ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠣᠲᠣᠭᠠᠳᠤ ᠶᠢᠨ ᠮᠡᠳᠡᠭᠡ ᠵᠠᠩᠭᠢ ᠪᠠ ᠠᠷᠠᠳ ᠢᠷᠭᠡᠨ ᠤ ᠬᠤᠪᠢ ᠬᠥᠮᠦᠨ ᠤ ᠨᠢᠭᠤᠴᠠ ᠶᠢ ᠵᠠᠳᠠᠷᠠᠭᠤᠯᠬᠤ ᠶᠢ ᠴᠢᠩᠭ᠎ᠠ ᠴᠠᠭᠠᠵᠠᠯᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2020/2/25
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠣᠲᠣᠭᠠᠳᠤ ᠶᠢᠨ ᠮᠡᠳᠡᠭᠡ ᠵᠠᠩᠭᠢ ᠪᠠ ᠠᠷᠠᠳ ᠢᠷᠭᠡᠨ ᠤ ᠬᠤᠪᠢ ᠬᠥᠮᠦᠨ ᠤ ᠨᠢᠭᠤᠴᠠ ᠶᠢ ᠵᠠᠳᠠᠷᠠᠭᠤᠯᠬᠤ ᠶᠢ ᠴᠢᠩᠭ᠎ᠠ ᠴᠠᠭᠠᠵᠠᠯᠠᠬᠤ ᠲᠤᠬᠠᠶ ᠵᠠᠷᠯᠠᠯ      ᠪᠠᠶᠠᠨᠨᠠᠭᠤᠷ  ᠬᠤᠲᠠ  ᠶᠢᠨ  ᠰᠢᠨ᠎ᠡ  ᠲᠢᠳᠢᠮᠯᠢᠭ  ᠠᠭᠤᠰᠬᠢᠨ ᠦᠷᠪᠢᠰᠦᠯ ᠤᠨ  ᠬᠢᠵᠢᠭ  ᠢ ᠰᠡᠷᠭᠡᠶᠢᠯᠡᠨ  ᠡᠵᠡᠮᠳᠡᠬᠦ ᠠᠵᠢᠯ ᠤᠨ ᠵᠢᠯᠣᠭᠤᠳᠬᠤ ᠭᠠᠵᠠᠷ  ᠤᠨ〔2020〕89  ᠳ᠋ᠤᠭᠠᠷ  ᠲᠤᠭᠠᠳᠤ  ᠪᠢᠴᠢᠭ  ᠮᠠᠲ᠋ᠧᠷᠢᠶᠠᠯ      ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠮᠡᠳᠡᠭᠡ ᠵᠠᠩᠭᠢ ᠶᠢᠨ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠣᠲᠣᠭᠠᠳᠤ ᠶᠢᠨ ᠮᠡᠳᠡᠭᠡ ᠵᠠᠩᠭᠢ ᠪᠠ ᠠᠷᠠᠳ ᠢᠷᠭᠡᠨ ᠤ ᠬᠤᠪᠢ ᠬᠥᠮᠦᠨ ᠤ ᠨᠢᠭᠤᠴᠠ ᠶᠢ ᠵᠠᠳᠠᠷᠠᠭᠤᠯᠬᠤ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠤ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾᠂ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠢ ᠳᠣᠤᠷᠠᠬᠢ ᠮᠡᠲᠦ ᠵᠠᠷᠯᠠᠪᠠ᠄      ᠨᠢᠭᠡ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠮᠡᠳᠡᠭᠡ ᠵᠠᠩᠭᠢ ᠶᠢ ᠬᠠᠮᠠᠭᠠᠯᠠᠬᠤ ᠠᠵᠢᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠠᠴᠠ ᠪᠣᠯᠵᠤ ᠴᠤᠭᠯᠠᠭᠤᠯᠤᠭᠰᠠᠨ ᠬᠤᠪᠢ ᠬᠥᠮᠦᠨ ᠤ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠤᠲᠠᠰᠤᠨ ᠨᠣᠮᠧᠷ᠂ ᠭᠡᠷ ᠪᠦᠯᠢ ᠶᠢᠨ ᠰᠠᠭᠤᠭ᠎ᠠ ᠭᠠᠵᠠᠷ ᠵᠡᠷᠭᠡ ᠬᠤᠪᠢ ᠬᠥᠮᠦᠨ ᠤ ᠮᠡᠳᠡᠭᠡ ᠵᠠᠩᠭᠢ ᠶᠢ ᠵᠥᠪᠬᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯ ᠳᠤ ᠬᠡᠷᠡᠭᠯᠡᠵᠦ᠂ ᠲᠤᠰᠬᠠᠶ ᠬᠥᠮᠦᠨ ᠢᠶᠠᠷ ᠬᠠᠷᠢᠭᠤᠴᠠᠭᠤᠯᠤᠨ ᠴᠤᠭᠯᠠᠭᠤᠯᠵᠤ ᠳᠡᠭᠡᠭᠰᠢ ᠮᠡᠳᠡᠭᠦᠯᠵᠦ᠂ ᠳᠤᠷ᠎ᠠ ᠪᠠᠷ ᠢᠶᠠᠨ ᠦᠯᠡᠳᠡᠭᠡᠨ ᠬᠠᠳᠠᠭᠠᠯᠠᠬᠤ᠂ ᠪᠠᠭᠤᠯᠭᠠᠨ ᠲᠠᠷᠬᠠᠭᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃      ᠬᠤᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠳᠣᠲᠣᠭᠠᠳᠤ ᠮᠡᠳᠡᠭᠡ ᠵᠠᠩᠭᠢ ᠶᠢ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠳᠠᠮᠵᠢᠭᠤᠯᠤᠨ ᠦᠵᠡᠭᠦᠯᠬᠦ ᠬᠡᠪᠴᠢᠶ᠎ᠡ ᠶᠢ ᠴᠢᠩᠭ᠎ᠠ ᠬᠢᠵᠠᠭᠠᠷᠯᠠᠵᠤ᠂ ᠰᠡᠭᠦᠳᠡᠷ ᠲᠠᠲᠠᠬᠤ᠂ ᠵᠢᠷᠤᠭᠳᠤ ᠲᠠᠰᠤᠯᠤᠯᠲᠠ ᠪᠣᠯᠤᠨ  ᠴᠠᠬᠢᠮ ᠬᠡᠯᠪᠡᠷᠢ ᠪᠠᠷ ᠳᠤᠷ᠎ᠠ ᠪᠠᠷ ᠢᠶᠠᠨ ᠳᠠᠮᠵᠢᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠡᠷᠡᠭᠴᠡᠭᠡ ᠠᠴᠠ ᠪᠣᠯᠵᠤ ᠴᠤᠭᠯᠠᠭᠤᠯᠬᠤ ᠴᠢᠬᠤᠯᠠᠲᠠᠢ ᠬᠤᠪᠢ ᠬᠥᠮᠦᠨ ᠤ ᠮᠡᠳᠡᠭᠡ ᠵᠠᠩᠭᠢ ᠶᠢ ᠪᠣᠯ ︽ᠬᠡᠨ ᠴᠤᠭᠯᠠᠭᠤᠯᠪᠠᠯ  ᠬᠡᠨ ᠬᠠᠷᠢᠭᠤᠴᠠᠬᠤ᠂ ᠬᠡᠨ  ᠬᠡᠷᠡᠭᠯᠡᠪᠡᠯ  ᠬᠡᠨ ᠬᠠᠷᠢᠭᠤᠴᠠᠬᠤ︾ ᠵᠠᠷᠴᠢᠮ ᠤᠨ ᠶᠣᠰᠣᠭᠠᠷ  ᠴᠢᠩᠭ᠎ᠠ ᠬᠠᠮᠢᠶᠠᠷᠬᠤ ᠪᠠ ᠮᠡᠷᠭᠡᠵᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠴᠤ ᠬᠤᠯᠠᠭᠠᠶᠢᠯᠠᠭᠳᠠᠬᠤ᠂ ᠯᠡᠪᠡᠷᠡᠬᠦ ᠠᠴᠠ ᠰᠡᠷᠭᠡᠶᠢᠯᠡᠬᠦ ᠬᠡᠷᠡᠭᠲᠡᠶ᠃      ᠭᠤᠷᠪᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠭᠰᠠᠨ ᠠᠵᠢᠯᠲᠠᠨ ᠪᠦᠬᠦᠨ ᠨᠢᠭᠤᠴᠠ ᠶᠢ ᠬᠠᠮᠠᠭᠠᠯᠠᠬᠤ ᠦᠵᠡᠯ ᠤᠬᠠᠮᠰᠠᠷ ᠢ ᠪᠠᠲᠤ ᠪᠠᠬᠢ ᠪᠣᠯᠭᠠᠵᠤ᠂ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠣᠲᠣᠭᠠᠳᠤ ᠶᠢᠨ ᠠᠵᠢᠯ ᠤᠨ ᠮᠡᠳᠡᠭᠡ ᠵᠠᠩᠭᠢ ᠪᠣᠯᠤᠨ ᠠᠷᠠᠳ ᠢᠷᠭᠡᠳ ᠤᠨ ᠬᠤᠪᠢ ᠬᠥᠮᠦᠨ ᠤ ᠨᠢᠭᠤᠴᠠ ᠶᠢ ᠭᠠᠳᠠᠭᠰᠢ ᠵᠠᠳᠠᠷᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃      ᠳᠥᠷᠪᠡ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠸᠢᠴᠠᠲ᠂ QQ᠂ ᠪᠢᠴᠢᠯ ᠪᠦᠷᠭᠡ᠂ ᠰᠦᠯᠵᠢᠶᠡᠨ ᠤ ᠥᠷᠲᠡᠭᠡ ᠵᠡᠷᠭᠡ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠵᠢᠴᠢ  ᠳ᠋ᠸᠤ ᠶᠢᠨ᠂  ᠺᠤᠸᠠᠢ  ᠱᠸᠤ ᠵᠡᠷᠭᠡ ᠸᠢᠳᠢᠤ᠋ ᠶᠢᠨ ᠲᠠᠪᠴᠠᠩ ᠢᠶᠠᠷ ᠳᠠᠮᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠣᠲᠣᠭᠠᠳᠤ ᠶᠢᠨ ᠮᠡᠳᠡᠭᠡ ᠵᠠᠩᠭᠢ ᠪᠠ ᠬᠤᠪᠢ ᠬᠥᠮᠦᠨ ᠤ ᠨᠢᠭᠤᠴᠠ ᠶᠢ ᠪᠠᠭᠲᠠᠭᠠᠭᠰᠠᠨ ᠵᠢᠷᠤᠭ ᠦᠰᠦᠭ ᠳᠠᠭᠤᠨ ᠤ ᠸᠢᠳᠢᠣ᠋ ᠦᠢᠯᠡᠳᠴᠤ᠂ ᠤᠯᠠᠮᠵᠢᠯᠠᠨ ᠲᠠᠷᠬᠠᠭᠠᠵᠤ ᠪᠣᠯᠬᠤ ᠥᠬᠡᠶ᠃ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠲᠣᠭᠲᠠᠭᠠᠯ ᠠᠴᠠ ᠵᠥᠷᠢᠴᠡᠨ ᠬᠤᠪᠢ ᠬᠥᠮᠦᠨ ᠤ ᠨᠢᠭᠤᠴᠠ ᠶᠢ ᠴᠤᠭᠯᠠᠭᠤᠯᠵᠤ᠂ ᠬᠡᠷᠡᠭᠯᠡᠵᠦ᠂ ᠢᠯᠡ ᠪᠣᠯᠭᠠᠭᠰᠠᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠴᠠᠭ ᠲᠤᠬᠠᠶ ᠳᠤᠨᠢ ᠰᠦᠯᠵᠢᠶ᠎ᠡ ᠮᠡᠳᠡᠭᠡ ᠵᠠᠩᠬᠢ ᠶᠢ ᠬᠠᠮᠢᠶᠠᠷᠬᠤ  ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠬᠠᠤᠯᠢ ᠶᠣᠰᠣᠭᠠᠷ ᠴᠢᠩᠭ᠎ᠠ ᠪᠥᠭᠡᠳ ᠲᠦᠷᠭᠡᠨ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃      ᠲᠠᠪᠤ᠂ ᠥᠷᠭᠡᠨ ᠣᠯᠠᠨ ᠬᠤᠲᠠ ᠶᠢᠨ ᠠᠷᠠᠳ ᠰᠦᠯᠵᠢᠶᠡᠨ ᠳᠡᠭᠡᠷ᠎ᠡ ᠳᠠᠮᠵᠢᠭᠤᠯᠵᠤ ᠪᠠᠶᠢᠭ᠎ᠠ ᠮᠡᠳᠡᠭᠡ ᠵᠠᠩᠭᠢ ᠶᠢ ᠰᠢᠨᠵᠢᠯᠡᠬᠦ ᠤᠬᠠᠭᠠᠨᠴᠢ ᠪᠠᠷ ᠢᠯᠭᠠᠨ ᠲᠣᠳᠣᠯᠠᠵᠤ᠂ ᠰᠦᠯᠵᠢᠶᠡᠨ ᠤ ᠮᠡᠳᠡᠭᠡ ᠶᠢ ᠰᠢᠯᠵᠢᠭᠦᠯᠦᠨ ᠨᠡᠶᠢᠲᠡᠯᠡᠬᠦ ᠳᠡᠭᠡᠨ ᠠᠯᠪᠠᠨ ᠲᠠᠯ᠎ᠠ ᠶᠢᠨ ᠡᠷᠬᠡ ᠰᠦᠷᠲᠦ ᠮᠡᠳᠡᠭᠡ ᠵᠠᠩᠭᠢ ᠶᠢᠨ ᠢᠷᠡᠯᠲᠡ ᠶᠢᠨ ᠠᠷᠭ᠎ᠠ ᠵᠠᠮ ᠢ ᠰᠣᠩᠭᠤᠵᠤ᠂ ᠢᠷᠡᠯᠲᠡ ᠨᠢ ᠲᠣᠳᠣ ᠦᠭᠡᠢ ᠮᠡᠳᠡᠭᠡ ᠵᠠᠩᠭᠢ ᠶᠢ ᠠᠮᠠᠷᠬᠠᠨ ᠢᠲᠡᠭᠡᠬᠦ ᠦᠭᠡᠢ᠂ ᠭᠡᠷᠡᠴᠢᠯᠡᠭᠰᠡᠨ ᠦᠭᠡᠢ ᠮᠡᠳᠡᠭᠡ ᠵᠠᠩᠭᠢ ᠶᠢ ᠤᠯᠠᠮᠵᠢᠯᠠᠨ ᠲᠠᠷᠬᠠᠭᠠᠬᠤ ᠦᠭᠡᠢ᠂ ᠤᠬᠠᠮᠰᠠᠷ ᠠᠴᠠ ᠪᠠᠨ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠳᠠᠮᠵᠢᠭᠤᠯᠬᠤ ᠦᠭᠡᠢ᠂ ᠴᠤᠤᠷᠬᠠᠯ ᠲᠠᠯᠪᠢᠬᠤ ᠦᠭᠡᠢ᠂ ᠡᠷᠡᠭᠦᠯ ᠪᠥᠭᠡᠳ ᠡᠮᠬᠢ ᠵᠢᠷᠤᠮ ᠲᠠᠢ ᠰᠦᠯᠵᠢᠶᠡᠨ ᠤ ᠣᠷᠴᠢᠨ ᠲᠣᠭᠤᠷᠢᠨ ᠪᠠ ᠨᠡᠶᠢᠭᠡᠮ ᠤᠨ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠶ᠃      ᠵᠢᠷᠭᠤᠭ᠎ᠠ᠂ ᠡᠯ᠎ᠡ ᠲᠣᠤᠷ ᠰᠦᠯᠵᠢᠶᠡᠨ ᠤ ᠲᠠᠪᠴᠠᠩ ᠤᠨ ᠬᠠᠮᠢᠶᠠᠷᠤᠭᠴᠢ᠂ ᠢᠨᠲ᠋ᠧᠷ ᠰᠦᠯᠵᠢᠶ᠎ᠡ ᠶᠢᠨ ᠪᠦᠯᠦᠭᠯᠡᠯ ᠳᠤᠭᠤᠶᠢᠯᠠᠩ ᠤᠨ ᠬᠠᠮᠢᠶᠠᠷᠤᠭᠴᠢ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠭᠡᠵᠦ᠂ ᠲᠠᠪᠴᠠᠩ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ ᠨᠡᠶᠢᠲᠡᠯᠡᠬᠦ ᠶᠢ ᠴᠢᠩᠳᠠᠯᠠᠵᠤ᠂ ᠪᠦᠯᠬᠦᠮ ᠳᠤᠭᠤᠶᠢᠯᠠᠩ ᠤᠨ ᠪᠦᠷᠢᠯᠳᠦᠬᠦᠨ ᠤ ᠲᠣᠤᠷ ᠰᠦᠯᠵᠢᠶᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠠᠯᠪᠠᠨ ᠤ ᠪᠤᠰᠤ᠂ ᠭᠤᠤᠯ ᠤᠷᠤᠰᠬᠠᠯ ᠤᠨ ᠪᠤᠰᠤ ᠵᠠᠭᠤᠴᠢᠯᠠᠭᠤᠷ ᠤᠨ ᠨᠡᠶᠢᠲᠡᠯᠡᠭᠰᠡᠨ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠵᠡᠷᠭᠡ ᠪᠠᠶᠢᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃      ᠳᠣᠯᠤᠭ᠎ᠠ᠂ ᠳᠡᠭᠡᠷ᠎ᠡ ᠳᠤᠷᠠᠳᠤᠭᠰᠠᠨ ᠲᠣᠭᠲᠠᠭᠠᠯ ᠠᠴᠠ ᠵᠥᠷᠢᠴᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠬᠢ ᠳᠢᠭᠯᠢᠮ ᠢ ᠰᠠᠮᠠᠭᠤᠷᠠᠭᠤᠯᠤᠭᠰᠠᠨ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠶᠠᠯ᠎ᠠ  ᠬᠢᠭᠰᠡᠨ ᠬᠡᠮᠵᠢᠶᠡᠨ  ᠳᠤ ᠬᠦᠷᠦᠭᠰᠡᠨ ᠪᠤᠯ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃                  ᠪᠠᠶᠠᠨᠨᠠᠭᠤᠷ  ᠤᠨ  ᠰᠢᠨ᠎ᠡ  ᠲᠢᠳᠢᠮᠯᠢᠭ  ᠠᠭᠤᠰᠬᠢᠨ ᠦᠷᠪᠢᠰᠦᠯ ᠤᠨ  ᠬᠢᠵᠢᠭ  ᠢ ᠰᠡᠷᠭᠡᠶᠢᠯᠡᠨ  ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                     2020 ᠣᠨ ᠤ 2 ᠰᠠᠷ᠎ᠠ ᠶᠢᠨ 24 ᠤ ᠡᠳᠦᠷ
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ