ᠯᠢᠨ ᠾᠧ ᠲᠣᠭᠤᠷᠢᠭ ᠬᠤᠲᠠ ᠶᠢᠨ ᠱᠠᠲᠤᠨ ᠤ 6 ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2020/3/12
    ᠡᠨᠡ ᠵᠢᠯ ᠯᠢᠨ ᠾᠧ ᠲᠣᠭᠤᠷᠢᠭ  ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ 6 ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠨᠥᠯᠥᠭᠡᠯᠡᠨ ᠵᠢᠱᠢᠶ᠎ᠡ ᠦᠵᠡᠭᠦᠯᠵᠦ ᠳᠠᠶᠢᠴᠢᠯᠠᠬᠤ ᠦᠶᠯᠡᠳᠦᠯ ᠢ ᠴᠢᠩᠭᠠᠷᠠᠭᠤᠯᠤᠨ᠎ᠠ᠃      ᠡᠨᠡ ᠵᠢᠯ᠂ ᠯᠢᠨ ᠾᠧ ᠲᠣᠭᠤᠷᠢᠭ ᠬᠤᠲᠠ ᠶᠢᠨ ᠲᠠᠰ ᠤᠨ 6 ᠭᠤᠤᠯᠳᠠᠯᠭ᠎ᠠ ᠲᠠᠢ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠳᠥᠯᠭᠢᠨ ᠠᠬᠢᠭᠤᠯᠬᠤ ᠪᠣᠯᠤᠨ᠎ᠠ᠂ ᠲᠤᠬᠠᠶᠢᠯᠠᠪᠠᠯ ᠰᠢᠨᠬᠤᠸᠠ ᠪᠠᠯᠭᠠᠰᠤᠨ ᠤ ᠲᠦᠮᠡᠨ ᠮᠥ ᠲᠥᠪᠯᠡᠷᠡᠨ ᠵᠠᠯᠭᠠᠯᠳᠤᠭᠰᠠᠨ ᠪᠠᠷᠢᠮᠵᠢᠶᠠᠵᠢᠭᠤᠯᠤᠭᠰᠠᠨ ᠲᠠᠷᠢᠮᠠᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠯᠠᠩᠱᠠᠨ ᠲᠠᠷᠢᠶᠠᠯᠠᠩ ᠤᠨ ᠲᠠᠯᠠᠪᠠᠶ ᠶᠢᠨ ᠲᠦᠮᠡᠨ ᠮᠥ ᠪᠠᠷᠢᠮᠵᠢᠶᠠᠵᠢᠭᠤᠯᠤᠭᠰᠠᠨ ᠲᠠᠷᠢᠮᠠᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠪᠠᠶᠠᠨ᠋ᠣ᠋ᠪᠣᠭ᠎ᠠ ᠪᠠᠯᠭᠠᠰᠤᠨ ᠤ 2 ᠲᠦᠮᠡᠨ ᠮᠥ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠰᠢᠨ ᠨᠦᠩ  ᠲᠥᠬᠦᠭᠡᠷᠦᠮᠵᠢᠲᠦ ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ ᠦᠶᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ᠂ ᠪᠠᠶᠠᠨ᠋ᠣ᠋ᠪᠣᠭ᠎ᠠ ᠪᠠᠯᠭᠠᠰᠤᠨ ᠤ ᠬᠤᠩ  ᠪᠢᠶᠠᠨ ᠲᠢᠶᠠᠨ ᠰᠢᠶᠠ ᠬᠥᠬᠡ ᠱᠣᠪᠣᠭᠤᠷ ᠯᠠᠵᠤᠤ  ᠶᠢᠨ ᠮᠢᠩᠭᠠᠨ ᠮᠥ ᠲᠥᠬᠦᠭᠡᠷᠦᠮᠵᠢᠲᠦ ᠲᠠᠷᠢᠶᠠᠯᠠᠩ ᠤᠨ ᠲᠥᠪᠯᠡᠷᠡᠨ ᠵᠠᠯᠭᠠᠯᠳᠤᠭᠰᠠᠨ ᠲᠠᠷᠢᠮᠠᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂  ᠪᠠᠶᠠᠨ᠋ᠣ᠋ᠪᠣᠭ᠎ᠠ ᠪᠠᠯᠭᠠᠰᠤᠨ ᠤ ᠮᠢᠩᠭᠠᠨ ᠮᠥ ᠨᠡᠷᠡᠨ ᠬᠤᠸᠠᠷ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠬᠦᠷᠢᠶᠡᠯᠡᠩ ᠲᠣᠭᠤᠷᠢᠭ ᠪᠣᠯᠤᠨ᠎ᠠ᠃ ᠡᠭᠦᠨ ᠤ ᠬᠠᠮᠲᠤ᠂ ᠪᠠᠰᠠ ᠯᠢᠨ ᠾᠧ ᠲᠣᠭᠤᠷᠢᠭ ᠤᠨ ᠲᠣᠰ ᠱᠠᠲᠤᠨ ᠤ 15 ᠭᠤᠤᠯᠳᠠᠯᠭ᠎ᠠ ᠲᠠᠢ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠦᠷᠢᠶᠡᠯᠡᠩ ᠲᠣᠭᠤᠷᠢᠭ ᠨᠢᠭᠡᠪᠦᠷᠢ ᠶᠢᠨ ᠭᠤᠤᠯᠯᠠᠬᠤ ᠲᠠᠯᠠᠪᠠᠶ ᠶᠢ 1000 ᠮᠥ ᠠᠴᠠ ᠳᠤᠲᠠᠭᠤ ᠥᠬᠡᠶ ᠪᠠᠶᠢᠯᠭᠠᠨ᠎ᠠ᠃      ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠨᠢ ᠰᠠᠭᠤᠷᠢᠨ ᠭᠠᠵᠠᠷ᠂ ᠣᠨᠴᠠᠯᠢᠭ᠂ ᠲᠥᠷᠥᠯ ᠵᠦᠶᠯ᠂ ᠦᠷ᠎ᠡ ᠠᠰᠢᠭ ᠤᠨ ᠲᠣᠭᠤᠷᠢᠨ ᠳᠤ ᠵᠢᠱᠢᠶ᠎ᠡ ᠦᠵᠡᠭᠦᠯᠬᠦ ᠶᠢ ᠪᠠᠷᠢᠮᠲᠠᠯᠠᠵᠤ᠂ ᠬᠡᠪᠴᠢᠶ᠎ᠡ ᠪᠠᠷ ᠶᠡᠭᠡ᠂ ᠪᠠᠷᠢᠮᠵᠢᠶ ᠎ᠠ ᠪᠠᠷ ᠥᠨᠳᠥᠷ᠂ ᠲᠥᠷᠥᠯ ᠵᠦᠶᠯ ᠢᠶᠠᠷ ᠣᠯᠠᠨ᠂ ᠲᠠᠷᠢᠶᠠᠴᠢᠨ ᠡᠷᠦᠬᠡ ᠪᠠᠷ ᠥᠷᠭᠡᠨ᠂ ᠨᠥᠯᠥᠭᠡᠯᠡᠨ ᠳᠠᠶᠢᠴᠢᠯᠠᠬᠤ ᠪᠠᠷ ᠴᠢᠩᠭ᠎ᠠ ᠣᠨᠴᠠᠯᠢᠭ ᠢ ᠢᠯᠡᠷᠡᠭᠦᠯᠦᠨ᠎ᠡ᠃ ︽2020 ᠣᠨ ᠳᠤ ᠪᠦᠬᠦ ᠬᠤᠲᠠ ᠶᠢᠨ ᠲᠠᠷᠢᠶᠠᠯᠠᠩ ᠤᠨ ᠦᠶᠯᠡᠳᠪᠦᠷᠢᠯᠡᠯ ᠤᠨ ᠭᠤᠤᠯ ᠲᠦᠯᠬᠢᠨ ᠠᠬᠢᠭᠤᠯᠤᠭᠰᠠᠨ ᠰᠢᠯᠢᠳᠡᠭ ᠡᠭᠦᠯᠳᠡᠷ᠂ ᠭᠤᠤᠯᠳᠠᠯᠭ᠎ᠠ ᠲᠠᠢ ᠬᠡᠷᠡᠭᠯᠡᠭᠡᠨ ᠤ ᠮᠡᠷᠭᠡᠵᠢᠯ ᠤᠨ ᠨᠡᠷᠡᠰ ᠤᠨ ᠵᠢᠭᠰᠠᠭᠠᠯᠲᠠ︾ ᠶᠣᠰᠣᠭᠠᠷ᠂ ᠬᠦᠷᠢᠶᠡᠯᠡᠩ ᠲᠣᠭᠤᠷᠢᠭ ᠲᠤ ᠰᠢᠯᠢᠳᠡᠭ ᠡᠭᠦᠯᠳᠡᠷ᠂ ᠰᠢᠨ᠎ᠡ ᠮᠠᠶ᠋ᠢᠭ ᠤᠨ ᠪᠣᠷᠳᠣᠭᠤᠷ ᠪᠣᠯᠤᠨ ᠬᠡᠷᠡᠭᠯᠡᠭᠡᠨ ᠤ ᠮᠡᠷᠭᠡᠵᠢᠯ ᠢ ᠭᠤᠤᠯ ᠲᠦᠯᠬᠢᠨ ᠠᠬᠢᠭᠤᠯᠵᠤ᠂ ᠰᠢᠯᠢᠳᠡᠭ ᠡᠭᠦᠯᠳᠡᠷ ᠤᠨ ᠪᠦᠷᠬᠦᠴᠡ ᠶᠢᠨ ᠨᠣᠷᠮ᠎ᠠ ᠶᠢ 98%  ᠠᠴᠠ ᠳᠡᠭᠡᠭᠰᠢ ᠳᠤ ᠬᠦᠷᠦᠭᠦᠯᠵᠦ᠂ ᠭᠤᠤᠯᠳᠠᠯᠭ᠎ᠠ ᠲᠠᠢ ᠮᠡᠷᠭᠡᠵᠢᠯ ᠤᠨ ᠬᠡᠷᠡᠭᠯᠡᠯᠲᠡ ᠶᠢᠨ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃      ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠨᠢ ᠲᠠᠷᠢᠶᠠᠯᠠᠩ ᠤᠨ ᠮᠠᠰᠢᠨ ᠪᠣᠯᠤᠨ ᠲᠠᠷᠢᠶᠠᠯᠠᠩ ᠤᠨ ᠮᠡᠷᠭᠡᠵᠢᠯ ᠢ ᠣᠷᠭᠠᠨᠢᠭ ᠢᠶᠠᠷ ᠠᠭᠤᠰᠤᠯᠴᠠᠭᠤᠯᠬᠤ ᠶᠢ ᠳᠣᠪᠤᠶᠢᠯᠭᠠᠵᠤ᠂ ᠲᠠᠷᠢᠶᠠᠯᠠᠩ ᠤᠨ ᠮᠠᠰᠢᠨ ᠢ ᠢᠵᠢ ᠪᠦᠷᠢᠳᠦᠭᠦᠯᠬᠦ ᠪᠠᠷ ᠳᠠᠮᠵᠢᠭᠤᠯᠤᠨ᠂ ᠲᠠᠷᠢᠶᠠᠯᠠᠩ ᠤᠨ ᠰᠢᠨ᠎ᠡ ᠮᠡᠷᠭᠡᠵᠢᠯ ᠤᠨ ᠠᠷᠭ᠎ᠠ ᠬᠡᠮᠵᠢᠶ᠎ᠡ ᠶᠢ ᠪᠦᠲᠦᠮᠵᠢᠲᠡᠶ ᠪᠠᠷ ᠳᠡᠯᠭᠡᠷᠡᠭᠦᠯᠦᠨ ᠬᠡᠷᠡᠭᠯᠡᠵᠦ᠂ ᠬᠦᠷᠢᠶᠡᠯᠡᠩ ᠲᠣᠭᠤᠷᠢᠭ ᠢ ᠰᠤᠷᠤᠯᠴᠠᠵᠤ ᠪᠣᠯᠬᠤ᠂  ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠲᠠᠷᠢᠶᠠᠨ ᠭᠠᠵᠠᠷ ᠤᠨ ᠬᠢᠴᠢᠶᠡᠯ ᠤᠨ ᠲᠠᠩᠬᠢᠮ ᠪᠣᠯᠤᠨ ᠳᠡᠯᠭᠡᠨ ᠦᠵᠡᠭᠦᠯᠬᠦ ᠲᠠᠪᠴᠠᠩ ᠪᠣᠯᠭᠠᠨ ᠪᠦᠲᠦᠭᠡᠨ ᠪᠠᠶᠢᠭᠤᠯᠬᠤ ᠪᠣᠯᠤᠨ᠎ᠠ᠃ ᠵᠢᠯ ᠤᠨ ᠳᠣᠲᠣᠷ᠎ᠠ ᠬᠦᠷᠢᠶᠡᠯᠡᠩ ᠲᠣᠭᠤᠷᠢᠭ ᠢᠶᠠᠷ ᠳᠠᠮᠵᠢᠭᠤᠯᠤᠨ ᠲᠠᠷᠢᠶᠠᠴᠢᠳ ᠢ 5 ᠲᠦᠮᠡᠨ ᠬᠥᠮᠦᠨ ᠤᠳᠠᠭ᠎ᠠ ᠠᠴᠠ ᠳᠡᠭᠡᠭᠰᠢ ᠪᠣᠯᠪᠠᠰᠤᠷᠠᠭᠤᠯᠬᠤ ᠪᠠᠷ ᠲᠥᠯᠥᠪᠯᠡᠵᠦ ᠪᠠᠶᠢᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ