ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ ᠴᠢᠳᠠᠪᠤᠷᠢᠲᠠᠨ ᠢ ᠬᠥᠮᠥᠵᠢᠭᠦᠯᠦᠨ ᠣᠷᠣᠭᠤᠯᠵᠤ ᠡᠷᠡᠭᠦᠯ ᠡᠩᠬᠡ ᠶᠢᠨ ᠦᠢᠯᠡᠰ ᠤᠨ ᠬᠥᠭᠵᠢᠯᠲᠡ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2019/2/20
     ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠄ ︽ᠡᠷᠡᠭᠦᠯ ᠡᠩᠭᠡ ᠪᠠᠶᠠᠨᠨᠠᠭᠤᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠭᠤᠷᠪᠠᠨ ᠡᠮᠨᠡᠯᠭᠡ︾ ᠬᠤᠯᠪᠣᠭᠠᠯᠠᠨ ᠬᠤᠷᠰᠢᠯᠴᠠᠭᠰᠠᠠ ᠲᠣᠭᠲᠠᠴᠠ ᠶᠢ ᠲᠡᠭᠦᠯᠳᠡᠷᠵᠢᠭᠦᠯᠵᠦ᠂ ᠱᠠᠲᠤ ᠬᠤᠪᠢᠶᠠᠵᠤ ᠣᠨᠣᠰᠢᠯᠠᠨ ᠡᠮᠨᠡᠬᠦ ᠲᠦᠷᠢᠮ ᠢ ᠨᠠᠶᠢᠳᠠᠪᠤᠷᠢᠵᠢᠭᠤᠯᠵᠤ᠂ ᠤᠳᠤ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠡᠮᠨᠡᠯᠭᠡ ᠶᠢᠨ ᠦᠶ᠋ᠯᠡᠴᠢᠯᠡᠭᠡᠨ ᠤ ᠵᠠᠭᠪᠤᠷ ᠢ ᠰᠢᠨ᠎ᠡ ᠪᠠᠷ ᠡᠭᠦᠳᠴᠤ᠂ ︽ᠠᠷᠪᠠᠨ ᠵᠦᠢᠯ ᠤᠨ ᠡᠭᠦᠷᠭᠡ︾ ᠶᠢ ᠭᠤᠣᠯᠳᠠᠯᠭ᠎ᠠ ᠲᠠᠢ ᠨᠠᠶᠢᠳᠠᠪᠤᠷᠢᠵᠢᠭᠤᠯᠤᠨ᠂ ᠡᠮ ᠡᠮᠨᠡᠯᠭᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠳᠣᠲᠣᠭᠠᠳᠤ ᠠᠭᠤᠯᠤᠭᠳᠠᠬᠤᠨ ᠤ ᠮᠠᠶ᠋ᠢᠭ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠪᠦᠬᠦ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠴᠢᠩᠭᠠᠳᠬᠠᠵᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ ᠡᠷᠡᠭᠦᠯ ᠮᠡᠨᠳᠦ ᠶᠢᠨ ᠡᠮ ᠡᠮᠨᠡᠯᠭᠡ ᠶᠢᠨ ᠲᠤᠭ᠎ᠠ ᠪᠠᠷᠢᠮᠲᠠ ᠶᠢᠨ ᠬᠡᠷᠡᠭᠯᠡᠭᠡᠨ ᠤ ᠢᠨᠵᠧᠨᠧᠷᠢᠩ ᠢ ᠬᠡᠷᠡᠭᠵᠢᠭᠦᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ︽ᠡᠯᠧᠺᠳ᠋ᠷᠣᠨ ᠡᠷᠡᠭᠦᠯ ᠮᠡᠨᠳᠦ ᠶᠢᠨ ᠺᠠᠷᠲ︾ ᠢ ᠬᠡᠷᠡᠭᠯᠡᠭᠦᠯᠬᠦ ᠠᠵᠢᠯ ᠢ 70% ᠪᠠᠷ ᠪᠡᠶᠠᠯᠡᠭᠦᠯᠤᠨ᠂ ᠭᠤᠣᠯᠯᠠᠭᠴᠢ ᠶᠡᠷᠦᠩᠬᠡᠶ ᠰᠠᠯᠠᠭᠠᠨ ᠤ ᠡᠮᠴᠢ ᠶᠢᠨ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠵᠤ᠂ 40% ᠶᠢᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠤᠯᠤᠰ ᠤᠨ ᠪᠠᠷᠢᠮᠵᠢᠶᠠᠨ ᠳᠤ ᠬᠦᠷᠭᠡᠨ᠎ᠡ᠃ ᠯᠢᠨ ᠾᠧ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠨ ᠨᠡᠭᠦᠯᠭᠡᠬᠦ ᠠᠵᠢᠯ ᠢ ᠪᠡᠶᠡᠯᠡᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠲᠡᠳᠬᠦᠨ᠂ ᠡᠬᠡ ᠨᠢᠯᠬᠠᠰ ᠤᠨ ᠡᠷᠡᠭᠦᠯ ᠮᠡᠨᠳᠤ ᠶᠢᠨ ᠬᠢᠷᠢ ᠲᠦᠪᠰᠢᠨ ᠢ ᠳᠡᠭᠡᠭᠰᠢᠯᠡᠬᠦᠯᠦᠨ᠎ᠡ︾ ᠭᠡᠵᠦ ᠳᠤᠷᠠᠳᠤᠭᠰᠠᠨ ᠪᠠᠶᠢᠨ᠎ᠠ᠃      ᠤᠷᠠᠳ ᠤᠨ ᠬᠤᠶᠢᠲᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠱᠦᠵᠢ᠂ ᠬᠤᠷᠢᠶᠠᠨ ᠳᠠᠷᠤᠭ᠎ᠠ ᠭᠡᠷᠡᠯᠲᠦ᠄ ︽ᠮᠢᠨᠤ ᠦᠵᠡᠬᠦ ᠪᠠᠷ᠂ ᠬᠤᠰᠢᠭᠤ ᠰᠢᠶᠠᠨ ᠪᠣᠯᠤᠨ ᠭᠠᠴᠠᠭ᠎ᠠ ᠰᠤᠮᠤᠨ ᠳᠤ ᠣᠳᠣᠬᠠᠨ ᠪᠣᠯ ᠡᠷᠡᠭᠦᠯ ᠬᠠᠮᠠᠭᠠᠯᠠᠯ ᠤᠨ ᠲᠠᠯ᠎ᠠ ᠶᠢᠨ ᠲᠥᠬᠦᠭᠡᠷᠦᠮᠵᠢ ᠳᠤᠲᠠᠮᠠᠭ᠂ ᠡᠷᠡᠭᠦᠯ ᠡᠩᠬᠡ ᠶᠢᠨ ᠲᠠᠯ᠎ᠠ ᠶᠢᠨ ᠮᠡᠷᠭᠡᠵᠢᠯᠲᠡᠨ ᠴᠢᠳᠠᠪᠤᠷᠢᠲᠠᠨ ᠳᠤᠲᠠᠮᠠᠭ᠂ ᠬᠥᠮᠥᠰ ᠪᠠᠭ᠎ᠠ ᠡᠪᠡᠳᠴᠢᠨ ᠢ ᠴᠤ ᠭᠡᠰᠡᠨ ᠬᠤᠲᠠ ᠳᠤ ᠣᠷᠣᠵᠤ ᠦᠵᠡᠭᠦᠯᠬᠦ ᠪᠠᠶᠢᠳᠠᠯ ᠲᠠᠢ ᠪᠠᠶᠢᠬᠤ ᠵᠡᠷᠭᠡ ᠠᠰᠠᠭᠤᠳᠠᠯ ᠲᠠᠢ ᠪᠠᠶᠢᠨ᠎ᠠ᠂᠂ ᠬᠦᠰᠡᠬᠦ ᠨᠢ ᠬᠤᠲᠠ ᠶᠢᠨ ᠵᠠᠰᠠᠭ ᠤᠨ ᠣᠷᠳᠣᠨ ᠠᠴᠠ ᠡᠷᠡᠭᠦᠯ ᠡᠩᠬᠡ ᠶᠢᠨ ᠲᠠᠯ᠎ᠠ ᠶᠢᠨ ᠮᠡᠷᠭᠡᠵᠢᠯᠲᠡᠨ ᠴᠢᠳᠠᠪᠤᠷᠢᠲᠠᠨ ᠢ ᠠᠷᠪᠢᠨ ᠬᠥᠮᠥᠵᠢᠭᠦᠯᠬᠦ ᠮᠥᠷᠲᠡᠭᠡᠨ ᠲᠠᠲᠠᠵᠤ ᠣᠷᠣᠭᠤᠯᠤᠨ᠂ ᠬᠤᠰᠢᠭᠤ ᠰᠢᠶᠠᠨ ᠤ ᠳᠡᠰ ᠤᠨ ᠡᠮᠨᠡᠯᠭᠡ ᠶᠢᠨ ᠬᠤᠷᠢᠶᠠᠨ ᠳᠤ ᠳᠦᠷᠢᠮᠵᠢᠭᠦᠯᠦᠨ᠂ ᠡᠷᠡᠭᠦᠯ ᠡᠩᠬᠡ ᠶᠢᠨ ᠦᠢᠯᠡᠰ ᠲᠤ ᠢᠯᠡᠭᠦᠦ ᠬᠦᠴᠦ ᠭᠠᠷᠭᠠᠬᠤ ᠶᠢ ᠬᠦᠰᠡᠵᠦ ᠪᠠᠶᠢᠨ᠎ᠠ︾ ᠭᠡᠵᠦ ᠰᠤᠷᠪᠤᠯᠵᠢᠯᠠᠭ᠎ᠠ ᠬᠦᠯᠢᠶᠡᠬᠦ ᠳᠡᠭᠡᠨ ᠬᠡᠯᠡᠵᠦ ᠪᠠᠶᠢᠯ᠎ᠠ᠃
ᠢᠷᠡᠯᠲᠡ᠄ ᠪᠠᠶᠠᠨ ᠨᠠᠭᠤᠷ ᠤᠨ ᠰᠤᠨᠢᠨ