ᠳ᠋ᠧᠩᠺᠧᠦ ᠰᠢᠶᠠᠨ ᠤ ᠲᠦᠢᠮᠣ ᠪᠠᠶᠢᠳᠠᠯ
ᠨᠡᠶᠢᠲᠡᠯᠡᠭᠰᠡᠨ ᠴᠠᠭ᠄
2019/3/12
     ᠳ᠋ᠧᠩᠺᠧᠦ ᠰᠢᠶᠠᠨ ᠨᠢ ᠥᠪᠥᠷ ᠮᠣᠩᠭᠤᠯ ᠤᠨ ᠪᠠᠶᠠᠨᠨᠠᠭᠤᠷ ᠬᠤᠲᠠ ᠶᠢᠨ ᠪᠠᠷᠠᠭᠤᠨ ᠡᠮᠦᠨ᠎ᠡ ᠬᠡᠰᠡᠭ ᠲᠤ ᠪᠠᠶᠢᠷᠢᠰᠢᠵᠤ᠂ ᠶᠡᠷᠦᠩᠬᠡᠢ ᠲᠠᠯᠠᠪᠠᠢ ᠨᠢ 4166.6 ᠲᠡᠭᠰᠢ ᠳᠥᠷᠪᠡᠯᠵᠢᠨ ᠺᠢᠯᠦᠮᠧᠲᠷ ᠪᠠᠶᠢᠳᠠᠭ᠃ ᠭᠠᠵᠠᠷ ᠤᠨ ᠪᠠᠶᠢᠴᠠ ᠨᠢ ᠡᠯᠡᠰᠦᠷᠬᠡᠭ ᠭᠠᠵᠠᠷ᠂ ᠠᠭᠤᠯᠠᠷᠬᠠᠭ ᠣᠷᠣᠨ᠂ ᠲᠠᠯ᠎ᠠ ᠭᠠᠵᠠᠷ ᠢᠶᠠᠷ ᠭᠤᠣᠯ ᠪᠣᠯᠭᠠᠵᠤ᠂ ᠨᠠᠭᠤᠷ ᠪᠦᠷᠢᠳᠦ ᠣᠯᠠᠨ ᠪᠠᠶᠢᠳᠠᠭ᠃ ᠪᠠᠶᠢᠩᠭᠤ ᠰᠠᠭᠤᠭ᠎ᠠ ᠬᠥᠮᠥᠨ ᠠᠮᠠ ᠨᠢ 11.64 ᠲᠦᠮᠡ ᠪᠠᠶᠢᠵᠤ᠂ ᠮᠣᠩᠭᠤᠯ᠂ ᠬᠢᠲᠠᠳ᠂ ᠬᠤᠲᠣᠩ᠂ ᠮᠠᠨᠵᠤ ᠵᠡᠷᠭᠡ ᠠᠷᠪᠠᠨ ᠳᠣᠯᠣᠭᠠᠨ ᠦᠨᠳᠥᠰᠦᠲᠡᠨ ᠣᠷᠣᠰᠢᠨ ᠠᠮᠢᠳᠤᠷᠠᠳᠠᠭ᠃ ᠪᠦᠬᠦ ᠰᠢᠶᠠᠨ ᠳᠤ 1 ᠰᠤᠮᠤ 4 ᠪᠠᠯᠭᠠᠰᠤ᠂ 5 ᠤᠯᠤᠰ ᠤᠨ ᠥᠮᠴᠢᠯᠡᠯᠲᠦ ᠲᠠᠷᠢᠶᠠᠯᠠᠩ ᠤᠨ ᠲᠠᠯᠠᠪᠠᠢ᠂ 47 ᠭᠠᠴᠠᠭ᠎ᠠ ᠲᠣᠰᠬᠤᠨ ᠲᠠᠢ᠃ ᠲᠤᠰ ᠰᠢᠶᠠᠨ ᠳᠤ ᠪᠠᠰᠠ ᠳᠤᠮᠳᠠᠳᠤ ᠤᠯᠤᠰ ᠤᠨ ᠣᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠯᠡᠰᠦᠨ ᠴᠥᠯ ᠤᠨ ᠣᠢ ᠰᠢᠭᠤᠢ ᠶᠢᠨ ᠦᠢᠯᠡᠰ ᠤᠨ ᠲᠤᠷᠰᠢᠯᠲᠠ ᠶᠢᠨ ᠲᠥᠪ ᠰᠠᠭᠤᠷᠢᠰᠢᠵᠤ ᠪᠤᠢ᠃ ᠰᠢᠶᠠᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠨᠢ ᠪᠠᠶᠠᠨᠭᠤᠣᠯ ᠪᠠᠯᠭᠠᠰᠤ ᠪᠣᠯᠣᠨ᠎ᠠ᠃      ᠳ᠋ᠧᠩᠺᠧᠦ ᠰᠢᠶᠠᠨ ᠤ ᠡᠬᠢ ᠪᠠᠶᠠᠯᠢᠭ ᠡᠯᠪᠡᠭ᠂ ᠣᠷᠣᠨ ᠪᠠᠶᠢᠷᠢᠰᠢᠯ ᠤᠨ ᠳᠠᠪᠠᠭᠤᠯᠢᠭ ᠢᠯᠡᠷᠬᠡᠢ ᠪᠠᠶᠢᠳᠠᠭ᠃ ᠤᠯᠠᠭᠠᠨᠪᠤᠬ᠎ᠠ ᠶᠢᠨ ᠡᠯᠡᠰᠦᠨ ᠴᠥᠯ ᠣᠷᠣᠨ ᠳᠤ 425 ᠲᠦᠮᠡᠨ ᠮᠦ ᠭᠠᠵᠠᠷ ᠰᠢᠷᠣᠢ ᠶᠢ ᠨᠡᠭᠡᠭᠡᠨ ᠠᠰᠢᠭᠯᠠᠵᠤ ᠪᠣᠯᠣᠨ᠎ᠠ᠃ ᠮᠤᠨᠠ ᠠᠭᠤᠯᠠ ᠳᠠᠭᠠᠤ ᠣᠷᠣᠨ ᠳᠤ ᠨᠢᠭᠡᠨᠲᠡ ᠬᠠᠶᠢᠨ ᠢᠯᠡᠷᠡᠭᠦᠯᠦᠭᠰᠡᠨ ᠠᠭᠤᠷᠬᠠᠢ ᠪᠤᠯᠠᠭᠳᠠᠴᠠ ᠳᠤ ᠠᠯᠲᠠ ᠮᠥᠩᠭᠦ ᠶᠢᠨ ᠠᠭᠤᠷᠬᠠᠢ᠂ ᠵᠡᠰ᠂ ᠲᠡᠮᠦᠷ᠂ ᠱᠠᠭᠠᠵᠠᠩ ᠤᠨ ᠴᠢᠯᠠᠭᠤ᠂ ᠤᠯᠠᠭᠠᠨ ᠪᠠᠭᠠᠨᠠᠯᠢᠭ ᠴᠢᠯᠠᠭᠤ ᠵᠡᠷᠭᠡ ᠶᠢᠨ ᠬᠡᠮᠵᠢᠶ᠎ᠡ ᠶᠡᠭᠡ᠂ ᠴᠢᠨᠠᠷ ᠥᠨᠳᠥᠷ ᠪᠠᠶᠢᠳᠠᠭ᠃ ᠰᠠᠯᠬᠢ ᠪᠠ ᠨᠠᠷᠠᠨ ᠤ ᠡᠨᠧᠷᠭᠢ ᠡᠯᠪᠡᠭ ᠪᠠᠶᠢᠵᠤ᠂ ᠵᠢᠯ ᠤᠨ ᠨᠠᠷᠠᠨ ᠤ ᠲᠤᠰᠤᠯᠲᠠ ᠨᠢ 3300 ᠴᠠᠭ ᠲᠤ ᠬᠦᠷᠴᠦ᠂ ᠵᠢᠯ ᠤᠨ ᠰᠠᠯᠬᠢᠨ ᠤ ᠬᠤᠷᠳᠤᠴᠠ ᠨᠢ ᠰᠧᠺᠦ᠋ᠨ᠋ᠳ᠋ ᠪᠦᠷᠢ ᠳᠤ 3 ᠮᠧᠲᠷ ᠪᠠᠶᠢᠵᠤ᠂ ᠪᠦᠬᠦ ᠤᠯᠤᠰ ᠲᠤ ᠴᠥᠭᠡᠨ ᠪᠠᠶᠢᠳᠠᠭ ᠨᠠᠷᠠ ᠪᠠ ᠰᠠᠯᠬᠢᠨ ᠡᠨᠧᠷᠭᠢ ᠲᠥᠪᠯᠡᠷᠡᠩᠭᠦᠢ ᠣᠷᠣᠨ ᠤ ᠨᠢᠭᠡ ᠪᠢᠯᠡ᠃ ᠨᠡᠷᠡᠲᠦ ᠣᠨᠴᠠ ᠰᠢᠯᠢᠳᠡᠭ ᠭᠠᠷᠤᠯᠲᠠ ᠳᠤ ᠬᠤᠸᠠᠯᠠᠶᠢᠱᠢ ᠬᠡᠮᠬᠡ᠂ ᠸᠠᠩ ᠤᠨ ᠲᠠᠷᠢᠶ᠎ᠠ ᠶᠢᠨ ᠰᠢᠬᠢᠷ ᠡᠪᠡᠰᠦ᠂ ᠯᠠᠩᠭᠤᠸᠠ᠂ ᠬᠤᠶᠠᠷ ᠪᠣᠭᠳᠠ ᠶᠢᠨ ᠴᠠᠭᠠᠨ ᠨᠤᠤᠯᠣᠷ ᠤᠨ ᠢᠮᠠᠭ᠎ᠠ᠂ ᠬᠠᠲᠤᠨ ᠭᠤᠣᠯ ᠤᠨ ᠴᠤᠯᠪᠤᠭᠤᠷᠲᠤ ᠵᠢᠭᠠᠰᠤ᠂ ᠮᠥᠷᠭᠦ ᠵᠢᠭᠠᠰᠤ ᠵᠡᠷᠭᠡ ᠨᠢ ᠤᠯᠤᠰ ᠤᠨ ᠳᠣᠲᠣᠭᠠᠳᠤ ᠭᠠᠳᠠᠭᠠᠳᠤ ᠳᠤ ᠠᠯᠳᠠᠷ ᠨᠡᠷ᠎ᠡ ᠨᠢ ᠮᠠᠨᠳᠤᠵᠠᠢ᠃ ᠪᠠᠰᠠ ᠣᠷᠭᠠᠨᠢᠭ ᠰᠥ᠋᠂ ᠴᠠᠭᠠᠨ ᠭᠤᠶᠣᠣ ᠶᠢᠨ ᠬᠥᠭᠵᠢᠯᠲᠡ ᠶᠢᠨ ᠳᠠᠯᠳᠠ ᠬᠦᠴᠦᠨ ᠠᠤᠭ᠎ᠠ ᠶᠡᠭᠡ ᠪᠠᠶᠢᠵᠤ᠂ ︽ᠳᠤᠮᠳᠠᠳᠤ ᠤᠯᠤᠰ ᠤᠨ ᠬᠤᠸᠠᠯᠠᠶᠢᠱᠢ ᠶᠢᠨ ᠨᠤᠲᠤᠭ︾ ᠪᠠ ︽ᠳᠤᠮᠳᠠᠳᠤ ᠤᠯᠤᠰ ᠤᠨ ᠲᠣᠰᠣᠯᠢᠭ ᠨᠠᠷᠠᠨ ᠬᠤᠸᠠᠷ ᠤᠨ ᠨᠤᠲᠤᠭ︾ ᠪᠣᠯᠣᠨ᠎ᠠ᠃ ᠬᠠᠲᠤᠨ ᠭᠤᠣᠯ ᠤᠨ ᠲᠤᠰ ᠰᠢᠶᠠᠨ ᠳᠠᠬᠢ ᠬᠡᠰᠡᠭ ᠤᠨ ᠤᠷᠲᠤ ᠨᠢ 52 ᠺᠢᠯᠦᠮᠧᠲᠷ ᠪᠠᠶᠢᠵᠤ᠂ 110 ᠤᠯᠤᠰ ᠤᠨ ᠵᠠᠮ᠂ ᠪᠡᠭᠡᠵᠢᠩ ᠠᠴᠠ ᡀᠠᠰᠠ ᠬᠦᠷᠬᠦ ᠲᠦᠷᠭᠡᠨ ᠤ ᠵᠠᠮ᠂ ᠪᠣᠣ ᠯᠠᠨ ᠲᠡᠮᠦᠷ ᠵᠠᠮ᠂ ᠯᠢᠨ ᠾᠧ ᠠᠴᠠ ᠴᠡᠭᠡ ᠬᠦᠷᠬᠦ ᠲᠡᠮᠦᠷ ᠵᠠᠮ ᠪᠦᠷ ᠲᠤᠭᠤᠯᠵᠤ ᠪᠠᠶᠢᠳᠠᠭ᠃      ᠳ᠋ᠧᠩᠺᠧᠦ ᠰᠢᠶᠠᠨ ᠥᠨᠢ ᠤᠳᠠᠭᠠᠨ ᠲᠡᠦᠬᠡ ᠲᠠᠢ ᠪᠠᠶᠢᠵᠤ᠂ ᠡᠷᠲᠡᠨ ᠤ ᠥᠪ ᠦᠯᠡᠳᠡᠭᠳᠡᠯ ᠣᠯᠠᠨ ᠪᠠᠶᠢᠳᠠᠭ᠃ ︽ᠳᠤᠮᠳᠠᠳᠤ ᠤᠯᠤᠰ ᠤᠨ ᠬᠠᠮᠤᠭ ᠰᠠᠶᠢᠨ ᠰᠣᠶᠣᠯ ᠠᠮᠢ ᠠᠬᠤᠢ ᠶᠢᠨ ᠵᠤᠭᠠᠴᠠᠯ ᠤᠨ ᠨᠡᠷᠡᠲᠦ ᠰᠢᠶᠠᠨ︾᠂ ︽ᠪᠦᠬᠦ ᠣᠷᠣᠨ ᠤ ᠡᠯᠡᠰᠦ ᠶᠢ ᠰᠡᠷᠭᠡᠶᠢᠯᠡᠨ ᠵᠠᠰᠠᠭᠰᠠᠨ ᠲᠡᠷᠢᠭᠦᠨ ᠤ ᠬᠠᠮᠲᠤ︾ ᠪᠠ ︽ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠦᠭᠰᠡᠨ ᠵᠢᠱᠢᠶ᠎ᠡ ᠦᠵᠡᠭᠦᠯᠬᠦ ᠰᠢᠶᠠᠨ︾ ᠤ ᠢᠷᠠᠭᠤ ᠠᠯᠳᠠᠷ ᠢ ᠬᠦᠷᠲᠡᠭᠰᠡᠨ ᠪᠠᠶᠢᠳᠠᠭ᠃
ᠢᠷᠡᠯᠲᠡ᠄ ᠳ᠋ᠧᠩᠺᠧᠦ ᠰᠢᠶᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ