︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠲᠤᠬᠠᠶ ᠬᠠᠤᠯᠢ ᠴᠠᠭᠠᠵᠠ᠂ ᠬᠠᠤᠯᠢ | ᠲᠣᠭᠲᠠᠭᠠᠯ ᠪᠠ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ︔ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠵᠢᠯ ᠤᠨ ᠠᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ︵ᠬᠤᠶᠠᠷ︶ ᠪᠦᠬᠦ ᠬᠤᠲᠠ ᠶᠢᠨ ᠬᠠᠤᠯᠢ ᠴᠠᠭᠠᠵᠠ ᠶᠢᠨ ᠤᠬᠠᠭᠤᠯᠭ᠎ᠠ ᠬᠥᠮᠦᠵᠢᠯ ᠤᠨ ᠲᠥᠯᠥᠪᠯᠡᠭᠡ ᠪᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠬᠠᠤᠯᠢ ᠳᠦᠷᠢᠮ ᠤᠨ ᠤᠬᠠᠭᠤᠯᠭ᠎ᠠ | ᠪᠠ ᠬᠠᠤᠯᠢ ᠶᠣᠰᠣᠭᠠᠷ ᠵᠠᠰᠠᠬᠤ ᠠᠵᠢᠯ ᠢ ᠵᠢᠯᠣᠭᠤᠳᠤᠨ᠎ᠠ᠃ | ︵ᠭᠤᠷᠪᠠ︶ ᠪᠦᠬᠦ ᠬᠤᠲᠠ ᠶᠢᠨ ᠬᠠᠤᠯᠢᠴᠢ᠂ ᠠᠯᠪᠠᠨ ᠭᠡᠷᠡᠴᠢᠯᠡᠭᠡ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠬᠤ ᠶᠢᠨ ᠬᠠᠮᠲᠤ ᠵᠣᠬᠢᠴᠠᠩᠭᠤᠢ | ᠬᠠᠷᠢᠭᠤᠴᠠᠯᠭ᠎ᠠ ᠡᠭᠦᠷᠭᠡᠯᠡᠨ᠎ᠡ᠃ | ︵ᠳᠥᠷᠪᠡ︶ ᠪᠦᠬᠦ ᠬᠤᠲᠠ ᠶᠢᠨ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠡᠶᠡᠳᠡᠭᠦᠯᠭᠡ᠂ | ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡ ᠪᠠ ᠲᠥᠪᠬᠢᠨᠡᠭᠦᠯᠬᠦ ᠬᠠᠪᠰᠤᠷᠤᠨ ᠰᠤᠷᠭᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ | ︵ᠲᠠᠪᠤ︶ ᠪᠦᠬᠦ ᠬᠤᠲᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ | ︵ᠵᠢᠷᠭᠤᠭ᠎ᠠ︶ ᠪᠦᠬᠦ ᠬᠤᠲᠠ ᠶᠢᠨ ᠨᠡᠶᠢᠭᠡᠮ ᠲᠣᠭᠤᠷᠢᠭ ᠤᠨ ᠠᠵᠢᠯ ᠢ ᠵᠢᠯᠣᠭᠤᠳᠬᠤ ᠪᠠ ᠲᠡᠭᠦᠨ ᠳᠤ ᠬᠢᠨᠠᠯᠲᠠ ᠲᠠᠯᠪᠢᠨ᠎ᠠ᠃ | ︵ᠳᠣᠯᠤᠭ᠎ᠠ︶ ᠪᠦᠬᠦ ᠬᠤᠲᠠ ᠶᠢᠨ ᠬᠠᠤᠯᠢ ᠴᠠᠭᠠᠵᠠ ᠶᠢᠨ ᠬᠢᠨᠠᠨ ᠲᠣᠭᠲᠠᠭᠠᠬᠤ ᠪᠠᠶᠢᠭᠤᠯᠤᠮᠵᠢ ᠪᠣᠯᠤᠨᠬᠠᠤᠯᠢ ᠴᠠᠭᠠᠵᠠ ᠶᠢᠨ ᠬᠢᠨᠠᠨ ᠲᠣᠭᠲᠠᠭᠠᠬᠤ | ᠬᠥᠮᠦᠨ ᠢ ᠳᠠᠩᠰᠠᠯᠠᠨ ᠬᠠᠮᠢᠶᠠᠷᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ | ︵ᠨᠠᠢᠮᠠ︶ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡᠨ ᠤ ᠪᠠᠶᠢᠭᠤᠯᠤᠯᠲᠠ᠂ ᠦᠵᠡᠯ ᠰᠠᠨᠠᠭ᠎ᠠ ᠤᠯᠤᠰ | ᠲᠥᠷᠦ ᠶᠢᠨ ᠠᠵᠢᠯ ᠢ ᠵᠢᠯᠣᠭᠤᠳᠤᠨ᠎ᠠ︔ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ | ᠪᠠ ᠴᠠᠭᠳᠠᠭᠠᠨ ᠤ ᠶᠠᠪᠤᠳᠠᠯ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠶᠢᠰᠦ︶ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ ᠤᠨ ᠠᠵᠢᠯ ᠢ ᠲᠥᠯᠥᠪᠯᠡᠬᠦ ᠶᠢ ᠵᠢᠯᠣᠭᠤᠳᠴᠤ | ᠂ ᠡᠳ᠋ ᠪᠣᠳᠠᠰ ᠲᠣᠨᠣᠭᠯᠠᠯ ᠤᠨ ᠠᠵᠢᠯ ᠢ ᠬᠠᠮᠢᠶᠠᠷᠤᠨ᠎ᠠ᠃ | ︵ᠠᠷᠪᠠ︶ ᠬᠤᠲᠠ ᠶᠢᠨ ᠵᠠᠰᠠᠭ ᠤᠨ ᠣᠷᠳᠣᠨ ᠪᠠ ᠬᠠᠤᠯᠢ ᠴᠠᠭᠠᠵᠠ ᠶᠢᠨ ᠲᠢᠩᠬᠢᠮ ᠤᠨ ᠲᠤᠰᠢᠶᠠᠭᠰᠠᠨ ᠪᠤᠰᠤᠳ ᠬᠡᠷᠡᠭ ᠶᠠᠪᠤᠳᠠᠯ ᠢ ᠳᠠᠭᠠᠭᠠᠨ ᠡᠷᠬᠢᠯᠡᠨ᠎ᠡ | ᠃ | |