ᠴᠠᠭ ᠲᠣᠬᠢᠶᠠᠯ ᠢ ᠠᠳᠬᠤᠵᠤ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2019/2/20
    1 ᠰᠠᠷ᠎ᠠ ᠶᠢᠨ 15 ᠤ ᠦᠳᠡ ᠶᠢᠨ ᠬᠤᠶᠢᠨ᠎ᠠ᠂ ᠬᠤᠲᠠ ᠶᠢᠨ ᠳᠥᠷᠪᠡᠳᠥᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭ᠎ᠠ ᠶᠢᠨ ᠬᠤᠷᠠᠯ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠣᠭᠤᠷᠢᠨ ᠳᠤ ᠬᠠᠯᠠᠭᠤᠨ ᠶᠠᠷᠢᠯᠴᠠᠭ᠎ᠠ ᠥᠷᠨᠢᠭᠦᠯᠪᠡ᠃      ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ︽242 ᠤᠯᠤᠰ ᠤᠨ ᠵᠠᠮ ᠤᠨ ᠭᠠᠭᠴᠠᠮᠤᠳᠤ ᠠᠴᠠ ᠯᠢᠨ ᠾᠧ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠢ ᠲᠦᠰᠢᠭᠯᠡᠵᠦ᠂ ᠰᠣᠳᠣᠨ ᠵᠤᠭᠠᠴᠠᠯ ᠤᠨ ᠵᠠᠮ ᠱᠤᠭᠤᠮ ᠪᠠ ᠬᠤᠪᠢᠨ ᠤ ᠲᠡᠷᠭᠡ ᠪᠠᠷ ᠵᠤᠭᠠᠴᠠᠬᠤ ᠭᠠᠵᠠᠷ ᠢ ᠲᠥᠯᠥᠪᠵᠢᠭᠦᠯᠦᠨ ᠪᠠᠶᠢᠭᠤᠯᠤᠨ᠎ᠠ᠃ ᠬᠥᠳᠡᠭᠡ ᠲᠣᠰᠬᠤᠨ ᠤ ᠵᠤᠭᠠᠴᠠᠯ ᠢ ᠶᠡᠬᠡᠪᠡᠷ ᠬᠥᠭᠵᠢᠭᠦᠯᠵᠦ᠂ ᠨᠢᠭᠡ ᠪᠦᠯᠦᠭ ᠣᠨᠴᠠᠯᠢᠭ ᠢᠶᠠᠷ ᠢᠯᠡ ᠲᠣᠳᠣ ᠬᠥᠳᠡᠭᠡ ᠲᠣᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠴᠡᠭ ᠢ ᠲᠥᠪᠯᠡᠷᠡᠭᠦᠯᠦᠨ ᠪᠠᠶᠢᠭᠤᠯᠤᠨ᠎ᠠ︾ ᠭᠡᠵᠦ ᠳᠤᠷᠠᠳᠤᠨ ᠭᠠᠷᠭᠠᠪᠠ᠃      ᠣᠳᠬᠤᠨᠬᠤᠸᠠᠷ ᠲᠥᠯᠥᠭᠡᠯᠡᠭᠴᠢ ᠡᠭᠦᠨ ᠤ ᠲᠤᠬᠠᠢ ᠲᠦᠢᠯ ᠤᠨ ᠶᠡᠭᠡ ᠲᠥᠷᠥᠭᠳᠡᠯ ᠲᠠᠢ ᠪᠠᠶᠢᠵᠤ᠂ ︽ᠯᠢᠨ ᠾᠧ ᠠᠴᠠ ᠭᠠᠭᠴᠠᠮᠣᠳᠣ ᠬᠦᠷᠬᠦ ᠵᠠᠰᠠᠮᠠᠯ ᠵᠠᠮ ᠳᠠᠭᠠᠤ ᠮᠠᠯ ᠤᠨᠤᠭ᠎ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠠᠩᠬᠠᠷᠴᠤ᠂ ᠰᠢᠨ᠎ᠡ ᠵᠠᠰᠠᠮᠠᠯ ᠵᠠᠮ ᠤᠨ ᠬᠤᠶᠠᠷ ᠲᠠᠯ᠎ᠠ ᠪᠠᠷ ᠬᠠᠯᠬᠠᠪᠴᠢ ᠣᠷᠣᠭᠤᠯᠬᠤ ᠵᠡᠷᠭᠡ ᠠᠷᠭ᠎ᠠ ᠬᠡᠮᠵᠢᠶ᠎ᠡ ᠠᠪᠬᠤ ᠶᠢ ᠬᠦᠰᠡᠵᠦ ᠪᠠᠶᠢᠨ᠎ᠠ︾ ᠭᠡᠵᠦ ᠥᠪᠡᠷ ᠤᠨ ᠪᠣᠳᠣᠯ ᠢᠶᠠᠨ ᠶᠠᠷᠢᠯ᠎ᠠ᠃      ᠣᠳᠬᠤᠨᠬᠤᠸᠠᠷ ᠪᠠᠰᠠ᠄ ︽ᠲᠤᠰ ᠤᠳᠠᠭᠠᠨ ᠤ ᠬᠤᠷᠠᠯ ᠤᠨ ᠠᠭᠤᠯᠭ᠎ᠠ ᠶᠢ ᠬᠠᠷᠢᠭᠰᠠᠨ ᠤ ᠳᠠᠷᠠᠭ᠎ᠠ ᠰᠤᠮᠤ ᠭᠠᠴᠠᠭ᠎ᠠ ᠲᠣᠰᠬᠤᠨ ᠮᠠᠯᠴᠢᠨ ᠲᠦᠮᠡᠨ ᠳᠡᠭᠡᠨ ᠤᠬᠠᠭᠤᠯᠤᠨ ᠲᠠᠶᠢᠯᠪᠤᠷᠢᠯᠠᠵᠤ᠂ 242 ᠤᠯᠤᠰ ᠤᠨ ᠵᠠᠮ ᠤᠨ ᠭᠠᠭᠴᠠᠮᠤᠳᠤ ᠠᠴᠠ ᠯᠢᠨ ᠾᠧ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠲᠠᠭᠠᠤ ᠰᠠᠭᠤᠵᠤ ᠪᠠᠶᠢᠭ᠎ᠠ ᠮᠠᠯᠴᠢᠨ ᠲᠦᠮᠡᠨ ᠳᠡᠭᠡᠨ ᠤᠬᠠᠭᠤᠯᠭ᠎ᠠ ᠬᠢᠵᠦ ᠰᠣᠶᠣᠯ ᠵᠤᠭᠠᠴᠠᠯ ᠤᠨ ᠦᠢᠯᠡᠰ ᠢ ᠴᠢᠨᠠᠭᠰᠢᠳᠠ ᠴᠢᠩᠭ᠎ᠠ ᠠᠳᠬᠤᠵᠤ᠂ ᠬᠤᠵᠢᠮ ᠤᠨ ᠭᠠᠴᠠᠭᠠᠨ ᠤ ᠬᠠᠮᠲᠤ ᠶᠢᠨ ᠠᠵᠤ ᠦᠢᠯᠡᠰ ᠤᠨ ᠣᠷᠣᠯᠭ᠎ᠠ ᠶᠢ ᠨᠡᠮᠡᠭᠳᠡᠭᠦᠯᠬᠦ ᠲᠤᠬᠠᠢ ᠭᠠᠷᠳᠠᠵᠤ ᠬᠢᠨ᠎ᠡ ᠭᠡᠵᠦ ᠪᠣᠳᠣᠵᠤ ᠪᠠᠶᠢᠨ᠎ᠠ︾ ᠭᠡᠪᠡ᠃
ᠢᠷᠡᠯᠲᠡ᠄ ᠪᠠᠶᠠᠨ ᠨᠠᠭᠤᠷ ᠤᠨ ᠰᠤᠨᠢᠨ