ᠰᠤᠷᠭᠠᠨ ᠬᠦᠮᠦᠵᠢᠯ ᠤᠨ ᠳᠡᠩᠴᠡᠭᠦᠷᠢᠳᠤ ᠬᠦᠭᠵᠢᠯᠳᠡ ᠶᠢ ᠠᠬᠢᠭᠤᠯᠵᠤ  ᠦᠨᠳᠦᠰᠦᠲᠡᠨ ᠤ ᠰᠤᠷᠭᠠᠨ ᠬᠦᠮᠦᠵᠢᠯ ᠳᠠᠬᠢ  ᠳᠡᠮᠵᠢᠯᠡᠭᠡ ᠶᠢ ᠨᠡᠮᠡᠭᠳᠡᠭᠦᠯᠦᠶ᠎ᠡ
ᠨᠡᠶᠢᠲᠡᠯᠡᠭᠰᠡᠨ ᠴᠠᠭ᠄
2019/3/12
      ᠡᠨᠡ ᠵᠢᠯ ᠤᠨ ︽ᠵᠠᠰᠠᠭ ᠤᠨ ᠤᠷᠳᠤᠨ ᠤ ᠠᠵᠢᠯ ᠤᠨ ᠢᠯᠡᠳᠬᠡᠯ︾ ᠳᠤ ᠰᠤᠷᠭᠠᠨ ᠬᠦᠮᠦᠵᠢᠯ ᠤᠨ ᠶᠠᠰᠤ ᠴᠢᠨᠠᠷ ᠢ ᠪᠦᠬᠦ ᠳᠠᠯ᠎ᠠ ᠪᠠᠷ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠳᠡᠩᠴᠡᠭᠦᠷᠢ ᠲᠠᠢ ᠬᠦᠭᠵᠢᠯᠳᠡ ᠶᠢ ᠠᠬᠢᠭᠤᠯᠵᠤ᠂ ᠦᠨᠳᠦᠰᠦᠳᠡᠨ ᠤ ᠰᠤᠷᠭᠠᠨ ᠬᠦᠮᠦᠵᠢᠯ ᠤᠨ ︽ᠬᠤᠤᠰ ᠬᠡᠯᠡᠨ︾ ᠤ ᠵᠢᠭᠠᠨ ᠰᠤᠷᠭᠠᠯᠳᠠ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠎ᠠ ᠭᠡᠵᠦ ᠳᠤᠷᠠᠳᠤᠨ ᠭᠠᠷᠭᠠᠵᠠᠢ᠃ ᠡᠭᠦᠨ ᠤ ᠳᠤᠬᠠᠢ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠠᠯᠳᠠᠨᠴᠠᠴᠡᠭ ᠬᠡᠯᠡᠬᠦ ᠳᠡᠭᠡᠨ᠂ ︽ᠢᠯᠡᠳᠬᠡᠯ︾ ᠤᠨ ᠳᠤᠮᠳᠠᠬᠢ ᠰᠤᠷᠭᠠᠨ ᠬᠦᠮᠦᠵᠢᠯ ᠤᠨ ᠳᠡᠩᠴᠡᠭᠦᠷᠢ ᠲᠠᠢ ᠬᠦᠭᠵᠢᠯᠳᠡ ᠶᠢ ᠠᠬᠢᠭᠤᠯᠬᠤ ᠳᠤᠬᠠᠢ ᠠᠭᠤᠯᠭ᠎ᠠ ᠶᠢ ᠰᠤᠨᠤᠰᠤᠭᠠᠳ ᠪᠢ ᠦᠨᠳᠦᠰᠦᠳᠡᠨ ᠤ ᠰᠤᠷᠭᠠᠨ ᠬᠦᠮᠦᠵᠢᠯ ᠤᠨ ᠢᠷᠡᠭᠡᠳᠦᠢ ᠶᠢᠨ ᠬᠦᠭᠵᠢᠯᠳᠡ ᠳᠤ ᠤᠯᠠᠮ ᠢᠳᠡᠭᠡᠯ ᠲᠠᠢ ᠪᠤᠯᠤᠯ᠎ᠠ ᠭᠡᠵᠦ ᠪᠠᠶᠢᠯ᠎ᠠ᠃     ᠠᠯᠳᠠᠨᠴᠡᠴᠡᠭ ᠬᠡᠯᠡᠬᠦ ᠳᠡᠭᠡᠨ᠂ ᠤᠢᠢᠷ᠎ᠠ ᠶᠢᠨ ᠵᠢᠯ ᠠᠴᠠ ᠨᠠᠭᠠᠰᠢ᠂ ᠦᠨᠳᠦᠰᠦᠳᠡᠨ ᠤ ᠰᠤᠷᠭᠠᠨ ᠬᠦᠮᠦᠵᠢᠯ ᠢ ᠳᠡᠷᠢᠭᠦᠨ ᠳᠤ ᠬᠦᠭᠵᠢᠭᠦᠯᠬᠦ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢᠶᠠᠷ᠂ ᠮᠠᠨ ᠤ ᠬᠤᠳᠠ ᠶᠢᠨ ᠦᠨᠳᠦᠰᠦᠳᠡᠨ ᠤ ᠰᠤᠷᠭᠠᠭᠤᠯᠢ ᠶᠢᠨ ᠰᠠᠭᠤᠷᠢ ᠲᠦᠬᠦᠭᠡᠷᠦᠮᠵᠢ᠂ ᠵᠢᠭᠠᠨ ᠰᠤᠷᠭᠠᠬᠤ ᠳᠤᠨᠤᠭ ᠬᠡᠷᠡᠭᠰᠡᠯ ᠵᠡᠷᠭᠡ ᠳᠠᠯ᠎ᠠ ᠪᠠᠷ ᠮᠡᠳᠡᠭᠳᠡᠮ᠎ᠡ ᠰᠠᠶᠢᠵᠢᠷᠠᠯᠳᠠ ᠲᠠᠢ ᠪᠤᠯᠵᠠᠢ᠂ ᠭᠡᠪᠡᠴᠤ ᠪᠠᠰᠠ ᠭᠠᠵᠠᠷ ᠤᠷᠤᠨ ᠬᠤᠭᠤᠷᠤᠨᠳᠤ ᠪᠠᠨ ᠳᠡᠩᠴᠡᠭᠦᠷᠢ ᠦᠬᠡᠢ᠂ ᠰᠤᠷᠭᠠᠭᠤᠯᠢ ᠬᠤᠭᠤᠷᠤᠨᠳᠤ ᠪᠠᠨ ᠳᠡᠩᠴᠡᠭᠦᠷᠢ ᠦᠬᠡᠢ ᠵᠡᠷᠭᠡ ᠠᠰᠠᠭᠤᠳᠠᠯ ᠤᠷᠤᠰᠢᠵᠤ ᠪᠠᠶᠢᠨ᠎ᠠ᠃ ᠮᠠᠨ ᠤ ᠤᠷᠠᠳ ᠤᠨ ᠬᠤᠶᠢᠳᠤ ᠬᠤᠰᠢᠭᠤ ᠪᠠᠷ ᠠᠪᠴᠤ ᠬᠡᠯᠡᠪᠡᠯ᠂ 2009 ᠤᠨ ᠳᠤ ᠬᠤᠰᠢᠭᠤᠨ ᠤ ᠮᠤᠩᠭᠤᠯ ᠪᠠᠭ᠎ᠠ ᠰᠤᠷᠭᠠᠭᠤᠯᠢ ᠴᠤᠬᠠᠦ᠋ᠨᠳᠦᠷ ᠠᠴᠠ ᠪᠠᠶᠠᠨᠪᠤᠯᠠᠭ ᠲᠤ ᠨᠡᠭᠦᠵᠦ ᠢᠷᠡᠬᠦ ᠳᠤ ᠵᠦᠪᠬᠡᠨ ᠨᠢᠭᠡ ᠵᠢᠭᠠᠨ ᠰᠤᠷᠭᠠᠬᠤ ᠠᠰᠠᠷ᠂ ᠨᠢᠭᠡ ᠪᠠᠶᠢᠷᠢ ᠶᠢᠨ ᠠᠰᠠᠷ᠂ ᠨᠢᠭᠡ ᠬᠤᠭᠤᠯᠠᠨ ᠭᠡᠷ ᠢ ᠪᠦᠳᠦᠭᠡᠨ ᠪᠠᠶᠢᠭᠤᠯᠵᠤ᠂ ᠳᠤᠰᠬᠠᠢ ᠪᠠᠭᠰᠢ ᠶᠢᠨ ᠠᠯᠪᠠᠨ ᠭᠡᠷ ᠭᠡᠵᠦ ᠦᠭᠡᠢ᠂ ᠬᠢᠴᠢᠶᠡᠯ ᠤᠨ ᠭᠡᠷ ᠢ ᠳᠠᠰᠤᠯᠤᠨ ᠠᠯᠪᠠᠯᠠᠭᠰᠠᠭᠠᠷ ᠢᠷᠡᠵᠡᠢ᠃ ᠤᠢᠢᠷ᠎ᠠ ᠶᠢᠨ ᠬᠤᠶᠠᠷ ᠵᠢᠯ ᠠᠴᠠ ᠰᠤᠷᠤᠭᠴᠢ ᠶᠢᠨ ᠳᠤᠭ᠎ᠠ ᠤᠯᠠᠰᠢᠷᠠᠬᠤ ᠶᠢ ᠳᠠᠭᠠᠯᠳᠤᠨ ᠠᠩᠬᠢ ᠶᠢᠨ ᠭᠡᠷ ᠬᠦᠷᠦᠯᠴᠡᠬᠦ ᠦᠭᠡᠢ ᠪᠤᠯᠵᠤ᠂ ᠳᠤᠷ᠎ᠠ ᠰᠤᠨᠢᠷᠬᠠᠯ ᠤᠨ ᠬᠢᠴᠢᠶᠡᠯ ᠢ ᠪᠠᠶᠢᠷᠢ ᠶᠢᠨ ᠭᠡᠷ᠂ ᠬᠤᠭᠤᠯᠠᠨ ᠭᠡᠷ ᠲᠤ ᠤᠷᠤᠳᠠᠭ ᠪᠤᠯᠵᠤ᠂ ᠰᠠᠮᠪᠠᠷ᠎ᠡ ᠦᠭᠡᠢ᠂ ᠬᠢᠴᠢᠶᠠᠯ ᠤᠨ ᠳᠠᠪᠴᠠᠩ ᠦᠭᠡᠢ ᠠᠴᠠ ᠵᠢᠭᠠᠨ ᠰᠤᠷᠭᠠᠬᠤ ᠶᠠᠰᠤ ᠴᠢᠨᠠᠷ ᠢ ᠶᠡᠬᠡᠪᠡᠷ ᠨᠦᠯᠦᠭᠡᠯᠡᠪᠡ᠃ ᠤᠳᠤᠬᠠᠨ ᠳᠤ ᠮᠠᠨ ᠤ ᠮᠤᠩᠭᠤᠯ ᠬᠡᠤᠬᠡᠳ ᠤᠨ ᠴᠡᠴᠡᠷᠯᠢᠭ ᠲᠤ 200 ᠭᠠᠷᠤᠢ ᠬᠡᠤᠬᠡᠳ ᠲᠠᠢ ᠪᠠᠶᠢᠵᠤ᠂ ᠮᠦᠨ ᠴᠤ ᠠᠩᠬᠢ ᠶᠢᠨ ᠭᠡᠷ ᠬᠦᠷᠦᠯᠴᠡᠬᠦ ᠦᠭᠡᠢ ᠪᠠᠶᠢᠳᠠᠯ ᠢᠯᠡᠷᠡᠵᠦ᠂ ᠵᠠᠷᠢᠮ ᠭᠡᠷ ᠤᠨ ᠠᠬᠠᠮᠠᠳ ᠠᠷᠭ᠎ᠠ ᠦᠭᠡᠢ ᠳᠡᠭᠡᠨ ᠬᠡᠤᠬᠡᠳ ᠢᠶᠠᠨ ᠬᠤᠳᠠ ᠶᠢᠨ ᠮᠤᠩᠭᠤᠯ ᠭᠡᠤᠭᠡᠳ ᠤᠨ ᠴᠡᠴᠡᠷᠯᠢᠭ ᠲᠤ ᠬᠦᠷᠭᠡᠬᠦ ᠪᠤᠶᠤ ᠴᠢᠨᠠᠭᠰᠢᠯᠠᠨ ᠬᠢᠳᠠᠳ ᠬᠡᠤᠬᠡᠳ ᠤᠨ ᠴᠡᠴᠡᠷᠯᠢᠭ ᠲᠤ ᠬᠦᠷᠭᠡᠬᠦ ᠪᠤᠯᠵᠤ᠂ ᠡᠨᠡ ᠨᠢ ᠦᠨᠳᠦᠰᠦᠳᠡᠨ ᠤ ᠰᠤᠷᠭᠠᠨ ᠬᠦᠮᠦᠵᠢᠯ ᠤᠨ ᠬᠦᠭᠵᠢᠯᠳᠡ ᠶᠢ ᠬᠠᠷᠰᠢᠯᠠᠵᠤ ᠪᠠᠶᠢᠨ᠎ᠠ᠃ ᠬᠤᠳᠠ ᠬᠤᠰᠢᠭᠤ ᠬᠤᠶᠠᠷ ᠱᠠᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠡᠳᠡᠭᠡᠷ ᠠᠰᠠᠭᠤᠳᠠᠯ ᠢ ᠴᠢᠬᠤᠯᠠᠴᠢᠯᠠᠨ ᠦᠵᠡᠵᠦ᠂ ᠦᠨᠳᠦᠰᠦᠳᠡᠨ ᠤ ᠰᠤᠷᠭᠠᠭᠤᠯᠢ ᠳᠠᠬᠢ ᠳᠡᠮᠵᠢᠯᠭᠡ ᠪᠠᠨ ᠦᠷᠭᠦᠯᠵᠢᠯᠡᠨ ᠶᠡᠬᠡᠰᠬᠡᠬᠦ ᠶᠢ ᠬᠦᠰᠡᠵᠦ ᠪᠠᠶᠢᠨ᠎ᠠ ᠭᠡᠯ᠎ᠡ᠃
ᠢᠷᠡᠯᠲᠡ᠄ ᠪᠠᠶᠠᠨ ᠨᠠᠭᠤᠷ ᠤᠨ ᠰᠤᠨᠢᠨ