ᠪᠠᠶᠠᠨᠨᠠᠭᠤᠷ ᠬᠤᠲᠠ ᠶᠢᠨ ᠤᠯᠠᠭᠠᠨᠪᠤᠬ᠎ᠠ ᠶᠢᠨ ᠡᠯᠡᠰᠦᠨ ᠴᠥᠯ ᠢ ᠵᠠᠰᠠᠨ ᠴᠡᠭᠴᠡᠯᠡᠬᠦ ᠣᠷᠣᠨ ᠨᠢ ᠪᠥᠬᠦ ᠤᠯᠤᠰ ᠤᠨ ︽ᠬᠥᠬᠡ ᠠᠭᠤᠯᠠ ᠬᠥᠬᠡᠮᠳᠦᠭ  ᠤᠰᠤ ᠪᠣᠯ ᠠᠯᠲᠠ ᠮᠥᠩᠭᠦᠨ ᠠᠭᠤᠯᠠ︾ ᠦᠢᠯᠡᠳᠦᠯᠭᠡᠵᠢᠭᠦᠯᠦᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠯᠡᠭᠳᠡᠪᠡ
ᠨᠡᠶᠢᠲᠡᠯᠡᠭᠰᠡᠨ ᠴᠠᠭ᠄
2020/12/2
      11 ᠰᠠᠷ᠎ᠠ ᠶᠢᠨ 30 ᠤ ᠡᠳᠦᠷ᠂ ︽2018 — 2019 ᠣᠨ ᠤ ᠪᠣᠬᠢᠷᠲᠤᠯ ᠥᠬᠡᠶ ᠳᠤᠮᠳᠠᠳᠤ ᠤᠯᠤᠰ ᠤᠨ ᠣᠨ ᠤ ᠬᠥᠮᠦᠰ︾᠂ ᠳᠥᠷᠪᠡᠳᠦᠭᠡᠷ ᠪᠦᠯᠦᠭ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠰᠢᠶᠠᠨ ᠪᠣᠯᠤᠨ ︽ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ︾ ᠦᠢᠯᠡᠳᠦᠯᠭᠡᠵᠢᠭᠦᠯᠦᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠬᠥᠬᠢᠭᠦᠯᠦᠨ ᠰᠠᠶᠢᠰᠢᠶᠠᠵᠤ ᠫᠠᠶᠢᠰᠠ ᠣᠯᠭᠤᠬᠤ ᠠᠵᠢᠯᠯᠠᠭ᠎ᠠ ᠪᠡᠭᠡᠵᠢᠩ ᠳᠤ ᠶᠠᠪᠤᠭᠳᠠᠪᠠ᠃ ᠠᠵᠢᠯᠯᠠᠭᠠᠨ ᠤ ᠳᠤᠮᠳᠠ ᠪᠠᠶᠠᠨᠨᠠᠭᠤᠷ ᠬᠤᠲᠠ ᠶᠢᠨ ᠤᠯᠠᠭᠠᠨᠪᠤᠬ᠎ᠠ ᠶᠢᠨ ᠡᠯᠡᠰᠦᠨ ᠴᠥᠯ ᠢ ᠵᠠᠰᠠᠨ ᠴᠡᠭᠴᠡᠯᠡᠬᠦ ᠣᠷᠣᠨ ᠨᠢ ᠪᠥᠬᠦ ᠤᠯᠤᠰ ᠤᠨ ︽ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ︾ ᠦᠢᠯᠡᠳᠦᠯᠭᠡᠵᠢᠭᠦᠯᠦᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠯᠡᠭᠳᠡᠵᠦ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠠᠩ ᠰᠢᠶᠤᠤ ᠪᠢᠩ ᠠᠵᠢᠯᠯᠠᠭ᠎ᠠ ᠳᠤ ᠣᠷᠣᠯᠴᠠᠭᠰᠠᠨ ᠪᠥᠭᠡᠳ ᠲᠠᠶᠢᠰᠠᠨ ᠳᠤ ᠭᠠᠷᠴᠤ ᠱᠠᠩᠨᠠᠯ ᠲᠣᠰᠪᠠ᠃      ᠬᠥᠬᠢᠭᠦᠯᠦᠨ ᠰᠠᠶᠢᠰᠢᠶᠠᠬᠤ ᠠᠵᠢᠯᠯᠠᠭ᠎ᠠ ᠳᠡᠭᠡᠷ᠎ᠡ᠂ ︽2018 — 2019 ᠣᠨ ᠤ ᠪᠣᠬᠢᠷᠲᠤᠯ ᠥᠬᠡᠶ ᠳᠤᠮᠳᠠᠳᠤ ᠤᠯᠤᠰ ᠤᠨ ᠣᠨ ᠤ ᠬᠥᠮᠦᠰ︾ ᠤᠨ ᠱᠠᠩᠨᠠᠯ ᠭᠥᠷᠳᠡᠭᠰᠡᠨ 10 ᠬᠠᠮᠲᠤ ᠨᠡᠶᠢᠲᠡ ᠪᠠ ᠬᠤᠪᠢ ᠬᠥᠮᠦᠨ᠂ 87 ᠳᠥᠷᠪᠡᠳᠦᠭᠡᠷ ᠪᠦᠯᠦᠭ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠰᠢᠶᠠᠨ᠂ 35 ︽ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ︾ ᠦᠢᠯᠡᠳᠦᠯᠭᠡᠵᠢᠭᠦᠯᠦᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠬᠥᠬᠢᠭᠦᠯᠦᠨ ᠰᠠᠶᠢᠰᠢᠶᠠᠵᠤ ᠫᠠᠶᠢᠰᠠ ᠣᠯᠭᠤᠪᠠ᠃      ᠣᠶᠢᠯᠠᠭᠠᠭᠰᠠᠨ ᠢᠶᠠᠷ᠂ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠪᠠᠶᠢᠭᠤᠯᠤᠯᠲᠠ ᠪᠠ ︽ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ︾ ᠦᠢᠯᠡᠳᠦᠯᠭᠡᠵᠢᠭᠦᠯᠦᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠠᠬᠢᠭᠤᠯᠬᠤ ᠨᠢ᠂ ᠤᠯᠤᠰ ᠤᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠨ ᠰᠠᠶᠢᠵᠢᠷᠠᠭᠤᠯᠬᠤ ᠳᠤ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠨᠢᠭᠡᠴᠢ ᠪᠠ ᠬᠤᠪᠢ ᠬᠥᠮᠦᠨ ᠢ ᠬᠥᠬᠢᠭᠦᠯᠦᠨ ᠰᠠᠶᠢᠰᠢᠶᠠᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠶ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠠ ᠬᠦᠴᠦᠲᠡᠶ ᠭᠠᠷᠳᠠᠴᠠ ᠮᠥᠨ᠂ ᠮᠥᠨ ᠴᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠲᠤᠬᠠᠶ ᠰᠠᠨᠠᠯ︾ ᠤᠨ ᠲᠣᠳᠣᠷᠬᠠᠶ ᠱᠠᠭᠠᠷᠳᠠᠯᠭ᠎ᠠ ᠪᠣᠯᠤᠨ᠎ᠠ᠃ ᠣᠯᠠᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠪᠠᠶᠢᠭᠤᠯᠤᠯᠲᠠ ᠪᠣᠯᠤᠨ ᠰᠢᠯᠭᠠᠷᠠᠭᠤᠯᠬᠤ ᠠᠵᠢᠯᠯᠠᠭ᠎ᠠ ᠢᠯᠡᠳᠲᠡ ᠠᠮᠵᠢᠯᠲᠠ ᠣᠯᠵᠤ᠂ ᠵᠢᠱᠢᠶ᠎ᠡ ᠦᠵᠡᠭᠦᠯᠵᠦ ᠳᠡᠯᠭᠡᠷᠡᠭᠦᠯᠬᠦ ᠥᠷᠲᠡᠭ ᠲᠠᠢ ᠨᠢᠭᠡ ᠪᠦᠯᠦᠭ ᠦᠶᠯᠡᠳᠦᠯᠭᠡ ᠶᠢᠨ ᠬᠡᠪ ᠵᠠᠭᠪᠤᠷ ᠢ ᠪᠦᠷᠢᠯᠳᠦᠭᠦᠯᠵᠡᠶ᠃ ᠡᠯ᠎ᠡ ᠭᠠᠵᠠᠷ ᠤᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠵᠤ᠂ ᠪᠦᠬᠦ ᠨᠡᠶᠢᠭᠡᠮ ᠤᠨ ᠠᠮᠢ ᠠᠬᠤᠢ ᠶᠢᠨ ᠪᠣᠯᠪᠠᠰᠤᠨ ᠤ ᠤᠬᠠᠮᠰᠠᠷ ᠪᠣᠯᠤᠨ ᠣᠷᠣᠯᠴᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠪᠠ᠃      ᠠᠮᠢ ᠠᠬᠤᠶ ᠣᠷᠴᠢᠨ ᠲᠣᠭᠤᠷᠢᠨ ᠤ ᠶᠠᠮᠤᠨ ᠵᠣᠬᠢᠶᠠᠨ ᠪᠠᠶᠢᠭᠤᠯᠤᠨ ᠨᠡᠶᠢᠲᠡ ᠳᠥᠷᠪᠡᠨ ᠪᠦᠯᠦᠭ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠰᠢᠶᠠᠨ 262᠂ ︽ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ︾ ᠦᠢᠯᠡᠳᠦᠯᠭᠡᠵᠢᠭᠦᠯᠦᠨ ᠰᠢᠨ᠎ᠡ ᠶᠢ ᠡᠭᠦᠳᠬᠦ ᠰᠠᠭᠤᠷᠢᠨ ᠭᠠᠵᠠᠷ 87 ᠶᠢ ᠨᠡᠷᠡᠶᠢᠳᠴᠦ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠶᠯᠡᠳᠦᠯᠭᠡᠵᠢᠭᠦᠯᠦᠭᠰᠡᠨ ᠨᠢᠭᠡ ᠪᠦᠯᠦᠭ ᠵᠢᠱᠢᠶ᠎ᠡ ᠦᠵᠡᠭᠦᠯᠬᠦ ᠵᠠᠭᠪᠤᠷ ᠢ ᠪᠤᠶᠢᠵᠢᠭᠤᠯᠪᠠ᠃ ︽ᠪᠣᠬᠢᠷᠲᠤᠯ ᠦᠭᠡᠢ ᠳᠤᠮᠳᠠᠳᠤ ᠤᠯᠤᠰ ᠤᠨ ᠣᠨ ᠤ ᠬᠥᠮᠦᠰ︾ ᠢ ᠨᠡᠶᠢᠲᠡ ᠶᠢᠨ ᠠᠰᠠᠷᠠᠮᠵᠢ᠂ ᠠᠵᠢᠯᠯᠠᠭ᠎ᠠ᠂ ᠨᠥᠯᠥᠭᠡ ᠵᠡᠷᠭᠡ ᠪᠠᠷ ᠭᠤᠷᠪᠠᠨ ᠶᠡᠭᠡ ᠰᠢᠯᠭᠠᠷᠠᠭᠤᠯᠬᠤ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠵᠤ᠂ ᠥᠷᠭᠡᠨ ᠳᠡᠯᠭᠡᠷᠡᠩᠭᠦᠢ ᠨᠡᠶᠢᠭᠡᠮ ᠤᠨ ᠳᠠᠶᠢᠴᠢᠯᠠᠯᠲᠠ ᠪᠣᠯᠤᠨ ᠨᠡᠶᠢᠲᠡᠯᠢᠭ ᠵᠢᠱᠢᠶ᠎ᠡ ᠦᠵᠡᠭᠦᠯᠬᠦ ᠪᠠᠷ ᠳᠠᠮᠵᠢᠭᠤᠯᠤᠨ᠂ ᠪᠦᠬᠦ ᠨᠡᠶᠢᠭᠡᠮ ᠳᠤ ᠵᠣᠬᠢᠰᠲᠠᠢ ᠪᠠᠷ ᠠᠷᠪᠢᠯᠠᠨ ᠭᠠᠮᠨᠠᠬᠤ᠂ ᠪᠣᠬᠢᠷᠲᠤᠯ ᠦᠭᠡᠶ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠪᠣᠯᠪᠠᠰᠤᠨ ᠪᠥᠭᠡᠳ ᠡᠷᠡᠭᠦᠯ ᠰᠠᠶᠢᠨ ᠬᠡᠪ ᠰᠤᠷᠲᠠᠯ ᠢ ᠪᠣᠶ ᠪᠣᠯᠭᠠᠬᠤ ᠶᠢ ᠠᠬᠢᠭᠤᠯᠬᠤ ᠪᠠᠷ ᠵᠣᠷᠢᠯᠭ᠎ᠠ ᠪᠠᠨ ᠪᠣᠯᠭᠠᠪᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ