ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠡᠭᠦᠷᠭᠡ  ᠬᠠᠷᠢᠭᠤᠴᠠᠯᠭ᠎ᠠ
ᠨᠡᠶᠢᠲᠡᠯᠡᠭᠰᠡᠨ ᠴᠠᠭ᠄
2019/12/9
     ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ  ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠴᠢᠭᠯᠡᠯᠲᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠣᠯᠤᠨ ᠲᠥᠯᠥᠪᠵᠢᠭᠦᠯᠭᠡ ᠶᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠥᠬᠦ ᠬᠤᠲᠠ ᠶᠢᠨ ᠵᠠᠮ ᠬᠠᠷᠢᠯᠴᠠᠭᠠᠨ ᠤ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠪᠥᠬᠦ ᠬᠤᠲᠠ ᠶᠢᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠤᠨ ᠲᠥᠯᠥᠪᠵᠢᠭᠦᠯᠭᠡ ᠶᠢᠨ ᠵᠣᠬᠢᠴᠠᠭᠤᠯᠭ᠎ᠠ ᠶᠢ ᠡᠭᠦᠷᠭᠡᠯᠡᠨ᠎ᠡ︔ ᠵᠠᠰᠠᠮᠠᠯ ᠵᠠᠮ᠂ ᠤᠰᠤᠨ ᠵᠠᠮ ᠤᠨ ᠪᠦᠲᠦᠭᠡᠨ ᠪᠠᠶᠢᠭᠤᠯᠤᠯᠲᠠ᠂ ᠠᠷᠠᠴᠢᠯᠠᠨ ᠬᠠᠮᠠᠭᠠᠯᠠᠯᠲᠠ᠂ ᠬᠠᠮᠢᠶᠠᠷᠤᠯᠲᠠ ᠪᠠ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠡᠭᠦᠷᠭᠡᠯᠡᠨ᠎ᠡ︔ ᠬᠤᠲᠠ ᠬᠥᠳᠡᠭᠡ ᠶᠢᠨ ᠠᠶᠠᠨᠴᠢᠳ  ᠤᠨ ᠲᠡᠭᠡᠭᠡᠪᠦᠷᠢ ᠵᠢᠴᠢ ᠬᠤᠯᠪᠣᠭᠳᠠᠯ ᠪᠦᠬᠦᠢ ᠲᠥᠬᠦᠭᠡᠷᠦᠮᠵᠢ ᠶᠢᠨ ᠲᠥᠯᠥᠪᠵᠢᠭᠦᠯᠭᠡ ᠪᠠ ᠬᠠᠮᠢᠶᠠᠷᠤᠯᠲᠠ ᠶᠢ ᠵᠢᠯᠣᠭᠤᠳᠤᠨ᠎ᠠ︔ ᠵᠠᠮ ᠤᠨ ᠰᠦᠯᠵᠢᠶ᠎ᠡ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠬᠦ ᠪᠠ ᠵᠣᠬᠢᠴᠠᠭᠤᠯᠬᠤ︔ ᠪᠦᠬᠦ ᠬᠤᠲᠠ ᠶᠢᠨ ᠵᠠᠮ ᠲᠡᠭᠡᠭᠡᠪᠦᠷᠢ ᠶᠢᠨ ᠠᠵᠤ ᠠᠬᠤᠶᠢᠯᠠᠯ ᠳᠤ ᠬᠠᠮᠢᠶᠠᠷᠤᠯᠲᠠ ᠶᠢᠨ ᠡᠭᠦᠷᠭᠡ ᠴᠢᠳᠠᠪᠬᠢ ᠶᠢ ᠬᠡᠷᠡᠭᠵᠢᠭᠦᠯᠦᠨ᠎ᠡ᠃
ᠢᠷᠡᠯᠲᠡ᠄ ᠳᠤᠰ ᠰᠦᠯᠵᠢᠶ᠎ᠠ