ᠤᠳᠤ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠵᠦ ᠳᠠᠪᠠᠭᠤᠯᠢᠭ ᠤᠨᠴᠠᠯᠢᠬᠳᠤ ᠠᠵᠤ ᠦᠢᠯᠡᠰ ᠢ ᠶᠡᠬᠡᠪᠡᠷ ᠬᠥᠭᠵᠢᠭᠦᠯᠵᠦ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢ ᠴᠢᠷᠮᠠᠶᠢᠨ ᠨᠡᠭᠡᠭᠡᠨ᠎ᠡ
ᠨᠡᠶᠢᠲᠡᠯᠡᠭᠰᠡᠨ ᠴᠠᠭ᠄
2020/10/23
     ᠴᠠᠩ ᡁᠢ ᠭᠠᠩ ᠦᠶᠤᠸᠠᠨ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠄ ᠣᠲᠣ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠵᠦ ᠳᠠᠪᠠᠭᠤᠯᠢᠭ ᠤᠨᠴᠠᠯᠢᠬᠳᠤ ᠠᠵᠤ ᠦᠢᠯᠡᠰ ᠢ ᠶᠡᠬᠡᠪᠡᠷ ᠬᠥᠭᠵᠢᠭᠦᠯᠵᠦ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢ ᠴᠢᠷᠮᠠᠶᠢᠨ ᠨᠡᠭᠡᠭᠡᠬᠦ ᠬᠡᠷᠡᠭᠲᠡᠶ     10 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠴᠠᠩ ᡁᠢ ᠭᠠᠩ ᠦᠶᠤᠸᠠᠨ ᠰᠢᠶᠠᠨ ᠳᠤ ᠭᠦᠨᠵᠡᠭᠡᠶᠢᠷᠡᠨ ᠠᠵᠤ ᠦᠢᠯᠡᠰ ᠤᠨ ᠬᠦᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠦᠭᠦᠯᠡᠯᠲᠡ ᠪᠠ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠣᠲᠣ ᠦᠶ᠎ᠡ ᠶᠢᠨ ᠲᠠᠷᠢᠶᠠᠯᠠᠩ ᠢ ᠶᠡᠬᠡᠪᠡᠷ ᠬᠦᠭᠵᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠰᠢᠰᠲ᠋ᠧᠮ ᠲᠠᠢ ᠲᠥᠯᠥᠪᠵᠢᠭᠦᠯᠬᠦ᠂ ᠪᠦᠬᠦᠯᠢ ᠴᠣᠭᠴᠠ ᠪᠠᠷ ᠠᠬᠢᠭᠤᠯᠬᠤ᠂ ᠲᠤᠷᠰᠢᠯᠲᠠ ᠶᠢᠨ ᠴᠡᠭ ᠤᠨ ᠠᠵᠢᠯ ᠢ ᠲᠦᠷᠭᠡᠳᠭᠡᠭᠦ ᠶᠢ ᠪᠠᠷᠢᠮᠲᠠᠯᠠᠨ᠂ ᠤᠯᠤᠰ ᠤᠨ ᠲᠠᠷᠢᠶᠠᠯᠠᠩ  ᠢ ᠳᠡᠮᠵᠢᠬᠦ᠃ ᠲᠠᠷᠢᠶᠠᠯᠠᠩ ᠢ ᠬᠦᠴᠦᠷᠬᠡᠭᠵᠢᠭᠦᠯᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠬᠦ ᠬᠡᠷᠡᠭᠲᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠮᠵᠢ ᠪᠣᠯᠤᠨ ᠦᠷᠭᠦᠯᠵᠢᠯᠡᠬᠦᠶᠢᠴᠡ ᠬᠥᠭᠵᠢᠯᠲᠡ ᠶᠢᠨ ᠴᠢᠳᠠᠮᠵᠢ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠠᠮᠢ ᠠᠬᠤᠶ ᠶᠢᠨ ᠰᠠᠭᠤᠷᠢᠰᠢᠯ ᠳᠤ ᠲᠤᠬᠢᠷᠠᠮᠵᠢᠲᠠᠢ᠂ ᠰᠠᠭᠤᠷᠢ ᠲᠥᠬᠦᠭᠡᠷᠦᠮᠵᠢ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ᠃ ᠮᠠᠨ ᠤ ᠬᠤᠲᠠ ᠶᠢᠨ ᠪᠣᠳᠠᠲᠤ ᠪᠠᠶᠢᠳᠠᠯ ᠳᠤ ᠨᠡᠶᠢᠴᠡᠭᠰᠡᠨ᠂ ᠪᠠᠶᠠᠨᠨᠠᠭᠤᠷ ᠤᠨ ᠣᠨᠴᠠᠯᠢᠭ ᠲᠠᠢ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢ ᠴᠢᠷᠮᠠᠶᠢᠨ ᠨᠡᠭᠡᠭᠡᠨ᠎ᠡ᠃     ᠯᠦᠩ ᠰᠢᠩ ᠴᠠᠩ ᠪᠠᠯᠭᠠᠰᠤᠨ ᠤ ᠷᠦᠩ ᠱᠧᠩ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠤᠷᠢᠭ ᠲᠤ᠂ ᠴᠠᠩ ᡁᠢ ᠭᠠᠩ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠥᠷᠥᠯ ᠵᠦᠢᠯ ᠤᠨ ᠬᠥᠭᠵᠢᠯᠲᠡ ᠶᠢᠨ ᠲᠥᠯᠥᠪᠵᠢᠭᠦᠯᠪᠡ᠂ ᠠᠵᠢᠯᠯᠠᠭᠠᠨ ᠤ ᠵᠠᠭᠪᠤᠷ ᠢ ᠨᠠᠷᠢᠨ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯ ᠠᠮᠤ ᠪᠤᠳᠠᠭᠠᠨ ᠤ ᠠᠮᠤᠷ ᠲᠦᠪᠰᠢᠨ ᠪᠠ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢ ᠪᠠᠲᠤᠯᠠᠬᠤ ᠰᠠᠭᠤᠷᠢ ᠢᠨᠵᠧᠨᠧᠷᠢᠩ ᠪᠣᠯᠬᠤ ᠪᠠᠷ ᠪᠠᠷᠠᠬᠤ ᠦᠭᠡᠢ᠂ ᠣᠳᠣ ᠦᠶ᠎ᠡ ᠶᠢᠨ ᠲᠠᠷᠢᠶᠠᠯᠠᠩ ᠢ ᠬᠥᠭᠵᠢᠭᠦᠯᠬᠦ᠂ ᠭᠠᠵᠠᠷ ᠰᠢᠷᠣᠶ ᠶᠢᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠬᠦ᠂ ᠲᠠᠷᠢᠶᠠᠯᠠᠩ ᠤᠨ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠬᠤ ᠴᠢᠬᠤᠯᠠ ᠭᠠᠷᠳᠠᠴᠠ ᠪᠣᠯᠤᠨ᠎ᠠ᠃ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠬᠦ᠂ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠶᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠪᠡ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠪᠡ ᠵᠡᠷᠭᠡ ᠲᠠᠢ ᠨᠢᠭᠲᠠ ᠵᠣᠯᠭᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠨᠡᠶᠢᠲᠡᠯᠡᠭᠰᠡᠨ ︽ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠣᠳᠣ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ  ᠢ ᠳᠡᠭᠡᠭᠰᠢᠯᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠪᠠ ᠭᠤᠷᠪᠠᠨ ᠢᠵᠢ ᠪᠦᠷᠢᠳᠦᠭᠰᠡᠨ ᠬᠡᠷᠡᠭᠵᠢᠭᠦᠯᠬᠦ ᠠᠷᠭ᠎ᠠ ᠶᠢᠨ ᠲᠣᠭᠤᠷᠢᠨ ᠳᠤ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ᠂ ᠶᠡᠷᠦᠩᠬᠡᠶᠢᠯᠡᠨ ᠢᠵᠢ ᠪᠦᠷᠢᠳᠦᠭᠦᠯᠬᠦ᠂ ᠥᠨᠳᠥᠷ ᠪᠦᠲᠦᠮᠵᠢᠲᠡᠢ ᠪᠠᠷ ᠲᠦᠯᠬᠢᠨ ᠠᠬᠢᠭᠤᠯᠬᠤ ᠶᠢ ᠪᠡᠶᠡᠯᠡᠭᠦᠯᠬᠦ ᠬᠡᠷᠡᠭᠲᠡᠶ᠃ ᠲᠥᠷᠥᠯ ᠵᠦᠢᠯ ᠤᠨ ᠣᠷᠣᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠣᠯᠤᠨ ᠲᠠᠷᠢᠶᠠᠴᠢᠨ ᠲᠦᠮᠡᠨ ᠤ ᠰᠠᠨᠠᠯ ᠢ ᠬᠢᠨᠠᠮᠠᠭᠠᠶ ᠰᠣᠨᠣᠰᠴᠤ᠂ ᠬᠠᠮᠢᠶᠠᠷᠴᠤ ᠬᠠᠮᠠᠭᠠᠯᠠᠬᠤ ᠠᠵᠢᠯᠯᠠᠭᠠᠨ ᠤ ᠲᠣᠭᠲᠠᠴᠠ ᠶᠢᠨ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠲᠥᠷᠥᠯ ᠵᠦᠢᠯ ᠤᠨ ᠲᠣᠭᠤᠷᠢᠭ ᠤᠨ ᠪᠡᠯᠡᠳᠬᠡᠮᠵᠢ ᠶᠢ ᠪᠦᠲᠦᠮᠵᠢᠲᠡᠶ ᠬᠠᠮᠢᠶᠠᠷᠤᠨ ᠬᠠᠮᠠᠭᠠᠯᠠᠬᠤ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠠᠰᠢᠭᠯᠠᠬᠤ᠂ ᠣᠯᠠᠨ ᠲᠦᠮᠡᠨ ᠳᠤ ᠣᠷᠳᠣ ᠬᠤᠭᠤᠴᠠᠭ᠎ᠠ ᠪᠠᠷ ᠠᠰᠢᠭ ᠬᠦᠷᠲᠡᠭᠡᠬᠦ ᠶᠢ ᠪᠡᠶᠡᠯᠡᠭᠦᠯᠦᠨ᠎ᠡ᠃      ᠺᠢᠮᠪᠧᠷᠯᠢ ᠲᠠᠷᠢᠶᠠᠯᠠᠩ ᠤᠨ ᠲᠠᠯᠠᠪᠠᠢ ᠵᠡᠷᠭᠡ ᠭᠠᠵᠠᠷ ᠲᠤ᠂ ᠴᠠᠩ ᡁᠢ ᠭᠠᠩ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠰᠤᠨᠤᠰᠴᠤ᠂ ᠣᠷᠭᠠᠨᠢᠭ ᠢᠳᠡᠰᠢᠨ ᠨᠣᠭᠤᠭ᠎ᠠ᠂ ᠴᠠᠢ ᠶᠢᠨ ᠮᠣᠳᠣ᠂ ᠮᠥᠭᠦ ᠵᠡᠷᠭᠡ ᠲᠠᠷᠢᠮᠠᠯ ᠤᠨ ᠤᠷᠭᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠠᠷᠢᠶᠠᠯᠠᠩ ᠤᠨ ᠪᠦᠲᠦᠭᠡᠭᠳᠡᠬᠦᠨ ᠢ ᠲᠠᠷᠢᠬᠤ᠂ ᠡᠵᠡᠩᠨᠡᠬᠦ ᠪᠠ ᠪᠣᠷᠣᠯᠠᠭᠤᠯᠬᠤ ᠵᠡᠷᠭᠡ ᠪᠠᠶᠢᠳᠠᠯ ᠢ ᠨᠠᠷᠢᠨ ᠤᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂ ᠮᠠᠨ ᠤ ᠬᠤᠲᠠ ᠶᠢᠨ ᠪᠣᠳᠠᠲᠤ ᠪᠠᠶᠢᠳᠠᠯ ᠪᠠ ᠣᠨᠴᠠᠯᠢᠭ ᠳᠠᠪᠠᠭᠤᠯᠢᠭ ᠲᠠᠭᠠᠨ ᠰᠠᠭᠤᠷᠢᠯᠠᠨ᠂ ᠵᠠᠬ᠎ᠠ ᠳᠡᠯᠭᠡᠭᠦᠷ ᠤᠨ ᠤᠳᠤᠷᠢᠳᠤᠮᠵᠢ ᠶᠢ ᠪᠠᠷᠢᠮᠲᠠᠯᠠᠵᠤ᠂ ᠴᠢᠨᠠᠷ ᠰᠠᠶᠢᠲᠠᠶ ᠪᠤᠭᠤᠳᠠᠶ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠪᠤᠭᠤᠳᠠᠶ ᠶᠢ ᠳᠠᠬᠢᠨ ᠲᠠᠷᠢᠬᠤ ᠣᠯᠠᠨ ᠡᠰᠢᠵᠢᠭᠰᠡᠨ ᠬᠥᠭᠵᠢᠯᠲᠡ ᠶᠢᠨ ᠬᠡᠪ ᠵᠠᠭᠪᠤᠷ ᠢ ᠢᠳᠡᠪᠬᠢᠲᠡᠶ ᠳᠡᠯᠭᠡᠷᠡᠭᠦᠯᠵᠦ᠂ ᠪᠤᠷᠤᠲᠤᠬᠤᠢ ᠶᠢᠨ ᠭᠠᠵᠠᠷ ᠣᠷᠣᠨ ᠳᠤ ᠲᠠᠷᠢᠬᠤ ᠳᠤ ᠲᠣᠬᠢᠷᠠᠬᠤ᠂ ᠣᠨᠴᠠᠯᠢᠭ ᠲᠠᠢ᠂ ᠥᠨᠳᠥᠷ ᠨᠡᠮᠡᠭᠳᠡᠯ ᠦᠷᠲᠡᠭ ᠲᠠᠢ᠂ ᠪᠣᠷᠣᠯᠠᠭᠤᠯᠭ᠎ᠠ ᠰᠠᠶᠢᠲᠠᠢ ᠲᠠᠷᠢᠮᠠᠯ ᠢ ᠲᠤᠷᠰᠢᠨ ᠲᠠᠷᠢᠨ᠎ᠠ᠃ ᠠᠵᠤ ᠦᠢᠯᠡᠰ ᠤᠨ ᠪᠦᠬᠦᠯᠢ ᠴᠣᠭᠴᠠ ᠶᠢᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠬᠠᠶ ᠱᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
ᠢᠷᠡᠯᠲᠡ᠄ ᠲᠤᠰ ᠰᠦᠯᠵᠢᠶ᠎ᠠ