ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠬᠤ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/28
      10 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠬᠤ ︵ᠥᠷᠭᠡᠳᠬᠡᠭᠰᠡᠨ︶ ᠬᠤᠷᠠᠯ ᠯᠢᠨ ᠾᠧ ᠳᠤ ᠬᠤᠷᠠᠯᠳᠤᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ ᠥᠪᠥᠷ ᠮᠣᠩᠭᠤᠯ ᠤᠨ ᠰᠤᠳᠤᠯᠭᠠᠨ ᠤ ᠨᠡᠶᠢᠭᠡᠮᠯᠢᠭ ᠤᠨ ᠳᠠᠷᠤᠭ᠎ᠠ  ᠬᠤ᠋ ᠢ ᠬᠤᠸᠠ ᠶᠢ ᠤᠷᠢᠵᠤ ︽ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠬᠢᠨ ᠪᠣᠳᠠᠲᠠᠶ ᠨᠠᠶᠢᠳᠠᠪᠤᠷᠢᠵᠢᠭᠤᠯᠬᠤ︾ ᠲᠤᠰᠬᠠᠶ ᠰᠡᠳᠦᠪᠲᠦ ᠵᠢᠯᠣᠭᠤᠳᠤᠯᠭ᠎ᠠ ᠬᠢᠯᠭᠡᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠴᠠᠩ ᡁᠢ ᠭᠠᠩ ᠢᠯᠡᠳᠬᠡᠯ ᠤᠨ ᠡᠮᠦᠨ᠎ᠡ  ᠬᠤ᠋ ᠢ ᠬᠤᠸᠠ ᠲᠠᠢ ᠠᠭᠤᠯᠵᠠᠭᠰᠠᠨ ᠪᠥᠭᠡᠳ ᠢᠯᠡᠳᠬᠡᠯ ᠢ ᠰᠣᠨᠣᠰᠴᠠᠶ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠦᠨ ᠠᠶ ᠹᠠᠩ᠂ ᠢᠦᠶ ᠯᠢ ᠶᠢᠩ᠂ ᠵᠣᠣ ᠬᠤᠶ᠂ ᠬᠠᠶ ᠱᠠᠨ ᠵᠢᠴᠢ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠬᠤ ᠨᠥᠬᠦᠳ ᠢᠯᠡᠳᠬᠡᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠣᠣ ᠽᠢ ᠪᠢᠨ ᠬᠤᠷᠠᠯ ᠢ ᠡᠷᠭᠢᠯᠡᠪᠡ᠃       ᠬᠤ᠋ ᠢ ᠬᠤᠸᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ︽ᠰᠡᠳᠬᠢᠯ ᠳᠡᠭᠡᠨ ᠪᠣᠳᠣᠵᠤ︾᠂ ︽ᠮᠥᠷᠥᠨ ᠳᠡᠭᠡᠷ᠎ᠡ ᠪᠠᠨ ᠡᠭᠦᠷᠴᠦ︾᠂ ︽ᠭᠠᠷ ᠲᠠᠭᠠᠨ ᠠᠳᠬᠤᠬᠤ︾ ᠵᠡᠷᠭᠡ ᠭᠤᠷᠪᠠᠨ ᠲᠠᠯ᠎ᠠ ᠠᠴᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠤᠨ ᠬᠡᠷᠡᠭᠵᠢᠭᠦᠯᠬᠦ ᠠᠷᠭ᠎ᠠ ᠶᠢ ᠭᠦᠨᠵᠡᠭᠡᠢ ᠲᠠᠶᠢᠯᠪᠤᠷᠢᠯᠠᠪᠠ᠃ ᠢᠯᠡᠳᠬᠡᠯ ᠤᠨ ᠥᠭᠦᠯᠡᠯᠲᠡ ᠭᠦᠨᠵᠡᠭᠡᠢ᠂ ᠠᠭᠤᠯᠭ᠎ᠠ ᠪᠠᠶᠠᠯᠢᠭ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠣᠨᠣᠯᠴᠢ ᠴᠢᠨᠠᠷ᠂ ᠬᠠᠨᠳᠤᠯᠭᠠᠲᠤ ᠴᠢᠨᠠᠷ ᠪᠠ ᠵᠢᠯᠣᠭᠤᠳᠬᠤ ᠴᠢᠨᠠᠷ ᠲᠠᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠭᠦᠶᠴᠡᠳᠬᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ᠃ ᠴᠢᠬᠤᠯᠠ ᠵᠠᠩᠭᠢᠯᠠᠭ᠎ᠠ ᠶᠢᠨ ᠴᠡᠭ ᠪᠠ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠭᠡᠮ ᠢ ᠴᠢᠩᠭ᠎ᠠ ᠠᠩᠬᠠᠷᠴᠤ᠂ ᠡᠷᠲᠡ ᠠᠳᠬᠤᠵᠤ ᠪᠠᠭ᠎ᠠ ᠶᠢ ᠠᠳᠬᠤᠵᠤ᠂ ᠨᠠᠷᠢᠨ ᠪᠣᠳᠠᠲᠠᠢ ᠠᠳᠬᠤᠵᠤ᠂ ᠬᠡᠷᠡᠭ ᠭᠠᠷᠬᠤ ᠠᠴᠠ ᠡᠮᠦᠨ᠎ᠡ ᠰᠡᠷᠭᠡᠶᠢᠯᠡᠬᠦ ᠬᠡᠷᠡᠭᠲᠡᠢ᠃ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ ᠨᠠᠷᠢᠯᠢᠭ ᠪᠤᠰᠤ ᠪᠣᠳᠠᠲᠠᠢ ᠪᠤᠰᠤ ᠬᠦᠴᠦᠨ ᠦᠭᠡᠢ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ ᠭᠡᠪᠡ᠃
ᠢᠷᠡᠯᠲᠡ᠄ ᠲᠣᠲᠣᠷᠬᠠᠢ ᠦᠭᠡᠢ