ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠢᠶᠠᠨ ᠴᠢᠩᠭᠠᠳᠬᠠᠵᠤ ᠦᠨᠳᠥᠰᠦᠲᠡᠨ ᠤ ᠰᠣᠶᠣᠯ ᠢᠶᠠᠨ ᠤᠯᠠᠮᠵᠢᠯᠠᠶ᠎ᠠ
ᠨᠡᠶᠢᠲᠡᠯᠡᠭᠰᠡᠨ ᠴᠠᠭ᠄
2019/3/12
      ᠦᠭᠡ ᠬᠡᠯᠡ ᠦᠰᠦᠭ ᠪᠢᠴᠢᠭ ᠪᠤᠯ ᠨᠢᠬᠡᠨ ᠦᠨᠳᠥᠰᠦᠲᠡᠨ ᠤ ᠬᠠᠮᠤᠭ ᠢᠯᠠ ᠲᠤᠳᠤ ᠰᠢᠠᠵᠢ ᠲᠠᠮᠳᠡᠭ ᠪᠠᠶᠢᠬᠤ ᠶᠤᠰᠤᠳᠠᠢ᠃ ᠲᠠᠷᠠ ᠨᠢ ᠨᠢᠭᠡᠨ ᠦᠨᠳᠥᠰᠦᠲᠡᠨ ᠤ ᠦᠪᠠᠷᠮᠢᠴᠠ ᠣᠨᠴᠠᠯᠢᠭ ᠪᠠ ᠰᠣᠶᠣᠯ ᠤᠨ ᠰᠢᠨᠵᠢ ᠴᠢᠨᠠᠷ ᠢ ᠪᠦᠷᠢᠨ ᠬᠠᠳᠠᠭᠠᠯᠠᠵᠤ ᠪᠠᠶᠢᠳᠠᠭ᠃ ᠡᠭᠦᠨ ᠳᠤ ᠴᠣᠷ ᠤᠨ ᠭᠠᠭᠴᠠ ᠪᠣᠰᠤᠭ᠎ᠠ ᠦᠰᠦᠭ ᠪᠢᠴᠢᠭ ᠢᠶᠠᠷ ᠢᠶᠠᠨ ᠳᠡᠯᠡᠬᠡᠢ ᠳᠠᠶᠠᠭᠠᠷ ᠲᠤ ᠮᠡᠳᠡᠷᠡᠭᠳᠡᠵᠦ᠂ ᠣᠨ ᠤᠳᠠᠭᠠᠨ ᠨᠠᠬᠦᠳᠠᠯ ᠮᠠᠯᠵᠢᠯ ᠤᠨ ᠰᠣᠶᠣᠯ ᠠᠴᠠ ᠤᠯᠠᠮᠵᠢᠯᠠᠨ ᠢᠷᠡᠭᠰᠡᠨ ᠮᠣᠩᠭᠤᠯ ᠦᠭᠡ ᠬᠡᠯᠡ ᠦᠰᠦᠭ ᠪᠢᠴᠢᠭ ᠨᠢ ᠮᠤᠩᠭᠤᠯ ᠦᠨᠳᠥᠰᠦᠲᠡᠨ ᠤ ᠬᠠᠮᠤᠭ ᠤᠮᠤᠬᠰᠢᠯᠳᠠᠢ ᠰᠤᠶᠤᠯ ᠤᠨ ᠪᠦᠷᠢᠯᠳᠤᠬᠦᠨ ᠬᠡᠰᠡᠭ ᠪᠤᠯᠤᠨ᠎ᠠ᠃      ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠢ ᠴᠢᠩᠭᠠᠳᠬᠠᠬᠤ ᠲᠤᠬᠠᠢ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠳᠠᠭᠤᠯᠠ ᠬᠡᠯᠡᠬᠦ ᠳᠡᠭᠡᠨ᠂ ᠥᠨᠥᠳᠥᠷ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠮᠠᠨ ᠤ ᠦᠨᠳᠥᠰᠦᠲᠡᠨ ᠱᠠᠰᠢᠨ ᠰᠤᠷᠲᠠᠬᠤᠨ ᠤ ᠠᠵᠢᠯ ᠳᠤ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠲᠡᠭᠡᠪᠡᠯ ᠪᠢ ᠨᠢᠭᠡᠨ ᠦᠨᠳᠥᠰᠦᠲᠡᠨ ᠱᠠᠰᠢᠨ ᠰᠤᠷᠲᠠᠬᠤᠨ ᠤ ᠠᠵᠢᠯᠲᠠᠨ ᠪᠣᠯᠣᠭᠰᠠᠨ ᠤ ᠬᠤᠪᠢ ᠳᠤ ᠳᠦᠢᠯ ᠢᠶᠠᠷ ᠵᠣᠷᠢᠭᠵᠢᠵᠤ᠂ ᠣᠳᠣᠬᠢ ᠨᠡᠶᠢᠭᠡᠮ ᠳᠡᠭᠡᠷ᠎ᠡ ᠨᠡᠶᠢᠳᠡᠮ ᠣᠷᠣᠰᠢᠵᠤ ᠪᠠᠶᠢᠭ᠎ᠠ ᠮᠣᠩᠭᠤᠯ ᠬᠢᠲᠠᠳ ᠦᠭᠡ ᠬᠡᠯᠡ ᠦᠰᠦᠭ ᠪᠢᠴᠢᠭ ᠢ ᠵᠡᠷᠭᠡᠪᠡᠷ ᠬᠡᠷᠡᠭᠯᠡᠬᠦ ᠠᠷᠪᠢᠨ ᠠᠰᠠᠭᠤᠳᠠᠯ ᠳᠤ ᠴᠢᠭᠯᠡᠭᠦᠯᠦᠨ ᠡᠨᠡ ᠤᠳᠠᠭ᠎ᠠ ᠶᠢᠨ ᠬᠤᠷᠠᠯ ᠳᠡᠭᠡᠷ᠎ᠡ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠬᠠᠤᠯᠢ ᠳᠦᠷᠢᠮᠵᠢᠭᠰᠡᠨ ᠬᠠᠮᠢᠶᠠᠷᠤᠯᠲᠠ ᠬᠦᠷᠦᠯᠴᠡᠬᠦ ᠦᠭᠡᠢ᠂ ᠣᠯᠠᠨ ᠭᠠᠵᠠᠷ ᠤᠨ ᠥᠩᠭᠡᠨ ᠬᠡᠷᠡᠭᠯᠡᠭᠡᠨ ᠤ ᠫᠠᠶᠢᠰᠠ ᠢᠯᠡᠷᠬᠡᠶᠢᠯᠡᠯ ᠳᠤ ᠮᠣᠩᠭᠤᠯ ᠬᠢᠲᠠᠳ ᠦᠰᠦᠭ ᠪᠢᠴᠢᠭ ᠢ ᠵᠡᠷᠭᠡᠪᠡᠷ ᠬᠡᠷᠡᠭᠯᠡᠭᠰᠡᠨ ᠲᠠᠯ᠎ᠠ ᠪᠠᠷ ᠳᠦᠷᠢᠮᠵᠢᠯ ᠦᠭᠡᠢ᠂ ᠦᠰᠦᠭ ᠤᠨ ᠶᠡᠭᠡ ᠪᠠᠭ᠎ᠠ ᠶᠢᠨ ᠬᠠᠷᠢᠴᠠᠯ ᠲᠡᠭᠰᠢ ᠪᠤᠰᠤ᠂ ᠪᠤᠷᠤᠭᠤ ᠦᠰᠦᠭ᠂ ᠪᠤᠷᠤᠭᠤ ᠣᠷᠴᠢᠭᠤᠯᠭ᠎ᠠ ᠵᠥᠩᠳᠡᠭᠡᠨ ᠬᠠᠷᠠᠭᠳᠠᠵᠤ ᠪᠠᠶᠢᠬᠤ᠂ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠰᠬᠠᠢ ᠵᠠᠷᠤᠳᠠᠯ ᠢ ᠨᠠᠶᠢᠳᠠᠪᠤᠷᠢᠵᠢᠭᠤᠯᠬᠤ ᠳᠤ ᠬᠦᠴᠢᠷᠲᠡᠢ ᠵᠡᠷᠭᠡ ᠠᠰᠠᠭᠤᠳᠠᠯ ᠤᠨ ᠲᠤᠭᠤᠷᠢᠨ ᠳᠤ ᠰᠠᠨᠠᠯ ᠲᠤᠷᠠᠳᠤᠯᠭ᠎ᠠ ᠲᠤᠷᠠᠳᠬᠤ ᠪᠠᠷ ᠪᠤᠢ᠃ ᠡᠭᠦᠨ ᠢᠶᠠᠷ ᠲᠠᠮᠵᠢᠨ᠂ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠲᠦᠷᠤ ᠶᠢᠨ ᠪᠤᠳᠤᠯᠭ᠎ᠠ ᠬᠠᠤᠯᠢ ᠲᠦᠷᠢᠮ ᠤᠨ ᠤᠬᠠᠭᠤᠯᠭ᠎ᠠ ᠪᠠᠨ ᠴᠢᠩᠭᠠᠳᠬᠠᠵᠤ᠂ ᠮᠣᠩᠭᠤᠯ ᠬᠢᠲᠠᠳ ᠦᠭᠡ ᠬᠡᠯᠡ ᠦᠰᠦᠭ ᠪᠢᠴᠢᠭ ᠢ ᠪᠠᠷᠢᠮᠵᠢᠶᠠᠯᠠᠨ ᠬᠡᠷᠡᠭᠯᠡᠬᠦ ᠶᠢ ᠴᠡᠭᠴᠡᠯᠡᠨ ᠵᠠᠰᠠᠵᠤ᠂ ᠮᠣᠩᠭᠤᠯ ᠬᠢᠲᠠᠳ ᠬᠡᠯᠡᠨ ᠤ ᠣᠷᠴᠢᠭᠤᠯᠭ᠎ᠠ ᠶᠢᠨ ᠠᠵᠢᠯᠲᠠᠨ ᠤ ᠬᠡᠪ ᠴᠢᠨᠠᠷ ᠢ ᠳᠡᠭᠡᠭᠰᠢᠯᠡᠭᠦᠯᠵᠦ᠂ ᠪᠠᠷᠢᠮᠵᠢᠶ᠎ᠠ ᠤᠷᠴᠢᠭᠤᠯᠭ᠎ᠠ ᠶᠢᠨ ᠠᠵᠢᠯ ᠢ ᠴᠢᠩᠭᠠᠳᠬᠠᠵᠤ᠂ ᠡᠷᠲᠡᠨ ᠤ ᠨᠤᠮ ᠪᠢᠴᠢᠭ ᠢ ᠡᠮᠬᠢᠳᠬᠡᠬᠦ ᠠᠵᠢᠯ ᠢ ᠴᠢᠩᠭᠠᠳᠬᠠᠨ᠂ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠬᠤ ᠵᠡᠷᠭᠡ ᠲᠠᠯ᠎ᠠ ᠪᠠᠷ ᠠᠷᠭ᠎ᠠ ᠬᠡᠮᠵᠢᠶ᠎ᠡ ᠠᠪᠬᠤ ᠶᠢ ᠬᠦᠰᠡᠵᠦ ᠪᠠᠶᠢᠨ᠎ᠠ ᠭᠡᠵᠡᠢ᠃
ᠢᠷᠡᠯᠲᠡ᠄ ᠪᠠᠶᠠᠨ ᠨᠠᠭᠤᠷ ᠤᠨ ᠰᠤᠨᠢᠨ