ᠤᠷᠠᠳ ᠤᠨ ᠲᠤᠮᠳᠠᠳᠤ ᠬᠤᠰᠢᠭᠤ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠷᠠᠭᠤᠨ ᠭᠡᠰᠡᠭ ᠢᠶᠠᠷ ᠪᠤᠢ᠃ ᠬᠤᠶᠢᠳᠤ ᠪᠡᠶ᠎ᠡ ᠪᠠᠷ ᠢᠶᠠᠨ | ᠮᠤᠩᠭᠤᠯ ᠤᠯᠤᠰ ᠲᠠᠢ ᠵᠠᠬ᠎ᠠ ᠨᠡᠶᠢᠯᠡᠵᠤ᠂ 184 ᠺᠢᠯᠤᠮᠧᠲᠷ ᠤᠨ ᠤᠯᠤᠰ ᠤᠨ ᠬᠢᠯᠢ ᠶᠢᠨ ᠱᠤᠭᠤᠮ ᠲᠠᠢ ᠪᠠᠶᠢᠵᠤ᠂ ᠵᠡᠬᠦᠨ ᠵᠠᠬ᠎ᠠ ᠪᠠᠷ ᠢᠶᠠᠨ ᠪᠤᠭᠤᠳᠤ ᠬᠤᠳᠠ ᠶᠢᠨ | ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤ᠂ ᠬᠦᠶᠠᠩ ᠰᠢᠶᠠᠨ ᠲᠠᠢ ᠬᠦᠷᠰᠢᠯᠡᠵᠤ᠂ ᠡᠮᠤᠨ᠎ᠡ ᠵᠠᠬ᠎ᠠ ᠪᠠᠷ ᠢᠶᠠᠨ ᠤᠷᠠᠳ ᠤᠨ ᠡᠮᠤᠨᠡᠳᠤ ᠬᠤᠰᠢᠭᠤ᠂ ᠦᠶᠦᠸᠠᠨ ᠰᠢᠶᠠᠨ | ᠂ ᠯᠢᠨ ᠾᠧ ᠲᠤᠭᠤᠷᠢᠭ᠂ ᠬᠠᠩᠬᠢᠨ ᠬᠤᠶᠢᠳᠤ ᠬᠤᠰᠢᠭᠤ ᠲᠠᠢ ᠬᠦᠷᠰᠢᠯᠡᠨ᠂ ᠪᠠᠷᠠᠭᠤᠨ ᠵᠠᠬ᠎ᠠ ᠪᠠᠷ ᠢᠶᠠᠨ ᠤᠷᠠᠳ ᠤᠨ ᠬᠤᠶᠢᠳᠤ ᠬᠤᠰᠢᠭᠤ ᠲᠠᠢ ᠵᠠᠯᠭᠠᠯᠳᠤᠵᠤ | ᠪᠠᠶᠢᠳᠠᠭ᠃ ᠪᠦᠬᠦ ᠬᠤᠰᠢᠭᠤᠨ ᠤ ᠨᠤᠳᠤᠭ ᠲᠡᠪᠢᠰᠭᠡᠷ ᠵᠡᠬᠦᠨᠰᠢ ᠪᠠᠷᠠᠭᠤᠨᠰᠢ ᠤᠷᠳᠤ ᠪᠠᠷ ᠢᠶᠠᠨ 203.8 ᠺᠢᠯᠤᠮᠧᠲᠷ᠂ ᠡᠮᠦᠨ᠎ᠡ ᠤᠮᠠᠷ᠎ᠠ ᠶᠢᠨ ᠦᠷᠭᠡᠨ ᠨᠢ 148.9 | ᠺᠢᠯᠤᠮᠧᠲᠷ᠂ ᠵᠢᠭᠳᠡ ᠪᠤᠰᠤ ᠲᠦᠷᠪᠡᠯᠵᠢᠨ ᠭᠡᠯᠪᠡᠷᠢ ᠲᠠᠢ᠂ ᠶᠡᠷᠦᠩᠭᠡᠢ ᠲᠠᠯᠠᠪᠠᠢ ᠨᠢ 23096 ᠲᠡᠭᠰᠢ ᠲᠦᠷᠪᠡᠯᠵᠢᠨ ᠺᠢᠯᠤᠮᠧᠲᠷ᠃ ᠬᠤᠰᠢᠭᠤᠨ ᠤ ᠠᠷᠠᠳ ᠤᠨ ᠵᠠᠰᠠᠭ | ᠤᠨ ᠤᠷᠳᠤᠨ ᠤ ᠰᠠᠭᠤᠭ᠎ᠠ ᠭᠠᠵᠠᠷ ᠬᠠᠯᠢᠭᠤᠳᠤ ᠪᠠᠯᠭᠠᠰᠤ ᠨᠢ ᠪᠠᠶᠠᠨᠨᠠᠭᠤᠷ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠠᠭᠤᠭ᠎ᠠ ᠭᠠᠵᠠᠷ ᠯᠢᠨ ᠾᠧ ᠲᠤᠭᠤᠷᠢᠭ | ᠠᠴᠠ 161 ᠺᠢᠯᠤᠮᠧᠲᠷ ᠤᠨ ᠵᠠᠢ ᠲᠠᠢ᠂ ᠪᠤᠭᠤᠳᠤ ᠬᠤᠳᠠ ᠠᠴᠠ 219 ᠺᠢᠯᠤᠮᠧᠲᠷ ᠵᠠᠢ ᠲᠠᠢ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠦᠪ | ᠬᠦᠭᠡᠬᠤᠳᠠ ᠠᠴᠠ 391 ᠺᠢᠯᠤᠮᠧᠲᠷ ᠵᠠᠢ ᠲᠠᠢ᠂ ᠲᠤᠮᠳᠠᠳᠤ ᠤᠯᠤᠰ ᠤᠨ ᠭᠠᠭᠴᠠᠮᠤᠳᠤ ᠪᠤᠭᠤᠮᠳᠠ ᠠᠴᠠ 135 ᠺᠢᠯᠤᠮᠧᠲᠷ ᠵᠠᠢ ᠲᠠᠢ ᠃ | ᠤᠷᠠᠳ ᠤᠨ ᠲᠤᠮᠳᠠᠳᠤ ᠬᠤᠰᠢᠭᠤ ᠠᠩᠬ᠎ᠠ ᠴᠢᠩ ᠤᠯᠤᠰ ᠤᠨ ᠦᠶ᠎ᠡ ᠶᠢᠨ ᠡᠶᠡᠪᠡᠷ ᠵᠠᠰᠠᠭᠴᠢ ᠶᠢᠨ ᠲᠠᠪᠤᠳᠤᠭᠠᠷ ᠤᠨ ︵1648 ᠤᠨ︶ ᠳᠤ | ᠪᠠᠶᠢᠭᠤᠯᠤᠭᠳᠠᠵᠤ᠂ ᠪᠠᠰᠠ ᠤᠷᠠᠳ ᠤᠨ ᠲᠤᠮᠳᠠᠳᠤ ᠬᠦᠩ ᠤᠨ ᠬᠤᠰᠢᠭᠤ ᠭᠡᠳᠡᠭ᠃ 1952 ᠤᠨ ᠳᠤ᠂ ᠤᠷᠠᠳ ᠤᠨ ᠲᠤᠮᠳᠠᠳᠤ ᠬᠤᠰᠢᠭᠤ ᠪᠤᠯᠤᠨ ᠤᠷᠠᠳ ᠤᠨ | ᠬᠤᠶᠢᠳᠤ ᠬᠤᠰᠢᠭᠤ ᠬᠤᠯᠪᠤᠭᠠᠯᠠᠨ ᠤᠷᠠᠳ ᠤᠨ ᠲᠤᠮᠳᠠᠳᠤ ᠬᠤᠶᠢᠳᠤ ᠬᠤᠯᠪᠤᠭᠠᠳᠤ ᠬᠤᠰᠢᠭᠤ ᠬᠡᠵᠤ ᠨᠡᠷᠡᠶᠢᠳᠪᠡ᠃ 1970 ᠤᠨ ᠳᠤ ᠪᠠᠷᠠᠭᠤᠨ ᠭᠡᠰᠡᠭ ᠭᠠᠵᠠᠷ ᠢ | ᠠᠰ ᠲᠤᠨᠢ ᠴᠤᠭ ᠬᠤᠰᠢᠭᠤ ︵ᠦᠨᠦ ᠶᠢᠨ ᠤᠷᠠᠳ ᠤᠨ ᠬᠤᠶᠢᠳᠤ ᠬᠤᠰᠢᠭᠤ ︶ ᠭᠡᠵᠤ ᠪᠠᠶᠢᠭᠤᠯᠤᠭᠠᠳ᠂ 1981 ᠤᠨ ᠳᠤ ᠤᠷᠠᠳ ᠤᠨ ᠲᠤᠮᠳᠠᠳᠤ ᠬᠤᠰᠢᠭᠤ ᠬᠡᠵᠤ | ᠨᠡᠷ᠎ᠡ ᠶᠢ ᠨᠢ ᠬᠠᠯᠠᠪᠠ᠃ ᠤᠷᠠᠳ ᠤᠨ ᠲᠤᠮᠳᠠᠳᠤ ᠬᠤᠰᠢᠭᠤ ᠨᠢ ᠬᠠᠯᠢᠭᠤᠳᠤ᠂ ᠤᠩᠭᠤᠨ᠂ ᠦᠵᠦᠬᠦᠷ ᠭᠤᠤᠯ᠂ ᠲᠠᠯᠠᠭᠤᠯᠠ᠂ ᠰᠢᠬ᠎ᠠ ᠭᠤᠤᠯ ᠂ ᠭᠠᠭᠴᠠᠮᠤᠳᠤ ᠵᠡᠷᠭᠡ | 6 ᠪᠠᠯᠭᠠᠰᠤ᠂ ᠬᠤᠯᠤᠰᠤᠳᠠᠢ᠂ ᠴᠤᠩᠵᠢ᠂ ᠪᠠᠶ᠋ᠬᠠᠤᠯᠠᠭᠠᠨ᠂ ᠰᠢᠨᠡᠬᠦ᠋ᠷᠢᠶ᠎ᠡ ᠵᠡᠷᠭᠡ 4 ᠰᠤᠮᠤ ᠵᠢᠴᠢ ᠲᠤᠩᠬᠠᠳᠠᠢ ᠡᠬᠦᠯᠳᠡᠷ ᠤᠨ ᠮᠠᠯ ᠤᠨ ᠲᠠᠯᠠᠪᠠᠢ᠂ ᠮᠦᠶᠠᠩᠬᠠᠢ ᠮᠠᠯᠵᠢᠯ | ᠤᠨ ᠲᠠᠯᠠᠪᠠᠢ ᠲᠠᠢ ᠪᠠᠶᠢᠵᠤ᠂ ᠪᠦᠬᠦ ᠬᠤᠰᠢᠭᠤᠨ ᠤ ᠬᠠᠷᠢᠶᠠᠨ ᠳᠤ᠂ 93 ᠭᠠᠴᠠᠭ᠎ᠠ ᠲᠤᠰᠬᠤᠨ ︵ᠬᠤᠪᠢᠶᠠᠷᠢ ᠲᠠᠯᠠᠪᠠᠢ︶ ᠤ ᠵᠦᠪᠯᠡᠯ᠂ 6 ᠨᠡᠶᠢᠭᠡᠮ ᠲᠤᠭᠤᠷᠢᠭ᠂ 1 | ᠪᠤᠯᠪᠠᠰᠤᠷᠠᠭᠤᠯᠤᠯᠳᠠ ᠶᠢᠨ ᠬᠠᠮᠢᠶᠠᠷᠤᠯᠳᠠ ᠶᠢᠨ ᠵᠦᠪᠯᠡᠯ᠂ 278 ᠪᠠᠶᠢᠭᠠᠯᠢᠯᠢᠭ ᠲᠤᠰᠬᠤᠨ ᠲᠠᠢ᠃ 2017 ᠤᠨ ᠤ ᠵᠢᠯ ᠤᠨ ᠡᠴᠦᠰ ᠤᠨ ᠲᠤᠭ᠎ᠠ ᠪᠦᠷᠢᠳᠭᠡᠯ ᠢ | ᠦᠨᠳᠦᠰᠦᠯᠡᠪᠡᠯ᠂ ᠤᠷᠠᠳ ᠤᠨ ᠲᠤᠮᠳᠠᠳᠤ ᠬᠤᠰᠢᠭᠤᠨ ᠤ ᠶᠡᠷᠦᠩᠭᠡᠢ ᠬᠦᠮᠦᠨ ᠠᠮᠠ 143031᠂ ᠬᠦᠳᠡᠭᠡ ᠲᠤᠰᠬᠤᠨ ᠤ ᠬᠦᠮᠦᠨ ᠠᠮᠠ 112779᠂ ᠬᠤᠳᠠ | ᠪᠠᠯᠭᠠᠰᠤ ᠶᠢᠨ ᠬᠦᠮᠦᠨ ᠠᠮᠠ 30252᠃ ᠤᠷᠠᠳ ᠤᠨ ᠲᠤᠮᠳᠠᠳᠤ ᠬᠤᠰᠢᠭᠤ ᠪᠤᠯ ᠮᠤᠩᠭᠤᠯ ᠦᠨᠳᠦᠰᠦᠳᠡᠨ ᠢᠶᠠᠷ ᠭᠤᠤᠯ ᠪᠤᠯᠭᠠᠵᠤ᠂ ᠬᠢᠳᠠᠳ ᠦᠨᠳᠦᠰᠦᠳᠡᠨ | ᠤᠯᠠᠩᠬᠢ ᠲᠤᠭ᠎ᠠ ᠶᠢ ᠡᠵᠡᠯᠡᠭᠰᠡᠨ ᠦᠨᠳᠦᠰᠦᠳᠡᠨ ᠤ ᠭᠠᠵᠠᠷ ᠤᠷᠤᠨ ᠪᠠᠶᠢᠵᠤ᠂ ᠬᠤᠳᠤᠩ᠂ ᠮᠠᠨᠵᠤ᠂ ᠲᠠᠭᠤᠷ᠂ ᠲᠦᠪᠡᠳ᠂ ᠰᠤᠯᠤᠩᠭᠤᠰ ᠵᠡᠷᠭᠡ 13 ᠦᠨᠳᠦᠰᠦᠳᠡᠨ | ᠬᠤᠯᠢᠯᠳᠤᠨ ᠰᠠᠭᠤᠷᠢᠰᠢᠵᠤ ᠪᠠᠶᠢᠳᠠᠭ᠃ | ᠤᠷᠠᠳ ᠤᠨ ᠲᠤᠮᠳᠠᠳᠤ ᠬᠤᠰᠢᠭᠤ ᠡᠭᠡ ᠬᠠᠭᠤᠷᠠᠢ ᠶᠢᠨ ᠨᠡᠪᠳᠡ ᠲᠤᠳᠤᠭᠠᠳᠤ ᠳᠤ ᠰᠠᠭᠤᠷᠢᠰᠢᠵᠤ᠂ ᠦᠨᠳᠦᠷᠯᠢᠭ ᠤᠨ ᠤᠷᠤᠨ ᠳᠤ ᠪᠠᠶᠢᠵᠤ᠂ ᠨᠤᠳᠤᠭ ᠲᠡᠪᠢᠰᠭᠡᠷ | ᠦᠷᠭᠡᠨ ᠠᠭᠤᠳᠠᠮ᠃ ᠠᠭᠤᠷ ᠠᠮᠢᠰᠬᠤᠯ ᠤᠨ ᠢᠯᠭᠠᠭ᠎ᠠ ᠶᠡᠭᠡ᠂ ᠦᠨᠳᠦᠷᠯᠢᠭ ᠭᠠᠵᠠᠷ ᠤᠨ ᠡᠪᠤᠯ ᠵᠤᠨ ᠤ ᠠᠭᠤᠷ ᠠᠮᠢᠰᠬᠤᠯ ᠢᠯᠡ ᠲᠤᠳᠤ ᠤᠨᠴᠠᠯᠢᠭ ᠲᠠᠢ ᠂ ᠡᠭᠡ | ᠬᠠᠭᠤᠷᠠᠢ ᠶᠢᠨ ᠴᠢᠨᠠᠷᠳᠠᠢ ᠭᠠᠩ ᠬᠠᠭᠤᠷᠠᠢ ᠠᠭᠤᠷ ᠠᠮᠢᠰᠬᠤᠯ ᠤᠨ ᠤᠷᠤᠨ ᠳᠤ ᠬᠠᠷᠢᠶᠠᠯᠠᠭᠳᠠᠨ᠎ᠠ᠃ ᠲᠦᠷᠪᠡᠨ ᠤᠯᠠᠷᠢᠯ ᠲᠤᠳᠤᠷᠬᠠᠢ ᠢᠯᠭᠠᠭᠳᠠᠵᠤ᠂ ᠵᠤᠨ ᠤᠬᠤᠷ | ᠪᠦᠭᠡᠳ ᠪᠦᠭᠴᠢᠮ ᠬᠠᠯᠠᠭᠤᠨ᠂ ᠬᠠᠪᠤᠷ ᠭᠠᠩ ᠬᠠᠭᠤᠷᠠᠢ ᠰᠠᠯᠬᠢ ᠤᠯᠠᠨ᠂ ᠨᠠᠮᠤᠷ ᠲᠤᠯᠠᠭᠠᠨ ᠪᠦᠭᠡᠳ ᠰᠡᠷᠢᠬᠦᠨ᠂ ᠬᠤᠷ᠎ᠠ ᠲᠤᠨᠤᠳᠠᠰᠤ ᠴᠦᠭᠡᠨ᠂ ᠠᠭᠤᠷᠰᠢᠯᠳᠠ ᠶᠡᠭᠡ᠂ | ᠡᠪᠤᠯ ᠤᠷᠳᠤ᠂ 5 ᠰᠠᠷ᠎ᠠ ᠦᠷᠬᠦᠯᠵᠢᠯᠡᠨ ︵11 ᠰᠠᠷ᠎ᠠ — ᠲᠠᠷᠠᠭ᠎ᠠ ᠵᠢᠯ ᠤᠨ 3 ᠰᠠᠷ᠎ᠠ︶᠂ ᠡᠪᠤᠯ ᠬᠠᠪᠤᠷ ᠲᠤ ᠪᠤᠷᠤᠭᠠᠨ ᠴᠠᠰᠤ ᠪᠠᠭ᠎ᠠ᠂ ᠵᠤᠨ ᠤ ᠪᠤᠷᠤᠭᠠᠨ | ᠲᠦᠪᠯᠡᠷᠡᠵᠤ᠂ ᠡᠳᠦᠷ ᠰᠦᠨᠢ ᠶᠢᠨ ᠲᠤᠯᠠᠭᠠᠨ ᠤ ᠵᠦᠷᠢᠶ᠎ᠠ ᠶᠡᠭᠡ ᠵᠡᠷᠭᠡ ᠤᠠᠴᠠᠯᠢᠭ ᠲᠠᠢ᠃ ᠤᠷᠠᠳ ᠤᠨ ᠲᠤᠮᠳᠠᠳᠤ ᠬᠤᠰᠢᠭᠤᠨ ᠤ ᠵᠢᠯ ᠤᠨ ᠡᠭᠡᠪᠦᠷᠢᠯᠡᠬᠦ ᠴᠠᠭ ᠤᠨ | ᠲᠤᠭ᠎ᠠ ᠲᠡᠭᠰᠢᠳᠭᠡᠭᠡᠳ 3096 —3250 ᠴᠠᠭ᠂ ᠨᠠᠷᠠᠨ ᠤ ᠲᠤᠰᠬᠠᠯᠳᠠ ᠶᠢᠨ ᠵᠠᠭᠤᠨ ᠤ ᠬᠤᠪᠢᠳᠠᠯ ᠤᠨ ᠨᠤᠷᠮ᠎ᠠ ᠨᠢ 71% -73% ᠪᠠᠶᠢᠳᠠᠭ᠃ ᠨᠠᠷᠠᠨ ᠤ | ᠰᠠᠴᠤᠷᠠᠯᠳᠠ ᠨᠢ ᠠᠭᠤᠷ ᠠᠮᠢᠰᠬᠤᠯ ᠤᠨ ᠦᠩᠭᠡᠷᠡᠯᠳᠡ ᠪᠤᠯᠤᠨ ᠲᠠᠷᠢᠮᠠᠯ ᠤᠨ ᠭᠡᠷᠡᠯ ᠤᠨ ᠨᠡᠶᠢᠯᠡᠯᠭᠡ ᠶᠢᠨ ᠦᠢᠯᠡᠳᠦᠯ ᠳᠤ ᠦᠨᠡᠳᠤ ᠡᠨᠧᠷᠬᠢ ᠶᠢ ᠬᠠᠩᠭᠠᠭᠰᠠᠨ ᠪᠠᠶᠢᠳᠠᠭ᠃ | ᠨᠠᠷᠠᠨ ᠤ ᠰᠠᠴᠤᠷᠠᠯᠳᠠ ᠶᠢᠨ ᠶᠡᠷᠦᠩᠬᠡᠢ ᠭᠡᠮᠵᠢᠶ᠎ᠡ ᠶᠢ ᠪᠦᠬᠦ ᠤᠯᠤᠰ ᠤᠨ ᠡᠯ᠎ᠡ ᠭᠠᠵᠠᠷ ᠤᠷᠤᠨ ᠲᠠᠢ ᠬᠠᠷᠢᠴᠠᠭᠤᠯᠪᠠᠯ᠂ ᠬᠦᠭᠡᠨᠡᠭᠤᠷ ᠲᠦᠪᠡᠳ ᠤᠨ ᠦᠨᠳᠦᠷᠯᠢᠭ ᠪᠤᠯᠤᠨ | ᠪᠠᠷᠠᠭᠤᠨ ᠬᠤᠶᠢᠳᠤ ᠤᠷᠤᠨ ᠠᠴᠠ ᠪᠠᠭ᠎ᠠ᠂ ᠪᠤᠰᠤᠳ ᠭᠠᠵᠠᠷ ᠤᠷᠤᠨ ᠠᠴᠠ ᠶᠡᠭᠡ ᠪᠠᠶᠢᠵᠤ᠂ ᠪᠦᠬᠦ ᠤᠯᠤᠰ᠂ ᠪᠦᠬᠦ ᠤᠷᠤᠨ ᠳᠤ ᠠᠪᠴᠤ ᠭᠡᠯᠡᠪᠡᠯ᠂ ᠭᠡᠷᠡᠯ ᠤᠨ ᠡᠬᠢ | ᠰᠤᠷᠪᠤᠯᠵᠢ ᠪᠠᠷ ᠲᠤᠩ ᠪᠠᠶᠠᠯᠢᠭ ᠪᠠᠶᠢᠳᠠᠭ᠃ ᠤᠷᠠᠳ ᠤᠨ ᠲᠤᠮᠳᠠᠳᠤ ᠬᠤᠰᠢᠭᠤᠨ ᠤ ᠰᠠᠯᠬᠢᠨ ᠤ ᠡᠨᠧᠷᠬᠢ ᠶᠢᠨ ᠡᠬᠢ ᠰᠤᠷᠪᠤᠯᠵᠢ ᠨᠡᠯᠢᠶᠡᠳ ᠪᠠᠶᠠᠯᠢᠭ ᠪᠠᠶᠢᠵᠤ᠂ ᠤᠯᠤᠰ | ᠤᠨ ᠲᠤᠳᠤᠷ᠎ᠠ ᠪᠠᠨ ᠠᠪᠴᠤ ᠭᠡᠯᠡᠪᠡᠯ᠂ ᠵᠡᠬᠦᠨ ᠡᠮᠦᠨᠡᠳᠤ ᠶᠢᠨ ᠲᠠᠯᠠᠢ ᠲᠠᠭᠠᠤ ᠤᠷᠤᠨ ᠵᠢᠴᠢ ᠲᠡᠬᠦᠨ ᠤ ᠠᠷᠠᠯ ᠤᠯᠳᠤᠷᠢᠭ ᠠᠴᠠ ᠪᠠᠭ᠎ᠠ ᠪᠠᠶᠢᠵᠤ᠂ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠰᠠᠯᠬᠢᠨ ᠤ ᠡᠨᠧᠷᠬᠢ ᠪᠠᠷ ᠬᠠᠮᠤᠭ ᠰᠠᠶᠢᠨ ᠪᠤᠶᠤ ᠰᠠᠶᠢᠨ ᠤᠷᠤᠨ ᠶᠤᠮ᠃ ᠪᠦᠬᠦ ᠤᠯᠤᠰ ᠤᠨ ᠰᠠᠯᠬᠢᠨ ᠤ ᠡᠨᠧᠷᠬᠢ ᠶᠢᠨ ᠡᠬᠢ | ᠰᠤᠷᠪᠤᠯᠵᠢ ᠶᠢᠨ ᠠᠷᠪᠠᠨ ᠬᠤᠶᠠᠷ ᠬᠤᠪᠢᠨ ᠤ ᠨᠢᠭᠡ ᠶᠢ ᠡᠵᠡᠯᠡᠵᠤ᠂ ᠮᠠᠨ ᠤ ᠤᠷᠤᠨ ᠤ ᠰᠠᠯᠬᠢᠨ ᠤ ᠡᠨᠧᠷᠬᠢ ᠶᠢᠨ ᠡᠬᠢ ᠰᠤᠷᠪᠤᠯᠵᠢ ᠶᠢᠨ ᠶᠡᠷᠦᠩᠭᠡᠢ ᠭᠡᠮᠵᠢᠶᠠᠨ ᠤ | ᠲᠦᠷᠪᠡᠨ ᠤ ᠨᠢᠭᠡ ᠶᠢ ᠡᠵᠡᠯᠡᠵᠤ᠂ ᠤᠨᠤᠯ ᠤᠨ ᠲᠡᠭᠡᠷ᠎ᠡ ᠪᠠᠨ ᠨᠡᠭᠡᠭᠡᠯᠳᠡ ᠬᠢᠵᠤ ᠲᠡᠶᠢᠯᠬᠦ ᠭᠡᠪᠴᠢᠶ᠎ᠡ ᠨᠢ 3000 ᠲᠦᠮᠡᠨ ᠺᠢᠯᠤᠸᠠᠲ᠃ | ᠤᠷᠠᠳ ᠤᠨ ᠲᠤᠮᠳᠠᠳᠤ ᠬᠤᠰᠢᠭᠤᠨ ᠤ ᠭᠠᠵᠠᠷ ᠰᠢᠨᠵᠢᠯᠡᠭᠡ ᠶᠢᠨ ᠭᠡᠰᠡᠭᠯᠡᠯ ᠳᠤ ᠦᠪᠤᠷ ᠮᠤᠩᠭᠤᠯ ᠤᠨ ᠪᠠᠷᠠᠭᠤᠨ ᠭᠡᠰᠡᠭ ᠤᠨ ᠤᠷᠤᠨ ᠳᠤ ᠬᠠᠷᠢᠶᠠᠯᠠᠭᠳᠠᠵᠤ᠂ | ᠵᠡᠬᠦᠨᠰᠢ ᠪᠠᠷᠠᠭᠤᠨᠰᠢ ᠴᠢᠭᠯᠡᠯ ᠲᠠᠢ ᠲᠤᠭᠳᠠᠴᠠ ᠶᠢᠨ ᠪᠦᠰᠡ ᠶᠢᠨ ᠨᠢᠭᠡ ᠭᠡᠰᠡᠭ ᠨᠢ ᠪᠤᠯᠤᠨ᠎ᠠ᠃ ᠬᠤᠰᠢᠭᠤᠨ ᠤ ᠬᠢᠵᠠᠭᠠᠷ ᠲᠤ ᠨᠢᠭᠡᠨᠳᠡ ᠤᠯᠵᠤ ᠮᠡᠳᠡᠭᠰᠡᠨ ᠴᠤᠬᠤᠶᠢᠵᠤ | ᠭᠠᠷᠤᠭᠰᠠᠨ ᠴᠢᠯᠠᠭᠤᠯᠢᠭ ᠨᠢ ᠶᠡᠭᠡ ᠲᠦᠷᠦᠯ ᠵᠦᠢᠯ ᠢᠶᠠᠷ ᠨᠢ ᠠᠪᠴᠤ ᠭᠡᠯᠡᠪᠡᠯ ᠮᠠᠭᠮᠠ ᠶᠢᠨ ᠴᠢᠯᠠᠭᠤᠯᠢᠭ ᠤᠨ ᠲᠦᠷᠦᠯ ᠵᠦᠢᠯ᠂ ᠲᠤᠨᠤᠮᠠᠯ ᠴᠢᠯᠠᠭᠤᠯᠢᠭ ᠤᠨ ᠲᠦᠷᠦᠯ | ᠵᠦᠢᠯ᠂ ᠬᠤᠪᠢᠷᠠᠮᠠᠯ ᠴᠢᠯᠠᠭᠤᠯᠢᠭ ᠤᠨ ᠲᠦᠷᠦᠯ ᠵᠦᠢᠯ ᠪᠠᠶᠢᠳᠠᠭ᠃ ᠤᠷᠠᠳ ᠤᠨ ᠲᠤᠮᠳᠠᠳᠤ ᠬᠤᠰᠢᠭᠤᠨ ᠤ ᠭᠠᠵᠠᠷ ᠰᠢᠨᠵᠢᠯᠡᠭᠡᠨ ᠤ ᠪᠦᠳᠦᠴᠠ ᠪᠤᠳᠤᠯᠢᠶᠠᠨᠳᠠᠢ᠂ | ᠠᠳᠤᠷᠢᠯ ᠪᠦᠰᠨ᠂ ᠬᠠᠭᠠᠷᠠᠯ ᠪᠦᠰᠡ ᠤᠯᠠᠨ ᠪᠠᠶᠢᠵᠤ᠂ ᠤᠯᠠᠨ ᠵᠦᠢᠯ ᠤᠨ ᠠᠭᠤᠷᠬᠠᠢ ᠶᠢᠨ ᠡᠬᠢ ᠪᠠᠶᠠᠯᠢᠭ ᠲᠠᠢ᠃ ᠨᠢᠭᠡᠨᠳᠡ ᠤᠯᠵᠤ ᠮᠡᠳᠡᠭᠰᠡᠨ ᠠᠭᠤᠷᠬᠠᠢ ᠶᠢᠨ ᠡᠬᠢ | ᠪᠠᠶᠠᠯᠢᠭ ᠳᠤ ᠨᠡᠬᠦᠷᠡᠰᠤ᠂ ᠴᠢᠯᠠᠭᠤᠨ ᠲᠤᠰᠤ᠂ ᠲᠡᠮᠤᠷ᠂ ᠰᠢᠵᠢᠷ ᠠᠯᠳ᠋ᠨ᠂ ᠬᠠᠷ᠎ᠠ ᠲᠤᠭᠤᠯᠭ᠎ᠠ᠂ ᠴᠠᠶᠢᠷ᠂ ᠬᠦᠬᠦᠷᠳᠤ ᠲᠡᠮᠤᠷ᠂ ᠮᠠᠭᠨᠢ ᠶᠢᠨ ᠷᠤᠮᠪ ᠬᠦᠳᠡᠷ᠂ ᠪᠠᠯ | ᠴᠢᠯᠠᠭᠤ᠂ ᠭᠠᠯᠳᠤ ᠠᠭᠤᠯᠠ ᠶᠢᠨ ᠲᠤᠨᠤᠮᠠᠯ ᠴᠢᠯᠠᠭᠤᠯᠢᠭ᠂ ᠲᠠᠭᠡᠳᠤ ᠲᠡᠰ ᠤᠨ ᠴᠢᠯᠠᠭᠤᠨ ᠮᠠᠲ᠋ᠧᠷᠢᠶᠠᠯ᠂ ᠡᠷᠳᠡᠨᠢ ᠶᠢᠨ ᠴᠢᠯᠠᠭᠤᠨ ᠤ ᠠᠭᠤᠷᠬᠠᠢ ᠵᠡᠷᠭᠡ 76 ᠵᠦᠢᠯ | ᠪᠠᠶᠢᠵᠤ᠂ ᠡᠬᠦᠨ ᠳᠤ᠂ ᠵᠤᠬᠢᠬᠤ ᠠᠵᠤ ᠦᠢᠯᠡᠳᠪᠦᠷᠢ ᠶᠢᠨ ᠦᠷᠳᠡᠭ ᠲᠠᠢ ᠨᠢ 56 ᠵᠦᠢᠯ ᠂ ᠨᠡᠭᠡᠭᠡᠨ ᠠᠰᠢᠭᠯᠠᠭᠰᠠᠨ ᠪᠤᠶᠤ ᠨᠡᠭᠡᠭᠡᠨ ᠠᠰᠢᠭᠯᠠᠬᠤ ᠪᠠᠷ ᠪᠡᠯᠡᠳᠭᠡᠵᠤ | ᠪᠠᠶᠢᠭ᠎ᠠ ᠨᠢ 49 ᠵᠦᠢᠯ ᠪᠠᠶᠢᠨ᠎ᠠ᠃ ᠠᠭᠤᠷᠬᠠᠢ ᠶᠢᠨ ᠡᠬᠢ ᠪᠠᠶᠠᠯᠢᠭ ᠤᠨ ᠲᠠᠯᠳᠠ ᠠᠵᠤ ᠠᠬᠤᠢ ᠶᠢᠨ ᠦᠨ᠎ᠡ ᠦᠷᠳᠡᠭ 636 ᠳ᠋ᠦᠩᠰᠢᠭᠤᠷ ᠲᠦᠬᠦᠷᠢᠭ ᠠᠴᠠ | ᠲᠡᠭᠡᠭᠰᠢ ᠪᠠᠶᠢᠨ᠎ᠠ᠃ | ᠤᠷᠠᠳ ᠤᠨ ᠲᠤᠮᠳᠠᠳᠤ ᠬᠤᠰᠢᠭᠤ ᠨᠢ ᠡᠬᠡ ᠤᠯᠤᠰ ᠤᠨ ᠤᠮᠠᠷᠠᠳᠤ ᠬᠢᠯᠢ ᠪᠠᠷ ᠪᠠᠶᠢᠷᠢᠯᠠᠵᠤ᠂ ᠶᠡᠷᠦᠩᠭᠡᠢ ᠭᠠᠵᠠᠷ ᠰᠢᠷᠤᠢ ᠶᠢᠨ ᠲᠠᠯᠠᠪᠠᠢ ᠨᠢ 22744 | ᠲᠦᠷᠪᠡᠯᠵᠢᠨ ᠺᠢᠯᠤᠮᠧᠲᠷ ᠪᠠᠶᠢᠵᠤ᠂ ᠪᠦᠬᠦ ᠬᠤᠰᠢᠭᠤᠨ ᠤ ᠬᠦᠮᠦᠨ ᠲᠤᠮᠳᠠᠴᠢ ᠶᠢᠨ ᠭᠠᠵᠠᠷ ᠰᠢᠷᠤᠢ ᠶᠢᠨ ᠲᠠᠯᠠᠪᠠᠢ ᠨᠢ 15.87 ᠾᠧᠺᠲ᠋ᠠᠷ᠂ ᠬᠦᠮᠦᠨ ᠲᠤᠮᠳᠠᠴᠢ ᠶᠢᠨ | ᠲᠠᠷᠢᠶᠠᠨ ᠭᠠᠵᠠᠷ ᠤᠨ ᠲᠠᠯᠠᠪᠠᠢ 0.54 ᠾᠧᠺᠲ᠋ᠠᠷ᠃ ᠤᠷᠠᠳ ᠤᠨ ᠲᠤᠮᠳᠠᠳᠤ ᠬᠤᠰᠢᠭᠤᠨ ᠤ ᠨᠤᠳᠤᠭ ᠪᠡᠯᠴᠢᠭᠡᠷ ᠤᠨ ᠶᠡᠷᠦᠩᠭᠡᠢ ᠲᠠᠯᠠᠪᠡᠢ 3206.88 ᠲᠦᠮᠡᠨ ᠮᠤ᠋᠂ | ᠠᠰᠢᠭᠯᠠᠵᠤ ᠪᠤᠯᠬᠤ ᠪᠡᠯᠴᠢᠭᠡᠷ ᠤᠨ ᠲᠠᠯᠠᠪᠠᠢ2913.97 ᠲᠦᠮᠡᠨ ᠮᠤ᠋᠃ 1981 ᠤᠨ ᠤ ᠨᠡᠶᠢᠳᠡᠮ ᠪᠠᠶᠢᠴᠠᠭᠠᠯᠳᠠ ᠶᠢ ᠦᠨᠳᠦᠰᠦᠯᠡᠪᠡᠯ᠂ ᠤᠷᠠᠳ ᠤᠨ ᠲᠤᠮᠳᠠᠳᠤ | ᠬᠤᠰᠢᠭᠤᠨ ᠤ ᠪᠠᠶᠢᠭᠠᠯᠢ ᠶᠢᠨ ᠲᠠᠷᠬᠠᠨ ᠭᠠᠵᠠᠷ ᠲᠤ ᠦᠷᠡᠳᠤ ᠤᠷᠭᠤᠮᠠᠯ ᠤᠨ 54 ᠢᠵᠠᠭᠤᠷ᠂ 155 ᠲᠦᠷᠦᠯ᠂ 303 ᠵᠦᠢᠯ ᠪᠠᠶᠢᠵᠤ᠂ ᠵᠡᠭᠡᠷᠭᠡᠨ᠎ᠡ᠂ ᠨᠠᠷᠠᠨ | ᠨᠤᠭᠤᠭ᠎ᠠ᠂ ᠬᠠᠯᠠᠭᠤᠨ ᠲᠠᠪᠠᠭ᠂ ᠰᠢᠬᠢᠷ ᠡᠪᠡᠰᠤ᠂ ᠬᠠᠳᠠᠭᠠᠰᠤᠨ ᠡᠪᠡᠰᠤ᠂ ᠵᠢᠷᠦᠭᠡᠨ ᠴᠡᠴᠡᠭ᠂ ᠲᠠᠤᠯᠠᠢ ᠶᠢᠨ ᠮᠠᠩᠬᠢᠷ᠂ ᠤᠯᠠᠭᠠᠨ ᠭᠤᠶᠤᠤ ᠂ ᠪᠠᠭᠪᠠᠭᠠᠢ ᠴᠡᠴᠡᠭ᠂ | ᠬᠤᠩᠬᠤ ᠴᠡᠴᠡᠭ ᠵᠡᠷᠭᠡ ᠡᠮ ᠳᠤ ᠤᠷᠤᠵᠤ ᠪᠤᠯᠬᠤ ᠤᠷᠭᠤᠮᠠᠯ 186 ᠵᠦᠢᠯ ᠪᠠᠶᠢᠳᠠᠭ᠃ ᠠᠭᠤᠯᠠ ᠲᠠᠯ᠎ᠠ ᠶᠢᠨ ᠲᠠᠷᠬᠠᠨ ᠰᠠᠶᠢᠬᠠᠨ ᠤᠷᠤᠨ ᠳᠤᠨᠢ ᠬᠤᠯᠠᠨ᠂ ᠶᠠᠩᠬᠢᠷ᠂ | ᠵᠡᠭᠡᠷ᠎ᠡ᠂ ᠠᠷᠠᠭᠠᠯᠢ ᠤᠭᠠᠯᠵᠠ᠂ ᠢᠮᠠᠭᠠᠨ ᠬᠦᠷᠦᠭᠡᠰᠤ᠂ ᠰᠢᠯᠦᠬᠦᠰᠦ᠂ ᠦᠨᠡᠭᠡ᠂ ᠭᠤᠷᠭᠤᠤᠯ᠂ ᠪᠦᠳᠦᠨ᠎ᠡ᠂ ᠭᠡᠭᠡᠷ᠎ᠡ ᠶᠢᠨ ᠨᠤᠭᠤᠰᠤ᠂ ᠡᠯᠢᠶ᠎ᠡ᠂ ᠪᠦᠷᠬᠦᠳ᠂ ᠦᠷᠪᠢ᠂ | ᠤᠭᠤᠯᠢ ᠵᠡᠷᠭᠡ ᠤᠯᠠᠨ ᠵᠦᠢᠯ ᠤᠨ ᠠᠮᠢᠳᠠᠨ ᠵᠢᠬᠦᠷᠳᠡᠨ ᠪᠠᠶᠢᠳᠠᠭ᠃ ᠨᠡᠶᠢᠳᠡᠮ ᠪᠠᠶᠢᠴᠠᠭᠠᠯᠳᠠ ᠪᠠᠷ ᠵᠢᠭᠤᠯᠴᠢᠯᠠᠯ ᠤᠨ ᠡᠬᠢ ᠰᠤᠷᠪᠤᠯᠵᠢ 36 ᠪᠠᠶᠢᠵᠤ᠂ ᠰᠠᠯᠬᠢᠨ ᠳᠤ | ᠢᠳᠡᠭᠳᠡᠭᠰᠡᠨ ᠭᠠᠶᠢᠬᠠᠮᠰᠢᠭᠳᠤ ᠦᠵᠡᠮᠵᠢ ᠶᠢᠨ ᠭᠠᠵᠠᠷ ᠰᠢᠨᠵᠢᠯᠡᠭᠡ ᠶᠢᠨ ᠴᠡᠴᠡᠷᠯᠢᠭ᠂ ᠠᠷᠴᠠ ᠶᠢᠨ ᠠᠭᠤᠯᠠ ᠶᠢᠨ ᠪᠠᠶᠢᠭᠠᠯᠢ ᠶᠢᠨ ᠲᠠᠷᠬᠠᠨ ᠭᠠᠵᠠᠷ᠂ ᠰᠢᠷᠡᠭᠡ ᠰᠦᠮ᠎ᠡ᠂ | ᠴᠡᠭᠡᠯᠢ ᠶᠢᠨ ᠰᠦᠮ᠎ᠡ᠂ ᠮᠤᠨᠠ ᠠᠭᠤᠯᠠ ᠶᠢᠨ ᠬᠠᠳᠠᠨ ᠵᠢᠷᠤᠭ᠂ ᠰᠢᠬ᠎ᠠ ᠭᠤᠤᠯ ᠤᠨ ᠲᠦᠮᠡᠨ ᠮᠤ᠋ ᠶᠢᠨ ᠰᠢᠯᠢᠮᠳᠡᠭ ᠤᠨ ᠴᠡᠴᠡᠭ ᠤᠨ ᠲᠤᠭᠤᠷᠢᠨ ᠵᠤᠭᠠᠴᠠᠬᠤ ᠰᠠᠭᠤᠷᠢᠨ | ᠭᠠᠵᠠᠷ᠂ ᠴᠠᠰᠤᠳᠠᠢ ᠶᠢᠨ ᠬᠠᠪᠴᠢᠯ ᠵᠡᠷᠭᠡ ᠡᠯ᠎ᠡ ᠲᠦᠷᠦᠯ ᠤᠨ ᠦᠵᠡᠮᠵᠢ ᠶᠢᠨ ᠤᠷᠤᠨ ︵ ᠴᠡᠭ︶ 41᠂ ᠡᠬᠦᠨ ᠳᠤ A ᠲᠡᠰ ᠤᠨ ᠦᠵᠡᠮᠵᠢ ᠶᠢᠨ ᠤᠷᠤᠨ 4 | ᠪᠠᠶᠢᠵᠤ᠂ ᠲᠠᠯᠠᠭᠤᠯᠠ ᠤᠰᠤᠨ ᠴᠦᠬᠦᠷᠤᠮ ᠪᠤᠯᠤᠨ ᠬᠤᠶᠠᠷᠪᠤᠭᠳᠠ ᠶᠢᠨ ᠤᠰᠤᠨ ᠴᠦᠬᠦᠷᠤᠮ ᠨᠢ ᠤᠯᠤᠰ ᠤᠨ ᠲᠡᠰ ᠤᠨ ᠤᠰᠤᠨ ᠠᠰᠢᠭᠯᠠᠯᠳᠠ ᠶᠢᠨ ᠦᠵᠡᠮᠵᠢ ᠶᠢᠨ | ᠤᠷᠤᠨ ᠢᠶᠠᠷ ᠦᠨᠡᠯᠡᠭᠳᠡᠵᠤ᠂ ᠤᠩᠭᠤᠨ ᠲᠠᠯ᠎ᠠ ᠵᠢᠭᠤᠯᠴᠢᠯᠠᠯ ᠤᠨ ᠲᠤᠭᠤᠷᠢᠭ ᠨᠢ ᠤᠯᠤᠰ ᠤᠨ ᠲᠡᠰ ᠤᠨAAA ᠲᠡᠰ ᠤᠨ ᠦᠵᠡᠮᠵᠢ ᠶᠢᠨ ᠤᠷᠤᠨ ᠶᠤᠮ᠃ | | |