ᠯᠢᠨ ᠱᠤᠤ ᠴᠦᠨ ᠮᠠᠨ ᠤ ᠬᠤᠳᠠ ᠶᠢᠨ ᠬᠢᠯᠢ ᠶᠢᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠵᠤ ᠲᠣᠬᠤᠨᠢᠭᠤᠯᠪᠠ
ᠨᠡᠶᠢᠲᠡᠯᠡᠭᠰᠡᠨ ᠴᠠᠭ᠄
2020/10/9
     10 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠤ ᠴᠦᠨ ᠮᠠᠨ ᠤ ᠬᠤᠲᠠ ᠶᠢᠨ ᠬᠢᠯᠢ ᠶᠢᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠢ ᠪᠠᠬᠢᠵᠢᠭᠦᠯᠬᠦ ᠵᠡᠷᠭᠡ ᠠᠵᠢᠯ ᠢ ᠪᠠᠶᠢᠴᠠᠭᠠᠨ ᠰᠤᠳᠤᠯᠵᠤ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ᠂ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠪᠣᠯᠤᠨ ᠬᠢᠯᠢ ᠬᠢᠵᠠᠭᠠᠷ ᠣᠷᠣᠨ ᠢ ᠬᠠᠮᠠᠭᠠᠯᠠᠵᠤ ᠪᠠᠶᠢᠭ᠎ᠠ ᠣᠯᠠᠨ ᠲᠦᠮᠡᠨ ᠢ ᠪᠣᠯᠭᠤᠭᠠᠨ ᠲᠣᠬᠤᠨᠢᠭᠤᠯᠪᠠ᠃      ᠥᠪᠡᠷᠲᠡᠭᠡᠨ ᠵᠠᠰᠠᠬᠤ ᠣᠷᠣᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠤᠨ ᠳᠠᠷᠤᠭ᠎ᠠ ᠾᠧ ᠸᠧᠶ ᠬᠤᠸᠠ᠂ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠶᠡᠷᠦᠩᠬᠡᠶ ᠥᠷᠲᠡᠭᠡᠨ ᠤ ᠳᠡᠳ᠋ ᠶᠡᠷᠦᠩᠬᠡᠶ ᠥᠷᠲᠡᠭᠡᠨ ᠳᠠᠷᠤᠭ᠎ᠠ ᠵᠣᠣ ᠶᠦᠩ ᠴᠢᠶᠠᠨ ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠵᠥᠩ ᠽᠧᠩ ᠪᠠᠷ᠎ᠠ ᠪᠣᠯᠪᠠ᠃      ᠯᠢᠨ ᠱᠣᠣ ᠴᠦᠨ ᠤᠷᠢᠳ ᠬᠤᠵᠢᠳ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠰᠠᠭᠤᠭ᠎ᠠ ᠭᠠᠵᠠᠷ᠂ ᠬᠢᠯᠢ ᠬᠢᠵᠠᠭᠠᠷ ᠢᠶᠠᠨ ᠬᠠᠮᠠᠭᠠᠯᠠᠵᠤ ᠪᠠᠶᠢᠭ᠎ᠠ ᠮᠠᠯᠴᠢᠳ ᠤᠨ ᠭᠡᠷ ᠵᠢᠴᠢ ᠬᠢᠯᠢ ᠶᠢᠨ ᠲᠣᠮᠢᠯᠠᠭᠰᠠᠨ ᠰᠠᠯᠪᠤᠷᠢ ᠵᠡᠷᠭᠡ ᠭᠠᠵᠠᠷ ᠲᠤ ᠭᠦᠨᠵᠡᠭᠡᠶᠢᠷᠡᠵᠡᠢ᠃ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ ᠬᠢᠯᠢ ᠬᠢᠵᠠᠭᠠᠷ ᠢᠶᠠᠨ ᠬᠠᠮᠠᠭᠠᠯᠠᠵᠤ ᠪᠠᠶᠢᠭ᠎ᠠ ᠣᠯᠠᠨ ᠲᠦᠮᠡᠨ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠲᠠᠢ ᠳᠣᠲᠣᠨᠣ ᠪᠠᠷ ᠶᠠᠷᠢᠯᠴᠠᠵᠤ ᠂ ᠲᠡᠳᠡᠨ ᠤ ᠠᠵᠢᠯ ᠠᠮᠢᠳᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠭᠦᠨ ᠤ ᠬᠠᠮᠲᠤ ᠲᠡᠳᠡᠨ ᠳᠤ ᠲᠣᠬᠤᠨᠢᠭᠤᠯᠬᠤ ᠮᠥᠩᠭᠦ ᠪᠠ ᠲᠣᠬᠤᠨᠢᠭᠤᠯᠬᠤ ᠪᠣᠳᠠᠰ ᠬᠦᠷᠭᠡᠨ ᠥᠭᠴᠦ᠂ ᠤᠯᠠᠨ ᠤ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠪᠠ᠃ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠰᠠᠭᠤᠭ᠎ᠠ ᠭᠠᠵᠠᠷ ᠲᠤ᠂ ᠯᠢᠨ ᠱᠤᠤ ᠴᠦᠨ ᠴᠡᠷᠢᠭ ᠤᠨ ᠬᠤᠸᠠᠷᠠᠨ ᠳᠤ ᠬᠦᠷᠴᠦ᠂ ᠬᠢᠯᠢ ᠬᠢᠵᠠᠭᠠᠷ ᠣᠷᠣᠨ ᠢ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠵᠢᠴᠢ ᠴᠡᠷᠢᠭ ᠠᠩᠬᠢ ᠶᠢᠨ ᠪᠠᠶᠢᠭᠤᠯᠤᠯᠲᠠ ᠳᠤᠮᠳᠠ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠪᠠ᠃ ᠯᠢᠨ ᠱᠤᠤ ᠴᠦᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠬᠢᠯᠢ ᠶᠢᠨ ᠬᠠᠮᠠᠭᠠᠯᠠᠯᠲᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯ ᠪᠢᠳᠡᠨ ᠤ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠴᠢᠬᠤᠯᠠ ᠵᠢᠷᠤᠮᠯᠠᠯ ᠪᠣᠯᠤᠨ᠎ᠠ᠃ ᠥᠷᠭᠡᠨ ᠣᠯᠠᠨ ᠳᠠᠷᠤᠭ᠎ᠠ ᠪᠠᠶᠢᠯᠳᠤᠭᠴᠢᠳ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠬᠢᠨᠠᠮᠠᠭᠠᠶ ᠦᠢᠯᠡᠳᠦᠯᠭᠡᠵᠢᠭᠦᠯᠵᠦ᠂ ᠬᠢᠯᠢ ᠬᠢᠵᠠᠭᠠᠷ ᠢᠶᠠᠨ ᠬᠠᠮᠠᠭᠠᠯᠠᠬᠤ ᠴᠡᠷᠢᠭ ᠠᠩᠬᠢ ᠶᠢᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠰᠢᠨ᠎ᠡ ᠭᠠᠪᠢᠶ᠎ᠠ ᠪᠠᠶᠢᠭᠤᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠡᠷᠢᠭ ᠠᠩᠭᠢ ᠶᠢᠨ ᠪᠠᠶᠢᠭᠤᠯᠤᠯᠲᠠ ᠶᠢ ᠶᠡᠭᠡ ᠪᠠᠷ ᠳᠡᠮᠵᠢᠵᠦ᠂ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢᠳ ᠢ ᠬᠠᠯᠠᠮᠵᠢᠯᠠᠨ ᠬᠠᠶᠢᠷᠠᠯᠠᠵᠤ᠂ ᠴᠡᠷᠢᠭ ᠠᠩᠬᠢ ᠶᠢᠨ ᠬᠦᠴᠢᠷ ᠵᠣᠪᠠᠯᠠᠩ ᠢ ᠴᠠᠭ ᠲᠤᠬᠠᠶ ᠳᠤᠨᠢ ᠬᠠᠪᠰᠤᠷᠤᠨ ᠰᠢᠶᠳᠪᠦᠷᠢᠯᠡᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠪᠠᠶᠢᠳᠠᠯ ᠢ ᠦᠨᠡᠨ ᠬᠦ ᠪᠠᠬᠢᠵᠢᠭᠦᠯᠦᠨ ᠬᠥᠭᠵᠢᠭᠦᠯᠬᠦ ᠬᠡᠷᠡᠭᠲᠡᠶ ᠭᠡᠪᠡ᠃     ᠬᠢᠯᠢ ᠬᠢᠵᠠᠭᠠᠷ ᠢᠶᠠᠨ ᠰᠠᠬᠢᠭᠴᠢ ᠮᠠᠯᠴᠢᠨ ᠪᠦᠷᠢᠨᠲᠡᠭᠦᠰ ᠤᠨ ᠭᠡᠷ ᠲᠤ ᠯᠢᠨ ᠱᠤᠤ ᠴᠦᠨ ᠪᠦᠷᠢᠨᠲᠡᠭᠦᠰ ᠤᠨ ᠨᠢᠭᠡ ᠭᠡᠷ ᠤᠨ ᠦᠢᠯᠡᠳᠪᠦᠷᠢᠯᠡᠯ ᠠᠮᠢᠳᠤᠷᠠᠯ ᠵᠢᠴᠢ ᠣᠷᠣᠯᠭ᠎ᠠ ᠶᠢᠨ ᠪᠠᠶᠢᠳᠠᠯ ᠢ ᠨᠠᠷᠢᠨ ᠠᠰᠠᠭᠤᠵᠤ᠂ ᠨᠢᠭᠡ ᠭᠡᠷ ᠤᠨ ᠵᠢᠷᠭᠤᠭᠠᠨ ᠬᠥᠮᠦᠨ ᠤ ᠵᠢᠯ ᠤᠨ ᠣᠷᠣᠯᠭ᠎ᠠ 30 ᠲᠦᠮᠡᠨ ᠲᠥᠭᠦᠷᠢᠭ ᠬᠦᠷᠦᠭᠰᠡᠨ ᠢ ᠰᠤᠨᠤᠰᠤᠭᠠᠳ ᠯᠢᠨ ᠱᠤᠤ ᠴᠦᠨ ᠶᠡᠭᠡ ᠪᠠᠶᠠᠷᠯᠠᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠠᠮᠲᠤᠪᠠᠷ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠦᠨᠳᠦᠰᠦᠲᠡᠨ ᠤ ᠪᠦᠯᠬᠦᠮᠳᠡᠯ ᠢ ᠲᠠᠰᠤᠷᠠᠯᠲᠠ ᠦᠭᠡᠢ ᠴᠢᠩᠭᠠᠳᠬᠠᠵᠤ᠂ ᠬᠢᠯᠢ ᠬᠢᠵᠠᠭᠠᠷ ᠤᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭᠠᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠯᠢ ᠬᠢᠵᠠᠭᠠᠷ ᠣᠷᠣᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠬᠢᠯᠢ ᠶᠢᠨ ᠤᠯᠠᠨ ᠲᠦᠮᠡᠨ᠂ ᠢᠯᠠᠩᠭᠤᠶ᠎ᠠ ᠬᠢᠯᠢ ᠬᠢᠵᠠᠭᠠᠷ ᠲᠤ ᠰᠠᠭᠤᠵᠤ ᠬᠢᠯᠢ ᠬᠢᠵᠠᠭᠠᠷ ᠢᠶᠠᠨ ᠬᠠᠮᠠᠭᠠᠯᠠᠬᠤ ᠪᠠᠬᠢᠯᠡᠯᠲᠡ ᠶᠢᠨ ᠡᠷᠤᠭᠡ ᠳᠤ ᠲᠦᠰᠢᠭᠯᠡᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠲᠤᠭᠲᠠᠴᠠ ᠶᠢ ᠬᠦᠴᠦᠯᠡᠨ ᠪᠠᠶᠢᠭᠤᠯᠬᠤ ᠬᠡᠷᠡᠭᠲᠡᠶ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ ᠶᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠪᠡ᠃     ᠪᠠᠶᠠᠨᠨᠠᠭᠤᠷ ᠤᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠭᠠᠭᠴᠠᠮᠤᠳᠤ ᠬᠢᠯᠢ ᠶᠢᠨ ᠲᠣᠮᠢᠯᠠᠭᠰᠠᠨ ᠰᠠᠯᠪᠤᠷᠢ ᠳᠤ᠂ ᠯᠢᠨ ᠱᠣᠤ ᠴᠦᠨ ᠳᠣᠲᠣᠭᠠᠳᠤ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠤ ᠳᠠᠷᠠᠭᠠᠬᠢ ᠲᠣᠮᠢᠯᠠᠭᠰᠠᠨ ᠰᠠᠯᠪᠤᠷᠢ ᠶᠢᠨ ᠠᠵᠢᠯᠲᠠᠨ ᠤ ᠣᠷᠣᠨ ᠲᠤᠭ᠎ᠠ ᠵᠡᠷᠭᠡ ᠪᠠᠶᠢᠳᠠᠯ ᠢ ᠨᠠᠷᠢᠨ ᠬᠢᠨᠠᠮᠠᠭᠠᠶ ᠣᠶᠢᠯᠠᠭᠠᠪᠠ᠃ ᠯᠢᠨ ᠱᠤᠤ ᠴᠦᠨ ᠵᠢᠭᠠᠵᠤ ᠭᠠᠷᠭᠠᠭᠰᠠᠨ ᠨᠢ᠂ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠨᠢ ᠣᠯᠠᠨ ᠲᠦᠮᠡᠨ ᠳᠤ ᠦᠢᠯᠡᠴᠢᠯᠡᠬᠦ ᠨᠢᠭᠡᠳᠦᠭᠡᠷ ᠹᠷᠣᠨᠲ ᠲᠤ ᠪᠠᠶᠢᠨ᠎ᠠ᠂ ᠥᠷᠭᠡᠨ ᠣᠯᠠᠨ ᠺᠠᠳ᠋ᠷ ᠴᠠᠭᠳᠠᠭ᠎ᠠ ᠣᠯᠠᠨ ᠲᠦᠮᠡᠨ ᠤ ᠦᠵᠡᠯᠲᠡ ᠪᠣᠯᠤᠨ ᠦᠢᠯᠡᠴᠢᠯᠡᠭᠡᠨ ᠤ ᠦᠵᠡᠯ ᠤᠬᠠᠮᠰᠠᠷ ᠢ ᠦᠨᠡᠨ ᠬᠦ ᠴᠢᠩᠭᠠᠳᠬᠠᠵᠤ᠂ ᠣᠯᠠᠨ ᠲᠦᠮᠡᠨ ᠤ ᠪᠠᠭ᠎ᠠ ᠶᠠᠪᠤᠳᠠᠯ ᠢ ᠥᠪᠡᠷ ᠤᠨ ᠢᠶᠠᠨ ᠲᠣᠮᠣ ᠶᠠᠪᠤᠳᠠᠯ ᠪᠣᠯᠭᠠᠬᠤ ᠬᠡᠷᠡᠭᠲᠡᠢ᠃ ᠨᠡᠶᠢᠭᠡᠮ ᠤᠨ ᠵᠥᠷᠢᠴᠡᠯ ᠢ ᠴᠠᠭ ᠲᠤᠬᠠᠶ ᠳᠤᠨᠢ ᠠᠷᠢᠯᠭᠠᠵᠤ᠂ ᠬᠢᠯᠢ ᠬᠢᠵᠠᠭᠠᠷ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠰᠠᠶᠢᠲᠤᠷ ᠬᠠᠮᠠᠭᠠᠯᠠᠨ᠎ᠠ᠃ ᠠᠷᠠᠳ ᠤᠨ ᠳᠣᠲᠣᠭᠠᠳᠤ ᠶᠢ ᠬᠠᠮᠠᠭᠠᠯᠠᠬᠤ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ᠬᠢᠯᠢ ᠬᠢᠵᠠᠭᠠᠷ ᠤᠨ ᠣᠯᠠᠨ ᠲᠦᠮᠡᠨ ᠳᠤ ᠠᠮᠤᠷ ᠠᠮᠤᠭᠤᠯᠠᠩ ᠡᠶ᠎ᠡ ᠨᠠᠶᠢᠷᠠᠮᠳᠠᠭᠤ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠬᠤ ᠬᠡᠷᠡᠭᠲᠡᠢ ᠭᠡᠪᠡ᠃     ᠯᠢᠨ ᠱᠤᠤ ᠴᠦᠨ ᠪᠠᠰᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃
ᠢᠷᠡᠯᠲᠡ᠄ ᠲᠤᠰ ᠰᠦᠯᠵᠢᠶ᠎ᠡ