ᠪᠠᠶᠠᠨᠨᠠᠭᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2020/10/26
     2020 ᠣᠨ ᠤ 10 ᠰᠠᠷ᠎ᠠ ᠶᠢᠨ 24 ᠤ ᠡᠳᠦᠷ᠂ ᠰᠢᠨᠵᠢᠶᠠᠩ ᠤᠨ ᠤᠶᠢᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠺᠠᠱᠭᠠᠷ ᠣᠷᠣᠨ ᠤ ᠱᠦ ᠹᠦ᠋ ᠰᠢᠶᠠᠨ ᠳᠤ ᠤᠯᠤᠰ ᠤᠨ ᠳᠣᠲᠣᠭᠠᠳᠤ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠰᠢᠨᠵᠢ ᠲᠡᠮᠳᠡᠭ ᠦᠭᠡᠶ ᠬᠠᠯᠳᠠᠪᠤᠷᠢᠯᠠᠭᠰᠠᠳ 1 ᠨᠡᠮᠡᠭᠳᠡᠵᠦ᠂ 25 ᠤ ᠡᠳᠦᠷ ᠤᠨ ᠣᠷᠣᠶ ᠪᠣᠯᠲᠠᠯ᠎ᠠ ᠺᠠᠱᠭᠠᠷ ᠣᠷᠣᠨ ᠳᠤ ᠡᠪᠡᠳᠴᠢᠨ ᠤ ᠰᠢᠨᠵᠢ ᠲᠡᠮᠳᠡᠭ ᠦᠭᠡᠢ ᠬᠠᠯᠳᠠᠪᠤᠷᠢᠯᠠᠭᠰᠠᠳ 138 ᠶᠢ ᠢᠯᠡᠷᠡᠭᠦᠯᠵᠦ᠂ ᠲᠤᠬᠠᠢ ᠶᠢᠨ ᠭᠠᠵᠠᠷ ᠨᠢᠭᠡᠳᠦᠭᠡᠷ ᠳᠡᠰ ᠤᠨ ᠰᠡᠷᠭᠡᠶᠢᠯᠡᠨ ᠡᠵᠡᠮᠳᠡᠬᠦ ᠠᠵᠢᠯ ᠢᠶᠠᠨ ᠡᠬᠢᠯᠡᠭᠦᠯᠵᠡᠢ᠃ ᠣᠳᠣᠬᠠᠨ ᠳᠤ ᠣᠯᠠᠨ ᠤᠯᠤᠰ ᠤᠨ ᠬᠢᠵᠢᠭ ᠤᠨ ᠪᠠᠶᠢᠳᠠᠯ ᠦᠷᠭᠦᠯᠵᠢᠯᠡᠨ ᠲᠠᠷᠬᠠᠵᠤ ᠪᠠᠶᠢᠭ᠎ᠠ ᠪᠠ ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠳᠠᠬᠢᠨ ᠡᠭᠦᠰᠬᠦ ᠠᠶᠤᠯ ᠲᠦᠭᠰᠢᠭᠦᠷᠢ ᠨᠡᠯᠢᠶᠡᠳ ᠶᠡᠭᠡ ᠪᠠᠶᠢᠭ᠎ᠠ ᠪᠣᠳᠠᠲᠤ ᠪᠠᠶᠢᠳᠠᠯ ᠳᠤ ᠦᠨᠳᠦᠰᠦᠯᠡᠨ᠂ ︽ᠭᠠᠳᠠᠭᠠᠳᠤ ᠠᠴᠠ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠷᠬᠠᠬᠤ ᠶᠢ ᠰᠡᠷᠭᠡᠶᠢᠯᠡᠬᠦ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠨᠣᠪᠴᠢᠲᠠᠢ ᠰᠠᠶᠢᠲᠤᠷ ᠬᠢᠬᠦ ᠶᠢᠨ ᠲᠥᠯᠥᠭᠡ᠂ ᠣᠳᠣ ᠬᠠᠮᠢᠶ᠎ᠠ ᠪᠦᠬᠦᠢ ᠶᠠᠪᠤᠳᠠᠯ ᠤᠨ ᠲᠤᠬᠠᠢ ᠳᠣᠣᠷᠠᠬᠢ ᠮᠡᠲᠦ ᠨᠡᠶᠢᠲᠡᠯᠡᠰᠦᠭᠡᠢ᠄             ᠨᠢᠭᠡ᠂ 10 ᠰᠠᠷ᠎ᠠ ᠶᠢᠨ 10 ᠤ ᠡᠳᠦᠷ ᠠᠴᠠ ᠨᠠᠭᠠᠰᠢ ᠺᠠᠱᠭᠠᠷ ᠣᠷᠣᠨ ᠠᠴᠠ ᠮᠠᠨ ᠤ ᠬᠤᠲᠠ ᠳᠤ ᠢᠷᠡᠵᠦ ᠪᠤᠴᠠᠭᠰᠠᠨ ᠬᠥᠮᠦᠰ ᠡᠩ ᠲᠡᠷᠢᠭᠦᠨ ᠳᠤ ᠰᠠᠭᠤᠭ᠎ᠠ ᠭᠠᠵᠠᠷ ᠤᠨ ᠲᠣᠮᠢᠯᠠᠭᠰᠠᠨ ᠰᠠᠯᠪᠤᠷᠢ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠤᠶᠤ ᠪᠠᠶᠢᠭᠤᠯᠭ᠎ᠠ ᠨᠢᠭᠡᠴᠢ ᠳᠡᠭᠡᠨ ᠰᠠᠨᠠᠭᠠᠴᠢᠯᠠᠭ᠎ᠠ ᠠᠴᠠ ᠪᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠬᠤᠪᠢ ᠬᠥᠮᠦᠨ ᠤ ᠠᠵᠢᠯᠯᠠᠭᠠᠨ ᠤ ᠵᠠᠮ ᠮᠥᠷ ᠪᠠ ᠡᠷᠡᠭᠦᠯ ᠮᠡᠨᠳᠦ ᠶᠢᠨ ᠪᠠᠶᠢᠳᠠᠯ ᠢ ᠨᠠᠷᠢᠨ ᠨᠢᠮᠪᠠᠶ ᠬᠠᠩᠭᠠᠵᠤ᠂ ᠬᠠᠷᠢᠶ᠎ᠠ ᠭᠠᠵᠠᠷ ᠲᠠᠢ ᠪᠠᠨ ᠢᠳᠡᠪᠬᠢᠲᠡᠢ ᠬᠠᠮᠵᠢᠯᠴᠠᠨ ᠲᠤᠰᠠᠭᠠᠷᠯᠠᠵᠤ ᠬᠠᠮᠢᠶᠠᠷᠤᠨ ᠡᠵᠡᠮᠳᠡᠬᠦ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ ᠵᠡᠷᠭᠡ ᠠᠵᠢᠯ ᠢ ᠰᠠᠶᠢᠲᠤᠷ ᠬᠢᠬᠦ ᠶᠢᠨ ᠬᠠᠮᠲᠤ ᠪᠦᠬᠦᠨ ᠢ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠬᠠᠮᠢᠶᠠᠷᠤᠯᠲᠠ ᠳᠤ ᠣᠷᠣᠭᠤᠯᠤᠨ᠎ᠠ᠃ ᠮᠡᠳᠡᠭᠦᠯᠬᠦ ᠨᠢ ᠤᠳᠠᠭᠠᠨ᠂ ᠮᠡᠳᠡᠭᠦᠯᠬᠦ ᠦᠭᠡᠢ ᠨᠢᠭᠤᠬᠤ᠂ ᠮᠡᠳᠡᠭᠡ ᠵᠠᠩᠭᠢ ᠶᠢ ᠬᠤᠳᠠᠯ ᠢᠶᠠᠷ ᠮᠡᠳᠡᠭᠦᠯᠬᠦ ᠪᠤᠶᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠬᠠᠮᠵᠢᠯᠴᠠᠬᠤ ᠦᠭᠡᠢ ᠠᠴᠠ ᠪᠣᠯᠵᠤ ᠬᠢᠵᠢᠭ ᠲᠠᠷᠬᠠᠭᠰᠠᠨ ᠵᠡᠷᠭᠡ ᠬᠦᠨᠳᠦ ᠨᠣᠴᠢᠲᠠᠶ ᠦᠷ᠎ᠡ ᠳ᠋ᠦᠩ ᠡᠭᠦᠰᠬᠡᠭᠰᠡᠨ ᠳᠤ ᠬᠠᠮᠢᠶ᠎ᠠ ᠪᠦᠬᠦᠢ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃            ᠬᠤᠶᠠᠷ᠂ 10 ᠰᠠᠷ᠎ᠠ ᠶᠢᠨ 10 ᠤ ᠡᠳᠦᠷ ᠠᠴᠠ ᠨᠠᠭᠠᠰᠢ᠂ ᠺᠠᠱᠭᠠᠷ ᠣᠷᠣᠨ ᠠᠴᠠ ᠮᠠᠨ ᠤ ᠬᠤᠲᠠ ᠳᠤ ᠢᠷᠡᠵᠦ ᠪᠤᠴᠠᠭᠰᠠᠨ ᠬᠥᠮᠦᠰ ᠲᠦᠷᠦᠭᠦᠤ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠤᠶᠤ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠡ ᠵᠠᠩᠭᠢ ᠶᠢᠨ ᠡᠷᠡᠭᠦᠯ ᠴᠢᠭᠢᠷᠠᠭ ᠤᠨ ᠨᠡᠪᠲᠡᠷᠡᠬᠦ ᠺᠣᠳ᠋ ᠲᠠᠢ᠂ ᠳᠤᠯᠠᠭᠠᠨ ᠤ ᠬᠡᠮᠵᠢᠶ᠎ᠡ ᠬᠡᠪ ᠤᠨ ᠮᠥᠷᠲᠡᠭᠡᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠰᠢᠯᠵᠢᠵᠦ ᠪᠣᠯᠤᠨ᠎ᠠ᠃ ᠬᠡᠷᠪᠡ ᠳᠡᠭᠡᠷ᠎ᠡ ᠳᠤᠷᠠᠳᠤᠭᠰᠠᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠰᠤᠷᠠᠭ ᠵᠠᠩᠭᠢ ᠶᠢ ᠬᠠᠩᠭᠠᠵᠤ ᠴᠢᠳᠠᠬᠤ ᠦᠭᠡᠢ ᠪᠣᠯ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠳᠠᠷᠦ᠋ᠢᠬᠠᠨ ᠲᠥᠪᠯᠡᠷᠡᠭᠦᠯᠦᠨ ᠲᠤᠰᠠᠭᠠᠷᠯᠠᠵᠤ᠂ 24 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷᠲᠠᠶ ᠪᠣᠯ ᠲᠤᠰᠠᠭᠠᠷᠯᠠᠯ ᠢ ᠲᠠᠶᠢᠯᠵᠤ᠂ ᠬᠤᠪᠢ ᠬᠥᠮᠦᠨ ᠤ ᠰᠡᠷᠭᠡᠶᠢᠯᠡᠯᠲᠡ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠰᠢᠯᠵᠢᠵᠦ ᠪᠣᠯᠤᠨ᠎ᠠ᠃ ᠬᠡᠷᠪᠡ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠠᠷᠭ᠎ᠠ ᠴᠢᠨᠠᠷ ᠲᠠᠢ ᠬᠥᠮᠦᠨ ᠪᠣᠯ ᠬᠠᠷᠢᠶ᠎ᠠ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠳᠦᠷᠢᠮᠵᠢᠯ ᠤᠨ ᠱᠠᠭᠠᠷᠳᠠᠯᠭ᠎ᠠ ᠶᠣᠰᠣᠭᠠᠷ ᠳᠠᠷᠤᠶ ᠲᠦᠷᠭᠡᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ ᠡᠮᠨᠡᠭᠦᠯᠬᠦ ᠬᠡᠷᠡᠭᠲᠡᠶ᠃            ᠭᠤᠷᠪᠠ᠂ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠰᠢᠨᠵᠢ ᠲᠡᠮᠳᠡᠭ ᠦᠭᠡᠢ ᠬᠠᠯᠳᠠᠪᠤᠷᠢᠯᠠᠭᠰᠠᠳ ᠲᠠᠢ ᠨᠢᠭᠲᠠ ᠣᠶᠢᠷᠠᠲᠤᠭᠰᠠᠨ ᠬᠥᠮᠦᠰ ᠲᠤ ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠤᠶᠠᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠪᠠ ᠨᠢᠭᠡ ᠤᠳᠠᠭᠠᠨ ᠤ ᠴᠢᠰᠤᠨ ᠴᠡᠶᠢᠢᠪᠠᠨᠭ᠌ ᠤᠨ ᠡᠰᠡᠷᠭᠦᠴᠡᠬᠦ ᠴᠣᠭᠴᠠ ᠶᠢ ᠪᠠᠶᠢᠴᠠᠭᠠᠨ ᠬᠡᠮᠵᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃            ᠳᠥᠷᠪᠡ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠭᠦᠯᠬᠦ︾ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠢᠯᠠᠩᠭᠤᠶ᠎ᠠ ︽ᠡᠷᠲᠡ ᠢᠯᠡᠷᠡᠭᠦᠯᠵᠦ᠂ ᠡᠷᠲᠡ ᠮᠡᠳᠡᠭᠦᠯᠬᠦ︾ ᠬᠡᠷᠡᠭᠲᠡᠶ ᠂ ᠰᠤᠮᠤ ᠪᠠᠯᠭᠠᠰᠤ ︵ᠵᠡᠭᠡᠯᠢ ᠭᠤᠳᠤᠮᠵᠢ︶᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠣᠯᠤᠨ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠳᠠᠷᠦ᠋ᠢᠬᠠᠨ ᠵᠣᠬᠢᠶᠠᠨ ᠪᠠᠶᠢᠭᠤᠯᠵᠤ᠂ 10 ᠰᠠᠷ᠎ᠠ ᠶᠢᠨ 10 ᠤ ᠡᠳᠦᠷ ᠠᠴᠠ ᠨᠠᠭᠠᠰᠢᠬᠢ ᠺᠠᠱᠭᠠᠷ ᠣᠷᠣᠨ ᠳᠤ ᠢᠷᠡᠵᠦ ᠪᠤᠴᠠᠭᠰᠠᠨ ᠬᠥᠮᠦᠰ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢᠨ ᠬᠠᠮᠲᠤ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃            ᠲᠠᠪᠤ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ ᠮᠠᠰᠢᠨ ᠲᠡᠷᠭᠡᠨ ᠤ ᠥᠷᠲᠡᠭᠡ ᠪᠣᠯᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠦᠷᠭᠦᠯᠵᠢᠯᠡᠨ ᠲᠣᠤᠷᠵᠢᠭᠤᠯᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭᠠᠳᠬᠠᠵᠤ᠂ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ 10 ᠰᠠᠷ᠎ᠠ ᠶᠢᠨ 10 ᠤ ᠡᠳᠦᠷ ᠠᠴᠠ ᠨᠠᠭᠠᠰᠢ ᠺᠠᠱᠭᠠᠷ ᠣᠷᠣᠨ ᠠᠴᠠ ᠮᠠᠨ ᠤ ᠬᠤᠲᠠ ᠳᠤ ᠢᠷᠡᠵᠦ ᠪᠤᠴᠠᠭᠰᠠᠨ ᠬᠥᠮᠦᠰ ᠢ ᠵᠢᠭᠰᠠᠭᠠᠨ ᠪᠠᠶᠢᠴᠠᠭᠠᠵᠤ ᠳᠠᠩᠰᠠᠯᠠᠬᠤ ᠪᠠ ᠬᠠᠮᠢᠶᠠᠷᠤᠨ ᠡᠵᠡᠮᠳᠡᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠶᠢ ᠴᠢᠩᠭ᠎ᠠ ᠬᠢᠨᠠᠨ ᠪᠠᠶᠢᠴᠠᠭᠠᠵᠤ᠂ ᠠᠶᠠᠯᠠᠯ ᠤᠨ ᠺᠣᠳ᠋᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠨ᠎ᠠ᠃            ᠵᠢᠷᠭᠤᠭ᠎ᠠ᠂ ᠣᠶᠢᠷ᠎ᠠ ᠶᠢᠨ ᠬᠤᠭᠤᠴᠠᠭᠠᠨ ᠳᠤ ᠥᠷᠭᠡᠨ ᠤᠯᠠᠨ ᠬᠤᠳᠠ ᠶᠢᠨ ᠠᠷᠠᠳ ᠴᠢᠬᠤᠯᠠ ᠦᠭᠡᠢ ᠪᠣᠯ ᠰᠢᠨᠵᠢᠶᠠᠩ ᠤᠨ ᠤᠶᠢᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠳᠤ ᠣᠴᠢᠬᠤ ᠦᠭᠡᠢ᠃ ᠬᠡᠷᠪᠡ ᠦᠨᠡᠬᠡᠷ ᠣᠴᠢᠬᠤ ᠴᠢᠬᠤᠯᠠ ᠲᠠᠢ ᠪᠣᠯ ᠪᠠᠶᠠᠨᠨᠠᠭᠤᠷ ᠬᠤᠲᠠ ᠳᠤ ᠪᠤᠴᠠᠬᠤ ᠠᠴᠠ ᠡᠮᠦᠨ᠎ᠡ ᠰᠠᠭᠤᠭ᠎ᠠ ᠭᠠᠵᠠᠷ ᠤᠨ ᠲᠣᠮᠢᠯᠠᠭᠰᠠᠨ ᠰᠠᠯᠪᠤᠷᠢ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠠᠭᠠᠨ ᠰᠠᠨᠠᠭᠠᠴᠢᠯᠠᠭ᠎ᠠ ᠠᠴᠠ ᠪᠠᠨ ᠳᠠᠩᠰᠠᠯᠠᠭᠤᠯᠤᠨ ᠮᠡᠳᠡᠭᠦᠯᠬᠦ ᠶᠢᠨ ᠬᠠᠮᠲᠤ᠂ ᠵᠣᠬᠢᠬᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃      ᠳᠣᠯᠤᠭ᠎ᠠ᠂ ᠥᠷᠭᠡᠨ ᠣᠯᠠᠨ ᠬᠤᠲᠠ ᠶᠢᠨ ᠠᠷᠠᠳ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ ᠶᠢ ᠦᠷᠭᠦᠯᠵᠢᠯᠡᠨ ᠪᠠᠷᠢᠮᠲᠠᠯᠠᠵᠤ᠂ ᠭᠠᠷ ᠢᠶᠠᠨ ᠦᠷᠭᠦᠯᠵᠢ ᠤᠬᠢᠶᠠᠵᠤ᠂ ᠰᠠᠯᠬᠢ ᠦᠷᠭᠦᠯᠵᠢ ᠨᠡᠪᠲᠡᠷᠡᠭᠦᠯᠬᠦ ᠶᠢ ᠪᠡᠶᠡᠯᠡᠭᠦᠯᠵᠦ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ︽ᠨᠢᠭᠡ ᠮᠧᠳ᠋ᠷ ︾ ᠤᠨ ᠵᠠᠶ ᠶᠢ ᠪᠠᠲᠤᠯᠠᠨ᠎ᠠ᠃ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠪᠠᠶᠢᠳᠠᠯ ᠢᠯᠡᠷᠡᠪᠡᠯ᠂ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠴᠠᠭ ᠲᠤᠬᠠᠶ ᠳᠤᠨᠢ ᠪᠠᠶᠢᠴᠠᠭᠠᠵᠤ ᠡᠮᠨᠡᠨ ᠵᠠᠰᠠᠬᠤ ᠶᠢᠨ ᠬᠠᠮᠲᠤ ᠪᠦᠬᠦ ᠶᠠᠪᠤᠴᠠ ᠳᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ᠃            ᠬᠤᠲᠠ᠂ ᠬᠤᠰᠢᠭᠤ ᠰᠢᠶᠠᠨ ᠲᠣᠭᠤᠷᠢᠭ ᠤᠨ ᠡᠪᠡᠳᠴᠢᠨ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄      ᠬᠤᠲᠠ ᠶᠢᠨ ᠡᠪᠡᠳᠴᠢᠨ ᠰᠡᠷᠭᠡᠶᠢᠯᠡᠨ ᠡᠵᠡᠮᠳᠡᠬᠦ ᠲᠥᠪ᠄ 0478-8326571      ᠯᠢᠨ ᠾᠧ ᠲᠣᠭᠤᠷᠢᠭ ᠤᠨ ᠡᠪᠡᠳᠴᠢᠨ ᠰᠡᠷᠭᠡᠶᠢᠯᠡᠨ ᠡᠵᠡᠮᠳᠡᠬᠦ ᠲᠥᠪ᠄ 0478-8312122      ᠤᠷᠠᠳ ᠤᠨ ᠡᠮᠦᠨᠡᠲᠦ ᠬᠤᠰᠢᠭᠤᠨ ᠤ ᠡᠪᠡᠳᠴᠢᠨ ᠰᠡᠷᠭᠡᠶᠢᠯᠡᠨ ᠡᠵᠡᠮᠳᠡᠬᠦ ᠲᠥᠪ᠄ 0478-3211859      ᠤᠷᠠᠳ ᠳᠤᠮᠳᠠᠳᠤ ᠬᠤᠰᠢᠭᠤᠨ ᠤ ᠡᠪᠡᠳᠴᠢᠨ ᠰᠡᠷᠭᠡᠶᠢᠯᠡᠨ ᠡᠵᠡᠮᠳᠡᠬᠦ ᠲᠥᠪ᠄ 0478-5912787      ᠤᠷᠠᠳ ᠤᠨ ᠬᠤᠶᠢᠲᠤ ᠬᠤᠰᠢᠭᠤᠨ ᠤ ᠡᠪᠡᠳᠴᠢᠨ ᠰᠡᠷᠭᠡᠶᠢᠯᠡᠨ ᠡᠵᠡᠮᠳᠡᠬᠦ ᠲᠥᠪ᠄ 0478-4613501      ᠬᠠᠩᠭᠢᠨ ᠬᠤᠶᠢᠲᠤ ᠬᠤᠰᠢᠭᠤᠨ ᠤ ᠡᠪᠡᠳᠴᠢᠨ ᠰᠡᠷᠭᠡᠶᠢᠯᠡᠨ ᠡᠵᠡᠮᠳᠡᠬᠦ ᠲᠥᠪ᠄ 0478-2611785      ᠦᠶᠤᠸᠠᠨ ᠰᠢᠶᠠᠨ ᠤ ᠡᠪᠡᠳᠴᠢᠨ ᠰᠡᠷᠭᠡᠶᠢᠯᠡᠨ ᠡᠵᠡᠮᠳᠡᠬᠦ ᠲᠥᠪ᠄ 0478 -7828818      ᠳ᠋ᠧᠩᠺᠧᠦ ᠰᠢᠶᠠᠨ ᠤ ᠡᠪᠡᠳᠴᠢᠨ ᠰᠡᠷᠭᠡᠶᠢᠯᠡᠨ ᠡᠵᠡᠮᠳᠡᠬᠦ ᠲᠥᠪ᠄ 0478 — 4500373                               ᠪᠠᠶᠠᠨᠨᠠᠭᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ‌ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                   2020 ᠣᠨ ᠤ 10 ᠰᠠᠷ᠎ᠠ ᠶᠢᠨ 26 ᠤ ᠡᠳᠦᠷ
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ