ᠦᠨᠳᠥᠰᠦᠲᠡᠨ ᠤ ᠤᠯᠠᠮᠵᠢᠯᠠᠯᠲᠤ ᠰᠣᠶᠣᠯ ᠢ ᠬᠠᠮᠠᠭᠠᠯᠠᠨ ᠤᠯᠠᠮᠵᠢᠯᠠᠵᠤ ᠬᠥᠭᠵᠢᠭᠦᠯᠦᠨ ᠳᠡᠯᠭᠡᠷᠡᠭᠦᠯᠬᠦ ᠳᠤ ᠬᠦᠴᠦᠨ ᠢᠶᠠᠨ ᠡᠷᠭᠦᠶ᠎ᠡ
ᠨᠡᠶᠢᠲᠡᠯᠡᠭᠰᠡᠨ ᠴᠠᠭ᠄
2019/2/20
     1 ᠰᠠᠷ᠎ᠠ ᠶᠢᠨ 15 ᠤ ᠡᠳᠥᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠣᠭᠤᠷᠢᠨ ᠳᠤ ᠳᠤᠭᠤᠶᠢᠯᠠᠩ ᠬᠤᠪᠢᠶᠠᠨ ᠬᠠᠯᠠᠭᠤᠨ ᠶᠠᠷᠢᠯᠴᠠᠭ᠎ᠠ ᠥᠷᠨᠢᠭᠦᠯᠦᠨ᠂ ᠰᠠᠨᠠᠯ ᠰᠠᠨᠠᠭᠤᠯᠭ᠎ᠠ ᠪᠠᠨ ᠢᠳᠡᠪᠬᠢᠲᠡᠢ ᠳᠡᠪᠰᠢᠭᠦᠯᠦᠭᠰᠡᠨ ᠪᠠᠶᠢᠨ᠎ᠠ᠃      ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ︽ᠰᠣᠶᠣᠯ ᠤᠨ ᠠᠵᠢᠯ ᠦᠢᠯᠡᠰ ᠢ ᠴᠡᠴᠡᠭᠯᠡᠭᠦᠯᠦᠨ ᠬᠥᠭᠵᠢᠭᠦᠯᠭᠦ ᠬᠡᠷᠡᠭᠲᠠᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠭᠤᠣᠯᠯᠠᠬᠴᠢ ᠦᠷᠳᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠤᠨ᠎ᠠ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠢᠨᠵᠧᠨᠧᠷᠢᠩ ᠢ ᠭᠦᠨᠵᠡᠭᠡᠶ ᠬᠦᠭᠵᠢᠭᠦᠯᠵᠦ᠂ ᠰᠣᠶᠣᠯ ᠤᠨ ᠠᠵᠢᠯᠯᠠᠭᠠᠨ ᠤ ᠳᠠᠰᠤᠬ᠂ ᠰᠣᠶᠣᠯ ᠤᠨ ᠶᠡᠭᠡ ᠬᠦᠷᠢᠶ᠎ᠡ᠂ ᠡᠯᠧᠺᠳ᠋ᠷᠣᠨ ᠤᠩᠰᠢᠯᠭ᠎ᠠ ᠶᠢᠨ ᠳᠠᠰᠤᠬ᠂ ᠲᠡᠩᠰᠠ ᠡᠪᠬᠡᠮᠡᠯ ᠤᠨ ᠭᠠᠵᠠᠷ ᠵᠡᠷᠭᠡ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠤ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ︾ ᠭᠡᠵᠦ ᠳᠤᠷᠠᠳᠤᠨ ᠭᠠᠷᠭᠠᠭᠰᠠᠨ ᠪᠠᠶᠢᠨ᠎ᠠ᠃      ᠲᠣᠭᠤᠰ ᠲᠥᠯᠥᠭᠡᠯᠡᠭᠴᠢ ᠬᠡᠯᠡᠬᠦ ᠳᠡᠭᠡᠨ᠄ ︽ᠢᠯᠡᠳᠬᠡᠯ ᠳᠤ ᠰᠣᠶᠣᠯ ᠤᠨ ᠲᠤᠬᠠᠢ ᠠᠭᠤᠯᠭ᠎ᠠ ᠨᠡᠯᠢᠶᠡᠳ ᠠᠷᠪᠢᠨ ᠪᠠᠶᠢᠨ᠎ᠡ᠂ ᠡᠳᠡᠭᠡᠷ ᠠᠭᠤᠯᠭ᠎ᠠ ᠶᠢ ᠦᠵᠡᠭᠡᠳ ᠮᠠᠰᠢ ᠰᠡᠳᠬᠢᠯ ᠥᠨᠳᠥᠷ ᠪᠠᠶᠢᠨ᠎ᠠ᠃ ᠮᠠᠨ ᠤ ᠬᠤᠲᠠ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠬᠦ ᠶᠢ ᠴᠢᠩᠭᠠᠳᠬᠠᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠦᠨᠳᠥᠰᠦᠲᠡᠨ ᠤ ᠣᠨᠴᠠᠯᠢᠭᠲᠤ ᠰᠣᠶᠣᠯ ᠤᠨ ᠦᠢᠯᠡᠰ ᠢ ᠲᠡᠳᠬᠦᠬᠦ ᠬᠦᠴᠦᠯᠡᠴᠡ ᠪᠠᠨ ᠶᠡᠬᠡᠰᠬᠡᠨ᠂ ᠰᠣᠶᠣᠯ ᠵᠤᠭᠠᠴᠠᠯ ᠢ ᠬᠠᠮᠲᠤᠷᠠᠭᠤᠯᠤᠨ ᠬᠥᠭᠵᠢᠭᠦᠯᠬᠦ ᠪᠠᠶᠢᠯᠳᠤᠬᠤ ᠪᠣᠳᠤᠯᠭ᠎ᠠ ᠶᠢ ᠴᠢᠩᠭᠠᠳᠬᠠᠵᠤ᠂ ᠰᠣᠶᠣᠯ ᠢᠶᠠᠷ ᠵᠤᠭᠠᠴᠠᠯ ᠤᠨ ᠲᠥᠷᠥᠯ ᠵᠦᠢᠯ ᠪᠠ ᠵᠤᠭᠠᠴᠠᠯ ᠤᠨ ᠦᠢᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠵᠤᠭᠠᠴᠠᠯ ᠢᠶᠠᠷ ᠰᠣᠶᠣᠯ ᠪᠣᠯᠪᠠᠰᠤᠨ ᠢ ᠬᠦᠭᠵᠢᠬᠦᠯᠵᠤ᠂ ᠵᠤᠭᠠᠴᠠᠯ ᠢᠶᠠᠷ ᠰᠣᠶᠣᠯ ᠤᠨ ᠢᠲᠡᠭᠡᠯ ᠢ ᠢᠯᠡᠷᠡᠭᠦᠯᠦᠨ᠎ᠡ︾ ᠭᠡᠵᠡᠢ᠃      ᠲᠣᠭᠤᠰ ᠪᠠᠰᠠ᠄ ︽ᠪᠢ ᠬᠠᠷᠢᠭᠰᠠᠨ ᠤ ᠳᠠᠷᠠᠭ᠎ᠠ ᠲᠠᠷᠢᠶᠠᠯᠠᠬᠤ ᠣᠷᠣᠨ᠂ ᠮᠠᠯᠵᠢᠬᠤ ᠣᠷᠣᠨ ᠤ ᠣᠷᠬᠢᠭᠳᠠᠬᠤ ᠭᠡᠵᠦ ᠪᠠᠶᠢᠭ᠎ᠠ ᠦᠨᠳᠥᠰᠦᠲᠡᠨ ᠤ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠬᠦ ᠶᠢ ᠴᠢᠬᠤᠯᠠᠴᠢᠯᠠᠨ ᠠᠳᠬᠤᠬᠤ ᠪᠠᠷ ᠴᠢᠷᠮᠠᠶᠢᠬᠤ ᠪᠣᠳᠣᠯ ᠲᠠᠢ ᠪᠠᠶᠢᠨ᠎ᠠ︾ ᠭᠡᠪᠡ᠃
ᠢᠷᠡᠯᠲᠡ᠄ ᠪᠠᠶᠠᠨ ᠨᠠᠭᠤᠷ ᠤᠨ ᠰᠤᠨᠢᠨ