2020 ᠣᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠠᠯᠬᠤᠮ ᠢ ᠲᠥᠯᠦᠪᠵᠢᠭᠦᠯᠦᠭᠰᠡᠨ ᠢ ᠠᠵᠢᠬᠤ ᠨᠢ
ᠨᠡᠶᠢᠲᠡᠯᠡᠭᠰᠡᠨ ᠴᠠᠭ᠄
2020/12/24
      12 ᠳ᠋ᠤᠭᠠᠷ ᠰᠠᠷ᠎ᠠ ᠶᠢᠨ 20 ᠤ ᠡᠳᠦᠷ ᠤᠨ ᠪᠡᠭᠡᠵᠢᠩ ᠤᠨ ᠰᠢᠨᠬᠤᠸᠠ ᠬᠤᠷᠢᠶᠠᠨ ᠤ ᠴᠠᠬᠢᠯᠭᠠᠨ ᠮᠡᠳᠡᠭᠡ᠄ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠰᠢᠨ᠎ᠡ ᠠᠶᠠᠯᠠᠯ ᠢᠶᠠᠨ ᠡᠬᠢᠯᠡᠭᠦᠯᠪᠡ — 2020 ᠣᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠠᠯᠬᠤᠮ ᠢ ᠲᠥᠯᠦᠪᠵᠢᠭᠦᠯᠦᠭᠰᠡᠨ ᠢ ᠠᠵᠢᠬᠤ ᠨᠢ       ᠵᠢᠯ ᠤᠨ ᠡᠴᠦᠰ ᠪᠣᠯᠵᠤ᠂ ᠵᠢᠯ ᠳᠤ ᠨᠢᠭᠡ ᠤᠳᠠᠭ᠎ᠠ ᠶᠠᠪᠤᠭᠳᠠᠳᠠᠭ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠨᠢ ᠪᠦᠬᠦ ᠪᠥᠮᠪᠥᠷᠴᠡᠭ ᠤᠨ ᠠᠩᠬᠠᠷᠤᠯ ᠢ ᠲᠠᠲᠠᠪᠠ᠃ ᠡᠨᠡ ᠵᠢᠯ ᠤᠨ ᠬᠤᠷᠠᠯ ᠤᠨ ᠠᠬᠤᠶ ᠪᠠᠶᠢᠳᠠᠯ ᠨᠢ ᠣᠨᠴᠠᠭᠠᠶ᠂ ᠵᠠᠩᠭᠢᠯᠠᠭ᠎ᠠ ᠨᠢ ᠴᠢᠬᠤᠯᠠ᠂ ᠠᠴᠢ ᠬᠤᠯᠪᠣᠭᠳᠠᠯ ᠨᠢ ᠶᠡᠭᠡ ᠶᠤᠮ᠃       12 ᠳ᠋ᠤᠭᠠᠷ ᠰᠠᠷ᠎ᠠ ᠶᠢᠨ 16 ᠤ ᠡᠳᠦᠷ ᠠᠴᠠ 18 ᠤ ᠡᠳᠦᠷ ᠪᠣᠯᠲᠠᠯ᠎ᠠ ᠪᠡᠭᠡᠵᠢᠩ ᠤᠨ ᠵᠢᠩ ᠰᠢ ᠵᠣᠴᠢᠳ ᠤᠨ ᠪᠠᠭᠤᠳᠠᠯ᠃       ︽ᠬᠤᠶᠠᠷ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡ ᠶᠢᠨ ᠠᠭᠤᠯᠵᠠᠷ ᠲᠤ ᠵᠣᠭᠰᠣᠵᠤ᠂ 2020 ᠣᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠨᠢ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠶᠡᠭᠡ ᠪᠤᠳᠤᠯᠭ᠎ᠠ ᠶᠢ ᠲᠥᠯᠥᠪᠵᠢᠭᠦᠯᠪᠡ᠃       ᠶᠡᠷᠦᠩᠬᠡᠶ ᠱᠦᠵᠢ ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶ ᠶᠢᠨ ᠪᠠᠶᠢᠳᠠᠯ ᠢ ᠭᠦᠨᠵᠡᠭᠡᠶ ᠵᠠᠳᠠᠯᠵᠤ᠂ 2021 ᠣᠨ ᠤ ᠠᠵᠤ ᠠᠬᠤᠶ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯᠤᠨ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠳᠤᠷᠠᠳᠴᠤ᠂ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠬᠦ ᠳᠤ ᠴᠢᠭᠯᠡᠯ ᠢ ᠲᠣᠭᠲᠠᠭᠠᠨ ᠥᠭᠪᠡ᠃
2020-12-23-127d39f48d-5716-4382-8441-d1f631449c6a.jpg
      ᠲᠡᠦᠬᠡ ᠶᠢᠨ ᠬᠠᠭᠤᠳᠠᠰᠤᠨ᠎ᠠ ᠲᠡᠮᠳᠡᠭᠯᠡᠭᠳᠡᠬᠦ — ᠶᠡᠷᠦ ᠪᠤᠰᠤ ᠶᠢᠨ ᠣᠨ ᠵᠢᠯ ᠳᠠᠬᠢ ᠶᠡᠷᠦ ᠪᠤᠰᠤ ᠶᠢᠨ ᠠᠮᠵᠢᠯᠲᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠦᠭ ᠲᠦᠮᠡᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠷᠡᠯᠬᠡᠭᠯᠡᠨ ᠲᠠᠮᠡᠴᠡᠭᠡᠳ᠂ ᠠᠷᠠᠳ ᠲᠦᠮᠡᠨ ᠳᠤ ᠲᠠᠭᠠᠰᠢᠶᠠᠭᠳᠠᠭᠰᠠᠨ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ᠂ ᠲᠡᠦᠬᠡ ᠶᠢᠨ ᠬᠠᠭᠤᠳᠠᠰᠤᠨ ᠳᠤ ᠲᠡᠮᠳᠡᠭᠯᠡᠭᠳᠡᠬᠦ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ ᠃       ︽ᠲᠦᠢᠯ ᠤᠨ ᠶᠡᠷᠦ ᠪᠤᠰᠤ︾ — ᠡᠨᠡ ᠤᠳᠠᠭᠠᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠡᠨᠡᠬᠦ ᠵᠠᠩᠭᠢᠯᠠᠭ᠎ᠠ ᠶᠢᠨ ᠦᠭᠡ ᠪᠠᠷ 2020 ᠣᠨ ᠢ ᠬᠤᠷᠢᠶᠠᠩᠭᠤᠶᠢᠯᠠᠵᠤ᠂ ︽ᠡᠨᠡ ᠵᠢᠯ ᠪᠣᠯ ᠰᠢᠨ᠎ᠡ ᠳᠤᠮᠳᠠᠳᠤ ᠤᠯᠤᠰ ᠤᠨ ᠲᠡᠦᠬᠡᠨ ᠳᠠᠬᠢ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ︾ ᠭᠡᠵᠦ ᠴᠢᠬᠤᠯᠠᠴᠢᠯᠠᠪᠠ᠃      ᠬᠤᠶᠠᠷ ᠡᠳᠦᠷ ᠬᠠᠭᠠᠰ ᠤᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠨᠥᠬᠦᠳ ᠤᠳᠠᠯ ᠦᠭᠡᠢ ᠥᠩᠭᠡᠷᠡᠬᠦ ᠭᠡᠵᠦ ᠪᠠᠶᠢᠭ᠎ᠠ ᠡᠨᠡ ᠨᠢᠭᠡᠨ ᠵᠢᠯ ᠢ ᠡᠷᠭᠢᠴᠡᠭᠦᠯᠬᠦ ᠳᠤ ᠪᠠᠨ ᠰᠡᠳᠬᠢᠯ ᠶᠡᠭᠡ ᠳᠣᠭᠳᠤᠯᠵᠤ ᠪᠠᠶᠢᠯ᠎ᠠ᠃ ︽︿ᠲᠦᠢᠯ﹀ ᠭᠡᠳᠡᠭ ᠨᠢᠭᠡᠯᠡ ᠦᠭᠡᠨ ᠳᠤ ᠰᠦᠷ ᠳᠠᠯᠠᠶᠢᠴᠠᠲᠠᠢ᠂ ᠲᠦᠭ ᠲᠦᠮᠡᠨ ᠠᠶᠤᠯ ᠲᠦᠭᠰᠢᠭᠦᠷᠢ ᠲᠠᠢ᠂ ᠮᠠᠭᠲᠠᠨ ᠳᠠᠭᠤᠯᠠᠭᠤᠰᠢᠲᠠᠢ᠂ ᠭᠡᠷᠡᠯ ᠰᠠᠴᠤᠷᠠᠩᠭᠤᠢ ᠠᠮᠵᠢᠯᠲᠠ ᠵᠡᠷᠭᠡ ᠡᠯᠪᠡᠭ ᠠᠭᠤᠯᠭ᠎ᠠ ᠶᠢ ᠪᠠᠭᠲᠠᠭᠠᠵᠠᠢ︾ ᠭᠡᠵᠦ ᠵᠠᠷᠢᠮ ᠨᠥᠬᠦᠷ ᠬᠡᠯᠡᠪᠡ᠃       ᠬᠤᠷᠠᠯ ᠠᠴᠠ ᠵᠢᠭᠠᠨ ᠭᠠᠷᠭᠠᠭᠰᠠᠨ ᠨᠢ᠂ ᠡᠨᠡ ᠵᠢᠯ ᠪᠥᠬᠦ ᠪᠥᠮᠪᠥᠷᠴᠡᠭ ᠤᠨ ᠠᠵᠤ ᠠᠬᠤᠶ ᠳᠤ ᠤᠴᠠᠷᠠᠭᠰᠠᠨ ᠲᠠᠭᠠᠷᠢᠯᠲᠠ ᠨᠢ 1929 ᠣᠨ ᠤ ᠠᠵᠤ ᠠᠬᠤᠶ ᠶᠢᠨ ᠶᠡᠭᠡ ᠳᠣᠷᠦ᠋ᠢᠳᠠᠯ ᠲᠠᠢ ᠠᠳᠠᠯᠢ ᠥᠬᠡᠶ ᠪᠥᠭᠡᠳ 2008 ᠣᠨ ᠤ ᠣᠯᠠᠨ ᠤᠯᠤᠰ ᠤᠨ ᠮᠥᠩᠭᠦᠨ ᠭᠦᠢᠯᠭᠡᠭᠡᠨ ᠤ ᠬᠢᠮᠤᠷᠠᠯ ᠤᠨ ᠦᠷᠪᠢᠰᠦᠯᠲᠡ ᠠᠴᠠ ᠪᠣᠯᠤᠭᠰᠠᠨ ᠨᠥᠯᠥᠭᠡ ᠲᠠᠢ ᠴᠦ ᠠᠳᠠᠯᠢ ᠥᠬᠡᠶ ᠶᠤᠮ᠂ ᠬᠠᠷᠢᠨ ᠬᠠᠩᠭᠠᠯᠭ᠎ᠠ ᠲᠠᠰᠤᠷᠠᠭᠰᠠᠨ ᠪᠠ ᠬᠡᠷᠡᠭᠴᠡᠭᠡ ᠠᠪᠴᠢᠭᠰᠠᠨ ᠳᠠᠪᠬᠤᠷ ᠲᠠᠭᠠᠷᠢᠯᠲᠠ ᠳᠤ ᠲᠤᠯᠭᠠᠷᠠᠪᠠ᠂ ᠬᠦᠴᠢᠷᠳᠡᠯ ᠨᠢ ᠤᠷᠢᠳ ᠡᠮᠦᠨ᠎ᠡ ᠪᠠᠶᠢᠭ᠎ᠠ ᠥᠬᠡᠶ ᠶᠤᠮ᠃       ᠳᠤᠮᠳᠠᠳᠤ ᠤᠯᠤᠰ ᠤᠨ ᠠᠵᠤ ᠠᠬᠤᠶ ᠡᠷᠡᠨ ᠵᠠᠭᠤᠨ ᠳᠤ ᠬᠤᠪᠣᠷ ᠲᠣᠬᠢᠶᠠᠯᠳᠤᠬᠤ ᠭᠤᠷᠪᠠᠨ ᠳᠠᠪᠬᠤᠷ ᠬᠦᠨᠳᠦ ᠨᠣᠴᠢᠲᠠᠶ ᠲᠠᠭᠠᠷᠢᠯᠲᠠ ᠳᠤ ᠤᠴᠠᠷᠠᠵᠠᠶ᠄      ᠨᠢᠭᠡ ᠳᠤ ᠵᠠᠭᠤᠨ ᠵᠢᠯ ᠳᠤ ᠲᠣᠬᠢᠶᠠᠯᠳᠤᠭ᠎ᠠ ᠥᠬᠡᠶ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠭᠡᠨᠡᠳᠲᠡ ᠡᠭᠦᠰᠪᠡ᠂ ᠬᠤᠶᠠᠷ ᠲᠤ ᠳᠡᠯᠡᠬᠡᠶ ᠶᠢᠨ ᠠᠵᠤ ᠠᠬᠤᠶ ᠳᠡᠯᠡᠬᠡᠶ ᠶᠢᠨ ᠬᠤᠶᠠᠳᠤᠭᠠᠷ ᠲᠡᠶᠢᠨ ᠳᠠᠭᠤᠰᠤᠭᠰᠠᠨ ᠠᠴᠠ ᠨᠠᠭᠠᠰᠢᠳᠠ ᠬᠠᠮᠤᠭ ᠤᠨ ᠬᠦᠨᠳᠦ ᠨᠣᠴᠢᠲᠠᠶ ᠪᠠᠭᠤᠷᠠᠯᠲᠠ ᠳᠤ ᠤᠴᠠᠷᠠᠪᠠ᠂ ᠭᠤᠷᠪᠠ ᠳᠤ ᠪᠥᠬᠦ ᠲᠠᠯ᠎ᠠ ᠪᠠᠷ ᠲᠠᠰ ᠳᠡᠪᠰᠢᠬᠦ ᠶᠢ ᠵᠠᠷᠢᠮ ᠤᠯᠤᠰ ᠬᠤᠷᠢᠭᠯᠠᠵᠤ᠂ ᠭᠠᠳᠠᠭᠠᠳᠤ ᠣᠷᠴᠢᠨ ᠳᠤ ᠯᠤᠲᠤ ᠶᠡᠭᠡ ᠥᠷᠢᠰᠥᠯᠳᠦᠭᠡᠨ ᠠᠪᠴᠢᠷᠠᠪᠠ᠃ ︽ᠡᠩ ᠲᠡᠷᠢᠭᠦᠨ ᠳᠤ ᠬᠢᠵᠢᠭ ᠤᠨ ᠪᠠᠶᠢᠳᠠᠯ ᠢ ᠬᠤᠷᠢᠭᠯᠠᠨ ᠵᠣᠭᠰᠤᠭᠠᠵᠤ︾ ︽ᠡᠩ ᠲᠡᠷᠢᠭᠦᠨ ᠳᠤ ᠠᠵᠢᠯ ᠢᠶᠠᠨ ᠰᠡᠷᠭᠦᠭᠡᠨ ᠦᠢᠯᠡᠳᠪᠦᠷᠢᠯᠡᠯ ᠢᠶᠠᠨ ᠰᠡᠷᠭᠦᠭᠡᠵᠦ︾      ︽ᠡᠩ ᠲᠡᠷᠢᠭᠦᠨ ᠳᠤ ᠠᠵᠤ ᠠᠬᠤᠢ ᠶᠢᠨ ᠨᠡᠮᠡᠭᠳᠡᠯ ᠰᠥᠭᠡᠷᠭᠦ ᠪᠠᠶᠢᠭᠰᠠᠨ ᠠᠴᠠ ᠪᠠᠨ ᠡᠶᠡᠷᠭᠦ ᠪᠣᠯᠬᠤ ᠶᠢ ᠪᠡᠶᠡᠯᠡᠭᠦᠯᠵᠡᠢ︾᠂ ᠲᠤᠰ ᠤᠳᠠᠭᠠᠨ ᠤ ᠬᠤᠷᠠᠯ ᠨᠢ ︽ᠭᠤᠷᠪᠠᠨ ᠡᠩ ᠲᠡᠷᠢᠭᠦᠨ︾ ᠢᠶᠠᠷ ᠡᠨᠡ ᠵᠢᠯ ᠤᠨ ᠳᠤᠮᠳᠠᠳᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠢᠯᠡ ᠲᠣᠳᠣ ᠣᠨᠴᠠᠯᠢᠭ ᠢ ᠲᠦᠢᠮᠤᠴᠢᠯᠠᠨ ᠳᠤᠷᠠᠳᠪᠠ᠃
2020-12-23-516f318307-29e6-487b-9f0f-bd8ef3345cf3.jpg
      ︽ᠭᠤᠷᠪᠠᠨ ᠬᠦᠨᠳᠦ ᠨᠣᠴᠢᠲᠠᠢ ᠲᠠᠭᠠᠷᠢᠯᠳᠠ ᠳᠣᠣᠷ᠎ᠠ ︿ᠭᠤᠷᠪᠠᠨ ᠲᠡᠷᠢᠭᠦᠨ﹀ ᠢ ᠪᠡᠶᠡᠯᠡᠭᠦᠯᠵᠦ᠂ ᠳᠤᠮᠳᠠᠳᠤ ᠤᠯᠤᠰ ᠨᠢᠭᠡᠨ ᠤᠳᠠᠭᠠᠨ ᠤ ᠠᠮᠵᠢᠯᠲᠠᠲᠠᠢ ᠲᠠᠶᠢᠨ ᠬᠢᠭᠰᠡᠨ ᠪᠥᠭᠡᠳ ︿ᠭᠤᠷᠪᠠᠨ ᠶᠡᠭᠡ ᠠᠮᠵᠢᠯᠲᠠ﹀ ᠶᠢ ᠣᠯᠵᠠᠢ᠄ ᠡᠯᠪᠡᠭ ᠪᠠᠶᠠᠯᠢᠭ ᠪᠣᠳᠠᠰ ᠤᠨ ᠦᠷ᠎ᠡ ᠪᠦᠲᠦᠭᠡᠯ ᠢ ᠣᠯᠪᠠ︔ ᠣᠶᠤᠨ ᠰᠠᠨᠠᠭᠠᠨ ᠤ ᠡᠳ᠋ ᠪᠠᠶᠠᠯᠢᠭ ᠢ ᠣᠯᠪᠠ︔ ᠶᠡᠭᠡ ᠪᠠᠷ ᠳᠡᠭᠡᠭᠰᠢᠯᠡᠭᠰᠡᠨ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ ᠢ ᠣᠯᠪᠠ ᠃ ᠪᠢᠳᠡᠨ ᠤ ᠨᠢᠭᠲᠠᠷᠠᠯ ᠤᠨ ᠬᠦᠴᠦᠨ᠂ ᠲᠥᠪᠯᠡᠩᠭᠦᠢ ᠬᠦᠴᠦᠨ ᠶᠡᠭᠡ ᠪᠠᠷ ᠳᠡᠭᠡᠭᠰᠢᠯᠡᠪᠡ᠃︾ ᠭᠡᠵᠦ ᠬᠤᠷᠠᠯ ᠳᠤ ᠣᠷᠣᠯᠴᠠᠭᠰᠠᠨ ᠨᠢᠭᠡ ᠨᠥᠬᠦᠷ ᠰᠡᠳᠬᠢᠯ ᠬᠥᠳᠡᠯᠦᠨ ᠬᠡᠯᠡᠪᠡ᠃      ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠳᠡᠯᠡᠬᠡᠶ ᠶᠢᠨ ᠪᠠᠶᠢᠳᠠᠯ᠂ ᠬᠠᠲᠠᠭᠤ ᠪᠡᠷᠬᠡᠰᠢᠶᠡᠯᠲᠡᠢ ᠨᠦᠰᠡᠷ ᠬᠦᠨᠳᠦ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠲᠠᠭᠠᠷᠢᠯᠲᠠ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠪᠠᠶᠢᠳᠠᠯ ᠢ ᠣᠨᠣᠪᠴᠢᠲᠠᠶ ᠮᠠᠭᠠᠳᠯᠠᠨ᠂ ᠨᠠᠷᠢᠨ ᠨᠢᠮᠪᠠᠶ ᠲᠥᠯᠥᠪᠵᠢᠭᠦᠯᠦᠨ ᠪᠠᠶᠢᠷᠢᠯᠠᠭᠤᠯᠵᠤ᠂ ᠡᠷᠡᠰ ᠰᠢᠭᠤᠷᠬᠠᠶ ᠪᠠᠷ ᠠᠵᠢᠯᠯᠠᠭ᠎ᠠ ᠬᠢᠵᠦ᠂ ᠬᠠᠲᠠᠭᠤᠵᠢᠯᠲᠠᠶ ᠴᠢᠷᠮᠠᠶᠢᠯᠭ᠎ᠠ ᠭᠠᠷᠭᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ᠂ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ᠂ ᠲᠡᠦᠬᠡ ᠶᠢᠨ ᠬᠠᠭᠤᠳᠠᠰᠤᠨ ᠳᠤ ᠲᠡᠮᠳᠡᠭᠯᠡᠭᠳᠡᠭᠰᠡᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃      — ᠳᠤᠮᠳᠠᠳᠤ ᠤᠯᠤᠰ ᠪᠦᠬᠦ ᠪᠥᠮᠪᠥᠷᠴᠡᠭ ᠤᠨ ᠴᠤᠷ ᠤᠨ ᠭᠠᠭᠴᠠ ᠠᠵᠤ ᠠᠬᠤᠢ ᠶᠢᠨ ᠡᠶᠡᠷᠭᠦ ᠨᠡᠮᠡᠭᠳᠡᠯ ᠢ ᠪᠡᠶᠡᠯᠡᠭᠦᠯᠦᠭᠰᠡᠨ ᠭᠤᠣᠯ ᠠᠵᠤ ᠠᠬᠤᠢ ᠶᠢᠨ ᠴᠣᠭᠴᠠ ᠪᠣᠯᠪᠠ᠃ ᠨᠢᠭᠡᠳᠦᠭᠡᠷ ᠤᠯᠠᠷᠢᠯ ᠳᠤ 6.8% ᠪᠠᠷ ᠪᠠᠭᠠᠰᠴᠤ᠂ ᠬᠤᠶᠠᠳᠤᠭᠠᠷ ᠤᠯᠠᠷᠢᠯ ᠳᠤ 3.2% ᠢᠶᠠᠷ ᠨᠡᠮᠡᠭᠳᠡᠨ᠂ ᠭᠤᠷᠪᠠᠳᠤᠭᠠᠷ ᠤᠯᠠᠷᠢᠯ ᠳᠤ 4.9% ᠪᠠᠷ ᠳᠡᠭᠡᠭᠰᠢᠯᠡᠭᠡᠳ᠂ ᠳᠤᠮᠳᠠᠳᠤ ᠤᠯᠤᠰ ᠤᠨ ᠠᠵᠤ ᠠᠬᠤᠢ ᠶᠢᠨ ᠡᠷᠭᠢᠯᠲᠡ ᠤᠯᠠᠷᠢᠯ ᠳᠠᠷᠠᠭᠠᠯᠠᠨ ᠰᠠᠶᠢᠵᠢᠷᠠᠵᠤ᠂ ᠠᠯᠬᠤᠮ ᠠᠯᠬᠤᠮ ᠢᠶᠠᠷ ᠬᠡᠪ ᠤᠨ ᠪᠠᠶᠢᠳᠠᠯ ᠢᠶᠠᠨ ᠰᠡᠷᠭᠦᠭᠡᠨ᠂ ᠪᠦᠬᠦ ᠵᠢᠯ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ 100 ᠲᠦᠮᠡᠨ ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠴᠢᠬᠤᠯᠠ ᠶᠡᠭᠡ ᠠᠬᠢᠴᠠ ᠲᠠᠢ ᠪᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢᠨ ᠠᠯᠬᠤᠴᠠ ᠲᠦᠷᠭᠡᠳᠴᠦ᠂ ᠰᠢᠨ᠎ᠡ ᠬᠥᠳᠡᠯᠭᠡᠭᠴᠢ ᠡᠨᠧᠷᠭᠢ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠰᠤᠷᠠᠯᠲᠠ ᠦᠭᠡᠢ ᠴᠣᠯᠭᠤᠷᠠᠨ ᠢᠯᠡᠷᠡᠪᠡ᠃ ᠳᠤᠮᠳᠠᠳᠤ ᠤᠯᠤᠰ ᠤᠨ ᠠᠵᠤ ᠠᠬᠤᠶ ᠠᠶᠤᠯ ᠲᠦᠭᠰᠢᠭᠦᠷᠢ ᠲᠠᠢ ᠲᠡᠮᠡᠴᠡᠬᠦ ᠬᠦᠴᠦᠷᠬᠡᠭ ᠶᠡᠭᠡ ᠴᠢᠳᠠᠪᠤᠷᠢ᠂ ᠡᠷᠡᠰ ᠬᠠᠲᠠᠭᠤ ᠤᠶᠠᠨ ᠬᠠᠳᠠᠨ ᠴᠢᠨᠠᠷ ᠢ ᠢᠯᠡᠷᠡᠭᠦᠯᠪᠡ᠃
2020-12-23-19cfaafef9-4599-433c-b374-750e975ac3d9.jpg
      — ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠰᠢᠢᠳᠪᠦᠷᠢᠲᠦ ᠴᠢᠨᠠᠷᠲᠠᠢ ᠠᠮᠵᠢᠯᠲᠠ ᠤᠯᠪᠠ᠃ ᠵᠢᠯ ᠤᠨ ᠡᠬᠢᠨ ᠳᠤ ᠦᠯᠡᠳᠡᠵᠦ ᠪᠠᠶᠢᠭᠰᠠᠨ 551 ᠲᠦᠮᠡᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠪᠠ 52 ᠶᠠᠳᠠᠭᠤ ᠬᠦᠴᠢᠷᠳᠡᠯᠲᠡᠢ ᠰᠢᠶᠠᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠵᠤ᠂ ᠪᠣᠬᠢᠷᠲᠤᠯ ᠥᠬᠡᠶ ᠬᠥᠭᠵᠢᠯᠲᠡ ᠶᠢᠨ ᠬᠠᠨᠳᠤᠰᠢ ᠰᠠᠶᠢᠨ ᠪᠠᠶᠢᠨ᠎ᠠ᠃ ᠨᠢᠭᠡ ᠪᠦᠯᠦᠭ ᠬᠦᠨᠳᠦ ᠶᠡᠭᠡ ᠠᠶᠤᠯ ᠲᠦᠭᠰᠢᠭᠦᠷᠢᠲᠦ ᠳᠠᠯᠳᠡ ᠭᠡᠮ ᠢ ᠣᠨᠣᠪᠴᠢᠲᠠᠢ ᠵᠠᠳᠠᠯᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ ᠠᠵᠢᠯ ᠴᠢᠬᠤᠯᠠ ᠱᠠᠳᠤᠴᠢ ᠴᠢᠨᠠᠷᠲᠠᠢ ᠦᠷ᠎ᠡ ᠪᠦᠲᠦᠭᠡᠯ ᠤᠯᠪᠠ᠃       — ᠥᠭᠡᠷᠡᠴᠢᠯᠡᠯᠲᠡ ᠨᠡᠭᠡᠭᠡᠯᠲᠡ ᠴᠢᠬᠤᠯᠠ ᠳᠠᠪᠠᠯᠲᠠ ᠶᠢ ᠪᠡᠶᠡᠯᠡᠭᠦᠯᠪᠡ᠃ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠥᠭᠡᠷᠡᠴᠢᠯᠡᠯᠲᠡ ᠨᠡᠬᠡᠭᠡᠯᠲᠡ ᠶᠢᠨ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠤᠭᠤᠯᠤᠯᠲᠠ ᠭᠠᠷᠭᠠᠯᠲᠠ ᠪᠠ ᠭᠠᠳᠠᠭᠠᠳᠤ ᠪᠡᠯᠡ ᠶᠢ ᠠᠰᠢᠭᠯᠠᠬᠤ ᠪᠠᠶᠢᠳᠠᠯ ᠰᠥᠷᠥᠨ ᠨᠡᠮᠡᠭᠳᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠯᠠᠪᠳᠠᠭᠤᠨ ᠢᠶᠠᠷ ᠠᠬᠢᠵᠤ᠂ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠵᠥᠪᠳᠡᠯᠴᠡᠭᠡᠷ ᠲᠤ ᠭᠠᠷ ᠤᠨ ᠦᠰᠦᠭ ᠠᠮᠵᠢᠯᠲᠠ ᠲᠠᠢ ᠵᠢᠷᠤᠵᠤ᠂ ᠥᠭᠡᠷᠡᠴᠢᠯᠡᠯᠲᠡ ᠨᠡᠭᠡᠭᠡᠯᠲᠡ ᠰᠢᠨ᠎ᠡ ᠡᠬᠢᠯᠡᠯᠲᠡ ᠶᠢᠨ ᠴᠡᠭ ᠠᠴᠠ ᠪᠠᠨ ᠠᠬᠢᠨ ᠮᠣᠷᠳᠠᠪᠠ᠃ 
 2020-12-23-49f6f16a66-b469-41c4-9b21-7dc2e41b234c.jpg
      — ᠠᠷᠠᠳ ᠤᠨ ᠠᠮᠢᠳᠤᠷᠠᠯ ᠬᠦᠴᠦᠲᠡᠶ ᠪᠠᠲᠤᠯᠠᠭ᠎ᠠ ᠲᠠᠢ ᠪᠣᠯᠪᠠ᠃ ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ 1100 ᠲᠦᠮᠡᠨ ᠬᠥᠮᠥᠨ ᠢ ᠳᠠᠪᠠᠵᠤ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ ᠠᠵᠤ ᠠᠬᠤᠢ ᠶᠢᠨ ᠨᠡᠮᠡᠭᠳᠡᠯ ᠦᠨᠳᠦᠰᠦᠨ ᠳᠤ ᠪᠠᠨ ᠠᠳᠠᠯᠢ ᠠᠯᠬᠤᠮ ᠲᠠᠢ ᠪᠣᠯᠪᠠ᠃ ᠰᠣᠶᠣᠯ ᠵᠢᠭᠤᠯᠴᠢᠯᠠᠯ᠂ ᠨᠡᠶᠢᠭᠡᠮ ᠤᠨ ᠪᠠᠲᠤᠯᠠᠭ᠎ᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠨᠡᠶᠢᠭᠡᠮ ᠤᠨ ᠵᠠᠰᠠᠯᠲᠠ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ ᠠᠵᠢᠯ ᠦᠢᠯᠡᠰ ᠰᠢᠨ᠎ᠡ ᠠᠬᠢᠴᠠ ᠲᠠᠢ ᠪᠣᠯᠵᠤ᠂ ᠨᠡᠶᠢᠭᠡᠮ ᠤᠨ ᠬᠥᠭᠵᠢᠯᠲᠡ ᠶᠢᠨ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠬᠦ ᠠᠵᠢᠯ ᠲᠦᠷᠭᠡᠪᠴᠢᠯᠡᠨ ᠠᠬᠢᠪᠠ᠃ ᠵᠠᠬ᠎ᠠ ᠳᠡᠯᠭᠡᠭᠦᠷ ᠤᠨ ᠬᠠᠩᠭᠠᠯᠭ᠎ᠠ ᠡᠯᠪᠡᠭ ᠳᠡᠯᠪᠡᠭ᠂ ᠦᠨ᠎ᠡ ᠬᠠᠩᠰᠢ ᠦᠨᠳᠦᠰᠦᠨ ᠳᠤ ᠪᠠᠨ ᠲᠣᠭᠲᠠᠪᠤᠷᠢᠲᠠᠢ ᠪᠣᠯᠪᠠ᠃ 
2020-12-23-18016a6de3-0b6c-48f2-a9d1-acb2150f3968.jpg
      2020 ᠣᠨ ᠪᠣᠯ ᠪᠠᠰᠠ ᠴᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠃ 5 ᠵᠢᠯ ᠤᠨ ᠲᠤᠷᠰᠢ ᠬᠠᠯᠠᠰᠢᠷᠠᠯ ᠦᠭᠡᠢ ᠲᠡᠮᠡᠴᠡᠬᠦ ᠪᠠᠷ ᠳᠠᠮᠵᠢᠭᠠᠳ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠲᠡᠦᠬᠡᠲᠦ ᠴᠢᠨᠠᠷᠲᠠᠢ ᠰᠢᠨ᠎ᠡ ᠠᠮᠵᠢᠯᠲᠠ ᠣᠯᠵᠤ᠂ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ ᠶᠡᠷᠦᠩᠬᠡᠢ ᠬᠦᠴᠦᠨ ᠪᠠ ᠠᠷᠠᠳ ᠤᠨ ᠠᠮᠢᠳᠤᠷᠠᠯ ᠤᠨ ᠬᠢᠷᠢ ᠲᠦᠪᠰᠢᠨ ᠳᠠᠬᠢᠨᠲᠠ ᠰᠢᠨ᠎ᠡ ᠳᠡᠭᠲᠡᠷ ᠲᠤ ᠭᠠᠷᠴᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠢᠯᠠᠯᠲᠠ ᠶᠢ ᠤᠳᠠᠯ ᠦᠭᠡᠢ ᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠰᠢᠨ᠎ᠡ ᠨᠢᠭᠡᠨ ᠲᠣᠮᠣ ᠠᠯᠬᠤᠮ ᠢ ᠠᠯᠬᠤᠪᠠ᠃       ︽ᠮᠠᠨ ᠤ ᠤᠯᠤᠰ ᠳᠡᠯᠡᠬᠡᠶ ᠶᠢᠨ ᠠᠵᠤ ᠠᠬᠤᠶ ᠶᠢᠨ ᠪᠠᠭᠤᠷᠠᠯᠲᠠ ᠶᠢᠨ ᠳᠤᠮᠳᠠ ᠰᠠᠯᠬᠢ ᠳᠠᠪᠠᠯᠭᠠᠨ ᠢ ᠰᠥᠷᠥᠨ ᠤᠷᠤᠭᠰᠢᠯᠠᠪᠠ᠂ ᠡᠭᠦᠨ ᠢᠶᠠᠨ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠳᠡᠭᠡᠷ᠎ᠡ ᠣᠮᠤᠭ ᠪᠠᠭ᠋ᠠᠳᠤᠯ ᠲᠠᠢ ᠪᠠᠷ ᠪᠢᠴᠢᠵᠦ ᠪᠣᠯᠤᠨ᠎ᠠ︾᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠯᠭᠠᠯᠲᠠ ᠶᠢᠨ ᠬᠠᠭᠤᠳᠠᠰᠤ ᠶᠢ ᠴᠢᠨᠠᠷ ᠰᠠᠶᠢᠲᠠᠶ ᠬᠠᠷᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶ ᠶᠢᠨ ᠦᠨᠳᠦᠰᠦᠨ ᠰᠠᠭᠤᠷᠢ ᠶᠢ ᠲᠣᠭᠲᠠᠪᠤᠷᠢᠵᠢᠭᠤᠯᠵᠤ᠂ ︿ᠳᠤᠮᠳᠠᠳᠤ ᠤᠯᠤᠰ ᠤᠨ ᠵᠠᠰᠠᠯᠲᠠ﹀ ᠶᠢᠨ ᠢᠯᠡᠳᠲᠡ ᠳᠠᠪᠠᠭᠤᠯᠢᠭ ᠢ ᠪᠥᠬᠦ ᠲᠠᠯ᠎ᠠ ᠪᠠᠷ ᠢᠯᠡᠷᠡᠭᠦᠯᠪᠡ︾ ᠁ ᠳᠤᠭᠤᠶᠢᠯᠠᠩ ᠬᠤᠪᠢᠶᠠᠨ ᠶᠠᠷᠢᠯᠴᠠᠬᠤ ᠦᠶ᠎ᠡ ᠳᠤ᠂ ᠡᠨᠡ ᠵᠢᠯ ᠤᠨ ᠪᠡᠷᠬᠡ ᠬᠠᠲᠠᠭᠤᠵᠢᠯᠲᠠᠶ ᠪᠠᠶᠢᠳᠠᠯ ᠪᠠ ᠣᠯᠤᠭᠰᠠᠨ ᠶᠡᠷᠦ ᠪᠤᠰᠤ ᠶᠢᠨ ᠠᠮᠵᠢᠯᠲᠠ ᠪᠦᠲᠦᠮᠵᠢ ᠶᠢᠨ ᠲᠤᠬᠠᠶ ᠬᠤᠷᠠᠯ ᠳᠤ ᠣᠷᠣᠯᠴᠠᠭᠰᠠᠨ ᠨᠥᠬᠦᠳ ᠬᠥᠷ ᠬᠥᠭᠵᠢᠶᠡᠨ ᠲᠠᠢ ᠶᠠᠷᠢᠯᠴᠠᠵᠤ᠂ ᠭᠦᠨ ᠲᠥᠷᠥᠭᠳᠡᠯ ᠲᠠᠢ ᠪᠠᠶᠢᠯ᠎ᠠ᠃       ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠠᠮᠵᠢᠯᠲᠠ ᠪᠦᠲᠦᠮᠵᠢ ᠬᠢᠯᠪᠠᠷ ᠪᠤᠰᠤ ᠪᠠᠷ ᠢᠷᠡᠭᠰᠡᠨ ᠶᠤᠮ᠂ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃      ᠪᠦᠬᠦ ᠪᠥᠮᠪᠥᠷᠴᠡᠭ ᠢ ᠠᠵᠢᠭᠯᠠᠪᠠᠯ᠂ ︽ᠳᠤᠮᠳᠠᠳᠤ ᠤᠯᠤᠰ ᠤᠨ ᠵᠠᠰᠠᠯᠲᠠ︾ ᠪᠣᠯᠤᠨ ︽ᠥᠷᠥᠨᠡᠳᠠᠬᠢᠨ ᠤ ᠰᠠᠮᠠᠭᠤᠷᠠᠯ︾ ᠤᠨ ᠬᠠᠷᠢᠴᠠᠭᠤᠯᠤᠯ ᠨᠡᠩ ᠢᠯᠡ ᠲᠣᠳᠣ ᠪᠤᠯᠵᠤ᠂ ᠠᠷᠠᠳ ᠤᠯᠠᠨ ᠳᠣᠲᠣᠭᠠᠳᠤ ᠰᠡᠳᠬᠢᠯ ᠠᠴᠠ ᠪᠠᠨ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠨᠡᠶᠢᠭᠡᠮ ᠵᠢᠷᠤᠮᠲᠤ ᠪᠠᠶᠢᠭᠤᠯᠤᠯ ᠤᠨ ᠳᠠᠪᠠᠭᠤᠯᠢᠭ ᠴᠢᠨᠠᠷ ᠢ ᠨᠡᠩ ᠭᠦᠨᠵᠡᠭᠡᠢ ᠣᠶᠢᠯᠠᠭᠠᠵᠤ᠂ ᠠᠭᠤᠤ ᠶᠡᠭᠡ ᠡᠬᠡ ᠤᠯᠤᠰ ᠤᠨ ᠢᠶᠠᠨ ᠲᠥᠯᠥᠭᠡ ᠨᠡᠩ ᠴᠢᠩ ᠰᠡᠳᠬᠢᠯ ᠠᠴᠠ ᠪᠠᠨ ᠣᠮᠣᠭᠰᠢᠵᠤ ᠪᠠᠶᠢᠨ᠎ᠠ᠃ 
2020-12-23-53b370ce41-e67b-457e-87c8-9dfc5e3e437f.jpg
      ᠡᠷᠬᠢᠮ ᠨᠠᠨᠳᠢᠨ ᠰᠡᠩᠬᠡᠷᠡᠭᠦᠯᠦᠯ — ᠴᠢᠬᠤᠯᠠ ᠶᠡᠭᠡ ᠵᠠᠩᠭᠢᠯᠠᠭ᠎ᠠ ᠶᠢᠨ ᠦᠶ᠎ᠡ ᠶᠢᠨ ᠴᠢᠬᠤᠯᠠ ᠶᠡᠭᠡ ᠰᠢᠯᠭᠠᠯᠲᠠ᠂ ᠬᠠᠲᠠᠭᠤ ᠴᠢᠩᠭ᠎ᠠ ᠥᠷᠢᠰᠥᠯᠳᠦᠭᠡᠨ ᠤ ᠳᠣᠣᠷ᠎ᠠ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠬᠦ ᠳᠤ᠂ ︽ᠲᠠᠪᠤᠨ ᠦᠨᠳᠦᠰᠦᠨ︾ ᠤ ᠠᠭᠤᠯᠤᠭᠳᠠᠬᠤᠨ ᠭᠦᠨᠵᠡᠭᠡᠢ᠂ ᠰᠡᠩᠬᠡᠷᠡᠭᠦᠯᠦᠯ ᠭᠦᠨ ᠪᠠᠶᠢᠨ᠎ᠠ       ᠬᠤᠷᠠᠯ ᠠᠴᠠ ᠴᠢᠬᠤᠯᠠᠴᠢᠯᠠᠨ ᠵᠢᠭᠠᠵᠤ ᠭᠠᠷᠭᠠᠭᠰᠠᠨ ᠨᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠵᠢᠭᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠦᠢᠯᠡᠳᠦᠯᠭᠡ ᠳᠤᠮᠳᠠ᠂ ᠪᠢᠳᠡ ᠬᠠᠲᠠᠭᠤ ᠴᠢᠩᠭ᠎ᠠ ᠥᠷᠢᠰᠥᠯᠳᠦᠭᠡᠨ ᠤ ᠳᠣᠣᠷ᠎ᠠ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠭᠦᠨᠵᠡᠭᠡᠶᠢᠷᠡᠭᠦᠯᠪᠡ᠃       ︽ᠨᠠᠮ ᠤᠨ ᠲᠥᠪ ᠬᠤᠷᠢᠶᠠᠨ ᠤ ᠡᠷᠬᠡ ᠰᠦᠷ ᠪᠣᠯ ᠠᠶᠤᠯ ᠲᠦᠭᠰᠢᠭᠦᠷᠢᠲᠡᠢ ᠴᠠᠭ ᠮᠥᠴᠡ ᠳᠤ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠴᠢᠷ ᠢ ᠰᠦᠷᠦᠨ ᠤᠷᠤᠭᠰᠢᠯᠠᠬᠤ ᠦᠨᠳᠦᠰᠦᠨ ᠲᠦᠰᠢᠭ ᠲᠤᠯᠭᠠᠭᠤᠷᠢ ᠮᠥᠨ︾᠃      ︽ᠠᠷᠠᠳ ᠲᠦᠮᠡᠨ ᠢ ᠳᠡᠭᠡᠳᠦᠯᠡᠬᠦ ᠪᠣᠯ ᠵᠥᠪ ᠰᠣᠩᠭᠤᠯᠲᠠ ᠬᠢᠬᠦ ᠶᠢᠨ ᠦᠨᠳᠦᠰᠦᠨ ᠤᠷᠢᠲᠠᠯ ᠮᠥᠨ︾᠃       ︽ᠪᠠᠶᠢᠭᠤᠯᠤᠯ ᠤᠨ ᠳᠠᠪᠠᠭᠤᠯᠢᠭ ᠪᠣᠯ ᠴᠠᠭ ᠤᠨ ᠪᠡᠷᠬᠡ ᠶᠢ ᠬᠠᠮᠲᠤ ᠪᠠᠷ ᠲᠤᠭᠤᠯᠬᠤ ᠠᠤᠭ᠎ᠠ ᠶᠡᠭᠡ ᠬᠦᠴᠦᠨ ᠢ ᠪᠦᠷᠢᠯᠳᠦᠭᠦᠯᠬᠦ ᠦᠨᠳᠦᠰᠦᠨ ᠪᠠᠲᠤᠯᠠᠭ᠎ᠠ ᠮᠥᠨ︾᠃       ︽ᠰᠢᠨᠵᠢᠯᠡᠬᠦ ᠤᠬᠠᠭᠠᠨᠴᠢ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠪᠠ ᠪᠦᠲᠦᠭᠡᠯᠴᠢ ᠪᠠᠷ ᠠᠷᠭᠠᠴᠠᠭᠠᠬᠤ ᠪᠣᠯ ᠠᠶᠤᠯ ᠲᠦᠭᠰᠢᠭᠦᠷᠢ ᠶᠢ ᠠᠵᠠ ᠲᠣᠬᠢᠶᠠᠯ ᠪᠤᠯᠭᠠᠨ ᠬᠤᠪᠢᠷᠠᠭᠤᠯᠬᠤ ᠶᠢᠨ ᠦᠨᠳᠦᠰᠦᠨ ᠠᠷᠭ᠎ᠠ ᠮᠥᠨ︾᠃      ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠣᠯ ᠬᠥᠭᠵᠢᠯᠲᠡ ᠶᠢᠨ ᠶᠡᠭᠡ ᠲᠠᠯ᠎ᠠ ᠶᠢ ᠠᠬᠢᠭᠤᠯᠬᠤ ᠶᠢᠨ ᠦᠨᠳᠦᠰᠦᠨ ᠲᠤᠯᠭᠠᠭᠤᠷᠢᠯᠠᠯ ᠮᠥᠨ︾᠃ ᠬᠤᠷᠠᠯ ᠠᠴᠠ ᠳᠤᠷᠠᠳᠤᠭᠰᠠᠨ ᠡᠨᠡ ᠬᠦ ︽ᠲᠠᠪᠤᠨ ᠦᠨᠳᠦᠰᠦᠨ︾ ᠲᠤᠷᠰᠢᠯᠭ᠎ᠠ ᠨᠢ ᠥᠩᠭᠡᠷᠡᠭᠰᠡᠨ ᠢᠶᠠᠨ ᠳ᠋ᠦᠩᠨᠡᠵᠦ᠂ ᠢᠷᠡᠭᠡᠳᠦᠢ ᠳᠤ ᠰᠡᠩᠬᠡᠷᠡᠭᠦᠯᠦᠯ ᠪᠣᠯᠪᠠ᠃       ︽ᠡᠨᠡ ︿ᠲᠠᠪᠤᠨ ᠦᠨᠳᠦᠰᠦᠨ﹀ ᠪᠣᠯ ᠵᠢᠮ᠎ᠡ ᠶᠣᠰᠣ ᠮᠥᠨ᠂ ᠪᠠᠰᠠ ᠴᠤ ᠲᠤᠷᠰᠢᠯᠭ᠎ᠠ ᠮᠥᠨ᠂ ᠪᠢᠳᠡᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠢᠯᠠᠯᠲᠠ ᠠᠴᠠ ᠢᠯᠠᠯᠲᠠ ᠳᠤ ᠬᠥᠷᠬᠦ ᠶᠢᠨ ᠦᠨᠳᠦᠰᠦᠨ ᠵᠢᠷᠤᠮᠯᠠᠯ ᠮᠥᠨ︾᠂ ᠬᠤᠷᠠᠯ ᠳᠤ ᠣᠷᠣᠯᠴᠠᠭᠰᠠᠨ ᠨᠥᠬᠦᠳ ᠶᠠᠷᠢᠯᠴᠠᠯᠭ᠎ᠠ ᠳᠤ ᠪᠠᠨ ᠨᠡᠶᠢᠳᠡᠮ ᠦᠵᠡᠭᠰᠡᠨ ᠨᠢ᠂ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠵᠤ ᠠᠬᠤᠢ ᠶᠢᠨ ᠦᠵᠡᠯ ᠰᠠᠨᠠᠭᠠᠨ ᠤ ᠬᠠᠮᠤᠭ ᠤᠨ ᠰᠢᠨ᠎ᠡ ᠦᠷ᠎ᠡ ᠪᠦᠲᠦᠭᠡᠯ ᠤᠨ ᠳᠡᠭᠡᠳᠦ ᠬᠡᠮᠵᠢᠶᠡᠨ ᠤ ᠬᠤᠷᠢᠶᠠᠩᠭᠤᠶᠢᠯᠠᠯ ᠪᠣᠯᠤᠨ᠎ᠠ᠃      ︽ᠲᠠᠪᠤᠨ ᠦᠨᠳᠦᠰᠦᠨ︾ ᠤ ᠳᠣᠲᠣᠷ᠎ᠠ᠂ ︽ᠨᠠᠮ ᠤᠨ ᠲᠥᠪ ᠬᠤᠷᠢᠶᠠᠨ ᠤ ᠡᠷᠬᠡ ᠰᠦᠷ ᠪᠣᠯ ᠠᠶᠤᠯ ᠲᠦᠭᠰᠢᠭᠦᠷᠢᠲᠡᠢ ᠴᠠᠭ ᠮᠥᠴᠡ ᠳᠤ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠴᠢᠷ ᠢ ᠰᠦᠷᠦᠨ ᠤᠷᠤᠭᠰᠢᠯᠠᠬᠤ ᠶᠢᠨ ᠦᠨᠳᠦᠰᠦᠨ ᠲᠦᠰᠢᠭ ᠮᠥᠨ︾ ᠭᠡᠬᠦ ᠵᠤᠷᠪᠤᠰ ᠪᠣᠯ ᠶᠡᠷᠦᠩᠬᠡᠢ ᠵᠠᠬᠢᠷᠤᠯᠲᠠ᠂ ᠵᠠᠩᠭᠢᠯᠠᠭ᠎ᠠ ᠪᠣᠯᠤᠨ᠎ᠠ᠃ 
2020-12-23-31f53136bf-0e00-4c16-92ec-3b3aea4e2513.jpg
      ᠬᠤᠷᠠᠯ ᠠᠴᠠ ᠢᠯᠡ ᠲᠣᠳᠣᠷᠬᠠᠢ ᠳᠤᠷᠠᠳᠤᠭᠰᠠᠨ ᠨᠢ᠂ ᠴᠢᠬᠤᠯᠠ ᠶᠡᠭᠡ ᠲᠡᠦᠬᠡ ᠶᠢᠨ ᠵᠠᠩᠭᠢᠯᠠᠭ᠎ᠠ ᠶᠢᠨ ᠦᠶ᠎ᠡ᠂ ᠴᠢᠬᠤᠯᠠ ᠶᠡᠭᠡ ᠰᠢᠯᠭᠠᠯᠲᠠ ᠶᠢᠨ ᠡᠮᠦᠨ᠎ᠡ᠂ ᠨᠠᠮ ᠤᠨ ᠲᠥᠪ ᠬᠤᠷᠢᠶᠠᠨ ᠤ ᠮᠠᠭᠠᠳᠯᠠᠬᠤ ᠴᠢᠳᠠᠪᠤᠷᠢ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠴᠢᠳᠠᠪᠤᠷᠢ᠂ ᠠᠵᠢᠯᠯᠠᠭ᠎ᠠ ᠠᠪᠬᠤ ᠴᠢᠳᠠᠪᠤᠷᠢ ᠪᠣᠯ ᠰᠢᠢᠳᠪᠦᠷᠢᠲᠦ ᠴᠢᠨᠠᠷᠲᠠᠢ ᠦᠢᠯᠡᠳᠦᠯ  ᠲᠠᠢ ᠶᠤᠮ᠃       ︽ᠳᠤᠮᠳᠠᠳᠤ ᠤᠯᠤᠰ ᠠᠶᠤᠯ ᠲᠦᠭᠰᠢᠭᠦᠷᠢ ᠶᠢ ᠠᠵᠠ ᠲᠣᠬᠢᠶᠠᠯ ᠪᠣᠯᠭᠠᠨ ᠬᠤᠪᠢᠷᠠᠭᠤᠯᠵᠤ᠂ ᠰᠠᠯᠬᠢ ᠰᠦᠷᠦᠨ ᠳᠠᠪᠠᠯᠭᠠᠨ ᠢ ᠵᠦᠰᠦᠵᠦ ᠶᠡᠷᠦ ᠪᠤᠰᠤ ᠶᠢᠨ ᠠᠮᠵᠢᠯᠲᠠ ᠪᠦᠲᠦᠮᠵᠢ ᠣᠯᠤᠭᠰᠠᠨ ᠶᠠᠪᠤᠳᠠᠯ ᠨᠢ ᠭᠡᠨᠡᠳᠲᠡ ᠶᠢᠨ ᠶᠠᠪᠤᠳᠠᠯ ᠪᠢᠰᠢ᠂ ᠠᠵᠠ ᠲᠣᠬᠢᠶᠠᠯ ᠪᠢᠰᠢ᠂ ᠬᠠᠮᠤᠭ ᠤᠨ ᠦᠨᠳᠦᠰᠦᠨ ᠵᠦᠢᠯ ᠪᠣᠯ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠵᠠᠮᠴᠢᠯᠠᠭᠴᠢ ᠪᠣᠯᠵᠤ ᠵᠠᠯᠠᠭᠤᠷ ᠪᠠᠷᠢᠭᠰᠠᠨ ᠳᠤ ᠪᠠᠶᠢᠨ᠎ᠠ︾ ᠭᠡᠵᠦ ᠨᠢᠭᠡᠨ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠤᠨ ᠪᠦᠷᠢᠯᠳᠦᠬᠦᠨ ᠢᠩᠭᠢᠵᠦ ᠢᠯᠡᠳᠬᠡᠪᠡ᠃
2020-12-23-5709e01d25-936d-4b34-bc08-b2e39f4f46ac.jpg
      ᠰᠢᠶ᠋ᠳᠪᠦᠷᠢᠲᠦ ᠪᠣᠳᠣᠯᠭ᠎ᠠ ᠲᠣᠭᠲᠠᠭᠠᠵᠤ ᠦᠬᠠᠨ ᠬᠤᠲᠠ ᠶᠢ ᠪᠢᠲᠡᠭᠦᠮᠵᠢᠯᠡᠬᠦ ᠠᠴᠠ ᠠᠪᠤᠭᠠᠳ ᠡᠮᠬᠢ ᠵᠢᠷᠤᠮ  ᠲᠠᠢ ᠪᠠᠷ ᠠᠵᠢᠯ ᠢᠶᠠᠨ ᠰᠡᠷᠭᠦᠭᠡᠵᠦ ᠦᠶ᠋ᠯᠡᠳᠪᠦᠷᠢᠯᠡᠯ ᠢᠶᠠᠨ ᠰᠡᠷᠭᠦᠭᠡᠬᠦ ᠬᠦᠷᠲᠡᠯ᠎ᠡ᠂ ᠤᠯᠤᠰ ᠳᠠᠶᠠᠭᠠᠷ ᠤᠨ ᠬᠦᠴᠦᠨ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠢ ᠰᠠᠶᠢᠲᠤᠷ ᠬᠢᠬᠦ ᠠᠴᠠ ᠠᠪᠤᠭᠠᠳ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠠᠶᠢᠯᠠᠯᠳᠤᠭᠠᠨ ᠳᠤ ᠢᠯᠠᠯᠲᠠ ᠣᠯᠬᠤ ᠬᠦᠷᠲᠡᠯ᠎ᠡ ᠁ ᠣᠯᠠᠨ ᠳᠠᠪᠬᠤᠴᠠᠭᠰᠠᠨ ᠬᠡᠯᠪᠡᠷᠢ ᠶᠢᠨ ᠲᠠᠭᠠᠷᠢᠯᠲᠠ ᠳᠤ ᠬᠠᠨᠳᠤᠵᠤ᠂ ᠶᠡᠷᠦᠩᠬᠡᠶ ᠱᠦᠵᠢ ᠰᠢ ᠶᠢᠨ ᠫᠢᠩ ᠶᠡᠷᠦ ᠪᠤᠰᠤ ᠶᠢᠨ ᠠᠷᠭ᠎ᠠ ᠬᠡᠮᠵᠢᠶ᠎ᠡ ᠪᠠᠷ ᠶᠡᠷᠦ ᠪᠤᠰᠤ ᠶᠢᠨ ᠬᠦᠴᠢᠷᠳᠡᠯ ᠳᠤ ᠬᠠᠨᠳᠤᠵᠤ ᠂ ᠯᠠᠪᠳᠠᠭᠤᠨ ᠲᠣᠭᠲᠠᠭᠤᠨ ᠢᠶᠠᠷ ᠠᠷᠭᠠᠴᠠᠭᠠᠵᠤ᠂ ᠰᠢᠨᠵᠢᠯᠡᠬᠦ ᠤᠬᠠᠭᠠᠨᠴᠢ ᠪᠠᠷ ᠰᠢᠶ᠋ᠳᠪᠦᠷᠢᠲᠦ ᠪᠣᠳᠣᠯᠭ᠎ᠠ ᠲᠣᠭᠲᠠᠭᠠᠵᠤ᠂ ᠴᠠᠴᠠᠷ ᠲᠤ ᠰᠠᠭᠤᠵᠤ ᠰᠢᠶ᠋ᠳᠪᠦᠷᠢᠲᠦ ᠠᠷᠭ᠎ᠠ ᠭᠠᠷᠭᠠᠨ᠂ ᠠᠮᠠᠯᠠᠯᠲᠠ ᠪᠠᠨ ᠪᠡᠶᠡᠯᠡᠭᠦᠯᠵᠦ᠂ ᠲᠡᠯᠡᠶ ᠶᠢ ᠰᠢᠩᠭᠡᠭᠡᠬᠦ ᠪᠢᠯᠢᠭᠲᠦ ᠡᠷᠳᠡᠮ ᠪᠣᠯᠤᠨ ᠤᠳᠤᠷᠢᠳᠬᠤ ᠭᠤᠤᠯᠯᠠᠭᠴᠢ ᠶᠢᠨ ᠦᠶ᠋ᠯᠡᠳᠦᠯ ᠢᠶᠠᠨ ᠪᠠᠳᠠᠷᠠᠭᠤᠯᠵᠤ᠂ ᠶᠡᠭᠡ ᠰᠡᠳᠬᠢᠴᠡ ᠶᠡᠭᠡ ᠪᠠᠶᠢᠷᠢᠰᠢᠯᠠᠭᠤᠯᠤᠯᠲᠠ ᠪᠠᠷ ᠶᠡᠭᠡ ᠬᠤᠪᠢᠰᠤᠯᠲᠠ ᠶᠢ ᠠᠷᠭᠠᠴᠠᠭᠠᠵᠤ᠂ ᠲᠥᠷᠥ ᠶᠢ ᠵᠠᠰᠠᠵᠤ ᠵᠠᠰᠠᠭ ᠢ ᠡᠷᠭᠢᠯᠡᠬᠦ ᠭᠠᠷᠮᠠᠭᠠᠶ ᠴᠢᠳᠠᠪᠤᠷᠢ ᠪᠠᠨ ᠳᠠᠬᠢᠨᠲᠠ ᠢᠯᠡᠷᠡᠭᠦᠯᠪᠡ᠃      ︽ᠡᠨᠡ ᠵᠢᠯ ᠤᠨ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠪᠣᠳᠠᠲᠠᠢ ᠦᠢᠯᠡᠳᠦᠯᠭᠡ ᠳᠤᠮᠳᠠ ᠣᠯᠣᠭᠰᠠᠨ ᠶᠡᠭᠡ ᠠᠮᠵᠢᠯᠲᠠ ᠪᠦᠲᠦᠮᠵᠢ᠂ ᠡᠯᠪᠡᠭ ᠪᠠᠶᠠᠯᠢᠭ ᠦᠷ᠎ᠡ ᠪᠦᠲᠦᠭᠡᠯ ᠪᠣᠯᠤᠨ᠎ᠠ ︾ ᠬᠡᠮᠡᠨ ᠬᠤᠷᠠᠯ ᠳᠤ ᠣᠷᠣᠯᠴᠠᠭᠰᠠᠨ ᠨᠥᠬᠦᠳ ᠳᠤᠭᠤᠶᠢᠯᠠᠩ ᠬᠤᠪᠢᠶᠠᠨ ᠶᠠᠷᠢᠯᠴᠠᠬᠤ ᠳᠤ ᠪᠠᠨ ᠦᠨᠡᠨ ᠰᠡᠳᠬᠢᠯ ᠠᠴᠠ ᠪᠠᠨ ᠶᠠᠷᠢᠵᠠᠭᠠᠪᠠ᠃      ︽ᠠᠷᠠᠳ ᠲᠦᠮᠡᠨ ᠢ ᠳᠡᠭᠡᠳᠦᠯᠡᠬᠦ︾ ︽ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠬᠤ︾ ︽ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠ ᠪᠦᠲᠦᠭᠡᠯᠴᠢ ᠴᠢᠨᠠᠷᠲᠠᠢ ᠠᠷᠭᠠᠴᠠᠭᠠᠬᠤ︾ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ︾ ᠁ ︽ᠦᠨᠳᠦᠰᠦᠨ︾ ᠨᠢᠭᠡᠪᠦᠷᠢ ᠳᠤ ᠴᠥᠮ ᠰᠡᠩᠬᠡᠷᠡᠭᠦᠯᠦᠯ ᠠᠭᠤᠯᠵᠤ ᠪᠤᠢ᠃ ᠡᠳᠡᠭᠡᠷ ᠡᠷᠬᠢᠮ ᠨᠠᠨᠳᠢᠨ ᠲᠤᠷᠰᠢᠯᠭ᠎ᠠ ᠨᠢ ᠬᠥᠮᠦᠰ ᠤᠨ ᠢᠮᠠᠭᠲᠠ ᠡᠷᠡᠯᠬᠡᠭᠯᠡᠨ ᠲᠡᠮᠡᠴᠡᠬᠦ ᠶᠢ ᠵᠣᠷᠢᠭᠵᠢᠭᠤᠯᠵᠤ᠂ ᠳᠤᠮᠳᠠᠳᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠦᠳᠦᠯᠥᠨ ᠳᠠᠭᠠᠭᠤᠯᠵᠤ ᠰᠠᠭᠠᠳ ᠦᠭᠡᠢ ᠤᠷᠤᠭᠰᠢᠯᠠᠭᠤᠯᠤᠮᠤᠢ᠃ ᠰᠠᠷᠠᠨ ᠪᠦᠮᠪᠦᠷᠴᠡᠭ ᠢ ᠬᠠᠶᠢᠨ ᠰᠢᠨᠵᠢᠯᠡᠵᠦ᠂ ᠵᠡᠭᠦᠳᠦ ᠪᠠᠨ ᠲᠡᠷᠭᠡᠯᠰᠢᠭᠦᠯᠦᠨ ᠤᠷᠤᠭᠰᠢᠯᠠᠵᠠᠭᠠᠶ᠎ᠠ᠃      ︽ᠡᠨᠡ ᠪᠣᠯ ᠰᠢᠨ᠎ᠡ ᠮᠠᠶ᠋ᠢᠭ ᠤᠨ ᠤᠯᠤᠰ ᠳᠠᠶᠠᠭᠠᠷᠴᠢᠯᠠᠭᠰᠠᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠵᠤ ᠬᠦᠴᠢᠷ ᠢ ᠲᠤᠭᠤᠯᠤᠨ ᠪᠡᠷᠬᠡ ᠶᠢ ᠳᠠᠪᠠᠭᠠᠳ ᠣᠯᠤᠭᠰᠠᠨ ᠪᠠᠰᠠ ᠨᠢᠭᠡᠨ ᠴᠢᠬᠤᠯᠠ ᠶᠡᠭᠡ ᠠᠮᠵᠢᠯᠲᠠ ᠪᠣᠯᠣᠨ᠎ᠠ︾᠂ 12 ᠳ᠋ᠤᠭᠠᠷ ᠰᠠᠷ᠎ᠠ ᠶᠢᠨ 17 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠲᠠᠪᠤᠳᠤᠭᠠᠷ ᠤᠨ ᠡᠭᠦᠷᠭᠡ ᠲᠡᠭᠦᠰ ᠠᠮᠵᠢᠯᠲᠠ ᠣᠯᠤᠭᠰᠠᠨ ᠳᠤ ᠪᠠᠶᠠᠷ ᠬᠦᠷᠭᠡᠪᠡ᠃
2020-12-23-281fc2d081-b669-412c-a5db-430ede59c8c8.jpg
      ᠬᠤᠷᠠᠯ ᠤᠨ ᠬᠤᠭᠤᠴᠠᠭᠠᠨ ᠳᠤ᠂ 2 ᠺᠢᠯᠣᠭ᠍ᠷᠠᠮ ᠣᠷᠴᠢᠮ ᠤᠨ ᠰᠠᠷᠠᠨ ᠪᠦᠮᠪᠦᠷᠴᠡᠭ ᠤᠨ ᠬᠥᠷᠥᠰᠥ ᠶᠢ ᠲᠡᠭᠡᠭᠡᠭᠰᠡᠨ ᠴᠠᠩ ᠧ ᠲᠠᠪᠤᠳᠤᠭᠠᠷ ᠬᠠᠶᠢᠭᠤᠷ ᠠᠮᠵᠢᠯᠲᠠ ᠲᠠᠢ ᠪᠠᠷ ᠪᠤᠴᠠᠵᠤ ᠢᠷᠡᠭᠰᠡᠨ ᠨᠢ ᠬᠤᠷᠠᠯ ᠳᠤ ᠣᠷᠣᠯᠴᠠᠭᠰᠠᠳ ᠤᠨ ᠠᠩᠬᠠᠷᠤᠯ ᠪᠠ ᠬᠠᠯᠠᠭᠤᠨ ᠶᠠᠷᠢᠯᠴᠠᠭ᠎ᠠ ᠶᠢ ᠲᠠᠲᠠᠭᠰᠠᠨ ᠪᠠᠶᠢᠨ᠎ᠠ᠃       ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠪᠣᠯ ᠬᠥᠭᠵᠢᠯᠲᠡ ᠶᠢᠨ ᠶᠡᠭᠡ ᠲᠠᠯ᠎ᠠ ᠶᠢ ᠠᠬᠢᠭᠤᠯᠬᠤ ᠦᠨᠳᠦᠰᠦᠨ ᠲᠦᠰᠢᠭ ᠲᠤᠯᠭᠠᠭᠤᠷᠢ ᠮᠥᠨ᠂ ᠡᠭᠦᠨ ᠢ ᠪᠢᠳᠡ ᠨᠡᠩ ᠭᠦᠨᠵᠡᠭᠡᠶ ᠣᠶᠢᠯᠠᠭᠠᠪᠠ︾᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ ᠠᠴᠠ ᠢᠷᠡᠭᠰᠡᠨ ᠬᠤᠷᠠᠯ ᠳᠤ ᠣᠷᠣᠯᠴᠠᠭᠰᠠᠨ ᠨᠢᠭᠡᠨ ᠨᠥᠬᠦᠷ ᠢᠯᠡᠳᠬᠡᠭᠰᠡᠨ ᠨᠢ᠂ ︽ᠲᠡᠮᠡᠴᠡᠭᠴᠢ︾ ᠨᠡᠷᠡᠮᠵᠢᠲᠦ ᠲᠦᠮᠡᠨ ᠮᠧᠳ᠋ᠷ ᠤᠨ ᠭᠦᠨ ᠳᠠᠯᠠᠶ ᠳᠤ ᠱᠤᠩᠭᠤᠬᠤ ᠲᠤᠷᠰᠢᠯᠲᠠ ᠠᠴᠠ ᠠᠪᠤᠭᠠᠳ ︽ᠵᠢᠦ ᠵᠠᠩ︾ ᠺᠸᠠᠨ᠋ᠲ ᠺᠣᠮᠫᠢᠦ᠋ᠲ᠋ᠧᠷ ᠢ ᠰᠤᠳᠤᠯᠤᠨ ᠦᠢᠯᠡᠳᠬᠦ ᠠᠵᠢᠯ ᠴᠢᠬᠤᠯᠠ ᠠᠬᠢᠯᠲᠠ ᠲᠠᠢ ᠪᠣᠯᠣᠭᠰᠠᠨ ᠬᠦᠷᠲᠡᠯ᠎ᠡ᠂ ᠠᠯᠢ ᠣᠯᠠᠨ ᠰᠢᠨ᠎ᠡ ᠡᠭᠦᠳᠦᠯᠲᠡ ᠶᠢᠨ ᠦᠷ᠎ᠡ ᠪᠦᠲᠦᠮᠵᠢ ᠨᠢ ᠵᠢᠯ ᠤᠨ ᠡᠴᠦᠰ ᠲᠤ ᠭᠡᠷᠡᠯ ᠰᠠᠴᠤᠷᠠᠩᠭᠤᠢ ᠪᠠᠷ ᠢᠯᠡᠷᠡᠨ ᠳᠣᠳᠤᠷᠠᠵᠤ᠂ ᠳᠤᠮᠳᠠᠳᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠢᠳᠡᠷᠡᠭᠦᠨ ᠠᠯᠬᠤᠭ᠎ᠠ ᠶᠢ ᠭᠡᠷᠡᠴᠢᠯᠡᠬᠦ ᠪᠣᠯᠣᠨ᠎ᠠ᠃       ︽ᠤᠳᠠᠭ᠎ᠠ ᠪᠦᠷᠢ ᠬᠤᠷᠠᠯ ᠳᠤ ᠣᠷᠣᠯᠴᠠᠨ᠂ ᠶᠡᠷᠦᠩᠬᠡᠢ ᠱᠦᠵᠢ ᠰᠢ ᠶᠢᠨ ᠫᠢᠩ ᠤᠨ ᠶᠠᠷᠢᠶ᠎ᠠ ᠂ ᠠᠵᠢᠯ ᠤᠨ ᠪᠠᠶᠢᠷᠢᠯᠠᠭᠤᠯᠤᠯᠲᠠ ᠶᠢ ᠰᠣᠨᠣᠰᠬᠤ ᠪᠦᠷᠢ ᠢᠲᠡᠭᠡᠯ ᠨᠡᠩ ᠪᠠᠲᠤ ᠴᠢᠩᠭ᠎ᠠ ᠪᠣᠯᠳᠠᠭ︕︾ ︽ᠶᠡᠭᠡ ᠳᠠᠶᠢᠯᠠᠯᠳᠤᠭᠠᠨ ᠶᠡᠭᠡ ᠰᠢᠯᠭᠠᠯᠲᠠ ᠳᠤ ᠭᠤᠣᠯᠳᠠᠯᠭ᠎ᠠ ᠶᠢ ᠨᠢ ᠠᠵᠢᠵᠤ᠂ ᠡᠷᠡᠰ ᠴᠢᠩᠭ᠎ᠠ ᠲᠦᠰᠢᠭ ᠲᠤᠯᠭᠠᠭᠤᠷᠢ ᠨᠢ ᠬᠥᠮᠥᠨ ᠢ ᠪᠢᠰᠢᠷᠡᠭᠦᠯᠳᠡᠭ︕︾ ᠬᠤᠷᠠᠯ ᠳᠤ ᠣᠷᠣᠯᠴᠠᠭᠰᠠᠨ ᠨᠥᠬᠦᠳ ᠴᠥᠮ ᠡᠶᠢᠮᠦ ᠭᠦᠨᠵᠡᠭᠡᠶ ᠲᠥᠷᠥᠭᠳᠡᠯ ᠲᠠᠢ ᠪᠣᠯᠵᠤ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠬ᠎ᠠ ᠤᠳᠤᠷᠢᠳᠤᠯᠭ᠎ᠠ ᠪᠠᠶᠢᠬᠤ ᠪᠣᠯᠬᠤᠷ ︽ᠲᠠᠪᠤᠨ ᠦᠨᠳᠦᠰᠦᠨ︾ ᠵᠢᠮ᠎ᠡ ᠶᠣᠰᠤᠴᠢ ᠲᠤᠷᠰᠢᠯᠭ᠎ᠠ ᠶᠢ ᠭᠦᠨᠵᠡᠭᠡᠶ ᠣᠶᠢᠯᠠᠭᠠᠵᠤ ᠲᠤᠭᠤᠰᠢᠯᠠᠭᠤᠯᠪᠠᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠯᠠᠪᠲᠠᠶ ᠢᠯᠠᠭᠳᠠᠰᠢ ᠦᠭᠡᠢ ᠪᠠᠶᠢᠷᠢᠨ ᠳᠤ ᠰᠡᠬᠦ᠋ᠢᠵᠦ᠂ ᠨᠡᠩ ᠶᠡᠭᠡ ᠰᠢᠨ᠎ᠡ ᠭᠠᠶᠢᠬᠠᠮᠰᠢᠭ ᠢ ᠲᠠᠰᠤᠷᠠᠯᠳᠠ ᠦᠭᠡᠢ ᠡᠭᠦᠳᠦᠨ ᠪᠦᠲᠦᠭᠡᠵᠦ ᠴᠢᠳᠠᠬᠤ ᠶᠤᠮ᠃       ᠰᠢᠨ᠎ᠡ ᠪᠠᠶᠢᠳᠠᠯ ᠢ ᠡᠭᠦᠳᠬᠦ — ᠰᠢᠨ᠎ᠡ ᠡᠬᠢᠯᠡᠯᠲᠡ ᠰᠢᠨ᠎ᠡ ᠲᠡᠮᠡᠴᠡᠯ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠢᠷᠡᠬᠦ ᠵᠢᠯ ᠠᠩᠬᠠᠨ ᠤ ᠠᠯᠬᠤᠮ ᠢᠶᠠᠨ ᠰᠠᠶᠢᠲᠤᠷ ᠠᠯᠬᠤᠵᠤ᠂ ᠰᠢᠨ᠎ᠡ ᠳᠦᠷᠰᠦ ᠪᠠᠶᠢᠳᠠᠯ ᠲᠠᠢ ᠪᠣᠯᠬᠤ ᠬᠡᠷᠡᠭᠲᠡᠶ       ᠰᠠᠯᠬᠢ ᠳᠠᠪᠠᠯᠭᠠᠨ ᠢ ᠰᠦᠷᠦᠨ ᠣᠷᠣᠭᠰᠢᠯᠠᠵᠤ᠂ ᠳᠤᠮᠳᠠᠳᠤ ᠤᠯᠤᠰ ᠤᠨ ᠠᠵᠤ ᠠᠬᠤᠢ ᠶᠢᠨ ᠬᠥᠯᠭᠡ ᠣᠩᠭᠤᠴᠠ ᠠᠭᠤᠳᠠᠮ ᠳᠠᠯᠠᠢ ᠶᠢᠨ ᠰᠢᠨ᠎ᠡ ᠣᠷᠣᠨ ᠢᠶᠠᠷ ᠠᠶᠠᠯᠠᠬᠤ ᠪᠣᠯᠣᠨ᠎ᠠ᠃       2021 ᠣᠨ ᠪᠣᠯ ᠮᠠᠨ ᠤ ᠤᠯᠤᠰ ᠤᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠠᠬᠢᠴᠠ ᠳᠠᠬᠢ ᠣᠨᠴᠠᠭᠠᠶ ᠴᠢᠬᠤᠯᠠ ᠴᠢᠨᠠᠷ ᠪᠦᠬᠦᠢ ᠨᠢᠭᠡ ᠵᠢᠯ ᠪᠣᠯᠬᠤ — ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ ᠮᠥᠨ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠡᠬᠢᠯᠡᠬᠦ ᠪᠣᠯᠣᠨ᠎ᠠ᠃       ᠭᠡᠪᠡᠴᠦ ᠤᠷᠤᠭᠰᠢᠯᠠᠬᠤ ᠵᠠᠮ ᠪᠣᠯ ᠲᠡᠶᠢᠮᠦ ᠲᠡᠭᠰᠢ ᠳᠠᠷᠳᠠᠩ ᠪᠢᠰᠢ ᠶᠤᠮ᠂ ᠢᠯᠠᠯᠲᠠ ᠶᠢᠨ ᠲᠡᠷᠲᠡᠭᠡ ᠡᠷᠭᠢ ᠳᠤ ᠬᠡᠳᠦᠢ ᠣᠶᠢᠷᠠᠳᠬᠤ ᠲᠤᠰᠤᠮ ᠤᠯᠠᠮ ᠬᠠᠲᠠᠭᠤ ᠰᠢᠯᠭᠠᠯᠲᠠ ᠲᠤᠯᠭᠠᠷᠠᠵᠤ᠂ ᠲᠤᠬᠰᠢᠠ ᠰᠢᠷᠦᠭᠦᠨ ᠤᠷᠤᠰᠬᠠᠯ ᠤᠨ ᠠᠶᠤᠯ ᠳᠤ ᠤᠴᠠᠷᠠᠬᠤ ᠨᠢ ᠵᠠᠶᠢᠯᠠᠰᠢ ᠤᠢᠭᠡᠢ ᠶᠤᠮ᠃ ᠳᠡᠯᠡᠬᠡᠢ ᠳ᠋ᠠᠬᠢᠨ ᠢ ᠪᠠᠷᠠᠯᠠᠬᠤᠶ᠎ᠠ᠂ ᠬᠡᠪ ᠤᠨ ᠪᠤᠰᠤ ᠰᠡᠳᠡᠯᠲᠡ ᠥᠭᠬᠦ ᠲᠥᠷᠥ ᠶᠢᠨ ᠪᠣᠳᠣᠯᠭ᠎ᠠ᠂ ᠳᠣᠤᠷ᠎ᠠ ᠰᠠᠭᠤᠷᠢ ᠲᠤᠭ᠎ᠠ ᠪᠣᠯᠤᠨ ᠸᠠᠺᠼᠢᠨ ᠤ ᠠᠬᠢᠴᠠ ᠵᠡᠷᠭᠡ ᠡᠯᠧᠮᠧᠨ᠋ᠲ ᠤᠨ ᠬᠠᠮᠲᠤ ᠶᠢᠨ ᠦᠢᠯᠡᠳᠦᠯ ᠳᠣᠤᠷ᠎ᠠ ᠢᠷᠡᠬᠦ ᠵᠢᠯ ᠳᠡᠯᠡᠬᠡᠶ ᠶᠢᠨ ᠠᠵᠤ ᠠᠬᠤᠶ ᠰᠡᠷᠭᠦᠯᠲᠡ ᠶᠢᠨ ᠴᠢᠨᠠᠷᠲᠠᠶ ᠨᠡᠮᠡᠭᠳᠡᠯ ᠭᠠᠷᠬᠤ ᠪᠣᠯᠤᠮᠵᠢ ᠲᠠᠢ ᠪᠠᠶᠢᠨ᠎ᠠ᠂ ᠭᠡᠪᠡᠴᠦ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢᠨ ᠪᠠᠶᠢᠳᠠᠯ ᠲᠦᠷᠭᠡᠨ ᠬᠤᠪᠢᠰᠤᠯᠲᠠ ᠶᠢᠨ ᠬᠤᠭᠤᠴᠠᠭᠠᠨ ᠳᠤ ᠣᠷᠣᠵᠤ᠂ ᠪᠠᠶᠢᠳᠠᠯ ᠮᠥᠨ ᠬᠦ ᠡᠭᠡᠳᠡᠷᠡᠭᠡᠨ ᠪᠤᠳᠤᠯᠢᠶᠠᠨᠲᠠᠶ ᠪᠠᠶᠢᠵᠤ᠂ ᠬᠢᠵᠢᠭ ᠤᠨ ᠪᠠᠶᠢᠳᠠᠯ ᠤᠨ ᠳᠠᠭᠠᠷᠢᠯᠲᠠ ᠠᠴᠠ ᠪᠣᠯᠤᠭᠰᠠᠨ ᠡᠯ᠎ᠡ ᠵᠦᠢᠯ ᠤᠨ ᠡᠭᠦᠰᠦᠮᠡᠯ ᠠᠶᠤᠯ ᠲᠦᠭᠰᠢᠭᠦᠷᠢ ᠶᠢ ᠣᠮᠲᠣᠭᠠᠶᠢᠯᠠᠵᠤ ᠪᠣᠯᠤᠰᠢ ᠥᠬᠡᠶ ᠪᠠᠶᠢᠨ᠎ᠠ᠃ 
2020-12-23-474d1e998c-47dd-4276-9f8b-ca16a2e36b9a.jpg
      ᠤᠯᠤᠰ ᠤᠨ ᠳᠣᠲᠣᠭᠠᠳᠤ ᠶᠢᠨ ᠪᠠᠶᠢᠳᠠᠯ ᠢ ᠡᠷᠭᠢᠨ ᠬᠠᠷᠠᠬᠤ ᠳᠤ᠂ ᠳᠤᠮᠳᠠᠳᠤ ᠤᠯᠤᠰ ᠤᠨ ᠠᠵᠤ ᠠᠬᠤᠶ ᠦᠷᠭᠦᠯᠵᠢᠯᠡᠨ ᠰᠡᠷᠭᠦᠵᠦ᠂ ᠪᠠᠶᠢᠳᠠᠯ ᠰᠠᠶᠢᠨ ᠪᠠᠶᠢᠨ᠎ᠠ᠂ ᠭᠡᠪᠡᠴᠦ ᠬᠢᠵᠢᠭ ᠤᠨ ᠬᠤᠪᠢᠷᠠᠯᠲᠠ ᠪᠣᠯᠤᠨ ᠭᠠᠳᠠᠭᠠᠳᠤ ᠣᠷᠴᠢᠨ ᠲᠣᠭᠤᠷᠢᠨ ᠳᠤ ᠮᠠᠰᠢ ᠣᠯᠠᠨ ᠲᠣᠭᠲᠠᠪᠤᠷᠢᠲᠤ ᠪᠣᠰᠤ ᠴᠢᠨᠠᠷ ᠣᠷᠣᠰᠢᠵᠤ᠂ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠵᠤ᠂ ᠢᠷᠡᠬᠦ ᠵᠢᠯ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠳᠤ ᠤᠷᠢᠳ ᠢᠶᠠᠷ ᠲᠦᠷᠭᠡᠨ ᠰᠡᠭᠦᠯᠡᠷ ᠨᠢ ᠤᠳᠠᠭᠠᠰᠢᠷᠠᠬᠤ ᠪᠠᠶᠢᠳᠠᠯ ᠢᠯᠡᠷᠡᠵᠦ ᠮᠡᠳᠡᠬᠦ ᠶᠤᠮ᠂ ᠠᠵᠤ ᠠᠬᠤᠢ ᠶᠢᠨ ᠠᠵᠢᠯᠯᠠᠭᠠᠨ ᠢ ᠬᠡᠷᠬᠢᠨ ᠵᠦᠢ ᠵᠣᠬᠢᠰᠲᠠᠢ ᠬᠡᠪᠴᠢᠶᠡᠨ ᠳᠤ ᠪᠠᠶᠢᠯᠭᠠᠬᠤ ᠪᠣᠯ ᠨᠢᠭᠡᠨ ᠶᠡᠭᠡ ᠰᠢᠯᠭᠠᠯᠲᠠ ᠪᠣᠯᠤᠨ᠎ᠠ᠃       ︽ᠨᠠᠷᠢᠨ ᠪᠤᠳᠤᠯᠢᠶᠠᠨᠲᠠᠶ ᠪᠥᠭᠡᠳ ᠬᠠᠲᠠᠭᠤ ᠪᠡᠷᠬᠡ ᠭᠠᠳᠠᠭᠠᠳᠤ ᠣᠷᠴᠢᠨ ᠨᠥᠬᠦᠴᠡᠯ ᠳᠤ ᠬᠠᠨᠳᠤᠬᠤ ᠳᠤ᠂ ᠵᠠᠩᠭᠢᠯᠠᠭ᠎ᠠ ᠨᠢ ᠥᠪᠡᠷ ᠤᠨ ᠶᠠᠪᠤᠳᠠᠯ ᠢᠶᠠᠨ ᠰᠠᠶᠢᠲᠤᠷ ᠬᠢᠬᠦ ᠳᠤ ᠪᠣᠶ︾᠃       ︽ᠪᠢᠳᠡ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠨ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠠᠵᠤ ᠠᠬᠤᠶ ᠶᠢᠨ ᠦᠷᠭᠦᠯᠵᠢᠯᠡᠨ ᠰᠡᠷᠭᠦᠬᠦ ᠪᠠ ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ ᠬᠡᠷᠡᠭᠲᠡᠢ︾᠃       ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠶᠠᠷᠢᠶ᠎ᠠ ᠥᠨᠳᠥᠷ ᠲᠤ ᠵᠣᠭᠰᠣᠨ ᠠᠯᠤᠰ ᠢ ᠪᠠᠷᠠᠯᠠᠵᠥ᠂ ᠠᠶᠠᠯᠠᠯ ᠤᠨ ᠴᠢᠭᠯᠡᠯ ᠢ ᠵᠢᠯᠣᠭᠤᠳᠤᠨ᠂ ᠢᠷᠡᠬᠦ ᠵᠢᠯ ᠤᠨ ᠠᠵᠤ ᠠᠬᠤᠢ ᠶᠢᠨ ᠠᠵᠢᠯ ᠳᠤ ᠶᠡᠷᠦᠩᠬᠡᠢ ᠱᠠᠭᠠᠷᠳᠠᠯᠭ᠎ᠠ ᠪᠠ ᠲᠥᠷᠥ ᠶᠢᠨ ᠪᠣᠳᠣᠯᠭ᠎ᠠ ᠶᠢᠨ ᠴᠢᠭᠯᠡᠯ ᠢ ᠳᠤᠷᠠᠳᠪᠠ —      ᠲᠣᠭᠲᠠᠭᠤᠨ ᠪᠠᠶᠢᠯᠭᠠᠬᠤ ᠮᠥᠷᠲᠡᠭᠡᠨ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠦᠨᠳᠦᠰᠦᠨ ᠵᠣᠷᠢᠯᠲᠠ ᠪᠣᠯᠭᠠᠬᠤ ᠬᠡᠷᠡᠭᠲᠡᠢ ᠁       ᠬᠤᠷᠸ᠎ᠠ ᠲᠦᠷᠦ ᠶᠢᠨ ᠪᠤᠳᠤᠯᠭ᠎ᠠ ᠨᠢ ᠦᠷᠭᠦᠯᠵᠢᠯᠡᠯᠲᠦ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠭᠦ᠋ᠢᠴᠡ ᠴᠢᠨᠠᠷ ᠢ ᠪᠠᠲᠤᠯᠠᠬᠤ ᠬᠡᠷᠡᠭᠲᠡᠶ᠃ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠪᠠ ᠵᠣᠭᠤᠰᠣᠨ ᠤ ᠲᠣᠭᠲᠠᠭᠤᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠵᠤ ᠠᠬᠤᠶ ᠶᠢᠨ ᠰᠡᠷᠭᠦᠯᠲᠡ ᠳᠤ ᠦᠵᠡᠭᠦᠯᠬᠦ ᠴᠢᠬᠤᠯᠠ ᠳᠡᠮᠵᠢᠯᠭᠡ ᠶᠢᠨ ᠡᠷᠴᠢᠮ ᠢ ᠪᠠᠲᠤᠯᠠᠵᠤ᠂ ᠲᠥᠷᠥ ᠶᠢᠨ ᠪᠣᠳᠣᠯᠭ᠎ᠠ ᠶᠢᠨ ᠠᠵᠢᠯᠯᠠᠭᠠᠨ ᠤ ᠲᠠᠯ᠎ᠠ ᠪᠠᠷ ᠨᠡᠩ ᠣᠨᠣᠪᠴᠢᠲᠠᠶ ᠪᠦᠲᠦᠮᠵᠢᠲᠡᠶ ᠪᠠᠶᠢᠬᠤ᠂ ᠪᠠᠴᠢᠮ ᠡᠷᠭᠢᠯᠲᠡ ᠭᠠᠷᠭᠠᠬᠤ ᠦᠭᠡᠢ ᠪᠠᠶᠢᠵᠤ᠂ ᠲᠦᠷᠦ ᠶᠢᠨ ᠪᠤᠳᠤᠯᠭ᠎ᠠ ᠶᠢᠨ ᠴᠠᠭ ᠬᠤᠭᠤᠴᠠᠭᠠᠨ ᠤ ᠦᠷ᠎ᠡ ᠪᠦᠲᠦᠮᠵᠢ ᠶᠢ ᠰᠠᠶᠢᠲᠤᠷ ᠡᠵᠡᠮᠳᠡᠬᠦ ᠬᠡᠷᠡᠭᠲᠡᠢ ᠁ 
2020-12-23-272f96dcc7-95de-47df-b67f-77b0b7a09271.jpg
      ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ — ᠡᠨᠡ ᠪᠣᠯ ᠲᠤᠰ ᠤᠳᠠᠭ᠎ᠠ ᠶᠢᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠠᠵᠢᠯ ᠤᠨ ᠳᠤᠮᠳᠠᠬᠢ ᠢᠯᠡ ᠲᠣᠳᠣ ᠴᠢᠭᠯᠡᠯ ᠪᠣᠯᠤᠨ᠎ᠠ᠃      ︽ᠳᠠᠷᠠᠭ᠎ᠠ ᠵᠢᠯ ᠤᠨ ᠠᠵᠤ ᠠᠬᠤᠢ ᠶᠢᠨ ᠠᠵᠢᠯ ᠢ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠲᠣᠭᠤᠷᠢᠨ ᠳᠤ ᠥᠷᠨᠢᠭᠦᠯᠬᠦ ᠬᠡᠷᠡᠭᠲᠡᠢ︾᠃ ᠶᠡᠷᠦᠩᠬᠡᠢ ᠱᠦᠵᠢ ᠰᠢ ᠶᠢᠨ ᠫᠢᠩ ᠬᠤᠷᠠᠯ ᠳᠡᠭᠡᠷ᠎ᠡ᠂ ︽ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠳᠠᠷᠠᠭ᠎ᠠ ᠵᠢᠯ ᠠᠩᠬᠠᠨ ᠤ ᠠᠯᠬᠤᠮ ᠢ ᠰᠠᠶᠢᠲᠤᠷ ᠠᠯᠬᠤᠵᠤ᠂ ᠰᠢᠨ᠎ᠡ ᠳᠦᠷᠰᠦ ᠪᠠᠶᠢᠳᠠᠯ ᠲᠠᠢ ᠪᠣᠯᠭᠠᠬᠤ ᠬᠡᠷᠡᠭᠲᠡᠢ︾ ᠭᠡᠵᠦ ᠲᠣᠳᠤᠷᠬᠠᠢ ᠱᠠᠭᠠᠷᠳᠠᠪᠠ᠃       ᠬᠤᠷᠠᠯ ᠠᠴᠠ᠂ ᠤᠯᠤᠰ ᠤᠨ ᠳᠤᠳᠤᠭᠠᠳᠤ ᠶᠢᠨ ᠶᠡᠭᠡ ᠤᠷᠴᠢᠯ ᠢᠶᠠᠷ ᠭᠤᠤᠯ ᠴᠤᠭᠴᠠ ᠪᠤᠯᠭᠠᠵᠦ᠂ ᠤᠯᠤᠰ ᠤᠨ ᠳᠤᠳᠤᠭᠠᠳᠤ ᠭᠠᠳᠠᠭᠠᠳᠤ ᠶᠢᠨ ᠬᠤᠤᠰ ᠤᠷᠴᠢᠯ ᠬᠠᠷᠢᠯᠴᠠᠨ ᠠᠬᠢᠭᠤᠯᠤᠭᠰᠠᠨ ᠰᠢᠨ᠎ᠠ ᠬᠦᠭᠵᠢᠯᠳᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠬᠤ ᠳᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠳᠡ ᠶᠢᠨ ᠡᠨᠡ ᠬᠦ ᠭᠤᠤᠯ ᠰᠢᠵᠢᠮ ᠢ ᠴᠢᠩᠭ᠎ᠠ ᠠᠳᠬᠤᠵᠤ᠂ ᠬᠡᠷᠡᠭᠴᠡᠭᠡᠨ ᠤ ᠲᠠᠯ᠎ᠠ ᠶᠢᠨ ᠬᠠᠮᠢᠶᠠᠷᠤᠯᠳᠠ ᠶᠢ ᠠᠩᠬᠠᠷᠤᠨ ᠴᠢᠬᠤᠯᠠᠴᠢᠯᠠᠵᠤ᠂ ᠲᠦᠭᠵᠢᠷᠡᠯ ᠢ ᠨᠡᠪᠳᠡᠷᠡᠭᠦᠯᠵᠦ᠂ ᠳᠤᠳᠠᠭᠤᠳᠠᠯ ᠢ ᠨᠦᠬᠦᠪᠦᠷᠢᠯᠡᠨ᠂ ᠦᠢᠯᠡᠳᠪᠦᠷᠢᠯᠡᠯ᠂ ᠬᠤᠪᠢᠶᠠᠷᠢᠯᠠᠯᠳᠠ᠂ ᠭᠦᠢᠯᠭᠡᠭᠡ᠂ ᠬᠡᠷᠡᠭᠯᠡᠭᠡ ᠵᠡᠷᠭᠡ ᠡᠯ᠎ᠠ ᠭᠤᠭᠴᠤᠭ᠎ᠠ ᠶᠢ ᠨᠡᠪᠳᠡᠷᠡᠭᠦᠯᠵᠤ᠂ ᠬᠡᠷᠡᠭᠴᠡᠭᠡ ᠪᠠᠷ ᠬᠠᠩᠭᠠᠯᠭ᠎ᠠ ᠶᠢ ᠬᠦᠳᠦᠯᠬᠦ᠂ ᠬᠠᠩᠭᠠᠯᠭ᠎ᠠ ᠪᠠᠷ ᠬᠡᠷᠡᠭᠴᠡᠭᠡ ᠶᠢ ᠡᠭᠦᠳᠬᠦ ᠨᠡᠩ ᠦᠨᠳᠦᠷ ᠲᠦᠪᠰᠢᠨ ᠤ ᠬᠦᠳᠡᠯᠦᠩᠭᠦᠢ ᠲᠡᠩᠴᠡᠭᠦᠷᠢ ᠶᠢ ᠪᠦᠷᠢᠯᠳᠦᠭᠦᠯᠬᠦ ᠬᠡᠷᠡᠭᠲᠡᠢ ᠭᠡᠵᠦ ᠳᠤᠷᠠᠳᠪᠠ᠃       ᠰᠢᠨ᠎ᠡ ᠬᠦᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠᠷ ᠶᠡᠷᠦᠩᠬᠡᠢ ᠬᠦᠲᠦᠴᠢ ᠪᠣᠯᠭᠠᠵᠤ᠂ ᠬᠤᠷᠠᠯ ᠠᠴᠠ ᠳᠠᠷᠠᠭ᠎ᠠ ᠵᠢᠯ ᠤᠨ ᠠᠵᠤ ᠠᠬᠤᠢ ᠶᠢᠨ ᠠᠵᠢᠯ ᠤᠨ ᠨᠠᠢᠮᠠᠨ ᠭᠤᠣᠯᠳᠠᠯᠭ᠎ᠠ ᠲᠠᠢ ᠡᠭᠦᠷᠭᠡ ᠶᠢ ᠳᠤᠷᠠᠳᠪᠠ᠄ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠷᠠᠭᠤᠯᠤᠨ᠎ᠠ︔ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠪᠡᠶ᠎ᠡ ᠪᠠᠨ ᠳᠠᠭᠠᠭᠠᠵᠤ ᠡᠵᠡᠮᠳᠡᠬᠦ ᠴᠢᠳᠠᠪᠤᠷᠢ ᠶᠢ ᠴᠢᠩᠭᠠᠳᠬᠠᠨ᠎ᠠ︔ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠡᠨᠡ ᠬᠦ ᠪᠠᠶᠢᠯᠳᠤᠬᠤ ᠪᠤᠳᠤᠯᠭ᠎ᠠ ᠶᠢᠨ ᠰᠠᠭᠤᠷᠢ ᠴᠡᠭ ᠢ ᠪᠠᠷᠢᠮᠲᠠᠯᠠᠨ᠎ᠠ︔ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ︔ ᠦᠷ᠎ᠡ ᠪᠠ ᠲᠠᠷᠢᠶᠠᠨ ᠭᠠᠵᠠᠷ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ︔ ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠬᠦᠷᠦᠩᠭᠡ ᠶᠢᠨ ᠡᠮᠬᠢ ᠵᠠᠮᠪᠠᠷᠠᠭ᠎ᠠ ᠦᠭᠡᠢ ᠦᠷᠭᠡᠳᠬᠦ ᠶᠢ ᠬᠤᠷᠢᠭᠯᠠᠨ ᠵᠣᠭᠰᠤᠭᠠᠬᠤ ᠶᠢ ᠴᠢᠩᠭᠠᠳᠬᠠᠨ᠎ᠠ︔ ᠶᠡᠭᠡ ᠬᠤᠳᠠ ᠶᠢᠨ ᠣᠷᠣᠨ ᠰᠠᠭᠤᠴᠠ ᠶᠢᠨ ᠲᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ︔ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠶᠡᠨ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠨ᠎ᠡ᠃       ᠬᠤᠷᠠᠯ ᠳᠤ ᠣᠷᠣᠯᠴᠠᠭᠰᠠᠨ ᠨᠥᠬᠦᠳ ᠤᠨ ᠦᠵᠡᠬᠦ ᠪᠠᠷ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠡᠷᠡᠯᠡᠵᠦ᠂ ᠦᠵᠡᠯ ᠰᠠᠨᠠᠭ᠎ᠠ ᠭᠦᠨ ᠭᠦᠨᠵᠡᠭᠡᠶ ᠪᠠᠶᠢᠵᠤ᠂ ᠴᠢᠭᠯᠡᠯ ᠢ ᠵᠢᠭᠠᠭᠰᠠᠨ ᠢᠶᠠᠷ ᠪᠠᠷᠠᠬᠤ ᠥᠬᠡᠶ ᠪᠠᠰᠠ ᠠᠷᠭ᠎ᠠ ᠵᠠᠮ ᠢ ᠲᠣᠳᠣᠷᠬᠠᠶᠢᠯᠠᠵᠤ᠂ ᠪᠥᠬᠦ ᠲᠠᠯ᠎ᠠ ᠶᠢ ᠬᠠᠮᠤᠷᠠᠭᠰᠠᠨ ᠢᠶᠠᠷ ᠪᠠᠷᠠᠬᠤ ᠥᠬᠡᠶ ᠪᠠᠰᠠ ᠭᠤᠣᠯᠳᠠᠯᠭ᠎ᠠ ᠶᠢ ᠳᠣᠪᠤᠶᠢᠯᠭᠠᠵᠤ᠂ ᠠᠯᠢ ᠣᠯᠠᠨ ᠴᠢᠭᠯᠡᠯᠲᠦ ᠴᠢᠨᠠᠷᠲᠠᠶ᠂ ᠦᠨᠳᠦᠰᠦᠨ ᠴᠢᠨᠠᠷᠲᠠᠶ᠂ ᠪᠥᠬᠦ ᠲᠠᠯ᠎ᠠ ᠶᠢᠨ ᠴᠢᠨᠠᠷᠲᠠᠶ ᠠᠰᠠᠭᠤᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠪᠡ᠃       ︽ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠷᠠᠭᠤᠯᠬᠤ︾ ᠶᠢ ᠨᠠᠢᠮᠠᠨ ᠶᠡᠭᠡ ᠭᠤᠣᠯᠳᠠᠯᠭ᠎ᠠ ᠲᠠᠢ ᠡᠭᠦᠷᠭᠡ ᠶᠢᠨ ᠲᠡᠷᠢᠭᠦᠨ ᠳᠤ ᠲᠠᠯᠪᠢᠪᠠ᠃ ᠡᠭᠦᠨ ᠠᠴᠠ ᠡᠮᠦᠨ᠎ᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠨᠠᠭᠤᠯᠭ᠎ᠠ ᠳᠤ ᠪᠠᠰᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠡᠯ᠎ᠡ ᠵᠦᠢᠯ ᠤᠨ ᠡᠭᠦᠷᠭᠡ ᠶᠢᠨ ᠲᠡᠷᠢᠭᠦᠨ ᠪᠠᠶᠢᠷᠢᠨ ᠳᠤ ᠲᠠᠯᠪᠢᠪᠠ᠃ ᠡᠳᠦᠷ ᠢᠷᠡᠬᠦᠶ᠎ᠡ ᠰᠢᠷᠦᠭᠦᠰᠴᠦ ᠪᠠᠶᠢᠭ᠎ᠠ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠢᠰᠥᠯᠳᠦᠭᠡᠨ ᠳᠤ ᠬᠠᠨᠳᠤᠭᠤᠯᠵᠤ᠂ ᠬᠤᠷᠠᠯ ᠠᠴᠠ ᠤᠯᠤᠰ ᠨᠢ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ ᠵᠤᠬᠢᠶᠠᠨ ᠪᠠᠶᠢᠭᠤᠯᠤᠭᠴᠢ ᠪᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠬᠡᠷᠡᠭᠴᠡᠭᠡ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠭᠯᠡᠯ ᠪᠠ ᠭᠤᠤᠯᠳᠠᠯᠭ᠎ᠠ ᠶᠢ ᠲᠤᠭᠳᠠᠭᠠᠵᠤ᠂ ᠤᠯᠤᠰ ᠤᠨ ᠬᠦᠭᠵᠢᠯᠳᠡ ᠪᠠ ᠠᠮᠤᠷ ᠲᠦᠪᠰᠢᠨ ᠢ ᠬᠢᠵᠠᠭᠠᠷᠯᠠᠵᠤ ᠪᠠᠶᠢᠭ᠎ᠠ ᠴᠢᠬᠤᠯᠠ ᠶᠡᠭᠡ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠢᠳᠠᠪᠤᠷᠢᠲᠠᠨ ᠪᠠ ᠲᠣᠭᠲᠠᠴᠠ ᠭᠡᠬᠦ ᠬᠤᠶᠠᠷ ᠵᠠᠩᠭᠢᠯᠠᠭ᠎ᠠ ᠶᠢᠨ ᠴᠡᠭ ᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃       ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠠᠮᠤᠷ ᠲᠣᠭᠲᠠᠭᠤᠨ ᠪᠠᠶᠢᠯᠭᠠᠬᠤ ᠪᠣᠯ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠰᠠᠭᠤᠷᠢ ᠮᠥᠨ᠃ ᠬᠤᠷᠠᠯ ᠠᠴᠠ᠂ ᠵᠠᠩᠭᠢᠯᠠᠭ᠎ᠠ ᠶᠢᠨ ᠭᠤᠤᠯᠯᠠᠭᠴᠢ ᠮᠡᠷᠭᠡᠵᠢᠯ ᠤᠨ ᠰᠢᠪᠲᠤᠯᠤᠯᠲᠠ ᠶᠢᠨ ᠢᠨᠵᠧᠨᠧᠷᠢᠩ ᠢ ᠰᠠᠶᠢᠳᠤᠷ ᠬᠡᠷᠡᠭᠵᠢᠭᠦᠯᠵᠤ᠂ ᠨᠢᠭᠡ ᠪᠦᠯᠦᠭ ︽ᠪᠤᠭᠤᠮᠢ︾ ᠪᠤᠯᠵᠦ ᠪᠠᠶᠢᠭ᠎ᠠ ᠠᠰᠠᠭᠤᠳᠠᠯ ᠢ ᠲᠦᠷᠭᠡᠨ ᠰᠢᠢᠳᠪᠦᠷᠢᠯᠡᠵᠤ᠂ ᠠᠵᠤ ᠦᠢᠯᠡᠰ ᠤᠨ ᠳᠠᠪᠠᠭᠤᠯᠢᠭ ᠬᠦᠷᠢᠶᠡᠨ ᠳᠤ ᠠᠵᠢᠯ ᠢᠶᠠᠨ ᠨᠠᠷᠢᠯᠢᠭ ᠬᠢᠵᠤ᠂ ᠨᠡᠩ ᠤᠯᠠᠨ ᠭᠤᠴᠤ ᠮᠡᠷᠭᠡᠵᠢᠯ ᠢ ᠡᠭᠦᠳᠬᠦ ᠬᠡᠷᠡᠭᠳᠠᠢ ᠁ ᠳᠤᠲᠠᠭᠤᠳᠠᠯ ᠲᠠᠯ᠎ᠠ ᠪᠠᠨ ᠨᠥᠬᠦᠪᠥᠷᠢᠯᠡᠨ ᠳᠠᠪᠠᠭᠤᠯᠢᠭ ᠲᠠᠯ᠎ᠠ ᠪᠠᠨ ᠳᠠᠪᠲᠠᠨ ᠪᠣᠯᠪᠠᠰᠤᠷᠠᠭᠤᠯᠵᠤ᠂ ᠣᠨᠤᠪᠴᠢᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠬᠡᠷᠡᠭᠲᠡᠢ ᠭᠡᠵᠦ ᠳᠤᠷᠠᠳᠪᠠ᠃ 
2020-12-23-022119e249-dcac-4dff-bd52-66286d0cbab3.jpg
      ︽ᠦᠷ᠎ᠡ ᠪᠠ ᠲᠠᠷᠢᠶᠠᠨ ᠭᠠᠵᠠᠷ ᠤᠨ ᠠᠰᠠᠭᠤᠳᠠᠯ︾ ᠢ ᠤᠷᠢᠳᠤ ᠭᠠᠷᠤᠭ᠎ᠠ ᠤᠢᠭᠡᠢ ᠴᠢᠬᠤᠯᠠᠴᠢᠯᠠᠨ ᠦᠵᠡᠪᠡ᠃ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠᠶᠢᠯᠳᠤᠬᠤ ᠪᠣᠳᠣᠯᠭ᠎ᠠ ᠶᠢᠨ ᠲᠠᠯ᠎ᠠ ᠠᠴᠠ᠂ ᠬᠤᠷᠠᠯ ᠠᠴᠠ ᠦᠷ᠎ᠡ ᠶᠢᠨ ᠡᠬᠢ ᠰᠤᠷᠪᠤᠯᠵᠢ ᠶᠢᠨ ︽ᠪᠤᠭᠤᠮᠢ︾ ᠪᠤᠯᠵᠦ ᠪᠠᠶᠢᠭ᠎ᠠ ᠮᠡᠷᠭᠡᠵᠢᠯ ᠤᠨ ᠰᠢᠪᠳᠤᠯᠤᠯᠳᠠ ᠶᠢ ᠦᠷᠨᠢᠭᠦᠯᠵᠤ᠂ ᠦᠷ᠎ᠠ ᠶᠢᠨ ᠦᠢᠯᠡᠰ ᠤᠨ ᠬᠤᠪᠢᠰᠤᠯᠲᠠ ᠶᠢᠨ ᠲᠠᠶᠢᠨ ᠢ ᠵᠤᠷᠢᠭᠳᠠᠢ ᠬᠢᠬᠦ ᠬᠡᠷᠡᠭᠳᠠᠢ᠂ 18 ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠳᠤ ᠰᠠᠬᠢᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ︾ ᠪᠣᠯᠭᠠᠬᠤ ᠶᠢ ᠡᠷᠡᠰ ᠬᠤᠷᠢᠭᠯᠠᠨ᠂ ︽ᠠᠮᠤ ᠪᠤᠳᠠᠭᠠᠨ ᠤ ᠪᠤᠰᠤ︾ ᠪᠤᠯᠭᠠᠬᠤ ᠶᠢ ᠡᠷᠡᠰ ᠰᠡᠷᠭᠡᠶᠢᠯᠡᠵᠤ᠂ ᠲᠠᠷᠢᠶᠠᠨ ᠭᠠᠵᠠᠷ ᠤᠨ ᠡᠵᠡᠯᠡᠯᠲᠡ ᠨᠦᠬᠦᠪᠦᠷᠢ ᠶᠢ ᠲᠡᠩᠴᠡᠭᠦᠷᠢᠳᠠᠢ ᠪᠤᠯᠭᠠᠬᠤ ᠶᠢ ᠵᠢᠷᠤᠮᠵᠢᠭᠤᠯᠬᠤ ᠬᠡᠷᠡᠭᠳᠠᠢ ᠭᠡᠵᠦ ᠴᠢᠬᠤᠯᠠᠴᠢᠯᠠᠪᠠ᠃      ︽ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠬᠦᠷᠦᠩᠭᠡ ᠶᠢᠨ ᠡᠮᠬᠢ ᠵᠠᠮᠪᠠᠷᠠᠭ᠎ᠠ ᠦᠭᠡᠢ ᠦᠷᠭᠡᠳᠬᠦ ᠶᠢ ᠬᠤᠷᠢᠭᠯᠠᠨ ᠵᠣᠭᠰᠤᠭᠠᠬᠤ ᠶᠢ ᠴᠢᠩᠭᠠᠳᠬᠠᠬᠤ︾ ᠨᠢ ᠠᠯᠤᠰ ᠬᠡᠲᠦ ᠶᠢᠨ ᠬᠤᠯᠪᠤᠭᠳᠠᠯ ᠲᠠᠢ ᠪᠠᠶᠢᠵᠤ᠂ ᠤᠯᠠᠨ ᠤ ᠠᠩᠬᠠᠷᠤᠯ ᠢ ᠥᠷᠭᠡᠨ ᠢᠶᠠᠷ ᠲᠠᠲᠠᠵᠤ ᠪᠠᠶᠢᠨ᠎ᠠ᠃ ᠬᠤᠷᠠᠯ ᠠᠴᠠ᠂ ᠭᠠᠭᠴᠠᠭᠠᠷ ᠡᠵᠡᠮᠰᠢᠯ ᠢ ᠡᠰᠡᠷᠭᠦᠴᠡᠬᠦ᠂ ᠲᠦᠪ ᠪᠤᠰᠤ ᠦᠷᠢᠰᠦᠯᠲᠦᠭᠡᠡ ᠢ ᠡᠰᠡᠷᠭᠦᠴᠡᠬᠦ ᠪᠤᠯ ᠨᠡᠶᠢᠭᠡᠮ ᠵᠢᠷᠤᠮ ᠤᠨ ᠵᠠᠬ᠎ᠠ ᠲᠡᠯᠭᠡᠭᠦᠷ ᠤᠨ ᠠᠵᠦ ᠠᠬᠤᠢ ᠶᠢᠨ ᠪᠠᠶᠢᠭᠤᠯᠤᠮᠵᠢ ᠶᠢ ᠪᠦᠷᠢᠨᠰᠢᠭᠦᠯᠵᠤ᠂ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠲᠤᠲᠤᠭᠠᠲᠤ ᠱᠠᠭᠠᠷᠲᠠᠯᠭ᠎ᠠ ᠮᠦᠨ ᠭᠡᠵᠦ ᠲᠣᠳᠤᠷᠬᠠᠢ ᠵᠢᠭᠠᠵᠤ ᠭᠠᠷᠭᠠᠪᠠ᠃ ᠤᠯᠤᠰ ᠠᠴᠠ ᠲᠠᠪᠴᠠᠩᠳᠦ ᠠᠵᠦ ᠠᠬᠤᠢᠢᠯᠠᠯ ᠤᠨ ᠰᠢᠨ᠎ᠠ ᠶᠢ ᠡᠭᠦᠳᠴᠤ ᠬᠦᠭᠵᠢᠬᠦ ᠶᠢ ᠨᠢ ᠳᠡᠮᠵᠢᠬᠦ᠂ ᠤᠯᠠᠠ ᠤᠯᠤᠰ ᠤᠨ ᠦᠷᠢᠰᠦᠯᠲᠦᠬᠦ ᠬᠦᠴᠦᠨ ᠢ ᠴᠢᠩᠭᠠᠳᠬᠠᠬᠤ ᠶᠢ ᠲᠣᠳᠤᠷᠬᠠᠶᠢᠯᠠᠭᠰᠠᠨ ᠤ ᠬᠠᠮᠲᠤ ᠳᠦᠷᠢᠮ ᠲᠤᠭᠲᠠᠭᠠᠯ ᠢ ᠴᠢᠩᠭᠠᠳᠬᠠᠠ᠂ ᠬᠢᠨᠠᠯᠲᠠ ᠬᠠᠮᠢᠶᠠᠷᠤᠯᠲᠠ ᠶᠢᠨ ᠴᠢᠲᠠᠪᠤᠷᠢ ᠶᠢ ᠲᠡᠭᠡᠭᠰᠢᠯᠡᠭᠦᠯᠵᠦ᠂ ᠭᠠᠭᠴᠠᠭᠠᠷ ᠡᠵᠡᠮᠰᠢᠯ ᠪᠠ ᠲᠦᠪ ᠪᠤᠰᠤ ᠦᠷᠢᠰᠦᠯᠲᠦᠭᠡᠡ ᠤ ᠠᠵᠢᠯᠯᠠᠭ᠎ᠠ ᠶᠢ ᠡᠷᠡᠰ ᠡᠰᠡᠷᠭᠦᠴᠡᠬᠦ ᠶᠢ ᠴᠢᠩᠭᠠᠳᠬᠠᠬᠤ ᠬᠡᠷᠡᠭᠲᠡᠢ ᠭᠡᠪᠡ᠃       ︽ᠶᠡᠭᠡ ᠬᠤᠳᠠ ᠶᠢᠨ ᠣᠷᠣᠨ ᠰᠠᠭᠤᠴᠠ ᠶᠢᠨ ᠲᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ︾ ᠨᠢ ᠠᠷᠠᠳ ᠤᠯᠠᠨ ᠤ ᠪᠤᠶᠠᠨ ᠵᠢᠷᠭᠠᠯ ᠲᠠᠢ ᠬᠤᠯᠪᠣᠭᠳᠠᠨ᠎ᠠ᠃ ᠡᠨᠡ ᠤᠳᠠᠭ᠎ᠠ ᠶᠢᠨ ᠬᠤᠷᠠᠯ ᠠᠴᠠ ︽ᠭᠡᠷ ᠪᠠᠶᠢᠰᠢᠩ ᠨᠢ ᠰᠠᠭᠤᠬᠤ ᠳᠤ ᠵᠣᠷᠢᠭᠤᠯᠤᠭᠰᠠᠨ ᠶᠤᠮ᠂ ᠰᠠᠷᠢᠭᠠᠯᠠᠬᠤ ᠳᠤ ᠵᠣᠷᠢᠭᠤᠯᠤᠭᠰᠠᠨ ᠪᠢᠰᠢ︾ ᠭᠡᠳᠡᠭ ᠲᠦᠷᠦ ᠶᠢᠨ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠬᠤ ᠶᠢᠨ ᠬᠠᠮᠲᠤ ᠤᠢᠢᠷ᠎ᠠ ᠶᠢᠨ ᠬᠤᠭᠤᠴᠠᠭᠠᠨ ᠤ ︽ᠳ᠋ᠠᠨ ᠺᠧ ᠨᠡᠶᠢᠲᠡ ᠶᠢᠨ ᠰᠠᠭᠤᠴᠠ︾ ᠵᠡᠷᠭᠡ ᠠᠰᠠᠭᠤᠳᠠᠯ ᠳᠤ ᠣᠨᠤᠪᠴᠢᠲᠠᠢ ᠴᠢᠭᠯᠡᠭᠦᠯᠵᠦ᠂ ᠭᠡᠷ ᠪᠠᠶᠢᠰᠢᠩ ᠢ ︽ᠤᠷᠲᠤ ᠬᠤᠭᠤᠴᠠᠭ᠎ᠠ ᠪᠠᠷ ᠲᠦᠷᠢᠶᠡᠰᠦᠯᠡᠬᠦ ᠲᠦᠷᠦ ᠶᠢᠨ ᠪᠤᠲᠤᠯᠭ᠎ᠠ ᠶᠢ ᠲᠦᠷᠭᠡᠡ ᠪᠦᠷᠢᠨᠰᠢᠭᠦᠯᠵᠦ᠂ ᠲᠦᠷᠢᠶᠡᠰᠦᠯᠡᠬᠦ ᠬᠤᠲᠠᠯᠲᠤᠨ ᠠᠪᠬᠤ ᠤᠷᠤᠨ ᠰᠠᠭᠤᠴᠠ ᠶᠢ ᠠᠯᠬᠤᠮ ᠠᠯᠬᠤᠮ ᠢᠶᠠᠷ ᠤᠯᠠᠠ ᠨᠡᠶᠢᠲᠡ ᠶᠢᠨ ᠦᠢᠯᠡᠴᠢᠯᠡᠭᠡ ᠶᠢ ᠡᠳ᠋ᠯᠡᠬᠦ ᠲᠠᠯ᠎ᠠ ᠪᠠᠷ ᠡᠷᠭᠡ ᠲᠡᠭᠰᠢ ᠡᠷᠭᠡ ᠲᠠᠢ ᠪᠤᠯᠭᠠᠵᠦ᠂ ᠤᠷᠲᠤ ᠬᠤᠭᠤᠴᠠᠭ᠎ᠠ ᠪᠠᠷ ᠲᠦᠷᠢᠶᠡᠰᠦᠯᠡᠬᠦ ᠭᠡᠷ ᠪᠠᠶᠢᠰᠢᠩ ᠤᠨ ᠵᠠᠬ᠎ᠠ ᠲᠡᠯᠭᠡᠬᠦᠷ ᠤᠨ ᠬᠦᠭᠵᠢᠯᠲᠠ ᠶᠢ ᠵᠢᠷᠤᠮᠵᠢᠭᠤᠯᠬᠤ ᠭᠡᠷᠡᠭᠲᠡᠢ︾ ᠭᠡᠵᠦ ᠲᠣᠳᠤᠷᠬᠠᠢ ᠳᠤᠷᠠᠳᠤᠨ ᠭᠠᠷᠭᠠᠪᠠ᠃       ᠳᠣᠲᠣᠭᠠᠳᠤ ᠬᠡᠷᠡᠭᠴᠡᠭᠡ ᠶᠢ ᠥᠷᠭᠡᠳᠬᠡᠬᠦ ᠡᠨᠡ ᠬᠦ ᠪᠠᠶᠢᠯᠳᠤᠬᠤ ᠪᠤᠳᠤᠯᠭ᠎ᠠ ᠶᠢᠨ ᠰᠠᠭᠤᠷᠢ ᠴᠡᠭ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ 
2020-12-23-33259951cf-f676-41c2-8dda-a24461250a6b.jpg
      ᠡᠳᠡᠭᠡᠷ ᠠᠯᠢ ᠤᠯᠠᠨ ᠭᠤᠣᠯᠳᠠᠯᠭ᠎ᠠ ᠲᠠᠢ ᠡᠭᠦᠷᠭᠡ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠡᠷᠴᠢᠮᠲᠡᠢ ᠬᠠᠷᠢᠭᠤᠯᠲᠠ ᠥᠭᠴᠡᠢ᠃      ᠳᠤᠭᠤᠶᠢᠯᠠᠩ ᠬᠤᠪᠢᠶᠠᠨ ᠶᠠᠷᠢᠯᠴᠠᠬᠤ ᠳᠤᠮᠳᠠ᠂ ᠬᠤᠷᠠᠯ ᠳᠤ ᠣᠷᠣᠯᠴᠠᠭᠰᠠᠨ ᠨᠥᠬᠦᠳ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠪᠠᠶᠢᠷᠢᠯᠠᠭᠤᠯᠤᠯᠲᠠ ᠡᠭᠦᠷᠭᠡ ᠶᠢᠨ ᠲᠣᠭᠤᠷᠢᠨ ᠳᠤ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠲᠣᠰ ᠲᠣᠰ ᠤᠨ ᠲᠤᠰᠬᠠᠶ ᠮᠡᠷᠭᠡᠵᠢᠯ ᠤᠨ ᠬᠠᠷᠠᠭᠠᠰᠤ ᠠᠴᠠ ᠲᠠᠷᠠᠭ᠎ᠠ ᠵᠢᠯ ᠤᠨ ᠠᠵᠤ ᠠᠬᠤᠶ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠬᠡᠷᠬᠢᠨ ᠰᠠᠶᠢᠲᠤᠷ ᠨᠠᠶᠢᠳᠠᠪᠤᠷᠢᠵᠢᠭᠤᠯᠬᠤ ᠲᠤᠬᠠᠶ ᠠᠭᠤᠵᠢᠷᠠᠲᠠᠯ᠎ᠠ ᠶᠠᠷᠢᠯᠴᠠᠵᠤ᠂ ᠬᠤᠷᠠᠯ ᠤᠨ ᠲᠠᠯᠠᠪᠠᠶ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃       ᠬᠤᠷᠠᠯ ᠳᠤ ᠣᠷᠣᠯᠴᠠᠭᠰᠠᠨ ᠨᠥᠬᠦᠳ ᠠᠴᠠ ᠢᠯᠡᠳᠬᠡᠬᠦ ᠳᠤ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠨᠠᠷᠢᠨ ᠪᠤᠳᠤᠯᠢᠶᠠᠨᠲᠠᠶ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠡᠵᠡᠮᠳᠡᠯ᠂ ᠬᠥᠭᠵᠢᠯᠲᠡ ᠶᠢᠨ ᠵᠢᠮ᠎ᠡ ᠶᠣᠰᠣ ᠶᠢᠨ ᠲᠤᠬᠠᠢ ᠭᠦᠨᠵᠡᠭᠡᠶ ᠠᠵᠢᠭᠯᠠᠯᠲᠠ᠂ ᠬᠥᠭᠵᠢᠯᠲᠡ ᠶᠢᠨ ᠬᠠᠷᠠᠯᠲᠠ ᠶᠢᠨ ᠲᠤᠬᠠᠢ ᠣᠨᠤᠪᠴᠢᠲᠠᠢ ᠲᠦᠯᠦᠪᠯᠡᠭᠡ ᠶᠢ ᠲᠤᠰᠬᠠᠵᠤ᠂ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠵᠤ᠂ ᠳᠠᠷᠠᠭ᠎ᠠ ᠵᠢᠯ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ︽ ᠠᠩᠬᠠᠨ ᠤ ᠠᠯᠬᠤᠮ ᠢ ᠰᠠᠶᠢᠲᠤᠷ ᠠᠯᠬᠤᠵᠤ᠂ ᠰᠢᠨ᠎ᠡ ᠳᠦᠷᠰᠦ ᠪᠠᠶᠢᠳᠠᠯ ᠢ ᠨᠡᠭᠡᠭᠡᠬᠦ︾ ᠴᠢᠭᠯᠡᠯ ᠢ ᠲᠣᠳᠣᠷᠬᠠᠶ ᠵᠢᠭᠠᠵᠤ ᠥᠭᠴᠡᠶ ᠭᠡᠪᠡ᠃ 
2020-12-23-59bc09fe9c-5819-47ba-a07c-57f454f64b29.jpg
      ᠭᠤᠣᠯ ᠲᠤᠯᠭᠠᠭᠤᠷᠢᠯᠠᠬᠤ ᠬᠦᠴᠦᠨ — ᠲᠦᠭ ᠲᠦᠮᠡᠨ ᠢᠶᠠᠷ ᠢᠶᠠᠨ ᠰᠡᠳᠬᠢᠯ ᠠᠯᠬᠤᠭ᠎ᠠ ᠪᠠᠨ ᠨᠢᠭᠡᠳᠬᠡᠵᠦ᠂ ᠨᠠᠮ ᠤᠨ ᠠᠵᠤ ᠠᠬᠤᠢ ᠶᠢᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠦᠨᠡᠨ ᠬᠦ ᠠᠳᠬᠤᠵᠤ ᠰᠢᠷᠭᠠᠭᠤ ᠠᠵᠢᠯᠯᠠᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠠᠵᠤ ᠠᠬᠤᠢ ᠶᠢᠨ ᠠᠵᠢᠯ ᠤᠨ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ      ᠰᠢᠨ᠎ᠡ ᠠᠶᠠᠯᠠᠯ ᠢ ᠡᠬᠢᠯᠡᠭᠦᠯᠬᠦ ᠳᠤ ᠶᠠᠭᠤᠨ ᠳᠤ ᠲᠥᠰᠢᠭᠯᠡᠵᠦ᠂ ᠲᠤᠬᠰᠢᠨ ᠳᠠᠪᠠᠯᠭᠠᠨ ᠰᠢᠷᠦᠭᠦᠨ ᠤᠷᠤᠰᠬᠠᠯ ᠢ ᠠᠷᠭᠠᠴᠠᠭᠠᠵᠤ ᠴᠤᠴᠠᠯᠲᠠ ᠦᠭᠡᠢ ᠤᠷᠤᠭᠰᠢᠯᠠᠬᠤ ᠪᠤᠢ︖       ᠨᠠᠮ ᠤᠨ ᠤᠳᠤᠷᠢᠳᠤᠯᠭ᠎ᠠ ᠪᠣᠯ ᠨᠠᠮ ᠪᠠ ᠤᠯᠤᠰ ᠣᠷᠣᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠂ ᠠᠯᠢᠪᠠ ᠬᠦᠴᠢᠷ ᠪᠡᠷᠬᠡᠰᠢᠶᠡᠯ ᠪᠠ ᠠᠶᠤᠯ ᠲᠦᠭᠰᠢᠭᠦᠷᠢ ᠶᠢ ᠢᠯᠠᠨ ᠳᠠᠪᠠᠭ᠋ᠤ ᠶᠢᠨ ︽ ᠷᠢᠳᠢ ᠰᠢᠳᠢ︾ ᠮᠥᠨ᠃       ᠶᠡᠷᠦᠩᠬᠡᠢ ᠱᠦᠵᠢ ᠰᠢ ᠶᠢᠨ ᠫᠢᠩ ᠡᠨᠡ ᠤᠳᠠᠭ᠎ᠠ ᠶᠢᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠰᠢᠨ᠎ᠡ ᠬᠥᠭᠵᠢᠯᠲᠡ ᠶᠢᠨ ᠱᠠᠲᠤᠨ ᠳᠤ ᠵᠣᠬᠢᠴᠠᠬᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠤᠳᠤᠷᠢᠳᠬᠤ ᠪᠠᠶᠢᠭᠤᠯᠤᠯ ᠲᠣᠭᠲᠠᠴᠠ ᠶᠢ ᠪᠠᠷᠢᠮᠲᠠᠯᠠᠨ ᠪᠦᠷᠢᠨᠰᠢᠭᠦᠯᠵᠦ᠂ ᠪᠦᠬᠦ ᠨᠠᠮ ᠤᠨ ᠠᠯᠬᠤᠭ᠎ᠠ ᠨᠢᠭᠡᠳᠦᠯᠲᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠠ᠃       ᠠᠵᠤ ᠠᠬᠤᠢ ᠶᠢᠨ ᠠᠵᠢᠯ ᠢ ᠰᠠᠶᠢᠲᠤᠷ ᠬᠢᠬᠦ ᠪᠣᠯ ᠮᠠᠨ ᠤ ᠨᠠᠮ ᠤᠨ ᠲᠦᠷᠦ ᠶᠢ ᠵᠠᠰᠠᠬᠤ ᠶᠢᠨ ᠴᠢᠬᠤᠯᠠ ᠶᠡᠭᠡ ᠡᠭᠦᠷᠭᠡ ᠮᠥᠨ᠃      ︽ᠨᠠᠮ ᠤᠨ ᠤᠳᠤᠷᠢᠳᠤᠯᠭ᠎ᠠ ᠲᠤᠬᠰᠢᠨ ᠳᠠᠪᠠᠯᠭᠠᠨ ᠰᠢᠷᠦᠭᠦᠨ ᠤᠷᠤᠰᠬᠠᠯ ᠤᠨ ᠳᠤᠮᠳᠠ ᠬᠠᠳᠠ ᠴᠢᠯᠠᠭᠤ ᠮᠡᠲᠦ ᠪᠠᠲᠤ ᠪᠠᠬᠢ ᠶᠤᠮ︾ ︽ᠶᠡᠷᠦ ᠪᠤᠰᠤ ᠶᠢᠨ ᠠᠮᠵᠢᠯᠲᠠ ᠪᠦᠲᠦᠮᠵᠢ ᠶᠢᠨ ᠠᠷᠤ ᠳᠤ ᠪᠦᠬᠦ ᠤᠯᠤᠰ ᠤᠨ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠶᠢᠨ᠎ᠠ᠂ ᠨᠠᠮ ᠤᠨ ᠤᠳᠤᠷᠢᠳᠤᠯᠭ᠎ᠠ ᠳᠣᠣᠷ᠎ᠠ ᠬᠦᠴᠦᠷᠬᠡᠭ ᠶᠡᠭᠡ ᠲᠠᠶᠢᠴᠢᠨ ᠬᠦᠴᠦᠨ ᠢ ᠪᠦᠷᠢᠯᠳᠦᠭᠦᠯᠵᠡᠢ︾ ︽︿ᠳᠤᠮᠳᠠᠳᠤ ᠤᠯᠤᠰ ᠤᠨ ᠵᠠᠰᠠᠯᠲᠠ﹀ ᠶᠢᠨ ᠢᠯᠡᠳᠲᠡ ᠳᠠᠪᠠᠭᠤᠯᠢᠭ ᠢ ᠪᠦᠬᠦ ᠲᠠᠯ᠎ᠠ ᠪᠠᠷ ᠲᠤᠰᠬᠠᠪᠠ︾ ᠁ ᠬᠤᠷᠠᠯ ᠤᠨ ᠬᠤᠭᠤᠴᠠᠭᠠᠨ ᠳᠤ᠂ ︽ᠨᠠᠮ ᠤᠨ ᠠᠵᠤ ᠠᠬᠤᠢ ᠶᠢᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ︾ ᠨᠢ ᠡᠯ᠎ᠡ ᠳᠤᠭᠤᠶᠢᠯᠠᠩ ᠤᠨ ᠶᠠᠷᠢᠯᠴᠠᠭᠠᠨ ᠤ ᠬᠠᠮᠲᠤ ᠶᠢᠨ ᠲᠠᠨᠢᠯᠲᠠ ᠪᠣᠯᠪᠠ᠃ 
2020-12-23-46f04d8a19-f289-4e57-ae90-a7df6bb47cba.jpg
      ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠪᠠᠷᠠᠯᠠᠨ᠂ ᠬᠤᠶᠠᠳᠤᠭᠠᠷ ᠵᠠᠭᠤᠨ ᠵᠢᠯ  ᠤᠨ ᠲᠡᠮᠡᠴᠡᠬᠦ ᠬᠠᠷᠠᠯᠲᠠ ᠶᠢ ᠬᠠᠷᠠᠬᠤᠶ᠎ᠠ᠂ ᠪᠢᠳᠡ ᠦᠷᠭᠦᠯᠵᠢᠯᠡᠨ ᠡᠷᠡᠮᠡᠬᠡᠶᠢᠯᠡᠨ ᠲᠡᠮᠡᠴᠡᠵᠦ᠂ ᠰᠢᠨ᠎ᠡ ᠶᠢ ᠡᠭᠦᠳᠦᠨ ᠤᠷᠤᠭᠰᠢᠯᠠᠬᠤ ᠴᠢᠬᠤᠯᠠᠲᠠᠢ ᠪᠠᠶᠢᠨ᠎ᠠ᠃ ᠪᠠᠶᠢᠳᠠᠯ ᠬᠡᠳᠦᠢ ᠨᠠᠷᠢᠨ ᠪᠤᠳᠤᠯᠢᠶᠠᠨᠲᠠᠢ ᠡᠭᠦᠷᠭᠡ ᠬᠡᠳᠦᠢ ᠪᠡᠷᠬᠡ ᠬᠠᠲᠠᠭᠤᠵᠢᠯᠲᠠᠢ ᠪᠣᠯᠬᠤ ᠳᠣᠲᠣᠮ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠨᠡ ᠬᠦ ᠴᠢᠭᠯᠡᠯ ᠵᠢᠭᠠᠭᠰᠠᠨ ᠵᠦᠭᠯᠡᠭᠦᠷ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠲᠦᠰᠢᠭ ᠲᠤᠯᠭᠠᠭᠤᠷᠢ ᠠᠴᠠ ᠤᠯᠠᠮ ᠰᠠᠯᠵᠤ ᠪᠣᠯᠬᠤ ᠦᠭᠡᠢ ᠪᠦᠭᠡᠳ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠤᠯᠠᠮ ᠪᠠᠷᠢᠮᠲᠠᠯᠠᠨ ᠴᠢᠩᠭᠠᠳᠬᠠᠬᠤ ᠬᠡᠷᠡᠭᠲᠡᠢ᠃       ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠠᠯᠢᠪᠠ ᠢᠳᠡᠪᠬᠢ ᠬᠦᠴᠦᠨ ᠵᠦᠶ᠋ᠯ ᠢ ᠭᠦᠶ᠋ᠴᠡᠳ ᠳᠠᠶᠢᠴᠢᠯᠠᠵᠤ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠥᠷᠭᠡᠨ ᠢᠶᠠᠷ ᠪᠦᠯᠬᠦᠮᠳᠡᠵᠦ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠶ ᠭᠡᠪᠠ᠃       ᠨᠠᠮ ᠤᠨ ᠠᠵᠤ ᠠᠬᠤᠢ ᠶᠢᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠳᠤ ᠤᠯᠤᠰ ᠲᠦᠷᠦ ᠶᠢᠨ ᠤᠬᠠᠮᠰᠠᠷ ᠢᠶᠠᠨ ᠪᠠᠲᠤᠳᠬᠠᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ —       ᠡᠨᠡ ᠤᠳᠠᠭ᠎ᠠ ᠶᠢᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠴᠢᠬᠤᠯᠠᠴᠢᠯᠠᠭᠰᠠᠨ ᠨᠢ᠂ ︽ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠠᠵᠤ ᠠᠬᠤᠢ ᠶᠢᠨ ᠠᠵᠢᠯ ᠢ ᠴᠢᠬᠤᠯᠠᠴᠢᠯᠠᠬᠤ ᠬᠡᠷᠡᠭᠲᠡᠢ︾ ︽ ᠤᠯᠤᠰ ᠲᠦᠷᠦ ᠶᠢᠨ ᠬᠠᠷᠠᠴᠠ ᠪᠠᠷ ᠠᠵᠤ ᠠᠬᠤᠢ ᠨᠡᠶᠢᠭᠡᠮ ᠤᠨ ᠠᠰᠠᠭᠤᠳᠠᠯ ᠢ ᠠᠵᠢᠭᠯᠠᠬᠤ ᠪᠠ ᠵᠠᠳᠠᠯᠬᠤ ᠳᠤ ᠴᠢᠳᠠᠮᠠᠭᠠᠢ ᠪᠠᠶᠢᠬᠤ ᠬᠡᠷᠡᠭᠲᠡᠢ︾ ︽ᠤᠯᠤᠰ ᠲᠦᠷᠦ ᠶᠢᠨ ᠰᠡᠷᠭᠡᠭ ᠴᠢᠨᠠᠷ ᠪᠠ ᠤᠯᠤᠰ ᠲᠦᠷᠦ ᠶᠢᠨ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ ᠠᠬᠤᠢ ᠶᠢᠨ ᠠᠵᠢᠯᠯᠠᠭᠠᠨ ᠤ ᠤᠯᠤᠰ ᠲᠦᠷᠦ ᠶᠢᠨ ᠦᠷ᠎ᠡ ᠳ᠋ᠦᠩ  ᠢ ᠴᠢᠳᠠᠮᠠᠭᠠᠢ ᠠᠵᠢᠭᠯᠠᠬᠤ ᠬᠡᠷᠡᠭᠲᠡᠢ︾ ᠭᠡᠪᠠ᠃       ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠰᠤᠯᠠᠷᠠᠭᠤᠯᠤᠯ ᠦᠭᠡᠢ ᠴᠢᠩᠭ᠎ᠠ ᠠᠳᠬᠤᠵᠤ ᠡᠷᠴᠢᠮᠲᠡᠢ ᠨᠠᠶᠢᠳᠠᠪᠤᠷᠢᠵᠢᠭᠤᠯᠬᠤ ᠬᠡᠷᠡᠭᠲᠡᠢ᠂ ᠬᠤᠭᠤᠰᠣᠨ ᠤᠷᠢᠶ᠎ᠠ ᠬᠠᠰᠬᠢᠷᠤᠭᠠᠳ ᠨᠠᠶᠢᠳᠠᠪᠤᠷᠢᠵᠢᠭᠤᠯᠬᠤ ᠦᠭᠡᠢ ᠪᠠᠶᠢᠵᠤ ᠪᠣᠯᠬᠤ ᠦᠭᠡᠢ᠂ ᠨᠡᠩ ᠴᠤ ᠬᠡᠯᠪᠡᠷᠢᠴᠢ ᠦᠵᠡᠯ᠂ ᠨᠣᠶᠠᠨᠴᠢ ᠰᠤᠷᠲᠠᠯ ᠭᠠᠷᠭᠠᠵᠤ ᠪᠣᠯᠬᠤ ᠦᠭᠡᠢ᠃ ᠨᠠᠮ  ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠴᠢᠬᠤᠯᠠ ᠪᠦᠬᠦᠢ ᠰᠢᠮᠳᠠᠭᠤᠯᠤᠨ ᠪᠠᠶᠢᠴᠠᠭᠠᠵᠤ᠂ ᠰᠢᠮᠳᠠᠭᠤᠯᠤᠨ ᠵᠢᠯᠣᠭᠤᠳᠬᠤ ᠠᠵᠢᠯ ᠢ ᠥᠷᠨᠢᠭᠦᠯᠬᠦ ᠬᠡᠷᠡᠭᠲᠡᠢ᠂ ᠭᠡᠪᠡᠴᠦ ᠬᠤᠯᠪᠣᠭᠳᠠᠯ ᠪᠦᠬᠦᠢ ᠠᠵᠢᠯ ᠢ ᠵᠢᠷᠤᠮᠵᠢᠭᠤᠨ ᠬᠢᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃       ᠨᠠᠮ ᠤᠨ ᠠᠵᠤ ᠠᠬᠤᠢ ᠶᠢᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠳᠤ ᠲᠤᠰᠬᠠᠶᠢᠵᠢᠭᠰᠠᠨ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠤᠳᠤᠷᠢᠳᠤᠨ ᠪᠠᠶᠢᠭᠤᠯᠬᠤ ᠮᠡᠷᠭᠡᠵᠢᠯᠲᠡᠨ ᠪᠣᠯᠬᠤ ᠪᠠᠷ ᠴᠢᠷᠮᠠᠶᠢᠬᠤ ᠬᠡᠷᠡᠭᠲᠡᠢ — 
2020-12-23-3108d3873e-c1d9-428b-8f2f-09a24ed9e02e.jpg
      ᠴᠢᠳᠠᠪᠤᠷᠢᠲᠠᠨ ᠴᠤᠭᠯᠠᠷᠠᠪᠠᠯ ᠨᠠᠮ ᠰᠠᠶ᠋ᠢ ᠬᠥᠭᠵᠢᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠤᠯᠲᠠ ᠶᠢᠨ ᠬᠤᠷᠳᠤᠴᠠ ᠮᠠᠰᠢ ᠲᠦᠷᠭᠡᠰᠴᠦ᠂ ᠠᠵᠤ ᠠᠬᠤᠢ ᠨᠡᠶᠢᠭᠡᠮ ᠤᠨ ᠠᠵᠢᠯᠯᠠᠭᠠᠨ ᠤ ᠪᠤᠳᠤᠯᠢᠶᠠᠨᠲᠤ ᠴᠢᠨᠠᠷ ᠪᠦᠬᠦ ᠲᠠᠯ᠎ᠠ ᠪᠠᠷ ᠳᠡᠭᠡᠭᠰᠢᠯᠡᠨ᠎ᠡ᠂ ᠬᠡᠷᠪᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠷᠠᠯᠲᠠ ᠶᠢᠨ ᠬᠠᠨᠳᠤᠰᠢ ᠶᠢ ᠡᠵᠡᠮᠰᠢᠬᠦ ᠦᠭᠡᠢ᠂ ᠰᠢᠨ᠎ᠡ ᠪᠠᠷ ᠬᠥᠭᠵᠢᠭᠰᠡᠨ ᠬᠦᠷᠢᠶ᠎ᠡ ᠴᠠᠷᠠᠭ᠎ᠠ ᠶᠢᠨ ᠪᠠᠶᠢᠳᠠᠯ ᠢ ᠣᠶᠢᠯᠠᠭᠠᠬᠤ ᠦᠭᠡᠢ᠂ ᠤᠯᠠᠨ ᠲᠦᠮᠡᠨ ᠤ ᠬᠦᠰᠡᠯ ᠡᠷᠡᠮᠡᠯᠵᠡᠯ ᠪᠠ ᠬᠦᠰᠡᠯ ᠱᠠᠭᠠᠷᠳᠠᠯᠭ᠎ᠠ ᠶᠢᠨ ᠬᠤᠪᠢᠷᠠᠯᠲᠠ ᠳᠤ ᠰᠡᠷᠡᠭᠳᠡᠯ ᠦᠭᠡᠢ ᠪᠣᠯ ᠠᠵᠤ ᠠᠬᠤᠢ ᠶᠢᠨ ᠠᠵᠢᠯ ᠢ ᠰᠠᠶᠢᠲᠤᠷ ᠵᠢᠯᠣᠭᠤᠳᠬᠤ ᠶᠢᠨ ᠠᠷᠭ᠎ᠠ ᠦᠭᠡᠢ ᠪᠥᠭᠡᠳ ᠣᠳᠣᠬᠢᠴᠢᠯᠠᠭᠰᠠᠨ ᠪᠦᠳᠦᠭᠡᠨ ᠪᠠᠶᠢᠭᠤᠯᠤᠯᠲᠠ ᠶᠢ ᠴᠤ ᠤᠳᠤᠷᠢᠳᠬᠤ ᠶᠢᠨ ᠠᠷᠭ᠎ᠠ ᠦᠭᠡᠢ ᠶᠤᠮ᠃       ᠠᠵᠤ ᠠᠬᠤᠢ ᠶᠢᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠳᠤ ᠬᠥᠭᠵᠢᠯᠲᠡ ᠪᠠ ᠠᠮᠤᠷ ᠲᠦᠪᠰᠢᠨ ᠤ ᠬᠤᠶᠠᠷ ᠶᠡᠭᠡ ᠶᠠᠪᠤᠳᠠᠯ ᠢ ᠰᠠᠶᠢᠲᠤᠷ ᠠᠳᠬᠤᠬᠤ ᠬᠡᠷᠡᠭᠲᠡᠢ —      ᠰᠢᠨ᠎ᠡ ᠠᠶᠠᠨ ᠢ ᠡᠬᠢᠯᠡᠭᠦᠯᠵᠦ᠂ ᠮᠠᠨ ᠤ ᠤᠯᠤᠰ ᠤᠨ ᠬᠥᠭᠵᠢᠯᠲᠡ ᠠᠶᠤᠯ ᠲᠦᠭᠰᠢᠭᠦᠷᠢ ᠠᠮᠠᠷᠬᠠᠨ ᠡᠭᠦᠰᠬᠦ ᠤᠯᠠᠨ ᠡᠭᠦᠰᠬᠦ ᠬᠤᠭᠤᠴᠠᠭᠠᠨ ᠳᠤ ᠣᠷᠣᠪᠠᠯ᠂ ᠡᠯ᠎ᠡ ᠵᠦᠢᠯ ᠤᠨ ᠵᠥᠷᠢᠴᠡᠯ ᠪᠠ ᠠᠰᠠᠭᠤᠳᠠᠯ ᠬᠠᠷᠢᠯᠴᠠᠨ ᠰᠣᠯᠪᠢᠴᠠᠬᠤ ᠪᠣᠯᠣᠨ᠎ᠠ᠂ ᠠᠮᠤᠷ ᠲᠦᠪᠰᠢᠨ ᠬᠥᠭᠵᠢᠯᠲᠡ ᠶᠢᠨ ᠬᠥᠪᠴᠢ ᠶᠢ ᠴᠢᠩᠭᠠᠯᠠᠬᠤ ᠬᠡᠷᠡᠭᠲᠡᠢ᠃      ᠤᠷᠤᠭᠰᠢᠯᠠᠯᠲᠠ ᠶᠢᠨ ᠵᠠᠮ ᠳᠡᠭᠡᠷᠡᠬᠢ ᠰᠢᠨ᠎ᠡ ᠥᠷᠢᠰᠥᠯᠳᠦᠭᠡᠨ ᠤ ᠡᠮᠦᠨ᠎ᠡ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠶᠡᠭᠡ ᠬᠠᠨᠳᠤᠰᠢ ᠶᠢ ᠪᠠᠶᠢᠩᠭᠤ ᠠᠵᠢᠭᠯᠠᠨ᠂ ᠶᠡᠭᠡ ᠲᠠᠯ᠎ᠠ ᠶᠢ ᠪᠠᠶᠢᠩᠭᠤ ᠪᠣᠳᠣᠯᠬᠢᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ︽ᠰᠠᠯᠬᠢ ᠰᠥᠷᠴᠦ ᠣᠩᠭᠤᠴᠠ ᠰᠡᠯᠢᠬᠦ︾ ᠦᠵᠡᠯ ᠰᠠᠨᠠᠭ᠎ᠠ ᠪᠣᠯᠤᠨ ᠠᠵᠢᠯ ᠤᠨ ᠪᠡᠯᠡᠳᠬᠡᠯ ᠢ ᠰᠠᠶᠢᠲᠤᠷ ᠬᠢᠵᠦ᠂ ᠤᠷᠢᠳᠴᠢᠯᠠᠵᠤ ᠪᠡᠯᠡᠳᠬᠡᠨ ᠰᠠᠨᠠᠭᠠᠴᠢᠯᠠᠭᠠᠲᠤ ᠳᠠᠶᠢᠨ ᠢ ᠰᠠᠶᠢᠲᠤᠷ ᠬᠢᠬᠦ ᠬᠡᠷᠡᠭᠲᠡᠢ᠃ ᠵᠠᠷᠢᠮ ᠭᠤᠣᠯᠳᠠᠯᠭ᠎ᠠ ᠲᠠᠢ ᠬᠦᠷᠢᠶᠡᠨ ᠳᠠᠬᠢ ᠨᠦᠯᠦᠭᠡᠯᠡᠯ ᠶᠡᠬᠡᠲᠡᠢ ᠳᠠᠯᠳᠠ ᠬᠢᠮᠤᠷᠠᠯ ᠪᠠ ᠲᠥᠰᠥᠭᠡᠯᠡᠬᠦᠶ᠎ᠡ ᠪᠡᠷᠬᠡ ᠮᠦᠷᠲᠡᠭᠡᠨ ᠶᠡᠷᠦ ᠪᠣᠰᠤ ᠶᠢᠨ ᠬᠡᠷᠡᠭ ᠢ ᠴᠢᠩᠭ᠎ᠠ ᠰᠡᠷᠭᠡᠶᠢᠯᠡᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠨ ᠠᠷᠢᠯᠭᠠᠬᠤ ︽ᠪᠤᠯᠤᠳ ᠬᠡᠷᠡᠮ ᠲᠡᠮᠦᠷ ᠬᠠᠨ᠎ᠠ︾ ᠶᠢ ᠪᠠᠲᠤ ᠴᠣᠭᠴᠠᠯᠠᠬᠤ ᠬᠡᠷᠡᠭᠲᠡᠢ᠃ 
2020-12-23-4996a45b8f-140c-4418-8e5f-ed3a5a5ad054.jpg
      ᠵᠢᠯ ᠤᠨ ᠡᠴᠦᠰ ᠣᠨ ᠤ ᠡᠬᠢᠨ ᠪᠣᠯᠬᠤ ᠳᠤ᠂ ᠡᠯ᠎ᠡ ᠵᠦᠢᠯ ᠤᠨ ᠠᠵᠢᠯ ᠢ ᠴᠢᠩᠭ᠎ᠠ ᠠᠳᠬᠤᠵᠤ ᠪᠣᠳᠠᠲᠠᠢ ᠠᠳᠬᠤᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠤ ᠪᠠᠨ ᠲᠠᠬᠢᠨ ᠡᠭᠦᠰᠬᠦ ᠶᠢ ᠰᠡᠷᠭᠡᠶᠢᠯᠡᠬᠦ︾ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠴᠢᠩᠭ᠎ᠠ ᠰᠡᠷᠭᠡᠶᠢᠯᠡᠨ ᠰᠠᠬᠢᠵᠤ᠂ ᠬᠡᠪᠴᠢᠶᠡᠲᠦ ᠴᠢᠨᠠᠷᠲᠠᠢ ᠪᠠᠷ ᠬᠠᠯᠳᠠᠪᠤᠷᠢᠯᠠᠨ ᠣᠷᠣᠵᠤ ᠢᠷᠡᠬᠦ ᠪᠠ ᠲᠠᠬᠢᠨ ᠳᠡᠯᠭᠡᠷᠡᠬᠦ ᠪᠠᠶᠢᠳᠠᠯ ᠭᠠᠷᠬᠤ ᠦᠭᠡᠢ ᠪᠠᠶᠢᠬᠤ  ᠶᠢ ᠦᠨᠡᠨ ᠬᠦ ᠪᠠᠲᠤᠯᠠᠬᠤ ᠬᠡᠷᠡᠭᠲᠡᠢ︔ ᠬᠤᠶᠠᠷ ᠪᠠᠶᠠᠷ ᠤᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠰᠠᠶᠢᠲᠤᠷ ᠲᠤᠬᠢᠷᠠᠭᠤᠯᠵᠤ᠂ ᠠᠷᠠᠳ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠂ ᠬᠦᠴᠢᠷᠳᠡᠯᠲᠡᠢ ᠬᠥᠮᠦᠰ  ᠤᠨ ᠦᠨᠳᠦᠰᠦᠨ ᠵᠦᠢᠯ ᠢ ᠪᠠᠲᠤᠯᠠᠨ ᠳᠠᠭᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ ᠁       ᠳᠤᠮᠳᠠᠳᠤ ᠤᠯᠤᠰ ᠤᠨ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠳᠤ ᠪᠠᠶᠢᠨ᠎ᠠ᠂ ᠬᠥᠮᠦᠨ ᠳᠤ ᠪᠠᠶᠢᠨ᠎ᠠ᠃       ᠰᠢᠨ᠎ᠡ ᠠᠶᠠᠨ ᠤ ᠤᠷᠤᠭᠰᠢᠯᠠᠯᠲᠠ ᠶᠢᠨ ᠪᠦᠷᠢᠶ᠎ᠡ ᠨᠢᠭᠡᠨᠲᠡ ᠬᠠᠩᠭᠢᠨᠠᠯ᠎ᠠ᠃ ᠢᠷᠡᠬᠦ ᠵᠢᠯ ᠤᠨ ᠠᠵᠤ ᠠᠬᠤᠢ  ᠶᠢᠨ ᠠᠵᠢᠯ ᠢ ᠰᠠᠶᠢᠲᠤᠷ ᠬᠢᠬᠦ ᠡᠭᠦᠷᠭᠡ ᠮᠠᠰᠢ ᠬᠦᠨᠳᠦ ᠪᠠᠶᠢᠨ᠎ᠠ᠂ ᠪᠦᠬᠦ ᠨᠠᠮ ᠢᠶᠠᠷ ᠢᠶᠠᠨ ᠰᠢ ᠶᠢᠨ ᠫᠢᠩ ᠨᠥᠬᠦᠷ  ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ 14 ᠳ᠋ᠦᠩᠰᠢᠭᠤᠷ ᠳᠤᠮᠳᠠᠳᠤ ᠤᠯᠤᠰ ᠤᠨ ᠠᠷᠠᠳ ᠲᠦᠮᠡᠨ ᠤ ᠰᠦᠷ ᠳᠠᠯᠠᠶᠢᠴᠠᠲᠠᠢ ᠠᠤᠭ᠎ᠠ ᠬᠦᠴᠦᠨ ᠢ ᠨᠢᠭᠲᠠᠷᠠᠭᠤᠯᠤᠨ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ  ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠴᠥᠬᠦᠷᠡᠰᠢ ᠦᠭᠡᠢ ᠲᠡᠮᠡᠴᠡᠵᠡᠭᠡᠶ᠎ᠡ︕
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ