ᠳ᠋ᠧᠩᠺᠧᠦ ᠰᠢᠶᠠᠨ ᠦᠢᠯᠡᠴᠢᠯᠡᠭᠡᠨ ᠤ ᠴᠢᠳᠠᠪᠬᠢ ᠪᠠᠨ ᠳᠡᠭᠡᠭᠰᠢᠯᠡᠭᠦᠯᠦᠨ ᠠᠷᠠᠳ ᠲᠤ  ᠳᠥᠭᠦᠮ ᠦᠵᠡᠭᠦᠯᠵᠦ ᠪᠤᠢ
ᠨᠡᠶᠢᠲᠡᠯᠡᠭᠰᠡᠨ ᠴᠠᠭ᠄
2020/1/10
    ᠬᠤᠲᠠ ᠶᠢᠨ ᠠᠷᠠᠳ ᠲᠤ ᠳᠥᠭᠦᠮ ᠳᠥᠲᠡ ᠦᠢᠯᠡᠴᠢᠯᠡᠭᠡ ᠬᠠᠩᠭᠠᠵᠤ᠂ ᠦᠢᠯᠡᠴᠢᠯᠡᠭᠡᠨ ᠤ ᠣᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠥᠯᠥᠭᠡ᠂ ᠳ᠋ᠧᠩᠺᠧᠦ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢᠶᠠᠨ ᠪᠦᠬᠦ ᠲᠠᠯ᠎ᠠ ᠪᠠᠷ ᠳᠡᠰ ᠳᠡᠪᠰᠢᠭᠦᠯᠦᠨ ᠥᠭᠡᠷᠡᠴᠢᠯᠡᠨ᠂ ᠪᠣᠳᠠᠲᠠᠢ ᠦᠢᠯᠡ ᠠᠵᠢᠯᠯᠠᠭ᠎ᠠ ᠪᠠᠷ ᠢᠶᠠᠨ ︽ ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠥᠵᠢᠯ ᠢ ᠥᠷᠨᠢᠭᠦᠯᠵᠦ ᠪᠠᠶᠢᠨ᠎ᠠ᠃      ᠣᠷᠴᠢᠨ ᠲᠣᠭᠤᠷᠢᠨ ᠢᠶᠠᠨ ᠰᠢᠯᠢᠳᠡᠭᠵᠢᠭᠦᠯᠦᠨ᠂ ᠦᠢᠯᠡᠴᠢᠯᠡᠭᠡᠨ ᠤ ᠴᠢᠳᠠᠪᠬᠢ ᠪᠠᠨ ᠳᠡᠭᠡᠭᠰᠢᠯᠡᠭᠦᠯᠪᠡ᠃ ᠦᠢᠯᠡᠴᠢᠯᠡᠭᠡᠨ ᠤ ᠶᠡᠭᠡ ᠲᠢᠩᠬᠢᠮ ᠢᠶᠠᠨ ᠥᠭᠡᠷᠡᠴᠢᠯᠡᠨ ᠳᠡᠰ ᠳᠡᠪᠰᠢᠭᠦᠯᠦᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠦᠯᠢᠶᠡᠯᠲᠡ ᠶᠢᠨ ᠰᠠᠭᠤᠳᠠᠯ ᠢ 32 ᠲᠣᠬᠢᠷᠠᠭᠤᠯᠵᠤ᠂ ᠰᠠᠶᠢᠨ ᠳᠤᠷᠠᠴᠤᠳ ᠢ ᠲᠣᠬᠢᠷᠠᠭᠤᠯᠵᠤ ᠲᠤᠬᠠᠢ ᠶᠢᠨ ᠭᠠᠵᠠᠷ ᠤᠨ ᠠᠰᠠᠭᠤᠨ ᠯᠠᠪᠯᠠᠯᠭ᠎ᠠ᠂ ᠵᠢᠭᠠᠨ ᠵᠢᠯᠣᠭᠤᠳᠤᠯᠭ᠎ᠠ ᠬᠢᠯᠭᠡᠵᠦ᠂ ᠡᠮ ᠤᠨ ᠬᠠᠶᠢᠷᠴᠠᠭ᠂ ᠪᠣᠷᠣᠭᠠᠨ ᠤ ᠰᠢᠬᠦᠷ᠂ ᠬᠦᠷᠳᠦᠲᠦ ᠰᠠᠨᠳᠠᠯᠢ᠂ ᠭᠠᠷ ᠤᠲᠠᠰᠤᠨ ᠤ ᠴᠠᠬᠢᠯᠭᠠᠨ ᠴᠡᠨᠡᠭᠯᠡᠭᠦᠷ ᠵᠡᠷᠭᠡ ᠠᠷᠠᠳ ᠲᠤ ᠳᠥᠭᠦᠮ ᠦᠵᠡᠭᠦᠯᠬᠦ ᠲᠣᠨᠤᠭ ᠲᠥᠬᠦᠭᠡᠷᠦᠮᠵᠢ ᠶᠢ ᠪᠦᠷᠢᠨᠰᠢᠭᠦᠯᠦᠨ ᠤᠭᠰᠠᠷᠠᠭᠰᠠᠨ ᠪᠠᠶᠢᠨ᠎ᠠ᠃      ᠲᠥᠯᠥᠪᠵᠢᠭᠦᠯᠭᠡ ᠪᠠᠨ ᠵᠣᠬᠢᠰᠲᠠᠢ ᠪᠠᠶᠢᠷᠢᠯᠠᠭᠤᠯᠵᠤ᠂ ᠴᠣᠩᠬᠤᠪᠴᠢ ᠶᠢᠨ ᠲᠣᠬᠢᠷᠠᠭᠤᠯᠤᠯᠲᠠ ᠪᠠᠨ ᠰᠢᠯᠢᠳᠡᠭᠵᠢᠭᠦᠯᠪᠡ᠃ ᠲᠤᠰ ᠶᠡᠭᠡ ᠲᠢᠩᠬᠢᠮ ᠨᠢ ᠬᠠᠷᠢᠯᠴᠠᠨ ᠬᠤᠯᠪᠣᠭᠳᠠᠬᠤ᠂ ᠲᠤᠯᠭᠠᠭᠤᠷᠢᠯᠠᠬᠤ ᠠᠵᠢᠯ ᠤᠨ ᠨᠡᠶᠢᠳᠬᠡᠬᠦ ᠶᠢ ᠪᠣᠳᠣᠯᠬᠢᠯᠠᠵᠤ᠂  ᠲᠤᠰᠠᠭᠠᠷᠯᠠᠭᠰᠠᠨ ᠣᠷᠣᠨ ᠭᠠᠷᠭᠠᠭᠰᠠᠨ ᠪᠠᠶᠢᠨ᠎ᠠ᠃ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠳᠤ ᠳᠡᠰ ᠳᠠᠷᠠᠭᠠᠯᠠᠯ ᠣᠯᠠᠨ᠂ ᠴᠠᠭ ᠤᠷᠲᠤ᠂ ᠬᠥᠮᠥᠨ ᠣᠯᠠᠨ ᠪᠠᠶᠢᠵᠤ᠂ ᠥᠭᠡᠷᠡᠴᠢᠯᠡᠨ ᠬᠤᠪᠢᠷᠠᠭᠤᠯᠤᠭᠰᠠᠨ ᠠᠴᠠ ᠥᠩᠭᠡᠷᠡᠭᠰᠡᠨ ᠤ ᠪᠠᠭᠰᠢᠷᠠᠨ ᠪᠥᠭᠡᠮᠨᠡᠷᠡᠬᠦ ᠪᠠᠶᠢᠳᠠᠯ ᠠᠴᠠ ᠳᠡᠰ ᠳᠠᠷᠠᠭ᠎ᠠ ᠲᠠᠢ ᠮᠥᠷᠯᠡᠬᠦ ᠪᠣᠯᠵᠤ᠂ ᠶᠡᠷᠦᠩᠬᠡᠶᠢᠯᠡᠨ ᠬᠦᠯᠢᠶᠡᠨ ᠠᠪᠴᠤ ᠰᠢᠢᠳᠪᠦᠷᠢᠯᠡᠬᠦ᠂ ᠲᠥᠪᠯᠡᠷᠡᠭᠦᠯᠦᠨ ᠦᠢᠯᠡᠴᠢᠯᠡᠬᠦ ᠬᠡᠪ ᠵᠠᠭᠪᠤᠷ ᠢ ᠪᠤᠢ ᠪᠣᠯᠭᠠᠵᠤ᠂ ᠠᠵᠢᠯᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠪᠠᠶᠢᠨ᠎ᠠ᠃ ︽ ᠭᠤᠷᠪᠠ ᠶᠢ ᠲᠥᠪᠯᠡᠷᠡᠭᠦᠯᠬᠦ᠂ ᠭᠤᠷᠪᠠ ᠶᠢ ᠣᠷᠣᠨ ᠳᠤᠨᠢ ᠣᠷᠣᠭᠤᠯᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠳᠠᠭᠠᠯᠳᠤᠨ᠂ ᠶᠡᠭᠡ ᠲᠢᠩᠬᠢᠮ ᠳᠤ ᠣᠷᠣᠵᠤ ᠠᠵᠢᠯᠯᠠᠬᠤ ᠴᠣᠩᠬᠤᠪᠴᠢ 28 ᠨᠡᠮᠡᠭᠳᠡᠵᠦ᠂ ᠠᠵᠢᠯᠯᠠᠬᠤ ᠬᠥᠮᠥᠨ 86 ᠪᠣᠯᠵᠤ᠂ ᠶᠠᠪᠤᠳᠠᠯ ᠢ ᠭᠦᠢᠴᠡᠳᠬᠡᠬᠦ ᠨᠣᠷᠮ᠎ᠠ 65% ᠳᠤ ᠬᠦᠷᠦᠭᠰᠡᠨ ᠪᠠᠶᠢᠨ᠎ᠠ᠃      ᠠᠦ᠋ᠲ᠋ᠤᠴᠢᠯᠠᠭᠰᠠᠨ ᠦᠢᠯᠡᠴᠢᠯᠡᠭᠡ ᠶᠢ ᠳᠡᠰ ᠳᠡᠪᠰᠢᠭᠦᠯᠪᠡ᠃ ᠣᠶᠢᠯᠠᠭᠠᠭᠰᠠᠨ ᠢᠶᠠᠷ᠂ ᠣᠳᠣᠬᠠᠨ ᠳᠤ ᠶᠡᠭᠡ ᠲᠢᠩᠬᠢᠮ ᠳᠤ ᠡᠯ᠎ᠡ ᠵᠦᠢᠯ ᠤᠨ ᠠᠦ᠋ᠲ᠋ᠤᠴᠢᠯᠠᠭᠰᠠᠨ ᠦᠢᠯᠡᠴᠢᠯᠡᠭᠡᠨ ᠤ ᠮᠠᠰᠢᠨ ᠢ ᠣᠷᠣᠭᠤᠯᠵᠤ᠂ ᠳᠠᠷᠤᠢ ᠥᠪᠡᠰᠦᠪᠡᠨ ᠰᠦᠢᠳᠬᠡᠯ ᠲᠤᠰᠢᠶᠠᠬᠤ ᠮᠠᠰᠢᠨ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠮᠠᠰᠢᠨ ᠵᠡᠷᠭᠡ ᠪᠠᠶᠢᠬᠤ ᠠᠴᠠ ᠭᠠᠳᠠᠨ᠎ᠠ ᠳᠠᠷᠤᠮᠠᠯᠯᠠᠬᠤ ᠮᠠᠰᠢᠨ᠂ ᠭᠠᠷ ᠤᠲᠠᠰᠤᠨ ᠤ ᠰᠦᠢᠳᠬᠡᠯ ᠲᠤᠰᠢᠶᠠᠬᠤ ᠮᠠᠰᠢᠨ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠰᠦᠢᠳᠬᠡᠯ ᠲᠤᠰᠢᠶᠠᠬᠤ ᠮᠠᠰᠢᠨ᠂ ᠨᠡᠶᠢᠭᠡᠮ ᠤᠨ ᠪᠠᠲᠤᠯᠠᠭ᠎ᠠ ᠶᠢᠨ ᠺᠠᠷᠲ ᠪᠣᠯᠤᠨ ᠡᠮ ᠡᠮᠨᠡᠯᠭᠡ ᠶᠢᠨ ᠺᠠᠷᠲ ᠤᠨ ᠪᠠᠶᠢᠴᠠᠭᠠᠨ ᠠᠰᠠᠭᠤᠬᠤ ᠵᠡᠷᠭᠡ ᠥᠪᠡᠰᠦᠪᠡᠨ ᠦᠢᠯᠡᠴᠢᠯᠡᠬᠦ ᠴᠢᠳᠠᠪᠬᠢ ᠲᠠᠢ ᠮᠠᠰᠢᠨ ᠢ ᠲᠣᠬᠢᠷᠠᠭᠤᠯᠵᠤ᠂ ᠥᠷᠭᠡᠨ ᠣᠯᠠᠨ ᠠᠷᠠᠳ ᠲᠦᠮᠡᠨ ᠤ ᠶᠠᠪᠤᠳᠠᠯ ᠭᠦᠢᠴᠡᠳᠬᠡᠬᠦ ᠳᠤ ᠳᠥᠭᠦᠮ ᠪᠣᠯᠭᠠᠭᠰᠠᠨ ᠪᠠᠶᠢᠨ᠎ᠠ᠃ ᠣᠶᠤᠨᠴᠢᠯᠠᠭᠰᠠᠨ ᠮᠠᠰᠢᠨ ᠲᠤᠰ ᠶᠡᠭᠡ ᠲᠢᠩᠬᠢᠮ ᠳᠤ ᠣᠷᠣᠵᠤ ᠢᠷᠡᠬᠦ ᠶᠢ ᠳᠠᠭᠠᠯᠳᠤᠨ᠂ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠡᠯ᠎ᠡ ᠵᠦᠢᠯ ᠤᠨ ᠥᠪᠡᠰᠦᠪᠡᠨ ᠦᠢᠯᠡᠴᠢᠯᠡᠬᠦ ᠴᠢᠳᠠᠪᠬᠢ ᠶᠢ ᠲᠡᠭᠦᠯᠳᠡᠷᠵᠢᠭᠦᠯᠵᠦ᠂ ᠬᠤᠲᠠ ᠶᠢᠨ ᠠᠷᠠᠳ ᠲᠤ ᠦᠨᠡᠨ ᠬᠦ ᠳᠥᠭᠦᠮ ᠦᠵᠡᠭᠦᠯᠵᠦ ᠪᠤᠢ᠃ ︽ ᠦᠢᠯᠡᠴᠢᠯᠡᠭᠡᠨ ᠤ ᠶᠡᠭᠡ ᠲᠢᠩᠬᠢᠮ ᠤᠨ ᠥᠭᠡᠷᠡᠴᠢᠯᠡᠯᠲᠡ ᠪᠣᠯ ᠳᠠᠷᠤᠢ < ᠲᠠᠯᠪᠢᠬᠤ᠂ ᠬᠠᠮᠢᠶᠠᠷᠬᠤ᠂ ᠦᠢᠯᠡᠴᠢᠯᠡᠬᠦ > ᠥᠭᠡᠷᠡᠴᠢᠯᠡᠯᠲᠡ ᠶᠢᠨ ᠨᠢᠭᠡ ᠲᠥᠷᠥᠯ  ᠪᠣᠯᠣᠨ᠎ᠠ᠂ ᠳᠠᠷᠠᠭᠠᠴᠢ ᠪᠠᠷ ᠲᠤᠰ ᠲᠢᠩᠬᠢᠮ ︽ ᠤᠭ ᠰᠠᠨᠠᠭ᠎ᠠ ᠪᠠᠨ ᠥᠯᠥ < ᠲᠠᠯᠪᠢᠬᠤ᠂ ᠬᠠᠮᠢᠶᠠᠷᠬᠤ᠂ ᠦᠢᠯᠡᠴᠢᠯᠡᠬᠦ >ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠥᠵᠢᠯ ᠲᠠᠢ ᠤᠶᠠᠯᠳᠤᠭᠤᠯᠤᠨ᠂ ᠲᠥᠪ ᠬᠤᠷᠢᠶ᠎ᠠ᠂ ᠣᠷᠣᠨ ᠬᠤᠲᠠ < ᠲᠠᠯᠪᠢᠬᠤ᠂ ᠬᠠᠮᠢᠶᠠᠷᠬᠤ᠂ ᠦᠢᠯᠡᠴᠢᠯᠡᠬᠦ >ᠰᠢᠶᠠᠨ ᠤ ᠬᠠᠮᠢᠶ᠎ᠠ ᠪᠦᠬᠦᠢ < ᠲᠠᠯᠪᠢᠬᠤ᠂ ᠬᠠᠮᠢᠶᠠᠷᠬᠤ᠂ ᠦᠢᠯᠡᠴᠢᠯᠡᠬᠦ >  ᠶᠡᠷᠦᠩᠬᠡᠢ ᠰᠢᠢᠳᠪᠦᠷᠢᠲᠦ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠬᠢᠨᠠᠨ ᠵᠥᠪᠰᠢᠶᠡᠷᠡᠭᠦᠯᠬᠦ ᠳᠡᠰ ᠳᠠᠷᠠᠭᠠᠯᠠᠯ ᠢ < ᠲᠠᠯᠪᠢᠬᠤ᠂ ᠬᠠᠮᠢᠶᠠᠷᠬᠤ᠂ ᠦᠢᠯᠡᠴᠢᠯᠡᠬᠦ >< ᠲᠠᠯᠪᠢᠬᠤ᠂ ᠬᠠᠮᠢᠶᠠᠷᠬᠤ᠂ ᠦᠢᠯᠡᠴᠢᠯᠡᠬᠦ >ᠳᠥᠭᠦᠮᠴᠢᠯᠡᠵᠦ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ︾ ᠭᠡᠵᠦ ᠳ᠋ᠧᠩᠺᠧᠦ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ < ᠲᠠᠯᠪᠢᠬᠤ᠂ ᠬᠠᠮᠢᠶᠠᠷᠬᠤ᠂ ᠦᠢᠯᠡᠴᠢᠯᠡᠬᠦ >< ᠲᠠᠯᠪᠢᠬᠤ᠂ ᠬᠠᠮᠢᠶᠠᠷᠬᠤ᠂ ᠦᠢᠯᠡᠴᠢᠯᠡᠬᠦ >ᠳᠡᠳ᠋ ᠳᠠᠷᠤᠭ᠎ᠠ ᠯᠢᠶᠠᠩ ᠱᠢ ᠴᠧᠩ ᠶᠠᠷᠢᠨ᠎ᠠ᠃
ᠢᠷᠡᠯᠲᠡ᠄ ᠪᠠᠶᠠᠨᠨᠠᠭᠤᠷ ᠤᠨ ᠡᠳᠦᠷ ᠤᠨ ᠰᠣᠨᠢᠨ