︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠤᠬᠠᠶ ᠪᠠᠶᠢᠯᠳᠤᠬᠤ | ᠪᠣᠳᠣᠯᠭ᠎ᠠ᠂ ᠴᠢᠭᠯᠡᠯᠲᠡ᠂ ᠲᠥᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠤᠷᠲᠤ ᠬᠤᠭᠤᠴᠠᠭᠠᠨ ᠤ ᠲᠥᠯᠥᠪᠵᠢᠭᠦᠯᠪᠡ ᠪᠠ ᠤᠨ ᠤ ᠲᠥᠯᠥᠪᠯᠡᠭᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠠᠬᠤᠶ ᠨᠡᠶᠢᠭᠡᠮ ᠤᠨ ᠬᠦᠭᠵᠢᠯᠳᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠪᠦᠬᠦ | ᠬᠤᠲᠠ ᠶᠢᠨ ᠠᠵᠤ ᠠᠬᠤᠢ ᠶᠢᠨ ᠪᠠᠶᠢᠳᠠᠯ ᠢ ᠰᠤᠳᠤᠯᠤᠨ ᠵᠠᠳᠠᠯᠵᠤ᠂ ᠪᠦᠬᠦ ᠬᠤᠲᠠ ᠶᠢᠨ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ᠂ ᠦᠨ᠎ᠡ | ᠬᠠᠩᠰᠢ ᠶᠢᠨ ᠶᠡᠷᠦᠩᠬᠡᠶ ᠬᠢᠷᠢ ᠬᠡᠮᠵᠢᠶ᠎ᠡ ᠶᠢ ᠲᠤᠬᠢᠷᠠᠭᠤᠯᠤᠨ ᠡᠵᠡᠮᠳᠡᠬᠦ ᠪᠠ ᠴᠢᠬᠤᠯᠠ ᠶᠡᠭᠡ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ᠂ | ᠲᠥᠷᠦ ᠶᠢᠨ ᠪᠣᠳᠣᠯᠭ᠎ᠠ ᠶᠢ ᠳᠤᠷᠠᠳᠤᠨ ᠭᠠᠷᠭᠠᠨ᠎ᠠ︔ ᠡᠯ᠎ᠡ ᠵᠦᠢᠯ ᠤᠨ ᠠᠵᠤ ᠠᠬᠤᠢ ᠶᠢᠨ ᠠᠷᠭ᠎ᠠ ᠪᠠᠷᠢᠯ ᠪᠠ ᠲᠥᠷᠦ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠬᠦ | ᠰᠠᠨᠠᠭᠤᠯᠭ᠎ᠠ ᠳᠤᠷᠠᠳᠴᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠮᠡᠳᠡᠭᠦᠯᠦᠯᠲᠡ ᠶᠢ ᠳᠡᠪᠰᠢᠬᠦᠯᠦᠨ᠎ᠡ᠃ | ︵ᠬᠤᠶᠠᠷ︶ ᠪᠦᠬᠦ ᠬᠤᠲᠠ ᠶᠢᠨ ᠬᠤᠷᠸ᠎ᠠ ᠠᠵᠤ ᠠᠬᠤᠢ ᠪᠠ ᠨᠡᠶᠢᠬᠡᠮ ᠤᠨ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠬᠦ ᠶᠢ ᠬᠠᠷᠢᠭᠤᠴᠠᠵᠤ᠂ ᠤᠷᠢᠳᠴᠢᠯᠠᠨ | ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠪᠦᠬᠦ ᠬᠤᠲᠠ ᠶᠢᠨ ᠬᠤᠷᠸ᠎ᠠ | ᠠᠵᠤ ᠠᠬᠤᠢ ᠶᠢᠨ ᠡᠷᠬᠢᠯᠳᠡ᠂ ᠶᠡᠷᠦᠩᠬᠡᠢ ᠬᠡᠮᠵᠢᠶ᠎ᠡ ᠶᠢ ᠲᠡᠩᠴᠡᠭᠦᠷᠢᠲᠡᠢ ᠪᠠᠶᠢᠯᠭᠠᠬᠤ᠂ ᠠᠵᠤ ᠠᠬᠤᠢ ᠶᠢᠨ ᠠᠮᠤᠷ ᠲᠦᠪᠰᠢᠨ ᠪᠠ ᠶᠡᠷᠦᠩᠬᠡᠢ ᠠᠵᠤ ᠦᠢᠯᠡᠰ ᠤᠨ | ᠠᠮᠤᠷ ᠲᠦᠪᠰᠢᠨ ᠵᠡᠷᠭᠡ ᠴᠢᠬᠤᠯᠠ ᠠᠰᠠᠭᠤᠳᠠᠯ ᠢ ᠰᠤᠳᠤᠯᠬᠤ ᠶᠢᠨ ᠬᠠᠮᠲᠤ ᠬᠤᠷᠸ᠎ᠠ ᠲᠣᠬᠢᠷᠠᠭᠤᠯᠤᠯ ᠡᠵᠡᠮᠳᠡᠯ ᠤᠨ ᠲᠥᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ | ᠳᠤᠷᠠᠳᠤᠨ᠎ᠠ᠃ ᠠᠵᠤ ᠠᠬᠤᠢ ᠶᠢᠨ ᠡᠷᠬᠢᠯᠳᠡ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠵᠤ᠂ ᠠᠵᠤ ᠠᠬᠤᠢ ᠶᠢᠨ | ᠡᠷᠬᠢᠯᠳᠡ ᠳᠤ ᠲᠣᠬᠢᠷᠠᠭᠤᠯᠤᠯᠲᠠ ᠬᠢᠵᠦ᠂ ᠴᠢᠬᠤᠯᠠ ᠡᠳ᠋ ᠪᠣᠳᠠᠰ ᠢ ᠪᠠᠴᠢᠮ ᠲᠣᠬᠢᠷᠠᠭᠤᠯᠬᠤ ᠪᠠ ᠵᠠᠮ ᠲᠡᠭᠡᠭᠡᠪᠦᠷᠢ ᠶᠢᠨ ᠵᠣᠬᠢᠴᠠᠭᠤᠯᠭ᠎ᠠ ᠶᠢ ᠵᠣᠬᠢᠶᠠᠨ | ᠪᠠᠶᠢᠭᠤᠯᠬᠤ ᠶᠢ ᠬᠠᠷᠢᠭᠤᠴᠠᠨ᠎ᠠ᠃ | ︵ᠭᠤᠷᠪᠠ︶ ᠪᠦᠬᠦ ᠬᠤᠲᠠ ᠶᠢᠨ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠲᠠᠯ᠎ᠠ ᠶᠢᠨ ᠪᠠᠶᠢᠳᠠᠯ ᠢ ᠬᠤᠷᠢᠶᠠᠩᠭᠤᠶᠢᠯᠠᠨ ᠵᠠᠳᠠᠯᠬᠤ ᠶᠢ ᠬᠠᠷᠢᠭᠤᠴᠠᠵᠤ᠂ | ᠪᠦᠬᠦ ᠬᠤᠲᠠ ᠶᠢᠨ ᠡᠳ᠋ ᠤᠨ ᠵᠠᠰᠠᠭ᠂ ᠮᠥᠩᠭᠦᠨ ᠭᠦᠢᠯᠭᠡᠭᠡ᠂ ᠭᠠᠵᠠᠷ ᠰᠢᠷᠣᠢ ᠶᠢᠨ ᠲᠥᠷᠦ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠡᠳ᠋ ᠤᠨ ᠵᠠᠰᠠᠭ | ᠂ ᠮᠥᠩᠭᠦᠨ ᠭᠦᠢᠯᠭᠡᠭᠡ᠂ ᠭᠠᠵᠠᠷ ᠰᠢᠷᠣᠢ ᠶᠢᠨ ᠲᠥᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠶᠡᠷᠦᠩᠬᠡᠶᠢᠯᠡᠨ ᠵᠠᠳᠠᠯᠤᠨ᠎ᠠ᠃ ᠪᠦᠬᠦ | ᠬᠤᠲᠠ ᠶᠢᠨ ᠪᠦᠬᠦ ᠰᠢᠰᠲ᠋ᠧᠮ ᠤᠨ ᠭᠠᠳᠠᠭᠠᠳᠤ ᠵᠢᠭᠡᠯᠡᠯᠭᠡ ᠶᠢᠨ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠪᠦᠲᠦᠴᠡ ᠶᠢ ᠰᠢᠯᠢᠳᠡᠭᠵᠢᠭᠦᠯᠬᠦ ᠪᠠ ᠬᠢᠨᠠᠨ ᠬᠡᠮᠵᠢᠬᠦ | ᠠᠵᠢᠯ ᠢ ᠬᠠᠷᠢᠭᠤᠴᠠᠨ᠎ᠠ᠃ | ︵ᠲᠦᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠳᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠪᠦᠬᠦ ᠬᠤᠲᠠ ᠶᠢᠨ ᠦᠨ᠎ᠡ ᠬᠠᠩᠰᠢ ᠶᠢ ᠲᠤᠬᠢᠷᠠᠭᠤᠯᠤᠨ ᠡᠵᠡᠮᠳᠡᠬᠦ ᠬᠠᠷᠠᠯᠲᠠ ᠶᠢ ᠳᠤᠷᠠᠳᠤᠨ᠎ᠠ︔ ᠥᠪᠡᠷᠲᠡᠭᠡᠨ ᠵᠠᠰᠠᠬᠤ | ᠣᠷᠣᠨ ᠤ ᠬᠤᠲᠠ ᠳᠤ ᠨᠠᠶᠢᠳᠠᠨ ᠬᠠᠮᠢᠶᠠᠷᠤᠭᠤᠯᠤᠭᠰᠠᠨ ᠲᠠᠸᠠᠷ ᠤᠨ ᠦᠢᠯᠡᠴᠢᠯᠡᠭᠡ ᠪᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ | ︔ ᠦᠨ᠎ᠡ ᠬᠠᠩᠰᠢ ᠶᠢᠨ ᠲᠥᠷᠦ ᠶᠢᠨ ᠪᠣᠳᠣᠯᠭ᠎ᠠ ᠶᠢᠨ ᠬᠡᠷᠡᠭᠵᠢᠬᠦᠯᠦᠯᠳᠡ ᠳᠤ ᠬᠢᠨᠠᠨ ᠪᠠᠶᠢᠴᠠᠭᠠᠯᠳᠠ ᠬᠢᠬᠦ ᠶᠢ ᠬᠠᠷᠢᠭᠤᠴᠠᠵᠤ᠂ ᠪᠦᠬᠦ ᠬᠤᠲᠠ ᠶᠢᠨ ᠦᠨ᠎ᠡ | ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠ ᠦᠨ᠎ᠡ ᠬᠠᠩᠰᠢ ᠶᠢᠨ ᠭᠠᠭᠴᠠᠭᠠᠷ ᠡᠵᠡᠮᠰᠢᠯ ᠤᠨ ᠦᠢᠯᠡ ᠠᠵᠢᠯᠯᠠᠭ᠎ᠠ ᠵᠡᠷᠭᠡ ᠶᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ︵ᠲᠠᠪᠤ︶ ᠪᠦᠬᠦ ᠬᠤᠲᠠ ᠶᠢᠨ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠬᠤ | ᠬᠠᠷᠢᠭᠤᠴᠠᠯᠭ᠎ᠠ ᠶᠢ ᠡᠭᠦᠷᠭᠡᠯᠡᠵᠦ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠭᠠᠳᠠᠭᠰᠢ ᠨᠡᠭᠡᠭᠡᠯᠲᠡ ᠬᠢᠬᠦ ᠴᠢᠬᠤᠯᠠ ᠶᠡᠭᠡ ᠠᠰᠠᠭᠤᠳᠠᠯ ᠢ | ᠰᠤᠳᠤᠯᠵᠤ᠂ ᠶᠡᠷᠦᠩᠬᠡᠶᠢᠯᠡᠭᠰᠡᠨ ᠴᠢᠨᠠᠷᠲᠠᠶ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠵᠤ᠂ | ᠬᠤᠯᠪᠣᠭᠳᠠᠯ ᠪᠦᠬᠦᠢ ᠲᠤᠰᠬᠠᠶ ᠵᠦᠢᠯ ᠤᠨ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ ᠢ ᠵᠣᠬᠢᠴᠠᠭᠤᠯᠤᠨ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠴᠢᠬᠤᠯᠠ ᠲᠤᠰᠬᠠᠶ ᠵᠦᠢᠯ ᠤᠨ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠭᠤᠷᠣᠨᠳᠣᠬᠢ ᠵᠣᠯᠭᠠᠯᠲᠠ ᠶᠢ ᠰᠠᠶᠢᠲᠤᠷ | ᠬᠢᠵᠦ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠪᠠ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠠᠵᠢᠯ ᠢ | ᠵᠢᠯᠣᠭᠤᠳᠤᠨ᠎ᠠ᠃ | ︵ᠵᠢᠷᠭᠤᠭ᠎ᠠ︶ ᠪᠦᠬᠦ ᠬᠤᠲᠠ ᠶᠢᠨ ᠴᠢᠬᠤᠯᠠ ᠶᠡᠭᠡ ᠪᠦᠲᠦᠭᠡᠨ ᠪᠠᠢᠭᠤᠯᠤᠯᠲᠠ ᠶᠢᠨ ᠲᠥᠷᠦᠯ ᠵᠦᠢᠯ ᠪᠠ ᠦᠢᠯᠡᠳᠪᠦᠷᠢᠯᠡᠯ ᠤᠨ ᠬᠦᠴᠦᠨ ᠤ | ᠪᠠᠶᠢᠷᠢᠰᠢᠭᠤᠯᠤᠯᠳᠠ ᠶᠢ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ ᠨᠡᠶᠢᠬᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ | ᠬᠡᠪᠴᠢᠶ᠎ᠡ ᠪᠠ ᠪᠡᠯᠡ ᠣᠷᠣᠭᠤᠯᠤᠯᠲᠠ ᠶᠢᠨ ᠪᠦᠲᠦᠴᠡ ᠶᠢᠨ ᠲᠣᠬᠢᠷᠠᠭᠤᠯᠤᠯ ᠡᠵᠡᠮᠳᠡᠯ ᠤᠨ ᠬᠠᠷᠠᠯᠲᠠ᠂ ᠲᠥᠷᠦ ᠶᠢᠨ ᠪᠣᠳᠣᠯᠭ᠎ᠠ ᠵᠢᠴᠢ ᠠᠷᠭ᠎ᠠ ᠬᠡᠮᠵᠢᠶ᠎ᠡ ᠶᠢ | ᠲᠤᠭᠤᠷᠪᠢᠵᠤ᠂ ᠵᠠᠰᠠᠭ ᠤᠨ ᠣᠷᠳᠣᠨ ᠠᠴᠠ ᠪᠡᠯᠡ ᠣᠷᠣᠭᠤᠯᠬᠤ ᠪᠠ ᠴᠢᠬᠤᠯᠠ ᠶᠡᠭᠡ ᠪᠦᠲᠦᠭᠡᠨ ᠪᠠᠢᠭᠤᠯᠤᠯᠲᠠ ᠶᠢᠨ ᠲᠥᠷᠦᠯ ᠵᠦᠢᠯ ᠳᠤ ᠬᠤᠯᠪᠣᠭᠳᠠᠬᠤ ᠲᠤᠰᠬᠠᠢ | ᠲᠥᠷᠥᠯ ᠤᠨ ᠲᠥᠯᠥᠪᠵᠢᠭᠦᠯᠭᠡ ᠶᠢ ᠵᠣᠯᠭᠠᠯᠳᠤᠭᠤᠯᠤᠨ ᠲᠡᠩᠴᠡᠭᠦᠷᠢᠰᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠬᠢᠨᠠᠨ ᠵᠥᠪᠰᠢᠶᠡᠷᠡᠭᠰᠡᠨ | ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠬᠤ ᠶᠢᠨ ᠬᠠᠮᠲᠤ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ᠃ ᠲᠥᠪ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠬᠢᠨᠠᠨ ᠬᠠᠷᠭᠤᠭᠤᠯᠵᠤ ᠭᠤᠶᠤᠴᠢᠯᠠᠨ | ᠮᠡᠳᠡᠭᠦᠯᠵᠦ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠴᠢᠬᠤᠯᠠ ᠶᠡᠭᠡ ᠭᠠᠳᠠᠭᠠᠳᠤ ᠳᠤ ᠬᠤᠯᠪᠣᠭᠳᠠᠬᠤ ᠲᠥᠷᠥᠯ ᠵᠦᠢᠯ ᠪᠣᠯᠤᠨ ᠶᠡᠭᠡ | ᠲᠣᠭᠠᠨ ᠤ ᠭᠤᠪᠢᠭᠤᠯᠭ᠎ᠠ ᠳᠤ ᠬᠡᠷᠡᠭᠯᠡᠬᠦ ᠪᠡᠯᠡ ᠣᠷᠣᠭᠤᠯᠤᠯᠲᠠ ᠶᠢᠨ ᠵᠦᠢᠯ ᠢ ᠳᠤᠭᠳᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠢᠨᠠᠨ ᠵᠥᠪᠰᠢᠶᠡᠷᠡᠵᠦ᠂ | ᠬᠢᠨᠠᠨ ᠬᠠᠷᠭᠤᠭᠤᠯᠤᠨ᠎ᠠ᠃ ᠪᠦᠬᠦ ᠬᠤᠲᠠ ᠶᠢᠨ ᠭᠠᠳᠠᠭᠠᠳᠤ ᠵᠢᠭᠡᠯᠡᠯᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠯᠡᠯᠲᠡ ᠶᠢ ᠵᠢᠯᠣᠭᠤᠳᠬᠤ ᠪᠠ | ᠲᠡᠭᠦᠨ ᠳᠤ ᠬᠢᠨᠠᠯᠲᠠ ᠲᠠᠯᠪᠢᠵᠤ᠂ ᠠᠷᠠᠳ ᠤᠨ ᠪᠡᠯᠡ ᠣᠷᠣᠭᠤᠯᠤᠯᠲᠠ ᠶᠢᠨ ᠴᠢᠭᠯᠡᠯ ᠢ ᠬᠥᠲᠥᠯᠥᠨ ᠵᠢᠯᠣᠭᠤᠳᠴᠤ᠂ ᠭᠠᠳᠠᠭᠠᠳᠤ ᠪᠡᠯᠡ ᠶᠢ ᠠᠰᠢᠭᠯᠠᠬᠤ ᠪᠠ | ᠬᠢᠯᠢ ᠶᠢᠨ ᠭᠠᠳᠠᠨ᠎ᠠ ᠪᠡᠯᠡ ᠣᠷᠣᠭᠤᠯᠬᠤ ᠶᠢ ᠲᠥᠯᠥᠪᠵᠢᠭᠦᠯᠬᠦ᠂ ᠶᠡᠷᠦᠩᠬᠡᠶ ᠬᠡᠮᠵᠢᠶ᠎ᠡ ᠶᠢ ᠲᠡᠩᠴᠡᠭᠦᠯᠬᠦ᠂ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ ᠪᠠ | ᠲᠥᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ ᠢᠨᠵᠧᠨᠧᠷᠢᠩ ᠤᠨ ᠯᠠᠪᠯᠠᠯᠭ᠎ᠠ ᠶᠢᠨ ᠦᠢᠯᠡᠰ ᠤᠨ ᠬᠥᠭᠵᠢᠯᠲᠡ ᠶᠢ ᠵᠢᠯᠣᠭᠤᠳᠤᠨ᠎ᠠ᠃ | ︵ᠳᠣᠯᠤᠭ᠎ᠠ︶ ᠪᠦᠬᠦ ᠬᠤᠲᠠ ᠶᠢᠨ ᠠᠵᠤ ᠠᠬᠤᠢ ᠶᠢᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠶᠢ ᠠᠬᠢᠭᠤᠯᠵᠤ᠂ | ᠶᠡᠷᠦᠩᠬᠡᠢᠯᠡᠭᠰᠡᠨ ᠴᠢᠨᠠᠷᠲᠠᠢ ᠠᠵᠤ ᠦᠢᠯᠡᠰ ᠤᠨ ᠲᠥᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ | ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢ ᠬᠠᠷᠢᠭᠤᠴᠠᠬᠤ ᠶᠢᠨ ᠬᠠᠮᠲᠤ ᠬᠠᠮᠢᠶ᠎ᠠ ᠪᠦᠬᠦᠢ ᠬᠥᠭᠵᠢᠯᠲᠡ ᠶᠢᠨ | ᠲᠦᠯᠦᠪᠵᠢᠬᠦᠯᠬᠡ ᠪᠠ ᠴᠢᠬᠤᠯᠠ ᠶᠡᠭᠡ ᠲᠥᠷᠦ ᠶᠢᠨ ᠪᠣᠳᠣᠯᠭ᠎ᠠ ᠶᠢ ᠵᠣᠯᠭᠠᠯᠳᠤᠭᠤᠯᠤᠨ ᠲᠡᠩᠴᠡᠭᠦᠷᠢᠰᠢᠭᠦᠯᠵᠦ᠂ ᠪᠦᠬᠦ ᠬᠤᠲᠠ ᠶᠢᠨ ᠤᠯᠤᠰ ᠠᠷᠠᠳ ᠤᠨ ᠠᠵᠤ | ᠠᠬᠤᠢ ᠪᠠ ᠨᠡᠶᠢᠬᠡᠮ ᠤᠨ ᠬᠥᠭᠵᠢᠯᠲᠡ ᠶᠢᠨ ᠲᠦᠯᠦᠪᠵᠢᠬᠦᠯᠭᠡ᠂ ᠲᠥᠯᠥᠪᠯᠡᠭᠡ ᠲᠠᠢ ᠵᠣᠯᠭᠠᠯᠳᠤᠭᠤᠯᠤᠨ ᠲᠡᠩᠴᠡᠭᠦᠷᠢᠰᠢᠭᠦᠯᠬᠦ ᠶᠢ ᠰᠠᠶᠢᠳᠤᠷ ᠬᠢᠨ᠎ᠡ︔ ᠲᠠᠷᠢᠶᠠᠯᠠᠩ | ᠮᠠᠯ ᠠᠵᠤ ᠠᠬᠤᠶ ᠪᠠ ᠬᠥᠳᠡᠭᠡ ᠲᠣᠰᠬᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠶᠢ ᠵᠤᠬᠢᠴᠠᠭᠤᠯᠤᠨ᠎ᠠ︔ ᠪᠦᠬᠦ | ᠬᠤᠲᠠ ᠶᠢᠨ ᠦᠢᠯᠡᠴᠢᠯᠡᠭᠡᠨ ᠤ ᠦᠢᠯᠡᠰ᠂ ᠣᠳᠣ ᠦᠶ᠎ᠡ ᠶᠢᠨ ᠪᠣᠳᠠᠰ ᠤᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ | ᠲᠦᠯᠦᠪᠵᠢᠬᠦᠯᠭᠡ ᠪᠠ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠬᠠᠮᠢᠶ᠎ᠠ ᠪᠦᠬᠦᠢ ᠠᠰᠠᠭᠤᠳᠠᠯ ᠢ ᠵᠣᠬᠢᠴᠠᠭᠤᠯᠤᠨ᠎ᠠ︔ ᠳᠡᠭᠡᠳᠦ ᠮᠡᠷᠭᠡᠵᠢᠯ ᠤᠨ | ᠠᠵᠤ ᠦᠢᠯᠡᠰ ᠤᠨ ᠬᠥᠭᠵᠢᠯᠲᠡ᠂ ᠠᠵᠤ ᠦᠢᠯᠡᠰ ᠤᠨ ᠮᠡᠷᠭᠡᠵᠢᠯ ᠤᠨ ᠳᠠᠪᠰᠢᠯᠲᠠ᠂ ᠠᠵᠤ ᠦᠢᠯᠡᠰ ᠤᠨ ᠳᠡᠰ ᠳᠡᠪᠰᠢᠬᠦ ᠲᠦᠯᠦᠪᠵᠢᠬᠦᠯᠬᠡ ᠪᠣᠯᠤᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠡᠷᠭᠡ | ᠲᠠᠯ᠎ᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵ᠨᠠᠢᠮᠠ︶ ᠪᠦᠬᠦ ᠬᠤᠲᠠ ᠶᠢᠨ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠪᠠᠶᠢᠯᠳᠤᠬᠤ ᠪᠣᠳᠣᠯᠭ᠎ᠠ ᠪᠠ ᠲᠥᠷᠦ ᠶᠢᠨ ᠪᠣᠳᠣᠯᠭ᠎ᠠ ᠶᠢᠨ | ᠰᠠᠨᠠᠭᠤᠯᠭ᠎ᠠ ᠶᠢ ᠰᠤᠳᠤᠯᠤᠨ ᠳᠤᠷᠠᠳᠴᠤ᠂ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠬᠢᠨᠠᠯᠲᠠ ᠲᠠᠯᠪᠢᠨ ᠬᠡᠷᠡᠭᠵᠢᠭᠦᠯᠦᠨ᠎ᠡ︔ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠲᠤᠬᠠᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠤᠭᠤᠷᠪᠢᠨ | ᠪᠢᠴᠢᠨ᠎ᠡ︔ ᠡᠨᠧᠷᠭᠢ ᠶᠢᠨ ᠨᠡᠭᠡᠭᠡᠯᠲᠡ ᠶᠢᠨ ᠲᠤᠭ᠎ᠠ ᠪᠦᠷᠢᠳᠬᠡᠯ ᠤᠨ ᠲᠣᠬᠢᠷᠠᠭᠤᠯᠭ᠎ᠠ᠂ ᠲᠥᠰᠦᠭᠡᠯᠡᠵᠦ ᠰᠡᠷᠡᠮᠵᠢᠯᠡᠭᠦᠯᠬᠦ᠂ ᠡᠨᠧᠷᠭᠢ ᠶᠢᠨ ᠮᠡᠳᠡᠭᠡ ᠵᠠᠩᠭᠢ | ᠨᠡᠶᠢᠲᠡᠯᠡᠬᠦ ᠶᠢ ᠬᠠᠷᠢᠭᠤᠴᠠᠵᠤ᠂ ᠡᠨᠧᠷᠭᠢ ᠶᠢᠨ ᠠᠵᠢᠯᠯᠠᠭᠠᠨ ᠤ ᠲᠣᠬᠢᠷᠠᠭᠤᠯᠭ᠎ᠠ ᠪᠠ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠳᠤ ᠣᠷᠣᠯᠴᠠᠨ᠎ᠠ᠃ ᠪᠦᠬᠦ | ᠬᠤᠲᠠ ᠶᠢᠨ ᠡᠨᠧᠷᠭᠢ ᠶᠢᠨ ᠨᠡᠭᠡᠭᠡᠯᠲᠡ ᠶᠢᠨ ᠡᠨᠧᠷᠭᠢ ᠠᠷᠪᠢᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠬᠠᠷᠢᠭᠤᠴᠠᠵᠤ᠂ ᠡᠨᠧᠷᠭᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠳᠠᠪᠰᠢᠯᠲᠠ᠂ ᠢᠵᠢ ᠪᠦᠷᠢᠳᠦᠭᠰᠡᠨ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ ᠰᠢᠩᠭᠡᠭᠡᠨ ᠠᠪᠴᠤ ᠰᠢᠨ᠎ᠡ ᠶᠢ ᠡᠭᠦᠳᠬᠦ ᠶᠢ | ᠵᠢᠯᠣᠭᠤᠳᠴᠤ᠂ ᠬᠠᠮᠢᠶ᠎ᠠ ᠪᠦᠬᠦᠢ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠪᠠ ᠰᠢᠨ᠎ᠡ ᠪᠦᠲᠦᠭᠡᠭᠳᠡᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ | ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ︵ᠶᠢᠰᠦ︶ ᠪᠥᠬᠦ ᠬᠤᠲᠠ ᠶᠢᠨ ᠨᠡᠭᠦᠷᠡᠰᠦ᠂ ᠴᠠᠬᠢᠯᠭᠠᠨ ᠬᠦᠴᠦ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ᠂ ᠰᠢᠨ᠎ᠡ ᠡᠨᠧᠷᠭᠢ ᠪᠠ ᠳᠠᠬᠢᠨ | ᠡᠭᠦᠰᠴᠦ ᠪᠣᠯᠬᠤ ᠡᠨᠧᠷᠭᠢ ᠶᠢᠨ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠡᠨᠧᠷᠭᠢ ᠶᠢᠨ ᠰᠤᠷᠪᠤᠯᠵᠢ ᠶᠢᠨ | ᠦᠢᠯᠡᠳᠪᠦᠷᠢᠯᠡᠯ ᠤᠨ ᠪᠦᠲᠦᠭᠡᠨ ᠪᠠᠶᠢᠭᠤᠯᠤᠯᠲᠠ ᠪᠠ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠵᠣᠯᠭᠠᠯᠳᠤᠭᠤᠯᠬᠤ︔ ᠲᠣᠭᠲᠠᠭᠰᠠᠨ ᠡᠷᠬᠡ ᠮᠡᠳᠡᠯ ᠤᠨ | ᠬᠡᠪᠴᠢᠶᠡᠨ ᠳᠤ ᠪᠦᠬᠦ ᠬᠤᠲᠠ ᠶᠢᠨ ᠡᠨᠧᠷᠭᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠠᠵᠤ ᠦᠢᠯᠡᠰ ᠤᠨ ᠳᠡᠰ ᠳᠠᠪᠰᠢᠯᠲᠠ︶ ᠶᠢᠨ ᠲᠥᠷᠦᠯ ᠵᠦᠢᠯ ᠢ | ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠦᠨ᠎ᠡ︔ ᠲᠠᠷᠢᠶᠠᠯᠠᠬᠤ ᠮᠠᠯᠵᠢᠬᠤ ᠣᠷᠣᠨ ᠤ ᠡᠨᠧᠷᠭᠢ ᠶᠢᠨ ᠨᠡᠭᠡᠭᠡᠯᠲᠡ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ | ︵ᠠᠷᠪᠠ︶ ᠤᠯᠤᠰ ᠠᠴᠠ ᠴᠢᠯᠠᠭᠤᠨ ᠲᠣᠰᠣ ᠨᠥᠭᠡᠴᠡᠯᠡᠬᠦ ᠲᠦᠯᠦᠪᠵᠢᠬᠦᠯᠬᠡ᠂ ᠲᠥᠯᠥᠪᠯᠡᠭᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠬᠤᠲᠠ ᠶᠢᠨ | ᠳᠤᠳᠤᠨ᠎ᠠ ᠭᠠᠳᠠᠨᠠᠬᠢ ᠴᠢᠯᠠᠭᠤᠨ ᠲᠣᠰᠣᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠤᠪᠢᠷᠠᠯᠲᠠ ᠶᠢ ᠡᠵᠡᠮᠰᠢᠵᠦ᠂ ᠬᠤᠲᠠ ᠶᠢᠨ ᠳᠣᠲᠣᠷᠠᠬᠢ | ᠴᠢᠯᠠᠭᠤᠨ ᠲᠣᠰᠣᠨ ᠤ ᠨᠥᠭᠡᠴᠡ ᠶᠢᠨ ᠪᠠᠷᠠᠭ᠎ᠠ ᠵᠠᠬᠢᠶᠠᠯᠠᠬᠤ᠂ ᠡᠭᠡᠯᠵᠢᠯᠡᠨ ᠰᠣᠯᠢᠬᠤ ᠪᠠ ᠬᠥᠳᠡᠯᠭᠡᠨ ᠬᠡᠷᠡᠭᠯᠡᠬᠦ ᠰᠠᠨᠠᠭᠤᠯᠭ᠎ᠠ ᠳᠤᠷᠠᠳᠬᠤ ᠶᠢᠨ ᠬᠠᠮᠲᠤ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ︔ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠴᠢᠯᠠᠭᠤᠨ ᠲᠣᠰᠣ ᠨᠥᠭᠡᠴᠡᠯᠡᠬᠦ ᠲᠦᠬᠦᠬᠡᠷᠦᠮᠵᠢ ᠶᠢᠨ ᠲᠥᠷᠥᠯ ᠵᠦᠢᠯ ᠢ | ᠬᠢᠨᠠᠨ ᠵᠥᠪᠰᠢᠶᠡᠷᠡᠬᠦ ᠪᠠ ᠬᠢᠨᠠᠨ ᠬᠠᠷᠭᠤᠭᠤᠯᠵᠤ᠂ ᠬᠤᠳᠠᠯᠳᠤᠭᠠᠨ ᠤ ᠴᠢᠯᠠᠭᠤᠨ ᠲᠣᠰᠣ ᠨᠥᠭᠡᠴᠡᠯᠡᠬᠦ ᠶᠢ ᠬᠢᠨᠠᠨ ᠬᠠᠮᠢᠶᠠᠷᠤᠨ᠎ᠠ᠃ | ︵ᠠᠷᠪᠠᠨ ᠨᠢᠭᠡ︶ ᠪᠦᠬᠦ ᠬᠤᠲᠠ ᠶᠢᠨ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ | ᠵᠣᠬᠢᠶᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠬᠦ ᠪᠠ ᠬᠢᠨᠠᠨ ᠬᠡᠮᠵᠢᠵᠦ ᠦᠨᠡᠯᠡᠨ ᠵᠢᠱᠢᠬᠦ ᠶᠢ ᠬᠠᠷᠢᠭᠤᠴᠠᠨ᠂ ᠪᠦᠬᠦ ᠬᠤᠲᠠ ᠶᠢᠨ ᠬᠦᠷᠢᠶ᠎ᠡ ᠴᠠᠷᠠᠭᠠᠨ | ᠤ ᠵᠣᠬᠢᠴᠠᠩᠭᠤᠶ ᠬᠥᠭᠵᠢᠯᠲᠡ ᠵᠢᠴᠢ ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠲᠦᠯᠦᠪᠵᠢᠬᠦᠯᠬᠡ ᠪᠠ ᠲᠥᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠵᠤ᠂ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠷᠦ ᠶᠢᠨ | ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ | ︵ᠠᠷᠪᠠᠨ ᠬᠤᠶᠠᠷ︶ ᠪᠦᠬᠦ ᠬᠤᠲᠠ ᠶᠢᠨ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ ᠲᠡᠩᠴᠡᠭᠦᠯᠬᠦ ᠪᠠ ᠲᠤᠬᠢᠷᠠᠭᠤᠯᠤᠨ ᠡᠵᠡᠮᠳᠡᠬᠦ ᠬᠠᠷᠢᠭᠤᠴᠠᠯᠭ᠎ᠠ ᠶᠢ | ᠡᠭᠦᠷᠭᠡᠯᠡᠵᠦ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ᠂ ᠠᠵᠤ ᠦᠢᠯᠡᠳᠪᠦᠷᠢ ᠶᠢᠨ ᠦᠢᠯᠡᠳᠬᠦᠨ ᠪᠣᠯᠤᠨ ᠲᠦᠭᠦᠬᠡᠶ ᠮᠠᠲ᠋ᠧᠷᠢᠶᠠᠯ ᠢ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠬᠡᠮᠵᠢᠶ᠎ᠡ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠂ | ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠦᠨᠳᠦᠰᠦᠯᠡᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠬᠡᠮᠵᠢᠶ᠎ᠡ ᠶᠢᠨ ᠲᠥᠯᠥᠪᠯᠡᠭᠡ ᠳᠤ | ᠲᠣᠬᠢᠷᠠᠭᠤᠯᠤᠯᠲᠠ ᠬᠢᠵᠦ᠂ ᠪᠠᠶᠢᠯᠳᠤᠬᠤ ᠪᠣᠳᠣᠯᠭ᠎ᠠ ᠶᠢᠨ ᠡᠳ᠋ ᠪᠣᠳᠠᠰ ᠨᠥᠭᠡᠴᠡᠯᠡᠬᠦ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠪᠦᠬᠦ ᠬᠤᠲᠠ ᠶᠢᠨ | ᠪᠠᠶᠢᠯᠳᠤᠬᠤ ᠪᠣᠳᠣᠯᠭ᠎ᠠ ᠶᠢᠨ ᠡᠳ᠋ ᠪᠣᠳᠠᠰ ᠤᠨ ᠨᠦᠬᠡᠴᠡᠯᠡᠬᠦ᠂ ᠬᠡᠷᠡᠭᠯᠡᠬᠦ᠂ ᠡᠭᠡᠯᠵᠢᠯᠡᠭᠦᠯᠬᠦ ᠪᠠ ᠬᠠᠮᠢᠶᠠᠷᠬᠤ ᠶᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃ | ︵ᠠᠷᠪᠠᠨ ᠭᠤᠷᠪᠠ︶ ᠪᠦᠬᠦ ᠬᠤᠲᠠ ᠶᠢᠨ ᠨᠡᠶᠢᠬᠡᠮ ᠤᠨ ᠬᠥᠭᠵᠢᠯᠲᠡ ᠬᠢᠭᠡᠳ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢᠨ ᠲᠥᠷᠦ ᠶᠢᠨ | ᠪᠣᠳᠣᠯᠭ᠎ᠠ ᠶᠢᠨ ᠵᠣᠯᠭᠠᠯᠴᠠᠭ᠎ᠠ ᠶᠢ ᠬᠠᠷᠢᠭᠤᠴᠠᠵᠤ᠂ ᠨᠡᠶᠢᠬᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠦᠯᠦᠪᠵᠢᠬᠦᠯᠬᠡ ᠪᠠ ᠲᠥᠯᠥᠪᠯᠡᠭᠡ ᠶᠢ ᠵᠣᠬᠢᠶᠠᠨ | ᠪᠠᠶᠢᠭᠤᠯᠵᠤ ᠲᠤᠭᠤᠷᠪᠢᠨ᠎ᠠ︔ ᠪᠦᠬᠦ ᠬᠤᠲᠠ ᠶᠢᠨ ᠨᠡᠶᠢᠬᠡᠮ ᠤᠨ ᠬᠥᠭᠵᠢᠯᠲᠡ ᠶᠢᠨ ᠲᠥᠷᠦ ᠶᠢᠨ ᠪᠣᠳᠣᠯᠭ᠎ᠠ ᠶᠢᠨ ᠲᠣᠭᠲᠠᠭᠠᠯ ᠢ ᠲᠤᠭᠤᠷᠪᠢᠬᠤ ᠳᠤ ᠣᠷᠣᠯᠴᠠᠵᠤ᠂ | ᠪᠦᠬᠦ ᠬᠤᠲᠠ ᠶᠢᠨ ᠠᠵᠢᠯ ᠣᠯᠭᠤᠯᠲᠠ ᠶᠢ ᠠᠬᠢᠭᠤᠯᠬᠤ᠂ ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ᠂ ᠨᠡᠶᠢᠬᠡᠮ ᠤᠨ ᠪᠠᠲᠤᠯᠠᠭ᠎ᠠ ᠪᠣᠯᠤᠨ ᠠᠵᠤ | ᠠᠬᠤᠢ ᠶᠢᠨ ᠵᠣᠬᠢᠴᠠᠩᠭᠤᠢ ᠬᠥᠭᠵᠢᠯᠲᠡ ᠶᠢ ᠲᠡᠭᠦᠯᠳᠡᠷᠵᠢᠭᠦᠯᠬᠦ ᠲᠥᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠨᠡᠶᠢᠬᠡᠮ ᠤᠨ ᠦᠢᠯᠡᠰ ᠤᠨ | ᠬᠥᠭᠵᠢᠯᠲᠡ ᠪᠣᠯᠤᠨ ᠥᠭᠡᠷᠡᠴᠢᠯᠡᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ | ︵ᠠᠷᠪᠠᠨ ᠲᠦᠷᠪᠡ︶ ᠪᠦᠬᠦ ᠬᠤᠲᠠ ᠶᠢᠨ ᠡᠨᠧᠷᠭᠢ ᠠᠷᠪᠢᠯᠠᠵᠤ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠶᠡᠷᠦᠩᠬᠡᠶᠢᠯᠡᠨ | ᠵᠣᠬᠢᠴᠠᠭᠤᠯᠬᠤ ᠠᠵᠢᠯ ᠢ ᠬᠠᠷᠢᠭᠤᠴᠠᠵᠤ᠂ ᠣᠷᠴᠢᠯ ᠠᠵᠤ ᠠᠬᠤᠶ ᠶᠢ ᠬᠥᠭᠵᠢᠭᠦᠯᠬᠦ᠂ ᠪᠦᠬᠦ ᠨᠡᠶᠢᠭᠡᠮ ᠤᠨ ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ ᠠᠷᠪᠢᠯᠠᠬᠤ | ᠪᠠ ᠶᠡᠷᠦᠩᠬᠡᠶᠢᠯᠡᠨ ᠠᠰᠢᠭᠯᠠᠬᠤ ᠲᠦᠯᠦᠪᠵᠢᠬᠦᠯᠬᠡ ᠵᠢᠴᠢ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ | ᠵᠣᠬᠢᠴᠠᠭᠤᠯᠤᠨ ᠬᠡᠷᠡᠭᠵᠢᠭᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠳᠤ ᠣᠷᠣᠯᠴᠠᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ | ᠠᠰᠢᠭᠯᠠᠬᠤ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠵᠤ᠂ ᠪᠦᠬᠦ ᠬᠤᠲᠠ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠤ ᠦᠢᠯᠡᠰ ᠪᠠ ᠠᠷᠢᠭᠤᠨ ᠴᠡᠪᠡᠷ | ᠦᠢᠯᠡᠳᠪᠦᠷᠢᠯᠡᠯ ᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ | ︵ᠠᠷᠪᠠᠨ ᠲᠠᠪᠤ︶ ᠬᠤᠲᠠ ᠶᠢᠨ ᠬᠡᠪᠴᠢᠶᠡᠨ ᠳᠠᠬᠢ ᠤᠯᠤᠰ᠂ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ | ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠲᠦᠯᠦᠪᠵᠢᠬᠦᠯᠬᠡ ᠪᠠ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠬᠤᠲᠠ ᠶᠢᠨ | ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠲᠦᠯᠦᠪᠵᠢᠬᠦᠯᠬᠡ ᠪᠠ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠵᠤ ᠲᠤᠭᠤᠷᠪᠢᠨ | ᠲᠣᠭᠲᠠᠭᠠᠨ᠎ᠠ᠃ | ︵ᠠᠷᠪᠠᠨ ᠵᠢᠷᠭᠤᠭ᠎ᠠ︶ ᠪᠦᠬᠦ ᠬᠤᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠬᠡᠮ ᠤᠨ ᠬᠥᠭᠵᠢᠯᠲᠡ᠂ ᠠᠵᠤ ᠠᠬᠤᠢ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠪᠠ ᠭᠠᠳᠠᠭᠠᠳᠤ ᠨᠡᠭᠡᠭᠡᠯᠲᠡ ᠶᠢᠨ ᠬᠠᠮᠢᠶ᠎ᠠ ᠪᠦᠬᠦᠢ ᠲᠥᠷᠦ ᠶᠢᠨ ᠪᠣᠳᠣᠯᠭ᠎ᠠ ᠶᠢᠨ ᠲᠣᠭᠲᠠᠭᠠᠯ ᠵᠢᠴᠢ ᠪᠤᠰᠤᠳ ᠳᠦᠷᠢᠮᠵᠢᠭᠰᠡᠨ ᠪᠢᠴᠢᠭ ᠮᠠᠲ᠋ᠧᠷᠢᠶᠠᠯ ᠢ | ᠲᠤᠭᠤᠷᠪᠢᠨ᠎ᠠ︔ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠦᠬᠦ ᠬᠤᠲᠠ ᠶᠢᠨ ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ ᠬᠦᠯᠢᠶᠡᠬᠦ ᠠᠵᠢᠯ ᠢ | ᠵᠢᠯᠣᠭᠤᠳᠬᠤ ᠪᠠ ᠵᠣᠬᠢᠴᠠᠭᠤᠯᠤᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠲᠥᠷᠥ ᠶᠢᠨ | ᠪᠣᠳᠣᠯᠭ᠎ᠠ᠂ ᠲᠦᠯᠦᠪᠵᠢᠬᠦᠯᠬᠡ᠂ ᠲᠥᠯᠥᠪᠯᠡᠭᠡ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠪᠦᠬᠦ | ᠬᠤᠲᠠ ᠶᠢᠨ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠳᠣᠯᠤᠭ᠎ᠠ︶ ᠴᠢᠬᠤᠯᠠ ᠶᠡᠭᠡ ᠪᠦᠲᠦᠭᠡᠨ ᠪᠠᠢᠭᠤᠯᠤᠯᠲᠠ ᠶᠢᠨ ᠲᠥᠷᠦᠯ ᠵᠦᠢᠯ ᠢ ᠪᠠᠶᠢᠴᠠᠭᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠠᠮᠢᠶ᠎ᠠ ᠪᠦᠬᠦᠢ | ᠠᠵᠢᠯ ᠲᠥᠷᠦᠯ ᠪᠠ ᠣᠷᠣᠨ ᠨᠤᠲᠤᠭ ᠤᠨ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠦᠬᠦ ᠬᠤᠲᠠ ᠶᠢᠨ ᠪᠡᠯᠡ ᠣᠷᠣᠭᠤᠯᠤᠯᠲᠠ ᠶᠢᠨ ᠲᠥᠷᠦ ᠶᠢᠨ ᠪᠣᠳᠣᠯᠭ᠎ᠠ | ᠪᠠ ᠲᠣᠭᠲᠠᠭᠠᠯ ᠢ ᠳᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠮᠥᠷᠳᠡᠨ ᠪᠠᠶᠢᠴᠠᠭᠠᠨ᠎ᠠ︔ ᠲᠥᠪ᠂ ᠥᠪᠡᠷᠲᠡᠭᠡᠨ ᠵᠠᠰᠠᠬᠤ ᠣᠷᠣᠨ ᠪᠠ ᠪᠦᠬᠦ ᠬᠤᠲᠠ ᠶᠢᠨ | ᠡᠳ᠋ ᠤᠨ ᠵᠠᠰᠠᠭ ᠤᠨ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢ ᠲᠤᠬᠢᠷᠠᠭᠤᠯᠤᠨ ᠬᠡᠷᠡᠭᠵᠢᠭᠦᠯᠵᠦ ᠪᠠᠶᠢᠭ᠎ᠠ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠨᠠᠢᠮᠠ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠡᠭᠦᠷᠭᠡᠯᠡᠵᠦ᠂ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | | ︵ᠠᠷᠪᠠᠨ ᠶᠢᠰᠦ︶ ᠡᠭᠦᠷᠭᠡ ᠴᠢᠳᠠᠪᠤᠷᠢ ᠪᠠᠨ ᠬᠦᠢᠴᠡᠳᠬᠡᠬᠦ ᠯᠦᠭᠡ ᠲᠣᠬᠢᠷᠠᠯᠴᠠᠭᠰᠠᠨ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠬᠤᠷᠢ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠬᠡᠷᠡᠭ ᠶᠠᠪᠤᠳᠠᠯ ᠢ ᠳᠠᠭᠠᠭᠠᠨ ᠭᠦᠢᠴᠡᠳᠬᠡᠨ᠎ᠡ᠃ | |