ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠮᠡᠳᠡᠯᠭᠡ
ᠨᠡᠶᠢᠲᠡᠯᠡᠭᠰᠡᠨ ᠴᠠᠭ᠄
2020/10/13
      1᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠃ ᠬᠥᠮᠦᠨ ᠣᠯᠠᠨ ᠴᠤᠭᠯᠠᠷᠠᠭᠰᠠᠨ ᠪᠢᠲᠡᠭᠦᠮᠵᠢᠯᠡᠭᠰᠡᠨ ᠲᠠᠯᠠᠪᠤᠷ  ᠲᠤ  ᠪᠤᠰᠤᠳ ᠬᠥᠮᠦᠨ ᠲᠠᠢ 1 ᠮᠧᠲᠷ ᠠᠴᠠ ᠪᠠᠭ᠎ᠠ ᠵᠠᠶᠢᠲᠠᠢ ᠪᠠᠶᠢᠬᠤ ᠦᠶ᠎ᠡ ᠳᠤ ᠠᠮᠠᠪᠴᠢ ᠵᠡᠭᠦᠬᠦ ᠬᠡᠷᠡᠭᠲᠡᠶ᠃ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ᠂ ᠪᠢᠲᠡᠭᠦᠮᠵᠢᠯᠡᠭᠰᠡᠨ ᠣᠯᠠᠨ ᠨᠡᠶᠢᠲᠡ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠠᠵᠢᠯᠲᠠᠨ᠂ ᠠᠮᠤᠷ ᠢ ᠬᠠᠮᠠᠭᠠᠯᠠᠭᠴᠢ᠂ ᠴᠡᠪᠡᠷᠯᠡᠭᠴᠢ᠂ ᠵᠢᠯᠣᠭᠤᠴᠢ᠂ ᠠᠶᠠᠨᠴᠢᠳ ᠲᠡᠭᠡᠭᠡᠪᠦᠷᠢ ᠶᠢᠨ ᠥᠷᠲᠡᠭᠡ ᠶᠢᠨ ᠦᠢᠯᠡᠴᠢᠯᠡᠭᠴᠢᠳ᠂ ᠴᠠᠭᠳᠠᠭ᠎ᠠ ᠵᠡᠷᠭᠡ ᠬᠥᠮᠦᠰ ᠵᠢᠴᠢ ᠡᠪᠡᠳᠴᠢᠨ ᠦᠵᠡᠭᠦᠯᠦᠭᠴᠢ ᠬᠦᠮᠦᠰ ᠠᠮᠠᠪᠴᠢ ᠵᠡᠭᠦᠬᠦ ᠬᠡᠷᠡᠭᠲᠡᠶ᠃      2᠂ ᠬᠥᠮᠦᠰ ᠤᠨ ᠲᠦᠪᠯᠡᠷᠡᠵᠦ ᠴᠤᠭᠯᠠᠷᠠᠬᠤ ᠶᠢ ᠪᠠᠭᠠᠰᠬᠠᠨ᠎ᠠ᠃ 1 ᠮᠧᠲᠷ ᠠᠴᠠ ᠳᠡᠭᠡᠭᠰᠢᠬᠢ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠶᠢ ᠠᠩᠬᠠᠷᠬᠤ ᠬᠡᠷᠡᠭᠲᠡᠶ᠃ ᠴᠢᠬᠤᠯᠠ ᠪᠤᠰᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠭᠠᠰᠬᠠᠵᠤ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠳᠤ ᠣᠷᠣᠯᠴᠠᠬᠤ ᠬᠥᠮᠦᠰ ᠢ ᠪᠠᠭᠠᠰᠬᠠᠨ᠎ᠠ᠃ ᠠᠯᠢ ᠴᠢᠳᠠᠬᠤ ᠪᠠᠷ ᠬᠥᠮᠦᠨ ᠣᠯᠠᠨ ᠴᠤᠭᠯᠠᠷᠠᠬᠤ ᠲᠠᠯᠠᠪᠤᠷ᠂ ᠢᠯᠠᠩᠭᠤᠶ᠎ᠠ ᠪᠢᠲᠡᠭᠦᠮᠵᠢᠯᠡᠭᠰᠡᠨ ᠲᠠᠯᠠᠪᠤᠷ ᠲᠤ ᠣᠴᠢᠬᠤ ᠦᠭᠡᠢ᠃      3᠂ ᠰᠠᠯᠬᠢ ᠨᠡᠪᠲᠡᠷᠡᠭᠦᠯᠦᠨ ᠠᠷᠢᠭᠤᠳᠬᠠᠬᠤ ᠶᠢ ᠴᠢᠩᠭᠠᠳᠬᠠᠨ᠎ᠠ᠃ ᠭᠡᠷ ᠳᠣᠲᠣᠷ᠎ᠠ ᠦᠷᠭᠦᠯᠵᠢ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠵᠦ᠂ ᠠᠭᠠᠷ ᠨᠡᠪᠲᠡᠷᠡᠬᠦ ᠶᠢ ᠪᠠᠲᠤᠯᠠᠨ᠎ᠠ᠃ ᠣᠯᠠᠨ ᠨᠡᠶᠢᠲᠡ ᠶᠢᠨ ᠲᠠᠯᠠᠪᠤᠷ᠂ ᠲᠠᠯᠠᠪᠠᠶ ᠥᠷᠲᠡᠭᠡ ᠭᠠᠷᠠᠮ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠳ ᠡᠳᠦᠷ ᠲᠤᠲᠤᠮ ᠤᠨ ᠠᠷᠢᠭᠤᠨ ᠴᠡᠪᠡᠷ᠂ ᠠᠷᠢᠭᠤᠳᠬᠠᠬᠤ ᠵᠡᠷᠭᠡ ᠡᠷᠡᠭᠦᠯ ᠬᠠᠮᠠᠭᠠᠯᠠᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃      4᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ︽ᠨᠢᠭᠡ ᠮᠧᠲᠷ ᠤᠨ ᠱᠤᠭᠤᠮ︾ ᠢ ᠪᠠᠲᠤᠯᠠᠬᠤ᠂ ᠭᠠᠷ ᠢᠶᠠᠨ ᠦᠷᠭᠦᠯᠵᠢ ᠤᠬᠢᠶᠠᠬᠤ᠂ ᠠᠮᠠᠪᠴᠢ ᠵᠡᠭᠦᠬᠦ᠂ ᠨᠡᠶᠢᠲᠡ ᠶᠢᠨ ᠰᠠᠪᠬ᠎ᠠ ᠶᠢᠨ ᠳᠦᠷᠢᠮ ᠵᠡᠷᠭᠡ ᠡᠷᠡᠭᠦᠯ ᠬᠠᠮᠠᠭᠠᠯᠠᠯ ᠤᠨ ᠳᠠᠳᠬᠠᠯ ᠪᠠ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠨ᠎ᠠ᠃ ᠬᠠᠨᠢᠶᠠᠬᠤ᠂ ᠨᠠᠶᠢᠲᠠᠭᠠᠬᠤ ᠦᠶ᠎ᠡ  ᠳᠤ ᠬᠠᠯᠬᠠᠯᠠᠬᠤ ᠶᠢ ᠠᠩᠬᠠᠷᠬᠤ ᠬᠡᠷᠡᠭᠲᠡᠶ᠃      5᠂ ᠨᠡᠶᠢᠭᠡᠮ ᠲᠣᠭᠤᠷᠢᠭ ᠠᠴᠠ ᠰᠡᠷᠭᠡᠶᠢᠯᠡᠨ ᠡᠵᠡᠮᠳᠡᠨ᠎ᠡ᠃ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠲᠤᠤᠷᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠲᠤᠭᠤᠷᠢᠭ ᠤᠨ ᠰᠠᠶᠢᠨ ᠳᠤᠷ᠎ᠠ ᠶᠢᠨ ᠠᠵᠢᠭᠯᠠᠭᠴᠢ ᠶᠢᠨ ᠦᠢᠯᠡᠳᠦᠯ ᠢ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠰᠠᠶᠢᠲᠤᠷ ᠬᠢᠨ᠎ᠡ᠃
ᠢᠷᠡᠯᠲᠡ᠄ ᠲᠤᠰ ᠰᠦᠯᠵᠢᠶ᠎ᠠ