ᠪᠠᠶᠠᠨᠨᠠᠭᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠢᠭ 2 ᠲᠣᠭᠠᠲᠤ
ᠨᠡᠶᠢᠲᠡᠯᠡᠭᠰᠡᠨ ᠴᠠᠭ᠄
2020/2/14
     ᠣᠳᠣᠬᠠᠨ ᠳᠤ᠂ ᠪᠦᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠠᠰᠢ ᠬᠠᠲᠠᠭᠤ ᠪᠡᠷᠬᠡᠲᠡᠢ ᠪᠠᠶᠢᠵᠤ᠂ ᠰᠡᠷᠭᠡᠶᠢᠯᠡᠨ ᠡᠵᠡᠮᠳᠡᠬᠦ ᠠᠵᠢᠯ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠤᠢ᠂ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠬᠤᠲᠠ ᠳᠤ ᠬᠢᠵᠢᠭ ᠳᠡᠯᠭᠡᠷᠡᠬᠦ ᠶᠢ ᠡᠷᠡᠰ ᠰᠡᠷᠭᠡᠶᠢᠯᠡᠵᠦ᠂ ᠥᠷᠭᠡᠨ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠶᠢᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯᠯᠠᠬᠤ ᠳᠤᠭᠤᠶᠢᠯᠠᠩ ᠤᠨ ᠨᠢᠭᠡᠳᠥᠯᠲᠡᠢ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠪᠦᠬᠦ ᠬᠤᠲᠠ ᠶᠢᠨ ᠬᠡᠪᠴᠢᠶᠡᠨ ᠳᠤ ᠳᠣᠣᠷᠠᠬᠢ ᠮᠡᠲᠦ ᠠᠷᠭ᠎ᠠ ᠪᠠᠷᠢᠯ ᠢ ᠴᠢᠨᠠᠭᠰᠢᠳᠠ ᠠᠪᠬᠤ ᠪᠠᠷ ᠰᠤᠳᠤᠯᠤᠨ ᠲᠣᠭᠲᠠᠪᠠ᠃      ᠨᠢᠭᠡ᠂ ᠬᠢᠵᠢᠭ ᠢ ᠰᠡᠷᠭᠡᠶᠢᠯᠡᠨ ᠡᠵᠡᠮᠳᠡᠬᠦ ᠬᠦᠨᠳᠦ ᠶᠡᠭᠡ ᠤᠯᠤᠰ ᠲᠥᠷᠥ ᠶᠢᠨ ᠡᠭᠦᠷᠭᠡ ᠪᠠᠨ ᠡᠷᠡᠰ ᠡᠭᠦᠷᠭᠡᠯᠡᠬᠦ ᠬᠡᠷᠡᠭᠲᠡᠢ᠃ ᠡᠯ᠎ᠡ ᠭᠠᠵᠠᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠬᠠᠷᠢᠶ᠎ᠠ ᠭᠠᠵᠠᠷ ᠤᠨ ᠡᠭᠦᠷᠭᠡ ᠲᠤᠰᠢᠶᠠᠯ ᠢᠶᠠᠨ ᠦᠨᠡᠨ ᠬᠦ ᠭᠦᠢᠴᠡᠳᠬᠡᠵᠦ᠂ ᠡᠵᠡᠮᠳᠡᠨ ᠬᠠᠮᠢᠶᠠᠷᠬᠤ ᠠᠷᠭ᠎ᠠ ᠪᠠᠷᠢᠯ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠨ ᠭᠦᠢᠴᠡᠳ ᠪᠡᠶᠡᠯᠡᠭᠦᠯᠬᠦ ᠬᠡᠷᠡᠭᠲᠡᠢ᠃ ᠡᠯ᠎ᠡ ᠱᠠᠲᠤᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠨᠢᠭᠡᠳᠥᠯᠲᠡᠢ ᠲᠥᠯᠥᠪᠵᠢᠭᠦᠯᠦᠨ ᠵᠢᠯᠣᠭᠤᠳᠬᠤ᠂ ᠵᠣᠬᠢᠴᠠᠭᠤᠯᠤᠨ ᠪᠠᠶᠢᠷᠢᠯᠠᠭᠤᠯᠬᠤ ᠦᠢᠯᠡᠳᠥᠯ ᠢᠶᠠᠨ ᠭᠦᠢᠴᠡᠳ ᠪᠠᠳᠠᠷᠠᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠭᠦᠢᠴᠡᠳ ᠬᠢᠬᠦ ᠬᠡᠷᠡᠭᠲᠡᠢ᠃ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠬᠤ ᠶᠢᠨ ᠬᠠᠮᠲᠤ᠂ ᠥᠭᠡᠷᠡᠴᠢᠯᠡᠯᠲᠡ ᠬᠥᠭᠵᠢᠭᠦᠯᠦᠯᠲᠡ ᠲᠣᠭᠲᠠᠭᠤᠨ ᠪᠠᠶᠢᠯᠭᠠᠬᠤ ᠡᠯ᠎ᠡ ᠲᠥᠷᠥᠯ ᠤᠨ ᠠᠵᠢᠯ ᠢ ᠨᠢᠭᠡᠳᠥᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠢᠵᠢᠭ ᠤᠨ ᠲᠤᠬᠠᠢ ᠨᠠᠵᠠᠭᠠᠢ ᠨᠥᠯᠥᠭᠡ ᠶᠢ ᠬᠠᠮᠤᠭ ᠪᠠᠭ᠎ᠠ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠭ᠎ᠠ ᠥᠷᠭᠡᠨ ᠣᠯᠠᠨ ᠨᠠᠮ ᠤᠨ ᠭᠡᠰᠢᠭᠦᠳ᠂ ᠣᠨᠴᠠᠭᠠᠶᠢᠯᠠᠨ ᠤᠳᠤᠷᠢᠳᠬᠤ ᠺᠠᠳ᠋ᠷᠴᠤᠳ ᠵᠠᠪᠠᠯ ᠲᠦᠷᠦᠭᠦᠯᠡᠨ ᠤᠷᠤᠭᠰᠢᠯᠠᠵᠤ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ ᠵᠣᠬᠢᠶᠠᠨ ᠪᠠᠶᠢᠭᠤᠯᠵᠤ ᠨᠢᠭᠲᠠᠷᠠᠭᠤᠯᠤᠨ᠂ ᠳᠠᠶᠠᠭᠠᠷ ᠰᠡᠷᠭᠡᠶᠢᠯᠡᠨ ᠵᠠᠰᠠᠬᠤ ᠨᠢᠭᠲᠠ ᠰᠡᠷᠭᠡᠶᠢᠯᠡᠯᠲᠡ ᠶᠢᠨ ᠱᠤᠭᠤᠮ ᠢ ᠴᠣᠭᠴᠠᠯᠠᠵᠤ᠂ ᠨᠠᠮ ᠤᠨ ᠲᠤᠭ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠡᠮᠦᠨ᠎ᠡ ᠹᠷᠣᠨᠲ ᠲᠤ ᠥᠨᠳᠥᠷ ᠨᠠᠮᠢᠷᠠᠭᠤᠯᠬᠤ ᠬᠡᠷᠡᠭᠲᠡᠢ      ᠬᠤᠶᠠᠷ᠂ ᠰᠠᠭᠤᠭᠠᠯᠢ ᠲᠣᠭᠤᠷᠢᠭ ᠭᠠᠴᠠᠭ᠎ᠠ ᠲᠣᠰᠬᠤᠨ ᠤ ᠬᠢᠵᠢᠭ ᠤᠨ ᠰᠡᠷᠭᠡᠶᠢᠯᠡᠯᠲᠡ ᠡᠵᠡᠮᠳᠡᠯ ᠢ ᠲᠣᠪᠤᠶᠢᠯᠭᠠᠨ ᠰᠠᠶᠢᠲᠤᠷ ᠠᠳᠬᠤᠬᠤ ᠬᠡᠷᠡᠭᠲᠡᠢ᠃ ᠲᠣᠣᠷᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠠᠶᠢᠯ ᠳᠤᠭᠤᠶᠢᠯᠠᠩ ᠤᠨ ᠰᠡᠷᠭᠡᠶᠢᠯᠡᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠠᠭᠤᠭᠠᠯᠢ ᠲᠣᠭᠤᠷᠢᠭ ᠲᠤ ᠣᠷᠣᠵᠤ ᠭᠠᠷᠤᠭᠰᠠᠳ ᠤᠨ ᠥᠪᠡᠷᠲᠡᠭᠡᠨ ᠳᠠᠩᠰᠠᠯᠠᠬᠤ ᠰᠢᠰᠲ᠋ᠧᠮ᠂ ᠶᠠᠪᠤᠭᠤᠯ ᠬᠥᠮᠥᠰ ᠤᠨ ᠥᠪᠡᠷᠲᠡᠭᠡᠨ ᠳᠠᠩᠰᠠᠯᠠᠬᠤ ᠰᠢᠰᠲ᠋ᠧᠮ᠂ ᠵᠠᠮ ᠨᠡᠪᠲᠡᠷᠡᠯᠭᠡ ᠶᠢᠨ ᠪᠣᠭᠤᠮᠲᠠ ᠶᠢᠨ ᠥᠪᠡᠷᠲᠡᠭᠡᠨ ᠳᠠᠩᠰᠠᠯᠠᠬᠤ ᠰᠢᠰᠲ᠋ᠧᠮ ᠵᠡᠷᠭᠡ ᠣᠶᠤᠨᠴᠢ ᠠᠷᠭ᠎ᠠ ᠪᠠᠷᠢᠯ ᠢ ᠭᠦᠢᠴᠡᠳ ᠬᠡᠷᠡᠭᠯᠡᠵᠦ᠂ ᠡᠵᠡᠮᠳᠡᠨ ᠬᠠᠮᠢᠶᠠᠷᠬᠤ ᠠᠰᠢᠭᠯᠠᠮᠵᠢ ᠪᠠ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠪᠦᠬᠦ ᠬᠤᠲᠠ ᠶᠢᠨ ᠪᠦᠬᠦ ᠭᠠᠴᠠᠭ᠎ᠠ ᠲᠣᠰᠬᠤᠨ ᠠᠶᠢᠯ ᠳᠤᠭᠤᠶᠢᠯᠠᠩ᠂ ᠰᠠᠭᠤᠭᠠᠯᠢ ᠲᠣᠭᠤᠷᠢᠭ ᠲᠤ 3 ᠬᠤᠨᠤᠭ ᠪᠣᠯᠭᠠᠨ ᠳᠤ ᠡᠷᠦᠬᠡ ᠪᠣᠯᠭᠠᠨ 1 ᠬᠥᠮᠥᠨ ᠢᠶᠠᠨ ᠭᠠᠳᠠᠭᠰᠢ ᠭᠠᠷᠭᠠᠵᠤ ᠴᠢᠬᠤᠯᠠ ᠬᠡᠷᠡᠭᠯᠡᠭᠡᠨ ᠤ ᠡᠳ᠋ ᠪᠣᠳᠠᠰ ᠠᠪᠬᠤ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠬᠥᠮᠥᠰ ᠪᠠ ᠲᠡᠷᠭᠡ ᠮᠠᠰᠢᠨ ᠤ ᠭᠠᠷᠴᠤ ᠣᠷᠣᠬᠤ ᠶᠢ ᠴᠢᠩᠭ᠎ᠠ ᠡᠵᠡᠮᠳᠡᠵᠦ᠂ ᠬᠥᠮᠥᠰ ᠤᠨ ᠤᠷᠤᠰᠬᠠᠯ ᠪᠠ ᠴᠤᠭᠯᠠᠷᠠᠬᠤ ᠶᠢ ᠬᠠᠮᠤᠭ ᠶᠡᠭᠡ ᠪᠠᠷ ᠪᠠᠭᠠᠰᠬᠠᠬᠤ ᠬᠡᠷᠡᠭᠲᠡᠢ᠃ ᠭᠤᠣᠯᠳᠠᠯᠭ᠎ᠠ ᠲᠠᠢ ᠬᠥᠮᠥᠰ ᠤᠨ ᠳᠠᠷᠠᠭᠠᠯᠠᠨ ᠪᠠᠶᠢᠴᠠᠭᠠᠯᠲᠠ ᠶᠢ ᠴᠢᠩᠭᠠᠳᠬᠠᠵᠤ᠂ ︽ᠬᠤᠶᠠᠷ ᠵᠠᠪᠠᠯ︾᠂ ︽ᠭᠤᠷᠪᠠ ᠳᠤ ᠭᠠᠷ ᠤᠨ ᠦᠰᠦᠭ ᠵᠢᠷᠤᠬᠤ︾᠂ ︽ᠬᠤᠶᠠᠷ ᠢ ᠳᠠᠩᠰᠠ ᠠᠴᠠ ᠭᠠᠷᠭᠠᠬᠤ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠪᠧᠢ ᠮᠤᠵᠢ᠂ ᠦᠬᠠᠨ ᠬᠤᠲᠠ ᠠᠴᠠ ᠢᠷᠡᠭᠰᠡᠳ ᠪᠠ ᠬᠤᠪᠧᠢ ᠮᠤᠵᠢ᠂ ᠦᠬᠠᠨ ᠬᠤᠲᠠ ᠳᠤ ᠣᠴᠢᠭᠰᠠᠨ ᠲᠡᠦᠬᠡ ᠲᠠᠢ ᠬᠥᠮᠥᠰ᠂ ᠭᠤᠸᠠᠩᠳᠦ᠋ᠩ᠂ ᠵᠧᠵᠢᠶᠠᠩ᠂ ᠾᠧᠨᠠᠨ ᠂ ᠬᠤᠨᠠᠨ᠂ ᠠᠨᠾᠦ᠋ᠢ᠂ ᠵᠢᠶᠠᠩᠰᠢ᠂ ᠵᠢᠶᠠᠩᠰᠤ᠂ ᠴᠦᠩᠴᠢᠩ᠂ ᠱᠠᠨᠳᠦ᠋ᠩ᠂ ᠰᠧᠴᠤᠸᠠᠨ᠂ ᠪᠡᠭᠡᠵᠢᠩ᠂ ᠬᠠᠷᠠᠮᠥ᠋ᠷᠡᠨ᠂ ᠱᠠᠩᠬᠠᠢ᠂ ᠹᠦᠵᠢᠶᠠᠨ ᠵᠡᠷᠭᠡ ᠬᠢᠵᠢᠭ ᠨᠡᠯᠢᠶᠡᠳ ᠬᠦᠨᠳᠦ ᠣᠷᠣᠨ ᠳᠤ ᠣᠴᠢᠵᠤ ᠢᠷᠡᠭᠰᠡᠨ ᠬᠥᠮᠥᠰ᠂ ᠵᠢᠴᠢ ᠳᠡᠭᠡᠷᠡᠬᠢ ᠬᠥᠮᠥᠰ ᠲᠠᠢ ᠨᠢᠭᠲᠠ ᠣᠶᠢᠷᠠᠲᠤᠭᠰᠠᠳ ᠢ ᠪᠦᠷ ᠪᠦᠬᠦ ᠲᠠᠯ᠎ᠠ ᠪᠠᠷ ᠪᠠᠶᠢᠴᠠᠭᠠᠵᠤ᠂ ᠬᠥᠮᠥᠨ ᠪᠣᠯᠭᠠᠨ ᠳᠤ ᠳᠠᠩᠰᠠ ᠪᠠᠶᠢᠭᠤᠯᠤᠨ᠂ ᠨᠢᠭᠡ ᠨᠢᠭᠡ ᠪᠠᠷ ᠬᠠᠮᠢᠶᠠᠷᠴᠤ᠂ ᠬᠠᠯᠳᠠᠪᠤᠷᠢᠯᠠᠯ ᠤᠨ ᠡᠬᠢ ᠶᠢ ᠳᠠᠷᠠᠭᠠᠯᠠᠨ ᠪᠠᠶᠢᠴᠠᠭᠠᠬᠤ ᠳᠤ ᠪᠠᠯᠠᠢ ᠴᠡᠭ ᠦᠯᠡᠳᠡᠭᠡᠬᠦ ᠦᠭᠡᠢ ᠪᠠᠶᠢᠵᠤ᠂ ᠬᠢᠵᠢᠭ ᠳᠡᠯᠭᠡᠷᠡᠬᠦ ᠵᠠᠮ ᠮᠥᠷ ᠢ ᠲᠠᠰᠤᠯᠬᠤ ᠳᠤ ᠪᠠᠯᠠᠢ ᠴᠡᠭ ᠦᠯᠡᠳᠡᠭᠡᠬᠦ ᠦᠭᠡᠢ ᠪᠠᠶᠢᠬᠤ ᠬᠡᠷᠡᠭᠲᠡᠢ᠃ 1 ᠰᠠᠷ᠎ᠠ ᠶᠢᠨ 1 ᠤ ᠡᠳᠥᠷ ᠠᠴᠠ ᠨᠠᠭᠠᠰᠢ ᠮᠠᠨ ᠤ ᠬᠤᠲᠠ ᠳᠤ ᠢᠷᠡᠭᠰᠡᠨ ᠨᠡᠭᠦᠳᠡᠯ ᠬᠥᠮᠥᠨ ᠠᠮᠠ ︵ᠬᠤᠲᠠ ᠰᠢᠶᠠᠨ ᠠᠯᠤᠰᠯᠠᠨ ᠰᠠᠭᠤᠷᠢᠰᠢᠵᠤ ᠪᠠᠶᠢᠭ᠎ᠠ ᠬᠥᠮᠥᠰ︶ ᠵᠠᠪᠠᠯ 2 ᠰᠠᠷ᠎ᠠ ᠶᠢᠨ 12 ᠤᠨ ᠡᠳᠥᠷ ᠤᠨ 18 ᠴᠠᠭ ᠠᠴᠠ ᠡᠮᠦᠨ᠎ᠡ ᠰᠠᠭᠤᠭ᠎ᠠ ᠭᠠᠵᠠᠷ ᠤᠨ ᠢᠶᠠᠨ ᠬᠠᠷᠢᠶ᠎ᠠ ᠲᠣᠮᠢᠯᠠᠭᠰᠠᠨ ᠰᠠᠯᠪᠤᠷᠢ ᠪᠤᠶᠤ ᠨᠡᠶᠢᠭᠡᠮ ᠲᠣᠭᠤᠷᠢᠭ ᠲᠤ ᠡᠷᠭᠦᠳᠡᠯ ᠭᠠᠷᠭᠠᠨ ᠳᠠᠩᠰᠠᠯᠠᠭᠤᠯᠬᠤ ᠬᠡᠷᠡᠭᠲᠡᠢ᠃      ᠭᠤᠷᠪᠠ᠂ ᠭᠤᠣᠯᠳᠠᠯᠭ᠎ᠠ ᠲᠠᠢ ᠬᠥᠮᠥᠰ ᠤᠨ ᠡᠵᠡᠮᠳᠡᠯ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠲᠤᠰᠠᠭᠠᠷᠯᠠᠨ ᠠᠵᠢᠭᠯᠠᠬᠤ ᠵᠢᠷᠤᠰᠢᠮᠠᠯ ᠤᠨ ᠱᠠᠭᠠᠷᠳᠠᠯᠭ᠎ᠠ ᠶᠣᠰᠣᠭᠠᠷ ︵ᠥᠪᠥᠷ ᠰᠡᠷᠭᠡᠶᠢᠯᠡᠬᠦ ᠵᠢᠯᠣᠭᠤᠳᠬᠤ ᠲᠠᠷᠬᠠᠭᠠᠭᠰᠠᠨ ︹ 2020 ︺ 21 ᠲᠣᠭᠠᠲᠤ︶᠂ ᠣᠨᠣᠰᠢᠯᠠᠭᠰᠠᠨ ᠡᠪᠡᠳᠴᠢᠲᠡᠨ᠂ ᠰᠡᠵᠢᠭᠯᠡᠯᠲᠡᠢ ᠡᠪᠡᠳᠴᠢᠲᠡᠨ ᠪᠠ ᠢᠯᠡᠷᠡᠯ ᠦᠭᠡᠢ ᠬᠠᠯᠳᠠᠪᠤᠷᠢᠯᠠᠭᠳᠠᠭᠴᠢ ᠲᠠᠢ ᠨᠢᠭᠲᠠ ᠣᠶᠢᠷᠠᠲᠤᠭᠰᠠᠳ ᠢ ᠵᠠᠪᠠᠯ ᠳᠠᠷᠤᠢ ᠳᠤᠨᠢ ᠪᠦᠬᠦ ᠲᠠᠯ᠎ᠠ ᠪᠠᠷ ᠲᠥᠪᠯᠡᠷᠡᠭᠦᠯᠦᠨ ᠲᠤᠰᠠᠭᠠᠷᠯᠠᠵᠤ ᠠᠵᠢᠭᠯᠠᠯᠲᠠ ᠬᠢᠬᠦ ᠬᠡᠷᠡᠭᠲᠡᠢ︔ ᠬᠤᠪᠧᠢ ᠮᠤᠵᠢ᠂ ᠦᠬᠠᠨ ᠬᠤᠲᠠ ᠠᠴᠠ ᠮᠠᠨ ᠤ ᠬᠤᠲᠠ ᠳᠤ ᠪᠤᠴᠠᠵᠤ ᠢᠷᠡᠭᠰᠡᠳ ᠪᠠ ᠬᠤᠪᠧᠢ ᠮᠤᠵᠢ᠂ ᠦᠬᠠᠨ ᠬᠤᠲᠠ ᠳᠤ ᠣᠴᠢᠵᠤ ᠢᠷᠡᠭᠰᠡᠨ ᠲᠡᠦᠬᠡ ᠲᠠᠢ ᠬᠥᠮᠥᠰ ᠭᠡᠷ ᠲᠡᠭᠡᠨ ᠪᠦᠬᠦᠯᠢ 14 ᠬᠤᠨᠤᠭ ᠲᠤᠰᠠᠭᠠᠷᠯᠠᠬᠤ ᠬᠤᠨᠤᠭ ᠲᠤᠭ᠎ᠠ ᠭᠦᠢᠴᠡᠭᠡᠳᠥᠢ ᠪᠣᠯ ᠪᠦᠷ ᠲᠥᠪᠯᠡᠷᠡᠭᠦᠯᠦᠨ ᠲᠤᠰᠠᠭᠠᠷᠯᠠᠵᠤ ᠠᠵᠢᠭᠯᠠᠯᠲᠠ ᠳᠤ ᠣᠷᠣᠭᠤᠯᠤᠨ᠎ᠠ᠂ ᠨᠢᠭᠡᠨᠲᠡ 14 ᠬᠤᠨᠤᠭ ᠭᠦᠢᠴᠡᠭᠰᠡᠨ ᠴᠦ ᠭᠡᠷ ᠲᠡᠭᠡᠨ ᠦᠷᠭᠦᠯᠵᠢᠯᠡᠨ ᠲᠤᠰᠠᠭᠠᠷᠯᠠᠨ ᠠᠵᠢᠭᠯᠠᠬᠤ ᠴᠢᠬᠤᠯᠠᠲᠠᠢ ᠪᠣᠯ ᠶᠠᠭᠠᠬᠢᠭᠰᠠᠨ ᠴᠤ ᠡᠵᠡᠮᠳᠡᠯ ᠬᠠᠮᠢᠶᠠᠷᠤᠯᠲᠠ ᠠᠯᠳᠠᠭᠳᠠᠵᠤ ᠪᠣᠯᠬᠤ ᠦᠭᠡᠢ᠂ ᠲᠡᠭᠦᠨ ᠲᠠᠢ ᠬᠠᠮᠲᠤ ᠠᠮᠢᠳᠤᠷᠠᠭᠰᠠᠳ ᠴᠤ ᠵᠠᠪᠠᠯ ᠭᠡᠷ ᠲᠡᠭᠡᠨ ᠲᠤᠰᠠᠭᠠᠷᠯᠠᠨ ᠠᠵᠢᠭᠯᠠᠯᠲᠠ ᠬᠢᠬᠦ ᠬᠡᠷᠡᠭᠲᠡᠢ︔ ᠥᠨᠥᠳᠥᠷ ᠠᠴᠠ ᠡᠬᠢᠯᠡᠨ᠂ ᠬᠤᠪᠧᠢ᠂ ᠭᠤᠸᠠᠩᠳᠦ᠋ᠩ᠂ ᠵᠧᠵᠢᠶᠠᠩ᠂ ᠾᠧᠨᠠᠨ᠂ ᠬᠤᠪᠧᠢ᠂ ᠠᠨᠾᠦ᠋ᠢ᠂ ᠵᠢᠶᠠᠩᠰᠢ᠂ ᠵᠢᠶᠠᠩᠰᠤ᠂ ᠴᠦᠩᠴᠢᠩ᠂ ᠱᠠᠨᠳᠦ᠋ᠩ᠂ ᠰᠧᠴᠤᠸᠠᠨ᠂ ᠪᠡᠭᠡᠵᠢᠩ᠂ ᠬᠠᠷᠠᠮᠥ᠋ᠷᠡᠨ᠂ ᠱᠠᠩᠬᠠᠢ᠂ ᠹᠦᠵᠢᠶᠠᠨ ᠵᠡᠷᠭᠡ 15 ᠨᠡᠯᠢᠶᠡᠳ ᠬᠦᠨᠳᠦ ᠬᠢᠵᠢᠭᠲᠦ ᠣᠷᠣᠨ ᠳᠤ ᠣᠴᠢᠵᠤ ᠢᠷᠡᠭᠰᠡᠳ ︵ᠪᠤᠴᠠᠵᠤ ᠢᠷᠡᠭᠰᠡᠳ ᠪᠠᠭᠲᠠᠨ᠎ᠠ︶ ᠢ ᠪᠦᠷ 14 ᠬᠤᠨᠤᠭ ᠲᠥᠪᠯᠡᠷᠡᠭᠦᠯᠦᠨ ᠲᠤᠰᠠᠭᠠᠷᠯᠠᠵᠤ ᠠᠵᠢᠭᠯᠠᠯᠲᠠ ᠬᠢᠨ᠎ᠡ︔ ᠬᠤᠲᠠ ᠶᠢᠨ ᠭᠠᠳᠠᠨ᠎ᠠ ᠣᠷᠣᠨ ᠤ ᠳᠣᠲᠣᠨ᠎ᠠ ᠠᠴᠠ ᠢᠷᠡᠭᠰᠡᠳ ᠢ ᠭᠡᠷ ᠲᠤᠨᠢ ᠲᠤᠰᠠᠭᠠᠷᠯᠠᠨ ᠠᠵᠢᠭᠯᠠᠬᠤ ᠶᠢ ᠴᠢᠩᠭ᠎ᠠ ᠬᠡᠷᠡᠭᠵᠢᠭᠦᠯᠦᠨ᠎ᠡ᠃ ᠥᠨᠥᠳᠥᠷ ᠠᠴᠠ ᠡᠬᠢᠯᠡᠨ᠂ ᠬᠠᠯᠠᠭᠤᠷᠠᠭᠰᠠᠳ ᠢ ᠪᠦᠷ ᠡᠮᠴᠢᠯᠡᠭᠡᠨ ᠤ ᠪᠠᠶᠢᠭᠤᠯᠤᠮᠵᠢ ᠳᠤ ᠦᠯᠡᠳᠡᠭᠡᠨ ᠠᠵᠢᠭᠯᠠᠵᠤ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠵᠦ᠂ ᠨᠢᠭᠲᠠ ᠣᠶᠢᠷᠠᠲᠤᠭᠰᠠᠳ ᠢ ᠪᠦᠷ ᠨᠢᠭᠡ ᠬᠥᠮᠥᠨ ᠨᠢᠭᠡ ᠥᠷᠥᠭᠡᠨ ᠳᠤ ᠭᠡᠷ ᠲᠤᠨᠢ ᠲᠤᠰᠠᠭᠠᠷᠯᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠨᠢᠭᠡ ᠪᠦᠯᠦᠭ ᠪᠠᠭᠤᠳᠠᠯ᠂ ᠨᠡᠶᠢᠲᠡ ᠶᠢᠨ ᠪᠠᠶᠢᠷᠢ ᠵᠡᠷᠭᠡ ᠶᠢ ᠲᠠᠲᠠᠪᠤᠷᠢᠯᠠᠨ᠂ ᠲᠤᠰᠠᠭᠠᠷᠯᠠᠬᠤ ᠣᠷᠣᠨ ᠲᠠᠯᠠᠪᠠᠢ ᠶᠢ ᠵᠢᠷᠤᠮᠰᠢᠭᠤᠯᠤᠨ ᠲᠥᠪᠯᠡᠷᠡᠭᠦᠯᠵᠦ ᠲᠣᠬᠢᠷᠠᠭᠤᠯᠤᠨ᠂ ᠲᠤᠰᠬᠠᠢ ᠡᠩᠨᠡᠭᠡ ᠶᠢ ᠲᠣᠮᠢᠯᠠᠨ ᠲᠥᠪᠯᠡᠷᠡᠭᠦᠯᠦᠨ ᠠᠵᠢᠭᠯᠠᠯᠲᠠ ᠬᠢᠬᠦ ᠠᠵᠢᠯ ᠢ ᠰᠠᠶᠢᠲᠤᠷ ᠬᠢᠬᠦ ᠶᠢ ᠵᠢᠯᠣᠭᠤᠳᠬᠤ ᠬᠡᠷᠡᠭᠲᠡᠢ᠃ ᠣᠯᠠᠨ ᠲᠦᠮᠡᠨ ᠤ ᠦᠵᠡᠯ ᠰᠠᠨᠠᠭᠠᠨ ᠤ ᠠᠵᠢᠯ ᠢ ᠬᠦᠯᠢᠴᠡᠩᠭᠦᠢ ᠨᠢᠮᠪᠠᠢ ᠰᠠᠶᠢᠲᠤᠷ ᠬᠢᠵᠦ᠂ ᠣᠯᠠᠨ ᠲᠦᠮᠡᠨ ᠤ ᠣᠶᠢᠯᠠᠭᠠᠯᠲᠠ ᠪᠠ ᠳᠡᠮᠵᠢᠯᠭᠡ ᠶᠢ ᠬᠠᠮᠤᠭ ᠶᠡᠭᠡ ᠬᠡᠮᠵᠢᠶ᠎ᠡ ᠪᠠᠷ ᠲᠡᠮᠡᠴᠡᠨ ᠣᠯᠬᠤ ᠬᠡᠷᠡᠭᠲᠡᠢ᠃ ᠭᠡᠷ ᠲᠤᠨᠢ ᠲᠤᠰᠠᠭᠠᠷᠯᠠᠵᠤ ᠪᠠᠶᠢᠭ᠎ᠠ ᠬᠥᠮᠥᠰ ᠵᠠᠪᠠᠯ ᠠᠮᠠᠯᠠᠯᠲᠠ ᠶᠢᠨ ᠪᠢᠴᠢᠭ ᠲᠣᠭᠲᠠᠵᠤ᠂ ᠲᠤᠰᠠᠭᠠᠷᠯᠠᠯᠲᠠ ᠶᠢᠨ ᠵᠢᠷᠤᠮᠰᠢᠯ ᠢ ᠡᠷᠡᠰ ᠬᠡᠷᠡᠭᠵᠢᠭᠦᠯᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠬᠢᠵᠢᠭ ᠲᠠᠢ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠡᠪᠡᠳᠴᠢᠨ ᠤ ᠪᠠᠶᠢᠳᠠᠯ᠂ ᠶᠠᠪᠤᠭᠰᠠᠨ ᠵᠠᠮ᠂ ᠣᠶᠢᠷᠠᠲᠤᠭᠰᠠᠨ ᠲᠡᠦᠬᠡ ᠵᠡᠷᠭᠡ ᠬᠠᠮᠢᠶᠠᠲᠠᠢ ᠰᠤᠷᠠᠭ ᠵᠠᠩᠭᠢ ᠪᠠᠨ ᠵᠣᠷᠢᠭᠤᠳᠠ ᠨᠢᠭᠤᠬᠤ᠂ ᠬᠢᠵᠢᠭ ᠤᠨ ᠪᠠᠶᠢᠴᠠᠭᠠᠯᠲᠠ᠂ ᠠᠯᠪᠠᠳᠠᠨ ᠲᠤᠰᠠᠭᠠᠷᠯᠠᠬᠤ ᠪᠤᠶᠤ ᠡᠮᠴᠢᠯᠡᠭᠡᠨ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠠᠴᠠ ᠲᠠᠲᠠᠭᠠᠯᠵᠠᠬᠤ᠂ ᠬᠢᠵᠢᠭ ᠤᠨ ᠴᠤᠤᠷᠬᠠᠯ ᠲᠠᠷᠬᠠᠭᠠᠬᠤ ᠵᠡᠷᠭᠡ ᠬᠠᠤᠯᠢ ᠪᠤᠰᠤ ᠠᠵᠢᠯᠯᠠᠭ᠎ᠠ ᠳᠤ ᠭᠤᠣᠯᠳᠠᠯᠭ᠎ᠠ ᠲᠠᠢ ᠴᠣᠬᠢᠯᠲᠠ ᠥᠭᠴᠦ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠡᠷᠴᠢᠮᠲᠡᠢ ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠢ᠃      ᠳᠥᠷᠪᠡ᠂ ᠠᠯᠪᠠᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯ ᠳᠠᠭᠠᠨ ᠭᠠᠷᠤᠭᠰᠠᠳ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠪᠠᠶᠠᠨᠨᠠᠭᠤᠷ ᠰᠢᠨ᠎ᠡ ᠠᠭᠤᠰᠬᠢᠨ ᠦᠷᠪᠢᠰᠦᠯ ᠰᠡᠷᠭᠡᠶᠢᠯᠡᠬᠦ ᠵᠢᠯᠣᠭᠤᠳᠬᠤ ︹ 2020 ︺ 56 ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠬᠥᠳᠡᠭᠡ ᠲᠣᠰᠬᠤᠨ᠂ ᠨᠡᠶᠢᠭᠡᠮ ᠤᠨ ᠡᠯ᠎ᠡ ᠲᠥᠷᠥᠯ ᠤᠨ ᠪᠤᠴᠠᠵᠤ ᠢᠷᠡᠭᠰᠡᠳ ᠤᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠪᠡᠶ᠎ᠡ ᠶᠢᠨ ᠪᠠᠶᠢᠳᠠᠯ᠂ ᠠᠶᠠᠨ ᠵᠠᠮ᠂ ᠬᠦᠷᠦᠯᠴᠡᠭᠰᠡᠨ ᠡᠲᠡᠭᠡᠳ᠂ ᠵᠠᠮ ᠬᠠᠷᠢᠯᠴᠠᠭᠠᠨ ᠤ ᠪᠠᠭᠠᠵᠢ ᠵᠡᠷᠭᠡ ᠶᠢᠨ ᠨᠠᠷᠢᠨ ᠪᠠᠶᠢᠳᠠᠯ ᠢ ᠬᠥᠮᠥᠨ ᠳᠠᠷᠠᠭᠠᠯᠠᠨ ᠣᠨᠣᠪᠴᠢᠲᠠᠢ ᠳᠠᠩᠰᠠᠯᠠᠵᠤ᠂ ᠬᠥᠮᠥᠨ ᠤ ᠲᠤᠭ᠎ᠠ ᠲᠣᠳᠣᠷᠬᠠᠢ᠂ ᠰᠤᠷᠠᠭ ᠵᠠᠩᠭᠢ ᠲᠣᠳᠣᠷᠬᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠬᠤᠪᠧᠢ᠂ ᠭᠤᠸᠠᠩᠳᠦ᠋ᠩ᠂ ᠵᠧᠵᠢᠶᠠᠩ ᠵᠡᠷᠭᠡ 15 ᠭᠤᠣᠯᠳᠠᠯᠭ᠎ᠠ ᠲᠠᠢ ᠬᠢᠵᠢᠭᠲᠦ ᠣᠷᠣᠨ ᠠᠴᠠ ᠢᠷᠡᠭᠰᠡᠳ ᠢ ᠪᠦᠷ ᠲᠥᠪᠯᠡᠷᠡᠭᠦᠯᠦᠨ ᠲᠤᠰᠠᠭᠠᠷᠯᠠᠵᠤ ᠠᠵᠢᠭᠯᠠᠯᠲᠠ ᠬᠢᠨ᠎ᠡ᠃ ᠬᠤᠲᠠ ᠶᠢᠨ ᠭᠠᠳᠠᠨ᠎ᠠ ᠣᠷᠣᠨ ᠤ ᠳᠣᠲᠣᠨ᠎ᠠ ᠠᠴᠠ ᠪᠤᠴᠠᠵᠤ ᠢᠷᠡᠭᠰᠡᠳ ᠢ ᠭᠡᠷ ᠲᠤᠨᠢ ᠲᠤᠰᠠᠭᠠᠷᠯᠠᠨ ᠠᠵᠢᠭᠯᠠᠨ᠎ᠠ᠃ ᠲᠤᠰᠠᠭᠠᠷᠯᠠᠨ ᠠᠵᠢᠭᠯᠠᠬᠤ ᠬᠤᠭᠤᠴᠠᠭ᠎ᠠ ᠳᠠᠭᠤᠰᠤᠭᠠᠳ ᠣᠨᠴᠠᠭᠠᠢ ᠪᠠᠶᠢᠳᠠᠯ ᠦᠭᠡᠢ ᠪᠣᠯ᠂ ᠪᠠᠶᠢᠭᠤᠯᠭ᠎ᠠ ᠨᠢᠭᠡᠴᠢ ᠠᠴᠠ ᠵᠥᠪᠰᠢᠶᠡᠷᠡᠭᠰᠡᠨ ᠤ ᠳᠠᠷᠠᠭ᠎ᠠ ᠰᠠᠶ᠋ᠢ ᠠᠵᠢᠯ ᠳᠠᠭᠠᠨ ᠭᠠᠷᠴᠤ ᠪᠣᠯᠣᠨ᠎ᠠ᠃ ᠠᠯᠪᠠᠨ ᠪᠠᠲᠤᠯᠠᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠣᠲᠣᠭᠠᠳᠤ ᠶᠢᠨ ᠰᠡᠷᠭᠡᠶᠢᠯᠡᠨ ᠡᠵᠡᠮᠳᠡᠬᠦ ᠠᠵᠢᠯ ᠢᠶᠠᠨ ᠰᠠᠶᠢᠲᠤᠷ ᠥᠷᠨᠢᠭᠦᠯᠵᠦ᠂ ᠪᠡᠶ᠎ᠡ ᠶᠢᠨ ᠬᠠᠯᠠᠭᠤᠨ ᠢ ᠬᠡᠮᠵᠢᠬᠦ ᠴᠡᠭ ᠭᠠᠷᠭᠠᠨ᠂ ᠥᠷᠯᠥᠭᠡ ᠶᠢᠨ ᠪᠠᠶᠢᠴᠠᠭᠠᠯᠲᠠ᠂ ᠬᠤᠪᠢ ᠬᠥᠮᠥᠨ ᠪᠠ ᠭᠡᠷ ᠤᠨ ᠬᠥᠮᠥᠰ ᠤᠨ ᠡᠷᠡᠭᠦᠯ ᠮᠡᠨᠳᠦ ᠶᠢᠨ ᠡᠳᠥᠷ ᠤᠨ ᠮᠡᠳᠡᠭᠦᠯᠦᠯᠲᠡ᠂ ᠨᠢᠭᠲᠠ ᠣᠶᠢᠷᠠᠲᠤᠭᠰᠠᠨ ᠪᠠᠶᠢᠳᠠᠯ ᠤᠨ ᠮᠡᠳᠡᠭᠦᠯᠦᠯᠲᠡ ᠪᠠ ᠴᠢᠯᠥᠭᠡ ᠭᠤᠶᠤᠬᠤ ᠳᠦᠷᠢᠮ ᠵᠡᠷᠭᠡ ᠶᠢ ᠴᠢᠩᠭ᠎ᠠ ᠬᠡᠷᠡᠭᠵᠢᠭᠦᠯᠵᠦ᠂ ᠣᠨᠴᠠᠭᠠᠢ ᠪᠠᠶᠢᠳᠠᠯ ᠢᠯᠡᠷᠡᠪᠡᠯ ᠳᠠᠷᠤᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ᠃ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠬᠡᠷᠡᠭᠰᠡᠯ ᠪᠠ ᠡᠳ᠋ ᠪᠣᠳᠠᠰ ᠢ ᠪᠡᠯᠡᠳᠴᠦ᠂ ᠠᠯᠪᠠᠯᠠᠬᠤ ᠣᠷᠴᠢᠨ ᠪᠠ ᠠᠵᠢᠯ ᠤᠨ ᠣᠷᠴᠢᠨ ᠢ ᠡᠳᠥᠷ ᠪᠣᠯᠭᠠᠨ ᠪᠦᠬᠦ ᠲᠠᠯ᠎ᠠ ᠪᠠᠷ ᠠᠷᠢᠭᠤᠳᠬᠠᠬᠤ ᠬᠡᠷᠡᠭᠲᠡᠢ᠃ ᠴᠤᠭᠯᠠᠷᠠᠮᠠᠯ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ ᠬᠤᠷᠠᠯ ᠢ ᠴᠥᠭᠡᠨ ᠬᠢᠵᠦ᠂ ᠴᠥᠭᠡᠨ ᠬᠥᠮᠥᠨ ᠤ ᠬᠤᠷᠠᠯ ᠬᠢᠵᠦ᠂ ᠴᠤᠭᠯᠠᠷᠠᠨ ᠬᠤᠭᠤᠯᠠᠯᠠᠵᠤ ᠪᠣᠯᠬᠤ ᠦᠭᠡᠢ᠃ ᠠᠵᠤ ᠠᠬᠤᠶᠢᠯᠠᠯ ᠠᠵᠢᠯ ᠢᠶᠠᠨ ᠡᠬᠢᠯᠡᠭᠦᠯᠬᠦ ᠴᠢᠬᠤᠯᠠᠲᠠᠢ ᠪᠣᠯ᠂ ᠠᠮᠤᠷ ᠲᠦᠪᠰᠢᠨ ᠬᠡᠷᠡᠭᠵᠢᠭᠦᠯᠦᠭᠦᠰᠢᠲᠡᠢ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ ᠭᠠᠷᠭᠠᠵᠤ᠂ ᠪᠠᠶᠢᠭ᠎ᠠ ᠭᠠᠵᠠᠷ ᠤᠨ ᠵᠠᠰᠠᠭ ᠤᠨ ᠣᠷᠳᠣᠨ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ ᠭᠤᠶᠤᠴᠢᠯᠠᠨ ᠮᠡᠳᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠪᠠᠶᠢᠭ᠎ᠠ ᠵᠠᠰᠠᠭ ᠤᠨ ᠣᠷᠳᠣᠨ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠠᠵᠤ ᠠᠬᠤᠶᠢᠯᠠᠯ ᠤᠨ ᠰᠡᠷᠭᠡᠶᠢᠯᠡᠨ ᠡᠵᠡᠮᠳᠡᠬᠦ ᠲᠥᠰᠦᠯ ᠢ ᠴᠢᠩᠭ᠎ᠠ ᠬᠢᠨᠠᠨ ᠰᠢᠯᠭᠠᠬᠤ ᠶᠢᠨ ᠬᠠᠮᠲᠤ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠰᠢᠯᠭᠠᠨ ᠬᠤᠷᠢᠶᠠᠵᠤ ᠂ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠨᠢ ᠭᠦᠢᠴᠡᠳ ᠪᠢᠰᠢ᠂ ᠬᠥᠮᠥᠰ ᠤᠨ ᠬᠠᠮᠢᠶᠠᠷᠤᠯᠲᠠ ᠵᠢᠷᠤᠰᠢᠮᠠᠯ ᠦᠭᠡᠢ᠂ ᠠᠵᠢᠯ ᠤᠨ ᠳᠦᠷᠢᠮ ᠲᠡᠭᠦᠯᠳᠡᠷ ᠪᠢᠰᠢ ᠪᠣᠯ ᠠᠵᠢᠯ ᠡᠬᠢᠯᠡᠭᠦᠯᠵᠦ ᠪᠣᠯᠬᠤ ᠦᠭᠡᠢ᠂ ᠠᠵᠢᠯᠲᠠᠳ ᠢ ᠵᠣᠬᠢᠶᠠᠨ ᠪᠠᠶᠢᠭᠤᠯᠤᠨ ᠢᠷᠡᠭᠦᠯᠵᠦ ᠪᠣᠯᠬᠤ ᠦᠭᠡᠢ᠃ ᠬᠢᠨᠠᠨ ᠰᠢᠯᠭᠠᠵᠤ ᠪᠠᠶᠢᠴᠠᠭᠠᠭᠠᠳ ᠠᠵᠢᠯ ᠡᠬᠢᠯᠡᠬᠦ ᠨᠥᠬᠦᠴᠡᠯ ᠳᠤ ᠬᠦᠷᠦᠭᠰᠡᠨ ᠠᠵᠤ ᠠᠬᠤᠶᠢᠯᠠᠯ ᠳᠤ᠂ ᠪᠠᠶᠢᠭ᠎ᠠ ᠭᠠᠵᠠᠷ ᠤᠨ ᠵᠠᠰᠠᠭ ᠤᠨ ᠣᠷᠳᠣᠨ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠬᠢᠵᠢᠭ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠪᠢᠴᠢᠭ ᠲᠣᠭᠲᠠᠬᠤ ᠶᠢᠨ ᠬᠠᠮᠲᠤ ᠴᠢᠩᠭ᠎ᠠ ᠬᠢᠨᠠᠨ ᠬᠠᠮᠢᠶᠠᠷᠴᠤ᠂ ᠰᠡᠷᠭᠡᠶᠢᠯᠡᠨ ᠡᠵᠡᠮᠳᠡᠬᠦ ᠠᠵᠢᠯ ᠢ ᠭᠦᠢᠴᠡᠳ ᠨᠠᠶᠢᠳᠠᠪᠤᠷᠢᠵᠢᠭᠤᠯᠬᠤ ᠦᠭᠡᠢ ᠪᠠᠶᠢᠭ᠎ᠠ ᠠᠰᠠᠭᠤᠳᠠᠯ ᠢᠯᠡᠷᠡᠪᠡᠯ ᠡᠷᠡᠰ ᠵᠣᠭᠰᠣᠭᠠᠬᠤ ᠬᠡᠷᠡᠭᠲᠡᠢ᠃      ᠲᠠᠪᠤ᠂ ᠵᠠᠮ ᠲᠡᠭᠡᠭᠡᠪᠦᠷᠢ ᠶᠢᠨ ᠡᠵᠡᠮᠳᠡᠯ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠠᠶᠠᠨᠴᠢᠳ ᠤᠨ ᠮᠠᠰᠢᠨ ᠲᠡᠷᠭᠡ᠂ ᠵᠤᠭᠠᠴᠠᠯ ᠤᠨ ᠬᠥᠯᠥᠰᠥᠨ ᠮᠠᠰᠢᠨ᠂ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ᠂ ᠰᠦᠯᠵᠢᠶ᠎ᠡ ᠪᠠᠷ ᠪᠣᠯᠵᠣᠬᠤ ᠮᠠᠰᠢᠨ ᠪᠦᠬᠦᠨ ᠢ ᠲᠦᠷ ᠵᠣᠭᠰᠣᠭᠠᠵᠤ᠂ ᠲᠦᠷᠭᠡᠨ ᠤ ᠵᠠᠮ᠂ ᠤᠯᠤᠰ ᠪᠠ ᠮᠤᠵᠢ ᠶᠢᠨ ᠭᠤᠣᠯ ᠵᠠᠮ ᠤᠨ ᠣᠷᠣᠵᠤ ᠭᠠᠷᠬᠤ ᠠᠮᠠᠨ ᠳᠡᠭᠡᠷ᠎ᠡ ᠬᠠᠮᠤᠭ ᠴᠢᠩᠭ᠎ᠠ ᠡᠵᠡᠮᠳᠡᠯ ᠬᠠᠮᠢᠶᠠᠷᠤᠯᠲᠠ ᠬᠢᠬᠦ ᠬᠡᠷᠡᠭᠲᠡᠢ᠃ ᠯᠢᠨ ᠾᠧ ᠠᠴᠠ ᠱᠠᠮᠪᠠ ᠬᠦᠷᠬᠦ ᠵᠠᠮ ᠳᠤ ᠲᠦᠷ ᠴᠠᠭ ᠤᠨ ᠴᠢᠩᠳᠠᠯᠠᠯᠲᠠ ᠬᠢᠵᠦ᠂ ᠬᠠᠩᠭᠢᠨ ᠬᠤᠶᠢᠲᠤ ᠬᠤᠰᠢᠭᠤ᠂ ᠯᠢᠨ ᠾᠧ ᠲᠣᠭᠤᠷᠢᠭ᠂ ᠤᠷᠠᠳ ᠤᠨ ᠬᠤᠶᠢᠲᠤ ᠬᠤᠰᠢᠭᠤ ᠭᠤᠷᠪᠠᠨ ᠭᠠᠵᠠᠷ ᠠᠵᠢᠯᠯᠠᠵᠤ ᠠᠮᠢᠳᠤᠷᠠᠵᠤ ᠪᠠᠶᠢᠭ᠎ᠠ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠳ ᠪᠠ ᠰᠠᠭᠤᠭᠠᠯᠢ ᠠᠷᠠᠳ ᠣᠯᠠᠨ ᠲᠦᠮᠡᠨ ᠠᠵᠢᠯᠯᠠᠵᠤ ᠠᠮᠢᠳᠤᠷᠠᠬᠤ ᠭᠠᠵᠠᠷ ᠢᠶᠠᠨ ᠲᠦᠷ ᠴᠠᠭ ᠲᠣᠭᠲᠠᠮᠠᠯ ᠪᠣᠯᠭᠠᠵᠤ᠂ ᠨᠠᠭᠠᠰᠢ ᠴᠠᠭᠠᠰᠢ ᠶᠠᠪᠤᠵᠤ ᠪᠣᠯᠬᠤ ᠦᠭᠡᠢ᠃ ᠵᠠᠮ ᠤᠨ ᠪᠣᠭᠤᠮᠲᠠ᠂ ᠬᠢᠵᠢᠭ ᠪᠠᠶᠢᠴᠠᠭᠠᠬᠤ ᠥᠷᠲᠡᠭᠡ ᠳᠤ ᠪᠦᠷ ᠪᠡᠶ᠎ᠡ ᠶᠢᠨ ᠬᠠᠯᠠᠭᠤᠨ ᠢ ᠬᠡᠮᠵᠢᠬᠦ ᠴᠡᠭ ᠭᠠᠷᠭᠠᠵᠤ᠂ ᠢᠷᠡᠵᠦ ᠣᠴᠢᠬᠤ ᠬᠥᠮᠥᠰ ᠤᠨ ᠪᠡᠶ᠎ᠡ ᠶᠢᠨ ᠬᠠᠯᠠᠭᠤᠨ ᠢ ᠬᠡᠮᠵᠢᠬᠦ ᠪᠠ ᠰᠤᠷᠠᠭ ᠵᠠᠩᠭᠢ ᠶᠢ ᠳᠠᠩᠰᠠᠯᠠᠵᠤ᠂ ᠭᠠᠳᠠᠷ ᠣᠷᠣᠨ ᠤ ᠠᠶᠠᠨᠴᠢᠳ ᠤᠨ ᠮᠠᠰᠢᠨ ᠲᠡᠷᠭᠡ ᠶᠢ ᠵᠠᠷᠴᠢᠮ ᠳᠡᠭᠡᠷ᠎ᠡ ᠪᠠᠨ ᠢᠳᠬᠠᠨ ᠪᠤᠴᠠᠭᠠᠵᠤ᠂ ᠡᠵᠡᠮᠳᠡᠨ ᠬᠠᠮᠢᠶᠠᠷᠬᠤ ᠬᠠᠷᠢᠶ᠎ᠠ ᠣᠷᠣᠨ ᠲᠠᠢ ᠪᠠᠨ ᠠᠵᠢᠯ ᠤᠨ ᠪᠢᠲᠡᠭᠦᠦ ᠳᠠᠷᠠᠭᠠᠯᠠᠯ ᠢ ᠪᠦᠷᠢᠯᠳᠥᠭᠦᠯᠵᠦ᠂ ᠬᠢᠵᠢᠭ ᠬᠠᠯᠳᠠᠪᠤᠷᠢᠯᠠᠨ ᠣᠷᠣᠵᠤ ᠲᠠᠷᠬᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠭᠠᠯᠲᠤ ᠲᠡᠷᠭᠡᠨ ᠤ ᠥᠷᠲᠡᠭᠡ ᠳᠠᠷᠠᠭᠠᠯᠠᠨ ᠪᠠᠶᠢᠴᠠᠭᠠᠬᠤ᠂ ᠪᠡᠶ᠎ᠡ ᠶᠢᠨ ᠬᠠᠯᠠᠭᠤᠨ ᠢ ᠬᠡᠮᠵᠢᠬᠦ᠂ ᠰᠤᠷᠠᠭ ᠵᠠᠩᠭᠢ ᠶᠢ ᠳᠠᠩᠰᠠᠯᠠᠬᠤ ᠪᠠ ᠠᠷᠢᠭᠤᠳᠬᠠᠨ ᠴᠡᠪᠡᠷᠯᠡᠬᠦ ᠵᠡᠷᠭᠡ ᠰᠡᠷᠭᠡᠶᠢᠯᠡᠨ ᠡᠵᠡᠮᠳᠡᠬᠦ ᠠᠵᠢᠯ ᠢ ᠡᠷᠡᠰ ᠰᠠᠶᠢᠲᠤᠷ ᠬᠢᠬᠦ ᠬᠡᠷᠡᠭᠲᠡᠢ᠂ ᠡᠯ᠎ᠡ ᠭᠠᠵᠠᠷ ᠣᠷᠣᠨ ᠳᠤ ᠲᠤᠰᠬᠠᠢ ᠬᠥᠮᠥᠨ ᠲᠤᠰᠬᠠᠢ ᠲᠡᠷᠭᠡ ᠲᠣᠬᠢᠷᠠᠭᠤᠯᠵᠤ᠂ ᠴᠤᠪᠤᠭ᠎ᠠ ᠲᠡᠷᠭᠡ ᠪᠣᠯᠭᠠᠨ ᠤ ᠥᠷᠲᠡᠭᠡᠨ ᠳᠤ ᠪᠠᠭᠤᠬᠤ ᠬᠥᠮᠥᠰ ᠢ ᠬᠠᠷᠢᠶ᠎ᠠ ᠣᠷᠣᠨ ᠠᠴᠠ ᠵᠢᠷᠤᠮᠰᠢᠭᠤᠯᠤᠨ ᠬᠠᠮᠢᠶᠠᠷᠬᠤ ᠱᠠᠭᠠᠷᠳᠠᠯᠭ᠎ᠠ ᠪᠠᠷ ᠨᠢᠭᠡᠳᠥᠯᠲᠡᠢ ᠬᠦᠯᠢᠶᠡᠨ ᠠᠪᠴᠤ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ ᠪᠤᠶᠤ ᠭᠡᠷ ᠲᠤᠨᠢ ᠲᠤᠰᠠᠭᠠᠷᠯᠠᠨ ᠠᠵᠢᠭᠯᠠᠬᠤ ᠬᠡᠷᠡᠭᠲᠡᠢ︔ ᠬᠠᠯᠠᠭᠤᠷᠠᠬᠤ᠂ ᠲᠠᠮᠢᠷᠳᠠᠬᠤ᠂ ᠬᠠᠨᠢᠶᠠᠬᠤ ᠵᠡᠷᠭᠡ ᠡᠪᠭᠦ᠋ᠢᠷᠬᠡᠭᠰᠡᠨ ᠪᠠᠶᠢᠳᠠᠯ ᠲᠠᠢ ᠥᠷᠲᠡᠭᠡᠨ ᠠᠴᠠ ᠭᠠᠷᠬᠤ ᠬᠥᠮᠥᠰ ᠢ᠂ ᠬᠠᠷᠢᠶ᠎ᠠ ᠬᠤᠰᠢᠭᠤ ᠰᠢᠶᠠᠨ ᠲᠣᠭᠤᠷᠢᠭ ᠠᠴᠠ ᠠᠮᠤᠷ ᠲᠦᠪᠰᠢᠨ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠢᠶᠠᠷ ᠲᠣᠰᠴᠤ ᠠᠪᠤᠭᠠᠳ ᠬᠠᠷᠢᠶ᠎ᠠ ᠣᠷᠣᠨ ᠳᠠᠭᠠᠨ ᠲᠤᠰᠠᠭᠠᠷᠯᠠᠨ᠂ ᠡᠵᠡᠮᠳᠡᠨ ᠬᠠᠮᠢᠶᠠᠷᠴᠤ ᠡᠮᠴᠢᠯᠡᠨ ᠵᠠᠰᠠᠬᠤ ᠬᠡᠷᠡᠭᠲᠡᠢ᠃ ᠲᠠᠷᠬᠠᠭᠠᠬᠤ ᠬᠠᠰᠢᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ︽ᠭᠤᠷᠪᠠ ᠦᠭᠡᠢ ᠨᠢᠭᠡ ᠲᠡᠷᠢᠭᠦᠨ ᠳᠤ︾᠂ ︽ᠨᠢᠭᠡ ᠶᠢ ᠲᠠᠰᠤᠯᠤᠨ ᠭᠤᠷᠪᠠ ᠶᠢ ᠦᠯᠦ ᠲᠠᠰᠤᠯᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠢᠩᠬᠢᠮ ᠠᠴᠠ ᠲᠠᠷᠬᠠᠭᠠᠭᠰᠠᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠵᠢᠴᠢ ᠬᠥᠮᠥᠰ ᠢ ᠵᠥᠭᠡᠭᠡᠪᠦᠷᠢᠯᠡᠬᠦ ᠲᠡᠷᠭᠡ ᠮᠠᠰᠢᠨ ᠤ ᠨᠡᠪᠲᠡᠷᠡᠬᠦ ᠦᠨᠡᠮᠯᠡᠯ︾ ︵ᠰᠦᠢᠳᠬᠡᠯ ᠬᠤᠷᠢᠶᠠᠬᠤ ᠦᠭᠡᠢ ᠪᠠᠷ ᠨᠡᠪᠲᠡᠷᠡᠭᠦᠯᠦᠨ᠎ᠡ︶᠂ ᠬᠤᠲᠠ ᠶᠢᠨ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠲᠠᠷᠬᠠᠭᠠᠭᠰᠠᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠵᠢᠴᠢ ᠬᠥᠮᠥᠰ ᠤᠨ ᠮᠠᠰᠢᠨ ᠲᠡᠷᠭᠡ ᠶᠢ ᠨᠡᠪᠲᠡᠷᠡᠭᠦᠯᠬᠦ ᠦᠨᠡᠮᠯᠡᠯ ᠲᠠᠢ ᠮᠠᠰᠢᠨ ᠲᠡᠷᠭᠡ ᠶᠢ ᠳᠠᠷᠤᠢ ᠳᠤᠨᠢ ᠥᠩᠭᠡᠷᠡᠭᠦᠯᠵᠦ᠂ ᠬᠢᠵᠢᠭ ᠢ ᠰᠡᠷᠭᠡᠶᠢᠯᠡᠨ ᠡᠵᠡᠮᠳᠡᠬᠦ ᠬᠠᠮᠢᠶᠠᠲᠠᠢ ᠡᠳ᠋ ᠪᠣᠳᠠᠰ ᠪᠠ ᠬᠥᠮᠥᠰ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃      ᠵᠢᠷᠭᠤᠭ᠎ᠠ᠂ ᠴᠢᠬᠤᠯᠠ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠳᠡᠭᠡᠷ᠎ᠡ ᠱᠠᠲᠤᠨ ᠠᠴᠠ ᠡᠯ᠎ᠡ ᠲᠥᠷᠥᠯ ᠤᠨ ᠡᠮᠴᠢᠯᠡᠭᠡᠨ ᠤ ᠡᠳ᠋ ᠪᠣᠳᠠᠰ ᠢ ᠢᠳᠡᠪᠬᠢᠲᠡᠢ ᠲᠡᠮᠡᠴᠡᠨ ᠣᠯᠵᠤ᠂ ᠠᠮᠠᠪᠴᠢ᠂ ᠬᠠᠮᠠᠭᠠᠯᠠᠯᠲᠠ ᠶᠢᠨ ᠬᠤᠪᠴᠠᠰᠤ᠂ ᠬᠠᠮᠠᠭᠠᠯᠠᠯᠲᠠ ᠶᠢᠨ ᠨᠢᠳᠥᠨ ᠰᠢᠯ᠂ ᠠᠷᠢᠭᠤᠳᠬᠠᠬᠤ ᠡᠳ᠋ ᠵᠡᠷᠭᠡ ᠬᠤᠮᠰᠠ ᠡᠮᠴᠢᠯᠡᠭᠡᠨ ᠤ ᠡᠳ᠋ ᠪᠣᠳᠠᠰ ᠢ ᠬᠤᠳᠠᠯᠳᠤᠨ ᠠᠪᠬᠤ ᠪᠠ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠬᠢᠵᠢᠭ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠬᠤ ᠳᠤ ᠡᠳ᠋ ᠪᠣᠳᠠᠰ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠭᠤᠣᠯᠳᠠᠯᠭ᠎ᠠ ᠲᠠᠢ ᠡᠮᠴᠢᠯᠡᠭᠡᠨ ᠤ ᠡᠳ᠋ ᠪᠣᠳᠠᠰ ᠢ ᠲᠣᠬᠢᠷᠠᠭᠤᠯᠬᠤ ᠪᠠ ᠬᠡᠷᠡᠭᠯᠡᠬᠦ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠵᠦ᠂ ᠶᠡᠷᠦ ᠶᠢᠨ ᠣᠯᠠᠨ ᠨᠡᠶᠢᠲᠡ ᠶᠢᠨ ᠲᠠᠯᠠᠪᠤᠷ ᠲᠠᠢ ᠠᠵᠢᠯᠯᠠᠭᠰᠠᠳ N95 ᠠᠮᠠᠪᠴᠢ ᠵᠡᠷᠭᠡ ᠲᠤᠰᠬᠠᠢ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠲᠥᠬᠦᠭᠡᠷᠦᠮᠵᠢ ᠵᠠᠷᠤᠬᠤ ᠦᠭᠡᠢ ᠪᠠᠶᠢᠵᠤ᠂ ᠡᠮᠴᠢᠯᠡᠭᠡᠨ ᠤ ᠪᠠᠶᠢᠭᠤᠯᠤᠮᠵᠢ ᠵᠡᠷᠭᠡ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠ ᠡᠮᠴᠢᠯᠡᠭᠡᠨ ᠤ ᠬᠡᠷᠡᠭᠴᠡᠭᠡ ᠶᠢ ᠪᠦᠬᠦ ᠬᠦᠴᠦᠨ ᠢᠶᠠᠷ ᠪᠠᠲᠤᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠴᠢᠬᠤᠯᠠ ᠪᠠᠷᠠᠭ᠎ᠠ ᠲᠠᠸᠠᠷ᠂ ᠬᠢᠵᠢᠭ ᠲᠠᠢ ᠬᠠᠮᠢᠶᠠᠲᠠᠢ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠳᠠᠷᠤᠢ ᠳᠤᠨᠢ ᠰᠤᠳᠤᠯᠤᠨ ᠮᠠᠭᠠᠳᠯᠠᠵᠤ᠂ ᠡᠳ᠋ ᠪᠠᠷᠠᠭᠠᠨ ᠤ ᠰᠤᠷᠪᠤᠯᠵᠢ ᠵᠠᠮ ᠮᠥᠷ ᠢ ᠢᠳᠡᠪᠬᠢᠲᠡᠢ ᠥᠷᠭᠡᠳᠬᠡᠵᠦ᠂ ᠠᠮᠤ ᠲᠣᠰᠣ ᠮᠢᠬ᠎ᠠ ᠥᠨᠳᠡᠭᠡ ᠰᠥ ᠨᠣᠭᠤᠭ᠎ᠠ ᠵᠡᠷᠭᠡ ᠠᠮᠢᠳᠤᠷᠠᠯ ᠤᠨ ᠬᠡᠷᠡᠭᠴᠡᠭᠡᠨ ᠤ ᠲᠠᠸᠠᠷ ᠤᠨ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠠᠷᠠᠳ ᠠᠴᠠ ᠡᠵᠡᠩᠨᠡᠭᠰᠡᠨ ᠡᠮ ᠤᠨ ᠳᠡᠯᠭᠡᠭᠦᠷ ᠤᠨ ᠡᠵᠡᠩᠨᠡᠯᠲᠡ ᠶᠢ ᠴᠢᠩᠭ᠎ᠠ ᠬᠢᠨᠠᠨ ᠬᠠᠮᠢᠶᠠᠷᠬᠤ ᠪᠠ ᠵᠢᠷᠤᠮᠰᠢᠭᠤᠯᠵᠤ᠂ ᠪᠠᠷᠢᠮᠵᠢᠶ᠎ᠠ ᠳᠤ ᠬᠦᠷᠬᠦ ᠦᠭᠡᠢ ᠪᠣᠯ ᠪᠦᠷ ᠡᠵᠡᠩᠨᠡᠯᠲᠡ ᠶᠢ ᠨᠢ ᠵᠣᠭᠰᠣᠭᠠᠨ ᠴᠡᠭᠴᠡᠯᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠪᠠᠷᠠᠭᠠᠨ ᠤ ᠦᠨ᠎ᠡ ᠶᠢ ᠦᠢᠮᠡᠭᠦᠯᠦᠨ ᠥᠰᠬᠡᠬᠦ᠂ ᠶᠡᠬᠡᠪᠡᠷ ᠨᠥᠭᠡᠴᠡᠯᠡᠨ ᠦᠨ᠎ᠡ ᠥᠰᠬᠡᠬᠦ ᠵᠡᠷᠭᠡ ᠬᠠᠤᠯᠢ ᠪᠤᠰᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠢ᠂ ᠰᠣᠨᠢᠨ ᠮᠡᠳᠡᠭᠡᠨ ᠤ ᠵᠠᠭᠤᠴᠢᠯᠠᠭᠤᠷ ᠬᠦᠨᠳᠦ ᠰᠦᠷᠡᠬᠡᠢ ᠮᠠᠭᠤ ᠮᠠᠭᠤᠬᠠᠢ ᠨᠡᠶᠢᠲᠡᠯᠢᠭ ᠬᠡᠷᠡᠭ ᠤᠨ ᠵᠢᠱᠢᠶ᠎ᠡ ᠶᠢ ᠳᠠᠷᠤᠢ ᠳᠤᠨᠢ ᠨᠡᠶᠢᠲᠡᠯᠡᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠦᠨ᠎ᠡ ᠶᠢᠨ ᠲᠣᠭᠲᠠᠪᠤᠷᠢ ᠶᠢ ᠪᠠᠲᠤᠯᠠᠵᠤ᠂ ᠠᠷᠠᠳ ᠣᠯᠠᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠪᠠᠲᠤᠯᠠᠬᠤ ᠬᠡᠷᠡᠭᠲᠡᠢ᠃      ᠳᠣᠯᠤᠭ᠎ᠠ᠂ ᠡᠮᠨᠡᠯᠭᠡ ᠶᠢᠨ ᠬᠤᠷᠢᠶᠠᠨ ᠤ ᠰᠡᠷᠭᠡᠶᠢᠯᠡᠨ ᠡᠵᠡᠮᠳᠡᠯ ᠪᠠ ᠡᠪᠡᠳᠴᠢᠲᠡᠨ ᠢ ᠡᠮᠴᠢᠯᠡᠨ ᠵᠠᠰᠠᠬᠤ ᠶᠢ ᠴᠢᠩᠭᠠᠳᠬᠠᠬᠤ ᠬᠡᠷᠡᠭᠲᠡᠢ᠃ ᠤᠷᠢᠳᠴᠢᠯᠠᠨ ᠪᠠᠶᠢᠴᠠᠭᠠᠵᠤ ᠬᠤᠪᠢᠶᠠᠷᠢᠯᠠᠨ ᠣᠨᠣᠰᠢᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠯᠠᠭᠤᠷᠠᠯ ᠤᠨ ᠡᠭᠦᠳᠡᠨ ᠡᠮᠨᠡᠯᠭᠡ ᠶᠢᠨ ᠬᠠᠮᠢᠶᠠᠷᠤᠯᠲᠠ ᠶᠢ ᠵᠢᠷᠤᠮᠰᠢᠭᠤᠯᠵᠤ ᠂ ᠣᠨᠣᠰᠢᠯᠠᠨ ᠡᠮᠴᠢᠯᠡᠬᠦ ᠵᠢᠷᠤᠮᠰᠢᠯ ᠤᠨ ᠱᠠᠭᠠᠷᠳᠠᠯᠭ᠎ᠠ ᠶᠣᠰᠣᠭᠠᠷ᠂ ᠡᠪᠡᠳᠴᠢᠲᠡᠨ ᠢ ᠬᠤᠪᠢᠶᠠᠷᠢᠯᠠᠬᠤ ᠶᠢ ᠲᠦᠷᠭᠡᠳᠬᠡᠵᠦ᠂ ᠬᠢᠵᠢᠭ ᠬᠠᠷᠢᠯᠴᠠᠨ ᠬᠠᠯᠳᠠᠪᠤᠷᠢᠯᠠᠬᠤ ᠶᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠡᠮᠨᠡᠯᠭᠡ ᠶᠢᠨ ᠬᠤᠷᠢᠶᠠᠨ ᠤ ᠰᠡᠷᠭᠡᠶᠢᠯᠡᠨ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠢᠭᠡᠳᠥᠭᠡᠷ ᠱᠤᠭᠤᠮ ᠳᠠᠬᠢ ᠡᠮᠴᠢᠯᠡᠭᠡᠨ ᠤ ᠠᠵᠢᠯᠲᠠᠳ ᠤᠨ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠦ᠂ ᠡᠮᠴᠢᠯᠡᠭᠡᠨ ᠤ ᠠᠵᠢᠯᠲᠠᠳ ᠲᠤ ᠦᠯᠦ ᠬᠠᠯᠳᠠᠪᠤᠷᠢᠯᠠᠬᠤ ᠶᠢ ᠪᠠᠲᠤᠯᠠᠬᠤ ᠬᠡᠷᠡᠭᠲᠡᠢ᠃ ᠡᠮᠴᠢᠯᠡᠭᠡᠨ ᠤ ᠠᠵᠢᠯᠲᠠᠳ ᠤᠨ ᠡᠭᠡᠯᠵᠢᠯᠡᠨ ᠠᠮᠠᠷᠠᠬᠤ ᠶᠢ ᠵᠣᠬᠢᠰᠲᠠᠢ ᠲᠣᠬᠢᠷᠠᠭᠤᠯᠵᠤ᠂ ᠡᠮᠴᠢᠯᠡᠭᠡᠨ ᠤ ᠠᠵᠢᠯᠲᠠᠳ ᠤᠨ ᠪᠡᠶ᠎ᠡ ᠰᠡᠳᠬᠢᠯ ᠤᠨ ᠳᠠᠷᠤᠭᠠᠰᠤ ᠶᠢ ᠬᠠᠮᠤᠭ ᠶᠡᠭᠡ ᠪᠠᠷ ᠪᠠᠭᠠᠰᠬᠠᠬᠤ ᠬᠡᠷᠡᠭᠲᠡᠢ᠃ ᠡᠪᠡᠳᠴᠢᠲᠡᠨ ᠢ ᠲᠥᠪᠯᠡᠷᠡᠭᠦᠯᠬᠦ᠂ ᠲᠤᠰᠬᠠᠢ ᠮᠡᠷᠭᠡᠵᠢᠯᠲᠡᠨ ᠢ ᠲᠥᠪᠯᠡᠷᠡᠭᠦᠯᠬᠦ᠂ ᠡᠬᠢ ᠪᠠᠶᠠᠯᠢᠭ ᠢ ᠲᠥᠪᠯᠡᠷᠡᠭᠦᠯᠬᠦ᠂ ᠡᠮᠴᠢᠯᠡᠨ ᠵᠠᠰᠠᠯᠲᠠ ᠶᠢ ᠲᠥᠪᠯᠡᠷᠡᠭᠦᠯᠬᠦ ᠱᠠᠭᠠᠷᠳᠠᠯᠭ᠎ᠠ ᠪᠠᠷ᠂ ᠲᠤᠰᠬᠠᠢ ᠮᠡᠷᠭᠡᠵᠢᠯᠲᠡᠨ ᠬᠠᠮᠲᠤᠷᠠᠨ ᠣᠨᠣᠰᠢᠯᠠᠬᠤ᠂ ᠠᠯᠤᠰ ᠠᠴᠠ ᠬᠠᠮᠲᠤᠷᠠᠨ ᠣᠨᠣᠰᠢᠯᠠᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠥᠨᠳᠥᠷ ᠪᠦᠲᠦᠮᠵᠢᠲᠡᠢ ᠪᠠᠷ ᠠᠪᠤᠷᠠᠨ ᠡᠮᠴᠢᠯᠡᠵᠦ᠂ ᠡᠪᠡᠳᠴᠢᠲᠡᠨ ᠤ ᠡᠪᠡᠳᠴᠢᠨ ᠤ ᠠᠬᠢᠴᠠ ᠶᠢ ᠪᠦᠬᠦ ᠶᠠᠪᠤᠴᠠ ᠳᠤᠨᠢ ᠠᠩᠬᠠᠷᠴᠤ᠂ ᠡᠪᠡᠳᠴᠢᠲᠡᠨ ᠢ ᠨᠢᠭᠡ ᠶᠢ ᠴᠦ ᠦᠬᠦᠭᠦᠯᠬᠦ ᠦᠭᠡᠢ᠂ ᠠᠷᠬᠠᠭ ᠦᠯᠡᠳᠡᠭᠡᠬᠦ ᠦᠭᠡᠢ ᠪᠠᠶᠢᠬᠤ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠡᠪᠡᠳᠴᠢᠲᠡᠨ ᠪᠠ ᠡᠮᠴᠢᠯᠡᠭᠡᠨ ᠤ ᠠᠵᠢᠯᠲᠠᠳ ᠤᠨ ᠰᠡᠳᠬᠢᠴᠡ ᠶᠢᠨ ᠵᠢᠯᠣᠭᠤᠳᠤᠮᠵᠢ ᠶᠢ ᠢᠳᠡᠪᠬᠢᠲᠡᠢ ᠥᠷᠨᠢᠭᠦᠯᠵᠦ᠂ ᠰᠡᠳᠬᠢᠴᠡ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃      ᠨᠠᠶᠢᠮᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠴᠠᠬᠢᠯᠭᠠᠨ᠂ ᠤᠰᠤ᠂ ᠰᠢᠲᠠᠮᠠᠬᠠᠢ ᠬᠡᠢ᠂ ᠢᠯᠴᠢ᠂ ᠴᠢᠮᠡᠭᠡ ᠨᠡᠪᠲᠡᠷᠡᠯᠭᠡ ᠶᠢᠨ ᠪᠠᠲᠤᠯᠠᠭ᠎ᠠ ᠵᠡᠷᠭᠡ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠰᠡᠯᠪᠢᠨ ᠵᠠᠰᠠᠵᠤ ᠬᠢᠨᠠᠨ ᠬᠠᠮᠢᠶᠠᠷᠬᠤ ᠪᠠ ᠪᠠᠶᠢᠴᠠᠭᠠᠨ ᠬᠡᠮᠵᠢᠯᠲᠡ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠂ ᠲᠣᠭᠲᠠᠭᠤᠨ ᠬᠠᠩᠭᠠᠯᠲᠠ ᠶᠢ ᠪᠠᠲᠤᠯᠠᠬᠤ ᠬᠡᠷᠡᠭᠲᠡᠢ᠃ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠬᠦᠴᠦᠯᠡᠴᠡ ᠶᠢ ᠶᠡᠬᠡᠰᠬᠡᠵᠦ᠂ ᠡᠬᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠵᠥᠭᠡᠭᠡᠪᠦᠷᠢᠯᠡᠵᠦ ᠰᠢᠢᠳᠪᠦᠷᠢᠯᠡᠬᠦ ᠪᠦᠬᠦ ᠶᠠᠪᠤᠴᠠ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠤᠨ ᠰᠢᠢᠳᠪᠦᠷᠢᠯᠡᠯᠲᠡ ᠶᠢ ᠵᠢᠷᠤᠮᠰᠢᠭᠤᠯᠵᠤ᠂ ᠡᠪᠡᠳᠴᠢᠨ ᠡᠮᠭᠡᠭ ᠤᠨ ᠲᠠᠷᠬᠠᠨ ᠳᠡᠯᠭᠡᠷᠡᠬᠦ ᠵᠠᠮ ᠮᠥᠷ ᠢ ᠡᠷᠡᠰ ᠲᠠᠰᠤᠯᠬᠤ ᠬᠡᠷᠡᠭᠲᠡᠢ᠃      ᠶᠢᠰᠦ᠂ ᠤᠬᠠᠭᠤᠯᠵᠤ ᠬᠥᠲᠥᠯᠦᠨ ᠵᠢᠯᠣᠭᠤᠳᠬᠤ ᠠᠵᠢᠯ ᠤᠨ ᠬᠦᠴᠦᠯᠡᠴᠡ ᠶᠢ ᠶᠡᠬᠡᠰᠬᠡᠬᠦ ᠬᠡᠷᠡᠭᠲᠡᠢ᠃ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠳᠠᠷᠤᠢ ᠳᠤᠨᠢ ᠨᠡᠶᠢᠲᠡᠯᠡᠵᠦ᠂ ᠡᠪᠡᠳᠴᠢᠨ ᠡᠮᠭᠡᠭ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠬᠦ ᠪᠠ ᠭᠠᠳᠠᠨ᠎ᠠ ᠣᠷᠣᠨ ᠳᠤ ᠪᠠᠶᠢᠭ᠎ᠠ ᠬᠥᠮᠥᠰ ᠪᠤᠴᠠᠵᠤ ᠢᠷᠡᠬᠦ ᠶᠢ ᠢᠳᠬᠠᠨ ᠬᠤᠶᠢᠰᠢᠯᠠᠭᠤᠯᠬᠤ ᠪᠠ ᠵᠢᠯᠣᠭᠤᠳᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠢᠳᠡᠪᠬᠢᠲᠡᠢ ᠥᠭᠡᠳᠡᠷᠬᠡᠭ᠂ ᠵᠦᠢ ᠵᠣᠬᠢᠰᠲᠠᠢ ᠨᠠᠮ ᠲᠣᠭᠲᠠᠭᠤᠨ ᠰᠡᠳᠬᠢᠴᠡ ᠶᠢᠨ ᠪᠠᠶᠢᠳᠠᠯ ᠲᠠᠢ ᠪᠠᠶᠢᠯᠭᠠᠵᠤ᠂ ᠬᠢᠵᠢᠭ ᠢ ᠳᠡᠶᠢᠯᠬᠦ ᠢᠲᠡᠭᠡᠯ ᠢ ᠨᠢ ᠴᠢᠩᠭᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠡᠯ᠎ᠡ ᠲᠥᠷᠥᠯ ᠤᠨ ᠵᠠᠭᠤᠴᠢᠯᠠᠭᠤᠷ ᠪᠦᠬᠦ ᠰᠦᠯᠵᠢᠶ᠎ᠡ ᠪᠠᠷ ᠪᠦᠬᠦ ᠴᠠᠭ ᠢᠶᠠᠷ ᠤᠬᠠᠭᠤᠯᠬᠤ᠂ ᠠᠰᠠᠷᠠᠮᠵᠢ ᠶᠢᠨ ᠤᠬᠠᠭᠤᠯᠭ᠎ᠠ ᠬᠢᠬᠦ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ ᠣᠬᠢ ᠰᠠᠶᠢᠨ ᠡᠷᠡᠭᠦᠯ ᠬᠠᠮᠠᠭᠠᠯᠠᠯ ᠤᠨ ᠳᠠᠳᠬᠠᠯ ᠪᠠ ᠡᠷᠡᠭᠦᠯ ᠮᠡᠨᠳᠦ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠶᠢ ᠴᠢᠩᠭᠠᠳᠬᠠᠵᠤ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤᠮᠳᠠᠬᠢ ᠰᠠᠶᠢᠨ ᠲᠤᠷᠰᠢᠯᠭ᠎ᠠ ᠬᠢᠳᠡᠯ ᠢ ᠲᠥᠪᠯᠡᠷᠡᠭᠦᠯᠦᠨ ᠮᠡᠳᠡᠭᠡᠯᠡᠬᠦ ᠬᠡᠷᠡᠭᠲᠡᠢ᠂ ᠡᠮᠴᠢᠯᠡᠭᠡᠨ ᠤ ᠠᠵᠢᠯᠲᠠᠳ ᠤᠨ ᠰᠡᠳᠬᠢᠯ ᠢ ᠳᠣᠭᠳᠣᠯᠤᠭᠤᠯᠤᠮ᠎ᠠ ᠤᠴᠢᠷ ᠶᠠᠪᠤᠳᠠᠯ᠂ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠥᠯ ᠢᠶᠠᠨ ᠪᠠᠳᠠᠷᠠᠭᠤᠯᠤᠭᠰᠠᠨ ᠪᠠ ᠬᠠᠨᠳᠢᠪ ᠬᠠᠯᠠᠮᠵᠢ ᠡᠷᠭᠦᠭᠰᠡᠨ ᠵᠡᠷᠭᠡ ᠪᠠᠶᠢᠳᠠᠯ ᠢ ᠪᠦᠬᠦ ᠲᠠᠯ᠎ᠠ ᠪᠠᠷ ᠤᠬᠠᠭᠤᠯᠵᠤ᠂ ᠬᠠᠮᠲᠤ ᠶᠢᠨ ᠬᠦᠴᠦᠨ ᠨᠡᠶᠢᠲᠡ ᠶᠢᠨ ᠵᠣᠷᠢᠭ ᠢᠶᠠᠷ ᠬᠢᠵᠢᠭ ᠲᠠᠢ ᠲᠡᠮᠡᠴᠡᠬᠦ ᠬᠦᠴᠦᠷᠬᠡᠭ ᠬᠦᠴᠦᠨ ᠢ ᠨᠡᠶᠢᠳᠬᠡᠬᠦ ᠬᠡᠷᠡᠭᠲᠡᠢ᠃ ᠰᠦᠯᠵᠢᠶᠡᠨ ᠤ ᠠᠮᠤᠷ ᠲᠦᠪᠰᠢᠨ ᠤ ᠰᠠᠯᠠᠭ᠎ᠠ ᠮᠥᠴᠢᠷ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠡᠵᠡᠮᠳᠡᠯ ᠬᠠᠮᠢᠶᠠᠷᠤᠯᠲᠠ ᠶᠢᠨ ᠬᠦᠴᠦᠯᠡᠴᠡ ᠪᠠᠨ ᠶᠡᠬᠡᠰᠬᠡᠵᠦ᠂ ᠴᠤᠤᠷᠬᠠᠯ ᠠᠴᠠ ᠪᠣᠯᠣᠭᠠᠳ ᠨᠡᠶᠢᠭᠡᠮ ᠤᠨ ᠰᠦᠷᠳᠡᠯ ᠬᠢᠮᠤᠷᠠᠯ ᠡᠭᠦᠰᠬᠦ ᠠᠴᠠ ᠰᠡᠷᠭᠡᠶᠢᠯᠡᠬᠦ ᠬᠡᠷᠡᠭᠲᠡᠢ᠃      ᠠᠷᠪᠠ᠂ ᠬᠥᠬᠢᠭᠦᠯᠦᠨ ᠰᠠᠶᠢᠰᠢᠶᠠᠬᠤ ᠪᠠ ᠬᠢᠨᠠᠯᠲᠠ ᠲᠠᠯᠪᠢᠨ ᠬᠠᠷᠢᠭᠤᠴᠠᠯᠭ᠎ᠠ ᠠᠰᠠᠭᠤᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠰᠡᠷᠭᠡᠶᠢᠯᠡᠨ ᠵᠠᠰᠠᠬᠤ ᠠᠵᠢᠯ ᠳᠤ ᠣᠷᠣᠯᠴᠠᠭ᠎ᠠ ᠡᠮᠴᠢᠯᠡᠭᠡᠨ ᠤ ᠠᠵᠢᠯᠲᠠᠳ ᠪᠠ ᠬᠢᠵᠢᠭ ᠢ ᠰᠡᠷᠭᠡᠶᠢᠯᠡᠬᠦ ᠠᠵᠢᠯᠲᠠᠳ ᠲᠤ ᠲᠦᠷ ᠴᠠᠭ ᠤᠨ ᠠᠵᠢᠯ ᠤᠨ ᠨᠥᠬᠦᠪᠥᠷᠢ ᠣᠯᠭᠤᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠬᠢᠵᠢᠭ ᠢ ᠰᠡᠷᠭᠡᠶᠢᠯᠡᠨ ᠡᠵᠡᠮᠳᠡᠬᠦ ᠳᠤᠮᠳᠠ ᠲᠣᠪᠤᠶᠢᠮ᠎ᠠ ᠵᠢᠳᠬᠦᠯ ᠭᠠᠷᠭᠠᠭᠰᠠᠨ ᠪᠠᠶᠢᠭᠤᠯᠭ᠎ᠠ ᠨᠢᠭᠡᠴᠢ᠂ ᠬᠤᠪᠢ ᠬᠥᠮᠥᠨ ᠪᠠ ᠬᠠᠮᠲᠤ ᠨᠡᠶᠢᠲᠡ᠂ ᠣᠨᠴᠠᠭᠠᠶᠢᠯᠠᠨ ᠬᠢᠵᠢᠭ ᠢ ᠰᠡᠷᠭᠡᠶᠢᠯᠡᠨ ᠡᠵᠡᠮᠳᠡᠬᠦ ᠨᠢᠭᠡᠳᠥᠭᠡᠷ ᠱᠤᠭᠤᠮ ᠳᠤ ᠲᠡᠮᠡᠴᠡᠵᠦ ᠪᠠᠶᠢᠭ᠎ᠠ ᠺᠠᠳ᠋ᠷ ᠠᠵᠢᠯᠲᠠᠳ ᠢ ᠴᠠᠭ ᠳᠠᠷᠤᠢ ᠳᠤᠨᠢ ᠬᠥᠬᠢᠭᠦᠯᠦᠨ ᠰᠠᠶᠢᠰᠢᠶᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠬᠢᠨᠠᠯᠲᠠ ᠲᠠᠯᠪᠢᠵᠤ ᠰᠠᠬᠢᠯᠭ᠎ᠠ ᠬᠡᠷᠡᠭᠵᠢᠭᠦᠯᠦᠨ ᠬᠠᠷᠢᠭᠤᠴᠠᠯᠭ᠎ᠠ ᠠᠰᠠᠭᠤᠬᠤ ᠬᠦᠴᠦᠯᠡᠴᠡ ᠪᠠᠨ ᠶᠡᠬᠡᠰᠬᠡᠵᠦ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠬᠤ ᠲᠠᠯ᠎ᠠ ᠪᠠᠷ ᠬᠦᠴᠦ ᠪᠠᠭᠤᠷᠠᠢ᠂ ᠭᠦᠢᠴᠡᠳᠬᠡᠬᠦ ᠪᠠᠷ ᠬᠦᠷᠦᠯᠴᠡᠬᠦ ᠦᠭᠡᠢ ᠪᠠᠶᠢᠵᠤ᠂ ᠨᠠᠵᠠᠭᠠᠢ ᠨᠥᠯᠥᠭᠡ ᠭᠠᠷᠭᠠᠭᠰᠠᠨ ᠪᠤᠶᠤ ᠨᠣᠴᠢᠲᠠᠢ ᠦᠷ᠎ᠡ ᠳ᠋ᠦᠩ ᠡᠭᠦᠰᠬᠡᠭᠰᠡᠨ ᠪᠠᠶᠢᠪᠠᠯ ᠬᠠᠤᠯᠢ ᠰᠠᠬᠢᠯᠭ᠎ᠠ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠠᠰᠠᠭᠤᠬᠤ ᠬᠡᠷᠡᠭᠲᠡᠢ᠃                           2020 ᠣᠨ ᠤ 2 ᠰᠠᠷ᠎ᠠ ᠶᠢᠨ 11 ᠤ ᠡᠳᠥᠷ
ᠢᠷᠡᠯᠲᠡ᠄ ᠪᠠᠶᠠᠨᠨᠠᠭᠤᠷ ᠤᠨ ᠡᠳᠦᠷ ᠤᠨ ᠰᠣᠨᠢᠨ