ᠯᠢᠨ ᠾᠧ ᠲᠣᠭᠤᠷᠢᠭ ᠤᠨ ᠲᠣᠶᠢᠮᠣ ᠪᠠᠶᠢᠳᠠᠯ
ᠨᠡᠶᠢᠲᠡᠯᠡᠭᠰᠡᠨ ᠴᠠᠭ᠄
2020/11/11
      ᠯᠢᠨ ᠾᠧ ᠲᠣᠭᠤᠷᠢᠭ ᠨᠢ ᠬᠠᠲᠤᠨ ᠭᠤᠣᠯ ᠤᠨ ︽几︾ ᠦᠰᠥᠭᠲᠥ ᠲᠤᠬᠤᠢ ᠶᠢᠨ ᠣᠷᠤᠢ ᠶᠢᠨ ᠭᠡᠰᠡᠭ  ᠲᠤ ᠤᠷᠤᠰᠢᠵᠤ᠂ ᠪᠣᠷᠤᠲᠤᠬᠤᠢ ᠶᠢᠨ ᠲᠠᠯ᠎ᠠ ᠨᠤᠲᠤᠭ ᠤᠨ ᠲᠤᠲᠤᠷ ᠭᠠᠵᠠᠷ ᠲᠤ ᠪᠠᠶᠢᠷᠢᠯᠠᠵᠤ ᠪᠠᠶᠢᠬᠤ ᠪᠦᠭᠡᠤᠨ ᠪᠠᠶᠠᠨᠨᠠᠭᠤᠷ ᠬᠤᠲᠠ ᠶᠢᠨ ᠵᠠᠰᠠᠭ ᠤᠨ ᠣᠷᠳᠤᠨ ᠤ ᠲᠥᠪ ᠪᠣᠯᠥᠨ᠎ᠠ᠃ ᠯᠢᠨ ᠾᠧ ᠲᠣᠭᠤᠷᠢᠭ ᠨᠢ ᠡᠮᠥᠨᠡᠰᠢ ᠬᠠᠲᠤᠨ ᠭᠤᠣᠯ ᠢ ᠪᠠᠷᠠᠯᠠᠨ᠂ ᠤᠮᠠᠷᠠᠰᠢ ᠮᠣᠨᠠ ᠠᠭᠤᠯᠠ ᠶᠢ ᠲᠥᠰᠢᠵᠥ᠂ ᠪᠡᠭᠡᠵᠢᠩ ᠲᠢᠶᠠᠨᠵᠢᠨ ᠢᠶᠠᠷ ᠬᠥᠲᠥᠯᠥᠭᠴᠢ ᠪᠣᠯᠭᠠᠭᠰᠠᠨ ᠬᠦᠬᠡᠬᠤᠲᠠ — ᠪᠣᠭᠤᠲᠦ — ᠢᠷᠭᠠᠢ — ᠯᠠᠨᠵᠸᠥ ᠶᠢᠨ ᠠᠵᠥ ᠠᠬᠤᠢ ᠶᠢᠨ ᠪᠦᠰᠡ ᠶᠢᠨ ᠳᠤᠮᠳᠠ ᠭᠡᠰᠡᠭ ᠲᠤ ᠤᠷᠤᠰᠢᠵᠤ᠂ ᠤᠯᠥᠰ ᠤᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢᠨ ᠴᠢᠬᠤᠯᠠ ᠣᠷᠤᠨ ᠪᠣᠯᠥᠨ᠎ᠠ᠃ ᠵᠠᠮ ᠬᠠᠷᠢᠯᠴᠠᠭ᠎ᠠ ᠳᠥᠭᠦᠮ᠂ ᠴᠢᠮᠡᠭᠡ ᠨᠠᠪᠲᠠᠷᠠᠭᠦᠯᠭᠡ ᠬᠥᠭᠵᠢᠵᠥ᠂ ᠪᠤᠭᠤᠲᠤ ᠠᠴᠠ ᠯᠠᠨᠵᠸᠥ ᠬᠦᠷᠬᠦ᠂ ᠯᠢᠨ ᠾᠧ ᠠᠴᠠ ᠴᠡᠭᠡ ᠬᠦᠷᠬᠦ᠂ 110 ᠤᠯᠥᠰ ᠤᠨ ᠵᠠᠮ᠂ ᠪᠡᠭᠡᠵᠢᠩ ᠠᠴᠠ ᠲᠥᠪᠡᠳ ᠬᠥᠷᠬᠦ ᠦᠨᠳᠥᠷ ᠬᠤᠷᠳᠤᠴᠠᠲᠤ ᠵᠠᠰᠠᠮᠠᠯ ᠵᠠᠮ᠂ ᠬᠤᠲᠠ ᠶᠢᠨ ᠲᠤᠮᠲᠠᠭᠤᠷ ᠦᠩᠭᠡᠷᠡᠵᠤ ᠂ ᠪᠠᠶᠠᠨᠨᠠᠭᠤᠷ ᠤᠨ ᠨᠢᠰᠭᠡᠯ ᠤᠨ ᠪᠠᠭᠤᠳᠠᠯ ᠨᠢ ᠠᠶᠠᠯᠠᠯ ᠨᠡᠪᠲᠡᠷᠡᠵᠤ᠂ ᠪᠡᠭᠡᠵᠢᠩ ᠠᠴᠠ ᠰᠢᠨᠵᠢᠶᠠᠩ ᠬᠥᠷᠬᠦ ᠦᠨᠳᠥᠷ ᠬᠤᠷᠳᠤᠴᠠᠲᠤ ᠵᠠᠰᠠᠮᠠᠯ ᠵᠠᠮ᠂ ᠭᠠᠭᠴᠠᠮᠣᠳᠤ ᠠᠴᠠ ᠯᠢᠨ ᠾᠧ ᠬᠥᠷᠬᠦ ᠨᠢᠭᠡᠳᠥᠭᠡᠷ ᠳᠡᠰ ᠤᠨ ᠵᠠᠰᠠᠮᠠᠯ ᠵᠠᠮ ᠢ ᠶᠠᠭ ᠪᠠᠶᠢᠭᠤᠯᠵᠤ ᠪᠠᠶᠢᠨ᠎ᠠ᠃ ᠮᠦᠨ ᠴᠤ ᠤᠯᠥᠰ ᠤᠨ ︿︿ᠲᠠᠪᠤᠨ ᠬᠥᠨᠳᠡᠯᠡᠨ ᠲᠠᠪᠤᠨ ᠭᠤᠣᠯᠳᠤ﹀﹀ ᠵᠠᠮ ᠬᠠᠷᠢᠯᠴᠠᠭᠠᠨ ᠤ ᠲᠤᠤᠷᠵᠢᠯᠲᠠ ᠶᠢᠨ ᠲᠥᠯᠥᠪᠵᠢᠭᠦᠯᠭᠡ ᠶᠢᠨ ᠴᠢᠬᠤᠯᠠ ᠠᠭᠤᠯᠵᠠᠷ ᠪᠣᠯᠥᠭ᠌ᠰᠠᠨ ᠮᠥᠷᠲᠡᠭᠡᠨ ᠪᠠᠷᠠᠭᠤᠨ ᠬᠤᠶᠢᠲᠤ ᠣᠷᠤᠨ ᠪᠣᠯᠥᠨ ᠪᠠᠷᠠᠭᠤᠨ ᠡᠮᠥᠨᠡᠲᠤ ᠣᠷᠤᠨ ᠢ ᠬᠤᠯᠪᠤᠵᠤ᠂ ᠮᠣᠩᠭᠤᠯ ᠤᠯᠥᠰ ᠲᠠᠢ ᠵᠠᠯᠭᠠᠯᠳᠤᠭᠰᠠᠨ ᠴᠢᠬᠤᠯᠠ ᠵᠠᠮ ᠬᠠᠷᠢᠯᠴᠠᠭᠠᠨ ᠤ ᠭᠤᠥᠯ ᠬᠤᠲᠠ ᠪᠣᠯᠥᠭ᠌ᠰᠠᠨ ᠪᠠᠶᠢᠨ᠎ᠠ᠃ ᠪᠥᠬᠦ ᠲᠣᠭᠤᠷᠢᠭ ᠤᠨ ᠶᠡᠷᠥᠩᠬᠡᠢ ᠲᠠᠯᠠᠪᠠᠢ ᠨᠢ 2333 ᠲᠡᠭᠰᠢ ᠳᠥᠷᠪᠡᠯᠵᠢᠨ ᠺᠢᠯᠤᠮᠧᠳ᠋ᠷ ᠪᠠᠶᠢᠵᠤ᠂ 9 ᠰᠢᠶᠠᠩ ᠪᠠᠯᠭᠠᠰᠤ᠂ 2 ᠲᠠᠷᠢᠶᠠᠯᠠᠩ ᠤᠨ ᠲᠠᠯᠠᠪᠠᠢ᠂ 11 ᠬᠡᠷᠡᠭ ᠡᠷᠬᠢᠯᠡᠬᠦ ᠭᠠᠵᠠᠷ ᠬᠠᠷᠢᠶᠠᠯᠠᠡᠭ᠌ᠲᠠᠵᠤ᠂ ᠬᠤᠲᠠ ᠶᠢᠨ ᠪᠠᠶᠢᠭᠤᠯᠤᠯᠲᠠ ᠶᠢᠨ ᠲᠣᠭᠤᠷᠢᠭ ᠨᠢ 55 ᠲᠡᠭᠰᠢ ᠳᠥᠷᠪᠡᠯᠵᠢᠨ ᠺᠢᠯᠣᠮᠧᠳ᠋ᠷ ᠪᠠᠶᠢᠨ᠎ᠠ᠃ 2016 ᠣᠨ ᠳᠤ ᠪᠥᠬᠦ ᠲᠣᠭᠤᠷᠢᠭ ᠤᠨ ᠦᠷᠭᠦᠯᠵᠢ ᠰᠠᠭᠤᠭ᠎ᠠ ᠬᠦᠮᠤᠨ ᠠᠮᠠ ᠶᠢᠨ ᠲᠤᠭ᠎ᠠ  ᠨᠢ 185917 ᠡᠷᠥᠬᠡ ᠪᠠᠶᠢᠵᠤ᠂ ᠬᠥᠮᠥᠨ ᠠᠮᠠ ᠶᠢᠨ ᠲᠤᠭ᠎ᠠ ᠨᠢ 55.12 ᠲᠦᠮᠠᠨ ᠭᠦᠮᠤᠨ ᠪᠠᠶᠢᠨ᠎ᠠ᠂ ᠬᠤᠲᠠ ᠪᠠᠯᠭᠠᠰᠣᠨ ᠤ ᠬᠥᠮᠥᠨ ᠠᠮᠠ ᠶᠢᠨ ᠲᠤᠭ᠎ᠠ ᠨᠢ 126284 ᠡᠷᠥᠬᠡ ᠪᠠᠶᠢᠵᠤ᠂ ᠬᠥᠮᠥᠨ ᠠᠮᠠ ᠶᠢᠨ ᠲᠤᠭ᠎ᠠ  ᠨᠢ 37.2 ᠲᠦᠮᠠᠨ ᠭᠦᠮᠤᠨ ᠪᠠᠶᠢᠨ᠎ᠠ᠂ ᠬᠥᠳᠡᠭᠡ ᠲᠣᠰᠬᠤᠨ ᠤ ᠬᠥᠮᠥᠨ ᠠᠮᠠ ᠶᠢᠨ ᠲᠤᠭ᠎ᠠ ᠨᠢ 59633 ᠡᠷᠥᠬᠡ ᠪᠠᠶᠢᠵᠤ᠂ ᠬᠥᠮᠥᠨ ᠠᠮᠠ ᠶᠢᠨ ᠲᠤᠭ᠎ᠠ ᠨᠢ 17.92 ᠲᠦᠮᠠᠨ ᠭᠦᠮᠤᠨ ᠪᠠᠶᠢᠨ᠎ᠠ᠃ ᠯᠢᠨ ᠾᠧ ᠲᠣᠭᠤᠷᠢᠭ ᠨᠢ ᠮᠣᠩᠭᠤᠯ᠂ ᠬᠢᠲᠠᠳ᠂ ᠬᠤᠲᠤᠩ ᠵᠡᠷᠭᠡ 14 ᠦᠨᠳᠥᠰᠥᠲᠡᠨ ᠪᠠᠷ ᠪᠥᠷᠢᠯᠳᠥᠵᠤ᠂ ᠴᠥᠬᠡᠨ ᠲᠣᠭᠠᠲᠤ ᠦᠨᠳᠥᠰᠥᠲᠡᠨ ᠤ ᠬᠥᠮᠥᠨ ᠠᠮᠠ ᠨᠢ 2.74 ᠲᠦᠮᠠᠨ ᠭᠦᠮᠤᠨ ᠪᠠᠶᠢᠵᠤ᠂ ᠪᠥᠬᠦ ᠲᠣᠭᠤᠷᠢᠭ ᠤᠨ ᠶᠡᠷᠥᠩᠬᠡᠢ ᠬᠥᠮᠥᠨ ᠠᠮᠠ ᠶᠢᠨ 4.98 % ᠶᠢ ᠡᠵᠡᠯᠡᠵᠤ ᠪᠣᠢ᠃ 2016 ᠣᠨ ᠳᠤ ᠭᠠᠵᠠᠷ ᠣᠷᠤᠨ ᠤ ᠤᠶᠢᠯᠡᠳᠪᠥᠷᠢᠯᠡᠯ ᠤᠨ ᠶᠡᠷᠥᠩᠬᠡᠢ ᠦᠷᠲᠡᠭ ᠨᠢ 310 ᠳ᠋ᠥᠩᠰᠢᠭᠤᠷ ᠲᠥᠭᠦᠷᠢᠭ ᠲᠤ ᠭᠦᠷᠵᠤ᠂ ᠠᠳᠠᠯᠢ ᠬᠤᠭᠤᠴᠠᠭᠠᠨ ᠤ ᠠᠴᠠ 8% ᠪᠠᠷ ᠨᠡᠮᠡᠭᠳᠡᠵᠡᠢ᠃ ᠳᠤᠭᠲᠠᠮᠠᠯ ᠬᠥᠷᠥᠩᠭᠡ ᠶᠢᠨ ᠪᠡᠯᠡ ᠣᠷᠤᠭᠤᠯᠥᠯᠲᠠ 176 ᠳ᠋ᠥᠩᠰᠢᠭᠤᠷ ᠲᠥᠭᠦᠷᠢᠭ ᠢ ᠪᠡᠶᠡᠯᠡᠭᠦᠯᠵᠤ᠂ ᠠᠳᠠᠯᠢ ᠬᠤᠭᠤᠴᠠᠭᠠᠨ ᠤ ᠠᠴᠠ 11% ᠪᠠᠷ ᠨᠡᠮᠡᠭᠲᠡᠵᠡᠢ᠃ ᠨᠡᠶᠢᠬᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠭ᠍ᠰᠠᠨ ᠶᠡᠷᠥᠩᠬᠡᠢ ᠲᠤᠭ᠎ᠠ ᠨᠢ 122 ᠳ᠋ᠥᠩᠰᠢᠭᠤᠷ ᠲᠥᠭᠦᠷᠢᠭ ᠲᠤ ᠬᠥᠷᠴᠣ᠂ ᠠᠳᠠᠯᠢ ᠬᠤᠭᠤᠴᠠᠭᠠᠨ ᠤ  ᠠᠴᠠ 11% ᠪᠠᠷ ᠨᠡᠮᠡᠭᠲᠡᠵᠡᠢ᠂ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠤᠯᠭ᠎ᠠ 22.26 ᠳ᠋ᠥᠩᠰᠢᠭᠤᠷ ᠲᠥᠭᠦᠷᠢᠭ ᠢ ᠪᠡᠶᠡᠯᠡᠭᠦᠯᠵᠤ᠂ ᠠᠳᠠᠯᠢ ᠬᠤᠭᠤᠴᠠᠭᠠᠨ ᠤ ᠠᠴᠠ 8.5 % ᠪᠠᠷ ᠨᠡᠮᠡᠭᠲᠡᠵᠡᠢ᠂ ᠬᠤᠲᠠ ᠬᠥᠳᠡᠭᠡᠨ ᠤ ᠰᠠᠭᠤᠭᠠᠯᠢ ᠠᠷᠠᠳ ᠤᠨ ᠬᠥᠮᠥᠨ ᠪᠥᠷᠢ ᠶᠢᠨ ᠡᠵᠡᠮᠳᠡᠵᠤ ᠪᠣᠯᠬᠤ ᠣᠷᠤᠯᠭ᠎ᠠ ᠨᠢ ᠲᠤᠰ ᠪᠦᠷᠢ 27190 ᠲᠥᠭᠦᠷᠢᠭ ᠪᠣᠯᠥᠨ 15741 ᠲᠥᠭᠦᠷᠢᠭ ᠲᠤ ᠬᠥᠷᠴᠣ᠂ ᠠᠳᠠᠯᠢ ᠬᠤᠭᠤᠴᠠᠭᠠᠨ ᠤ ᠠᠴᠠ 9% ᠪᠠ 10% ᠪᠠᠷ ᠨᠡᠮᠡᠭᠲᠡᠵᠡᠢ᠂ ᠳᠤᠭᠲᠠᠮᠠᠯ ᠬᠥᠷᠥᠩᠭᠡ ᠶᠢᠨ ᠪᠡᠯᠡ ᠣᠷᠤᠭᠤᠯᠥᠯᠲᠠ ᠪᠣᠯᠥᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠳᠣᠯᠤᠭᠠᠨ ᠬᠤᠰᠢᠭᠤ ᠰᠢᠶᠠᠨ ᠲᠣᠭᠤᠷᠢᠭ ᠤᠨ ᠲᠤᠲᠤᠷ᠎ᠠ ᠨᠢᠭᠡᠳᠤᠭᠡᠷ ᠪᠠᠶᠢᠷᠢ ᠶᠢ ᠡᠵᠡᠯᠡᠵᠤ᠂ ᠪᠣᠰᠤᠳ ᠳᠥᠷᠪᠡᠨ ᠵᠦᠢᠯ ᠨᠢ ᠬᠤᠶᠠᠳᠤᠭᠠᠷ ᠲᠤ ᠣᠷᠤᠭᠰᠠᠨ ᠪᠠᠶᠢᠨ᠎ᠠ᠃       ᠯᠢᠨ ᠾᠧ ᠲᠣᠭᠤᠷᠢᠭ ᠤᠨ ᠵᠢᠯ ᠪᠦᠷᠢ ᠶᠢᠨ ᠴᠠᠭ ᠠᠭᠤᠷ ᠤᠨ ᠳᠤᠯᠠᠭᠠᠨ ᠤ ᠬᠡᠮᠵᠢᠶ᠎ᠡ ᠨᠢ ᠲᠤᠮᠲᠠᠴᠢ ᠪᠠᠷ 6.8 ᠭᠷᠠᠳᠦ᠋ᠰ ᠪᠠᠶᠢᠵᠤ᠂ ᠪᠤᠷᠤᠭᠠᠨ ᠤ ᠬᠡᠮᠵᠢᠶ᠎ᠡ ᠨᠢ 141.2 ᠮᠢᠯᠢᠮᠧᠳ᠋ᠷ ᠪᠠᠶᠢᠵᠤ᠂ ᠬᠢᠷᠠᠭᠤ ᠦᠭᠡᠢ ᠬᠤᠭᠤᠴᠠᠭ᠎ᠠ ᠨᠢ 140 ᠡᠳᠥᠷ ᠣᠷᠴᠢᠮ ᠪᠠᠶᠢᠵᠤ᠂ ᠵᠢᠯ ᠪᠦᠷᠢ ᠶᠢᠨ ᠨᠠᠷᠠᠨ ᠤ ᠳᠤᠰᠤᠯᠲᠠ ᠶᠢᠨ ᠬᠤᠭᠤᠴᠠᠭ᠎ᠠ ᠨᠢ 3254 ᠴᠠᠭ ᠪᠠᠶᠢᠳᠠᠭ᠃ ᠲᠣᠭᠤᠷᠢᠭ ᠤᠨ ᠬᠡᠪᠴᠢᠶᠠᠨ ᠳᠤ ᠠᠽᠢᠶ᠎ᠠ ᠲᠢᠪ ᠬᠠᠮᠤᠭ ᠤᠨ ᠶᠡᠭᠡ ᠦᠪᠡᠷ ᠵᠶᠠᠨ ᠤᠶᠢᠯᠠᠲᠤᠭ᠍ᠰᠡᠨ ᠤᠷᠤᠰᠬᠠᠯ ᠤᠨ ᠤᠰᠤᠯᠠᠯᠲᠠ ᠶᠢᠨ ᠣᠷᠤᠨ — ᠪᠣᠷᠤᠲᠤᠬᠤᠢ ᠶᠢᠨ ᠤᠰᠤᠯᠠᠯᠲᠠ ᠶᠢᠨ ᠣᠷᠤᠨ ᠪᠠᠶᠢᠵᠤ᠂ ᠬᠠᠲᠤᠨ ᠭᠤᠣᠯ ᠤᠨ ᠵᠢᠯ ᠪᠦᠷᠢ ᠶᠢᠨ ᠲᠤᠰ ᠲᠤᠭᠤᠷᠢᠭ ᠢᠶᠠᠨ ᠦᠡᠭᠭᠡᠷᠠᠭᠦ ᠤᠷᠤᠰᠬᠠᠯ ᠤᠨ ᠬᠡᠮᠵᠢᠶ᠎ᠡ ᠨᠢ 367.2 ᠳ᠋ᠥᠩᠰᠢᠭᠤᠷ ᠺᠥᠪ ᠮᠧᠳ᠋ᠷ ᠪᠠᠶᠢᠵᠤ᠂ ᠵᠢᠯ ᠪᠦᠷᠢ ᠶᠢᠨ ᠤᠰᠤ ᠤᠷᠤᠭᠤᠯᠬᠤ ᠬᠡᠮᠵᠢᠶ᠎ᠡ ᠨᠢ 11.02 ᠳ᠋ᠥᠩᠰᠢᠭᠤᠷ ᠺᠥᠪ ᠮᠧᠳ᠋ᠷ ᠪᠠᠶᠢᠵᠤ᠂ ᠶᠡᠷᠥᠩᠬᠡᠢ ᠤᠰᠤᠯᠠᠯᠲᠠ ᠶᠢᠨ ᠲᠠᠯᠠᠪᠠᠢ  ᠨᠢ 217 ᠲᠥᠮᠡᠨ ᠮᠤ᠋ ᠪᠠᠶᠢᠨ᠎ᠠ᠃ ᠯᠢᠨ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠨᠢ ᠦᠨᠢ ᠤᠳᠠᠭᠠᠨ ᠲᠡᠥᠬᠡ ᠲᠠᠢ ᠪᠦᠭᠡᠤᠨ ᠮᠠᠨ ᠤ ᠤᠯᠥᠰ ᠤᠨ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠭᠦᠨ ᠤ ᠤᠶᠢᠯᠡᠳᠪᠥᠷᠢᠯᠡᠯ ᠤᠨ ᠴᠢᠬᠤᠯᠨ ᠰᠠᠭᠤᠷᠢᠨ ᠭᠠᠵᠠᠷ ᠪᠤᠯᠵᠤ ᠪᠠᠶᠢᠨ᠎ᠠ᠃ ᠲᠠᠷᠢᠮᠠᠯ ᠤᠨ ᠵᠦᠢᠯ ᠳᠤ ᠭᠤᠣᠯᠳᠠᠭᠤ ᠪᠤᠭᠤᠳᠠᠢ᠂ ᠡᠷᠳᠡᠨᠢ ᠰᠢᠰᠢ᠂ ᠨᠠᠷᠠᠨ ᠭᠤᠸᠠᠷ ᠵᠠᠷᠭᠡ ᠪᠤᠢ᠃ ᠠᠵᠤ ᠠᠬᠤᠢ ᠶᠢᠨ ᠤᠢ ᠵᠢᠮᠢᠰ ᠪᠠ ᠨᠤᠲᠤᠭ ᠤᠨ ᠭᠠᠷᠤᠯᠲᠠ ᠶᠢᠨ ᠲᠤᠲᠤᠷ᠎ᠠ ᠭᠤᠣᠯᠳᠠᠭᠤ ᠪᠠᠯᠲᠤ ᠬᠡᠮᠬᠡ᠂ ᠲᠠᠷᠪᠤᠰ᠂ ᠠᠯᠮᠤᠷᠠᠳ᠂ ᠠᠯᠢᠮ᠎ᠠ᠂ ᠬᠡᠷᠢᠶᠠᠨᠴᠢ᠂ ᠲᠥᠮᠥᠰᠥ᠂ ᠭᠤᠭᠤᠳ᠂ ᠱᠣᠰᠢ᠂ ᠴᠢᠨᠵᠣᠥ᠂ ᠲᠥᠪᠡᠳ ᠬᠠᠰᠢ ᠵᠡᠷᠭᠡ ᠪᠠᠶᠢᠳᠠᠭ᠃ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠤᠶᠢᠯᠡᠰ ᠨᠢ ᠨᠡᠯᠢᠶᠡᠳ ᠬᠦᠭᠵᠢᠩᠭᠦᠢ ᠪᠠᠶᠢᠵᠤ᠂ ︿︿ᠳᠤᠮᠳᠠᠳᠤ ᠤᠯᠥᠰ  ᠤᠨ ︵ᠪᠠᠶᠠᠨᠨᠠᠭᠤᠷ ᠤᠨ ᠠᠮᠧᠷᠢᠺᠡ ᠬᠤᠨᠢ︶ ᠤᠨ ᠬᠤᠨᠢᠨ ᠤ ᠮᠢᠬᠠᠨ ᠤ ᠨᠤᠲᠤᠭ﹀﹀ ᠭᠡᠮᠠᠨ ᠨᠠᠷᠠᠶᠢᠤᠡᠲᠤᠵᠤ᠂ ᠤᠯᠥᠰ ᠤᠨ ᠲᠠᠷᠢᠶᠠᠯᠠᠩ ᠤᠨ ᠬᠡᠯᠲᠠᠰ ᠠᠴᠠ ᠲᠠᠷᠢᠶᠠᠯᠠᠩ ᠤᠨ ᠪᠠᠷᠢᠮᠵᠢᠶᠠᠲᠤ ᠵᠢᠱᠢᠶ᠎ᠡ ᠦᠵᠡᠭᠦᠯᠬᠦ ᠰᠢᠶᠠᠨ᠂ ︿︿ ᠳᠤᠮᠳᠠᠳᠤ ᠤᠯᠥᠰ ᠤᠨ ᠵᠢᠮᠢᠰ ᠨᠤᠭᠤᠭᠠᠨ ᠤ ᠠᠷᠪᠠᠨ ᠬᠥᠴᠥᠷᠭᠡᠭ ᠰᠢᠶᠠᠨ﹀﹀᠂ ︿︿ᠪᠥᠬᠦ ᠤᠯᠥᠰ ᠤᠨ ᠠᠮᠤ ᠪᠤᠳᠠᠭᠠᠨ ᠤ ᠤᠶᠢᠯᠡᠳᠪᠥᠷᠢᠯᠠᠯ ᠤᠨ ᠲᠡᠷᠢᠭᠦᠨ ᠤ ᠰᠢᠶᠠᠨ﹀﹀ ᠢᠶᠠᠷ ᠨᠠᠷᠡᠶᠢᠳᠦᠭᠰᠡᠨ ᠪᠠᠶᠢᠨ᠎ᠠ᠃ 2015 ᠣᠨ ᠳᠤ ᠤᠯᠥᠰ ᠤᠨ ᠳᠡᠰ ᠤᠨ ᠣᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠤᠷᠢᠭ ᠢ ᠠᠮᠵᠢᠯᠳᠠ ᠲᠠᠢ ᠪᠠᠷ ᠡᠭᠦᠳᠥᠨ ᠪᠠᠶᠢᠭᠤᠯᠵᠠᠢ᠃ ᠡᠯ᠎ᠡ ᠵᠦᠢᠯ ᠤᠨ ᠲᠠᠷᠢᠮᠠᠯ ᠤᠨ ᠶᠡᠷᠥᠩᠬᠡᠢ ᠲᠠᠯᠠᠪᠠᠢ ᠨᠢ 203.4 ᠲᠥᠮᠡᠨ ᠮᠤ᠋ ᠳᠤ ᠭᠦᠷᠵᠤ᠂ ᠳᠥᠬᠦᠭᠡᠷᠥᠮᠵᠢᠲᠤ ᠲᠠᠷᠢᠶᠠᠯᠠᠩ ᠨᠢ 4 ᠲᠥᠮᠡᠨ ᠮᠤ᠋ ᠳᠤ ᠬᠥᠷᠥᠭᠰᠡᠨ ᠪᠠᠶᠢᠨ᠎ᠠ᠃ ᠵᠠᠬᠢᠶᠠᠯᠠᠭ᠎ᠠ ᠶᠢᠨ ᠲᠠᠷᠢᠶᠠᠯᠠᠩ ᠤᠨ ᠲᠠᠯᠠᠪᠠᠢ ᠨᠢ 116 ᠲᠥᠮᠡᠨ ᠮᠤ᠋ ᠳᠤ ᠬᠥᠷᠴᠤ᠂ 5.1 ᠲᠥᠮᠡᠨ ᠲᠠᠷᠢᠶᠠᠴᠢᠨ ᠡᠷᠥᠬᠡ ᠨᠢ ᠠᠵᠤ ᠤᠶᠢᠯᠡᠰᠵᠢᠭᠦᠯᠥᠭᠰᠡᠨ ᠡᠵᠡᠩᠨᠡᠯᠲᠡ ᠳᠤ ᠣᠷᠤᠯᠴᠠᠵᠤ᠂ ᠲᠠᠷᠢᠶᠠᠴᠢᠨ ᠡᠷᠥᠬᠡ ᠶᠢᠨ ᠶᠡᠷᠥᠩᠬᠡᠢ ᠲᠣᠭᠠᠨ ᠤ 85% ᠳᠤ ᠬᠥᠷᠥᠭᠰᠡᠨ ᠪᠠᠶᠢᠨ᠎ᠠ᠃ ᠪᠥᠬᠦ ᠲᠣᠭᠤᠷᠢᠭ ᠤᠨ ᠮᠠᠯ ᠲᠡᠵᠢᠭᠡᠪᠥᠷᠢ ᠶᠢᠨ ᠠᠷᠢᠴᠢᠯᠠᠯᠲᠠ ᠶᠢᠨ ᠲᠤᠭ᠎ᠠ ᠨᠢ 576 ᠲᠥᠮᠡᠨ ᠲᠣᠯᠣᠭᠠᠢ ᠳᠤ ᠬᠥᠷᠴᠣ ᠢᠲᠠᠰᠢᠨ ᠤ ᠮᠠᠯ ᠤᠨ ᠵᠢᠯ ᠪᠦᠷᠢ ᠶᠢᠨ ᠪᠤᠷᠤᠯᠠᠭᠤᠯᠤᠯᠲᠠ ᠶᠢᠨ ᠲᠤᠭ᠎ᠠ ᠨᠢ 350 ᠲᠥᠮᠡᠨ ᠲᠣᠯᠤᠭᠠᠢ ᠳᠤ ᠭᠦᠷᠵᠢ᠃ ᠢᠲᠠᠰᠢᠨ ᠤ ᠮᠠᠯ ᠤᠨ ᠮᠢᠬᠠᠨ ᠤ ᠬᠡᠪᠴᠢᠶᠠᠵᠢᠭᠦᠯᠤᠨ ᠲᠡᠵᠢᠭᠡᠨ ᠦᠷᠠᠵᠢᠭᠦᠯᠭᠦ ᠲᠠᠯᠠᠪᠠᠢ ︵ᠡᠷᠥᠬᠡ︶ ᠨᠢ 4429 ᠪᠠᠶᠢᠵᠤ᠂ ᠵᠢᠯ ᠪᠦᠷᠢ ᠳᠤ 5 ᠲᠥᠮᠡᠨ ᠲᠣᠯᠤᠭᠠᠢ ᠠᠴᠠ ᠳᠡᠭᠡᠭᠰᠢ ᠬᠡᠪᠴᠢᠶᠠᠵᠢᠭᠦᠯᠤᠨ ᠲᠡᠵᠢᠭᠡᠨ ᠦᠷᠡᠵᠢᠭᠦᠯᠬᠦ ᠲᠠᠯᠠᠪᠠᠢ 15 ᠪᠠᠶᠢᠨ᠎ᠠ ᠃ ᠪᠥᠬᠦ ᠲᠣᠭᠤᠷᠢᠭ ᠤᠨ ᠪᠣᠬᠢᠷᠳᠤᠯ ᠦᠭᠡᠢ ᠲᠠᠷᠢᠶᠠᠯᠠᠩ ᠤᠨ ᠪᠥᠲᠥᠭᠡᠭᠳᠡᠭᠦᠨ ᠢ ᠤᠶᠢᠯᠠᠤᠠᠪᠤᠷᠢᠯᠠᠬᠦ ᠲᠠᠯᠠᠪᠠᠢ ᠨᠢ 150 ᠲᠥᠮᠡᠨ ᠮᠦ ᠳᠤ ᠬᠥᠷᠴᠣ᠂ 14 ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠭᠦᠨ ᠨᠢ ᠪᠣᠬᠢᠷᠳᠤᠯ ᠦᠭᠡᠢ ᠪᠥᠲᠥᠭᠡᠭᠳᠡᠭᠦᠨ ᠢᠶᠠᠷ ᠦᠨᠡᠯᠡᠭᠳᠡᠵᠦ᠂ 16 ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠭᠦᠨ ᠨᠢ ᠤᠯᠥᠰ ᠤᠨ A ᠳᠡᠰ ᠤᠨ ᠪᠣᠬᠢᠷᠳᠤᠯ ᠦᠭᠡᠢ ᠢᠳᠡᠭᠡᠨ ᠤ ᠬᠡᠷᠠᠴᠢ ᠲᠡᠮᠳᠡᠭ ᠢ ᠬᠥᠷᠲᠡᠵᠤ᠂ 2 ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠭᠦᠨ ᠨᠢ ᠤᠷᠭᠠᠨᠢᠭ ᠢᠳᠡᠭᠡᠨ ᠢᠶᠠᠷ ᠦᠨᠡᠯᠡᠭᠲᠡᠵᠢ᠃ ᠭᠠᠶᠢᠯᠢ ᠪᠠᠲᠤᠯᠠᠬᠤ ᠡᠳ᠋ ᠪᠠᠷᠠᠭᠠᠨ ᠤ ᠭᠥᠢᠯᠭᠡᠭᠡᠨ ᠤ ᠬᠥᠷᠢᠶᠡᠯᠡᠩ ᠤᠨ ᠵᠠᠰᠠᠮᠠᠯ ᠵᠠᠮ ᠤᠨ ᠭᠠᠷᠠᠮ ᠨᠢ ᠵᠢᠩᠬᠢᠨᠢ ᠪᠠᠷ ᠡᠵᠡᠩᠨᠡᠯᠲᠡ ᠳᠤ ᠣᠷᠤᠵᠤ᠂ ᠲᠢᠶᠠᠨᠵᠢᠨ ᠭᠠᠷᠠᠮ ᠲᠠᠢ ᠬᠤᠯᠪᠤᠭᠠᠯᠠᠡᠭ᠌ᠰᠠᠨ ᠪᠠᠶᠢᠨ᠎ᠠ᠃ ᠬᠤᠨᠢ ᠢᠮᠠᠭᠠᠨ ᠤ ᠪᠥᠲᠥᠭᠡᠭᠳᠡᠭᠦᠨ ᠤ ᠡᠯᠧᠺᠳ᠋ᠷᠣᠨ ᠠᠷᠠᠯᠵᠢᠶᠠᠨ ᠤ ᠲᠥᠪ ᠤᠨ ᠠᠷᠠᠯᠵᠢᠶᠠᠨ ᠤ ᠨᠤᠷᠮ᠎ᠠ ᠨᠢ 2 ᠳ᠋ᠥᠩᠰᠢᠭᠤᠷ ᠲᠥᠭᠦᠷᠢᠭ ᠲᠤ ᠬᠥᠷᠥᠭᠰᠡᠨ ᠪᠠᠶᠢᠨ᠎ᠠ᠃       ᠯᠢᠨ ᠾᠧ ᠲᠣᠭᠤᠷᠢᠭ ᠤᠨ ᠵᠢᠭᠤᠯᠴᠢᠯᠠᠯ ᠤᠨ ᠡᠬᠢ ᠰᠤᠷᠪᠤᠯᠵᠢ ᠪᠠᠶᠠᠯᠢᠭ᠂ ᠰᠤᠶᠥᠯ ᠤᠨ ᠲᠣᠨᠤᠳᠠᠰᠣ ᠵᠣᠵᠠᠭᠠᠨ᠂ ᠡᠬᠢ ᠰᠤᠷᠪᠤᠯᠵᠢ ᠨᠢ ᠦᠪᠡᠷᠮᠢᠴᠢᠨ ᠣᠨᠴᠠᠯᠢᠭ ᠲᠠᠢ᠃ ᠵᠢᠭᠤᠯᠴᠢᠯᠠᠯ ᠤᠨ ᠡᠬᠢ ᠰᠤᠷᠪᠤᠯᠵᠢ ᠨᠢ ᠶᠡᠭᠡ ᠲᠥᠯᠥᠪ ᠳᠡᠭᠡᠨ ᠨᠤᠭᠤᠭᠠᠨ ︵ᠲᠠᠷᠢᠶᠠᠨ ᠭᠠᠵᠠᠷ ᠪᠠ ᠡᠭᠦᠰᠥᠮᠡᠯ ᠣᠢ︶᠂ ᠬᠥᠬᠡ ︵ᠨᠠᠭᠤᠷ ᠴᠥᠬᠦᠷᠥᠮ ᠭᠤᠣᠯ ᠮᠦᠷᠠᠨ︶᠂ ᠰᠠᠤᠡᠬᠢᠯᠡᠭᠡ ︵ᠴᠥᠬᠡᠨ ᠲᠣᠭᠠᠲᠤ ᠦᠨᠳᠥᠰᠥᠲᠡᠨ ᠤ ᠵᠠᠩ ᠤᠶᠢᠯᠠ ᠪᠠ ᠬᠢᠯᠢ ᠬᠢᠵᠠᠭᠠᠷ ᠤᠨ ᠰᠣᠨᠢᠷᠬᠠᠯ︶᠂ ᠲᠡᠥᠬᠡ ︵ᠲᠡᠥᠬᠡᠨ ᠦᠯᠡᠳᠡᠭᠳᠡᠯ︶ ᠵᠡᠷᠭᠡ ᠶᠢ ᠪᠠᠭᠲᠠᠭᠠᠵᠤ᠂ ᠵᠢᠭᠤᠯᠴᠢᠯᠠᠯ ᠤᠨ ᠨᠡᠭᠡᠭᠡᠯᠲᠡ ᠶᠢᠨ ᠥᠨ᠎ᠡ ᠦᠷᠲᠡᠭ ᠢᠶᠠᠷ ᠦᠨᠳᠥᠷ ᠪᠠᠶᠢᠳᠠᠭ᠃ ᠣᠶᠢᠷ᠎ᠠ ᠶᠢᠨ ᠵᠢᠯ ᠠᠴᠠ ᠨᠠᠰᠢ᠂ ᠵᠢᠭᠤᠯᠴᠢᠯᠠᠯ ᠤᠨ ᠰᠠᠭᠤᠷᠢ ᠲᠥᠬᠦᠭᠡᠷᠥᠮᠵᠢ ᠶᠢᠨ ᠪᠥᠲᠥᠭᠡᠨ ᠪᠠᠶᠢᠭᠤᠯᠥᠯᠲᠠ ᠶᠢ ᠲᠠᠰᠤᠷᠠᠯᠲᠠ ᠦᠭᠡᠢ ᠨᠡᠮᠡᠭᠳᠡᠭᠦᠯᠵᠥ᠂ ᠪᠤᠷᠬᠠᠨ ᠱᠠᠰᠢᠨ ᠤ ᠰᠥᠮ᠎ᠡ ᠬᠡᠶᠢᠳ᠂ ᠲᠠᠷᠢᠶᠠᠯᠠᠩ ᠤᠨ ᠦᠵᠡᠮᠵᠢ ᠂ ᠨᠠᠭᠤᠷ ᠴᠥᠬᠦᠷᠥᠮ ᠭᠤᠣᠯ ᠮᠦᠷᠠᠨ᠂ ᠬᠠᠲᠤᠨ ᠭᠤᠣᠯ ᠲᠠᠭᠤ ᠵᠠᠮ ᠱᠤᠭᠤᠮ ᠤᠨ ᠦᠵᠡᠮᠵᠢ ᠶᠢᠨ ᠣᠷᠤᠨ ᠢ ᠠᠩᠬ᠎ᠠ ᠠᠯᠬᠤᠮ ᠪᠠᠶᠢᠭᠤᠯᠵᠤ᠂ ᠦᠪᠥᠷ ᠮᠣᠩᠭᠤᠯ ᠤᠨ ᠪᠠᠷᠠᠭᠤᠨ ᠣᠷᠤᠨ ᠳᠠᠬᠢ ᠵᠢᠭᠤᠯᠴᠢᠯᠠᠯ ᠤᠨ ᠤᠷᠤᠨ ᠲᠣᠭᠤᠷᠢᠭ ᠪᠣᠯᠥᠭ᠌ᠰᠠᠨ ᠪᠠᠶᠢᠨ᠎ᠠ᠃ ᠪᠥᠬᠦ ᠲᠣᠭᠤᠷᠢᠭ ᠲᠤ ᠵᠢᠭᠤᠯᠴᠢᠯᠠᠯ ᠤᠨ ᠨᠠᠶᠢᠭᠡᠮᠯᠢᠭ 25 ᠪᠠᠶᠢᠵᠤ᠂ ᠤᠲᠤᠨ ᠳᠡᠰ ᠤᠨ ᠪᠠᠭᠤᠳᠠᠯ 7 ᠪᠠᠶᠢᠵᠤ᠂ ᠤᠯᠥᠰ ᠤᠨ AAAA ᠳᠡᠰ ᠤᠨ ᠦᠵᠡᠮᠵᠢ ᠶᠢᠨ ᠣᠷᠤᠨ 1 ᠪᠠᠶᠢᠵᠤ᠂ ᠤᠯᠥᠰ ᠤᠨ AAA ᠳᠡᠰ ᠤᠨ ᠦᠵᠡᠮᠵᠢ ᠶᠢᠨ ᠤᠷᠤᠨ 2 ᠪᠠᠶᠢᠵᠤ᠂ ᠤᠯᠥᠰ ᠤᠨ AA ᠳᠡᠰ ᠤᠨ ᠦᠵᠡᠮᠵᠢ ᠶᠢᠨ ᠣᠷᠤᠨ 7 ᠪᠠᠶᠢᠨ᠎ᠠ᠃᠂ ᠦᠪᠡᠷᠲᠡᠭᠡᠨ ᠵᠠᠰᠠᠬᠤ ᠣᠷᠤᠨ ᠤ ᠰᠡᠯᠡᠭᠦᠴᠡᠯ ᠵᠤᠭᠠᠴᠠᠯ ᠤᠨ ᠲᠠᠷᠢᠶᠠᠯᠠᠩ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ ᠴᠡᠭ 1 ᠪᠠᠶᠢᠵᠤ᠂ ᠳᠠᠪᠤᠨ ᠣᠳᠤᠨ ᠳᠡᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠵᠣᠴᠢᠯᠠᠬᠤ ᠡᠷᠥᠬᠡ 2 ᠪᠠᠶᠢᠵᠤ᠂ ᠵᠢᠭᠤᠯᠴᠢᠯᠠᠯ ᠤᠨ ᠪᠥᠲᠥᠭᠡᠭᠳᠡᠭᠦᠨ ᠢ ᠪᠣᠷᠤᠯᠠᠭᠤᠯᠬᠤ ᠲᠤᠭᠲᠠᠠᠮᠠᠯ ᠠᠵᠤ ᠠᠬᠤᠶᠢᠯᠠᠯ 3 ᠪᠠᠶᠢᠨ᠎ᠠ᠃ ᠵᠢᠯ ᠪᠦᠷᠢ ᠶᠢᠨ ᠵᠢᠭᠤᠯᠴᠢᠯᠠᠯ  ᠢᠶᠠᠷ ᠬᠥᠯᠢᠶᠡᠨ ᠠᠪᠵᠤ ᠵᠤᠴᠢᠯᠬᠠᠰᠠᠨ ᠬᠥᠮᠥᠨ ᠤ ᠲᠤᠭ᠎ᠠ ᠨᠢ 121 ᠲᠥᠮᠡᠨ ᠬᠥᠮᠥᠨ ︵ᠤᠳᠠᠭ᠎ᠠ︶ ᠳᠤ ᠬᠥᠷᠴᠥ᠂ ᠵᠢᠭᠤᠯᠴᠢᠯᠠᠯ ᠤᠨ ᠣᠷᠤᠯᠭ᠎ᠠ ᠨᠢ 9.8 ᠳ᠋ᠥᠩᠰᠢᠭᠤᠷ ᠲᠥᠭᠦᠷᠢᠭ ᠲᠤ ᠭᠦᠷᠵᠤ᠂ ᠬᠦᠯᠢᠶᠠᠠ ᠠᠪᠵᠤ ᠵᠤᠴᠢᠯᠬᠠᠰᠠᠨ ᠬᠥᠮᠥᠨ ᠤ ᠲᠤᠭ᠎ᠠ ᠨᠢ 45% ᠪᠠᠷ ᠨᠡᠮᠡᠭᠳᠡᠵᠦ᠂ ᠣᠷᠤᠯᠭ᠎ᠠ ᠨᠢ 58% ᠪᠠᠷ ᠨᠡᠮᠡᠭᠳᠡᠭᠰᠡᠨ ᠪᠠᠶᠢᠨ᠎ᠠ᠃ ᠬᠠᠲᠤᠨ ᠭᠤᠣᠯ ᠤᠨ ᠪᠣᠷᠤᠲᠤᠬᠤᠢ ᠶᠢᠨ ᠰᠤᠶᠤᠯ ᠤᠨ ᠵᠭᠤᠯᠴᠢᠯᠠᠯ ᠤᠨ ᠣᠷᠤᠨ ᠨᠢ ᠪᠥᠬᠦ ᠤᠯᠥᠰ ᠤᠨ ᠤᠷᠢᠤᠡᠴᠢᠯᠠᠨ ᠰᠤᠩᠭᠤᠬᠤ ᠵᠢᠭᠤᠯᠴᠢᠯᠠᠯ ᠤᠨ ᠲᠥᠷᠥᠯ ᠵᠦᠢᠯ ᠤᠨ ᠨᠡᠷᠡᠰ ᠲᠤ ᠰᠤᠩᠭᠤᠭᠳᠠᠵᠤ᠂ ᠯᠠᠩᠱᠠᠨ ᠪᠠᠯᠭᠠᠰᠤᠨ ᠤ ᠹᠥ᠋ ᠴᠢᠶᠠᠩ ᠲᠣᠰᠬᠤᠨ ᠨᠢ ︿︿ᠪᠥᠬᠦ ᠤᠯᠥᠰ ᠤᠨ ᠬᠠᠮᠤᠭ ᠤᠨ ᠭᠤᠶᠣ ᠠᠷᠪᠠᠨ ᠶᠡᠭᠡ ᠬᠥᠳᠡᠭᠡ ᠲᠤᠰᠬᠤᠨ﹀﹀ ᠢᠶᠠᠷ ᠨᠠᠷᠠᠶᠢᠲᠤᠩᠰᠠᠨ ᠪᠠᠶᠢᠨ᠎ᠠ᠃ ᠪᠥᠬᠦ ᠤᠯᠥᠰ ᠤᠨ ᠬᠠᠲᠤᠨ ᠭᠤᠣᠯ ᠤᠨ ᠵᠠᠰᠠᠮᠠᠯ ᠵᠠᠮ ᠤᠨ ᠳᠤᠭᠤᠢ ᠲᠡᠷᠭᠡᠨ ᠤ ᠤᠷᠤᠯᠳᠤᠭᠠᠨ᠂ ᠪᠥᠬᠦ ᠤᠯᠥᠰ ᠤᠨ ᠯᠣᠣᠲᠤ ᠣᠩᠭᠤᠴᠠᠨ ᠤ ᠤᠷᠤᠯᠳᠤᠭᠠᠨ᠂ ᠲᠣᠯᠢ ᠨᠠᠭᠤᠷ ᠢ ᠲᠤᠭᠤᠷᠢᠬᠤ ᠳᠤᠭᠤᠢ ᠲᠡᠷᠭᠡᠨ ᠤ ᠤᠷᠤᠯᠳᠤᠭᠠᠨ ᠵᠡᠷᠭᠡ ᠨᠡᠷᠡᠲᠤ ᠤᠷᠤᠯᠳᠤᠭᠠᠨ ᠢ ᠠᠮᠵᠢᠯᠲᠠ ᠲᠠᠢ ᠪᠠᠷ ᠳᠠᠭᠠᠭᠠᠴᠢᠯᠠᠨ ᠡᠷᠬᠢᠯᠡᠵᠠᠢ᠃       ᠯᠢᠨ ᠾᠧ ᠲᠣᠭᠤᠷᠢᠭ ᠲᠤ ᠣᠳᠤ ᠬᠡᠪᠴᠢᠶᠠᠵᠢᠭᠦᠯᠤᠭ᠍ᠰᠡᠨ ᠠᠵᠤ ᠤᠶᠢᠯᠡᠳᠪᠥᠷᠢ ᠶᠢᠨ ᠠᠵᠤ ᠠᠬᠤᠶᠢᠯᠠᠯ 76 ᠡᠷᠥᠬᠡ ᠪᠠᠶᠢᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠭᠦᠨ ᠢ ᠪᠣᠯᠪᠠᠰᠤᠷᠠᠭᠤᠯᠬᠤ᠂ ᠠᠮᠢᠳᠣ ᠪᠣᠳᠠᠰ ᠤᠨ ᠡᠮ ᠤᠶᠢᠯᠡᠳᠬᠦ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠤᠶᠢᠯᠡᠳᠪᠥᠷᠢ᠂ ᠲᠡᠮᠦᠷᠯᠢᠭ ᠬᠠᠶᠢᠯᠤᠭᠤᠯᠬᠤ ᠪᠠ ᠲᠤᠨᠤᠭ ᠲᠥᠬᠦᠭᠡᠷᠥᠮᠵᠢ ᠤᠶᠢᠯᠡᠳᠬᠦ᠂ ᠡᠨᠧᠷᠬᠢ ᠶᠢᠨ ᠴᠠᠬᠢᠯᠭᠠᠨ ᠬᠥᠴᠥᠨ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠪᠠᠷ ᠭᠤᠣᠯ ᠪᠣᠯᠭᠠᠭᠰᠠᠨ ᠵᠢᠷᠭᠤᠭᠠᠨ ᠶᠡᠭᠡ ᠠᠵᠤ ᠤᠶᠢᠯᠡᠳᠪᠥᠷᠢ ᠶᠢᠨ ᠠᠵᠤ ᠤᠶᠢᠯᠡᠰ ᠤᠨ ᠪᠥᠯᠥᠭᠯᠡᠯ ᠪᠣᠢ᠃ ᠳᠤᠮᠳᠠᠳᠤ ᠤᠯᠥᠰ ᠤᠨ ᠨᠡᠷ᠎ᠡ ᠠᠯᠳᠠᠷᠰᠢᠭᠰᠠᠨ ᠲᠠᠸᠠᠷ ᠤᠨ ᠲᠡᠮᠳᠡᠭ ᠨᠢ 5 ᠪᠠᠶᠢᠵᠤ᠂ ᠦᠪᠡᠷᠲᠡᠭᠡᠨ ᠵᠠᠰᠠᠬᠤ ᠣᠷᠣᠨ ᠤ ᠨᠡᠷᠡᠲᠤ ᠲᠠᠸᠠᠷ ᠤᠨ ᠲᠡᠮᠳᠡᠭ 21 ᠪᠠᠶᠢᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ