠢᠯᠠᠬᠤ᠂ ᠳᠠᠶᠠᠭᠠᠷ ᠲᠡᠳᠬᠦᠬᠦ᠂ ᠳᠠᠶᠠᠭᠠᠷ ᠬᠤᠷᠠᠮᠳᠤᠭᠤᠯᠬᠤ ᠵᠡᠷᠭᠡ ᠰᠢᠨ᠎ᠠ ᠵᠠᠭᠪᠤᠷ ᠢ ᠬᠦᠴᠦᠲᠡᠢ ᠬᠥᠭᠵᠢᠭᠦᠯᠵᠦ᠂ ᠠᠵᠤ ᠠᠬᠤᠢ ᠶᠢᠨ ᠬᠥᠭᠵᠢᠯᠲᠡ ᠶᠢ ᠳᠡᠮᠵᠢᠨ ᠬᠠᠮᠲᠤ ᠳᠤᠨᠢ ᠡᠳ᠋ᠯᠡᠭᠦᠯᠵᠦ᠂ ᠳᠠᠶᠠᠭᠠᠷ ᠦᠢᠯᠡᠰ ᠪᠣᠰᠬᠠᠵᠤ᠂ ᠳᠠᠶᠠᠭᠠᠷ ᠰᠢᠨ᠎ᠡ ᠶᠢ ᠡᠭᠦᠳᠬᠦ ᠬᠠᠯᠠᠭᠤᠨ ᠥᠷᠨᠢᠯᠲᠡ ᠶᠢ ᠪᠤᠢ ᠪᠣᠯᠭᠠᠵᠤ᠂ ᠬᠥᠮᠥᠨ ᠪᠣᠯᠭᠠᠨ ᠳᠤ ᠠᠵᠢᠯ ᠬᠢᠵᠦ ᠦᠢᠯᠡᠰ ᠪᠦᠲᠦᠭᠡᠬᠦ᠂ ᠬᠦᠰᠡᠯ ᠵᠡᠭᠦᠳᠦ ᠪᠠᠨ ᠪᠡᠶᠡᠯᠡᠭᠦᠯᠬᠦ᠂ ᠬᠥᠮᠥᠨ ᠤ ᠠᠮᠢᠳᠤᠷᠠᠯ ᠤᠨ ᠭᠡᠷᠡᠯ ᠰᠠᠴᠤᠷᠠᠩᠭᠤᠢ ᠬᠠᠭᠤᠳᠠᠰᠤ ᠪᠠᠨ ᠪᠢᠴᠢᠭᠯᠡᠬᠦ ᠲᠣᠬᠢᠶᠠᠯ ᠣᠯᠭᠤᠬᠤ ᠪᠠᠷ ᠴᠢᠷᠮᠠᠶᠢᠨ᠎ᠠ᠃  ᠨᠡᠶᠢᠭᠡᠮ ᠤᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠪᠦᠬᠦ ᠠᠷᠠᠳ ᠢ ᠳᠠᠭᠠᠳᠬᠠᠯ ᠳᠤ ᠣᠷᠣᠯᠴᠠᠭᠤᠯᠬᠤ ᠲᠥᠯᠥᠪᠯᠡᠭᠡ ᠶᠢ ᠨᠠᠶᠢᠳᠠᠪᠤᠷᠢᠵᠢᠭᠤᠯᠵᠤ ᠂ ᠨᠡᠶᠢᠭᠡᠮ ᠤᠨ ᠳᠠᠭᠠᠳᠬᠠᠯ ᠤᠨ ᠪᠦᠷᠬᠦᠴᠡ ᠶᠢ ᠥᠷᠭᠡᠳᠬᠡᠵᠦ᠂ ᠨᠡᠩ ᠣᠯᠠᠨ ᠬᠤᠲᠠ ᠣᠷᠣᠵᠤ ᠠᠵᠢᠯ ᠬᠢᠵᠦ ᠪᠠᠶᠢᠭ᠎ᠠ ᠮᠠᠯᠴᠢᠨ ᠲᠠᠷᠢᠶᠠᠴᠢᠨ᠂ ᠴᠢᠯᠥᠭᠡᠲᠡᠢ ᠠᠵᠢᠯ ᠬᠢᠵᠦ ᠪᠠᠶᠢᠭ᠎ᠠ ᠬᠥᠮᠥᠰ ᠢ ᠠᠵᠢᠯᠴᠢᠨ ᠤ ᠨᠠᠰᠤᠵᠢᠯ ᠤᠨ ᠳᠠᠭᠠᠳᠬᠠᠯ ᠳᠤ ᠣᠷᠣᠭᠤᠯᠤᠨ᠎ᠠ᠃ ᠬᠤᠲᠠ ᠬᠥᠳᠡᠭᠡ ᠶᠢᠨ ᠳᠣᠣᠷ᠎ᠠ ᠪᠠᠲᠤᠯᠠᠭ᠎ᠠ ᠶᠢᠨ ᠪᠦᠷᠬᠦᠴᠡ ᠶᠢ ᠥᠷᠭᠡᠳᠬᠡᠵᠦ᠂ 4000 ᠬᠦᠴᠢᠷᠳᠡᠯᠲᠡᠢ ᠮᠠᠯᠴᠢᠨ ᠲᠠᠷᠢᠶᠠᠴᠢᠨ ᠢ ᠳᠣᠣᠷ᠎ᠠ ᠪᠠᠲᠤᠯᠠᠭ᠎ᠠ ᠶᠢᠨ ᠬᠡᠪᠴᠢᠶᠡᠨ ᠳᠤ ᠰᠢᠨ᠎ᠡ ᠪᠠᠷ ᠣᠷᠣᠭᠤᠯᠤᠨ᠎ᠠ᠃ ᠵᠡᠮᠳᠡᠭᠴᠦᠳ ᠤᠨ ᠠᠮᠢᠳᠤᠷᠠᠯ᠂ ᠠᠵᠢᠯ ᠣᠯᠭᠤᠯᠲᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠬᠦᠴᠢᠷᠳᠡᠯᠲᠡᠢ ᠭᠡᠷ ᠪᠦᠯᠢ ᠶᠢᠨ ᠬᠦᠨᠳᠦ ᠡᠪᠡᠳᠴᠢᠨ ᠢ ᠠᠪᠤᠷᠠᠨ ᠲᠤᠰᠠᠯᠠᠬᠤ ᠬᠦᠴᠦᠯᠡᠴᠡ ᠶᠢ ᠶᠡᠬᠡᠰᠬᠡᠵᠦ᠂ ᠬᠤᠲᠠ ᠶᠢᠨ ᠶᠡᠷᠦᠩᠬᠡᠶᠢᠯᠡᠭᠰᠡᠨ ᠨᠠᠰᠤᠲᠠᠶᠢᠴᠤᠳ ᠢ ᠠᠰᠠᠷᠠᠨ ᠬᠠᠷᠠᠭᠠᠯᠵᠠᠬᠤ ᠬᠦᠷᠢᠶᠡᠯᠡᠩ ᠢ ᠪᠠᠶᠢᠭᠤᠯᠤᠨ᠎ᠠ᠃ ᠬᠤᠲᠠ ᠶᠢᠨ ᠪᠣᠷᠣ ᠭᠡᠷᠲᠦ ᠲᠣᠭᠤᠷᠢᠭ ᠤᠨ ᠥᠭᠡᠷᠡᠴᠢᠯᠡᠯᠲᠡ ᠶᠢ 5000 ᠢᠵᠢ ᠡᠬᠢᠯᠡᠨ ᠪᠦᠲᠦᠭᠡᠨ ᠪᠠᠶᠢᠭᠤᠯᠵᠤ᠂ 3169 ᠢᠵᠢ ᠶᠢ ᠦᠨᠳᠥᠰᠦᠨ ᠳᠡᠭᠡᠨ ᠪᠠᠶᠢᠭᠤᠯᠵᠤ ᠳᠠᠭᠤᠰᠬᠠᠨ᠎ᠠ   ᠠᠷᠠᠳ ᠲᠦᠮᠡᠨ ᠬᠠᠨᠤᠮᠵᠢᠲᠠᠢ ᠰᠤᠷᠭᠠᠨ ᠬᠥᠮᠥᠵᠢᠯ ᠢ ᠰᠠᠶᠢᠲᠤᠷ ᠡᠷᠬᠢᠯᠡᠨ᠎ᠡ᠃ ᠭᠤᠷᠪᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠡᠬᠢᠯᠡᠭᠦᠯᠵᠦ᠂ ᠰᠤᠮᠤ ᠰᠢᠶᠠᠩ ᠪᠠᠯᠭᠠᠰᠤ ᠶᠢᠨ ᠪᠠᠷᠢᠮᠵᠢᠶᠠᠵᠢᠭᠰᠠᠨ ᠭᠤᠣᠯ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠪᠠᠷᠢᠮᠵᠢᠶᠠᠵᠢᠭᠰᠠᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠯᠢᠨ ᠾᠧ᠂ ᠤᠷᠠᠳ ᠤᠨ ᠡᠮᠦᠨᠡᠲᠦ ᠬᠤᠰᠢᠭᠤ᠂ ᠦᠶᠤᠸᠠᠨ ᠰᠢᠶᠠᠨ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠲᠡᠩᠴᠡᠭᠦᠷᠢᠲᠤ ᠬᠥᠭᠵᠢᠯᠳᠡ ᠶᠢᠨ ᠰᠢᠯᠭᠠᠨ ᠠᠪᠤᠯᠳᠠ ᠶᠢ ᠦᠡᠭᠭᠡᠷᠡᠬᠦᠯᠦᠨ᠎ᠡ᠃ ᠬᠤᠲᠠ ᠶᠢᠨ ᠰᠢᠭᠤᠳ ᠬᠠᠷᠢᠶ᠎ᠠ ᠦᠨᠳᠥᠰᠦᠲᠡᠨ ᠤ ᠰᠤᠷᠭᠠᠨ ᠬᠥᠮᠥᠵᠢᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠠᠷᠠᠳ ᠠᠴᠠ ᠡᠷᠬᠢᠯᠡᠭᠰᠡᠨ ᠰᠤᠷᠭᠠᠨ ᠬᠥᠮᠥᠵᠢᠯ ᠤᠨ ᠬᠥᠭᠵᠢᠯᠲᠡ ᠶᠢ ᠳᠡᠮᠵᠢᠬᠦ ᠪᠠ ᠳᠦᠷᠢᠮᠵᠢᠭᠦᠯᠵᠦ᠂ ᠦᠷᠭᠦᠯᠵᠢᠯᠡᠯ ᠰᠤᠷᠭᠠᠨ ᠬᠥᠮᠥᠵᠢᠯ ᠪᠠ ᠣᠨᠴᠠᠭᠠᠢ ᠰᠤᠷᠭᠠᠨ ᠬᠥᠮᠥᠵᠢᠯ ᠤᠨ ᠰᠤᠷᠭᠠᠭᠤᠯᠢ ᠡᠷᠬᠢᠯᠡᠬᠦ ᠲᠦᠪᠰᠢᠨ ᠢ ᠳᠡᠭᠡᠭᠰᠢᠯᠡᠭᠦᠯᠦᠨ᠎ᠡ᠃ ᠰᠤᠷᠭᠠᠨ ᠬᠥᠮᠥᠵᠢᠯ ᠢᠶᠠᠷ ᠰᠢᠶᠠᠨ ᠢᠶᠠᠨ ᠬᠦᠴᠦᠷᠬᠡᠭᠵᠢᠭᠦᠯᠬᠦ ᠢᠨᠵᠧᠨᠧᠷᠢᠩ ᠢ ᠡᠬᠢᠯᠡᠭᠦᠯᠦᠨ᠎ᠡ᠃  ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠰᠢᠨ᠎ᠡ ᠶᠢ ᠡᠭᠦᠳᠬᠦ ᠰᠣᠶᠣᠯ ᠢ ᠬᠦᠴᠦᠲᠡᠢ ᠪᠠᠳᠠᠷᠠᠭᠤᠯᠵᠤ᠂ ᠪᠦᠬᠦ ᠨᠡᠶᠢᠭᠡᠮ ᠤᠨ ᠰᠢᠨ᠎ᠡ ᠶᠢ ᠡᠭᠦᠳᠴᠦ ᠦᠢᠯᠡᠰ ᠪᠦᠲᠦᠭᠡᠬᠦ ᠢᠳᠡᠪᠬᠢᠵᠢᠯ ᠢ ᠳᠠᠶᠢᠴᠢᠯᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠰᠠᠭᠤᠷᠢᠨ ᠪᠠ ᠳᠠᠶᠠᠭᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠠᠬᠢᠭᠤᠯᠤᠨ᠎ᠠ᠃ ᠴᠢᠳᠠᠪᠤᠷᠢᠲᠠᠨ ᠢ ᠬᠥᠮᠥᠵᠢᠭᠦᠯᠵᠦ ᠲᠠᠲᠠᠨ ᠣᠷᠣᠭᠤᠯᠬᠤ ᠬᠦᠴᠦᠯᠡᠴᠡ ᠶᠢ ᠶᠡᠬᠡᠰᠬᠡᠵᠦ᠂ ᠡᠮᠴᠢᠯᠡᠭᠡᠨ᠂ ᠰᠤᠷᠭᠠᠨ ᠬᠥᠮᠥᠵᠢᠯ᠂ ᠮᠡᠷᠭᠡᠵᠢᠯ ᠤᠨ ᠰᠤᠳᠤᠯᠭᠠᠨ ᠵᠡᠷᠭᠡ ᠲᠠᠯ᠎ᠠ ᠪᠠᠷ ᠨᠡᠩ ᠣᠯᠠᠨ ᠥᠨᠳᠥᠷ ᠳᠡᠰ ᠤᠨ ᠴᠢᠳᠠᠪᠤᠷᠢᠲᠠᠨ ᠢ ᠲᠠᠲᠠᠨ ᠣᠷᠣᠭᠤᠯᠤᠨ᠎ᠠ᠃  ᠡᠷᠡᠭᠦᠯ ᠡᠩᠬᠡ ᠪᠠᠶᠠᠨᠨᠠᠭᠤᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠢ ᠬᠦᠴᠦᠲᠡᠢ ᠬᠥᠭᠵᠢᠭᠦᠯᠵᠦ ᠂ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ︽ᠮᠣᠩᠭᠤᠯ ᠬᠢᠲᠠᠳ ᠡᠮ ᠡᠮᠨᠡᠯᠭᠡ ᠶᠢ ᠲᠦᠮᠡᠨ ᠡᠷᠦᠬᠡ ᠳᠤ ᠣᠷᠣᠭᠤᠯᠬᠤ︾ ᠠᠵᠢᠯᠯᠠᠭ᠎ᠠ ᠶᠢ ᠬᠡᠷᠡᠭᠵᠢᠭᠦᠯᠦᠨ᠎ᠡ᠃ ᠡᠮᠴᠢᠯᠡᠬᠦ ᠪᠠ ᠰᠤᠪᠢᠯᠠᠬᠤ ᠶᠢ ᠤᠶᠠᠯᠳᠤᠭᠤᠯᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠭᠡᠷ ᠪᠦᠯᠢ ᠶᠢᠨ ᠡᠮᠴᠢ ᠭᠡᠷ᠎ᠡ ᠲᠣᠭᠲᠠᠨ ᠦᠢᠯᠡᠴᠢᠯᠡᠬᠦ ᠶᠢ ᠠᠬᠢᠭᠤᠯᠵᠤ᠂ ᠭᠤᠣᠯᠳᠠᠯᠭ᠎ᠠ ᠲᠠᠢ ᠬᠥᠮᠥᠰ ᠲᠠᠢ ᠭᠡᠷ᠎ᠡ ᠲᠣᠭᠲᠠᠨ ᠦᠢᠯᠡᠴᠢᠯᠡᠬᠦ ᠨᠣᠷᠮ᠎ᠠ ᠶᠢ 100% ᠲᠤ ᠬᠦᠷᠭᠡᠨ᠎ᠡ᠃  ᠲᠥᠷᠥᠯᠲᠡ ᠶᠢᠨ ᠭᠡᠮ ᠰᠣᠭᠤᠭ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠲᠥᠷᠥᠭᠰᠡᠨ ᠬᠥᠮᠥᠨ ᠠᠮᠠ ᠶᠢᠨ ᠬᠡᠪ ᠴᠢᠨᠠᠷ ᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠦᠨ᠎ᠡ᠃  ᠰᠣᠶᠣᠯ ᠤᠨ ᠴᠡᠴᠡᠭᠯᠡᠯ ᠬᠦᠭᠵᠢᠯᠳᠡ ᠢ ᠠᠬᠢᠭᠤᠯᠤᠨ᠎ᠠ᠃ ᠰᠣᠶᠣᠯ ᠤᠨ ᠹᠷᠣᠨᠲ ᠤᠨ ᠪᠦᠲᠦᠭᠡᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠰᠣᠶᠣᠯ ᠤᠨ ᠡᠭᠦᠳᠥᠨ ᠪᠦᠲᠦᠭᠡᠯᠲᠡ ᠶᠢ ᠴᠡᠴᠡᠭᠯᠡᠬᠦᠯᠵᠤ᠂ ᠲᠣᠮᠣ ᠬᠡᠯᠪᠡᠷᠢ ᠶᠢᠨ ᠪᠠᠷᠢᠮᠲᠠᠲᠤ ᠺᠢᠨᠣ᠋ ︽ᠬᠤᠨ ᠭᠠᠯᠠᠭᠤ︾ ᠵᠡᠷᠭᠡ ᠨᠢᠭᠡ ᠪᠦᠯᠦᠭ ᠰᠣᠶᠣᠯ ᠤᠨ ᠪᠦᠲᠦᠭᠡᠯ ᠢ ᠪᠦᠲᠦᠭᠡᠨ ᠭᠠᠷᠭᠠᠨ᠎ᠠ᠃ ᠰᠢᠨ᠎ᠡ ᠬᠡᠯᠪᠡᠷᠢ ᠶᠢᠨ ᠰᠣᠶᠣᠯ ᠤᠨ ᠡᠵᠡᠩᠨᠡᠯᠲᠡ ᠶᠢᠨ ᠠᠷᠭ᠎ᠠ ᠶᠢ ᠲᠦᠷᠭᠡᠳᠬᠡᠨ ᠪᠤᠶᠢᠵᠢᠭᠤᠯᠵᠤ᠂ ᠪᠠᠭ᠎ᠠ ᠵᠢᠵᠢᠭ ᠰᠣᠶᠣᠯ ᠤᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠪᠠ ᠬᠥᠲᠥᠯᠦᠨ ᠵᠢᠯᠣᠭᠤᠳᠤᠨ᠎ᠠ᠃ ᠡᠯ᠎ᠡ ᠲᠥᠷᠥᠯ ᠤᠨ ᠲᠣᠮᠣ ᠬᠡᠯᠪᠡᠷᠢ ᠶᠢᠨ ᠰᠣᠶᠣᠯ ᠤᠨ ᠠᠵᠢᠯᠯᠠᠭ᠎ᠠ ᠶᠢ ᠳᠡᠮᠵᠢᠬᠦ ᠪᠠ ᠵᠣᠬᠢᠶᠠᠨ ᠪᠠᠶᠢᠭᠤᠯᠵᠤ᠂ ᠪᠣᠷᠣᠲᠣᠬᠤᠢ ᠰᠣᠶᠣᠯ ᠤᠷᠠᠯᠢᠭ ᠤᠨ ᠨᠠᠶᠢᠷ ᠢ ᠡᠷᠬᠢᠯᠡᠵᠦ᠂ ᠳᠤᠮᠳᠠᠳᠤ ᠮᠣᠩᠭᠤᠯ ᠣᠷᠣᠰ ᠤᠨ ᠬᠠᠳᠠᠨ ᠰᠡᠶᠢᠯᠦᠮᠡᠯ ︵ᠵᠢᠷᠤᠭ︶ ᠤᠨ ᠰᠣᠶᠣᠯ ᠤᠨ ᠭᠤᠳᠤᠮ ᠤᠨ ᠪᠠᠶᠢᠭᠤᠯᠤᠯᠲᠠ ᠶᠢ ᠲᠦᠷᠭᠡᠳᠬᠡᠵᠦ᠂ ᠳᠤᠮᠳᠠᠳᠤ ᠮᠣᠩᠭᠤᠯ ᠣᠷᠣᠰ ᠤᠨ ᠣᠯᠠᠨ ᠤᠯᠤᠰ ᠤᠨ ᠬᠠᠳᠠᠨ ᠰᠡᠶᠢᠯᠦᠮᠡᠯ ︵ᠵᠢᠷᠤᠭ︶ ᠤᠨ ᠤᠷᠠᠯᠢᠭ ᠤᠨ ᠪᠦᠲᠦᠭᠡᠯ ᠤᠨ ︽ᠬᠤᠣᠰ ᠵᠢᠯ ᠤᠨ ᠦᠵᠡᠭᠦᠯᠦᠯᠭᠡ︾᠂ ᠳᠤᠮᠳᠠᠳᠤ ᠮᠣᠩᠭᠤᠯ ᠤᠨ ᠰᠣᠶᠣᠯ ᠤᠨ ᠰᠣᠯᠢᠯᠴᠠᠭᠠᠨ ᠤ ᠭᠠᠷᠠᠭ ᠵᠡᠷᠭᠡ ᠠᠵᠢᠯᠯᠠᠭ᠎ᠠ ᠶᠢ ᠰᠠᠶᠢᠲᠤᠷ ᠡᠷᠬᠢᠯᠡᠨ᠎ᠡ᠃  ᠮᠤᠨᠠ ᠠᠭᠤᠯᠠ ᠶᠢᠨ ᠬᠠᠳᠠᠨ ᠰᠡᠶᠢᠯᠦᠮᠡᠯ ︵ᠵᠢᠷᠤᠭ︶ ᠢ ᠲᠡᠯᠡᠭᠡᠢ ᠶᠢᠨ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠠᠵᠢᠯ ᠢ ᠰᠠᠶᠢᠲᠤᠷ ᠬᠢᠨ᠎ᠡ᠃ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠬᠤᠰᠢᠭᠤ ᠰᠢᠶᠠᠨ ᠲᠣᠭᠤᠷᠢᠭ ᠪᠣᠯᠭᠠᠨ ᠳᠤ ᠨᠠᠭᠠᠳᠤ ᠵᠠᠬ᠎ᠠ ᠳᠠᠭᠠᠨ ᠨᠢᠭᠡ ᠪᠠᠷᠢᠮᠵᠢᠶᠠᠵᠢᠭᠰᠠᠨ ᠬᠥᠯ ᠪᠥᠮᠪᠦᠭᠡ ᠶᠢᠨ ᠲᠠᠯᠠᠪᠤᠷ ᠪᠠᠶᠢᠭᠤᠯᠵᠤ᠂ ᠰᠤᠷᠭᠠᠭᠤᠯᠢ ᠪᠣᠯᠭᠠᠨ ᠳᠤ ᠨᠢᠭᠡ ᠬᠥᠯ ᠪᠥᠮᠪᠦᠭᠡ ᠶᠢᠨ ᠲᠠᠯᠠᠪᠤᠷ ᠪᠠᠶᠢᠭᠤᠯᠤᠨ᠎ᠠ᠃ ᠶᠠᠷᠢᠶ᠎ᠠ ᠭᠡᠯᠡᠯᠴᠡᠭᠡᠨ ᠤ ᠵᠥᠪ ᠲᠠᠯ᠎ᠠ ᠶᠢᠨ ᠤᠬᠠᠭᠤᠯᠭ᠎ᠠ ᠵᠢᠯᠣᠭᠤᠳᠤᠯᠭ᠎ᠠ ᠶᠢ ᠴᠢᠩᠭᠠᠳᠬᠠᠵᠤ᠂ ᠤᠯᠠᠮᠵᠢᠯᠠᠯᠲᠤ ᠵᠠᠭᠤᠴᠢᠯᠠᠭᠤᠷ ᠪᠣᠯᠤᠨ ᠰᠢᠨ᠎ᠡ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠠᠶᠠᠨᠨᠠᠭᠤᠷ ᠤᠨ ᠰᠣᠨᠢᠨ ᠮᠡᠳᠡᠭᠡᠨ ᠤ ᠰᠦᠯᠵᠢᠶ᠎ᠡ᠂ ︽ᠠᠯᠠᠭᠠᠨ ᠳᠡᠭᠡᠷᠡᠬᠢ ᠪᠠᠶᠠᠨᠨᠠᠭᠤᠷ︾᠂ ︽ᠪᠣᠷᠣᠲᠣᠬᠤᠢ ᠶᠢᠨ ᠪᠢᠴᠢᠯ ᠵᠠᠭᠤᠴᠢᠯᠠᠭᠤᠷ︾ ᠵᠡᠷᠭᠡ ᠰᠢᠨ᠎ᠡ ᠵᠠᠭᠤᠴᠢᠯᠠᠭᠤᠷ ᠤᠨ ᠨᠥᠯᠥᠭᠡᠯᠡᠬᠦ ᠬᠦᠴᠦᠨ ᠪᠠ ᠳᠠᠮᠵᠢᠯᠲᠠ ᠶᠢᠨ ᠬᠦᠴᠦᠨ ᠢ ᠲᠡᠭᠡᠭᠰᠢᠯᠡᠬᠦᠯᠵᠤ᠂ ᠪᠠᠶᠠᠨᠨᠠᠭᠤᠷ ᠤᠨ ᠦᠯᠢᠭᠡᠷ ᠢ ᠨᠡᠩ ᠰᠠᠶᠢᠬᠠᠨ ᠬᠦᠦᠷᠨᠢᠵᠦ᠂ ᠠᠯᠳᠠᠷ ᠨᠡᠷ᠎ᠡ ᠶᠢ ᠨᠡᠩ ᠬᠤᠯᠠ ᠳᠠᠮᠵᠢᠭᠤᠯᠤᠨ᠎ᠠ᠃ ᠭᠡᠳᠦ᠋ᠢᠪᠡᠷ ᠡᠳ᠋ ᠤᠨ ᠵᠠᠰᠠᠭ ᠤᠨ ᠣᠷᠣᠯᠭ᠎ᠠ ᠪᠠᠨ ᠨᠡᠮᠡᠭᠳᠡᠭᠦᠯᠬᠦ ᠳᠠᠷᠤᠯᠲᠠ ᠮᠠᠰᠢ ᠶᠡᠭᠡ ᠪᠠᠶᠢᠪᠠᠴᠤ᠂ ᠭᠡᠳᠤᠢ ᠬᠦᠴᠢᠷᠳᠡᠢ ᠪᠠᠶᠢᠯ᠎ᠠ ᠭᠡᠳ ᠣᠯᠠᠨ ᠲᠦᠮᠡᠨ ᠳᠤ ᠬᠢᠵᠦ ᠥᠭᠬᠦ ᠪᠣᠳᠠᠲᠠᠢ ᠶᠠᠪᠤᠳᠠᠯ ᠤᠨ ᠨᠢᠭᠡ ᠶᠢ ᠴᠦ ᠬᠠᠰᠤᠭᠳᠠᠭᠤᠯᠵᠤ ᠪᠤᠯᠬᠤ ᠦᠭᠡᠢ᠂ ᠪᠢᠳᠡ ᠣᠯᠠᠨ ᠲᠦᠮᠡᠨ ᠤ ᠠᠮᠢᠳᠤᠷᠠᠯ ᠢ ᠵᠢᠯ ᠠᠴᠠ ᠵᠢᠯ ᠰᠢᠨ᠎ᠡ ᠬᠤᠪᠢᠷᠠᠯᠲᠠ ᠲᠠᠢ ᠪᠣᠯᠭᠠᠵᠤ᠂ ᠵᠢᠯ ᠠᠴᠠ ᠵᠢᠯ ᠰᠠᠶᠢᠵᠢᠷᠠᠭᠤᠯᠬᠤ ᠪᠠᠷ ᠴᠢᠷᠮᠠᠶᠢᠨ᠎ᠠ᠃  ︵ᠨᠠᠢᠮᠠ︶ ᠥᠭᠡᠷᠡᠴᠢᠯᠡᠯᠲᠡ ᠪᠠᠷ ᠬᠤᠰᠢᠭᠤᠴᠢᠯᠠᠭᠤᠯᠬᠤ ᠶᠢ ᠪᠠᠷᠢᠮᠲᠠᠯᠠᠵᠤ᠂ ᠭᠠᠳᠠᠭᠠᠳᠤ ᠨᠡᠭᠡᠭᠡᠯᠲᠡ ᠶᠢ ᠪᠦᠬᠦ ᠲᠠᠯ᠎ᠠ ᠪᠠᠷ ᠥᠷᠭᠡᠳᠬᠡᠨ᠎ᠡ᠃ ᠥᠭᠡᠷᠡᠴᠢᠯᠡᠯᠲᠡ ᠨᠢ ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠨᠡᠭᠡᠭᠡᠯᠲᠡ ᠨᠢ ᠠᠮᠢᠵᠢᠷᠠᠯ ᠤᠨ ᠬᠦᠴᠦᠨ ᠢ ᠴᠢᠩᠭᠠᠷᠠᠭᠤᠯᠳᠠᠭ᠃ ᠪᠢᠳᠡ ᠥᠭᠡᠷᠡᠴᠢᠯᠡᠯᠲᠡ ᠨᠡᠭᠡᠭᠡᠯᠲᠡ ᠶᠢ ᠢᠮᠠᠭᠲᠠ ᠬᠥᠭᠵᠢᠯᠲᠡ ᠶᠢᠨ ᠪᠦᠬᠦ ᠶᠠᠪᠤᠴᠠ᠂ ᠡᠯ᠎ᠡ ᠬᠦᠷᠢᠶ᠎ᠡ ᠴᠠᠷᠠᠭ᠎ᠠ ᠳᠤ ᠲᠤᠤᠱᠯᠠᠭᠤᠯᠵᠤ᠂ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠳᠠᠪᠠᠭᠤᠯᠢᠭ ᠢ ᠲᠦᠷᠭᠡᠳᠬᠡᠨ ᠪᠦᠷᠢᠯᠳᠥᠭᠦᠯᠦᠨ᠎ᠡ᠃  ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠴᠢᠩᠭᠠᠳᠬᠠᠨ᠎ᠠ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ ︽ᠬᠠᠮ ᠠᠷᠭ᠎ᠠ︾ ᠶᠢ ᠰᠠᠶᠢᠲᠤᠷ ᠬᠢᠵᠦ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ᠂ ᠴᠠᠬᠢᠯᠭᠠᠨ ᠬᠦᠴᠦᠨ ᠤ ᠳᠡᠮᠵᠢᠯᠭᠡ ᠦᠵᠡᠭᠦᠯᠬᠦ᠂ ᠮᠥᠩᠭᠦᠨ ᠭᠦᠢᠯᠭᠡᠭᠡ ᠶᠢᠨ ᠢᠲᠡᠭᠡᠮᠵᠢᠲᠦ ᠵᠢᠭᠡᠯᠡᠯᠭᠡ ᠣᠯᠭᠤᠬᠤ ᠵᠡᠷᠭᠡ ᠠᠷᠭ᠎ᠠ ᠪᠠᠷ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠪᠠᠭᠠᠰᠬᠠᠨ᠎ᠠ᠃ ︽ᠣᠷᠣᠨ ᠰᠠᠭᠤᠴᠠ ᠶᠢ ᠣᠷᠣᠰᠢᠨ ᠰᠠᠭᠤᠬᠤ ᠶᠢᠨ ᠲᠥᠯᠥᠭᠡ ᠪᠠᠶᠢᠭᠤᠯᠤᠭᠰᠠᠨ ᠠᠴᠠ ᠪᠢᠰᠢ ᠰᠠᠷᠢᠭᠠᠯᠠᠬᠤ ᠶᠢᠨ ᠲᠥᠯᠥᠭᠡ ᠪᠠᠶᠢᠭᠤᠯᠤᠭᠰᠠᠨ ᠪᠢᠰᠢ︾ ᠭᠡᠰᠡᠨ ᠵᠠᠷᠴᠢᠮ ᠢ ᠪᠠᠷᠢᠮᠲᠠᠯᠠᠵᠤ᠂ ᠭᠡᠷ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠲᠠᠸᠠᠷ ᠤᠨ ᠣᠷᠣᠨ ᠰᠠᠭᠤᠴᠠ ᠶᠢᠨ ᠨᠡᠮᠡᠭᠳᠡᠯ ᠬᠡᠮᠵᠢᠶ᠎ᠡ ᠶᠢ ᠵᠣᠬᠢᠰᠲᠠᠢ ᠬᠢᠵᠠᠭᠠᠷᠯᠠᠵᠤ᠂ ᠬᠠᠲᠠᠨ ᠴᠢᠨᠠᠷᠲᠠᠢ ᠣᠷᠣᠨ ᠰᠠᠭᠤᠴᠠ ᠶᠢᠨ ᠬᠤᠳᠠᠯᠳᠤᠨ ᠠᠪᠬᠤ ᠭᠡᠷᠡᠭᠴᠡᠭᠡ ᠪᠠ ᠰᠠᠶᠢᠵᠢᠷᠠᠭᠤᠯᠬᠤ ᠬᠡᠯᠪᠡᠷᠢ ᠶᠢᠨ ᠣᠷᠣᠨ ᠰᠠᠭᠤᠴᠠ ᠬᠤᠳᠠᠯᠳᠤᠨ ᠠᠪᠬᠤ ᠭᠡᠷᠡᠭᠴᠡᠭᠡ ᠶᠢ ᠢᠳᠡᠪᠬᠢᠲᠡᠢ ᠬᠥᠲᠥᠯᠦᠨ ᠵᠢᠯᠣᠭᠤᠳᠴᠤ᠂ ᠪᠣᠷᠣ ᠭᠡᠷᠲᠦ ᠲᠣᠭᠤᠷᠢᠭ ᠤᠨ ᠥᠭᠡᠷᠡᠴᠢᠯᠡᠯᠲᠡ ᠶᠢᠨ ᠵᠣᠭᠤᠰᠵᠢᠭᠤᠯᠤᠨ ᠲᠥᠪᠬᠢᠨᠡᠬᠦᠯᠬᠦ ᠶᠢ ᠲᠦᠯᠬᠢᠨ ᠠᠬᠢᠭᠤᠯᠵᠤ᠂ 200 ᠲᠦᠮᠡᠨ ᠲᠡᠭᠰᠢ ᠳᠥᠷᠪᠡᠯᠵᠢᠨ ᠮᠧᠲᠷ ᠤᠨ ᠭᠡᠷ ᠭᠠᠵᠠᠷ ᠬᠥᠷᠥᠩᠭᠡ ᠶᠢᠨ ᠬᠥᠮᠥᠷᠭᠡ ᠶᠢᠨ ᠨᠥᠭᠡᠴᠡ ᠶᠢ ᠰᠢᠩᠭᠡᠭᠡᠨ᠎ᠡ᠃ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ ᠪᠠ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠪᠠ ᠨᠠᠶᠢᠳᠠᠪᠤᠷᠢᠲᠠᠢ ᠨᠠᠮᠬᠠᠳᠬᠠᠨ᠎ᠠ᠃  ᠰᠢ ᠶᠢᠨ ᠫᠢᠩ ᠶᠡᠷᠦᠩᠬᠡᠢ ᠱᠦᠵᠢ ᠶᠢᠨ ᠱᠠᠭᠠᠷᠳᠠᠭᠰᠠᠨ ᠭᠤᠷᠪᠠᠨ ᠲᠥᠷᠥᠯ ᠤᠨ ᠥᠭᠡᠷᠡᠴᠢᠯᠡᠯᠲᠡ ᠶᠢ ᠭᠦᠨᠵᠡᠭᠡᠢ ᠰᠠᠶᠢᠲᠤᠷ ᠠᠳᠬᠤᠨ᠎ᠠ᠃ ᠨᠢᠭᠲᠠᠷᠠᠭᠰᠠᠨ ᠭᠡᠯᠪᠡᠷᠢ ᠶᠢᠨ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠭᠳᠠᠭᠤᠯᠬᠤ ᠲᠣᠭᠲᠠᠴᠠ ᠶᠢ ᠳᠡᠯᠭᠡᠷᠡᠭᠦᠯᠵᠦ᠂ ᠠᠵᠤ ᠦᠢᠯᠡᠰᠵᠢᠭᠰᠡᠨ ᠲᠥᠷᠥᠯ ᠵᠦᠢᠯ ᠤᠨ ᠪᠡᠯᠡ ᠮᠥᠩᠭᠦ ᠶᠢ ᠠᠰᠢᠭ ᠲᠤᠰᠠ ᠶᠢ ᠬᠤᠯᠪᠣᠭᠳᠠᠭᠤᠯᠬᠤ ᠲᠣᠭᠲᠠᠴᠠ ᠰᠠᠶᠢᠲᠠᠢ ᠠᠵᠤ ᠠᠬᠤᠶᠢᠯᠠᠯ ᠲᠡᠰᠢ ᠬᠡᠯᠪᠠᠶᠢᠯᠭᠡᠵᠦ᠂ ᠮᠠᠯᠴᠢᠨ ᠲᠠᠷᠢᠶᠠᠴᠢᠨ ᠳᠤ ᠠᠵᠤ ᠦᠢᠯᠡᠰᠵᠢᠭᠰᠡᠨ ᠬᠥᠭᠵᠢᠯᠲᠡ ᠶᠢᠨ ᠦᠷ᠎ᠡ ᠠᠰᠢᠭ ᠢ ᠨᠡᠩ ᠢᠯᠡᠭᠦᠦ ᠡᠳ᠋ᠯᠡᠭᠦᠯᠦᠨ᠎ᠡ᠃ ᠲᠠᠷᠢᠶᠠᠨ ᠭᠠᠵᠠᠷ᠂ ᠦᠨᠳᠥᠰᠦᠨ ᠨᠤᠲᠤᠭ ᠪᠡᠯᠴᠢᠭᠡᠷ ᠤᠨ ᠤᠯᠠᠭᠠᠨ ᠱᠤᠭᠤᠮ ᠢ ᠵᠢᠷᠤᠵᠤ ᠲᠣᠭᠲᠠᠭᠠᠬᠤ ᠠᠵᠢᠯ ᠢ ᠰᠠᠶᠢᠲᠤᠷ ᠬᠢᠵᠦ᠂ ᠣᠢ ᠰᠢᠭᠤᠢ ᠶᠢᠨ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠠᠷᠭ᠎ᠠ ᠶᠢ ᠲᠣᠭᠲᠠᠭᠠᠨ᠎ᠠ᠃ ᠮᠣᠩᠭᠤᠯ ᠯᠤᠭ᠎ᠠ ᠶᠢᠨ ᠪᠤᠳᠠᠴᠢᠯᠠᠭᠰᠠᠨ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠲᠠᠯ᠎ᠠ ᠶᠢᠨ ᠲᠣᠭᠲᠠᠭᠰᠠᠨ ᠬᠤᠭᠤᠴᠠᠭᠠᠨ ᠤ ᠠᠭᠤᠯᠵᠠᠯᠲᠠ ᠪᠠ ᠴᠠᠭᠳᠠᠭᠠᠨ ᠤ ᠶᠠᠪᠤᠳᠠᠯ ᠤᠨ ᠠᠵᠢᠯ ᠤᠨ ᠲᠣᠭᠲᠠᠴᠠ ᠶᠢ ᠪᠠᠬᠢᠵᠢᠭᠦᠯᠵᠦ᠂ ᠳᠤᠮᠳᠠᠳᠤ ᠮᠣᠩᠭᠤᠯ ᠤᠨ ᠰᠤᠷᠭᠠᠨ ᠬᠥᠮᠥᠵᠢᠯ᠂ ᠡᠮᠴᠢᠯᠡᠭᠡᠨ᠂ ᠰᠣᠶᠣᠯ ᠲᠠᠮᠢᠷ᠂ ᠵᠤᠭᠠᠴᠠᠯ ᠵᠡᠷᠭᠡ ᠬᠥᠮᠥᠨ ᠰᠣᠶᠣᠯ ᠤᠨ ᠶᠠᠪᠤᠯᠴᠠᠭ᠎ᠠ ᠶᠢ ᠥᠷᠭᠡᠨ ᠢᠶᠠᠷ ᠥᠷᠨᠢᠭᠦᠯᠵᠦ᠂ ᠭᠠᠭᠴᠠᠮᠣᠳᠣ ᠬᠢᠯᠢ ᠶᠢᠨ ᠪᠣᠭᠤᠮᠲᠠ ᠶᠢᠨ ︽ᠭᠤᠷᠪᠠ ᠶᠢ ᠬᠠᠷᠢᠯᠴᠠᠨ ᠨᠡᠪᠲᠡᠷᠡᠭᠦᠯᠬᠦ︾ ᠪᠣᠭᠤᠮᠲᠠ ᠶᠢᠨ ᠲᠣᠮᠣ ᠨᠡᠪᠲᠡᠷᠡᠯᠴᠡᠭᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠠᠬᠢᠭᠤᠯᠵᠤ᠂ ᠬᠠᠮᠲᠤᠷᠠᠨ ᠪᠠᠶᠢᠴᠠᠭᠠᠬᠤ ᠰᠠᠯᠠᠭ᠎ᠠ ᠮᠥᠴᠢᠷ ᠤᠨ ᠬᠠᠮᠲᠤᠷᠠᠭᠰᠠᠨ ᠬᠢᠨᠠᠨ ᠡᠵᠡᠮᠳᠡᠯ᠂ ᠰᠤᠷᠠᠭ ᠵᠠᠩᠭᠢ ᠶᠢ ᠬᠠᠮᠲᠤᠪᠠᠷ ᠡᠳ᠋ᠯᠡᠬᠦ᠂ ᠵᠣᠬᠢᠴᠠᠯᠳᠤᠨ ᠬᠠᠤᠯᠢ ᠬᠡᠷᠡᠭᠵᠢᠭᠦᠯᠬᠦ ᠶᠢ ᠪᠡᠶᠡᠯᠡᠭᠦᠯᠦᠨ᠎ᠡ᠃  ᠭᠤᠣᠯᠳᠠᠯᠭ᠎ᠠ ᠲᠠᠢ ᠬᠦᠷᠢᠶ᠎ᠡ ᠴᠠᠷᠠᠭ᠎ᠠ  ᠳᠠᠬᠢ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠡᠷ ᠭᠠᠵᠠᠷ ᠬᠥᠷᠥᠩᠭᠡ ᠪᠠ ᠠᠵᠤ ᠦᠢᠯᠡᠳᠪᠦᠷᠢ ᠶᠢᠨ ᠲᠥᠷᠥᠯ ᠵᠦᠢᠯ ᠢ ᠬᠠᠮᠲᠤ ᠳᠤᠨᠢ ᠬᠢᠨᠠᠨ ᠵᠥᠪᠰᠢᠶᠡᠷᠡᠬᠦ ᠲᠣᠭᠲᠠᠴᠠ ᠶᠢ ᠬᠡᠷᠡᠭᠵᠢᠭᠦᠯᠵᠦ᠂ ᠪᠦᠬᠦ ᠶᠠᠪᠤᠴᠠ ᠶᠢᠨ ᠡᠯᠧᠺᠲᠷᠤᠨᠵᠢᠭᠤᠯᠤᠭᠰᠠᠨ ᠳᠠᠭᠠᠭᠠᠴᠢᠯᠠᠯᠲᠠ ᠵᠠᠷᠯᠠᠵᠤ ᠬᠦᠯᠢᠶᠡᠨ ᠠᠪᠬᠤ ᠪᠠ ᠢᠲᠡᠭᠡᠮᠵᠢ ᠶᠢᠨ ᠰᠤᠷᠠᠭ ᠵᠠᠩᠭᠢ ᠶᠢᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠎ᠡ᠃ ︽ᠬᠤᠶᠠᠷ ᠳᠤᠷ᠎ᠠ ᠶᠢᠨ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠶᠢᠨ ᠪᠦᠬᠦ ᠶᠠᠪᠤᠴᠠ ᠶᠢ ᠡᠯᠧᠺᠲᠷᠤᠨᠵᠢᠭᠤᠯᠬᠤ ᠪᠠ ᠳᠥᠭᠦᠮ ᠠᠪᠰᠠᠷ ᠳᠠᠩᠰᠠᠨ ᠠᠴᠠ ᠬᠠᠰᠤᠬᠤ ᠳᠠᠩᠰᠠᠯᠠᠯᠲᠠ ᠶᠢ ᠲᠦᠷᠭᠡᠳᠬᠡᠨ᠎ᠡ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠥᠭᠬᠦ ᠬᠡᠪᠴᠢᠶ᠎ᠡ ᠶᠢ ᠥᠷᠭᠡᠳᠬᠡᠵᠦ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ ᠪᠦᠷ ᠮᠥᠷᠳᠡᠨ ᠬᠢᠨᠠᠨ ᠲᠣᠭᠲᠠᠭᠠᠬᠤ ᠶᠢ ᠪᠡᠶᠡᠯᠡᠭᠦᠯᠦᠨ᠎ᠡ᠃ ᠭᠠᠵᠠᠷ ᠰᠢᠷᠣᠢ ᠶᠢᠨ ᠡᠵᠡᠩᠨᠡᠬᠦ ᠡᠷᠬᠡ ᠶᠢ ᠲᠣᠳᠣᠷᠬᠠᠶᠢᠯᠠᠨ ᠦᠨᠡᠮᠯᠡᠯ ᠣᠯᠭᠤᠬᠤ ᠠᠵᠢᠯ ᠢ ᠪᠡᠶᠡᠯᠡᠭᠦᠯᠵᠦ᠂ ᠬᠥᠳᠡᠭᠡ ᠲᠣᠰᠬᠤᠨ ᠤ ᠭᠠᠵᠠᠷ ᠰᠢᠷᠣᠢ ᠶᠢ ᠳᠠᠭᠠᠭᠠᠴᠢᠯᠠᠨ ᠡᠵᠡᠩᠨᠡᠬᠦ ᠡᠷᠬᠡ᠂ ᠣᠷᠣᠨ ᠰᠠᠭᠤᠴᠠ ᠶᠢᠨ ᠰᠠᠭᠤᠷᠢ ᠶᠢᠨ ᠬᠡᠷᠡᠭᠯᠡᠬᠦ ᠡᠷᠬᠡ᠂ ᠣᠢ ᠰᠢᠭᠤᠢ ᠶᠢᠨ ᠡᠷᠬᠡ ᠪᠠᠷ ᠪᠠᠷᠢᠴᠠᠭᠠᠯᠠᠨ ᠵᠢᠭᠡᠯᠡᠯᠭᠡ ᠠᠪᠬᠤ ᠲᠤᠷᠰᠢᠯᠲᠠ ᠶᠢᠨ ᠴᠡᠭ ᠤᠨ ᠠᠵᠢᠯ ᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠳᠠᠭᠠᠭᠠᠴᠢᠯᠠᠯᠲᠠ ᠶᠢᠨ ᠭᠠᠵᠠᠷ ᠰᠢᠷᠣᠢ ᠶᠢᠨ ︽ᠭᠤᠷᠪᠠᠨ ᠡᠷᠬᠡ ᠶᠢ ᠲᠤᠰᠠᠭᠠᠷᠯᠠᠬᠤ︾ ᠥᠭᠡᠷᠡᠴᠢᠯᠡᠯᠲᠡ ᠶᠢ ᠢᠳᠡᠪᠬᠢᠲᠡᠢ ᠰᠦᠪᠡᠭᠴᠢᠯᠡᠨ᠎ᠡ᠃  ᠲᠠᠷᠢᠶᠠᠯᠠᠩ ᠣᠢ ᠰᠢᠭᠤᠢ ᠶᠢᠨ ︽ᠭᠤᠷᠪᠠᠨ ᠪᠠᠭ᠎ᠠ ᠲᠠᠯᠠᠪᠠᠢ︾ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠠᠮᠢᠶᠠᠷᠤᠯᠲᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠴᠠᠯᠢᠩ ᠣᠯᠭᠤᠮᠵᠢ ᠶᠢᠨ ᠳᠦᠷᠢᠮ ᠪᠠ ᠡᠮᠴᠢᠯᠡᠭᠡᠨ ᠤ ᠦᠷ᠎ᠡ ᠪᠦᠲᠦᠮᠵᠢ ᠶᠢ ᠦᠨᠡᠯᠡᠬᠦ ᠲᠣᠭᠲᠠᠴᠠ ᠶᠢ ᠪᠠᠶᠢᠭᠤᠯᠤᠨ᠎ᠠ᠃ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠢᠳᠡᠪᠬᠢᠲᠡᠢ ᠲᠦᠯᠬᠢᠨ ᠠᠬᠢᠭᠤᠯᠵᠤ᠂ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠢᠳᠡᠭᠡᠮᠵᠢ ᠶᠢᠨ ᠳᠦᠷᠢᠮ᠂ ᠨᠡᠶᠢᠭᠡᠮ ᠢ ᠵᠠᠰᠠᠨ ᠴᠡᠭᠴᠡᠯᠡᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠬᠡᠷᠡᠭᠵᠢᠭᠦᠯᠦᠨ᠎ᠡ᠃ ᠨᠡᠶᠢᠭᠡᠮ ᠤᠨ ᠠᠵᠢᠯ ᠦᠢᠯᠡᠰ ᠤᠨ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠯ᠎ᠡ ᠲᠥᠷᠥᠯ ᠤᠨ ᠥᠭᠡᠷᠡᠴᠢᠯᠡᠯᠲᠡ ᠪᠣᠳᠠᠲᠠᠢ ᠦᠷ᠎ᠡ ᠪᠦᠲᠦᠮᠵᠢ ᠣᠯᠬᠤ   ᠶᠢ ᠦᠨᠡᠨᠬᠦ ᠪᠠᠲᠤᠯᠠᠨ᠎ᠠ᠃  ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃  ︽ᠨᠢᠭᠡ ᠪᠦᠰᠡ ᠨᠢᠭᠡ ᠵᠠᠮ︾᠂ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠭᠤᠳᠤᠮ︾ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠪᠠ ᠦᠢᠯᠡᠴᠢᠯᠡᠵᠦ᠂ ᠬᠢᠯᠢ ᠶᠢᠨ ᠪᠣᠭᠤᠮᠲᠠ᠂ ᠬᠠᠭᠤᠷᠠᠢ ᠭᠠᠷᠠᠮ᠂ ᠭᠠᠶᠢᠯᠢ ᠶᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠨᠢᠭᠡᠳᠥᠯᠲᠡᠢ ᠲᠥᠯᠥᠪᠵᠢᠭᠦᠯᠬᠦ᠂ ᠴᠢᠳᠠᠪᠬᠢ ᠨᠢ ᠬᠠᠷᠢᠯᠴᠠᠨ ᠨᠥᠬᠦᠪᠥᠷᠢᠯᠡᠭᠰᠡᠨ᠂ ᠠᠯᠭᠠᠰᠠᠭᠰᠠᠨ ᠬᠥᠭᠵᠢᠯᠲᠡ ᠶᠢ ᠪᠡᠶᠡᠯᠡᠭᠦᠯᠵᠦ ᠂ ᠣᠯᠠᠨ ᠵᠠᠮ ᠮᠥᠷ ᠢᠶᠠᠷ ᠬᠢᠯᠢ ᠪᠠᠷ ᠣᠷᠣᠭᠤᠯᠵᠤ ᠭᠠᠷᠭᠠᠬᠤ ᠨᠡᠭᠡᠭᠡᠯᠲᠡ ᠶᠢᠨ ᠪᠠᠶᠢᠷᠢᠰᠢᠯ ᠢ ᠪᠦᠷᠢᠯᠳᠥᠭᠦᠯᠦᠨ᠎ᠡ᠃ ᠪᠠᠶᠠᠨᠨᠠᠭᠤᠷ ᠤᠨ ᠬᠠᠭᠤᠷᠠᠢ ᠭᠠᠷᠠᠮ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ B ᠬᠡᠯᠪᠡᠷᠢ ᠶᠢᠨ ᠭᠠᠶᠢᠯᠢ ᠶᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠪᠠ ᠲᠡᠮᠦᠷ ᠵᠠᠮ ᠤᠨ ᠭᠠᠷᠠᠮ ᠢ ᠭᠤᠶᠤᠴᠢᠯᠠᠨ ᠮᠡᠳᠡᠭᠦᠯᠬᠦ ᠶᠢ ᠲᠦᠷᠭᠡᠳᠬᠡᠵᠦ᠂ ᠳᠤᠮᠳᠠᠳᠤ ᠡᠸᠦ᠋ᠷᠦᠫᠡ ᠶᠢᠨ ᠲᠠᠷᠢᠶᠠᠯᠠᠩ ᠤᠨ ᠪᠦᠲᠦᠭᠡᠭᠳᠡᠬᠦᠨ ᠤ ᠡᠭᠡᠯᠵᠢ ᠶᠢᠨ ᠭᠠᠯᠲᠤ ᠲᠡᠷᠭᠡ ᠶᠢ ᠨᠡᠪᠲᠡᠷᠡᠭᠦᠯᠬᠦ ᠪᠠᠷ ᠴᠢᠷᠮᠠᠶᠢᠨ᠎ᠠ᠃ ᠭᠠᠭᠴᠠᠮᠣᠳᠣ ᠬᠢᠯᠢ ᠶᠢᠨ ᠪᠣᠭᠤᠮᠲᠠ ᠶᠢᠨ ᠬᠢᠯᠢ ᠶᠢᠨ ᠠᠵᠤ ᠠᠬᠤᠢ ᠶᠢᠨ ᠬᠠᠮᠵᠢᠯᠴᠠᠬᠤ ᠲᠣᠭᠤᠷᠢᠭ ᠢ ᠪᠦᠲᠦᠭᠡᠨ ᠪᠠᠶᠢᠭᠤᠯᠬᠤ ᠪᠠᠷ ᠭᠤᠶᠤᠴᠢᠯᠠᠨ ᠮᠡᠳᠡᠭᠦᠯᠵᠦ᠂ ᠦᠪᠡᠷᠳᠡᠬᠡᠨ ᠵᠠᠰᠠᠬᠤ ᠤᠷᠤᠨ ᠤ ᠲᠡᠰ ᠤᠨ ᠭᠤᠤᠯᠳᠠᠯᠭ᠎ᠠ ᠲᠠᠢ ᠨᠡᠬᠡᠬᠡᠯᠳᠡ ᠬᠢᠵᠦ ᠴᠢᠯᠦᠬᠡᠳᠡᠢ ᠶᠠᠪᠤᠯᠴᠠᠬᠤ ᠲᠤᠷᠰᠢᠯᠳᠠ ᠶᠢᠨ ᠲᠤᠭᠤᠷᠢᠭ᠂ ᠵᠠᠬ᠎ᠠ ᠶᠢᠨ ᠠᠷᠠᠯᠵᠢᠶ᠎ᠠ ᠶᠢᠨ ᠲᠣᠭᠤᠷᠢᠭ᠂ ᠬᠢᠯᠢ ᠰᠤᠨᠳᠠᠯᠠᠭᠰᠠᠨ ᠲᠡᠮᠦᠷ ᠵᠠᠮ᠂ ᠬᠦᠨᠳᠦ ᠠᠴᠢᠶᠠᠨ ᠤ ᠵᠠᠰᠠᠮᠠᠯ ᠵᠠᠮ᠂ ᠨᠡᠪᠲᠡᠷᠡᠬᠦ ᠵᠠᠮ ᠢ ᠥᠭᠡᠷᠡᠴᠢᠯᠡᠨ ᠥᠷᠭᠡᠳᠬᠡᠨ ᠪᠠᠶᠢᠭᠤᠯᠬᠤ᠂ ᠪᠢᠲᠡᠭᠦᠮᠵᠢᠯᠡᠮᠡᠯ ᠬᠡᠯᠪᠡᠷᠢ ᠶᠢᠨ ᠰᠠᠩ ᠬᠥᠮᠥᠷᠭᠡ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠬᠢᠯᠢ ᠪᠠᠷ ᠥᠩᠭᠡᠷᠡᠭᠡᠬᠦ ᠪᠠᠶᠢᠴᠠᠭᠠᠯᠲᠠ᠂ ᠬᠠᠳᠠᠭᠠᠯᠠᠨ ᠨᠥᠭᠡᠴᠡᠯᠡᠬᠦ ᠪᠠᠷᠠᠭᠠᠨ ᠤ ᠭᠦᠢᠯᠭᠡᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠢᠯᠢ ᠶᠢᠨ ᠪᠣᠭᠤᠮᠲᠠ ᠶᠢᠨ ᠪᠠᠷᠠᠭ᠎ᠠ ᠥᠩᠭᠡᠷᠡᠭᠡᠬᠦ ᠬᠡᠮᠵᠢᠶ᠎ᠡ ᠶᠢ ᠮᠢᠩᠭᠠᠨ ᠲᠦᠮᠡᠨ ᠲᠣᠨ ᠠᠴᠠ ᠳᠡᠭᠡᠭᠰᠢ ᠪᠠᠶᠢᠷᠢᠨ ᠳᠤ ᠪᠠᠲᠤᠯᠠᠨ᠎ᠠ᠃ ᠬᠢᠯᠢ ᠶᠢᠨ ᠪᠣᠭᠤᠮᠲᠠ ᠶᠢᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠬᠢᠯᠢ ᠶᠢᠨ ᠪᠣᠭᠤᠮᠲᠠ ᠪᠠ ᠣᠶᠢᠷ᠎ᠠ ᠬᠠᠪᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠵᠤ᠂ ᠤᠯᠤᠰ ᠤᠨ ᠡᠭᠦᠳᠡ ᠵᠡᠷᠭᠡ ᠪᠡᠯᠭᠡ ᠲᠡᠮᠳᠡᠭ ᠤᠨ ᠴᠢᠨᠠᠷᠲᠠᠢ ᠪᠠᠷᠢᠯᠭ᠎ᠠ ᠶᠢ ᠲᠥᠯᠥᠪᠯᠡᠨ ᠪᠠᠶᠢᠭᠤᠯᠤᠨ᠎ᠠ᠃ ᠬᠢᠯᠢ ᠶᠢᠨ ᠪᠣᠭᠤᠮᠲᠠ ᠶᠢᠨ ᠠᠷᠠᠯᠵᠢᠶᠠᠨ ᠤ ᠡᠮᠬᠢ ᠳᠢᠭᠯᠢᠮ ᠢ ᠬᠦᠴᠦᠲᠡᠢ ᠴᠡᠭᠴᠡᠯᠡᠵᠦ᠂ ᠱᠧᠨ ᠬᠤᠸᠠ ᠪᠦᠯᠦᠭᠯᠡᠯ ᠵᠡᠷᠭᠡ ᠠᠵᠤ ᠠᠬᠤᠶᠢᠯᠠᠯ ᠤᠨ ᠮᠣᠩᠭᠤᠯ ᠤᠯᠤᠰ ᠯᠤᠭ᠎ᠠ ᠠᠭᠤᠷᠬᠠᠢ ᠡᠨᠧᠷᠭᠢ ᠶᠢᠨ ᠬᠠᠮᠵᠢᠯᠴᠠᠭ᠎ᠠ ᠬᠢᠬᠦ ᠶᠢ ᠳᠡᠮᠵᠢᠵᠦ᠂ ᠬᠢᠯᠢ ᠶᠢᠨ ᠭᠠᠳᠠᠨᠠᠬᠢ ᠨᠡᠭᠦᠷᠡᠰᠦ ᠵᠡᠰ ᠤᠨ ᠡᠬᠢ ᠪᠠᠶᠠᠯᠢᠭ ᠢ ᠠᠪᠴᠢᠷᠠᠨ ᠡᠳ᠋ᠰᠢᠭᠦᠯᠵᠦ᠂ ᠣᠨᠳᠣᠣᠰᠢᠭᠤᠯᠤᠨ ᠥᠷᠲᠡᠭ ᠢ ᠨᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃ ᠣᠷᠣᠨ ᠪᠦᠰᠡ ᠶᠢᠨ ᠠᠵᠤ ᠠᠬᠤᠢ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂  ᠨᠢᠩᠰᠢᠶᠠ ᠱᠠᠨᠰᠢ ᠭᠠᠨᠰᠦ ᠵᠡᠷᠭᠡ ᠭᠠᠵᠠᠷ ᠣᠷᠣᠨ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠬᠥᠬᠡᠬᠤᠲᠠ ᠪᠤᠭᠤᠲᠤ ᠣᠷᠳᠣᠰ ᠤᠨ ᠠᠵᠤ ᠠᠬᠤᠢ ᠶᠢᠨ ᠲᠣᠭᠤᠷᠢᠭ ᠪᠠ ᠬᠥᠬᠡᠬᠤᠲᠠ ᠪᠤᠭᠤᠲᠤ ᠢᠷᠭᠠᠢ ᠲᠡᠮᠡᠭᠡᠲᠦ ᠶᠢᠨ ᠠᠵᠤ ᠠᠬᠤᠢ ᠶᠢᠨ ᠣᠷᠣᠨ ᠳᠤ ᠭᠦᠨᠵᠡᠭᠡᠢ ᠠᠭᠤᠰᠤᠨ ᠣᠷᠣᠵᠤ᠂ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠲᠣᠰᠣᠨ ᠠᠪᠴᠤ᠂ ᠬᠠᠮᠲᠤᠪᠠᠷ ᠠᠰᠢᠭ ᠤᠯᠬᠤ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃  ︵ᠶᠢᠰᠦ︶ ᠬᠠᠤᠯᠢ ᠪᠠᠷ ᠬᠤᠲᠠ ᠪᠠᠨ ᠵᠠᠰᠠᠬᠤ ᠶᠢ ᠪᠠᠷᠢᠮᠲᠠᠯᠠᠵᠤ᠂ ᠡᠶ᠎ᠡ ᠵᠣᠬᠢᠴᠠᠯᠲᠠᠢ ᠲᠣᠭᠲᠠᠭᠤᠨ ᠤᠷᠴᠢᠨ ᠳᠤᠭᠤᠷᠢᠨ ᠢᠶᠠᠨ ᠬᠠᠮᠠᠭᠠᠯᠠᠨ᠎ᠠ᠃ ᠬᠠᠤᠯᠢᠵᠢᠯ ᠪᠣᠯ ᠨᠡᠶᠢᠭᠡᠮ ᠤᠨ ᠲᠣᠭᠲᠠᠭᠤᠨ ᠤ ᠦᠨᠳᠥᠰᠦᠨ ᠪᠠᠲᠤᠯᠠᠭ᠎ᠠ ᠪᠠᠶᠢᠵᠤ᠂ ᠨᠡᠶᠢᠭᠡᠮ ᠤᠨ ᠡᠷᠬᠡ ᠲᠡᠭᠰᠢ ᠲᠥᠪ ᠭᠤᠣᠯᠴᠢ ᠶᠢ ᠪᠡᠶᠡᠯᠡᠭᠦᠯᠬᠦ ᠦᠨᠳᠥᠰᠦᠨ ᠵᠠᠮ ᠮᠥᠨ᠃ ᠪᠢᠳᠡ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠴᠢᠩᠭ᠎ᠠ ᠪᠠᠷ ᠬᠠᠤᠯᠢ ᠬᠡᠷᠡᠭᠵᠢᠭᠦᠯᠬᠦ᠂ ᠡᠷᠬᠡ ᠲᠡᠭᠰᠢ ᠪᠠᠷ ᠬᠠᠤᠯᠢ ᠪᠠᠷᠢᠬᠤ᠂ ᠪᠦᠬᠦ ᠠᠷᠠᠳ   ᠢᠶᠠᠷ ᠢᠶᠠᠨ ᠬᠠᠤᠯᠢ ᠶᠢ ᠰᠠᠬᠢᠬᠤ ᠶᠢ ᠭᠦᠨᠵᠡᠭᠡᠢ ᠲᠦᠯᠬᠢᠨ ᠠᠬᠢᠭᠤᠯᠵᠤ᠂ ᠬᠠᠤᠯᠢᠵᠢᠯ ᠪᠠᠶᠠᠨᠨᠠᠭᠤᠷ ᠢ ᠴᠢᠷᠮᠠᠶᠢᠨ ᠪᠠᠶᠢᠭᠤᠯᠤᠨ᠎ᠠ᠃  ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢ ᠳᠤ ᠲᠣᠭᠲᠠᠭᠠᠭᠰᠠᠨ ᠡᠷᠬᠡ ᠶᠢᠨ ᠬᠢᠵᠠᠭᠠᠷ᠂ ᠬᠠᠤᠯᠢ ᠳᠤ ᠲᠣᠭᠲᠠᠭᠠᠭᠰᠠᠨ ᠳᠠᠷᠠᠭᠠᠯᠠᠯ ᠪᠠ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠴᠢᠩᠭ᠎ᠠ ᠵᠢᠷᠤᠮᠯᠠᠨ ᠡᠷᠬᠡ ᠪᠠᠨ ᠬᠡᠷᠡᠭᠯᠡᠵᠦ᠂ ᠵᠠᠰᠠᠭ ᠤᠨ ᠣᠷᠳᠣᠨ ᠤ ᠠᠵᠢᠯᠯᠠᠭ᠎ᠠ ᠶᠢ ᠪᠦᠷ ᠬᠠᠤᠯᠢᠵᠢᠯ ᠤᠨ ᠵᠠᠮ ᠳᠤ ᠣᠷᠣᠭᠤᠯᠤᠨ᠎ᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠢ ᠢᠳᠡᠪᠬᠢᠲᠡᠢ ᠬᠠᠮᠵᠢᠯᠴᠠᠨ ᠪᠠᠶᠠᠨᠨᠠᠭᠤᠷ ᠬᠤᠲᠠ ᠶᠢᠨ ᠬᠠᠲᠤᠨ ᠭᠤᠣᠯ ᠤᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢᠨ ᠳᠦᠷᠢᠮ ᠢ ᠲᠣᠭᠲᠠᠭᠠᠨ ᠭᠠᠷᠭᠠᠵᠤ᠂ ᠤᠯᠠᠭᠠᠨᠰᠤᠬᠠᠢ ᠨᠠᠭᠤᠷ ᠤᠨ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠳᠤ ᠬᠠᠤᠯᠢ ᠲᠣᠭᠲᠠᠭᠠᠬᠤ ᠠᠵᠢᠯ ᠢ ᠥᠷᠨᠢᠭᠦᠯᠦᠨ᠎ᠡ᠃ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠤᠯᠢ ᠶᠣᠰᠣᠭᠠᠷ ᠲᠤᠰᠠᠭᠠᠷ ᠡᠷᠬᠡ ᠲᠤᠰᠢᠶᠠᠯ ᠢᠶᠠᠨ ᠭᠦᠢᠴᠡᠳᠬᠡᠬᠦ ᠶᠢ ᠳᠡᠮᠵᠢᠵᠦ᠂ ᠠᠷᠠᠳ ᠣᠯᠠᠨ ᠳᠤ ᠬᠠᠤᠯᠢ ᠴᠠᠭᠠᠵᠠ ᠶᠢᠨ ᠬᠡᠷᠡᠭ ᠪᠣᠯᠭᠠᠨ ᠤ ᠳᠤᠮᠳᠠ ᠠᠴᠠ ᠡᠷᠬᠡ ᠲᠡᠭᠰᠢ ᠲᠥᠪ ᠭᠤᠣᠯᠴᠢ ᠶᠢ ᠰᠡᠷᠡᠭᠳᠡᠭᠦᠯᠦᠨ᠎ᠡ᠃ ᠬᠠᠤᠯᠢᠵᠢᠯ ᠤᠨ ᠰᠡᠳᠬᠢᠴᠡ ᠪᠠ ᠬᠠᠤᠯᠢᠵᠢᠯ ᠤᠨ ᠠᠷᠭ᠎ᠠ ᠬᠡᠯᠪᠡᠷᠢ ᠪᠠᠷ ᠨᠡᠶᠢᠭᠡᠮ ᠤᠨ ᠠᠰᠠᠭᠤᠳᠠᠯ ᠢ ᠰᠢᠢᠳᠪᠦᠷᠢᠯᠡᠵᠦ᠂ ᠨᠡᠶᠢᠭᠡᠮ ᠤᠨ ᠵᠥᠷᠢᠴᠡᠯ ᠢ ᠨᠠᠮᠳᠠᠭᠠᠨ᠂ ᠵᠠᠬᠢᠳᠠᠯ ᠰᠤᠷᠪᠤᠯᠵᠢᠯᠠᠭ᠎ᠠ ᠶᠢᠨ ᠡᠮᠬᠢ ᠳᠢᠭᠯᠢᠮ ᠢ ᠳᠦᠷᠢᠮᠵᠢᠭᠦᠯᠦᠨ᠎ᠡ᠂ ᠬᠠᠤᠯᠢᠴᠢ᠂ ᠠᠯᠪᠠᠨ ᠭᠡᠷᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠬᠠᠤᠯᠢ ᠴᠠᠭᠠᠵᠠ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠡᠶᠡᠳᠡᠭᠦᠯᠭᠡ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠳᠥᠯ ᠢ ᠪᠠᠳᠠᠷᠠᠭᠤᠯᠵᠤ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃  ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠬᠦᠴᠦᠯᠡᠴᠡ ᠶᠢ ᠶᠡᠬᠡᠰᠬᠡᠨ᠎ᠡ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠡᠮ ᠰᠣᠭᠤᠭ ᠤᠨ ᠲᠤᠭ᠎ᠠ ᠪᠠᠷᠢᠮᠲᠠ᠂ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠲᠤᠰᠬᠠᠢ ᠮᠡᠷᠭᠡᠵᠢᠯᠲᠡᠨ ᠴᠢᠳᠠᠪᠤᠷᠢᠲᠠᠨ ᠤ ᠬᠥᠮᠥᠷᠭᠡ ᠶᠢ ᠲᠡᠭᠦᠯᠳᠡᠷᠵᠢᠭᠦᠯᠦᠨ᠂ ᠭᠤᠷᠪᠠᠳᠤᠭᠠᠷ ᠡᠲᠡᠭᠡᠳ ᠤᠨ ᠦᠨᠡᠯᠡᠨ ᠵᠢᠱᠢᠬᠦ ᠲᠣᠭᠲᠠᠴᠠ᠂ ᠠᠶᠤᠯᠭᠦᠢ ᠶᠢᠨ ᠪᠠᠶᠢᠴᠠᠭᠠᠯᠲᠠ ᠶᠢᠨ ᠰᠠᠯᠠᠭ᠎ᠠ ᠮᠥᠴᠢᠷ ᠤᠨ ᠰᠤᠷᠠᠭ ᠵᠠᠩᠭᠢ ᠰᠣᠯᠢᠯᠴᠠᠵᠤ ᠭᠡᠳᠡᠷᠭᠦ ᠲᠤᠰᠬᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠲᠤᠰᠬᠠᠢ ᠲᠥᠷᠥᠯ ᠤᠨ ᠴᠡᠭᠴᠡᠯᠡᠨ ᠵᠠᠰᠠᠯᠲᠠ ᠶᠢᠨ ᠬᠦᠴᠦᠯᠡᠴᠡ ᠶᠢ ᠨᠡᠮᠡᠭᠳᠡᠭᠦᠯᠵᠦ᠂ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠡᠭᠦᠰᠬᠦ ᠶᠢ ᠡᠷᠡᠰ ᠰᠡᠷᠭᠡᠶᠢᠯᠡᠨ᠎ᠡ᠃ ︽ᠳᠥᠷᠪᠡᠨ ᠬᠠᠮᠤᠭ ᠴᠢᠩᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠪᠣᠭᠤᠮᠲᠠ ᠪᠣᠯᠭᠠᠨ ᠢ ᠴᠢᠩᠭ᠎ᠠ ᠰᠠᠬᠢᠵᠤ᠂ ᠤᠯᠤᠰ ᠤᠨ ᠢᠳᠡᠭᠡᠨ ᠤ ᠠᠮᠤᠷ ᠲᠦᠪᠰᠢᠨ ᠬᠤᠲᠠ ᠶᠢᠨ ᠡᠭᠦᠳᠥᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠣᠯᠠᠨ ᠲᠦᠮᠡᠨ ᠳᠤ ᠠᠮᠤᠷ ᠲᠦᠪᠰᠢᠨ ᠰᠡᠳᠬᠢᠯ ᠠᠮᠤᠷ ᠢᠳᠡᠭᠡᠨ ᠢᠳᠡᠭᠦᠯᠦᠨ᠎ᠡ᠃  ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠥᠨ᠎ᠡ᠃ ᠰᠤᠷᠠᠭ ᠵᠠᠩᠭᠢᠵᠢᠯᠲᠠ᠂ ᠰᠦᠯᠵᠢᠶᠡᠵᠢᠯᠲᠡ ᠪᠠᠷ ᠲᠦᠰᠢᠭ ᠪᠣᠯᠭᠠᠭᠰᠠᠨ ᠨᠡᠶᠢᠭᠡᠮ ᠤᠨ ᠠᠮᠤᠷ ᠲᠦᠪᠰᠢᠨ ᠤ ᠵᠠᠰᠠᠯᠲᠠ ᠶᠢᠨ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠦᠷᠳᠡᠭᠦᠯᠦᠯ᠂  ᠬᠤᠤᠷ᠂ ᠵᠣᠭᠤᠰ ᠨᠠᠭᠠᠳᠬᠤ ᠳᠤ ᠬᠤᠯᠪᠣᠭᠳᠠᠭᠰᠠᠨ᠂ ᠮᠥᠩᠭᠦᠨ ᠭᠦᠢᠯᠭᠡᠭᠡᠨ ᠤ ᠮᠡᠬᠡᠯᠡᠯ᠂ ᠬᠠᠤᠯᠢ ᠪᠤᠰᠤ ᠪᠠᠷ ᠪᠡᠯᠡ ᠬᠤᠷᠠᠮᠳᠤᠭᠤᠯᠬᠤ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠂ ᠬᠢᠯᠢ ᠶᠢᠨ ᠬᠠᠮᠢᠶᠠᠷᠤᠨ ᠡᠵᠡᠮᠳᠡᠬᠦ ᠲᠦᠪᠰᠢᠨ ᠢ ᠳᠡᠭᠡᠭᠰᠢᠯᠡᠭᠦᠯᠵᠦ᠂ ︽ᠲᠠᠪᠤ ᠶᠢ ᠡᠷᠡᠰ ᠡᠭᠦᠰᠬᠡᠬᠦ ᠦᠭᠡᠢ︾ ᠪᠠᠶᠢᠬᠤ ᠶᠢ ᠪᠠᠲᠤᠯᠠᠨ᠎ᠠ᠃ ᠨᠠᠮ ᠤᠨ ᠦᠨᠳᠥᠰᠦᠲᠡᠨ ᠤ ᠲᠤᠬᠠᠢ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ ᠂ ᠪᠦᠬᠦ ᠤᠯᠤᠰ ᠤᠨ ᠦᠨᠳᠥᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠡᠭᠦᠳᠥᠨ ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠦ᠂ ᠬᠢᠯᠢ ᠬᠢᠵᠠᠭᠠᠷ ᠢ ᠮᠠᠨᠳᠤᠭᠤᠯᠤᠨ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢ ᠲᠦᠯᠬᠢᠨ ᠠᠬᠢᠭᠤᠯᠵᠤ᠂ ᠬᠤᠳᠠ ᠶᠢᠨ ᠦᠨᠳᠤᠰᠤᠳᠠᠨ ᠤ ᠠᠵᠢᠯ ᠢ ᠴᠢᠬᠤᠯᠠᠴᠢᠯᠠᠨ ᠰᠠᠶᠢᠳᠤᠷ ᠬᠢᠵᠦ᠂ ︽ᠭᠤᠷᠪᠠ ᠬᠠᠷᠢᠯᠴᠠᠨ ᠰᠠᠯᠵᠤ ᠴᠢᠳᠠᠰᠢ ᠦᠭᠡᠢ︾ ︽ᠲᠠᠪᠤ ᠶᠢ ᠵᠥᠪᠰᠢᠶᠡᠷᠡᠬᠦ︾ ᠦᠵᠡᠯ ᠰᠠᠨᠠᠭ᠎ᠠ ᠶᠢ ᠡᠯ᠎ᠡ ᠦᠨᠳᠥᠰᠦᠲᠡᠨ ᠤ ᠠᠷᠠᠳ ᠲᠦᠮᠡᠨ ᠤ ᠰᠡᠳᠬᠢᠯ ᠳᠤ ᠭᠦᠨᠵᠡᠭᠡᠢ ᠦᠨᠳᠥᠰᠦᠯᠡᠭᠦᠯᠵᠦ᠂ ᠡᠯ᠎ᠡ ᠦᠨᠳᠥᠰᠦᠲᠡᠨ ᠤ ᠬᠠᠮᠲᠤᠷᠠᠨ ᠪᠦᠯᠬᠦᠮᠳᠡᠵᠦ ᠲᠡᠮᠡᠴᠡᠬᠦ ᠶᠢ ᠠᠬᠢᠭᠤᠯᠤᠨ᠎ᠠ᠃ ᠱᠠᠰᠢᠨ ᠰᠤᠷᠲᠠᠬᠤᠨ ᠤ ᠤᠴᠢᠷ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠶᠢ ᠢᠳᠡᠪᠬᠢᠲᠡᠢ ᠥᠷᠨᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠳᠡᠮᠵᠢᠵᠦ᠂ ᠨᠡᠶᠢᠭᠡᠮ ᠲᠣᠭᠲᠠᠭᠤᠨ᠂ ᠦᠨᠳᠥᠰᠦᠲᠡᠨ ᠨᠦᠭᠦᠳ ᠪᠦᠯᠬᠦᠮᠳᠡᠯ ᠲᠠᠢ᠂ ᠬᠢᠯᠢ ᠬᠢᠵᠠᠭᠠᠷ ᠠᠮᠤᠷ ᠲᠣᠭᠲᠠᠭᠤᠨ ᠣᠬᠢ ᠰᠠᠶᠢᠨ ᠪᠠᠶᠢᠳᠠᠯ ᠢ ᠪᠠᠬᠢᠵᠢᠭᠦᠯᠦᠨ᠎ᠡ᠃  ︵ᠠᠷᠪᠠ︶ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠪᠠᠷᠢᠮᠲᠠᠯᠠᠵᠤ᠂ ᠠᠷᠠᠳ ᠲᠦᠮᠡᠨ ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠢ ᠪᠦᠳᠦᠬᠡᠨ ᠪᠠᠶᠢᠭᠤᠯᠤᠨ᠎ᠠ᠃ ᠲᠤᠯᠵᠤ ᠢᠷᠡᠭᠰᠡᠨ ᠠᠭᠤᠯᠠ ᠶᠢ ᠲᠤᠭᠤᠯᠵᠤ ᠭᠠᠷᠬᠤ ᠠᠴᠠ ᠲᠣᠭᠤᠷᠢᠵᠤ ᠭᠠᠷᠬᠤ ᠶᠣᠰᠣ ᠦᠭᠡᠢ᠃ ᠪᠢᠳᠡ ᠵᠠᠪᠠᠯ ︽ᠪᠣᠬᠢᠷᠲᠤᠯ ᠦᠭᠡᠢ ᠪᠠᠷ ᠮᠠᠨᠳᠤᠨ ᠬᠥᠭᠵᠢᠵᠦ᠂ ᠵᠢᠶᠠᠩᠨᠠᠨ ᠢ ᠭᠦᠢᠴᠡᠨ ᠳᠠᠪᠠᠭ᠋ᠤ︾ ᠶᠢ ᠪᠡᠶᠡᠯᠡᠭᠦᠯᠬᠦ ᠡᠭᠦᠷᠭᠡ ᠶᠢ ᠡᠭᠦᠷᠭᠡᠯᠡᠵᠦ᠂ ᠲᠦᠮᠡᠨ ᠠᠶᠢᠯ ᠮᠢᠩᠭᠠᠨ ᠡᠷᠦᠬᠡ ᠶᠢᠨ ᠪᠠᠶᠠᠷ ᠵᠣᠪᠠᠨᠢᠯ ᠢ ᠰᠡᠳᠬᠢᠯ ᠳᠡᠭᠡᠨ ᠲᠠᠯᠪᠢᠵᠤ᠂ ᠠᠮᠢ ᠪᠠᠨ ᠪᠣᠳᠣᠬᠤ ᠦᠭᠡᠢ ᠪᠠᠷ ᠣᠯᠠᠨ ᠤ ᠲᠥᠯᠥᠭᠡ ᠵᠢᠳᠬᠦᠵᠦ᠂ ᠲᠤᠰᠢᠶᠠᠯ ᠢᠶᠠᠨ ᠭᠦᠢᠴᠡᠳᠬᠡᠨ ᠬᠠᠷᠢᠭᠤᠴᠠᠯᠭ᠎ᠠ ᠪᠠᠨ ᠪᠡᠶᠡᠯᠡᠭᠦᠯᠵᠦ᠂ ᠠᠷᠠᠳ ᠲᠦᠮᠡᠨ ᠤ ᠰᠠᠶᠢᠨ ᠠᠯᠪᠠᠨ ᠵᠠᠷᠤᠴᠠ ᠪᠣᠯᠣᠨ᠎ᠠ᠃  ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠵᠢᠷᠤᠮ ᠢ ᠪᠠᠲᠤ ᠰᠠᠬᠢᠵᠤ᠂ ︽ᠳᠥᠷᠪᠡᠨ ᠤᠬᠠᠮᠰᠠᠷ︾ ᠣᠨᠴᠠᠭᠠᠶᠢᠯᠠᠨ ᠭᠤᠣᠯᠯᠠᠬᠤ ᠤᠬᠠᠮᠰᠠᠷ᠂ ᠲᠠᠭᠠᠨ ᠰᠤᠷᠤᠯᠴᠠᠬᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠦᠵᠡᠯ ᠰᠠᠨᠠᠭᠠᠨ ᠳᠡᠭᠡᠷ᠎ᠡ ᠪᠠᠨ ᠭᠤᠣᠯᠯᠠᠭᠴᠢ ᠪᠠᠨ ᠴᠢᠩ ᠰᠡᠳᠬᠢᠯ ᠠᠴᠠ ᠪᠠᠨ ᠬᠦᠷᠢᠶᠡᠯᠡᠵᠦ᠂ ᠤᠯᠤᠰ ᠲᠥᠷᠥ ᠳᠡᠭᠡᠷ᠎ᠡ ᠪᠠᠨ ᠭᠤᠣᠯᠯᠠᠭᠴᠢ ᠪᠠᠨ ᠡᠷᠡᠰ ᠬᠠᠮᠠᠭᠠᠯᠠᠵᠤ᠂ ᠵᠤᠬᠢᠶᠠᠨ ᠪᠠᠶᠢᠭᠤᠯᠤᠯᠳᠠ ᠲᠡᠭᠡᠷ᠎ᠡ ᠪᠠᠨ ᠤᠬᠠᠮᠰᠠᠷ ᠠᠴᠠ ᠪᠠᠨ ᠭᠤᠤᠯᠯᠠᠭᠴᠢ ᠪᠠᠨ ᠳᠠᠭᠠᠵᠤ᠂ ᠠᠵᠢᠯᠯᠠᠭ᠎ᠠ ᠳᠡᠭᠡᠷ᠎ᠡ ᠪᠠᠨ ᠭᠤᠣᠯᠯᠠᠭᠴᠢ ᠪᠠᠨ ᠢᠮᠠᠭᠲᠠ ᠴᠢᠩᠭ᠎ᠠ ᠳᠠᠭᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠥᠯᠲᠡᠢ ᠪᠠᠶᠢᠬᠤ ᠶᠢ ᠡᠷᠡᠰ ᠪᠠᠳᠤ ᠤᠬᠠᠮᠰᠠᠷ ᠠᠴᠠ ᠪᠠᠨ ᠲᠠᠭᠠᠨ᠎ᠠ᠃  ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠬᠢᠨᠠᠯᠲᠠ᠂ ᠨᠡᠶᠢᠭᠡᠮ ᠤᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠠᠮ ᠤᠨ ᠳᠦᠷᠢᠮ ᠨᠠᠮ ᠤᠨ ᠰᠠᠬᠢᠯᠭ᠎ᠠ ᠶᠣᠰᠣᠭᠠᠷ ᠲᠤᠰᠢᠶᠠᠯ ᠢᠶᠠᠨ ᠭᠦᠢᠴᠡᠳᠬᠡᠨ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠬᠤᠲᠠ ᠶᠢᠨ ᠨᠠᠮ ᠤᠨ ᠬᠤᠷᠢᠶᠠᠨ ᠤ ᠡᠯ᠎ᠡ ᠲᠥᠷᠥᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ ᠤᠨ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠴᠤ ᠬᠦᠯᠢᠶᠡᠨ ᠠᠪᠤᠨ᠎ᠠ᠃  ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠰᠤᠷᠠᠭ ᠵᠠᠩᠭᠢ ᠶᠢ ᠢᠯᠡ ᠪᠣᠯᠭᠠᠬᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠣᠯᠠᠨ ᠲᠦᠮᠡᠨ ᠤ ᠠᠰᠢᠭ ᠲᠤᠰᠠ ᠲᠠᠢ ᠨᠢᠭᠲᠠ ᠬᠤᠯᠪᠣᠭᠳᠠᠬᠤ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ᠂ ᠪᠠᠲᠤᠯᠠᠭ᠎ᠠ ᠶᠢᠨ ᠣᠷᠣᠨ ᠰᠠᠭᠤᠴᠠ ᠶᠢᠨ ᠬᠤᠪᠢᠶᠠᠷᠢᠯᠠᠯ᠂ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠤᠷᠢᠵᠤ ᠬᠡᠷᠡᠭᠯᠡᠬᠦ ᠵᠡᠷᠭᠡ ᠰᠤᠷᠠᠭ ᠵᠠᠩᠭᠢ ᠶᠢ ᠪᠦᠷ ᠢᠯᠡ ᠪᠠᠷ ᠵᠠᠷᠯᠠᠨ ᠨᠡᠶᠢᠲᠡᠯᠡᠨ᠎ᠡ᠃ ᠡᠯᠧᠺᠲᠷᠣᠨ ᠵᠠᠰᠠᠭ ᠤᠨ ᠶᠠᠪᠤᠳᠠᠯ ᠪᠠ ᠰᠦᠯᠵᠢᠶᠡᠨ ᠳᠡᠭᠡᠷᠡᠬᠢ ᠠᠵᠢᠯ ᠡᠷᠬᠢᠯᠡᠬᠦ ᠶᠢ ᠳᠡᠯᠭᠡᠷᠡᠭᠦᠯᠵᠦ᠂ ᠰᠦᠯᠵᠢᠶᠡᠨ ᠳᠡᠭᠡᠷ᠎ᠡ ᠠᠵᠢᠯ ᠡᠷᠬᠢᠯᠡᠬᠦ ᠲᠣᠮᠣ ᠲᠢᠩᠬᠢᠮ᠂ ᠡᠯᠧᠺᠲᠷᠣᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃  ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠪᠠ ᠬᠤᠲᠠ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠬᠡᠯᠪᠡᠷᠢ ᠳᠤ ᠰᠢᠨ᠎ᠡ ᠶᠢ ᠡᠭᠦᠳᠴᠦ᠂ ᠠᠵᠢᠯ ᠡᠷᠬᠢᠯᠡᠬᠦ ᠠᠰᠢᠭᠯᠠᠮᠵᠢ ᠶᠢ ᠳᠡᠭᠡᠭᠰᠢᠯᠡᠭᠦᠯᠵᠦ᠂ ᠣᠯᠠᠨ ᠲᠦᠮᠡᠨ ᠳᠤ ᠦᠢᠯᠡᠴᠢᠯᠡᠬᠦ ︽ᠬᠠᠮᠤᠭ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃  ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠪᠡᠯᠡ ᠮᠥᠩᠭᠦ ᠶᠢ ᠬᠢᠨᠠᠨ ᠪᠣᠳᠣᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠨ᠂ ᠵᠠᠰᠠᠭ ᠵᠠᠬᠢᠷᠭᠠᠨ ᠤ ᠠᠵᠢᠯᠯᠠᠭ᠎ᠠ ᠠᠪᠬᠤ ᠦᠭᠡᠢ᠂ ᠳᠤᠷ᠎ᠠ ᠪᠠᠷ ᠠᠵᠢᠯᠯᠠᠭ᠎ᠠ ᠠᠪᠬᠤ ᠪᠠ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠠᠵᠢᠯᠯᠠᠭ᠎ᠠ ᠶᠢ ᠡᠷᠡᠰ ᠴᠡᠭᠴᠡᠯᠡᠨ ᠵᠠᠰᠠᠨ᠎ᠠ᠃  ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠰᠠᠬᠢᠯᠭ᠎ᠠ ᠶᠢ ᠵᠥᠷᠢᠴᠡᠭᠰᠡᠨ ᠬᠡᠷᠡᠭ ᠢ ᠴᠢᠩᠭ᠎ᠠ ᠪᠠᠷ ᠪᠠᠶᠢᠴᠠᠭᠠᠨ ᠰᠢᠢᠳᠬᠡᠨ᠎ᠡ᠃ ᠣᠪᠣᠷ ᠰᠤᠷᠲᠠᠯ ᠢ ᠥᠭᠡᠷᠡᠴᠢᠯᠡᠨ ᠰᠠᠶᠢᠵᠢᠷᠠᠭᠤᠯᠬᠤ ᠡᠯ᠎ᠡ ᠲᠥᠷᠥᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠭᠤᠷᠪᠠᠨ ᠵᠦᠢᠯ ᠤᠨ ᠰᠠᠬᠢᠯᠭ᠎ᠠ︾ ᠶᠢ ᠬᠢᠨᠠᠮᠠᠭᠠᠢ ᠭᠦᠢᠴᠡᠳᠬᠡᠨ᠎ᠡ᠃ ᠠᠵᠢᠯ ᠬᠢᠶ᠎ᠡ ᠭᠡᠵᠦ ᠰᠠᠨᠠᠬᠤ᠂ ᠠᠵᠢᠯ ᠢ ᠵᠣᠷᠢᠭᠲᠠᠢ ᠬᠢᠬᠦ ᠡᠨᠡ ᠬᠤᠶᠠᠷ ᠵᠠᠩᠭᠢᠯᠠᠭ᠎ᠠ ᠶᠢ ᠠᠳᠬᠤᠵᠤ᠂ ︽ᠦᠨᠡᠨ ᠪᠣᠳᠠᠲᠠᠢ ᠪᠠᠶᠢᠵᠤ ᠪᠣᠳᠠᠲᠠᠢ ᠪᠠᠷ ᠬᠢᠵᠦ ᠪᠣᠳᠠᠲᠠᠢ ᠪᠦᠲᠦᠮᠵᠢ ᠭᠠᠷᠭᠠᠬᠤ︾ ᠪᠠᠷ ᠬᠡᠮ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠵᠤ ᠂ ᠵᠥᠪ ᠲᠠᠯ᠎ᠠ ᠶᠢᠨ ᠤᠷᠮᠠᠰᠢᠭᠤᠯᠬᠤ ᠲᠣᠭᠲᠠᠴᠠ ᠪᠠ ᠠᠯᠳᠠᠭ᠎ᠠ ᠶᠢ ᠠᠭᠤᠴᠢᠯᠠᠨ ᠵᠠᠯᠠᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠳᠠᠷᠤᠢ ᠳᠤᠨᠢ ᠠᠳᠬᠤᠨ ᠬᠢᠬᠦ᠂ ᠡᠳᠥᠷ ᠰᠥᠨᠢ ᠶᠢ ᠲᠡᠮᠡᠴᠡᠵᠦ᠂ ᠤᠴᠢᠷ ᠪᠣᠯᠭᠠᠨ ᠳᠤ ᠰᠡᠳᠬᠢᠯ ᠲᠠᠯᠪᠢᠵᠤ᠂ ᠶᠣᠰᠣ ᠵᠢᠷᠤᠮ ᠢ ᠴᠢᠩᠭ᠎ᠠ ᠰᠠᠬᠢᠵᠤ᠂ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ᠂ ᠵᠣᠷᠢᠭᠲᠠᠢ ᠡᠭᠦᠷᠭᠡᠯᠡᠬᠦ ᠠᠵᠢᠯ ᠤᠨ ᠰᠤᠷᠲᠠᠯ ᠢ ᠰᠠᠨᠠᠭᠠᠴᠢᠯᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠠᠵᠢᠯᠲᠠᠳ ᠦᠵᠡᠯ ᠰᠠᠨᠠᠭ᠎ᠠ ᠪᠠᠨ ᠴᠢᠨᠠᠭᠰᠢᠳᠠ ᠴᠢᠯᠥᠭᠡᠯᠡᠨ᠂ ᠥᠭᠡᠷᠡᠴᠢᠯᠡᠨ ᠰᠢᠨᠡᠴᠢᠯᠡᠵᠦ᠂ ᠴᠢᠩᠭ᠎ᠠ ᠬᠦᠴᠦᠲᠡᠢ ᠰᠤᠷᠤᠯᠴᠠᠬᠤ ᠤᠬᠠᠮᠰᠠᠷ ᠢ ᠪᠤᠢ ᠪᠣᠯᠭᠠᠵᠤ᠂ ᠴᠢᠳᠠᠪᠤᠷᠢ ᠬᠡᠪ ᠴᠢᠨᠠᠷ ᠢᠶᠠᠨ ᠴᠢᠷᠮᠠᠶᠢᠨ ᠳᠡᠭᠡᠭᠰᠢᠯᠡᠭᠦᠯᠵᠦ᠂ ᠳᠠᠶᠠᠭᠠᠷ ᠢᠶᠠᠨ ᠪᠦᠷ ᠲᠠᠷᠢᠬᠢ ᠪᠠᠨ ᠬᠥᠳᠡᠯᠭᠡᠨ ᠠᠵᠢᠯ ᠢᠶᠠᠨ ᠪᠣᠳᠣᠯᠬᠢᠯᠠᠵᠤ᠂ ᠬᠠᠨᠴᠤᠢ ᠪᠠᠨ ᠰᠢᠮᠠᠯᠠᠨ ᠠᠵᠢᠯ ᠬᠢᠵᠦ᠂ ᠵᠠᠰᠠᠭ ᠤᠨ ᠣᠷᠳᠣᠨ ᠤ ᠭᠦᠢᠴᠡᠳᠬᠡᠬᠦ ᠬᠦᠴᠦᠨ ᠪᠠ ᠠᠵᠢᠯ ᠤᠨ ᠪᠦᠲᠦᠭᠡᠮᠵᠢ ᠶᠢ ᠳᠡᠭᠡᠭᠰᠢᠯᠡᠭᠦᠯᠵᠦ᠂ ᠪᠦᠬᠦ ᠬᠤᠲᠠ ᠳᠠᠶᠠᠭᠠᠷ ᠲᠤ ᠣᠯᠠᠨ ᠪᠦᠭᠦᠳᠡᠭᠡᠷ ᠨᠠᠶᠢᠳᠠᠪᠤᠷᠢᠵᠢᠭᠤᠯᠤᠯᠲᠠ ᠶᠢ ᠠᠳᠬᠤᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃  ᠲᠥᠯᠥᠭᠡᠯᠡᠭᠴᠢᠳ ᠡ᠂ ︽ᠪᠣᠬᠢᠷᠲᠤᠯ ᠦᠭᠡᠢ ᠪᠠᠷ ᠮᠠᠨᠳᠤᠨ ᠬᠥᠭᠵᠢᠵᠦ᠂ ᠵᠢᠶᠠᠩᠨᠠᠨ ᠢ ᠭᠦᠢᠴᠡᠨ ᠳᠠᠪᠠᠭ᠋ᠤ︾ ᠶᠢ ᠪᠡᠶᠡᠯᠡᠭᠦᠯᠬᠦ ᠠᠶᠠᠨ ᠵᠠᠮ ᠨᠢᠭᠡᠨᠲᠡ ᠡᠬᠢᠯᠡᠵᠡᠢ᠃ ᠪᠢᠳᠡ ᠪᠦᠭᠦᠳᠡᠭᠡᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩᠳᠡ ᠨᠢᠭᠲᠠᠷᠠᠨ ᠪᠦᠯᠬᠦᠮᠳᠡᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠴᠤᠴᠠᠯᠲᠠ ᠦᠭᠡᠢ ᠤᠷᠤᠭᠰᠢᠯᠠᠵᠤ᠂ ᠪᠠᠶᠠᠨ ᠲᠠᠩᠰᠤᠭ ᠪᠣᠯᠪᠠᠰᠤᠨ ᠪᠣᠬᠢᠷᠲᠤᠯ ᠦᠭᠡᠢ ᠵᠣᠯ ᠵᠢᠷᠭᠠᠯᠲᠤ ᠪᠠᠶᠠᠨᠨᠠᠭᠤᠷ ᠢ ᠲᠦᠷᠭᠡᠳᠬᠡᠨ ᠪᠠᠶᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠪᠠ ᠨᠠᠮ ᠤᠨ ᠠᠷᠪᠠ ᠶᠢᠰᠦᠳᠥᠭᠡᠷ ᠶᠡᠭᠡ ᠬᠤᠷᠠᠯ ᠤᠨ  ᠢᠯᠠᠯᠳᠠ ᠲᠠᠢ ᠬᠤᠷᠠᠯᠳᠤᠬᠤ ᠶᠢ ᠤᠭᠲᠤᠵᠠᠭᠠᠶ᠎ᠠ︕
ᠢᠷᠡᠯᠲᠡ᠄ ᠳᠤᠰ ᠰᠦᠯᠵᠢᠶ᠎ᠠ