ᠪᠠᠶᠠᠨᠨᠠᠭᠤᠷ ᠬᠢᠭᠡᠳ ᠱᠦᠨ ᠹᠧᠩ ᠪᠦᠯᠦᠭᠯᠡᠯ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2020/11/18
      11 ᠰᠠᠷ᠎ᠠ ᠶᠢᠨ 18 ᠤ ᠡᠳᠦᠷ᠂ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠱᠦᠨ ᠹᠧᠩ ᠪᠦᠯᠦᠭᠯᠡᠯ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠵᠥᠩ ᠴᠢ ᡁᠢ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠠᠩ ᠰᠢᠶᠤᠤ ᠪᠢᠩ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃      ᠲᠣᠰ ᠤᠳᠠᠭᠠᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠭᠰᠠᠨ ᠨᠢ ᠡᠨᠡ ᠵᠢᠯ ᠤᠨ 8 ᠰᠠᠷ᠎ᠠ ᠶᠢᠨ ᠡᠬᠢ ᠪᠠᠷ ᠪᠠᠶᠠᠨᠨᠠᠭᠤᠷ ᠬᠤᠲᠠ ᠳᠤ ᠶᠠᠪᠤᠭᠳᠠᠭᠰᠠᠨ ︽ᠵᠠᠬ᠎ᠠ ᠳᠡᠯᠭᠡᠭᠦᠷ ᠲᠤ ᠭᠠᠷᠤᠭᠰᠠᠨ ᠵᠠᠭᠤᠨ ᠺᠣᠮᠫᠠᠨᠢ ᠪᠠᠶᠠᠨᠨᠠᠭᠤᠷ ᠬᠤᠲᠠ ᠳᠤ ᠭᠦᠨᠵᠡᠭᠡᠶᠢᠷᠡᠬᠦ︾ ᠠᠵᠢᠯᠯᠠᠭ᠎ᠠ ᠶᠢᠨ ᠴᠢᠬᠤᠯᠠ ᠦᠷ᠎ᠡ ᠪᠦᠲᠦᠮᠵᠢ ᠮᠥᠨ᠃ ᠱᠦᠨ ᠹᠧᠩ ᠪᠦᠯᠦᠭᠯᠡᠯ ᠪᠣᠯ ᠤᠯᠤᠰ ᠤᠨ ᠳᠣᠲᠣᠭᠠᠳᠤ ᠳᠤ ᠲᠡᠷᠢᠭᠦᠯᠡᠭᠰᠡᠨ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠬᠤᠳᠠᠯᠳᠤᠭᠠᠴᠢᠨ ᠪᠣᠯᠤᠨ᠎ᠠ᠃ ᠣᠯᠠᠨ ᠵᠢᠯ ᠤᠨ ᠬᠥᠭᠵᠢᠯᠲᠡ ᠪᠠᠷ ᠳᠠᠮᠵᠢᠨ᠂ ᠬᠡᠷᠡᠭᠯᠡᠭᠴᠢ ᠳᠤ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠪᠠᠷᠠᠭ᠎ᠠ ᠶᠢᠨ ᠭᠦᠢᠯᠭᠡᠭᠡᠨ ᠤ ᠲᠥᠰᠦᠯ ᠢ ᠬᠠᠩᠭᠠᠬᠤ ᠴᠢᠳᠠᠪᠤᠷᠢ ᠲᠠᠢ ᠪᠣᠯᠵᠤ᠂ ᠲᠤᠬᠢᠷᠠᠭᠤᠯᠤᠨ ᠬᠦᠷᠭᠡᠬᠦ ᠦᠵᠦᠭᠦᠷ ᠲᠠᠬᠢ ᠴᠢᠨᠠᠷ ᠰᠠᠶᠢᠲᠠᠢ ᠪᠠᠷᠠᠭ᠎ᠠ ᠶᠢᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢᠨ ᠬᠠᠮᠲᠤ ᠥᠷᠲᠡᠭ ᠤᠨ ᠬᠡᠯᠬᠢᠶ᠎ᠡ ᠶᠢᠨ ᠦᠢᠯᠡᠳᠪᠦᠷᠢᠯᠡᠬᠦ᠂ ᠬᠠᠩᠭᠠᠬᠤ᠂ ᠪᠤᠷᠤᠯᠠᠭᠤᠯᠬᠤ᠂ ᠲᠣᠬᠢᠷᠠᠭᠤᠯᠬᠤ ᠵᠡᠷᠭᠡ ᠭᠤᠭᠴᠤᠭ᠎ᠠ ᠬᠦᠷᠲᠡᠯ᠎ᠡ ᠥᠷᠭᠡᠳᠬᠡᠵᠦ᠂ ᠤᠶᠤᠨᠲᠤ ᠪᠠᠷᠠᠭᠠᠨ ᠤ ᠭᠦᠢᠯᠭᠡᠭᠡᠨ ᠤ ᠡᠵᠡᠩᠨᠡᠯᠲᠡ ᠶᠢᠨ ᠴᠢᠳᠠᠪᠤᠷᠢ ᠨᠢ ᠰᠦᠯᠵᠢᠶᠡᠨ ᠤ ᠬᠡᠪᠴᠢᠶᠡᠵᠢᠭᠰᠡᠨ ᠳᠠᠪᠠᠭᠤᠯᠢᠭ ᠲᠠᠢ ᠪᠠᠶᠢᠵᠤ᠂ ᠪᠥᠬᠦ ᠰᠦᠯᠵᠢᠶ᠎ᠡ ᠶᠢ ᠴᠢᠩᠭ᠎ᠠ ᠬᠦᠴᠦᠲᠡᠶ ᠬᠠᠮᠢᠶᠠᠷᠤᠨ ᠡᠵᠡᠮᠳᠡᠬᠦ ᠡᠵᠡᠩᠨᠡᠯᠲᠡ ᠶᠢᠨ ᠵᠠᠭᠪᠤᠷ ᠲᠠᠢ ᠪᠣᠯᠵᠠᠢ᠃ ᠪᠠᠶᠠᠨᠨᠠᠭᠤᠷ ᠬᠤᠳᠠ ᠪᠤᠯᠤᠨ ᠱᠦᠨ ᠹᠧᠩ ᠬᠤᠶᠠᠷ ᠲᠠᠯ᠎ᠠ ᠪᠠᠷ ᠢᠶᠠᠨ ᠲᠤᠰ ᠲᠤᠰ ᠤᠨ ᠳᠠᠪᠠᠭᠤᠯᠢᠭ ᠲᠠᠢ᠂ ᠬᠠᠷᠢᠯᠴᠠᠨ ᠨᠥᠬᠦᠪᠥᠷᠢᠯᠡᠬᠦ ᠴᠢᠨᠠᠷ ᠢᠶᠠᠷ ᠴᠢᠩᠭ᠎ᠠ᠂ ᠰᠠᠶᠢᠨ ᠬᠠᠮᠲᠤᠷᠠᠯᠴᠠᠭᠠᠨ ᠤ ᠰᠠᠭᠤᠷᠢ ᠲᠠᠢ᠂ ᠥᠷᠭᠡᠨ ᠬᠠᠮᠲᠤᠷᠠᠯᠴᠠᠭᠠᠨ ᠤ ᠬᠦᠷᠢᠶ᠎ᠡ ᠪᠣᠯᠤᠨ ᠬᠠᠮᠲᠤᠷᠠᠯᠴᠠᠭᠠᠨ ᠤ ᠬᠥᠭᠵᠢᠯᠲᠡ ᠶᠢᠨ ᠠᠯᠤᠰ ᠢᠷᠡᠭᠡᠳᠦᠢ ᠲᠠᠢ ᠶᠤᠮ᠃ ᠡᠨᠡ ᠤᠳᠠᠭ᠎ᠠ ᠬᠤᠲᠠ ᠶᠢᠨ ᠵᠠᠰᠠᠭ ᠤᠨ ᠣᠷᠳᠣᠨ ᠪᠤᠯᠤᠨ ᠱᠦᠨ ᠹᠧᠩ ᠪᠦᠯᠦᠭᠯᠡᠯ ᠲᠠᠢ ᠵᠠᠰᠠᠭ ᠤᠨ ᠤᠷᠳᠤᠨ ᠠᠵᠤ ᠠᠬᠤᠶᠢᠯᠠᠯ ᠬᠠᠮᠲᠤᠷᠠᠯᠴᠠᠨ᠂ ᠪᠠᠶᠠᠨᠨᠠᠭᠤᠷ ᠤᠨ ᠪᠠᠷᠠᠭᠠᠨ ᠤ ᠭᠦᠢᠯᠭᠡᠭᠡᠨ ᠤ ᠦᠢᠯᠡᠰ ᠪᠣᠯᠤᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠬᠠᠮᠲᠤᠪᠠᠷ ᠠᠬᠢᠭᠤᠯᠵᠤ᠂ ᠪᠠᠶᠠᠨᠨᠠᠭᠤᠷ ᠤᠨ ᠴᠢᠨᠠᠷ ᠰᠠᠶᠢᠲᠠᠢ ᠮᠠᠯ ᠲᠠᠷᠢᠶᠠᠯᠠᠩ ᠤᠨ ᠪᠦᠲᠦᠭᠡᠭᠳᠡᠬᠦᠨ ᠤ ᠵᠥᠭᠡᠭᠡᠪᠦᠷᠢ ᠶᠢᠨ ᠪᠣᠭᠤᠮᠢ ᠶᠢ ᠪᠦᠲᠦᠮᠵᠢᠲᠡᠶ ᠰᠢᠢᠳᠪᠦᠷᠢᠯᠡᠵᠦ᠂ ︽ᠲᠡᠭᠷᠢ ᠶᠢᠨ ᠬᠡᠰᠢᠭᠲᠦ ᠪᠣᠷᠣᠲᠣᠬᠤᠶ︾ ᠰᠢᠷᠢᠰ ᠪᠦᠲᠦᠭᠡᠭᠳᠡᠬᠦᠨ ᠤ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠤᠨ ᠬᠡᠯᠬᠢᠶ ᠎ᠡ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠠᠵᠤ ᠦᠢᠯᠡᠰ ᠤᠨ ᠥᠷᠲᠡᠭ ᠢ ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ