10 ᠰᠠᠷ᠎ᠡ ᠶᠢᠨ 6 ᠤ ᠦᠳᠠ ᠶᠢᠨ ᠬᠤᠶᠢᠨ᠎ᠡ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠬᠦᠯᠡᠭᠴᠢ ᠪᠦ᠋ ᠰᠢᠶᠤᠤ ᠯᠢᠨ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠮᠤᠩᠭᠤᠯ ᠦᠨᠳᠤᠰᠤᠳᠡᠨ ᠤ ᠰᠤᠷᠭᠠᠭᠤᠯᠢ ᠳᠤ ᠬᠦᠷᠴᠤ᠂ ᠰᠤᠷᠭᠠᠭᠤᠯᠢ ᠶᠢᠨ | ᠰᠤᠷᠭᠠᠨ ᠬᠦᠮᠦᠵᠢᠯ ᠪᠠ ᠤᠯᠤᠰ ᠤᠨ ᠨᠢᠭᠡᠳᠦᠯᠳᠠᠢ ᠨᠠᠶᠢᠷᠠᠭᠤᠯᠤᠬᠰᠡᠨ ᠵᠢᠭᠠᠬᠤ ᠮᠠᠲ᠋ᠧᠷᠢᠶᠠᠯ ᠤᠨ ᠭᠡᠷᠡᠭᠯᠡᠯᠳᠠ ᠶᠢ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ | ᠰᠤᠳᠤᠯᠪᠠ᠃ ᠡᠵᠡᠨ᠎ᠡ ᠬᠤᠰᠢᠭᠤᠨ ᠤ ᠮᠤᠩᠭᠤᠯ ᠦᠨᠳᠤᠰᠤᠳᠡᠨ ᠤ ᠰᠤᠷᠭᠠᠭᠤᠯᠢ ᠪᠤᠯ ᠡᠵᠡᠨ᠎ᠡ ᠬᠤᠰᠢᠭᠤᠨ ᠤ ᠴᠤᠷ ᠤᠨ ᠭᠠᠭᠴᠠ ᠶᠢᠰᠤᠨ ᠵᠢᠯ ᠤᠨ | ᠲᠦᠷᠢᠮᠳᠦ ᠮᠤᠩᠭᠤᠯ ᠬᠡᠯᠡ ᠪᠠᠷ ᠬᠢᠴᠢᠶᠠᠯᠯᠡᠬᠦ ᠪᠦᠬᠦᠯᠢ ᠡᠳᠦᠷ ᠤᠨ ᠲᠦᠷᠢᠮᠳᠤ ᠰᠤᠷᠭᠠᠭᠤᠯᠢ ᠪᠤᠯᠤᠨ᠎ᠡ᠃ ᠪᠦ᠋ ᠰᠢᠶᠤᠤ ᠯᠢᠨ ᠮᠤᠩᠭᠤᠯ ᠦᠨᠳᠤᠰᠤᠳᠡᠨ ᠤ | ᠰᠤᠷᠭᠠᠭᠤᠯᠢ ᠳᠤ ᠬᠦᠷᠴᠤ᠂ ᠰᠤᠷᠤᠬᠴᠢᠳ ᠤᠨ ᠬᠢᠴᠢᠶᠠᠯ ᠤᠨ ᠭᠡᠷ᠂ ᠪᠠᠶᠢᠷᠢ ᠶᠢᠨ ᠭᠡᠷ᠂ ᠬᠤᠭᠤᠯᠠᠨ ᠭᠡᠷ ᠢᠶᠠᠷ ᠤᠷᠤᠵᠤ᠂ ᠵᠢᠭᠠᠨ ᠰᠤᠷᠭᠠᠯᠳᠠ ᠶᠢᠨ ᠲᠦᠬᠦᠭᠡᠷᠤᠮᠵᠢ | ᠪᠠ ᠰᠤᠷᠤᠬᠴᠢᠳ ᠤᠨ ᠬᠤᠨᠤᠵᠤ ᠬᠡᠪᠳᠡᠬᠦ᠂ ᠬᠤᠭᠤᠯᠠ ᠤᠮᠳᠠ ᠶᠢᠨ ᠨᠦᠬᠦᠴᠡᠯ ᠢ ᠨᠠᠷᠢᠨ ᠨᠢᠮᠪᠠᠢ ᠪᠠᠶᠢᠴᠠᠭᠠᠨ ᠦᠵᠡᠪᠠ᠂ ᠲᠡᠷᠡ᠂ ᠰᠤᠷᠭᠠᠭᠤᠯᠢ ᠡᠷᠬᠢᠯᠡᠬᠦ | ᠨᠦᠬᠦᠴᠡᠯ ᠢ ᠲᠠᠰᠤᠷᠠᠯᠳᠠ ᠦᠭᠡᠢ ᠰᠠᠶᠢᠵᠢᠷᠠᠭᠤᠯᠵᠤ᠂ ᠭᠡᠤᠭᠡᠳ ᠤᠳ ᠤᠨ ᠬᠤᠨᠤᠵᠤ ᠬᠡᠪᠳᠡᠬᠦ ᠨᠦᠬᠦᠴᠡᠯ ᠢ ᠰᠠᠶᠢᠵᠢᠷᠠᠭᠤᠯᠤᠨ᠂ ᠬᠤᠭᠤᠯᠠ ᠤᠮᠳᠠ ᠶᠢᠨ ᠠᠮᠤᠷ | ᠲᠦᠪᠰᠢᠨ ᠢ ᠪᠠᠳᠤᠯᠠᠵᠤ᠂ ᠤᠳᠤ ᠦᠶ᠎ᠡ ᠶᠢᠨ ᠮᠡᠳᠡᠭᠡ ᠵᠠᠩᠭᠢᠵᠢᠯᠳᠠ ᠶᠢᠨ ᠵᠢᠭᠠᠨ ᠰᠤᠷᠭᠠᠯᠳᠠ ᠶᠢᠨ ᠲᠦᠬᠦᠭᠡᠷᠤᠮᠵᠢ ᠶᠢ ᠡᠳ᠋ᠯᠡᠬᠦᠯᠤᠨ᠂ ᠰᠤᠷᠤᠬᠴᠢᠳ ᠤᠨ | ᠰᠤᠷᠤᠯᠭ᠎ᠠ ᠶᠢᠨ ᠬᠢᠷᠢ ᠲᠦᠪᠰᠢᠨ ᠪᠠ ᠵᠢᠭᠠᠨ ᠰᠤᠷᠭᠠᠯᠳᠠ ᠶᠢᠨ ᠶᠠᠰᠤ ᠴᠢᠨᠠᠷ ᠢ ᠲᠡᠭᠡᠭᠰᠢᠯᠡᠬᠦᠯᠬᠦ ᠭᠡᠷᠡᠭᠳᠠᠢ ᠭᠡᠵᠤ ᠬᠡᠯᠡᠪᠡ᠃ ᠲᠡᠷᠡ ᠰᠤᠷᠭᠠᠭᠤᠯᠢ ᠶᠢᠨ | ᠦᠨᠳᠤᠰᠤᠳᠡᠨ ᠤ ᠤᠯᠠᠮᠵᠢᠯᠠᠯᠳᠤ ᠰᠤᠶᠤᠯ ᠢ ᠪᠠᠶᠠᠴᠢᠯᠡᠨ ᠣᠶᠢᠯᠠᠭᠠᠬᠤ ᠲᠠᠰᠤᠭ ᠪᠠ ᠪᠠᠶ᠎ᠡ ᠶᠢᠨ ᠲᠠᠮᠢᠷ ᠤᠨ ᠬᠦᠳᠡᠯᠭᠡᠭᠡᠨ ᠤ ᠲᠠᠯᠠᠪᠠᠢ ᠳᠤ ᠬᠦᠷᠴᠤ᠂ | ᠰᠤᠷᠭᠠᠭᠤᠯᠢ ᠶᠢᠨ ᠰᠤᠶᠤᠯ ᠪᠡᠶ᠎ᠠ ᠶᠢᠨ ᠲᠠᠮᠢᠷ ᠤᠨ ᠠᠵᠢᠯᠯᠠᠭ᠎ᠠ ᠦᠷᠨᠢᠬᠦᠯᠵᠤ ᠪᠠᠶᠢᠭ᠎ᠠ ᠪᠠᠶᠢᠳᠠᠯ ᠢ ᠣᠶᠢᠯᠠᠭᠠᠵᠤ᠂ ᠰᠤᠷᠭᠠᠭᠤᠯᠢ ᠶᠢᠨ ᠬᠦᠷᠢᠶᠠᠨ ᠤ ᠰᠤᠶᠤᠯ ᠤᠨ | ᠪᠠᠶᠢᠭᠤᠯᠤᠯᠳᠠ ᠶᠢ ᠴᠢᠩᠭᠠᠳᠬᠠᠨ᠂ ᠪᠠᠶᠠᠯᠢᠭ ᠠᠭᠤᠯᠭ᠎ᠠ ᠲᠠᠢ ᠰᠤᠶᠤᠯ ᠪᠡᠶ᠎ᠠ ᠶᠢᠨ ᠲᠠᠮᠢᠷ ᠤᠨ ᠠᠵᠢᠯᠯᠠᠭ᠎ᠠ ᠦᠷᠨᠢᠬᠦᠯᠵᠤ᠂ ᠰᠤᠷᠤᠬᠴᠢᠳ ᠢ ᠶᠤᠰᠤ ᠰᠤᠷᠳᠠᠬᠤᠨ | ᠤᠶᠤᠨ ᠤᠬᠠᠭᠠᠨ ᠪᠠᠶ᠎ᠡ ᠶᠢᠨ ᠲᠠᠮᠢᠷ ᠭᠤᠸ᠎ᠡ ᠰᠠᠶᠢᠬᠠᠨ ᠬᠦᠳᠡᠯᠮᠤᠷᠢ ᠵᠡᠷᠭᠡ ᠪᠦᠬᠦ ᠲᠠᠯ᠎ᠡ ᠪᠠᠷ ᠬᠦᠭᠵᠢᠬᠦᠯᠬᠦ ᠭᠡᠷᠡᠭᠳᠠᠢ ᠭᠡᠵᠤ ᠴᠢᠬᠤᠯᠠᠴᠢᠯᠠᠪᠠ᠃ | ᠰᠤᠷᠭᠠᠭᠤᠯᠢ ᠶᠢᠨ ᠬᠢᠨ ᠤᠯᠤᠰ ᠤᠨ ᠨᠢᠭᠡᠳᠤᠯᠳᠠᠢ ᠨᠠᠶᠢᠷᠠᠭᠤᠯᠤᠬᠰᠡᠨ ᠵᠢᠭᠠᠬᠤ ᠮᠠᠲ᠋ᠧᠷᠢᠶᠠᠯ ᠢ ᠭᠡᠷᠡᠭᠯᠡᠵᠤ ᠪᠠᠶᠢᠭ᠎ᠠ ᠪᠠᠶᠢᠳᠠᠯ ᠢ ᠣᠶᠢᠯᠠᠭᠠᠭᠰᠠᠨ ᠤ ᠲᠠᠷᠠᠭ᠎ᠠ᠂ ᠪᠦ᠋ | ᠰᠢᠶᠤᠤ ᠯᠢᠨ᠂ ᠤᠯᠤᠰ ᠤᠨ ᠨᠢᠭᠡᠳᠤᠯᠳᠠᠢ ᠨᠠᠶᠢᠷᠠᠭᠤᠯᠤᠬᠰᠡᠨ ᠵᠢᠭᠠᠬᠤ ᠮᠠᠲ᠋ᠧᠷᠢᠶᠠᠯ ᠢ ᠭᠡᠷᠡᠭᠯᠡᠬᠦ ᠠᠵᠢᠯ ᠢ ᠰᠠᠶᠢᠳᠤᠷ ᠬᠢᠵᠤ᠂ ᠮᠤᠩᠭᠤᠯ ᠦᠨᠳᠤᠰᠤᠳᠡᠨ ᠤ | ᠭᠡᠤᠭᠡᠳ ᠤᠳ ᠢ ᠤᠯᠤᠰ ᠤᠨ ᠨᠠᠶᠢᠳᠠᠮ ᠭᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠳᠤᠷ ᠰᠤᠷᠤᠯᠴᠠᠭᠤᠯᠵᠤ᠂ ᠬᠤᠶᠢᠰᠢᠳᠠ ᠨᠡᠩ ᠤᠯᠠᠨ ᠰᠤᠶᠤᠯ ᠮᠡᠳᠡᠯᠭᠡ | ᠤᠯᠵᠤ ᠰᠤᠷᠬᠤ᠂ ᠨᠡᠶᠢᠭᠡᠮ ᠲᠠᠢ ᠨᠡᠩ ᠰᠠᠶᠢᠨ ᠠᠭᠤᠰᠤᠯᠴᠠᠬᠤ᠂ ᠦᠪᠡᠷ ᠢ ᠪᠠᠨ ᠨᠡᠩ ᠰᠠᠶᠢᠨ ᠢᠯᠡᠷᠡᠬᠦᠯᠬᠦ ᠶᠠᠪᠤᠴᠠ ᠳᠤ ᠨᠡᠩ ᠤᠯᠠᠨ ᠠᠵᠠ ᠵᠠᠪᠰᠢᠶᠠᠨ ᠲᠠᠢ | ᠪᠤᠯᠭᠠᠬᠤ ᠭᠡᠷᠡᠭᠳᠠᠢ︔ ᠤᠯᠤᠰ ᠤᠨ ᠨᠡᠶᠢᠳᠡᠮ ᠭᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠳᠤᠷ ᠰᠤᠷᠴᠤ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ | ᠴᠤᠬᠴᠠ ᠶᠢᠨ ᠤᠬᠠᠮᠰᠠᠷ ᠢ ᠪᠠᠳᠤ ᠴᠤᠬᠴᠠᠯᠠᠵᠤ᠂ ᠤᠯᠤᠰ ᠭᠡᠷ ᠨᠡᠶᠢᠭᠡᠮ ᠨᠠᠶᠢᠳᠠ ᠳᠤ ᠬᠤᠪᠢ ᠨᠠᠮᠡᠷᠢ ᠦᠵᠡᠬᠦᠯᠬᠦ ᠬᠠᠷᠢᠭᠤᠴᠠᠯᠭᠠᠳᠤ ᠰᠡᠳᠬᠢᠯᠭᠡ᠂ ᠡᠬᠦᠷᠭᠡᠳᠤ | ᠪᠤᠳᠤᠯ ᠢ ᠨᠢ ᠴᠢᠩᠭᠠᠷᠠᠭᠤᠯᠪᠠᠯ᠂ ᠭᠡᠤᠭᠡᠳ ᠤᠳ ᠤᠨ ᠠᠮᠢᠳᠤᠷᠠᠬᠤᠢ ᠶᠢᠨ ᠬᠦᠰᠡᠯᠡᠩ ᠢ ᠨᠢ ᠨᠡᠩ ᠰᠠᠶᠢᠨ ᠢᠶᠠᠷ ᠪᠠᠶᠠᠯᠡᠬᠦᠯᠵᠤ᠂ ᠤᠯᠤᠰ ᠪᠠ ᠨᠡᠶᠢᠭᠡᠮ ᠳᠤ ᠨᠡᠩ ᠶᠡᠭᠡ | ᠬᠤᠪᠢ ᠨᠠᠮᠡᠷᠢ ᠦᠵᠡᠬᠦᠯᠵᠤ ᠴᠢᠳᠠᠬᠤ ᠪᠤᠯᠭᠠᠬᠤ ᠶᠤᠮ ᠭᠡᠵᠤ ᠴᠢᠬᠤᠯᠠᠴᠢᠯᠠᠪᠠ᠃ ᠲᠡᠷᠨ ᠰᠤᠷᠭᠠᠨ ᠬᠦᠮᠦᠵᠢᠯ ᠤᠨ ᠰᠠᠯᠠᠭ᠎ᠠ ᠮᠦᠴᠢᠷ᠂ ᠲᠤᠬᠠᠢ ᠶᠢᠨ ᠭᠠᠵᠠᠷ ᠤᠨ | ᠵᠠᠰᠠᠭ ᠤᠨ ᠤᠷᠳᠤᠨ ᠪᠠ ᠮᠤᠩᠭᠤᠯ ᠦᠨᠳᠤᠰᠤᠳᠡᠨ ᠤ ᠰᠤᠷᠭᠠᠭᠤᠯᠢ ᠶᠢᠨ ᠬᠢᠨ ᠢ ᠠᠵᠢᠯ ᠢᠶᠠᠨ ᠰᠡᠳᠬᠢᠯ ᠲᠠᠯᠪᠢᠨ ᠰᠠᠶᠢᠳᠤᠷ ᠬᠢᠵᠤ᠂ ᠨᠡᠩ ᠬᠦᠴᠤᠳᠠᠢ ᠪᠠᠳᠤᠯᠠᠭ᠎ᠠ | ᠬᠠᠨᠭ᠍ᠭᠠᠨ᠂ ᠤᠯᠤᠰ ᠤᠨ ᠨᠢᠭᠡᠳᠤᠯᠳᠠᠢ ᠨᠠᠶᠢᠷᠠᠭᠤᠯᠤᠬᠰᠡᠨ ᠵᠢᠭᠠᠬᠤ ᠮᠠᠲ᠋ᠧᠷᠢᠶᠠᠯ ᠤᠨ ᠭᠡᠷᠡᠭᠯᠡᠯᠳᠠ ᠶᠢ ᠨᠡᠩ ᠴᠢᠨᠠᠷ ᠰᠠᠶᠢᠳᠠᠢ ᠠᠬᠢᠭᠤᠯᠬᠤ ᠶᠢ ᠦᠨᠡᠨ ᠬᠦ ᠪᠠᠳᠤᠯᠠᠬᠤ | ᠭᠡᠷᠡᠭᠳᠠᠢ ᠭᠡᠵᠤ ᠱᠠᠭᠠᠷᠳᠠᠪᠠ᠃ ᠦᠪᠡᠷᠳᠡᠭᠡᠨ ᠵᠠᠰᠬᠠᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠪᠠᠶᠢᠴᠠᠭᠠᠨ | ᠰᠤᠳᠤᠯᠬᠤ ᠳᠤ ᠤᠷᠤᠯᠴᠠᠵᠠᠢ᠃ |