ᠬᠥᠭᠵᠢᠯᠲᠡ ᠶᠢᠨ ᠢᠷᠡᠭᠡᠳᠦᠶ
ᠨᠡᠶᠢᠲᠡᠯᠡᠭᠰᠡᠨ ᠴᠠᠭ᠄
2020/10/9
     ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠡᠯᠡᠰᠦᠨ ᠤ ᠠᠮᠢ ᠨᠠᠰᠤᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠲᠠᠯ᠎ᠠ ᠨᠤᠲᠤᠭ ᠤᠨ ᠢᠳᠡᠰᠢᠨ ᠨᠣᠭᠤᠭ᠎ᠠ ᠶᠢᠨ ᠰᠠᠭᠰᠤ᠂ ᠬᠠᠳᠤᠨ ᠭᠤᠤᠯ ᠤᠨ ᠬᠥᠪᠡᠭᠡᠨ ᠳᠡᠭᠡᠷᠡᠬᠢ ᠲᠠᠷᠢᠶ᠎ᠠ ᠬᠦᠷᠢᠶᠡᠯᠡᠩ ᠢ ᠪᠦᠲᠦᠭᠡᠨ ᠪᠠᠶᠢᠭᠤᠯᠵᠤ᠂ ᠪᠣᠷᠣᠲᠣᠬᠤᠶ ᠶᠢᠨ ᠪᠦᠬᠦ ᠴᠠᠷᠠᠭᠠᠨ ᠤ ᠪᠣᠬᠢᠷᠲᠤᠯ ᠦᠭᠡᠢ ᠣᠷᠭᠠᠨᠢᠭ ᠥᠨᠳᠥᠷ ᠳᠡᠰ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠵᠦ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠪᠠᠶᠠᠨᠨᠠᠭᠤᠷ ᠢ ᠪᠣᠬᠢᠷᠲᠤᠯ ᠦᠭᠡᠢ ᠠᠵᠤ ᠦᠢᠯᠡᠰ ᠤᠨ ᠲᠥᠪᠯᠡᠷᠡᠭᠰᠡᠨ ᠣᠷᠣᠨ᠂ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠣᠷᠣᠨ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠯᠢᠭᠡᠷ ᠳᠠᠭᠤᠷᠢᠶᠠᠯ ᠣᠷᠣᠨ᠂ ᠮᠣᠩᠭᠤᠯ ᠤᠯᠤᠰ  ᠯᠤᠭ᠎ᠠ ᠶᠢᠨ ᠨᠡᠭᠡᠭᠡᠯᠲᠡ  ᠶᠢᠨ ᠤᠷᠢᠳᠠᠪᠠᠷ ᠬᠡᠷᠡᠭᠵᠢᠭᠦᠯᠬᠦ ᠣᠷᠣᠨ᠂  ᠰᠠᠶᠢᠨ ᠰᠠᠶᠢᠬᠠᠨ ᠠᠮᠢᠳᠤᠷᠠᠯ ᠤᠨ ᠬᠠᠮᠲᠤ ᠪᠠᠷ ᠡᠳ᠋ᠯᠡᠬᠦ ᠣᠷᠣᠨ ᠪᠣᠯᠭᠠᠵᠤ᠂ ᠣᠳᠣᠬᠢᠴᠢᠯᠠᠭᠰᠠᠨ ᠠᠮᠢ ᠠᠬᠤᠢ ᠶᠢᠨ ᠲᠠᠷᠢᠶ᠎ᠠ ᠬᠦᠷᠢᠶᠡᠯᠡᠩ ᠤᠨ ᠬᠤᠲᠠ ᠡᠬᠡ ᠤᠯᠤᠰ ᠤᠨ ᠤᠮᠠᠷᠠᠲᠤ ᠣᠷᠣᠨ ᠳᠤ ᠰᠡᠬᠦ᠋ᠢᠨ ᠰᠦᠨᠳᠡᠷᠯᠡᠬᠦ ᠪᠣᠯᠤᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ