ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠭᠡᠮᠡᠯ ᠬᠠᠷᠠᠭᠠᠯᠵᠠᠯᠲᠤ ᠵᠢᠵᠢᠭ | ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠤ ᠮᠥᠩᠭᠦ ᠶᠢ ᠨᠢ ᠪᠤᠴᠠᠭᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠪᠠ ᠢᠲᠡᠭᠡᠮᠵᠢᠲᠦ | ᠵᠢᠭᠡᠯᠡᠯᠭᠡ ᠪᠠᠷ ᠳᠡᠮᠵᠢᠬᠦ ᠲᠥᠯᠥᠪᠯᠡᠭᠡ ᠶᠢ ᠦᠷᠭᠦᠯᠵᠢᠯᠡᠭᠦᠯᠬᠦ ᠪᠠᠷ ᠲᠣᠭᠲᠠᠭᠠᠪᠠ | ︽ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠲᠦᠷᠢᠮ ︵ᠲᠥᠰᠦᠯ︶︾ ᠪᠠ ︽ᠡᠮᠴᠢᠯᠡᠭᠡᠨ ᠤ ᠪᠠᠭᠠᠵᠢ ᠬᠡᠷᠡᠭᠰᠡᠯ ᠳᠤ | ᠬᠢᠨᠠᠯᠲᠠ ᠲᠠᠯᠪᠢᠬᠤ ᠬᠠᠮᠢᠶᠠᠷᠤᠯᠲᠠ ᠶᠢᠨ ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ︾ ᠢ ᠪᠠᠲᠤᠯᠠᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 12 ᠳ᠋ᠤᠭᠠᠷ ᠰᠠᠷ᠎ᠠ ᠶᠢᠨ 21 ᠤ ᠡᠳᠦᠷ ᠲᠥᠷᠥ ᠶᠢᠨ ᠶᠠᠪᠤᠳᠠᠯ ᠤᠨ | ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠤ | ᠮᠥᠩᠭᠦ ᠶᠢ ᠨᠢ ᠪᠤᠴᠠᠭᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠪᠣᠯᠣᠨ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠲᠥᠯᠥᠪᠯᠡᠭᠡ ᠶᠢ ᠥᠷᠭᠦᠯᠵᠢᠯᠡᠭᠦᠯᠬᠦ ᠪᠠᠷ | ᠲᠣᠭᠲᠠᠭᠠᠵᠤ᠂ ︽ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠲᠦᠷᠢᠮ ︵ᠲᠥᠰᠦᠯ︶︾ ᠪᠠ ︽ᠡᠮᠴᠢᠯᠡᠭᠡᠨ ᠤ ᠪᠠᠭᠠᠵᠢ | ᠬᠡᠷᠡᠭᠰᠡᠯ ᠳᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠢ ᠪᠠᠲᠤᠯᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ | ᠪᠣᠳᠠᠲᠤ ᠴᠣᠭᠴᠠ ᠶᠢᠨ ᠠᠵᠤ ᠠᠬᠤᠶ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠪᠠᠨ ᠨᠡᠮᠡᠭᠳᠡᠭᠦᠯᠬᠦ᠂ ᠢᠯᠠᠩᠭᠤᠶ᠎ᠠ ᠵᠢᠵᠢᠭ ᠪᠢᠴᠢᠯ ᠠᠵᠤ ᠠᠬᠤᠶᠢᠯᠠᠯ ᠢ | ᠬᠠᠪᠰᠤᠷᠤᠨ ᠬᠦᠴᠢᠷ ᠢ ᠲᠤᠭᠤᠯᠤᠭᠤᠯᠬᠤ ᠶᠢᠨ ᠲᠥᠯᠥᠭᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠣᠭᠤᠰ ᠤᠨ ᠲᠥᠷᠥ ᠶᠢᠨ ᠪᠣᠳᠣᠯᠭ᠎ᠠ ᠶᠢ ᠰᠢᠭᠤᠳ | ᠬᠦᠷᠲᠡᠬᠦ ᠬᠤᠶᠠᠷ ᠠᠷᠭ᠎ᠠ ᠶᠢ ᠨᠡᠶᠢᠲᠡᠯᠡᠪᠡ᠄ ᠲᠣᠬᠠᠶᠢᠯᠠᠪᠠᠯ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠳᠤ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ | ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠤ ᠮᠥᠩᠭᠦ ᠶᠢ ᠨᠢ ᠪᠤᠴᠠᠭᠠᠬᠤ ᠶᠢ ᠱᠠᠲᠤ ᠦᠶ᠎ᠡ ᠶᠢᠨ ᠴᠢᠨᠠᠷᠲᠠᠢ ᠪᠠᠷ ᠬᠤᠶᠢᠰᠢᠯᠠᠭᠤᠯᠤᠨ ᠬᠡᠷᠡᠭᠵᠢᠭᠦᠯᠬᠦ ᠳᠤ ᠵᠣᠬᠢᠬᠤ | ᠬᠡᠮᠵᠢᠶᠡᠨ ᠤ ᠤᠷᠮᠠᠰᠢᠭᠤᠯᠤᠯ ᠣᠯᠭᠤᠬᠤ ᠪᠠ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠠᠴᠠ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ | ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠲᠠᠯᠪᠢᠬᠤ ᠳᠤ ᠬᠠᠷᠠᠭᠠᠯᠵᠠᠯᠲᠤ ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠪᠣᠯᠣᠨ᠎ᠠ᠃ ᠡᠨᠡᠬᠦ ᠲᠥᠷᠥ ᠶᠢᠨ ᠪᠣᠳᠣᠯᠭ᠎ᠠ ᠶᠢᠨ | ᠬᠡᠷᠡᠭᠵᠢᠭᠦᠯᠦᠯᠲᠡ ᠢᠯᠡᠳᠲᠡ ᠦᠷ᠎ᠡ ᠪᠦᠲᠦᠮᠵᠢ ᠣᠯᠵᠤ᠂ 310 ᠭᠠᠷᠤᠶ ᠲᠦᠮᠡᠨ ᠡᠷᠦᠬᠡ ᠵᠢᠵᠢᠭ ᠪᠢᠴᠢᠯ ᠠᠵᠤ ᠠᠬᠤᠶᠢᠯᠠᠯ ᠳᠤ ᠠᠰᠢᠭ ᠬᠦᠷᠲᠡᠭᠡᠵᠦ᠂ ᠠᠵᠤ | ᠠᠬᠤᠶᠢᠯᠠᠯ ᠤᠨ ᠪᠠᠯᠠ ᠮᠥᠩᠭᠦ ᠶᠢᠨ ᠳᠠᠷᠤᠯᠲᠠ ᠶᠢ ᠨᠠᠮᠳᠠᠭᠤᠯᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ ᠰᠠᠭᠤᠭᠠᠯᠢ ᠠᠷᠠᠳ ᠤᠨ ᠠᠵᠢᠯ | ᠣᠯᠭᠤᠯᠲᠠ ᠶᠢ ᠪᠠᠲᠤᠯᠠᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃ ᠣᠳᠣᠬᠠᠨ ᠳᠤ ᠠᠵᠤ ᠠᠬᠤᠶ ᠠᠯᠬᠤᠮ ᠠᠯᠬᠤᠮ ᠢᠶᠠᠷ ᠬᠡᠪ ᠤᠨ ᠪᠠᠶᠢᠳᠠᠯ ᠳᠤ ᠪᠠᠨ ᠣᠷᠣᠵᠤ | ᠪᠠᠶᠢᠭ᠎ᠠ ᠪᠣᠯᠪᠠᠴᠤ ᠵᠢᠵᠢᠭ ᠪᠢᠴᠢᠯ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠲᠤᠯᠭᠠᠷᠠᠵᠤ ᠪᠠᠶᠢᠭ᠎ᠠ ᠣᠨᠴᠠᠭᠠᠢ ᠬᠦᠴᠢᠷᠳᠡᠯ ᠢ ᠮᠥᠨ ᠬᠦ ᠬᠠᠪᠰᠤᠷᠤᠨ | ᠲᠡᠳᠬᠦᠬᠦ ᠴᠢᠬᠤᠯᠠᠲᠠᠶ ᠪᠠᠶᠢᠨ᠎ᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ | ᠠᠬᠤᠢ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠢ ᠲᠠᠢ ᠪᠠᠶᠢᠯᠭᠠᠬᠤ ᠪᠠᠷ ᠴᠢᠷᠮᠠᠶᠢᠵᠤ᠂ ᠲᠥᠷᠥ ᠶᠢᠨ ᠪᠣᠳᠣᠯᠭ᠎ᠠ ᠶᠢᠨ ᠥᠷᠭᠦᠯᠵᠢᠯᠡᠯᠲᠦ ᠴᠢᠨᠠᠷ᠂ | ᠲᠣᠭᠲᠠᠪᠤᠷᠢᠲᠤ ᠴᠢᠨᠠᠷ ᠪᠣᠯᠤᠨ ᠥᠷᠭᠦᠯᠵᠢᠯᠡᠭᠦ᠋ᠢᠴᠡ ᠴᠢᠨᠠᠷ ᠢ ᠪᠠᠲᠤᠯᠠᠨ᠂ ᠲᠥᠷᠥ ᠶᠢᠨ ᠪᠣᠳᠣᠯᠭ᠎ᠠ ᠶᠢ ᠥᠷᠭᠦᠯᠵᠢᠯᠡᠭᠦᠯᠬᠦ ᠪᠠ ᠵᠦᠶ ᠵᠣᠬᠢᠰᠲᠠᠶ ᠲᠣᠬᠢᠷᠠᠭᠤᠯᠬᠤ ᠶᠢ | ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠠᠬ᠎ᠠ ᠳᠡᠯᠭᠡᠭᠦᠷ ᠤᠨ ᠵᠢᠱᠢᠯᠲᠡ ᠶᠢ | ᠲᠣᠭᠲᠠᠪᠤᠷᠢᠵᠢᠭᠤᠯᠬᠤ ᠬᠡᠷᠡᠭᠲᠡᠢ ᠪᠠᠶᠢᠨ᠎ᠠ᠃ | ᠬᠤᠷᠠᠯ ᠠᠴᠠ ᠲᠣᠭᠲᠠᠭᠠᠭᠰᠠᠨ ᠨᠢ᠂ ᠨᠢᠭᠡ ᠳᠤ ᠢᠷᠡᠬᠦ ᠵᠢᠯ ᠤᠨ ᠨᠢᠭᠡᠳᠦᠭᠡᠷ ᠤᠯᠠᠷᠢᠯ ᠳᠤ ᠤᠤᠯ ᠤᠨ ᠲᠣᠭᠲᠠᠭᠠᠭᠰᠠᠨ ᠲᠦᠭᠡᠮᠡᠯ ᠬᠠᠷᠠᠭᠠᠯᠵᠠᠯᠲᠤ ᠵᠢᠵᠢᠭ | ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠤ ᠮᠥᠩᠭᠦ ᠶᠢ ᠨᠢ ᠪᠤᠴᠠᠭᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ | ᠨᠠᠶᠢᠳᠠᠪᠤᠷᠢᠵᠢᠭᠤᠯᠵᠤ᠂ ᠡᠨᠡᠬᠦ ᠰᠠᠭᠤᠷᠢᠨ ᠳᠡᠭᠡᠷ᠎ᠡ ᠲᠥᠷᠥ ᠶᠢᠨ ᠪᠣᠳᠣᠯᠭ᠎ᠠ ᠶᠢᠨ ᠬᠤᠭᠤᠴᠠᠭ᠎ᠠ ᠶᠢ ᠵᠣᠬᠢᠰᠲᠠᠶ ᠤᠷᠳᠤᠳᠬᠠᠨ᠂ ᠵᠠᠬ᠎ᠠ ᠳᠡᠯᠭᠡᠭᠦᠷᠴᠢᠯᠡᠬᠦ ᠵᠠᠷᠴᠢᠮ ᠤᠨ | ᠶᠣᠰᠣᠭᠠᠷ ᠤᠷᠲᠤᠳᠬᠠᠪᠠᠰᠤ ᠵᠣᠬᠢᠬᠤ ᠪᠦᠬᠦᠨ ᠢ ᠤᠷᠲᠤᠳᠬᠠᠵᠤ᠂ ᠪᠠᠩᠬᠢ ᠪᠣᠯᠤᠨ ᠠᠵᠤ ᠠᠬᠤᠶᠢᠯᠠᠯ ᠡᠵᠡᠨ ᠮᠡᠳᠡᠨ ᠵᠥᠪᠳᠡᠯᠴᠡᠵᠦ ᠲᠣᠭᠲᠠᠭᠠᠬᠤ ᠬᠡᠷᠡᠭᠲᠡᠶ᠃ | ᠵᠢᠭᠡᠯᠡᠯᠭᠡ ᠶᠢᠨ ᠡᠬᠡ ᠬᠦᠦ ᠮᠥᠩᠭᠦ ᠶᠢ ᠨᠢ ᠪᠤᠴᠠᠭᠠᠬᠤ ᠶᠢ ᠬᠤᠶᠢᠰᠢᠯᠠᠭᠤᠯᠤᠭᠰᠠᠨ ᠮᠥᠷᠲᠡᠭᠡᠨ ᠬᠤᠭᠤᠴᠠᠭ᠎ᠠ ᠨᠢ 6 ᠰᠠᠷ᠎ᠠ ᠠᠴᠠ ᠳᠡᠭᠡᠭᠰᠢ ᠪᠠᠶᠢᠬᠤ ᠣᠷᠣᠨ | ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢ ᠵᠢᠭᠡᠯᠡᠯᠭᠡ ᠶᠢᠨ ᠡᠬᠡ ᠮᠥᠩᠭᠦ ᠶᠢᠨ 1% ᠪᠠᠷ ᠦᠷᠭᠦᠯᠵᠢᠯᠡᠨ ᠤᠷᠮᠠᠰᠢᠭᠤᠯᠬᠤ ᠬᠡᠷᠡᠭᠲᠡᠶ᠃ ᠬᠤᠶᠠᠷ ᠲᠤ ᠲᠦᠭᠡᠮᠡᠯ | ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠲᠥᠯᠥᠪᠯᠡᠭᠡ ᠶᠢ ᠬᠡᠷᠡᠭᠵᠢᠭᠦᠯᠬᠦ ᠬᠤᠭᠤᠴᠠᠭ᠎ᠠ ᠶᠢᠨ ᠡᠨᠡ ᠵᠢᠯ ᠤᠨ | ᠡᠴᠦᠰ ᠠᠴᠠ ᠵᠣᠬᠢᠰᠲᠠᠶ ᠤᠷᠲᠤᠳᠬᠠᠬᠤ ᠬᠡᠷᠡᠭᠲᠡᠢ᠃ ᠨᠥᠬᠦᠴᠡᠯ ᠳᠤ ᠨᠡᠶᠢᠴᠡᠭᠰᠡᠨ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠨᠢ ᠲᠦᠭᠡᠮᠡᠯ | ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠲᠠᠯᠪᠢᠪᠠᠯ᠂ ᠵᠢᠭᠡᠯᠡᠯᠭᠡ ᠶᠢᠨ ᠡᠬᠡ ᠮᠥᠩᠭᠦ ᠶᠢᠨ 40% ᠪᠠᠷ ᠦᠷᠭᠦᠯᠵᠢᠯᠡᠨ | ᠬᠠᠷᠠᠭᠠᠯᠵᠠᠯᠲᠤ ᠪᠠᠯᠠ ᠮᠥᠩᠭᠦ ᠶᠢᠨ ᠳᠡᠮᠵᠢᠯᠭᠡ ᠦᠵᠡᠭᠦᠯᠬᠦ ᠬᠡᠷᠡᠭᠲᠡᠢ᠃ ᠳᠡᠭᠡᠷ᠎ᠡ ᠳᠤᠷᠠᠳᠤᠭᠰᠠᠨ ᠵᠣᠭᠤᠰ ᠤᠨ ᠲᠥᠷᠥ ᠶᠢᠨ ᠪᠣᠳᠣᠯᠭ᠎ᠠ ᠶᠢ ᠰᠢᠭᠤᠳ ᠬᠦᠷᠲᠡᠬᠦ | ᠠᠷᠭ᠎ᠠ ᠶᠢ ᠰᠠᠶᠢᠲᠤᠷ ᠬᠡᠷᠡᠭᠵᠢᠭᠦᠯᠬᠦ ᠪᠠ ᠵᠣᠬᠢᠰᠲᠠᠶ ᠤᠷᠲᠤᠳᠬᠠᠬᠤ ᠶᠠᠪᠤᠳᠠᠯ ᠨᠢ᠂ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠤᠨ ᠤᠯᠤᠰ ᠤᠨ ᠳᠣᠲᠣᠭᠠᠳᠤ | ᠭᠠᠳᠠᠭᠠᠳᠤ ᠶᠢᠨ ᠣᠷᠴᠢᠨ ᠨᠥᠬᠦᠴᠡᠯ ᠤᠨ ᠬᠤᠪᠢᠷᠠᠯᠲᠠ ᠶᠢ ᠨᠡᠩ ᠰᠠᠶᠢᠲᠤᠷ ᠠᠷᠭᠠᠴᠠᠭᠠᠵᠤ᠂ ᠦᠢᠯᠡᠳᠪᠦᠷᠢᠯᠡᠯ ᠡᠵᠡᠩᠨᠡᠯᠲᠡ ᠶᠢᠨ ᠲᠣᠭᠲᠠᠭᠤᠨ ᠰᠡᠷᠭᠦᠯᠲᠡ ᠶᠢ | ᠪᠡᠶᠡᠯᠡᠭᠦᠯᠬᠦ ᠳᠤ ᠠᠰᠢᠭᠲᠠᠶ ᠶᠤᠮ᠃ ᠬᠤᠷᠠᠯ ᠠᠴᠠ ᠴᠢᠬᠤᠯᠠᠴᠢᠯᠠᠭᠰᠠᠨ ᠨᠢ᠂ ᠬᠠᠣᠯᠢ ᠪᠠᠷ ᠵᠠᠰᠠᠬᠤ ᠠᠷᠭ᠎ᠠ ᠪᠠᠷ ᠴᠢᠬᠤᠯᠠ ᠪᠦᠬᠦᠢ ᠬᠦᠷᠢᠶ᠎ᠡ ᠴᠠᠷᠠᠭᠠᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠣᠯᠠᠨ ᠲᠦᠮᠡᠨ ᠤ ᠬᠠᠣᠯᠢ ᠶᠣᠰᠣᠨ ᠤ ᠡᠷᠬᠡ ᠠᠰᠢᠭ ᠢ ᠬᠠᠮᠠᠭᠠᠯᠠᠬᠤ | ᠬᠡᠷᠡᠭᠲᠡᠢ ᠭᠡᠵᠡᠢ᠃ ᠬᠤᠷᠠᠯ ᠠᠴᠠ ︽ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠲᠦᠷᠢᠮ ︵ᠲᠥᠰᠦᠯ︶︾ ᠢ ᠪᠠᠲᠤᠯᠠᠵᠤ᠂ | ᠮᠤᠵᠢ ᠶᠢᠨ ᠱᠠᠲᠤᠨ ᠤ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠬᠠᠤᠯᠢ ᠪᠤᠰᠤ ᠪᠡᠯᠡ ᠴᠤᠭᠯᠠᠭᠤᠯᠬᠤ ᠠᠵᠢᠯ ᠢ ᠰᠡᠷᠭᠡᠶᠢᠯᠡᠬᠦ ᠪᠠ | ᠰᠢᠢᠳᠪᠦᠷᠢᠯᠡᠬᠦ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ ᠭᠡᠵᠦ ᠲᠣᠭᠲᠠᠭᠠᠭᠰᠠᠨ ᠪᠦᠭᠡᠳ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ᠂ | ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ | ᠬᠤᠪᠢᠶᠠᠷᠢᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠯ᠂ ᠢᠨᠲ᠋ᠧᠷ ᠰᠦᠯᠵᠢᠶᠡᠨ ᠤ ᠬᠠᠮᠢᠶᠠᠷᠤᠯᠲᠠ᠂ ᠵᠠᠷ ᠮᠡᠳᠡᠭᠡ ᠪᠠ ᠪᠡᠯᠡ ᠮᠥᠩᠭᠦ ᠶᠢᠨ ᠬᠢᠨᠠᠨ | ᠬᠡᠮᠵᠢᠯᠲᠡ ᠵᠡᠷᠭᠡ ᠲᠠᠯ᠎ᠠ ᠪᠠᠷ ᠰᠡᠷᠭᠡᠶᠢᠯᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠦ ᠲᠣᠲᠣᠷᠬᠠᠶᠢᠯᠠᠵᠤ᠂ ᠪᠠᠶᠢᠴᠠᠭᠠᠨ ᠰᠢᠢᠳᠪᠦᠷᠢᠯᠡᠬᠦ ᠶᠠᠪᠤᠴᠠ ᠳᠠᠬᠢ | ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠬᠢᠨᠠᠨ ᠬᠠᠮᠢᠶᠠᠷᠴᠤ ᠬᠠᠷᠢᠭᠤᠴᠠᠯᠭ᠎ᠠ ᠲᠤᠯᠭᠠᠬᠤ ᠶᠢ ᠴᠢᠩᠭᠠᠳᠬᠠᠵᠠᠢ᠃ ᠲᠥᠰᠦᠯ ᠳᠤ ᠬᠠᠤᠯᠢ ᠪᠤᠰᠤ ᠪᠠᠷ | ᠪᠡᠯᠡ ᠴᠤᠭᠯᠠᠭᠤᠯᠤᠭᠰᠠᠨ ᠵᠠᠰᠠᠭ ᠵᠠᠬᠢᠷᠭᠠᠨ᠂ ᠡᠷᠡᠭᠦᠤ ᠶᠢᠨ ᠬᠠᠷᠢᠭᠤᠴᠠᠯᠭ᠎ᠠ ᠪᠠ ᠪᠡᠯᠡ ᠮᠥᠩᠭᠦ ᠶᠢ ᠢᠯᠭᠠᠷᠠᠭᠤᠯᠤᠨ ᠪᠤᠴᠠᠭᠠᠬᠤ᠂ ᠬᠠᠤᠯᠢ ᠪᠤᠰᠤ ᠪᠠᠷ ᠪᠡᠯᠡ | ᠴᠤᠭᠯᠠᠭᠤᠯᠬᠤ ᠳᠤ ᠣᠷᠣᠯᠴᠠᠭᠰᠠᠳ ᠤᠨ ᠬᠠᠷᠢᠭᠤᠴᠠᠪᠠᠰᠤ ᠵᠣᠬᠢᠬᠤ ᠦᠷ᠎ᠡ ᠳ᠋ᠦᠩ ᠵᠡᠷᠭᠡ ᠶᠢᠨ ᠲᠠᠯ᠎ᠠ ᠪᠠᠷ ᠴᠢᠩᠭ᠎ᠠ ᠲᠣᠭᠲᠠᠭᠠᠯ ᠭᠠᠷᠭᠠᠵᠠᠶ᠃ ᠲᠥᠰᠦᠯ ᠳᠤ ᠪᠠᠰᠠ | ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠨᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ | ᠰᠡᠷᠭᠡᠶᠢᠯᠡᠬᠦ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠨᠡᠶᠢᠭᠡᠮ ᠨᠡᠶᠢᠲᠡ ᠶᠢᠨ ᠬᠢᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠦᠵᠡᠯ | ᠤᠬᠠᠮᠰᠠᠷ ᠪᠠ ᠢᠯᠭᠠᠨ ᠲᠠᠨᠢᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ ᠭᠡᠵᠦ ᠲᠣᠭᠲᠠᠭᠠᠵᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠮᠴᠢᠯᠡᠭᠡᠨ ᠤ ᠪᠠᠭᠠᠵᠢ ᠬᠡᠷᠡᠭᠰᠡᠯ ᠨᠢ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ | ᠠᠮᠤᠷ ᠲᠦᠪᠰᠢᠨ ᠲᠠᠢ ᠬᠤᠯᠪᠣᠭᠳᠠᠵᠤ ᠪᠠᠶᠢᠭ᠎ᠠ ᠪᠣᠯᠬᠤᠷ ᠡᠷᠬᠡᠪᠰᠢ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ ᠭᠡᠵᠡᠢ᠃ | ᠬᠤᠷᠠᠯ ᠠᠴᠠ ︽ ᠡᠮᠴᠢᠯᠡᠭᠡᠨ ᠤ ᠪᠠᠭᠠᠵᠢ ᠬᠡᠷᠡᠭᠰᠡᠯ ᠳᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠢ | ᠪᠠᠲᠤᠯᠠᠵᠤ᠂ ᠠᠵᠤ ᠠᠬᠤᠶᠢᠯᠠᠯ᠂ ᠰᠤᠳᠤᠯᠤᠨ ᠦᠢᠯᠡᠳᠬᠦ ᠪᠠᠶᠢᠭᠤᠯᠤᠮᠵᠢ ᠶᠢᠨ ᠡᠮᠴᠢᠯᠡᠭᠡᠨ ᠤ ᠪᠠᠭᠠᠵᠢ ᠬᠡᠷᠡᠭᠰᠡᠯ ᠤᠨ ᠠᠮᠤᠷ ᠲᠥᠪᠰᠢᠨ ᠴᠢᠨᠠᠷ ᠪᠣᠯᠣᠨ ᠦᠷ᠎ᠡ | ᠪᠦᠳᠦᠮᠵᠢᠳᠦ ᠴᠢᠨᠠᠷ ᠲᠤ ᠬᠠᠷᠢᠭᠤᠴᠠᠬᠤ ᠬᠠᠷᠢᠭᠤᠴᠠᠯᠭ᠎ᠠ ᠶᠢ ᠴᠢᠩᠭᠠᠳᠬᠠᠵᠤ᠂ ᠬᠢᠨᠠᠨ ᠵᠥᠪᠰᠢᠶᠡᠷᠡᠯ᠂ ᠳᠠᠩᠰᠠᠯᠠᠭᠤᠯᠬᠤ ᠳᠡᠰ ᠳᠠᠷᠠᠭᠠᠯᠠᠯ ᠢ ᠲᠤᠲᠤᠷᠬᠠᠶᠢᠯᠠᠨ᠂ | ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ ᠲᠡᠭᠦᠯᠳᠡᠷᠵᠢᠭᠦᠯᠵᠦ᠂ ᠦᠢᠯᠡᠳᠬᠦᠨ ᠤ ᠴᠤᠷ ᠤᠨ ᠭᠠᠭᠴᠠ ᠢᠯᠭᠠᠬᠤ ᠲᠡᠮᠳᠡᠭ ᠢ ᠮᠥᠷᠳᠡᠨ ᠪᠠᠶᠢᠴᠠᠭᠠᠬᠤ ᠵᠡᠷᠭᠡ | ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠨᠡᠮᠡᠵᠦ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠰᠢᠢᠳᠭᠡᠬᠦ ᠡᠷᠴᠢᠮ ᠢ ᠴᠢᠩᠭᠠᠷᠠᠭᠤᠯᠵᠤ᠂ ᠶᠠᠰᠤ ᠴᠢᠨᠠᠷ ᠤᠨ ᠠᠮᠤᠷ | ᠲᠦᠪᠰᠢᠨ ᠳᠤ ᠬᠤᠯᠪᠣᠭᠳᠠᠭᠰᠠᠨ ᠬᠦᠨᠳᠦ ᠨᠣᠴᠢᠲᠠᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠣᠷᠭᠠᠬᠤ ᠵᠣᠭᠤᠰᠣᠨ ᠤ ᠲᠤᠭ᠎ᠠ ᠶᠢ ᠶᠡᠬᠡᠪᠡᠷ | ᠨᠡᠮᠡᠭᠳᠡᠭᠦᠯᠦᠨ᠂ ᠬᠠᠤᠯᠢ ᠶᠢ ᠬᠦᠨᠳᠦ ᠨᠣᠴᠢᠲᠠᠶ ᠵᠥᠷᠢᠴᠡᠭᠰᠡᠨ ᠨᠢᠭᠡᠴᠢ ᠵᠢᠴᠢ ᠬᠠᠷᠢᠭᠤᠴᠠᠯᠭᠠᠲᠠᠨ ᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ | ᠦᠭᠡᠢ ᠪᠣᠯᠭᠠᠬᠤ ᠪᠠ ᠠᠵᠢᠯ ᠲᠦᠷᠦᠯ ᠪᠣᠯᠣᠨ ᠵᠠᠬ᠎ᠠ ᠳᠡᠯᠭᠡᠭᠦᠷ ᠲᠤ ᠣᠷᠣᠬᠤ ᠶᠢ ᠨᠢ ᠴᠠᠭᠠᠵᠠᠯᠠᠬᠤ ᠵᠡᠷᠭᠡ ᠴᠢᠩᠭ᠎ᠠ ᠰᠢᠢᠳᠬᠡᠯ ᠥᠭᠴᠦ᠂ ᠶᠠᠯᠠᠲᠤ ᠠᠵᠢᠯᠯᠠᠭ᠎ᠠ ᠳᠤ | ᠬᠤᠯᠪᠣᠭᠳᠠᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠬᠦ ᠪᠠᠷ ᠪᠣᠯᠵᠠᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃ |