ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠤᠯᠢ ᠴᠠᠭᠠᠵᠠ ᠶᠢᠨ ᠲᠢᠩᠬᠢᠮ ᠳᠤ ᠰᠠᠭᠤᠭ᠎ᠠ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠠᠩ ᠱᠣᠤ ᠬᠤᠸᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ ᠪᠣᠯ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠪᠠᠶᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠳᠤ ᠠᠰᠢᠭᠲᠠᠢ᠂ ᠦᠨᠳᠦᠰᠦᠲᠡᠨ ᠤ | ᠪᠦᠯᠬᠦᠮᠳᠡᠯ ᠪᠠ ᠦᠨᠳᠦᠰᠦᠲᠡᠨ ᠤ ᠣᠷᠣᠨ ᠤ ᠬᠥᠭᠵᠢᠯᠲᠡ ᠳᠠᠪᠰᠢᠯᠲᠠ ᠳᠤ ᠠᠰᠢᠭᠲᠠᠢ᠂ ᠤᠳᠤᠬᠢ ᠳᠤ ᠠᠰᠢᠭᠲᠠᠢ ᠮᠥᠷᠲᠡᠭᠡᠨ ᠠᠯᠤᠰ ᠬᠤᠯᠠ ᠳᠤ ᠲᠤᠰᠠᠲᠠᠢ | ᠠᠵᠢᠯ ᠮᠦᠨ᠃ ᠮᠠᠨ ᠤ ᠤᠯᠤᠰ ᠪᠣᠯ ᠤᠯᠠᠨ ᠦᠨᠳᠦᠰᠦᠲᠡᠨ ᠲᠠᠢ ᠨᠢᠭᠡᠳᠦᠭᠰᠡᠨ ᠤᠯᠤᠰ ᠮᠥᠨ᠂ ᠳᠤᠮᠳᠠᠳᠤ ᠶᠢᠨ ᠦᠨᠳᠦᠰᠦᠲᠡᠨ ᠤ ᠲᠡᠤᠬᠡ ᠪᠣᠯ ᠳᠠᠷᠤᠶ | ᠦᠨᠳᠦᠰᠦᠲᠡᠨ ᠨᠦᠭᠦᠳ ᠤᠨ ᠴᠢᠰᠤ ᠮᠢᠬᠠᠨ ᠤ ᠪᠠᠷᠢᠯᠳᠤᠯᠭ᠎ᠠ ᠲᠠᠢ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠲᠡᠮᠡᠴᠡᠯ ᠤᠨ ᠲᠡᠤᠬᠡ ᠮᠥᠨ᠃ ᠲᠡᠦᠬᠡ ᠪᠢᠳᠡᠨ ᠳᠤ | ᠂ ᠳᠤᠮᠳᠠᠳᠤ ᠤᠯᠤᠰ ᠤᠨ ᠡᠪ ᠬᠠᠮᠲᠤ ᠨᠠᠮ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ | ᠬᠠᠷᠰᠢ ᠰᠠᠭᠠᠳ ᠢ ᠬᠠᠮᠳᠤ ᠪᠠᠷ ᠳᠠᠪᠠᠭᠰᠡᠨ ᠠᠴᠠ ᠪᠢᠳᠡ ᠰᠠᠶ᠋ᠢ ᠣᠳᠣᠬᠠᠨ ᠤ ᠪᠦᠯᠬᠦᠮᠳᠠᠯ ᠲᠠᠢ ᠲᠣᠭᠲᠠᠭᠤᠨ᠂ ᠴᠡᠴᠡᠭᠯᠡᠨ ᠬᠥᠭᠵᠢᠭᠰᠡᠨ ᠰᠠᠶᠢᠨ ᠰᠠᠶᠢᠬᠠᠨ | ᠪᠠᠶᠢᠳᠠᠯ ᠲᠠᠢ ᠪᠤᠯᠵᠤ ᠴᠢᠲᠠᠬᠰᠠᠨ ᠢ ᠮᠡᠲᠡᠬᠦᠯᠪᠡ︔ ᠦᠨᠳᠦᠰᠦᠲᠡᠨ ᠨᠦᠭᠦᠳ ᠤᠨ ᠠᠷᠠᠳ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ | ᠲᠡᠮᠡᠴᠡᠭᠰᠡᠨ ᠠᠴᠠ ᠪᠢᠳᠡ ᠰᠠᠶ᠋ᠢ ᠬᠤᠶᠢᠰᠢᠳᠠ ᠶᠢᠨ ᠬᠥᠭᠵᠢᠨ ᠮᠠᠨᠳᠤᠯᠳᠠ᠂ ᠥᠨᠢ ᠤᠳᠠᠭᠠᠨ ᠠᠮᠤᠷ ᠲᠦᠪᠰᠢᠨ ᠪᠠᠶᠢᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ | ᠪᠡᠶᠡᠯᠡᠭᠦᠯᠵᠦ ᠴᠢᠳᠠᠬᠤ ᠶᠢ ᠶᠠᠷᠢᠵᠤ ᠦᠭᠴᠤ ᠪᠠᠶᠢᠨ᠎ᠠ᠃ ᠦᠨᠳᠦᠰᠦᠲᠡᠨ ᠨᠦᠭᠦᠳ ᠭᠠᠭᠴᠠ ᠬᠦ ᠰᠠᠨᠠᠭ᠎ᠠ ᠰᠡᠳᠬᠢᠯ ᠢᠶᠠᠨ ᠨᠢᠭᠡᠳᠬᠡᠵᠦ᠂ ᠬᠤᠪᠢ ᠵᠠᠶᠠᠭ᠎ᠠ ᠪᠠᠨ | ᠬᠠᠮᠲᠤᠳᠬᠠᠵᠤ᠂ ᠰᠡᠳᠬᠢᠯ ᠵᠢᠷᠦᠬᠡ ᠪᠠᠨ ᠬᠤᠯᠪᠣᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ | ᠪᠠᠬᠢᠵᠢᠭᠦᠯᠪᠡᠯ ᠰᠠᠶᠢ ᠤᠷᠤᠭᠰᠢᠯᠠᠯᠲᠠ ᠶᠢᠨ ᠵᠠᠮ ᠳᠡᠭᠡᠷᠡᠬᠢ ᠠᠯᠢᠪᠠ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠵᠦ᠂ ᠨᠠᠩ ᠰᠠᠶᠢᠨ ᠰᠠᠶᠢᠬᠠᠨ | ᠢᠷᠡᠭᠡᠳᠦᠶ ᠶᠢ ᠬᠠᠮᠲᠤ ᠪᠠᠷ ᠴᠣᠭᠴᠠᠯᠠᠵᠦ ᠳᠠᠶᠢᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠪᠦᠬᠦ | ᠲᠠᠯ᠎ᠠ ᠪᠠᠷ ᠴᠢᠩᠭᠠᠳᠬᠠᠬᠤ ᠪᠤᠯ ᠨᠠᠮ ᠤᠨ ᠲᠥᠪ ᠬᠤᠷᠢᠶ᠎ᠠ ᠠᠴᠠ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢ ᠠᠬᠢᠭᠤᠯᠵᠤ᠂ ᠦᠨᠳᠦᠰᠦᠲᠡᠨ ᠤ ᠭᠠᠵᠠᠷ | ᠣᠷᠣᠨ ᠢ ᠪᠦᠬᠦ ᠤᠯᠤᠰ ᠲᠠᠢ ᠵᠡᠷᠭᠡ ᠪᠠᠷ ᠤᠳᠤᠬᠢᠴᠢᠯᠠᠯᠲᠠ ᠶᠢᠨ ᠵᠠᠮ ᠢᠶᠠᠷ ᠵᠠᠮᠨᠠᠭᠤᠯᠬᠤ ᠶᠢ ᠪᠠᠳᠤᠯᠠᠬᠤ ᠳᠤ ᠰᠠᠭᠤᠷᠢᠯᠠᠵᠤ ᠭᠠᠷᠭᠠᠬᠰᠠᠨ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠤᠯᠤᠨ᠎ᠠ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ | ᠤᠨᠤᠪᠴᠢᠳᠠᠢ ᠵᠠᠮ ᠢᠶᠠᠷ ᠵᠠᠮᠨᠠᠬᠤ ᠶᠢ ᠪᠠᠷᠢᠮᠳᠠᠯᠠᠬᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠶᠢᠨ ᠪᠣᠳᠠᠲᠠᠶ ᠢᠯᠡᠷᠡᠯ ᠮᠥᠨ᠃ ᠨᠠᠮ ᠤᠨ ᠭᠡᠰᠢᠭᠦᠨ | ᠤᠳᠤᠷᠢᠳᠬᠤ ᠺᠠᠳ᠋ᠷᠴᠤᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ ᠠᠵᠢᠯ ᠤᠨ | ᠲᠤᠬᠠᠶ ᠨᠠᠮ ᠤᠨ ᠲᠦᠪ ᠬᠤᠷᠢᠶᠠᠨ ᠤ ᠵᠤᠷᠢᠭ ᠰᠢᠢᠳᠪᠦᠷᠢ ᠪᠤᠯ ᠬᠠᠳᠠ ᠴᠢᠯᠠᠭᠤ ᠰᠢᠬ ᠬᠠᠳᠠᠭᠤ ᠪᠠᠬᠢ ᠭᠡᠳᠡᠭ ᠢ ᠭᠦᠢᠴᠡᠳ ᠲᠠᠨᠢᠵᠦ᠂ ᠥᠪᠡᠷᠲᠡᠭᠡᠨ ᠵᠠᠰᠠᠬᠤ | ᠣᠷᠣᠨ ᠤ ᠡᠨᠡ ᠬᠦ ᠠᠵᠢᠯ ᠢ ᠠᠬᠢᠭᠤᠯᠬᠤ ᠵᠣᠷᠢᠭ ᠰᠠᠨᠠᠭ᠎ᠠ ᠡᠷᠡᠰ ᠭᠤᠶᠢᠪᠢᠰᠢ ᠥᠬᠡᠶ ᠭᠡᠳᠡᠭ ᠢ ᠭᠦᠶᠴᠡᠳ ᠲᠠᠨᠢᠵᠤ᠂ ᠡᠨᠡ ᠬᠦ ᠠᠵᠢᠯ ᠪᠣᠯ ᠦᠨᠳᠦᠰᠦᠲᠡᠨ ᠤ | ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠬᠠᠮᠠᠭᠠᠯᠠᠬᠤ ᠵᠠᠶᠢᠯᠠᠰᠢ ᠥᠬᠡᠶ ᠱᠠᠭᠠᠷᠳᠠᠯᠭ᠎ᠠ ᠪᠣᠯᠬᠤ ᠶᠢ ᠭᠦᠢᠴᠡᠳ ᠲᠠᠨᠢᠬᠤ ᠬᠡᠷᠡᠭᠲᠡᠢ᠃ ᠤᠯᠤᠰ ᠲᠥᠷᠥ ᠶᠢᠨ | ᠵᠣᠭᠰᠣᠯᠲᠠ ᠪᠠᠨ ᠪᠠᠲᠤᠳᠬᠠᠵᠤ᠂ ᠤᠯᠤᠰ ᠲᠥᠷᠥ ᠶᠢᠨ ᠲᠣᠭᠲᠠᠯ ᠬᠦᠴᠦᠨ ᠢᠶᠠᠨ ᠴᠢᠩᠭᠠᠳᠬᠠᠵᠤ᠂ ᠵᠥᠪ ᠣᠨᠣᠪᠴᠢᠲᠠᠶ ᠤᠯᠤᠰ ᠤᠨ ᠦᠵᠡᠯᠲᠡ᠂ | ᠦᠨᠳᠦᠰᠦᠲᠡᠨ ᠤ ᠦᠵᠡᠯᠲᠡ ᠶᠢ ᠪᠤᠢ ᠪᠤᠯᠭᠠᠵᠤ᠂ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ ᠲᠤᠭ ᠲᠡᠮᠳᠡᠭ ᠲᠣᠳᠣᠷᠬᠠᠢ ᠪᠠᠷ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠲᠡᠷᠡ ᠬᠡᠪ ᠢᠶᠠᠷ ᠨᠢ ᠲᠤᠭᠤᠰᠢᠯᠠᠭᠤᠯᠵᠤ᠂ | ᠡᠨᠡ ᠠᠵᠢᠯ ᠢ ᠠᠬᠢᠭᠤᠯᠬᠤ ᠳᠤᠮᠳᠠ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠢᠯᠡᠷᠡᠭᠦᠯᠤᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠵᠢᠱᠢᠶᠡᠴᠢ | ᠳᠠᠭᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠳᠠᠢ᠃ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ | ᠴᠢᠩᠭ᠎ᠠ ᠰᠠᠬᠢᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠳᠡᠷᠭᠡᠳᠡᠬᠢ ᠣᠯᠠᠨ ᠲᠦᠮᠡᠨ ᠪᠠ ᠲᠥᠷᠥᠯ ᠰᠠᠳᠤᠨ ᠨᠠᠶᠢᠵᠠ ᠨᠥᠬᠦᠳ ᠲᠡᠭᠡᠨ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ | ᠰᠠᠨᠠᠭᠠᠴᠢᠯᠠᠭ᠎ᠠ ᠠᠴᠠ ᠪᠠᠨ ᠲᠣᠳᠣᠷᠬᠠᠶᠢᠯᠠᠨ ᠲᠠᠶᠢᠯᠪᠤᠷᠢᠯᠠᠵᠤ᠂ ᠥᠷᠭᠡᠨ ᠤᠯᠠᠨ ᠲᠦᠮᠡᠨ ᠢ ᠬᠥᠲᠥᠯᠥᠨ ᠵᠢᠯᠣᠭᠤᠳᠴᠤ ᠨᠠᠮ ᠪᠠ ᠤᠯᠤᠰ ᠣᠷᠣᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠬᠦᠷᠢᠶᠡᠯᠡᠨ ᠳᠡᠮᠵᠢᠭᠦᠯᠬᠦ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠬᠢᠨᠠᠯᠲᠠ ᠲᠠᠯᠪᠢᠬᠤ | ᠬᠠᠷᠢᠭᠤᠴᠠᠯᠭ᠎ᠠ ᠪᠠᠨ ᠬᠢᠨᠠᠮᠠᠭᠠᠶ ᠬᠦᠢᠴᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ ᠭᠤᠤᠯ | ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠢ ᠴᠢᠩᠭᠠᠳᠬᠠᠬᠤ ᠪᠠᠷ ᠦᠨᠳᠦᠰᠦᠨ ᠴᠢᠭᠯᠡᠯ ᠢᠶᠠᠨ ᠪᠤᠯᠭᠠᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠡᠯ᠎ᠡ ᠵᠦᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠡᠢ᠃ ᠡᠯ᠎ᠡ ᠱᠠᠲᠤᠨ ᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ | ᠪᠦᠲᠦᠮᠵᠢᠲᠡᠶ ᠬᠢᠨᠠᠯᠲᠠ ᠲᠠᠯᠪᠢᠬᠤ ᠪᠠᠷ ᠲᠠᠮᠵᠢᠵᠤ ᠨᠠᠮ ᠤᠨ ᠭᠡᠰᠢᠭᠦᠨ ᠤ ᠤᠯᠤᠰ ᠲᠦᠷᠦ ᠶᠢᠨ ᠵᠣᠭᠰᠣᠯᠲᠠ ᠡᠷᠡᠰ ᠪᠠᠲᠤ ᠪᠢᠰᠢ᠂ ᠦᠵᠡᠯ ᠰᠠᠨᠠᠭ᠎ᠠ ᠲᠠᠨᠢᠯᠲᠠ ᠨᠢ | ᠵᠥᠷᠢᠶ᠎ᠡ ᠲᠠᠢ ᠪᠠᠶᠢᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠶ᠃ | ᠭᠤᠤᠯ ᠲᠥᠪ ᠢ ᠣᠨᠢᠯᠠᠵᠤ ᠤᠨᠢᠨ ᠳᠡᠭᠡᠷ᠎ᠡ ᠨᠢ ᠬᠦᠴᠦᠯᠡᠵᠦ᠂ ᠠᠰᠠᠭᠤᠳᠠᠯ ᠤᠨ ᠠᠷᠤ ᠳᠠᠬᠢ ᠰᠠᠬᠢᠯᠭ᠎ᠠ ᠪᠠᠲᠤ ᠠᠴᠠ ᠵᠦᠷᠢᠴᠡᠭᠰᠡᠨ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠶᠢ ᠤᠨᠤᠴᠠᠳᠠᠢ ᠢᠯᠡᠷᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ | ᠬᠦᠷᠢᠶ᠎ᠠ ᠴᠠᠷᠠᠭᠠᠨ ᠳᠠᠬᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠴᠠᠭ ᠲᠤᠬᠠᠶ ᠳᠤᠨᠢ ᠣᠶᠢᠯᠠᠭᠠᠨ ᠡᠵᠡᠮᠰᠢᠵᠦ᠂ ᠠᠵᠢᠯ ᠢ ᠠᠬᠢᠭᠤᠯᠬᠤ | ᠶᠠᠪᠤᠴᠠ ᠲᠤᠮᠳᠠᠬᠢ ᠬᠡᠪ ᠤᠨ ᠪᠤᠰᠤ ᠪᠠᠶᠢᠳᠠᠯ ᠢ ᠢᠯᠡᠷᠡᠬᠦᠯᠬᠦ ᠳᠡᠭᠡᠨ ᠴᠢᠳᠠᠮᠠᠭᠠᠶ ᠪᠠᠶᠢᠵᠤ᠂ ᠬᠡᠪ ᠤᠨ ᠪᠤᠰᠤ ᠪᠠᠶᠢᠳᠠᠯ ᠤᠨ ᠠᠷᠤ ᠳᠠᠬᠢ ᠳᠠᠯᠳᠠ ᠠᠰᠠᠭᠤᠳᠠᠯ ᠢ | ᠭᠦᠨᠵᠡᠭᠡᠶ ᠪᠠᠶᠢᠴᠠᠭᠠᠨ ᠡᠷᠢᠵᠦ ᠵᠠᠳᠠᠯᠤᠨ᠂ ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠦᠬᠦᠢ ᠡᠷᠬᠡ ᠲᠤᠰᠢᠶᠠᠯᠳᠤ ᠰᠠᠯᠠᠭ᠎ᠠ ᠮᠥᠴᠢᠷ ᠢ ᠵᠣᠬᠢᠴᠠᠭᠤᠯᠤᠨ ᠬᠠᠮᠲᠤᠪᠠᠷ | ᠰᠤᠳᠤᠯᠤᠨ ᠰᠢᠢᠳᠪᠦᠷᠢᠯᠡᠬᠦ ᠬᠡᠷᠡᠭᠳᠡᠢ᠃ ᠨᠠᠮ ᠤᠨ ᠤᠳᠤᠷᠢᠳᠤᠯᠭ᠎ᠠ ᠪᠤᠯ ᠦᠨᠳᠦᠰᠦᠳᠡᠨ ᠤ ᠠᠵᠢᠯ ᠢ ᠰᠠᠶᠢᠳᠤᠷ ᠬᠢᠬᠦ ᠶᠢᠨ ᠦᠨᠳᠦᠰᠦᠨ ᠪᠠᠳᠤᠯᠠᠭ᠎ᠠ ᠪᠤᠯᠤᠨ᠎ᠠ᠂ | ᠪᠢᠳᠡ ᠶᠡᠷᠦᠩᠬᠡᠢ ᠱᠦᠵᠢ ᠰᠢ ᠶᠢᠨ ᠫᠢᠩ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠠᠩ ᠨᠢᠬᠳᠠᠷᠠᠨ ᠪᠦᠯᠬᠦᠮᠳᠠᠵᠤ᠂ ᠬᠦᠴᠢᠷ ᠢ | ᠰᠦᠷᠦᠨ ᠤᠷᠤᠬᠰᠢᠯᠠᠵᠤ᠂ ᠡᠷᠡᠰ ᠰᠢᠭᠤᠷᠬᠠᠢ ᠡᠷᠡᠮᠡᠬᠡᠶᠢᠯᠡᠨ ᠵᠢᠳᠬᠦᠵᠤ᠂ ᠦᠨᠡᠨ ᠬᠦ ᠠᠳᠬᠤᠨ ᠪᠤᠳᠠᠳᠠᠢ ᠠᠵᠢᠯᠯᠠᠵᠤ᠂ ᠲᠤᠮᠳᠠᠳᠤ ᠶᠢᠨ ᠦᠨᠳᠦᠰᠦᠳᠡᠨ ᠤ | ᠬᠠᠮᠳᠤ ᠶᠢᠨ ᠴᠤᠬᠴᠠ ᠶᠢᠨ ᠤᠬᠠᠮᠰᠠᠷ ᠢ ᠲᠠᠰᠤᠷᠠᠯᠳᠠ ᠦᠬᠡᠢ ᠪᠠᠳᠤ ᠴᠤᠬᠴᠠᠯᠠᠵᠤ᠂ ᠲᠤᠮᠳᠠᠳᠤ ᠶᠢᠨ ᠦᠨᠳᠦᠰᠦᠳᠡᠨ ᠤ ᠨᠠᠩ ᠠᠭᠤᠳᠠᠮᠴᠢ ᠪᠠᠭᠳᠠᠭᠠᠮᠵᠢᠳᠠᠢ᠂ ᠨᠡᠩ | ᠬᠦᠴᠦᠷᠬᠡᠭ ᠨᠢᠬᠳᠠᠷᠠᠯ ᠤᠨ ᠬᠦᠴᠦᠨ ᠲᠠᠢ ᠬᠤᠪᠢ ᠵᠠᠶᠠᠭᠠᠨ ᠤ ᠬᠠᠮᠳᠤ ᠶᠢᠨ ᠴᠤᠬᠴᠠ ᠪᠤᠯᠵᠤ ᠪᠦᠷᠢᠯᠳᠦᠬᠦ ᠶᠢ ᠠᠬᠢᠭᠤᠯᠬᠤ ᠬᠡᠷᠡᠭᠳᠡᠢ᠃ |