ᠮᠤᠩᠭᠤᠯ ᠦᠪ ᠰᠤᠶᠤᠯ ᠢᠶᠠᠨ ᠤᠯᠠᠮᠵᠢᠯᠠᠨ ᠪᠠᠳᠠᠷᠠᠭᠤᠯᠵᠤ ᠮᠣᠩᠭᠤᠯ ᠡᠮ ᠡᠮᠨᠡᠯᠭᠡ ᠶᠢᠨ ᠦᠢᠯᠡᠰ ᠢ ᠵᠠᠯᠭᠠᠮᠵᠢᠯᠠᠨ ᠬᠦᠭᠵᠢᠭᠦᠯᠰᠦᠭᠡᠢ
ᠨᠡᠶᠢᠲᠡᠯᠡᠭᠰᠡᠨ ᠴᠠᠭ᠄
2019/3/12
     1 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠦᠷᠪᠡᠳᠦᠭᠡᠷ ᠬᠤᠭᠤᠴᠠᠭᠠᠨ ᠤ ᠬᠤᠶᠠᠳᠤᠭᠠᠷ ᠤᠳᠠᠭ᠎ᠠ ᠶᠢᠨ ᠬᠤᠷᠠᠯ ᠳᠤ ᠤᠷᠤᠯᠴᠠᠭᠰᠠᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ︽ᠵᠠᠰᠠᠭ ᠤᠨ ᠤᠷᠳᠤᠨ ᠤ ᠠᠵᠢᠯ ᠤᠨ ᠢᠯᠡᠳᠬᠡᠯ︾ ᠤᠨ ᠳᠤᠭᠤᠷᠢᠨ ᠳᠤ ᠬᠠᠯᠠᠭᠤᠨ ᠶᠠᠷᠢᠯᠴᠠᠭ᠎ᠠ ᠦᠷᠨᠢᠭᠦᠯᠪᠡ᠃      ᠭᠡᠰᠢᠭᠦᠨ ᠳ᠋ᠦᠩ · ᠰᠠᠨᠠᠭᠠᠪᠠᠭᠠᠳᠤᠷ ᠬᠡᠯᠡᠬᠦ ᠳᠡᠭᠡᠨ᠂ ︽ᠵᠠᠰᠠᠭ ᠤᠨ ᠤᠷᠳᠤᠨ ᠤ ᠠᠵᠢᠯ ᠤᠨ ᠢᠯᠠᠳᠬᠡᠯ︾ ᠳᠤ ᠡᠷᠡᠭᠦᠯ ᠴᠢᠬᠢᠷᠠᠭ ᠪᠠᠶᠠᠨᠨᠠᠭᠤᠷ ᠤᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠦᠷᠭᠦᠯᠵᠢᠯᠡᠨ ᠬᠦᠨᠵᠡᠭᠡᠶᠢᠷᠡᠭᠦᠯᠵᠦ᠂ ᠮᠤᠩᠭᠤᠯ ᠬᠢᠳᠠᠳ ᠡᠮ ᠡᠮᠨᠡᠯᠭᠡ ᠶᠢᠨ ᠦᠢᠯᠡᠰ ᠤᠨ ᠬᠦᠭᠵᠢᠯᠳᠡ ᠶᠢ ᠳᠡᠮᠵᠢᠨ᠎ᠡ ᠭᠡᠵᠦ ᠳᠤᠷᠠᠳᠤᠨ ᠭᠠᠷᠭᠠᠭᠰᠠᠨ ᠪᠠᠶᠢᠨ᠎ᠠ᠃ ᠮᠤᠩᠭᠤᠯ ᠡᠮ ᠡᠮᠨᠡᠯᠭᠡ ᠶᠢᠨ ᠠᠵᠢᠯᠳᠠᠨ ᠪᠤᠯᠤᠭᠰᠠᠨ ᠤ ᠬᠤᠪᠢ ᠳᠤ ᠡᠭᠦᠨ ᠢ ᠰᠤᠨᠤᠰᠤᠭᠠᠳ ᠪᠢ ᠮᠠᠰᠢ ᠪᠠᠶᠠᠷᠯᠠᠵᠤ ᠪᠠᠶᠢᠨ᠎ᠠ ᠭᠡᠯ᠎ᠡ᠃       ᠳ᠋ᠦᠩ · ᠰᠠᠨᠠᠭᠠᠪᠠᠭᠠᠳᠤᠷ ᠬᠡᠯᠡᠬᠦ ᠳᠡᠭᠡᠨ᠂ ᠮᠤᠩᠭᠤᠯ ᠡᠮ ᠡᠮᠨᠡᠯᠭᠡ ᠪᠤᠯ ᠮᠤᠩᠭᠤᠯ ᠦᠪ ᠰᠤᠶᠤᠯ ᠤᠨ ᠴᠢᠬᠤᠯᠠ ᠪᠦᠷᠢᠯᠳᠦᠭᠦᠨ ᠬᠡᠰᠡᠭ ᠪᠤᠯᠤᠨ᠎ᠠ᠂ ᠮᠤᠩᠭᠤᠯ ᠡᠮ ᠡᠮᠨᠡᠯᠭᠡ ᠨᠢᠭᠡᠨᠳᠡ 1000 ᠭᠠᠷᠤᠢ ᠵᠢᠯ ᠤᠨ ᠬᠦᠭᠵᠢᠯᠳᠡ ᠶᠢᠨ ᠳᠡᠤᠬᠡ ᠲᠠᠢ ᠪᠠᠶᠢᠵᠤ᠂ ᠤᠵᠢᠭ ᠡᠪᠡᠳᠴᠢᠨ᠂ ᠬᠦᠴᠢᠷ ᠲᠦᠪᠡᠭᠲᠡᠢ ᠡᠪᠡᠳᠴᠢᠨ ᠠᠷᠬᠠᠭ᠂ ᠦᠳᠡᠭᠦᠰ ᠤᠨ ᠡᠪᠡᠳᠴᠢᠨ ᠵᠡᠷᠭᠡ ᠶᠢ ᠵᠠᠰᠠᠬᠤ ᠳᠤ ᠤᠨᠴᠠᠭᠠᠢ ᠡᠮᠴᠢᠯᠡᠭᠡᠨ ᠤ ᠦᠢᠯᠡᠳᠦᠯ ᠲᠠᠢ ᠪᠠᠶᠢᠳᠠᠭ᠃ ᠤᠢᠢᠷ᠎ᠠ ᠶᠢᠨ ᠵᠢᠯ ᠠᠴᠠ ᠨᠠᠭᠠᠰᠢ᠂ ᠤᠯᠤᠰ ᠪᠠ ᠦᠪᠡᠷᠳᠡᠭᠡᠨ ᠵᠠᠰᠠᠬᠤ ᠤᠷᠤᠨ ᠤ ᠳᠡᠮᠵᠢᠯᠭᠡ ᠳᠤᠤᠷ᠎ᠠ ᠮᠤᠩᠭᠤᠯ ᠡᠮ ᠡᠮᠨᠡᠯᠭᠡ ᠶᠢᠨ ᠦᠢᠯᠡᠰ ᠬᠦᠭᠵᠢᠯᠳᠡ ᠶᠢᠨ ᠵᠠᠮ ᠳᠠᠭᠠᠨ ᠤᠷᠤᠭᠰᠠᠨ ᠪᠤᠯᠪᠠᠴᠤ ᠪᠠᠰᠠ ᠡᠳᠦᠢ ᠳᠡᠳᠦᠢ ᠠᠰᠠᠭᠤᠳᠠᠯ ᠤᠷᠤᠰᠢᠵᠤ ᠪᠠᠶᠢᠨ᠎ᠠ᠃ ᠵᠢᠱᠢᠶᠡᠯᠡᠪᠡᠯ᠂ ᠮᠤᠩᠭᠤᠯ ᠡᠮ ᠡᠮᠨᠡᠯᠭᠡ ᠶᠢᠨ ᠦᠢᠯᠡᠰ ᠤᠨ ᠡᠷᠳᠡᠮ ᠰᠢᠨᠵᠢᠯᠡᠭᠡᠨ ᠤ ᠵᠠᠷᠤᠳᠠᠯ ᠮᠦᠩᠬᠦ ᠬᠦᠷᠦᠯᠴᠡᠬᠦ ᠦᠭᠡᠢ ᠪᠠᠶᠢᠵᠤ᠂ ᠡᠨᠡ ᠨᠢ ᠮᠤᠩᠭᠤᠯ ᠡᠮ ᠡᠮᠨᠡᠯᠭᠡ ᠶᠢᠨ ᠬᠦᠭᠵᠢᠯᠳᠡ ᠶᠢ ᠬᠢᠵᠠᠭᠠᠷᠯᠠᠵᠤ ᠪᠠᠶᠢᠨ᠎ᠠ᠃ ᠳᠠᠬᠢᠪᠠᠯ ᠮᠤᠩᠭᠤᠯ ᠡᠮ ᠡᠮᠨᠡᠯᠭᠡ ᠶᠢᠨ ᠳᠤᠰᠬᠠᠢ ᠮᠡᠷᠭᠡᠵᠢᠯ ᠤᠨ ᠴᠢᠳᠠᠪᠤᠷᠢᠳᠠᠨ ᠳᠤᠳᠠᠭᠳᠠᠵᠤ᠂ ᠪᠦᠬᠦ ᠬᠤᠳᠠ ᠳᠤ ᠮᠤᠩᠭᠤᠯ ᠡᠮ ᠡᠮᠨᠡᠯᠭᠡ ᠶᠢᠨ ᠠᠵᠢᠯ ᠡᠷᠬᠢᠯᠡᠭᠰᠡᠳ ᠵᠦᠪᠬᠡᠨ 170 ᠭᠠᠷᠤᠢ ᠬᠦᠮᠦᠨ ᠪᠠᠶᠢᠵᠤ᠂ ᠪᠦᠬᠦ ᠬᠤᠳᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠳᠠᠨ ᠤ 2.6% ᠶᠢ ᠯᠡ ᠡᠵᠡᠯᠡᠵᠦ ᠪᠠᠶᠢᠳᠠᠭ᠃ ᠬᠤᠵᠢᠮ ᠡᠯ᠎ᠡ ᠱᠠᠳᠤᠨ ᠤ ᠤᠳᠤᠷᠢᠳᠤᠯᠭ᠎ᠠ ᠮᠤᠩᠭᠤᠯ ᠡᠮ ᠡᠮᠨᠡᠯᠭᠡ ᠶᠢᠨ ᠦᠢᠯᠡᠰ ᠤᠨ ᠬᠦᠭᠵᠢᠯᠳᠡ ᠶᠢ ᠴᠢᠨᠠᠭᠰᠢᠳᠠ ᠴᠢᠬᠤᠯᠠᠴᠢᠯᠠᠵᠤ᠂ ᠮᠠᠨ ᠤ ᠬᠤᠳᠠ ᠶᠢᠨ ᠮᠤᠩᠭᠤᠯ ᠡᠮ ᠡᠮᠨᠡᠯᠭᠡ ᠶᠢᠨ ᠬᠦᠭᠵᠢᠯᠳᠡ ᠶᠢᠨ ᠪᠤᠳᠠᠳᠠᠢ ᠪᠠᠶᠢᠳᠠᠯ ᠲᠠᠢ ᠤᠶᠠᠯᠳᠤᠭᠤᠯᠤᠨ ᠮᠤᠩᠭᠤᠯ ᠡᠮ ᠡᠮᠨᠡᠯᠭᠡ ᠶᠢᠨ ᠡᠷᠡᠭᠦᠯ ᠬᠦᠭᠵᠢᠯᠳᠡ ᠶᠢ ᠲᠦᠯᠬᠢᠨ ᠠᠬᠢᠭᠤᠯᠬᠤ ᠳᠤᠬᠠᠢ ᠲᠦᠷᠦ ᠶᠢᠨ ᠪᠤᠳᠤᠯᠭ᠎ᠠ ᠶᠢ ᠳᠤᠭᠳᠠᠭᠠᠵᠤ᠂ ᠮᠤᠩᠭᠤᠯ ᠡᠮ ᠡᠮᠨᠡᠯᠭᠡ ᠳᠠᠬᠢ ᠪᠡᠯᠡ ᠤᠷᠤᠭᠤᠯᠤᠯᠳᠠ ᠪᠠᠨ ᠶᠡᠬᠡᠰᠬᠡᠵᠦ᠂ ᠮᠤᠩᠭᠤᠯ ᠡᠮ ᠡᠮᠨᠡᠯᠭᠡ ᠶᠢᠨ ᠳᠤᠰᠬᠠᠢ ᠮᠡᠷᠭᠡᠵᠢᠯ ᠤᠨ ᠠᠵᠢᠯᠳᠠᠨ ᠤ ᠤᠷᠤᠨ ᠳᠤᠭ᠎ᠠ ᠶᠢ ᠨᠡᠮᠡᠭᠳᠡᠭᠦᠯᠤᠨ᠂ ᠬᠦᠮᠦᠵᠢᠯ ᠪᠤᠯᠪᠠᠰᠤᠷᠠᠯ ᠢ ᠴᠢᠩᠭᠠᠳᠬᠠᠬᠤ ᠶᠢ ᠬᠦᠰᠡᠵᠦ ᠪᠠᠶᠢᠨ᠎ᠠ ᠭᠡᠯ᠎ᠡ᠃
ᠢᠷᠡᠯᠲᠡ᠄ ᠪᠠᠶᠠᠨ ᠨᠠᠭᠤᠷ ᠤᠨ ᠰᠤᠨᠢᠨ