ᠥᠪᠥᠷ ᠮᠣᠩᠭᠤᠯ ᠤᠨ ᠨᠠᠷᠠᠲᠤ ᠲᠡᠮᠳᠡᠭ ᠤᠨ ᠶᠡᠭᠡ ᠬᠤᠷᠠᠯ ᠵᠢᠴᠢ ︽ᠲᠡᠭᠷᠢ ᠶᠢᠨ ᠬᠡᠰᠢᠭᠲᠦ ᠪᠣᠷᠣᠲᠣᠬᠤᠶ︾ ᠲᠠᠷᠢᠶᠠᠯᠠᠩ ‍ᠤᠨ‌‍ᠪᠦ᠋ᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠲᠠᠨᠢᠯᠴᠠᠭᠤᠯᠬᠤ ᠬᠤᠷᠠᠯ ᠮᠠᠨ ᠤ ᠬᠤᠲᠠ ᠳᠤ ᠬᠤᠷᠠᠯᠳᠤᠨ᠎ᠠ
ᠨᠡᠶᠢᠲᠡᠯᠡᠭᠰᠡᠨ ᠴᠠᠭ᠄
2020/11/18
      ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠨᠠᠷᠠᠲᠤ ᠲᠡᠮᠳᠡᠭ ᠤᠨ ᠶᠡᠭᠡ ᠬᠤᠷᠠᠯ ᠵᠢᠴᠢ ︽ᠲᠡᠭᠷᠢ ᠶᠢᠨ ᠬᠡᠰᠢᠭᠲᠦ ᠪᠣᠷᠣᠲᠣᠬᠤᠶ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠲᠠᠨᠢᠯᠴᠠᠭᠤᠯᠬᠤ ᠬᠤᠷᠠᠯ 11 ᠰᠠᠷ᠎ᠠ ᠶᠢᠨ 19 ᠤ ᠡᠳᠦᠷ ᠮᠠᠨ ᠤ ᠬᠤᠲᠠ ᠳᠤ ᠬᠤᠷᠠᠯᠳᠤᠬᠤ ᠪᠣᠯᠤᠨ᠎ᠠ᠃      ᠬᠤᠷᠠᠯ ᠨᠢ ︽ᠣᠷᠣᠨ ᠪᠦᠰᠡ ᠶᠢᠨ ᠨᠡᠷᠡᠲᠦ ᠲᠡᠮᠳᠡᠭ ᠤᠨ ᠳᠠᠪᠠᠭᠤᠯᠢᠭ ᠢ ᠬᠠᠮᠲᠤᠳᠬᠠᠨ᠂ ᠪᠣᠷᠣᠲᠣᠬᠤᠢ ᠶᠢᠨ ᠨᠡᠷᠡᠲᠦ ᠲᠡᠮᠳᠡᠭ ᠤᠨ ᠠᠵᠤ ᠠᠬᠤᠶ ᠳᠤ ᠬᠦᠴᠦᠨ ᠨᠡᠮᠡᠷᠢᠯᠡᠬᠦ︾ ᠪᠠᠷ ᠭᠤᠤᠯ ᠰᠡᠳᠦᠪ ᠪᠣᠯᠭᠠᠵᠤ᠂ ᠭᠤᠤᠯ ᠵᠣᠷᠢᠯᠭ᠎ᠠ ᠨᠢ ᠨᠡᠷᠡᠲᠦ ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠨᠡᠷᠡᠲᠦ ᠲᠡᠮᠳᠡᠭ ᠤᠨ ᠬᠥᠭᠵᠢᠯᠲᠡ ᠶᠢᠨ ᠬᠠᠨᠳᠤᠰᠢ ᠶᠢ ᠬᠠᠶᠢᠨ ᠰᠢᠨᠵᠢᠵᠦ᠂ ᠰᠢᠰᠲ᠋ᠧᠮ ᠲᠣᠭᠲᠠᠴᠠ᠂ ᠰᠣᠶᠣᠯ ᠤᠨ ᠳᠠᠮᠵᠢᠭᠤᠯᠭ᠎ᠠ᠂ ᠦᠷ᠎ᠡ ᠪᠦᠲᠦᠭᠡᠯ ᠢ ᠬᠤᠪᠢᠶᠠᠨ ᠡᠳ᠋ᠯᠡᠬᠦ ᠪᠠᠷ ᠬᠠᠷᠠᠯᠲᠠ ᠪᠣᠯᠭᠠᠵᠤ᠂ ᠤᠯᠤᠰ ᠤᠨ ᠳᠣᠲᠣᠭᠠᠳᠤ ᠳᠤ ᠮᠠᠰᠢ ᠶᠡᠭᠡ ᠨᠥᠯᠥᠭᠡᠯᠡᠬᠦ ᠬᠦᠴᠦᠨ ᠲᠠᠢ ᠨᠡᠷᠡᠲᠦ ᠲᠡᠮᠳᠡᠭ ᠢ ᠡᠭᠦᠳᠴᠦ᠂ ︽ᠲᠡᠭᠷᠢ ᠶᠢᠨ ᠬᠡᠰᠢᠭᠲᠦ ᠪᠣᠷᠣᠲᠣᠬᠤᠶ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢᠶᠠᠷ ᠲᠥᠯᠥᠭᠡᠯᠡᠭᠦᠯᠦᠭᠰᠡᠨ ︽ᠮᠧᠩ ᠦᠰᠦᠭᠲᠦ︾ ᠨᠠᠷᠠᠲᠤ ᠲᠡᠮᠳᠡᠭ ᠤᠨ ᠥᠷᠢᠰᠦᠯᠳᠦᠬᠦ ᠬᠦᠴᠦᠨ ᠪᠠ ᠢᠷᠠᠭᠤ ᠠᠯᠳᠠᠷ ᠤᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠷᠠᠲᠤ ᠲᠡᠮᠳᠡᠭ ᠤᠨ ᠳᠠᠪᠠᠭᠤᠯᠢᠭ ᠢ ᠬᠥᠭᠵᠢᠯᠲᠡ ᠶᠢᠨ ᠬᠥᠳᠡᠯᠭᠡᠭᠴᠢ ᠡᠨᠧᠷᠭᠢ ᠪᠣᠯᠭᠠᠨ ᠬᠤᠪᠢᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃      ᠬᠤᠷᠠᠯ ᠨᠢ ᠨᠢᠭᠡ ᠡᠳᠦᠷ ᠶᠠᠪᠤᠭᠳᠠᠬᠤ ᠪᠣᠯᠤᠨ᠎ᠠ᠂ ᠥᠪᠥᠷ ᠮᠣᠩᠭᠤᠯ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠬᠠᠮᠵᠢᠯᠴᠠᠨ ᠬᠥᠭᠵᠢᠬᠦ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠵᠤ᠂ ᠥᠪᠥᠷ ᠮᠣᠩᠭᠤᠯ ᠤᠨ ᠠᠵᠤ ᠠᠬᠤᠶᠢᠯᠠᠯ ᠤᠨ ᠨᠠᠷᠠᠲᠤ ᠲᠡᠮᠳᠡᠭ ᠤᠨ ᠥᠷᠲᠡᠭ ᠢ ᠦᠨᠡᠯᠡᠬᠦ ᠮᠡᠳᠡᠭᠡ ᠵᠠᠩᠭᠢ ᠪᠠ ᠥᠪᠥᠷ ᠮᠣᠩᠭᠤᠯ ᠤᠨ ᠵᠠᠭᠤᠨ ᠬᠦᠴᠦᠷᠬᠡᠭ ᠠᠵᠤ ᠠᠬᠤᠶᠢᠯᠠᠯ ᠤᠨ ᠨᠠᠷᠠᠲᠤ ᠲᠡᠮᠳᠡᠭ ᠤᠨ ᠥᠷᠲᠡᠭ ᠤᠨ ᠮᠡᠳᠡᠭᠦᠯᠦᠯᠲᠡ ᠶᠢ ᠨᠡᠶᠢᠲᠡᠯᠡᠨ᠎ᠡ᠃ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠵᠠᠭᠤᠨ ᠬᠦᠴᠦᠷᠬᠡᠭ ᠨᠠᠷᠠᠲᠤ ᠲᠡᠮᠳᠡᠭ ᠤᠨ ᠠᠵᠤ ᠠᠬᠤᠶᠢᠯᠠᠯ ᠳᠤ ᠱᠠᠩᠨᠠᠯ ᠣᠯᠭᠤᠨ᠎ᠠ᠃      ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 200 ᠭᠠᠷᠤᠶ ᠠᠵᠤ ᠠᠬᠤᠶᠢᠯᠠᠯ ᠂ ᠪᠦᠯᠬᠦᠮ ᠤᠨ ᠲᠥᠯᠥᠭᠡᠯᠡᠭᠴᠢ ᠤᠷᠢᠯᠭ᠎ᠠ ᠪᠠᠷ ᠬᠤᠷᠠᠯ ᠳᠤ ᠣᠷᠣᠯᠴᠠᠵᠤ᠂ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ᠂ ᠬᠤᠲᠠ ᠶᠢᠨ ᠲᠠᠰ ᠤᠨ 25 ᠵᠠᠭᠤᠴᠢᠯᠠᠭᠤᠷ ᠤᠨ ᠰᠤᠷᠪᠤᠯᠵᠢᠯᠠᠭᠴᠢ ᠬᠤᠷᠠᠯ ᠳᠤ ᠣᠷᠣᠯᠴᠠᠵᠤ ᠮᠡᠳᠡᠭᠡᠯᠡᠨ᠎ᠡ᠃      ᠬᠤᠷᠠᠯ ᠢ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠠᠴᠠ ᠭᠤᠣᠯᠯᠠᠨ ᠡᠷᠬᠢᠯᠡᠵᠦ᠂ ᠪᠠᠶᠠᠨᠨᠠᠭᠤᠷ ᠬᠤᠲᠠ ᠶᠢᠨ ᠠᠵᠤ ᠦᠶᠯᠡᠳᠪᠦᠷᠢ ᠬᠤᠳᠠᠯᠳᠤᠭ᠎ᠠ ᠶᠢᠨ ᠬᠤᠯᠪᠣᠭ᠎ᠠ᠂ ᠪᠠᠶᠠᠨᠨᠠᠭᠤᠷ ᠬᠤᠲᠠ ᠶᠢᠨ ᠪᠣᠬᠢᠷᠲᠤᠯ ᠦᠭᠡᠢ ᠠᠵᠤ ᠦᠶᠯᠡᠰ ᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠠᠯᠪᠠᠨ ᠭᠡᠷ᠂ ᠥᠪᠥᠷ ᠮᠣᠩᠭᠤᠯ ᠤᠨ ᠪᠠᠶᠠᠨ ᠪᠣᠬᠢᠷᠲᠤᠯ ᠦᠭᠡᠢ ᠠᠵᠤ ᠦᠢᠯᠡᠰ ᠤᠨ ᠬᠢᠵᠠᠭᠠᠷᠲᠤ ᠺᠣᠮᠫᠠᠨᠢ ᠳᠠᠭᠠᠭᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠶᠯᠡᠳᠪᠦᠷᠢ ᠬᠤᠳᠠᠯᠳᠤᠭ᠎ᠠ ᠶᠢᠨ ᠬᠤᠯᠪᠣᠭ᠎ᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠪᠦᠬᠦ ᠤᠯᠤᠰ ᠤᠨ ᠨᠡᠷᠡᠲᠦ ᠲᠡᠮᠳᠡᠭ ᠤᠨ ᠨᠡᠶᠢᠭᠡᠮ ᠤᠨ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ ᠵᠢᠯᠣᠭᠤᠳᠤᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ