ᠨᠠᠷᠠᠨᠳᠤᠶᠠᠭ᠎ᠠ ᠲᠦᠯᠦᠭᠡᠯᠡᠭᠴᠢ᠄ ᠭᠡᠷ ᠪᠦᠯᠢ ᠶᠢᠨ ᠬᠦᠮᠦᠵᠢᠯ ᠢ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠳᠤ ᠤᠷᠤᠭᠤᠯᠪᠠᠯ ᠵᠤᠬᠢᠨ᠎ᠠ
ᠨᠡᠶᠢᠲᠡᠯᠡᠭᠰᠡᠨ ᠴᠠᠭ᠄
2019/3/14
    ᠬᠦᠮᠦᠨ ᠢ ᠬᠦᠮᠦᠵᠢᠭᠦᠯᠬᠦ ᠪᠤᠯ ᠨᠢᠭᠡᠨ ᠤᠷᠳᠤ ᠬᠤᠭᠤᠴᠠᠭᠠᠨ ᠤ ᠰᠢᠰᠲ᠋ᠧᠮᠳᠤ ᠢᠨᠵᠧᠨᠧᠷᠢᠩ ᠪᠤᠯᠤᠨ᠎ᠠ᠂ ᠲᠡᠷᠡ ᠨᠢ ᠭᠡᠷ ᠪᠦᠯᠢ ᠶᠢᠨ ᠬᠦᠮᠦᠵᠢᠯ᠂ ᠰᠤᠷᠭᠠᠭᠤᠯᠢ ᠶᠢᠨ ᠰᠤᠷᠭᠠᠨ ᠬᠦᠮᠦᠵᠢᠯ᠂ ᠨᠡᠶᠢᠭᠡᠮ ᠤᠨ ᠬᠦᠮᠦᠵᠢᠯ ᠢᠶᠠᠷ ᠪᠦᠷᠢᠯᠳᠦᠵᠦ᠂ ᠭᠤᠷᠪᠠᠭᠤᠯᠠ ᠪᠠᠨ ᠬᠠᠷᠢᠯᠴᠠᠨ ᠨᠦᠯᠦᠭᠡᠯᠡᠵᠦ᠂ ᠬᠠᠷᠢᠯᠴᠠᠨ ᠦᠢᠯᠡᠳᠦᠯᠴᠡᠨ ᠂ ᠬᠠᠷᠢᠯᠴᠠᠨ ᠬᠢᠵᠠᠭᠠᠷᠯᠠᠵᠤ ᠪᠠᠶᠢᠳᠠᠭ᠃      ᠠᠷᠠᠳ ᠤᠨ ᠪᠠᠭᠰᠢ ᠪᠦᠭᠡᠳ ᠪᠦᠬᠦ ᠣᠯᠣᠰ ᠤᠨ ᠠᠷᠠᠳ ᠤᠨ ᠲᠦᠯᠦᠭᠡᠯᠡᠭᠴᠢ ᠨᠠᠷᠠᠨᠳᠤᠶᠠᠭ᠎ᠠ ᠶᠢᠨ ᠬᠠᠮᠤᠭ ᠠᠴᠠ ᠠᠩᠬᠠᠷᠤᠨ ᠬᠠᠯᠠᠮᠵᠢᠯᠠᠵᠣ ᠪᠠᠶᠢᠭ᠎ᠠ ᠵᠦᠢᠯ ᠨᠢ ᠮᠦᠨ ᠯᠠ ᠲᠡᠭᠦᠨ ᠤ ᠬᠠᠮᠤᠭ ᠤᠨ ᠬᠠᠶᠢᠷᠠᠳᠠᠢ ᠰᠤᠷᠭᠠᠨ ᠬᠦᠮᠦᠵᠢᠯ ᠤᠨ ᠦᠢᠯᠡᠰ ᠳᠡᠭᠡᠷ᠎ᠡ ᠲᠦᠪᠯᠡᠷᠡᠵᠦ᠂ ᠡᠨᠡ ᠵᠢᠯ ᠤᠨ ᠪᠦᠬᠦ ᠤᠯᠤᠰ ᠤᠨ ︽ᠬᠤᠶᠠᠷ ᠬᠤᠷᠠᠯ︾ ᠳᠤ ︽ᠭᠡᠷ ᠪᠦᠯᠢ ᠶᠢᠨ ᠬᠦᠮᠦᠵᠢᠯ ᠢ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠳᠤ ᠤᠷᠤᠭᠤᠯᠪᠡᠯ ᠵᠤᠬᠢᠨ᠎ᠠ︾ ᠬᠡᠮᠡᠬᠦ ᠰᠠᠨᠠᠭᠤᠯᠭ᠎ᠠ ᠡᠪᠦᠷᠯᠡᠨ ᠢᠷᠡᠭᠰᠡᠨ ᠪᠠᠶᠢᠯ᠎ᠠ᠃ 3 ᠰᠠᠷ᠎ᠠ ᠶᠢᠨ 7 ᠤ ᠦᠳᠡ ᠶᠢᠨ ᠬᠤᠶᠢᠨ᠎ᠠ᠂ ᠨᠠᠷᠠᠨᠳᠤᠶᠠᠭ᠎ᠠ ᠲᠦᠯᠦᠭᠡᠯᠡᠭᠴᠢ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠭᠡᠷ ᠪᠦᠯᠢ ᠶᠢᠨ ᠬᠦᠮᠦᠵᠢᠯ ᠪᠤᠯ ᠨᠢᠭᠡ ᠬᠦᠮᠦᠨ ᠤ ᠬᠠᠮᠤᠭ ᠤᠨ ᠡᠷᠳᠡ ᠬᠦᠯᠢᠶᠡᠨ ᠠᠪᠳᠠᠭ ᠰᠤᠷᠭᠠᠨ ᠬᠦᠮᠦᠵᠢᠯ ᠪᠤᠯᠤᠨ᠎ᠠ᠂ ᠲᠡᠷᠡ ᠨᠢ ᠠᠯᠢᠪᠠ ᠰᠤᠷᠭᠠᠨ ᠬᠦᠮᠦᠵᠢᠯ ᠤᠨ ᠡᠬᠢᠯᠡᠯᠳᠡ ᠪᠠ ᠰᠠᠭᠤᠷᠢ᠂ ᠮᠦᠨ ᠴᠦ ᠰᠤᠷᠭᠠᠭᠤᠯᠢ ᠶᠢᠨ ᠰᠤᠷᠭᠠᠨ ᠬᠦᠮᠦᠵᠢᠯ ᠤᠨ ᠬᠠᠮᠤᠭ ᠤᠨ ᠰᠠᠶᠢᠨ ᠨᠦᠬᠦᠪᠦᠷᠢᠯᠡᠯ᠂ ᠪᠦᠬᠦ᠋ᠢᠯᠡ ᠰᠤᠷᠭᠠᠨ ᠬᠦᠮᠦᠵᠢᠯ ᠤᠨ ᠠᠵᠢᠯ ᠤᠨ ᠲᠤᠳᠠᠭᠳᠠᠵᠤ ᠪᠤᠯᠤᠰᠢ ᠦᠭᠡᠢ ᠨᠢᠭᠡ ᠬᠡᠰᠡᠭ ᠪᠤᠯᠤᠨ᠎ᠠ᠃ ᠬᠡᠦᠭᠡᠳ ᠤᠨ ᠦᠰᠦᠨ ᠪᠤᠶᠢᠵᠢᠯᠳᠠ ᠳᠤ ᠭᠡᠷ ᠪᠦᠯᠢ ᠶᠢᠨ ᠬᠦᠮᠦᠵᠢᠯ᠂ ᠰᠤᠷᠭᠠᠭᠤᠯᠢ ᠶᠢᠨ ᠰᠤᠷᠭᠠᠨ ᠬᠦᠮᠦᠵᠢᠯ᠂ ᠨᠡᠶᠢᠭᠡᠮ ᠤᠨ ᠬᠦᠮᠦᠵᠢᠯ ᠤᠨ ᠠᠯᠢ ᠭᠤᠭᠴᠤᠭ᠎ᠠ ᠶᠢ ᠴᠦ ᠤᠮᠳᠤᠭᠠᠢᠢᠯᠠᠵᠤ ᠪᠤᠯᠤᠰᠢ ᠦᠭᠡᠢ᠂ ᠭᠤᠷᠪᠠᠨ ᠭᠤᠭᠴᠤᠭ᠎ᠠ ᠶᠢ ᠰᠠᠶᠢᠳᠤᠷ ᠤᠶᠠᠯᠳᠤᠭᠤᠯᠪᠠᠯ ᠰᠠᠶ᠋ᠢ ᠰᠤᠷᠭᠠᠨ ᠬᠦᠮᠦᠵᠢᠯ ᠤᠨ ᠨᠡᠶᠢᠯᠡᠯ ᠬᠦᠴᠦ ᠶᠢ ᠪᠦᠷᠢᠯᠳᠦᠭᠦᠯᠵᠦ᠂ ᠭᠡᠦᠭᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠵᠤ ᠴᠢᠳᠠᠨ᠎ᠠ︾ ᠭᠡᠵᠦ ᠪᠠᠶᠢᠯ᠎ᠠ᠃      ᠪᠠᠶᠢᠴᠠᠭᠠᠨ ᠰᠤᠳᠤᠯᠤᠯᠳᠠ ᠬᠢᠬᠦ ᠪᠠᠷ ᠲᠠᠮᠵᠢᠨ᠂ ᠨᠠᠷᠠᠨᠳᠤᠶᠠᠭ᠎ᠠ ᠲᠦᠯᠦᠭᠡᠯᠡᠭᠴᠢ ᠤᠳᠤ ᠶᠢᠨ ᠭᠡᠷ ᠪᠦᠯᠢ ᠶᠢᠨ ᠬᠦᠮᠦᠵᠢᠯ ᠳᠤ ᠤᠷᠤᠰᠢᠵᠤ ᠪᠠᠶᠢᠭ᠎ᠠ ᠠᠰᠠᠭᠤᠳᠠᠯ ᠢ ᠲᠤᠤᠷᠠᠬᠢ ᠮᠡᠳᠦ ᠬᠤᠷᠢᠶᠠᠩᠭᠤᠢᠢᠯᠠᠵᠠᠢ᠄ ᠬᠡᠳᠦ ᠡᠷᠭᠡᠯᠡᠭᠦᠯᠬᠦ ᠬᠡᠯᠪᠡᠷᠢ ᠶᠢᠨ ᠭᠡᠷ ᠪᠦᠯᠢ ᠶᠢᠨ ᠬᠦᠮᠦᠵᠢᠯ ᠤᠷᠤᠨ ᠵᠠᠢ ᠠᠪᠴᠤ᠂ ᠶᠤᠰᠤ ᠰᠤᠷᠳᠠᠬᠤᠨ ᠤ ᠬᠦᠮᠦᠵᠢᠯ᠂ ᠰᠤᠯᠢᠯᠴᠠᠭ᠎ᠠ ᠬᠠᠷᠢᠯᠴᠠᠭᠠᠨ ᠤ ᠬᠦᠮᠦᠵᠢᠯ᠂ ᠰᠢᠨᠵᠢᠯᠡᠬᠦ ᠤᠬᠠᠭᠠᠨᠴᠢ ᠭᠡᠷ ᠪᠦᠯᠢ ᠶᠢᠨ ᠬᠦᠮᠦᠵᠢᠯ ᠲᠤᠳᠠᠭᠳᠠᠵᠤ᠂ ᠭᠡᠷ ᠪᠦᠯᠢ ᠶᠢᠨ ᠬᠦᠮᠦᠵᠢᠯ ᠲᠤᠮᠳᠠᠬᠢ ︽ᠦᠵᠡᠯᠳᠡ ᠶᠢᠨ ᠲᠤᠳᠠᠭᠤᠳᠠᠯ︾ ᠠᠴᠠ ᠪᠤᠯᠤᠭᠰᠠᠨ ︽ᠬᠡᠳᠦ ᠬᠦᠮᠦᠵᠢᠭᠦᠯᠬᠦ︾ ᠪᠠ ︽ᠬᠡᠳᠦ ᠡᠷᠭᠡᠯᠡᠭᠦᠯᠬᠦ︾ ᠪᠠᠶᠢᠳᠠᠯ ᠨᠢ ᠭᠡᠦᠭᠡᠳ ᠤᠨ ᠪᠡᠶ᠎ᠠ ᠰᠡᠳᠭᠢᠴᠡ ᠶᠢᠨ ᠡᠷᠡᠭᠦᠯ ᠢᠶᠠᠷ ᠦᠰᠦᠨ ᠪᠤᠶᠢᠵᠢᠬᠤ ᠶᠢ ᠨᠦᠯᠦᠭᠡᠯᠡᠵᠦ ᠪᠤᠢ᠃      ᠨᠠᠷᠠᠨᠳᠤᠶᠠᠭ᠎ᠠ ᠲᠦᠯᠦᠭᠡᠯᠡᠭᠴᠢ ᠡᠳᠡᠭᠡᠷ ᠪᠠᠶᠢᠳᠠᠯ ᠳᠤ ᠴᠢᠭᠯᠡᠭᠦᠯᠦᠨ᠂ ᠭᠡᠷ ᠪᠦᠯᠢ ᠶᠢᠨ ᠬᠦᠮᠦᠵᠢᠯ ᠢ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ ᠰᠢᠰᠲ᠋ᠧᠮ ᠳᠤ ᠤᠷᠤᠭᠤᠯᠵᠤ᠂ ᠤᠳᠤ ᠶᠢᠨ ᠨᠡᠶᠢᠭᠡᠮ ᠳᠤ ᠤᠷᠤᠰᠢᠵᠤ ᠪᠠᠶᠢᠭ᠎ᠠ ᠭᠡᠷ ᠪᠦᠯᠢ ᠶᠢᠨ ᠬᠦᠮᠦᠵᠢᠯ ᠤᠨ ᠠᠰᠠᠭᠤᠳᠠᠯ ᠢ ᠰᠢᠢᠳᠪᠦᠷᠢᠯᠡᠬᠦ ᠶᠢ ᠪᠠᠶᠢᠩᠭᠤᠵᠢᠭᠤᠯᠬᠤ ︔ ᠭᠡᠷ ᠪᠦᠯᠢ ᠶᠢᠨ ᠬᠦᠮᠦᠵᠢᠯ ᠤᠨ ᠦᠢᠯᠡᠰ ᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠲᠤᠰᠬᠠᠢ ᠲᠦᠷᠦᠯ ᠤᠨ ᠲᠦᠯᠦᠪᠵᠢᠭᠦᠯᠭᠡ ᠳᠤ ᠤᠷᠤᠭᠤᠯᠵᠤ᠂ ᠭᠡᠷ ᠪᠦᠯᠢ ᠶᠢᠨ ᠬᠦᠮᠦᠵᠢᠯ ᠤᠨ ᠠᠵᠢᠯ ᠤᠨ ᠲᠤᠭᠳᠠᠴᠠ ᠶᠢ ᠲᠡᠭᠦᠯᠳᠡᠷᠵᠢᠭᠦᠯᠬᠦ︔ ᠭᠡᠷ ᠤᠨ ᠠᠬᠠᠮᠠᠳ ᠤᠨ ᠵᠦᠪᠯᠡᠯ ᠤᠨ ᠪᠠᠶᠢᠭᠤᠯᠤᠯᠳᠠ ᠶᠢ ᠴᠢᠬᠤᠯᠠᠴᠢᠯᠠᠵᠤ᠂ ︽ᠭᠡᠷ ᠤᠨ ᠠᠬᠠᠮᠠᠳ ᠤᠨ ᠨᠡᠭᠡᠭᠡᠯᠳᠡ ᠶᠢᠨ ᠡᠳᠦᠷ︾ ᠢ ᠲᠤᠭᠳᠠᠭᠠᠨ᠂ ᠭᠡᠷ ᠤᠨ ᠠᠬᠠᠮᠳ᠂ ᠪᠠᠭᠰᠢ᠂ ᠲᠤᠰᠬᠠᠢ ᠮᠡᠷᠭᠡᠵᠢᠯᠳᠡᠨ ᠤ ᠨᠡᠪᠳᠡᠷᠡᠯᠴᠡᠭᠡ ᠰᠤᠯᠢᠯᠴᠠᠭ᠎ᠠ ᠶᠢ ᠴᠢᠩᠭᠠᠳᠬᠠᠬᠤ︔ ᠭᠡᠷ ᠤᠨ ᠠᠬᠠᠮᠠᠳ᠂ ᠰᠤᠷᠤᠭᠴᠢᠳ ᠲᠤ ᠴᠢᠭᠯᠡᠭᠦᠯᠦᠨ ᠰᠡᠳᠭᠢᠴᠡ ᠶᠢᠨ ᠠᠰᠠᠭᠤᠨ ᠯᠠᠪᠯᠠᠭ᠎ᠠ ᠪᠠ ᠵᠢᠯᠤᠭᠤᠳᠤᠯᠭ᠎ᠠ ᠬᠠᠩᠭᠠᠬᠤ︔ ᠭᠡᠷ ᠤᠨ ᠠᠬᠠᠮᠠᠳ ᠢ ᠬᠠᠪᠰᠤᠷᠤᠨ ᠭᠡᠷ ᠪᠦᠯᠢ ᠶᠢᠨ ᠬᠦᠮᠦᠵᠢᠯ ᠤᠨ ᠬᠦᠮᠦᠵᠢᠭᠦᠯᠬᠦ ᠠᠷᠭ᠎ᠠ ᠬᠡᠮᠵᠢᠶ᠎ᠡ ᠶᠢ ᠰᠠᠶᠢᠵᠢᠷᠠᠭᠤᠯᠬᠤ︔ ᠡᠳ᠋ ᠤᠨ ᠵᠠᠰᠠᠭ ᠤᠨ ᠪᠡᠯᠡ ᠤᠷᠤᠭᠤᠯᠤᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠭᠡᠷ ᠪᠦᠯᠢ ᠶᠢᠨ ᠬᠦᠮᠦᠵᠢᠯ ᠤᠨ ᠵᠠᠷᠤᠳᠠᠯ ᠢ ᠤᠷᠤᠨ ᠨᠤᠳᠤᠭ ᠤᠨ ᠡᠳ᠋ ᠤᠨ ᠵᠠᠰᠠᠭ ᠤᠨ ᠲᠦᠰᠦᠪ ᠪᠤᠶᠤ ᠬᠠᠮᠢᠶ᠎ᠠ ᠪᠦᠬᠦᠢ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠭᠦᠯᠬᠦ ᠳᠤ ᠵᠠᠷᠤᠴᠠᠭᠤᠯᠵᠤ᠂ ᠭᠡᠷ ᠪᠦᠯᠢ ᠶᠢᠨ ᠬᠦᠮᠦᠵᠢᠯ ᠤᠨ ᠠᠵᠢᠯ ᠳᠤ ᠡᠷᠭᠡᠪᠰᠢ ᠬᠡᠷᠡᠭᠰᠡᠬᠦ ᠡᠳ᠋ ᠤᠨ ᠬᠦᠴᠦᠨ ᠤ ᠲᠡᠮᠵᠢᠯᠭᠡ ᠶᠢ ᠪᠠᠳᠤᠯᠠᠪᠠᠯ ᠵᠤᠬᠢᠨ᠎ᠠ ᠬᠡᠵᠤ ᠨᠠᠨᠳᠢᠨ ᠰᠠᠨᠠᠭᠤᠯᠭ᠎ᠠ ᠪᠠᠨ ᠲᠡᠪᠰᠢᠭᠦᠯᠦᠭᠰᠡᠨ ᠪᠠᠶᠢᠨ᠎ᠠ᠃
ᠢᠷᠡᠯᠲᠡ᠄ ᠪᠠᠶᠠᠨ ᠨᠠᠭᠤᠷ ᠤᠨ ᠰᠤᠨᠢᠨ