ᠤᠷᠠᠳ ᠤᠨ ᠲᠤᠮᠳᠠᠳᠤ ᠬᠤᠰᠢᠭᠤᠨ ᠤ ᠲᠤᠶᠢᠮᠦ ᠪᠠᠶᠢᠳᠠᠯ
ᠨᠡᠶᠢᠲᠡᠯᠡᠭᠰᠡᠨ ᠴᠠᠭ᠄
2019/3/13
     ᠤᠷᠠᠳ ᠤᠨ ᠲᠤᠮᠳᠠᠳᠤ ᠬᠤᠰᠢᠭᠤ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠷᠠᠭᠤᠨ ᠭᠡᠰᠡᠭ ᠢᠶᠠᠷ ᠪᠤᠢ᠃ ᠬᠤᠶᠢᠳᠤ ᠪᠡᠶ᠎ᠡ ᠪᠠᠷ ᠢᠶᠠᠨ ᠮᠤᠩᠭᠤᠯ ᠤᠯᠤᠰ ᠲᠠᠢ ᠵᠠᠬ᠎ᠠ ᠨᠡᠶᠢᠯᠡᠵᠤ᠂ 184 ᠺᠢᠯᠤᠮᠧᠲᠷ ᠤᠨ  ᠤᠯᠤᠰ ᠤᠨ ᠬᠢᠯᠢ ᠶᠢᠨ ᠱᠤᠭᠤᠮ ᠲᠠᠢ ᠪᠠᠶᠢᠵᠤ᠂ ᠵᠡᠬᠦᠨ ᠵᠠᠬ᠎ᠠ ᠪᠠᠷ ᠢᠶᠠᠨ ᠪᠤᠭᠤᠳᠤ ᠬᠤᠳᠠ ᠶᠢᠨ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤ᠂ ᠬᠦᠶᠠᠩ ᠰᠢᠶᠠᠨ ᠲᠠᠢ ᠬᠦᠷᠰᠢᠯᠡᠵᠤ᠂ ᠡᠮᠤᠨ᠎ᠡ ᠵᠠᠬ᠎ᠠ ᠪᠠᠷ ᠢᠶᠠᠨ ᠤᠷᠠᠳ ᠤᠨ ᠡᠮᠤᠨᠡᠳᠤ ᠬᠤᠰᠢᠭᠤ᠂ ᠦᠶᠦᠸᠠᠨ ᠰᠢᠶᠠᠨ ᠂  ᠯᠢᠨ ᠾᠧ ᠲᠤᠭᠤᠷᠢᠭ᠂ ᠬᠠᠩᠬᠢᠨ ᠬᠤᠶᠢᠳᠤ ᠬᠤᠰᠢᠭᠤ  ᠎ ᠲᠠᠢ  ᠬᠦᠷᠰᠢᠯᠡᠨ᠂ ᠪᠠᠷᠠᠭᠤᠨ ᠵᠠᠬ᠎ᠠ ᠪᠠᠷ ᠢᠶᠠᠨ ᠤᠷᠠᠳ ᠤᠨ ᠬᠤᠶᠢᠳᠤ ᠬᠤᠰᠢᠭᠤ ᠲᠠᠢ ᠵᠠᠯᠭᠠᠯᠳᠤᠵᠤ ᠪᠠᠶᠢᠳᠠᠭ᠃ ᠪᠦᠬᠦ  ᠬᠤᠰᠢᠭᠤᠨ ᠤ ᠨᠤᠳᠤᠭ ᠲᠡᠪᠢᠰᠭᠡᠷ ᠵᠡᠬᠦᠨᠰᠢ ᠪᠠᠷᠠᠭᠤᠨᠰᠢ ᠤᠷᠳᠤ ᠪᠠᠷ ᠢᠶᠠᠨ 203.8 ᠺᠢᠯᠤᠮᠧᠲᠷ᠂ ᠡᠮᠦᠨ᠎ᠡ ᠤᠮᠠᠷ᠎ᠠ ᠶᠢᠨ ᠦᠷᠭᠡᠨ ᠨᠢ 148.9 ᠺᠢᠯᠤᠮᠧᠲᠷ᠂ ᠵᠢᠭᠳᠡ ᠪᠤᠰᠤ ᠲᠦᠷᠪᠡᠯᠵᠢᠨ ᠭᠡᠯᠪᠡᠷᠢ ᠲᠠᠢ᠂ ᠶᠡᠷᠦᠩᠭᠡᠢ ᠲᠠᠯᠠᠪᠠᠢ ᠨᠢ 23096 ᠲᠡᠭᠰᠢ ᠲᠦᠷᠪᠡᠯᠵᠢᠨ ᠺᠢᠯᠤᠮᠧᠲᠷ᠃ ᠬᠤᠰᠢᠭᠤᠨ ᠤ ᠠᠷᠠᠳ ᠤᠨ ᠵᠠᠰᠠᠭ ᠎ ᠤᠨ ᠤᠷᠳᠤᠨ ᠤ ᠰᠠᠭᠤᠭ᠎ᠠ ᠭᠠᠵᠠᠷ ᠬᠠᠯᠢᠭᠤᠳᠤ ᠪᠠᠯᠭᠠᠰᠤ ᠨᠢ ᠪᠠᠶᠠᠨᠨᠠᠭᠤᠷ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠠᠭᠤᠭ᠎ᠠ ᠭᠠᠵᠠᠷ ᠯᠢᠨ ᠾᠧ ᠲᠤᠭᠤᠷᠢᠭ ᠎ ᠠᠴᠠ 161 ᠺᠢᠯᠤᠮᠧᠲᠷ ᠤᠨ ᠵᠠᠢ ᠲᠠᠢ᠂ ᠪᠤᠭᠤᠳᠤ ᠬᠤᠳᠠ ᠠᠴᠠ 219 ᠺᠢᠯᠤᠮᠧᠲᠷ ᠵᠠᠢ ᠲᠠᠢ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠦᠪ ᠬᠦᠭᠡᠬᠤᠳᠠ ᠠᠴᠠ 391 ᠺᠢᠯᠤᠮᠧᠲᠷ ᠵᠠᠢ ᠲᠠᠢ᠂ ᠲᠤᠮᠳᠠᠳᠤ ᠤᠯᠤᠰ ᠤᠨ ᠭᠠᠭᠴᠠᠮᠤᠳᠤ ᠪᠤᠭᠤᠮᠳᠠ ᠠᠴᠠ 135 ᠺᠢᠯᠤᠮᠧᠲᠷ ᠵᠠᠢ ᠲᠠᠢ  ᠃          ᠤᠷᠠᠳ ᠤᠨ ᠲᠤᠮᠳᠠᠳᠤ ᠬᠤᠰᠢᠭᠤ ᠠᠩᠬ᠎ᠠ ᠴᠢᠩ ᠤᠯᠤᠰ ᠤᠨ ᠦᠶ᠎ᠡ ᠶᠢᠨ ᠡᠶᠡᠪᠡᠷ ᠵᠠᠰᠠᠭᠴᠢ ᠶᠢᠨ ᠲᠠᠪᠤᠳᠤᠭᠠᠷ ᠤᠨ ︵1648  ᠤᠨ︶᠎ ᠳᠤ ᠪᠠᠶᠢᠭᠤᠯᠤᠭᠳᠠᠵᠤ᠂  ᠪᠠᠰᠠ ᠤᠷᠠᠳ ᠤᠨ ᠲᠤᠮᠳᠠᠳᠤ ᠬᠦᠩ ᠤᠨ  ᠬᠤᠰᠢᠭᠤ ᠭᠡᠳᠡᠭ᠃ 1952 ᠤᠨ ᠳᠤ᠂ ᠤᠷᠠᠳ ᠤᠨ ᠲᠤᠮᠳᠠᠳᠤ ᠬᠤᠰᠢᠭᠤ ᠪᠤᠯᠤᠨ ᠤᠷᠠᠳ ᠤᠨ ᠬᠤᠶᠢᠳᠤ  ᠬᠤᠰᠢᠭᠤ ᠬᠤᠯᠪᠤᠭᠠᠯᠠᠨ ᠤᠷᠠᠳ ᠤᠨ ᠲᠤᠮᠳᠠᠳᠤ ᠬᠤᠶᠢᠳᠤ ᠬᠤᠯᠪᠤᠭᠠᠳᠤ ᠬᠤᠰᠢᠭᠤ ᠬᠡᠵᠤ ᠨᠡᠷᠡᠶᠢᠳᠪᠡ᠃ 1970 ᠤᠨ ᠳᠤ ᠪᠠᠷᠠᠭᠤᠨ ᠭᠡᠰᠡᠭ ᠭᠠᠵᠠᠷ ᠢ ᠠᠰ ᠲᠤᠨᠢ ᠴᠤᠭ ᠬᠤᠰᠢᠭᠤ ︵ᠦᠨᠦ ᠶᠢᠨ ᠤᠷᠠᠳ ᠤᠨ ᠬᠤᠶᠢᠳᠤ ᠬᠤᠰᠢᠭᠤ  ︶ ᠭᠡᠵᠤ ᠪᠠᠶᠢᠭᠤᠯᠤᠭᠠᠳ᠂ 1981 ᠤᠨ ᠳᠤ ᠤᠷᠠᠳ ᠤᠨ ᠲᠤᠮᠳᠠᠳᠤ ᠬᠤᠰᠢᠭᠤ ᠬᠡᠵᠤ ᠨᠡᠷ᠎ᠡ ᠶᠢ ᠨᠢ ᠬᠠᠯᠠᠪᠠ᠃  ᠤᠷᠠᠳ ᠤᠨ ᠲᠤᠮᠳᠠᠳᠤ ᠬᠤᠰᠢᠭᠤ ᠨᠢ ᠬᠠᠯᠢᠭᠤᠳᠤ᠂ ᠤᠩᠭᠤᠨ᠂ ᠦᠵᠦᠬᠦᠷ ᠭᠤᠤᠯ᠂ ᠲᠠᠯᠠᠭᠤᠯᠠ᠂ ᠰᠢᠬ᠎ᠠ ᠭᠤᠤᠯ  ᠂ ᠭᠠᠭᠴᠠᠮᠤᠳᠤ ᠵᠡᠷᠭᠡ 6 ᠪᠠᠯᠭᠠᠰᠤ᠂ ᠬᠤᠯᠤᠰᠤᠳᠠᠢ᠂ ᠴᠤᠩᠵᠢ᠂ ᠪᠠᠶ᠋ᠬᠠᠤᠯᠠᠭᠠᠨ᠂ ᠰᠢᠨᠡᠬᠦ᠋ᠷᠢᠶ᠎ᠡ ᠵᠡᠷᠭᠡ 4 ᠰᠤᠮᠤ ᠵᠢᠴᠢ ᠲᠤᠩᠬᠠᠳᠠᠢ ᠡᠬᠦᠯᠳᠡᠷ ᠤᠨ ᠮᠠᠯ ᠤᠨ ᠲᠠᠯᠠᠪᠠᠢ᠂ ᠮᠦᠶᠠᠩᠬᠠᠢ ᠮᠠᠯᠵᠢᠯ ᠎ ᠤᠨ ᠲᠠᠯᠠᠪᠠᠢ ᠲᠠᠢ ᠪᠠᠶᠢᠵᠤ᠂ ᠪᠦᠬᠦ ᠬᠤᠰᠢᠭᠤᠨ ᠤ ᠬᠠᠷᠢᠶᠠᠨ ᠳᠤ᠂ 93 ᠭᠠᠴᠠᠭ᠎ᠠ ᠲᠤᠰᠬᠤᠨ ︵ᠬᠤᠪᠢᠶᠠᠷᠢ ᠲᠠᠯᠠᠪᠠᠢ︶᠎ ᠤ ᠵᠦᠪᠯᠡᠯ᠂ 6 ᠨᠡᠶᠢᠭᠡᠮ ᠲᠤᠭᠤᠷᠢᠭ᠂ 1 ᠪᠤᠯᠪᠠᠰᠤᠷᠠᠭᠤᠯᠤᠯᠳᠠ ᠶᠢᠨ ᠬᠠᠮᠢᠶᠠᠷᠤᠯᠳᠠ ᠶᠢᠨ ᠵᠦᠪᠯᠡᠯ᠂ 278 ᠪᠠᠶᠢᠭᠠᠯᠢᠯᠢᠭ ᠲᠤᠰᠬᠤᠨ ᠲᠠᠢ᠃  2017 ᠤᠨ ᠤ ᠵᠢᠯ ᠤᠨ ᠡᠴᠦᠰ ᠤᠨ ᠲᠤᠭ᠎ᠠ ᠪᠦᠷᠢᠳᠭᠡᠯ ᠢ ᠦᠨᠳᠦᠰᠦᠯᠡᠪᠡᠯ᠂ ᠤᠷᠠᠳ ᠤᠨ ᠲᠤᠮᠳᠠᠳᠤ  ᠬᠤᠰᠢᠭᠤᠨ ᠤ ᠶᠡᠷᠦᠩᠭᠡᠢ ᠬᠦᠮᠦᠨ ᠠᠮᠠ 143031᠂ ᠬᠦᠳᠡᠭᠡ ᠲᠤᠰᠬᠤᠨ ᠤ ᠬᠦᠮᠦᠨ ᠠᠮᠠ 112779᠂ ᠬᠤᠳᠠ ᠪᠠᠯᠭᠠᠰᠤ ᠶᠢᠨ ᠬᠦᠮᠦᠨ ᠠᠮᠠ 30252᠃ ᠤᠷᠠᠳ ᠤᠨ ᠲᠤᠮᠳᠠᠳᠤ ᠬᠤᠰᠢᠭᠤ ᠪᠤᠯ ᠮᠤᠩᠭᠤᠯ ᠦᠨᠳᠦᠰᠦᠳᠡᠨ ᠢᠶᠠᠷ ᠭᠤᠤᠯ ᠪᠤᠯᠭᠠᠵᠤ᠂ ᠬᠢᠳᠠᠳ ᠦᠨᠳᠦᠰᠦᠳᠡᠨ ᠤᠯᠠᠩᠬᠢ ᠲᠤᠭ᠎ᠠ ᠶᠢ ᠡᠵᠡᠯᠡᠭᠰᠡᠨ ᠦᠨᠳᠦᠰᠦᠳᠡᠨ ᠤ ᠭᠠᠵᠠᠷ ᠤᠷᠤᠨ ᠪᠠᠶᠢᠵᠤ᠂ ᠬᠤᠳᠤᠩ᠂ ᠮᠠᠨᠵᠤ᠂ ᠲᠠᠭᠤᠷ᠂ ᠲᠦᠪᠡᠳ᠂ ᠰᠤᠯᠤᠩᠭᠤᠰ ᠵᠡᠷᠭᠡ 13 ᠦᠨᠳᠦᠰᠦᠳᠡᠨ ᠬᠤᠯᠢᠯᠳᠤᠨ ᠰᠠᠭᠤᠷᠢᠰᠢᠵᠤ ᠪᠠᠶᠢᠳᠠᠭ᠃            ᠤᠷᠠᠳ ᠤᠨ ᠲᠤᠮᠳᠠᠳᠤ ᠬᠤᠰᠢᠭᠤ ᠡᠭᠡ ᠬᠠᠭᠤᠷᠠᠢ ᠶᠢᠨ ᠨᠡᠪᠳᠡ ᠲᠤᠳᠤᠭᠠᠳᠤ ᠳᠤ ᠰᠠᠭᠤᠷᠢᠰᠢᠵᠤ᠂ ᠦᠨᠳᠦᠷᠯᠢᠭ ᠤᠨ ᠤᠷᠤᠨ ᠳᠤ ᠪᠠᠶᠢᠵᠤ᠂ ᠨᠤᠳᠤᠭ ᠲᠡᠪᠢᠰᠭᠡᠷ ᠦᠷᠭᠡᠨ ᠠᠭᠤᠳᠠᠮ᠃ ᠠᠭᠤᠷ ᠠᠮᠢᠰᠬᠤᠯ ᠤᠨ ᠢᠯᠭᠠᠭ᠎ᠠ ᠶᠡᠭᠡ᠂ ᠦᠨᠳᠦᠷᠯᠢᠭ ᠭᠠᠵᠠᠷ ᠤᠨ ᠡᠪᠤᠯ ᠵᠤᠨ ᠤ ᠠᠭᠤᠷ ᠠᠮᠢᠰᠬᠤᠯ ᠢᠯᠡ ᠲᠤᠳᠤ ᠤᠨᠴᠠᠯᠢᠭ ᠲᠠᠢ  ᠂ ᠡᠭᠡ ᠬᠠᠭᠤᠷᠠᠢ ᠶᠢᠨ ᠴᠢᠨᠠᠷᠳᠠᠢ ᠭᠠᠩ ᠬᠠᠭᠤᠷᠠᠢ ᠠᠭᠤᠷ ᠠᠮᠢᠰᠬᠤᠯ ᠤᠨ ᠤᠷᠤᠨ ᠳᠤ ᠬᠠᠷᠢᠶᠠᠯᠠᠭᠳᠠᠨ᠎ᠠ᠃ ᠲᠦᠷᠪᠡᠨ ᠤᠯᠠᠷᠢᠯ ᠲᠤᠳᠤᠷᠬᠠᠢ ᠢᠯᠭᠠᠭᠳᠠᠵᠤ᠂ ᠵᠤᠨ ᠤᠬᠤᠷ ᠪᠦᠭᠡᠳ ᠪᠦᠭᠴᠢᠮ ᠬᠠᠯᠠᠭᠤᠨ᠂ ᠬᠠᠪᠤᠷ ᠭᠠᠩ ᠬᠠᠭᠤᠷᠠᠢ ᠰᠠᠯᠬᠢ ᠤᠯᠠᠨ᠂ ᠨᠠᠮᠤᠷ ᠲᠤᠯᠠᠭᠠᠨ ᠪᠦᠭᠡᠳ ᠰᠡᠷᠢᠬᠦᠨ᠂ ᠬᠤᠷ᠎ᠠ ᠲᠤᠨᠤᠳᠠᠰᠤ ᠴᠦᠭᠡᠨ᠂ ᠠᠭᠤᠷᠰᠢᠯᠳᠠ ᠶᠡᠭᠡ᠂  ᠡᠪᠤᠯ ᠤᠷᠳᠤ᠂ 5 ᠰᠠᠷ᠎ᠠ ᠦᠷᠬᠦᠯᠵᠢᠯᠡᠨ ︵11 ᠰᠠᠷ᠎ᠠ — ᠲᠠᠷᠠᠭ᠎ᠠ ᠵᠢᠯ ᠤᠨ 3 ᠰᠠᠷ᠎ᠠ︶᠂ ᠡᠪᠤᠯ ᠬᠠᠪᠤᠷ ᠲᠤ  ᠪᠤᠷᠤᠭᠠᠨ ᠴᠠᠰᠤ ᠪᠠᠭ᠎ᠠ᠂ ᠵᠤᠨ ᠤ ᠪᠤᠷᠤᠭᠠᠨ ᠲᠦᠪᠯᠡᠷᠡᠵᠤ᠂ ᠡᠳᠦᠷ ᠰᠦᠨᠢ ᠶᠢᠨ ᠲᠤᠯᠠᠭᠠᠨ ᠤ ᠵᠦᠷᠢᠶ᠎ᠠ ᠶᠡᠭᠡ ᠵᠡᠷᠭᠡ ᠤᠠᠴᠠᠯᠢᠭ ᠲᠠᠢ᠃ ᠤᠷᠠᠳ ᠤᠨ ᠲᠤᠮᠳᠠᠳᠤ ᠬᠤᠰᠢᠭᠤᠨ ᠤ ᠵᠢᠯ ᠤᠨ ᠡᠭᠡᠪᠦᠷᠢᠯᠡᠬᠦ ᠴᠠᠭ ᠤᠨ ᠲᠤᠭ᠎ᠠ ᠲᠡᠭᠰᠢᠳᠭᠡᠭᠡᠳ 3096 —3250 ᠴᠠᠭ᠂ ᠨᠠᠷᠠᠨ ᠤ ᠲᠤᠰᠬᠠᠯᠳᠠ ᠶᠢᠨ ᠵᠠᠭᠤᠨ ᠤ ᠬᠤᠪᠢᠳᠠᠯ ᠤᠨ ᠨᠤᠷᠮ᠎ᠠ ᠨᠢ 71% -73% ᠪᠠᠶᠢᠳᠠᠭ᠃ ᠨᠠᠷᠠᠨ ᠤ ᠰᠠᠴᠤᠷᠠᠯᠳᠠ ᠨᠢ ᠠᠭᠤᠷ ᠠᠮᠢᠰᠬᠤᠯ ᠤᠨ ᠦᠩᠭᠡᠷᠡᠯᠳᠡ ᠪᠤᠯᠤᠨ ᠲᠠᠷᠢᠮᠠᠯ ᠤᠨ ᠭᠡᠷᠡᠯ ᠤᠨ ᠨᠡᠶᠢᠯᠡᠯᠭᠡ ᠶᠢᠨ ᠦᠢᠯᠡᠳᠦᠯ ᠳᠤ ᠦᠨᠡᠳᠤ ᠡᠨᠧᠷᠬᠢ ᠶᠢ ᠬᠠᠩᠭᠠᠭᠰᠠᠨ ᠪᠠᠶᠢᠳᠠᠭ᠃ ᠨᠠᠷᠠᠨ ᠤ ᠰᠠᠴᠤᠷᠠᠯᠳᠠ ᠶᠢᠨ ᠶᠡᠷᠦᠩᠬᠡᠢ ᠭᠡᠮᠵᠢᠶ᠎ᠡ ᠶᠢ ᠪᠦᠬᠦ ᠤᠯᠤᠰ ᠤᠨ ᠡᠯ᠎ᠡ ᠭᠠᠵᠠᠷ ᠤᠷᠤᠨ ᠲᠠᠢ ᠬᠠᠷᠢᠴᠠᠭᠤᠯᠪᠠᠯ᠂ ᠬᠦᠭᠡᠨᠡᠭᠤᠷ ᠲᠦᠪᠡᠳ ᠤᠨ ᠦᠨᠳᠦᠷᠯᠢᠭ ᠪᠤᠯᠤᠨ ᠪᠠᠷᠠᠭᠤᠨ ᠬᠤᠶᠢᠳᠤ ᠤᠷᠤᠨ ᠠᠴᠠ ᠪᠠᠭ᠎ᠠ᠂ ᠪᠤᠰᠤᠳ ᠭᠠᠵᠠᠷ ᠤᠷᠤᠨ ᠠᠴᠠ ᠶᠡᠭᠡ ᠪᠠᠶᠢᠵᠤ᠂ ᠪᠦᠬᠦ ᠤᠯᠤᠰ᠂ ᠪᠦᠬᠦ ᠤᠷᠤᠨ ᠳᠤ ᠠᠪᠴᠤ ᠭᠡᠯᠡᠪᠡᠯ᠂ ᠭᠡᠷᠡᠯ ᠤᠨ ᠡᠬᠢ ᠰᠤᠷᠪᠤᠯᠵᠢ ᠪᠠᠷ ᠲᠤᠩ ᠪᠠᠶᠠᠯᠢᠭ ᠪᠠᠶᠢᠳᠠᠭ᠃ ᠤᠷᠠᠳ ᠤᠨ ᠲᠤᠮᠳᠠᠳᠤ ᠬᠤᠰᠢᠭᠤᠨ ᠤ ᠰᠠᠯᠬᠢᠨ ᠤ ᠡᠨᠧᠷᠬᠢ ᠶᠢᠨ ᠡᠬᠢ ᠰᠤᠷᠪᠤᠯᠵᠢ ᠨᠡᠯᠢᠶᠡᠳ ᠪᠠᠶᠠᠯᠢᠭ ᠪᠠᠶᠢᠵᠤ᠂ ᠤᠯᠤᠰ ᠎ ᠤᠨ ᠲᠤᠳᠤᠷ᠎ᠠ ᠪᠠᠨ ᠠᠪᠴᠤ ᠭᠡᠯᠡᠪᠡᠯ᠂ ᠵᠡᠬᠦᠨ ᠡᠮᠦᠨᠡᠳᠤ ᠶᠢᠨ ᠲᠠᠯᠠᠢ ᠲᠠᠭᠠᠤ ᠤᠷᠤᠨ ᠵᠢᠴᠢ ᠲᠡᠬᠦᠨ ᠤ ᠠᠷᠠᠯ ᠤᠯᠳᠤᠷᠢᠭ ᠠᠴᠠ ᠪᠠᠭ᠎ᠠ ᠪᠠᠶᠢᠵᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠠᠯᠬᠢᠨ ᠤ ᠡᠨᠧᠷᠬᠢ ᠪᠠᠷ ᠬᠠᠮᠤᠭ ᠰᠠᠶᠢᠨ ᠪᠤᠶᠤ ᠰᠠᠶᠢᠨ ᠤᠷᠤᠨ ᠶᠤᠮ᠃ ᠪᠦᠬᠦ ᠤᠯᠤᠰ ᠤᠨ ᠰᠠᠯᠬᠢᠨ ᠤ ᠡᠨᠧᠷᠬᠢ  ᠎ ᠶᠢᠨ ᠡᠬᠢ ᠰᠤᠷᠪᠤᠯᠵᠢ ᠶᠢᠨ ᠠᠷᠪᠠᠨ ᠬᠤᠶᠠᠷ ᠬᠤᠪᠢᠨ ᠤ ᠨᠢᠭᠡ ᠶᠢ ᠡᠵᠡᠯᠡᠵᠤ᠂  ᠮᠠᠨ ᠤ ᠤᠷᠤᠨ ᠤ ᠰᠠᠯᠬᠢᠨ ᠤ ᠡᠨᠧᠷᠬᠢ ᠶᠢᠨ ᠡᠬᠢ ᠰᠤᠷᠪᠤᠯᠵᠢ ᠶᠢᠨ ᠶᠡᠷᠦᠩᠭᠡᠢ ᠭᠡᠮᠵᠢᠶᠠᠨ ᠤ ᠲᠦᠷᠪᠡᠨ ᠤ ᠨᠢᠭᠡ ᠶᠢ ᠡᠵᠡᠯᠡᠵᠤ᠂ ᠤᠨᠤᠯ ᠤᠨ  ᠲᠡᠭᠡᠷ᠎ᠡ ᠪᠠᠨ ᠨᠡᠭᠡᠭᠡᠯᠳᠡ ᠬᠢᠵᠤ ᠲᠡᠶᠢᠯᠬᠦ ᠭᠡᠪᠴᠢᠶ᠎ᠡ ᠨᠢ 3000 ᠲᠦᠮᠡᠨ ᠺᠢᠯᠤᠸᠠᠲ᠃          ᠤᠷᠠᠳ ᠤᠨ ᠲᠤᠮᠳᠠᠳᠤ ᠬᠤᠰᠢᠭᠤᠨ ᠤ ᠭᠠᠵᠠᠷ ᠰᠢᠨᠵᠢᠯᠡᠭᠡ ᠶᠢᠨ ᠭᠡᠰᠡᠭᠯᠡᠯ ᠳᠤ ᠦᠪᠤᠷ ᠮᠤᠩᠭᠤᠯ ᠤᠨ ᠪᠠᠷᠠᠭᠤᠨ ᠭᠡᠰᠡᠭ ᠤᠨ ᠤᠷᠤᠨ ᠳᠤ ᠬᠠᠷᠢᠶᠠᠯᠠᠭᠳᠠᠵᠤ᠂ ᠵᠡᠬᠦᠨᠰᠢ ᠪᠠᠷᠠᠭᠤᠨᠰᠢ ᠴᠢᠭᠯᠡᠯ ᠲᠠᠢ ᠲᠤᠭᠳᠠᠴᠠ ᠶᠢᠨ ᠪᠦᠰᠡ ᠶᠢᠨ ᠨᠢᠭᠡ ᠭᠡᠰᠡᠭ ᠨᠢ ᠪᠤᠯᠤᠨ᠎ᠠ᠃ ᠬᠤᠰᠢᠭᠤᠨ ᠤ ᠬᠢᠵᠠᠭᠠᠷ ᠲᠤ ᠨᠢᠭᠡᠨᠳᠡ ᠤᠯᠵᠤ ᠮᠡᠳᠡᠭᠰᠡᠨ ᠴᠤᠬᠤᠶᠢᠵᠤ ᠭᠠᠷᠤᠭᠰᠠᠨ ᠴᠢᠯᠠᠭᠤᠯᠢᠭ ᠨᠢ ᠶᠡᠭᠡ ᠲᠦᠷᠦᠯ ᠵᠦᠢᠯ ᠢᠶᠠᠷ ᠨᠢ ᠠᠪᠴᠤ ᠭᠡᠯᠡᠪᠡᠯ ᠮᠠᠭᠮᠠ ᠶᠢᠨ ᠴᠢᠯᠠᠭᠤᠯᠢᠭ ᠤᠨ  ᠲᠦᠷᠦᠯ ᠵᠦᠢᠯ᠂ ᠲᠤᠨᠤᠮᠠᠯ ᠴᠢᠯᠠᠭᠤᠯᠢᠭ ᠤᠨ ᠲᠦᠷᠦᠯ ᠵᠦᠢᠯ᠂ ᠬᠤᠪᠢᠷᠠᠮᠠᠯ ᠴᠢᠯᠠᠭᠤᠯᠢᠭ ᠤᠨ ᠲᠦᠷᠦᠯ ᠵᠦᠢᠯ ᠪᠠᠶᠢᠳᠠᠭ᠃ ᠤᠷᠠᠳ ᠤᠨ ᠲᠤᠮᠳᠠᠳᠤ ᠬᠤᠰᠢᠭᠤᠨ ᠤ ᠭᠠᠵᠠᠷ ᠰᠢᠨᠵᠢᠯᠡᠭᠡᠨ ᠤ ᠪᠦᠳᠦᠴᠠ ᠪᠤᠳᠤᠯᠢᠶᠠᠨᠳᠠᠢ᠂ ᠠᠳᠤᠷᠢᠯ  ᠪᠦᠰᠨ᠂ ᠬᠠᠭᠠᠷᠠᠯ ᠪᠦᠰᠡ ᠤᠯᠠᠨ ᠪᠠᠶᠢᠵᠤ᠂ ᠤᠯᠠᠨ ᠵᠦᠢᠯ ᠤᠨ ᠠᠭᠤᠷᠬᠠᠢ ᠶᠢᠨ ᠡᠬᠢ ᠪᠠᠶᠠᠯᠢᠭ ᠲᠠᠢ᠃ ᠨᠢᠭᠡᠨᠳᠡ ᠤᠯᠵᠤ ᠮᠡᠳᠡᠭᠰᠡᠨ ᠠᠭᠤᠷᠬᠠᠢ ᠶᠢᠨ ᠡᠬᠢ ᠪᠠᠶᠠᠯᠢᠭ ᠳᠤ ᠨᠡᠬᠦᠷᠡᠰᠤ᠂ ᠴᠢᠯᠠᠭᠤᠨ ᠲᠤᠰᠤ᠂ ᠲᠡᠮᠤᠷ᠂ ᠰᠢᠵᠢᠷ ᠠᠯᠳ᠋ᠨ᠂  ᠬᠠᠷ᠎ᠠ ᠲᠤᠭᠤᠯᠭ᠎ᠠ᠂ ᠴᠠᠶᠢᠷ᠂ ᠬᠦᠬᠦᠷᠳᠤ ᠲᠡᠮᠤᠷ᠂ ᠮᠠᠭᠨᠢ ᠶᠢᠨ ᠷᠤᠮᠪ ᠬᠦᠳᠡᠷ᠂ ᠪᠠᠯ ᠴᠢᠯᠠᠭᠤ᠂ ᠭᠠᠯᠳᠤ ᠠᠭᠤᠯᠠ ᠶᠢᠨ ᠲᠤᠨᠤᠮᠠᠯ ᠴᠢᠯᠠᠭᠤᠯᠢᠭ᠂ ᠲᠠᠭᠡᠳᠤ ᠲᠡᠰ ᠤᠨ ᠴᠢᠯᠠᠭᠤᠨ ᠮᠠᠲ᠋ᠧᠷᠢᠶᠠᠯ᠂ ᠡᠷᠳᠡᠨᠢ ᠶᠢᠨ ᠴᠢᠯᠠᠭᠤᠨ ᠤ ᠠᠭᠤᠷᠬᠠᠢ ᠵᠡᠷᠭᠡ 76 ᠵᠦᠢᠯ ᠪᠠᠶᠢᠵᠤ᠂ ᠡᠬᠦᠨ ᠳᠤ᠂ ᠵᠤᠬᠢᠬᠤ ᠠᠵᠤ ᠦᠢᠯᠡᠳᠪᠦᠷᠢ ᠶᠢᠨ ᠦᠷᠳᠡᠭ ᠲᠠᠢ ᠨᠢ 56 ᠵᠦᠢᠯ  ᠂  ᠨᠡᠭᠡᠭᠡᠨ ᠠᠰᠢᠭᠯᠠᠭᠰᠠᠨ ᠪᠤᠶᠤ ᠨᠡᠭᠡᠭᠡᠨ ᠠᠰᠢᠭᠯᠠᠬᠤ ᠪᠠᠷ ᠪᠡᠯᠡᠳᠭᠡᠵᠤ ᠪᠠᠶᠢᠭ᠎ᠠ  ᠎ ᠨᠢ 49 ᠵᠦᠢᠯ ᠪᠠᠶᠢᠨ᠎ᠠ᠃  ᠠᠭᠤᠷᠬᠠᠢ ᠶᠢᠨ ᠡᠬᠢ ᠪᠠᠶᠠᠯᠢᠭ ᠤᠨ ᠲᠠᠯᠳᠠ ᠠᠵᠤ ᠠᠬᠤᠢ ᠶᠢᠨ ᠦᠨ᠎ᠡ ᠦᠷᠳᠡᠭ 636 ᠳ᠋ᠦᠩᠰᠢᠭᠤᠷ   ᠲᠦᠬᠦᠷᠢᠭ ᠠᠴᠠ ᠲᠡᠭᠡᠭᠰᠢ ᠪᠠᠶᠢᠨ᠎ᠠ᠃            ᠤᠷᠠᠳ ᠤᠨ ᠲᠤᠮᠳᠠᠳᠤ ᠬᠤᠰᠢᠭᠤ ᠨᠢ ᠡᠬᠡ ᠤᠯᠤᠰ ᠤᠨ ᠤᠮᠠᠷᠠᠳᠤ ᠬᠢᠯᠢ ᠪᠠᠷ ᠪᠠᠶᠢᠷᠢᠯᠠᠵᠤ᠂ ᠶᠡᠷᠦᠩᠭᠡᠢ ᠭᠠᠵᠠᠷ ᠰᠢᠷᠤᠢ ᠶᠢᠨ ᠲᠠᠯᠠᠪᠠᠢ ᠨᠢ 22744 ᠲᠦᠷᠪᠡᠯᠵᠢᠨ ᠺᠢᠯᠤᠮᠧᠲᠷ ᠪᠠᠶᠢᠵᠤ᠂ ᠪᠦᠬᠦ ᠬᠤᠰᠢᠭᠤᠨ ᠤ ᠬᠦᠮᠦᠨ ᠲᠤᠮᠳᠠᠴᠢ ᠶᠢᠨ ᠭᠠᠵᠠᠷ ᠰᠢᠷᠤᠢ ᠶᠢᠨ ᠲᠠᠯᠠᠪᠠᠢ ᠨᠢ 15.87 ᠾᠧᠺᠲ᠋ᠠᠷ᠂ ᠬᠦᠮᠦᠨ ᠲᠤᠮᠳᠠᠴᠢ ᠶᠢᠨ ᠲᠠᠷᠢᠶᠠᠨ ᠭᠠᠵᠠᠷ ᠤᠨ ᠲᠠᠯᠠᠪᠠᠢ 0.54 ᠾᠧᠺᠲ᠋ᠠᠷ᠃ ᠤᠷᠠᠳ ᠤᠨ ᠲᠤᠮᠳᠠᠳᠤ ᠬᠤᠰᠢᠭᠤᠨ ᠤ ᠨᠤᠳᠤᠭ ᠪᠡᠯᠴᠢᠭᠡᠷ ᠤᠨ ᠶᠡᠷᠦᠩᠭᠡᠢ ᠲᠠᠯᠠᠪᠡᠢ 3206.88 ᠲᠦᠮᠡᠨ ᠮᠤ᠋᠂ ᠠᠰᠢᠭᠯᠠᠵᠤ ᠪᠤᠯᠬᠤ ᠪᠡᠯᠴᠢᠭᠡᠷ ᠤᠨ ᠲᠠᠯᠠᠪᠠᠢ2913.97 ᠲᠦᠮᠡᠨ ᠮᠤ᠋᠃ 1981 ᠤᠨ ᠤ ᠨᠡᠶᠢᠳᠡᠮ ᠪᠠᠶᠢᠴᠠᠭᠠᠯᠳᠠ ᠶᠢ ᠦᠨᠳᠦᠰᠦᠯᠡᠪᠡᠯ᠂ ᠤᠷᠠᠳ ᠤᠨ ᠲᠤᠮᠳᠠᠳᠤ  ᠬᠤᠰᠢᠭᠤᠨ ᠤ ᠪᠠᠶᠢᠭᠠᠯᠢ ᠶᠢᠨ ᠲᠠᠷᠬᠠᠨ ᠭᠠᠵᠠᠷ ᠲᠤ ᠦᠷᠡᠳᠤ ᠤᠷᠭᠤᠮᠠᠯ ᠤᠨ 54 ᠢᠵᠠᠭᠤᠷ᠂ 155 ᠲᠦᠷᠦᠯ᠂  303 ᠵᠦᠢᠯ ᠪᠠᠶᠢᠵᠤ᠂ ᠵᠡᠭᠡᠷᠭᠡᠨ᠎ᠡ᠂ ᠨᠠᠷᠠᠨ ᠨᠤᠭᠤᠭ᠎ᠠ᠂ ᠬᠠᠯᠠᠭᠤᠨ ᠲᠠᠪᠠᠭ᠂ ᠰᠢᠬᠢᠷ ᠡᠪᠡᠰᠤ᠂ ᠬᠠᠳᠠᠭᠠᠰᠤᠨ ᠡᠪᠡᠰᠤ᠂ ᠵᠢᠷᠦᠭᠡᠨ ᠴᠡᠴᠡᠭ᠂ ᠲᠠᠤᠯᠠᠢ ᠶᠢᠨ ᠮᠠᠩᠬᠢᠷ᠂ ᠤᠯᠠᠭᠠᠨ ᠭᠤᠶᠤᠤ  ᠂ ᠪᠠᠭᠪᠠᠭᠠᠢ ᠴᠡᠴᠡᠭ᠂ ᠬᠤᠩᠬᠤ ᠴᠡᠴᠡᠭ ᠵᠡᠷᠭᠡ ᠡᠮ ᠳᠤ ᠤᠷᠤᠵᠤ ᠪᠤᠯᠬᠤ ᠤᠷᠭᠤᠮᠠᠯ 186 ᠵᠦᠢᠯ ᠪᠠᠶᠢᠳᠠᠭ᠃ ᠠᠭᠤᠯᠠ ᠲᠠᠯ᠎ᠠ ᠶᠢᠨ ᠲᠠᠷᠬᠠᠨ ᠰᠠᠶᠢᠬᠠᠨ ᠤᠷᠤᠨ ᠳᠤᠨᠢ ᠬᠤᠯᠠᠨ᠂ ᠶᠠᠩᠬᠢᠷ᠂ ᠵᠡᠭᠡᠷ᠎ᠡ᠂ ᠠᠷᠠᠭᠠᠯᠢ ᠤᠭᠠᠯᠵᠠ᠂ ᠢᠮᠠᠭᠠᠨ ᠬᠦᠷᠦᠭᠡᠰᠤ᠂ ᠰᠢᠯᠦᠬᠦᠰᠦ᠂ ᠦᠨᠡᠭᠡ᠂ ᠭᠤᠷᠭᠤᠤᠯ᠂ ᠪᠦᠳᠦᠨ᠎ᠡ᠂ ᠭᠡᠭᠡᠷ᠎ᠡ ᠶᠢᠨ ᠨᠤᠭᠤᠰᠤ᠂ ᠡᠯᠢᠶ᠎ᠡ᠂ ᠪᠦᠷᠬᠦᠳ᠂ ᠦᠷᠪᠢ᠂ ᠤᠭᠤᠯᠢ ᠵᠡᠷᠭᠡ ᠤᠯᠠᠨ ᠵᠦᠢᠯ ᠤᠨ ᠠᠮᠢᠳᠠᠨ ᠵᠢᠬᠦᠷᠳᠡᠨ ᠪᠠᠶᠢᠳᠠᠭ᠃ ᠨᠡᠶᠢᠳᠡᠮ ᠪᠠᠶᠢᠴᠠᠭᠠᠯᠳᠠ ᠪᠠᠷ  ᠵᠢᠭᠤᠯᠴᠢᠯᠠᠯ ᠤᠨ ᠡᠬᠢ ᠰᠤᠷᠪᠤᠯᠵᠢ 36 ᠪᠠᠶᠢᠵᠤ᠂ ᠰᠠᠯᠬᠢᠨ ᠳᠤ ᠢᠳᠡᠭᠳᠡᠭᠰᠡᠨ ᠭᠠᠶᠢᠬᠠᠮᠰᠢᠭᠳᠤ ᠦᠵᠡᠮᠵᠢ ᠶᠢᠨ ᠭᠠᠵᠠᠷ ᠰᠢᠨᠵᠢᠯᠡᠭᠡ ᠶᠢᠨ ᠴᠡᠴᠡᠷᠯᠢᠭ᠂ ᠠᠷᠴᠠ ᠶᠢᠨ ᠠᠭᠤᠯᠠ ᠶᠢᠨ ᠪᠠᠶᠢᠭᠠᠯᠢ ᠶᠢᠨ ᠲᠠᠷᠬᠠᠨ ᠭᠠᠵᠠᠷ᠂ ᠰᠢᠷᠡᠭᠡ ᠰᠦᠮ᠎ᠡ᠂ ᠴᠡᠭᠡᠯᠢ ᠶᠢᠨ ᠰᠦᠮ᠎ᠡ᠂ ᠮᠤᠨᠠ ᠠᠭᠤᠯᠠ ᠶᠢᠨ ᠬᠠᠳᠠᠨ ᠵᠢᠷᠤᠭ᠂ ᠰᠢᠬ᠎ᠠ ᠭᠤᠤᠯ ᠤᠨ ᠲᠦᠮᠡᠨ ᠮᠤ᠋ ᠶᠢᠨ ᠰᠢᠯᠢᠮᠳᠡᠭ ᠤᠨ ᠴᠡᠴᠡᠭ ᠤᠨ ᠲᠤᠭᠤᠷᠢᠨ ᠵᠤᠭᠠᠴᠠᠬᠤ ᠰᠠᠭᠤᠷᠢᠨ ᠭᠠᠵᠠᠷ᠂ ᠴᠠᠰᠤᠳᠠᠢ ᠶᠢᠨ ᠬᠠᠪᠴᠢᠯ ᠵᠡᠷᠭᠡ ᠡᠯ᠎ᠡ ᠲᠦᠷᠦᠯ ᠤᠨ ᠦᠵᠡᠮᠵᠢ ᠶᠢᠨ ᠤᠷᠤᠨ ︵ ᠴᠡᠭ︶ 41᠂ ᠡᠬᠦᠨ ᠳᠤ  A ᠲᠡᠰ ᠤᠨ ᠦᠵᠡᠮᠵᠢ ᠶᠢᠨ ᠤᠷᠤᠨ 4 ᠪᠠᠶᠢᠵᠤ᠂ ᠲᠠᠯᠠᠭᠤᠯᠠ ᠤᠰᠤᠨ ᠴᠦᠬᠦᠷᠤᠮ ᠪᠤᠯᠤᠨ ᠬᠤᠶᠠᠷᠪᠤᠭᠳᠠ ᠶᠢᠨ ᠤᠰᠤᠨ ᠴᠦᠬᠦᠷᠤᠮ ᠨᠢ ᠤᠯᠤᠰ ᠤᠨ ᠲᠡᠰ ᠤᠨ ᠤᠰᠤᠨ ᠠᠰᠢᠭᠯᠠᠯᠳᠠ ᠶᠢᠨ ᠦᠵᠡᠮᠵᠢ ᠶᠢᠨ ᠤᠷᠤᠨ ᠢᠶᠠᠷ ᠦᠨᠡᠯᠡᠭᠳᠡᠵᠤ᠂ ᠤᠩᠭᠤᠨ ᠲᠠᠯ᠎ᠠ ᠵᠢᠭᠤᠯᠴᠢᠯᠠᠯ ᠤᠨ ᠲᠤᠭᠤᠷᠢᠭ ᠨᠢ ᠤᠯᠤᠰ ᠤᠨ ᠲᠡᠰ ᠤᠨAAA ᠲᠡᠰ ᠤᠨ ᠦᠵᠡᠮᠵᠢ ᠶᠢᠨ ᠤᠷᠤᠨ ᠶᠤᠮ᠃                      
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ