ᠪᠤᠭᠤᠲᠤ — ᠢᠷᠭᠠᠢ ᠲᠦᠷᠭᠡᠨ ᠤ ᠲᠡᠮᠦᠷ ᠵᠠᠮ  ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2020/3/11
     ᠮᠤᠨᠠ ᠠᠭᠤᠯᠠ ᠪᠠᠯᠭᠠᠰᠤᠨ ᠤ ᠱᠦᠶ ᠲᠦᠩ ᠱᠣ᠋ ᠲᠣᠰᠬᠤᠨ᠂ ᠶᠠᠨ ᠬᠠᠢ ᠲᠣᠰᠬᠤᠨ᠂ ᠲᠠᠪᠤᠨ ᠰᠠᠯᠠᠭ᠎ᠠ ᠲᠣᠰᠬᠤᠨ᠂ ᠰᠤᠬᠠᠢ ᠲᠣᠰᠬᠤᠨ᠂ ᠰᠢᠶᠠᠨ ᠹᠧᠩ ᠪᠠᠯᠭᠠᠰᠤᠨ ᠤ ᠰᠠᠨ ᠳ᠋ᠢᠩ ᠲᠣᠰᠬᠤᠨ᠂ ᠹᠧᠨ ᠱᠦᠶ ᠲᠣᠰᠬᠤᠨ᠂ ᠶᠦᠩ ᠹᠦ᠋ ᠲᠣᠰᠬᠤᠨ᠂ ᠰᠢ ᠪᠠ ᠳᠧᠦ ᠲᠣᠰᠬᠤᠨ᠂ ᠭᠦᠩ ᠤᠨ ᠰᠦᠮ᠎ᠡ ᠲᠣᠰᠬᠤᠨ᠂ ᠪᠠᠶᠠᠨᠬᠤᠸᠠ ᠪᠠᠯᠭᠠᠰᠤᠨ ᠤ ᠤᠷᠲᠤᠭᠤᠤᠯ ᠭᠠᠴᠠᠭ᠎ᠠ᠂ ᠳᠡᠪᠰᠡᠭ ᠭᠠᠴᠠᠭ᠎ᠠ᠂ ᠲᠠᠬᠢᠶᠠᠴᠢ ᠭᠠᠴᠠᠭ᠎ᠠ᠂ ᠲᠠᠢ  ᠶᠢᠨ ᠡᠩᠭᠡᠷ ᠭᠠᠴᠠᠭ᠎ᠠ᠂ ᠠᠭᠤᠶᠢᠭᠤᠤᠯ ᠭᠠᠴᠠᠭ᠎ᠠ᠂ ᠤᠤᠪᠤᠯᠠᠭ ᠭᠠᠴᠠᠭ᠎ᠠ᠂ ᠴᠠᠭᠠᠨᠬᠠᠳᠠ ᠭᠠᠴᠠᠭ᠎ᠠ᠂ ᠬᠦᠬᠡᠪᠤᠯᠠᠭ ᠭᠠᠴᠠᠭ᠎ᠠ᠂ ᠾᠧ ᠱᠦᠨ ᠵᠤᠸᠠᠩ ᠲᠣᠰᠬᠤᠨ᠂ ᠰᠢ ᠰᠢᠶᠤᠤ ᠵᠤᠤ ᠪᠠᠯᠭᠠᠰᠤ ᠶᠢᠨ ᠳ᠋ᠦᠩ ᠲᠤ ᠴᠧᠩ ᠲᠣᠰᠬᠤᠨ᠂ ᠰᠢ ᠰᠢᠶᠤᠤ ᠵᠤᠤ ᠲᠣᠰᠬᠤᠨ᠂ ᠶᠢᠨ ᠰᠢᠩ ᠲᠣᠰᠬᠤᠨ᠂ ᠭᠦᠩ ᠲᠢᠶᠠᠨ ᠲᠣᠰᠬᠤᠨ ᠵᠢᠴᠢ ᠭᠠᠵᠠᠷ ᠰᠢᠷᠣᠶ ᠪᠠᠨ ᠲᠠᠲᠠᠪᠤᠷᠢᠯᠠᠭᠤᠯᠤᠭᠰᠠᠨ ᠮᠠᠯᠴᠢᠨ ᠲᠠᠷᠢᠶᠠᠴᠢᠳ ᠲᠤ ᠬᠤᠯᠪᠣᠭᠳᠠᠨ᠎ᠠ᠄      ᠪᠤᠭᠤᠲᠤ ᠠᠴᠠ ᠢᠷᠭᠠᠶ ᠬᠦᠷᠬᠦ ᠲᠦᠷᠬᠡᠨ ᠤ ᠲᠡᠮᠦᠷ ᠵᠠᠮ ᠤᠨ ᠲᠥᠷᠥᠯ ᠵᠦᠢᠯ ︵ᠤᠷᠠᠳ ᠤᠨ ᠡᠮᠦᠨᠡᠲᠦ ᠬᠤᠰᠢᠭᠤᠨ ᠤ ᠬᠡᠰᠡᠭ︶ ᠢ ᠬᠡᠷᠡᠭᠵᠢᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠠᠷᠭ᠎ᠠ︾ ᠵᠡᠷᠭᠡ ᠪᠢᠴᠢᠭ ᠮᠠᠲ᠋ᠧᠷᠢᠶᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠡᠭᠡᠷ᠎ᠡ ᠳᠤᠷᠠᠳᠤᠭᠰᠠᠨ ᠲᠣᠰᠬᠤᠨ ᠳᠤᠭᠤᠶᠢᠯᠠᠩ ᠤᠨ ᠬᠠᠮᠲᠤ ᠶᠢᠨ ᠭᠠᠵᠠᠷ ᠰᠢᠷᠣᠶ ᠶᠢ ᠲᠠᠲᠠᠪᠤᠷᠢᠯᠠᠬᠤ ᠪᠠᠷ ᠲᠥᠯᠥᠪᠯᠡᠵᠦ᠂ ᠪᠣᠳᠠᠲᠠᠶ ᠣᠷᠣᠨ ᠪᠠᠶᠢᠷᠢ ᠵᠢᠴᠢ ᠲᠠᠯᠠᠪᠠᠶ ᠶᠢ  ᠪᠤᠲᠠᠳᠠᠢ ᠬᠡᠮᠵᠢᠯᠲᠡ ᠪᠠᠷ ᠪᠠᠷᠢᠮᠵᠢᠶ᠎ᠠ ᠪᠣᠯᠭᠠᠵᠤ ᠭᠠᠵᠠᠷ ᠰᠢᠷᠣᠶ ᠶᠢᠨ ᠨᠥᠬᠦᠪᠥᠷᠢ ᠶᠢ ᠳᠣᠤᠷᠠᠬᠢ ᠪᠠᠷᠢᠮᠵᠢᠶ᠎ᠠ ᠪᠠᠷ  ᠤᠯᠭᠤᠬᠤ ᠬᠡᠷᠡᠭᠲᠡᠶ᠃      ᠨᠢᠭᠡ᠂ ᠮᠤᠨᠠ ᠠᠭᠤᠯᠠ ᠪᠠᠯᠭᠠᠰᠤᠨ ᠤ ᠬᠠᠷᠢᠶᠠᠲᠤ ᠱᠦᠢ ᠲᠦᠩ ᠱᠣ᠋ ᠲᠣᠰᠬᠤᠨ᠂ ᠶᠠᠨ ᠬᠠᠢ ᠲᠣᠰᠬᠤᠨ᠂ ᠲᠠᠪᠤᠨ ᠰᠠᠯᠠᠭ᠎ᠠ ᠲᠤᠰᠬᠤᠨ᠂ ᠰᠢᠤᠢ ᠬᠠᠢ ᠲᠣᠰᠬᠤᠨ ᠪᠣᠯ ᠤᠷᠠᠳ ᠤᠨ ᠡᠮᠦᠨᠡᠲᠦ ᠬᠤᠰᠢᠭᠤᠨ ᠤ ᠲᠠᠲᠠᠪᠤᠷᠢᠯᠠᠬᠤ ᠭᠠᠵᠠᠷ ᠣᠷᠣᠨ ᠤ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ Ⅰ ᠲᠡᠰ ᠤᠨ ᠣᠷᠣᠨ ᠪᠣᠯᠤᠨ᠎ᠠ᠃ ᠲᠠᠷᠢᠶᠠᠨ ᠭᠠᠵᠠᠷ ᠲᠠᠲᠠᠪᠤᠷᠢᠯᠠᠬᠤ ᠭᠠᠵᠠᠷ ᠰᠢᠷᠣᠶ ᠶᠢᠨ ᠨᠥᠬᠦᠪᠥᠷᠢ ᠶᠢ 50.3790 ᠲᠦᠮᠡᠨ ᠲᠥᠭᠦᠷᠢᠭ / ᠾᠧᠺᠲ᠋ᠠᠷ ︵3.3586 ᠲᠦᠮᠡᠨ ᠲᠥᠭᠦᠷᠢᠭ / ᠮᠥ︶ ᠶᠣᠰᠣᠭᠠᠷ ᠬᠡᠷᠡᠭᠵᠢᠭᠦᠯᠦᠨ᠎ᠡ︔ ᠬᠦᠷᠢᠶᠡᠯᠡᠩ ᠭᠠᠵᠠᠷ᠂ ᠣᠶᠢᠲᠤ ᠭᠠᠵᠠᠷ ᠤᠨ ᠭᠠᠵᠠᠷ ᠰᠢᠷᠣᠶ ᠶᠢᠨ ᠨᠥᠬᠦᠪᠥᠷᠢ ᠶᠢᠨ ᠪᠠᠷᠢᠮᠵᠢᠶ᠎ᠠ ᠶᠢ ᠲᠠᠳᠠᠪᠤᠷᠢᠯᠠᠬᠤ ᠭᠠᠵᠠᠷ ᠣᠷᠣᠨ ᠤ ᠬᠡᠰᠡᠭ ᠲᠠᠬᠢ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ Ⅰ ᠲᠠᠰ ᠤᠨ 60%  ᠪᠠᠷ ᠪᠤᠳᠤᠨ᠎ᠠ᠄ ᠳᠠᠷᠤᠶ 30.2274 ᠲᠦᠮᠡᠨ ᠲᠥᠭᠦᠷᠢᠭ / ᠾᠧᠺᠲ᠋ᠠᠷ ︵2.0151 ᠲᠦᠮᠡᠨ ᠲᠥᠭᠦᠷᠢᠭ / ᠮᠥ︶ ᠶᠣᠰᠣᠭᠠᠷ ᠬᠡᠷᠡᠭᠵᠢᠭᠦᠯᠦᠨ᠎ᠡ︔ ᠨᠤᠲᠤᠭ ᠪᠡᠯᠴᠢᠭᠡᠷ ᠢ ᠲᠠᠲᠠᠪᠤᠷᠢᠯᠠᠬᠤ ᠭᠠᠵᠠᠷ ᠰᠢᠷᠣᠶ ᠶᠢᠨ ᠨᠥᠬᠦᠪᠥᠷᠢ ᠶᠢᠨ ᠪᠠᠷᠢᠮᠵᠢᠶ᠎ᠠ ᠶᠢ ᠲᠠᠲᠠᠪᠤᠷᠢᠯᠠᠬᠤ ᠭᠠᠵᠠᠷ ᠣᠷᠣᠨ ᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ 16% ᠪᠠᠷ ᠲᠥᠯᠥᠪᠯᠡᠵᠦ᠂ 8.0606 ᠲᠦᠮᠡᠨ ᠲᠥᠭᠦᠷᠢᠭ / ᠾᠧᠺᠲ᠋ᠠᠷ ︵0.5373 ᠲᠦᠮᠡᠨ ᠲᠥᠭᠦᠷᠢᠭ / ᠮᠥ︶ ᠶᠣᠰᠣᠭᠠᠷ ᠬᠡᠷᠡᠭᠵᠢᠭᠦᠯᠦᠨ᠎ᠡ︔ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ︵ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ︶ ᠶᠢᠨ ᠭᠠᠵᠠᠷ ᠰᠢᠷᠣᠶ ᠶᠢᠨ ᠨᠥᠬᠦᠪᠥᠷᠢ ᠶᠢᠨ ᠪᠠᠷᠢᠮᠵᠢᠶ᠎ᠠ ᠶᠢ 50.3790 ᠲᠦᠮᠡᠨ ᠲᠥᠭᠦᠷᠢᠭ / ᠾᠧᠺᠲ᠋ᠠᠷ ︵3.3586 ᠲᠦᠮᠡᠨ ᠲᠥᠭᠦᠷᠢᠭ / ᠮᠥ︶ ᠶᠣᠰᠣᠭᠠᠷ ᠬᠡᠷᠡᠭᠵᠢᠭᠦᠯᠦᠨ᠎ᠡ︔ ᠠᠰᠢᠭᠯᠠᠭᠠᠳᠤᠶ ᠭᠠᠵᠠᠷ ᠢ ᠲᠠᠲᠠᠪᠤᠷᠢᠯᠠᠨ ᠠᠪᠤᠭᠰᠠᠨ ᠭᠠᠵᠠᠷ ᠣᠷᠣᠨ ᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ Ⅰ ᠲᠠᠰ ᠤᠨ 16% ᠪᠠᠷ ᠲᠥᠯᠥᠪᠯᠡᠵᠦ᠂ 8.0606 ᠲᠦᠮᠡᠨ ᠲᠥᠭᠦᠷᠢᠭ / ᠾᠧᠺᠲ᠋ᠠᠷ ︵0.5373 ᠲᠦᠮᠡᠨ ᠲᠥᠭᠦᠷᠢᠭ / ᠮᠥ︶ ᠶᠣᠰᠣᠭᠠᠷ ᠬᠡᠷᠡᠭᠵᠢᠭᠦᠯᠦᠨ᠎ᠡ᠃      ᠬᠤᠶᠠᠷ᠂ ᠰᠢᠶᠠᠨ ᠹᠧᠩ ᠪᠠᠯᠭᠠᠰᠤᠨ ᠤ ᠬᠠᠷᠢᠶᠠᠨ ᠳᠠᠬᠢ ᠰᠠᠨ ᠳ᠋ᠢᠩ᠂ ᠹᠧᠨ ᠱᠦᠶ᠂ ᠶᠦᠩ ᠹᠦ᠋᠂ ᠰᠢ ᠪᠠ ᠳᠧᠦ᠂ ᠭᠦᠩ ᠤᠨ ᠰᠦᠮ᠎ᠡ ᠲᠤᠰᠬᠤᠨ︔ ᠪᠠᠶᠠᠨᠬᠤᠸᠠ ᠪᠠᠯᠭᠠᠰᠤᠨ ᠤ ᠬᠠᠷᠢᠶᠠᠨ ᠳᠠᠬᠢ ᠤᠷᠲᠤᠭᠤᠤᠯ ᠭᠠᠴᠠᠭ᠎ᠠ᠂ ᠳᠡᠪᠰᠡᠭ ᠭᠠᠴᠠᠭ᠎ᠠ᠂ ᠲᠠᠬᠢᠶᠠᠴᠢ ᠭᠠᠴᠠᠭ᠎ᠠ᠂ ᠲᠠᠢ  ᠶᠢᠨ ᠡᠩᠭᠡᠷ ᠭᠠᠴᠠᠭ᠎ᠠ᠂ ᠠᠭᠤᠶᠢᠭᠤᠤᠯ ᠭᠠᠴᠠᠭ᠎ᠠ᠂ ᠤᠤᠪᠤᠯᠠᠭ ᠭᠠᠴᠠᠭ᠎ᠠ᠂ ᠴᠠᠭᠠᠨᠬᠠᠳᠠ ᠭᠠᠴᠠᠭ᠎ᠠ᠂ ᠬᠦᠬᠡᠪᠤᠯᠠᠭ ᠭᠠᠴᠠᠭ᠎ᠠ᠂ ᠾᠧ ᠱᠦᠨ ᠵᠤᠸᠠᠩ ᠭᠠᠴᠠᠭ᠎ᠠ︔ ᠰᠢ ᠰᠢᠶᠤᠤ ᠵᠤᠤ ᠪᠠᠯᠭᠠᠰᠤᠨ ᠤ ᠬᠠᠷᠢᠶᠠᠲᠤ ᠳ᠋ᠦᠩ ᠲᠤ ᠴᠧᠩ ᠲᠣᠰᠬᠤᠨ᠂ ᠰᠢ ᠰᠢᠶᠤᠤ ᠵᠤᠤ ᠲᠣᠰᠬᠤᠨ᠂ ᠶᠢᠨ ᠰᠢᠩ ᠲᠣᠰᠬᠤᠨ᠂ ᠭᠦᠩ ᠲᠢᠶᠠᠨ ᠲᠣᠰᠬᠤᠨ ᠵᠡᠷᠭᠡ ᠳᠡᠭᠡᠷ᠎ᠡ ᠳᠤᠷᠠᠳᠤᠭᠰᠠᠨ ᠭᠠᠴᠠᠭ᠎ᠠ ᠳᠤᠭᠤᠶᠢᠯᠠᠩ ᠨᠢ ᠤᠷᠠᠳ ᠤᠨ ᠡᠮᠦᠨᠡᠲᠦ ᠬᠤᠰᠢᠭᠤᠨ ᠤ ᠲᠠᠲᠠᠪᠤᠷᠢᠯᠠᠬᠤ ᠭᠠᠵᠠᠷ ᠣᠷᠣᠨ ᠤ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ Ⅱ ᠳᠡᠰ ᠤᠨ ᠣᠷᠣᠨ ᠳᠤ ᠬᠠᠷᠢᠶᠠᠯᠠᠭᠳᠠᠨ᠎ᠠ᠃ ᠲᠠᠷᠢᠶᠠᠨ ᠭᠠᠵᠠᠷ ᠲᠠᠲᠠᠪᠤᠷᠢᠯᠠᠬᠤ ᠭᠠᠵᠠᠷ ᠰᠢᠷᠣᠶ ᠶᠢᠨ ᠨᠥᠬᠦᠪᠥᠷᠢ ᠶᠢᠨ ᠪᠠᠷᠢᠮᠵᠢᠶ᠎ᠠ ᠶᠢ 44.6505 ᠲᠦᠮᠡᠨ ᠲᠦᠭᠦᠷᠢᠭ / ᠾᠧᠺᠲ᠋ᠠᠷ ︵2.9767 ᠲᠦᠮᠡᠨ ᠲᠥᠭᠦᠷᠢᠭ / ᠮᠥ︶ ᠶᠣᠰᠣᠭᠠᠷ ᠬᠡᠷᠡᠭᠵᠢᠭᠦᠯᠦᠨ᠎ᠡ︔ ᠬᠦᠷᠢᠶᠡᠯᠡᠩ ᠭᠠᠵᠠᠷ᠂ ᠣᠶᠢᠲᠤ ᠭᠠᠵᠠᠷ ᠤᠨ ᠭᠠᠵᠠᠷ ᠰᠢᠷᠣᠶ ᠶᠢᠨ ᠨᠥᠬᠦᠪᠥᠷᠢ ᠶᠢᠨ ᠪᠠᠷᠢᠮᠵᠢᠶ᠎ᠠ ᠶᠢ ᠲᠠᠳᠠᠪᠤᠷᠢᠯᠠᠬᠤ ᠭᠠᠵᠠᠷ ᠣᠷᠣᠨ ᠤ ᠬᠡᠰᠡᠭ ᠲᠠᠬᠢ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ Ⅱ ᠲᠠᠰ ᠤᠨ 60%᠄ ᠲᠤᠬᠠᠶᠢᠯᠠᠪᠠᠯ 26.7903 ᠲᠦᠮᠡᠨ ᠲᠥᠭᠦᠷᠢᠭ / ᠾᠧᠺᠲ᠋ᠠᠷ ︵1.7860 ᠲᠦᠮᠡᠨ ᠲᠥᠭᠦᠷᠢᠭ / ᠮᠥ︶ ᠶᠣᠰᠣᠭᠠᠷ ᠬᠡᠷᠡᠭᠵᠢᠭᠦᠯᠦᠨ᠎ᠡ︔ ᠨᠤᠲᠤᠭ ᠪᠡᠯᠴᠢᠭᠡᠷ ᠢ ᠲᠠᠲᠠᠪᠤᠷᠢᠯᠠᠬᠤ ᠭᠠᠵᠠᠷ ᠰᠢᠷᠣᠶ ᠶᠢᠨ ᠨᠥᠬᠦᠪᠥᠷᠢ ᠶᠢᠨ ᠪᠠᠷᠢᠮᠵᠢᠶ᠎ᠠ ᠶᠢ ᠲᠠᠲᠠᠪᠤᠷᠢᠯᠠᠬᠤ ᠭᠠᠵᠠᠷ ᠣᠷᠣᠨ ᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ Ⅱ ᠲᠠᠰ ᠤᠨ 16% ᠪᠠᠷ ᠲᠥᠯᠥᠪᠯᠡᠵᠦ ᠪᠣᠶ᠄ ᠲᠤᠬᠠᠶᠢᠯᠠᠪᠠᠯ 7.1441 ᠲᠦᠮᠡᠨ ᠲᠥᠭᠦᠷᠢᠭ / ᠾᠧᠺᠲ᠋ᠠᠷ ︵0.4763 ᠲᠦᠮᠡᠨ ᠲᠥᠭᠦᠷᠢᠭ / ᠮᠥ︶ ᠶᠣᠰᠣᠭᠠᠷ ᠬᠡᠷᠡᠭᠵᠢᠭᠦᠯᠦᠨ᠎ᠡ︔ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ︵ᠠᠶᠢᠯ ᠲᠣᠰᠬᠤᠨ ᠤ ᠣᠷᠣᠨ ᠰᠠᠭᠤᠴᠠ ᠶᠢᠨ ᠭᠠᠵᠠᠷ︶ ᠶᠢᠨ ᠨᠥᠬᠦᠪᠥᠷᠢ ᠶᠢᠨ ᠪᠠᠷᠢᠮᠵᠢᠶ᠎ᠠ ᠶᠢ 44.6505 ᠲᠦᠮᠡᠨ ᠲᠥᠭᠦᠷᠢᠭ / ᠾᠧᠺᠲ᠋ᠠᠷ ︵2.9767 ᠲᠦᠮᠡᠨ ᠲᠥᠭᠦᠷᠢᠭ / ᠮᠥ︶ ᠶᠣᠰᠣᠭᠠᠷ ᠬᠡᠷᠡᠭᠵᠢᠭᠦᠯᠬᠦ ᠪᠠᠷ ᠪᠣᠶ︔ ᠠᠰᠢᠭᠯᠠᠭᠠᠳᠤᠶ ᠭᠠᠵᠠᠷ ᠢ ᠲᠠᠲᠠᠪᠤᠷᠢᠯᠠᠨ ᠠᠪᠤᠭᠰᠠᠨ ᠭᠠᠵᠠᠷ ᠣᠷᠣᠨ ᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ Ⅱ ᠲᠠᠰ ᠤᠨ 16% ᠪᠠᠷ ᠲᠥᠯᠥᠪᠯᠡᠵᠦ ᠪᠣᠶ᠄ ᠲᠤᠬᠠᠶᠢᠯᠠᠪᠠᠯ 7.1441 ᠲᠦᠮᠡᠨ ᠲᠥᠭᠦᠷᠢᠭ / ᠾᠧᠺᠲ᠋ᠠᠷ ︵0.4763 ᠲᠦᠮᠡᠨ ᠲᠥᠭᠦᠷᠢᠭ / ᠮᠥ︶ ᠶᠣᠰᠣᠭᠠᠷ ᠬᠡᠷᠡᠭᠵᠢᠭᠦᠯᠦᠨ᠎ᠡ᠃      ᠭᠤᠷᠪᠠ᠂ ᠭᠠᠵᠠᠷ ᠳᠡᠭᠡᠷᠡᠬᠢ ᠪᠠᠷᠢᠯᠭ᠎ᠠ᠂ ᠪᠠᠷᠢᠯᠭ᠎ᠠ ᠶᠢᠨ ᠵᠦᠢᠯ ᠵᠢᠴᠢ ᠳᠠᠭᠠᠯᠲᠠ ᠵᠦᠢᠯ ᠢ ᠪᠣᠳᠠᠲᠠᠶ ᠦᠨᠡᠯᠡᠨ ᠵᠢᠱᠢᠬᠦ ᠪᠠᠷ ᠪᠠᠷᠢᠮᠵᠢᠶ᠎ᠠ ᠪᠣᠯᠭᠠᠵᠤ ᠲᠥᠪᠬᠢᠨᠡᠭᠦᠯᠬᠦ ᠠᠷᠭ᠎ᠠ ᠮᠠᠶ᠋ᠢᠭ ᠢᠶᠠᠷ ᠵᠣᠭᠤᠰ ᠢᠶᠠᠷ ᠨᠥᠬᠦᠪᠥᠷᠢᠯᠡᠬᠦ ᠬᠡᠷᠡᠭᠲᠡᠶ᠃      ᠳᠥᠷᠪᠡ᠂ 2017 ᠣᠨ ᠤ 1  ᠳ᠋ᠤᠭᠡᠷ ᠰᠠᠷ᠎ᠠ ᠶᠢᠨ 4 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︽ᠪᠤᠭᠤᠲᠤ — ᠯᠠᠨᠵᠧᠦ ᠶᠢᠨ ᠲᠡᠮᠦᠷ ᠵᠠᠮ ᠤᠨ ᠬᠤᠶᠠᠷ ᠲᠠᠯ᠎ᠠ ᠪᠠᠷ ᠳᠤᠷ᠎ᠠ ᠪᠠᠷ ᠢᠶᠠᠨ ᠭᠡᠷ ᠪᠤᠰᠬᠠᠬᠤ ᠪᠦᠲᠦᠭᠡᠨ ᠪᠠᠶᠢᠭᠤᠯᠬᠤ ᠶᠢ ᠴᠢᠩᠭ᠎ᠠ ᠴᠠᠭᠠᠵᠠᠯᠠᠬᠤ ᠲᠤᠬᠠᠶ ᠮᠡᠳᠡᠭᠳᠡᠯ︾ ︵ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠤᠨ ᠵᠠᠰᠠᠭ ᠤᠨ ᠣᠷᠳᠣᠨ ᠤ ᠠᠯᠪᠠᠨ ᠪᠢᠴᠢᠭ ︹ 2017 ︺ 50  ᠲᠣᠭᠠᠲᠤ︶ ᠢ ᠪᠠᠭᠤᠯᠭᠠᠵᠤ᠂ ᠪᠢᠴᠢᠭ ᠮᠠᠲ᠋ᠧᠷᠢᠶᠠᠯ ᠳᠤ ᠪᠤᠭᠤᠲᠤ — ᠯᠠᠨᠵᠧᠦ ᠶᠢᠨ ᠲᠡᠮᠦᠷ ᠵᠠᠮ ᠤᠨ ᠬᠤᠶᠠᠷ ᠲᠠᠯ᠎ᠠ ᠪᠠᠷ ᠵᠠᠪᠳᠤᠨ ᠪᠠᠶᠢᠭᠤᠯᠵᠤ ᠨᠡᠮᠡᠵᠦ ᠪᠠᠶᠢᠭᠤᠯᠬᠤ᠂ ᠬᠤᠪᠢ ᠪᠠᠷ ᠢᠶᠠᠨ ᠲᠠᠷᠢᠶᠠᠨ ᠭᠠᠵᠠᠷ ᠨᠡᠭᠡᠭᠡᠬᠦ᠂ ᠵᠠᠪᠳᠤᠵᠤ ᠳᠠᠷᠢᠬᠤ᠂ ᠵᠠᠪᠳᠤᠵᠤ ᠵᠠᠰᠠᠪᠤᠷᠢ ᠬᠢᠬᠦ᠂ ᠬᠠᠭᠤᠷᠮᠠᠭᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ ᠭᠡᠵᠦ ᠲᠣᠳᠣᠷᠬᠠᠶ ᠲᠣᠭᠲᠠᠭᠠᠪᠠ᠃ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2017 ᠣᠨ ᠤ 9 ᠰᠠᠷ᠎ᠠ ᠶᠢᠨ 12 ᠤᠨ ᠡᠳᠦᠷ ︽ᠪᠤᠭᠤᠲᠤ — ᠯᠠᠨᠵᠧᠦ ᠶᠢᠨ ᠲᠡᠮᠦᠷ ᠵᠠᠮ ᠤᠨ ᠬᠤᠶᠠᠷ ᠲᠠᠯ᠎ᠠ ᠳᠤ ᠳᠤᠷ᠎ᠠ ᠪᠠᠷ ᠢᠶᠠᠨ ᠪᠠᠷᠢᠵᠤ ᠪᠠᠶᠢᠭᠤᠯᠬᠤ ᠶᠢ ᠴᠢᠩᠭ᠎ᠠ ᠴᠠᠭᠠᠵᠠᠯᠠᠬᠤ ᠲᠤᠬᠠᠶ ᠵᠠᠷᠯᠠᠯ︾ ᠢ ᠨᠡᠶᠢᠲᠡᠯᠡᠭᠰᠡᠨ ᠤ ᠳᠠᠷᠠᠭ᠎ᠠ  ᠪᠤᠭᠤᠲᠤ — ᠯᠠᠨᠵᠧᠦ ᠶᠢᠨ ᠲᠡᠮᠦᠷ ᠵᠠᠮ ᠤᠨ ᠤᠷᠠᠳ ᠤᠨ ᠡᠮᠦᠨᠡᠲᠦ ᠬᠤᠰᠢᠭᠤᠨ ᠤ ᠬᠡᠰᠡᠭ ᠤᠨ ᠵᠠᠮ ᠳᠠᠭᠠᠤ ᠵᠠᠪᠳᠤᠨ ᠲᠠᠷᠢᠭᠰᠠᠨ᠂ ᠵᠠᠪᠳᠤᠨ ᠪᠠᠶᠢᠭᠤᠯᠤᠭᠰᠠᠨ ᠡᠯ᠎ᠡ ᠲᠥᠷᠥᠯ ᠤᠨ ᠪᠠᠷᠢᠯᠭ᠎ᠠ᠂ ᠪᠠᠷᠢᠯᠭ᠎ᠠ ᠶᠢᠨ ᠵᠦᠢᠯ ᠵᠢᠴᠢ ᠳᠠᠭᠠᠯᠲᠠ ᠵᠦᠢᠯ ᠢ ᠴᠥᠮ ᠳᠠᠩᠰᠠᠯᠠᠬᠤ ᠦᠭᠡᠢ ᠨᠥᠬᠦᠪᠥᠷᠢ  ᠤᠯᠭᠤᠬᠤ ᠥᠬᠡᠶ᠃      ᠲᠠᠪᠤ᠂ ᠲᠣᠰ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ᠂ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠦᠢ ᠶᠢᠨ ᠬᠡᠪᠴᠢᠶᠡᠨ ᠳᠣᠲᠣᠷ᠎ᠠ ᠵᠠᠪᠳᠤᠨ ᠵᠠᠶᠢᠯᠠᠭᠰᠠᠨ᠂ ᠵᠠᠪᠳᠤᠨ ᠲᠠᠷᠢᠭᠰᠠᠨ ᠲᠠᠷᠢᠶᠠᠨ ᠤ ᠬᠦᠬᠡ ᠴᠢᠬᠢ ᠳᠤ ᠴᠥᠮ ᠨᠥᠬᠦᠪᠥᠷᠢ ᠤᠯᠭᠤᠬᠤ ᠦᠭᠡᠢ᠃                ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                          2020 ᠤᠨ  ᠤ 3 ᠰᠠᠷ᠎ᠠ  ᠶᠢᠨ 2  
ᠢᠷᠡᠯᠲᠡ᠄ ᠳᠤᠰ ᠰᠦᠯᠵᠢᠶ᠎ᠠ