ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠥᠭᠵᠢᠯ ᠬᠤᠪᠢᠷᠠᠯᠲᠠ ᠶᠢ ᠦᠨᠳᠥᠰᠦᠯᠡᠨ᠂ ᠭᠤᠣᠯᠳᠠᠯᠭ᠎ᠠ ᠶᠢ ᠲᠣᠪᠤᠶᠢᠯᠭᠠᠵᠤ᠂ | ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠣᠨᠣᠴᠠᠲᠠᠢ ᠴᠢᠨᠠᠷ | ᠪᠠ ᠴᠢᠭᠯᠡᠭᠦᠯᠬᠦ ᠴᠢᠨᠠᠷ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ︽ᠭᠠᠳᠠᠨ᠎ᠠ ᠠᠴᠠ ᠬᠠᠯᠳᠠᠪᠤᠷᠢᠯᠠᠨ ᠣᠷᠣᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ | ᠲᠠᠷᠬᠠᠬᠤ ᠶᠢ ᠰᠡᠷᠭᠡᠶᠢᠯᠡᠬᠦ︾ ᠱᠠᠭᠠᠷᠳᠠᠯᠭ᠎ᠠ ᠶᠣᠰᠣᠭᠠᠷ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ | ᠵᠢᠯᠣᠭᠤᠳᠬᠤ ᠭᠠᠵᠠᠷ ᠠᠴᠠ ᠰᠤᠳᠤᠯᠬᠤ ᠪᠠᠷ ᠳᠠᠮᠵᠢᠭᠠᠳ᠂ 2020 ᠣᠨ ᠤ 3 ᠰᠠᠷ᠎ᠠ ᠶᠢᠨ 8 ᠤ ᠡᠳᠥᠷ ᠤᠨ ᠲᠡᠭ ᠴᠠᠭ ᠠᠴᠠ ᠡᠬᠢᠯᠡᠨ᠂ ᠣᠳᠣ ᠶᠢᠨ ᠰᠡᠷᠭᠡᠶᠢᠯᠡᠨ | ᠡᠵᠡᠮᠳᠡᠬᠦ ᠠᠷᠭ᠎ᠠ ᠪᠠᠷᠢᠯ ᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠪᠦᠬᠦ ᠬᠤᠲᠠ ᠳᠤ ᠨᠡᠪᠲᠡᠷᠡᠬᠦ ᠦᠨᠡᠮᠯᠡᠯ ᠤᠨ ᠬᠠᠮᠢᠶᠠᠷᠤᠯᠲᠠ ᠶᠢᠨ | ᠳᠦᠷᠢᠮ ᠢ ᠬᠡᠷᠡᠭᠵᠢᠭᠦᠯᠬᠦ ᠪᠠᠷ ᠲᠣᠭᠲᠠᠪᠠ᠃ | ᠨᠢᠭᠡ᠂ ᠬᠤᠲᠠ ᠶᠢᠨ ᠬᠡᠪᠴᠢᠶᠡᠨ ᠳᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠭᠠᠴᠠᠭ᠎ᠠ ᠲᠣᠰᠬᠤᠨ᠂ ᠨᠡᠶᠢᠭᠡᠮ | ᠲᠣᠭᠤᠷᠢᠭ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠣᠣᠷ ᠴᠡᠭ ᠵᠢᠴᠢ ᠪᠠᠭᠤᠳᠠᠯ᠂ ᠬᠤᠭᠤᠯᠠᠨ ᠭᠡᠷ᠂ ᠬᠤᠳᠠᠯᠳᠤᠭ᠎ᠠ ᠳᠡᠯᠭᠡᠭᠦᠷ᠂ ᠬᠡᠲᠦ ᠳᠡᠯᠭᠡᠭᠦᠷ᠂ | ᠡᠮᠨᠡᠯᠭᠡ ᠶᠢᠨ ᠬᠤᠷᠢᠶ᠎ᠠ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ ᠮᠠᠰᠢᠨ ᠲᠡᠷᠭᠡᠨ ᠤ ᠥᠷᠲᠡᠭᠡ ᠵᠡᠷᠭᠡ ᠠᠯᠢᠪᠠ ᠣᠯᠠᠨ ᠨᠡᠶᠢᠲᠡ ᠶᠢᠨ | ᠲᠠᠯᠠᠪᠠᠢ ᠳᠤ ᠣᠷᠣᠵᠤ ᠭᠠᠷᠬᠤ᠂ ᠨᠡᠶᠢᠲᠡ ᠶᠢᠨ ᠮᠠᠰᠢᠨ ᠲᠡᠷᠭᠡ᠂ ᠠᠶᠠᠨᠴᠢᠳ ᠤᠨ ᠮᠠᠰᠢᠨ ᠲᠡᠷᠭᠡ᠂ ᠲᠦᠷᠢᠶᠡᠰᠦᠨ ᠮᠠᠰᠢᠨ᠂ ᠰᠦᠯᠵᠢᠶ᠎ᠡ ᠪᠠᠷ ᠪᠣᠯᠵᠣᠬᠤ ᠮᠠᠰᠢᠨ | ᠵᠡᠷᠭᠡ ᠡᠯ᠎ᠡ ᠲᠥᠷᠥᠯ ᠤᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠳᠠᠭᠠᠨ ᠵᠠᠪᠠᠯ ᠲᠤᠰ ᠬᠥᠮᠥᠨ ᠤ ᠪᠡᠶ᠎ᠡ ᠶᠢᠨ ᠦᠨᠡᠮᠯᠡᠯ ᠪᠠ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠨᠡᠪᠲᠡᠷᠡᠬᠦ ᠦᠨᠡᠮᠯᠡᠯ ︵ᠳᠣᠷᠣᠭᠰᠢ ︽ᠬᠤᠣᠰ ᠦᠨᠡᠮᠯᠡᠯ︾ ᠭᠡᠵᠦ | ᠳᠥᠭᠦᠮᠴᠢᠯᠡᠨ᠎ᠡ︶ ᠢᠶᠠᠨ ᠬᠠᠮᠲᠤ ᠳᠤᠨᠢ ᠦᠵᠡᠭᠦᠯᠬᠦ ᠬᠡᠷᠡᠭᠲᠡᠢ᠃ | ᠬᠤᠶᠠᠷ᠂ ᠨᠡᠪᠲᠡᠷᠡᠬᠦ ᠦᠨᠡᠮᠯᠡᠯ ᠳᠤ ᠬᠠᠷᠢᠶ᠎ᠠ ᠣᠷᠣᠨ ᠤ ᠬᠠᠮᠢᠶᠠᠷᠤᠯᠲᠠ ᠶᠢ ᠬᠡᠷᠡᠭᠵᠢᠭᠦᠯᠵᠦ᠂ ᠡᠯ᠎ᠡ ᠬᠤᠰᠢᠭᠤ ᠰᠢᠶᠠᠨ ᠲᠣᠭᠤᠷᠢᠭ ᠨᠢᠭᠡᠳᠥᠯᠲᠡᠢ ᠳᠠᠷᠤᠮᠠᠯᠯᠠᠨ᠂ | ᠦᠨᠡᠮᠯᠡᠯ ᠥᠭᠭᠦᠭᠰᠡᠨ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠪᠥᠭᠡᠳ ᠲᠤᠰ ᠬᠥᠮᠥᠨ ᠤ ᠪᠡᠶ᠎ᠡ ᠶᠢᠨ ᠦᠨᠡᠮᠯᠡᠯ ᠲᠠᠢ ᠬᠠᠮᠲᠤ ᠵᠠᠷᠤᠨ᠎ᠠ᠂ ᠪᠦᠬᠦ ᠬᠤᠲᠠ ᠶᠢᠨ | ᠬᠡᠪᠴᠢᠶᠡᠨ ᠳᠤ ᠨᠡᠶᠢᠳᠡᠮ ᠬᠡᠷᠡᠭᠯᠡᠭᠳᠡᠨ᠎ᠡ᠃ ᠨᠡᠪᠲᠡᠷᠡᠬᠦ ᠦᠨᠡᠮᠯᠡᠯ ᠬᠢᠯᠭᠡᠬᠦ ᠡᠲᠡᠭᠡᠳ ᠪᠣᠯ᠂ ᠪᠡᠶ᠎ᠡ ᠡᠷᠡᠭᠦᠯ᠂ ᠣᠶᠢᠷ᠎ᠠ ᠶᠢᠨ 14 ᠬᠤᠨᠤᠭ ᠲᠤ ᠬᠢᠵᠢᠭ ᠨᠡᠯᠢᠶᠡᠳ | ᠬᠦᠨᠳᠦ ᠤᠯᠤᠰ ︵ᠬᠢᠵᠢᠭ ᠤᠨ ᠪᠠᠶᠢᠳᠠᠯ ᠢ ᠦᠨᠳᠥᠰᠦᠯᠡᠨ ᠳᠠᠷᠤᠢ ᠳᠤᠨᠢ ᠲᠣᠬᠢᠷᠠᠭᠤᠯᠤᠯᠲᠠ ᠬᠢᠨ᠎ᠡ︶ ᠪᠠ ᠤᠯᠤᠰ ᠤᠨ ᠳᠣᠲᠣᠭᠠᠳᠤ ᠳᠠᠬᠢ ᠬᠢᠵᠢᠭ ᠨᠡᠯᠢᠶᠡᠳ | ᠬᠦᠨᠳᠦ 15 ᠭᠠᠵᠠᠷ ᠣᠷᠣᠨ ᠳᠤ ᠪᠠᠶᠢᠵᠤ ᠥᠩᠭᠡᠷᠡᠭᠰᠡᠨ ᠦᠭᠡᠢ ᠬᠥᠮᠥᠰ ᠵᠢᠴᠢ ᠮᠠᠨ ᠤ ᠬᠤᠲᠠ ᠳᠤ ᠪᠠᠶᠢᠩᠭᠤ ᠰᠠᠭᠤᠭ᠎ᠠ ᠬᠥᠮᠥᠰ ᠪᠣᠯᠣᠨ᠎ᠠ᠃ ᠬᠠᠷᠢᠶ᠎ᠠ ᠭᠠᠴᠠᠭ᠎ᠠ | ᠲᠣᠰᠬᠤᠨ᠂ ᠨᠡᠶᠢᠭᠡᠮ ᠲᠣᠭᠤᠷᠢᠭ ᠠᠴᠠ ᠲᠤᠰ ᠭᠠᠵᠠᠷ ᠲᠤ ᠪᠠᠶᠢᠩᠭᠤ ᠰᠠᠭᠤᠭ᠎ᠠ ᠬᠥᠮᠥᠰ ︵ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠳᠤ ᠲᠣᠭᠲᠠᠮᠠᠯ ᠭᠡᠷ | ᠣᠷᠣᠨ ᠲᠠᠢ ᠬᠥᠮᠥᠰ︶ ᠲᠤ ᠨᠡᠪᠲᠡᠷᠡᠬᠦ ᠦᠨᠡᠮᠯᠡᠯ ᠢ ᠬᠠᠷᠢᠭᠤᠴᠠᠨ ᠣᠯᠭᠤᠨ᠎ᠠ︔ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ | ᠲᠤᠰ ᠨᠢᠭᠡᠴᠢ ᠶᠢᠨ ᠠᠵᠢᠯᠲᠠᠳ ᠤᠨ ᠨᠡᠪᠲᠡᠷᠡᠬᠦ ᠦᠨᠡᠮᠯᠡᠯ ᠢ ᠬᠠᠷᠢᠭᠤᠴᠠᠨ ᠣᠯᠭᠤᠨ᠎ᠠ︔ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠭᠠᠳᠠᠷ | ᠣᠷᠣᠨ ᠠᠴᠠ ᠢᠷᠡᠭᠰᠡᠳ ᠲᠤ ᠨᠡᠪᠲᠡᠷᠡᠬᠦ ᠦᠨᠡᠮᠯᠡᠯ ᠢ ᠬᠠᠷᠢᠭᠤᠴᠠᠨ ᠣᠯᠭᠤᠨ᠎ᠠ᠃ | ᠭᠤᠷᠪᠠ᠂ ᠡᠯ᠎ᠡ ᠭᠠᠵᠠᠷ ᠤᠨ ᠬᠢᠨ ᠦᠨᠡᠮᠯᠡᠯ ᠣᠯᠭᠤᠬᠤ ᠴᠡᠭ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠲᠣᠬᠢᠷᠠᠭᠤᠯᠵᠤ᠂ ᠦᠨᠡᠮᠯᠡᠯ ᠣᠯᠭᠤᠬᠤ | ᠴᠣᠩᠬᠤᠪᠴᠢ ᠶᠢ ᠢᠯᠡᠭᠦᠬᠡᠨ ᠨᠡᠭᠡᠭᠡᠵᠦ᠂ ᠣᠯᠠᠨ ᠲᠦᠮᠡᠨ ᠴᠠᠭ ᠪᠠ ᠬᠡᠰᠡᠭ ᠪᠦᠯᠦᠭ ᠬᠤᠪᠢᠶᠠᠨ ᠦᠨᠡᠮᠯᠡᠯ ᠬᠢᠯᠭᠡᠬᠦ ᠶᠢ ᠬᠥᠲᠥᠯᠦᠨ ᠵᠢᠯᠣᠭᠤᠳᠴᠤ᠂ ᠬᠥᠮᠥᠨ | ᠴᠤᠭᠯᠠᠷᠠᠬᠤ ᠠᠴᠠ ᠬᠢᠴᠢᠶᠡᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ ᠮᠠᠰᠢᠨ | ᠲᠡᠷᠭᠡᠨ ᠤ ᠥᠷᠲᠡᠭᠡ ᠪᠠ ᠲᠣᠮᠣ ᠬᠡᠯᠪᠡᠷᠢ ᠶᠢᠨ ᠪᠠᠭᠤᠳᠠᠯ᠂ ᠬᠤᠭᠤᠯᠠᠨ ᠭᠡᠷ ᠲᠤ ᠨᠡᠪᠲᠡᠷᠡᠬᠦ ᠦᠨᠡᠮᠯᠡᠯ ᠣᠯᠭᠤᠬᠤ ᠴᠡᠭ ᠭᠠᠷᠭᠠᠵᠤ᠂ 24 ᠴᠠᠭ ᠢᠶᠠᠷ ᠲᠤᠵᠢ | ᠵᠢᠵᠢᠭᠦᠷᠯᠡᠭᠦᠯᠵᠦ᠂ ᠭᠠᠳᠠᠨ᠎ᠠ ᠠᠴᠠ ᠢᠷᠡᠭᠰᠡᠳ ᠦᠨᠡᠮᠯᠡᠯ ᠬᠢᠯᠭᠡᠬᠦ ᠳᠤ ᠳᠥᠭᠦᠮ ᠦᠵᠡᠭᠦᠯᠬᠦ ᠬᠡᠷᠡᠭᠲᠡᠢ᠃ | ᠳᠥᠷᠪᠡ ᠂ ᠭᠠᠳᠠᠨ᠎ᠠ ᠠᠴᠠ ᠢᠷᠡᠭᠰᠡᠳ ᠲᠡᠷᠡ ᠳᠠᠷᠤᠢ ᠳᠤᠨᠢ ᠣᠶᠢᠷ᠎ᠠ ᠬᠠᠪᠢ ᠳᠠᠬᠢ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠳᠤ ᠬᠦᠷᠴᠦ | ᠨᠡᠪᠲᠡᠷᠡᠬᠦ ᠦᠨᠡᠮᠯᠡᠯ ᠬᠢᠯᠭᠡᠬᠦ ᠬᠡᠷᠡᠭᠲᠡᠢ᠃ ᠦᠨᠡᠮᠯᠡᠯ ᠬᠢᠯᠭᠡᠬᠦ ᠳᠡᠭᠡᠨ ᠣᠶᠢᠷ᠎ᠠ ᠶᠢᠨ 14 ᠬᠤᠨᠤᠭ ᠲᠠᠬᠢ ᠶᠠᠪᠤᠵᠤ ᠰᠠᠭᠤᠭᠰᠠᠨ ᠪᠠᠶᠢᠳᠠᠯ᠂ ᠡᠷᠡᠭᠦᠯ ᠮᠡᠨᠳᠦ ᠶᠢᠨ | ᠪᠠᠶᠢᠳᠠᠯ ᠵᠡᠷᠭᠡ ᠪᠠᠨ ᠦᠨᠡᠨ ᠮᠥᠨ ᠢᠶᠠᠷ ᠮᠡᠳᠡᠭᠦᠯᠬᠦ ᠪᠥᠭᠡᠳ ᠡᠷᠡᠭᠦᠯ ᠮᠡᠨᠳᠦ ᠶᠢᠨ ᠭᠡᠷᠡᠴᠢ ᠪᠤᠶᠤ ᠶᠠᠪᠤᠵᠤ ᠰᠠᠭᠤᠭᠰᠠᠨ ᠭᠡᠷᠡᠴᠢ ᠪᠠᠨ ᠬᠠᠩᠭᠠᠵᠤ᠂ ᠨᠢᠭᠤᠵᠤ | ᠳᠠᠷᠤᠬᠤ ᠪᠤᠶᠤ ᠣᠷᠬᠢᠨ ᠭᠡᠭᠡᠭᠳᠡᠭᠦᠯᠵᠦ ᠪᠣᠯᠬᠤ ᠦᠭᠡᠢ᠂ ᠡᠰᠡ ᠲᠡᠭᠡᠪᠡᠯ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠡᠪᠲᠡᠷᠡᠬᠦ ᠦᠨᠡᠮᠯᠡᠯ ᠤᠨ ᠬᠠᠮᠢᠶᠠᠷᠤᠯᠲᠠ ᠶᠢᠨ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ | ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠪᠠᠶᠢᠭᠤᠯᠭ᠎ᠠ ᠶᠢᠨ | ᠠᠵᠢᠯᠲᠠᠳ ᠪᠠ ᠠᠵᠢᠯ ᠭᠦᠢᠴᠡᠳᠬᠡᠬᠦ ᠬᠥᠮᠥᠰ ᠪᠦᠷ ︽ᠬᠤᠣᠰ ᠦᠨᠡᠮᠯᠡᠯ︾ ᠢᠶᠠᠷ ᠭᠠᠷᠴᠤ ᠣᠷᠣᠬᠤ ᠬᠡᠷᠡᠭᠲᠡᠢ︔ ᠪᠠᠭᠤᠳᠠᠯ᠂ ᠬᠤᠭᠤᠯᠠᠨ ᠭᠡᠷ᠂ ᠬᠤᠳᠠᠯᠳᠤᠭ᠎ᠠ | ᠳᠡᠯᠭᠡᠭᠦᠷ᠂ ᠬᠡᠲᠦ ᠳᠡᠯᠭᠡᠭᠦᠷ᠂ ᠡᠮᠨᠡᠯᠭᠡ ᠶᠢᠨ ᠬᠤᠷᠢᠶ᠎ᠠ ᠵᠡᠷᠭᠡ ᠣᠯᠠᠨ ᠨᠡᠶᠢᠲᠡ ᠶᠢᠨ ᠲᠠᠯᠠᠪᠠᠢ ᠣᠷᠣᠬᠤ ᠡᠭᠦᠳᠡᠨ ᠳᠡᠭᠡᠷ᠎ᠡ ᠪᠠᠨ ᠲᠤᠰᠬᠠᠢ ᠬᠥᠮᠥᠨ ᠲᠣᠬᠢᠷᠠᠭᠤᠯᠵᠤ ︽ | ᠬᠤᠣᠰ ᠦᠨᠡᠮᠯᠡᠯ︾ ᠶᠢ ᠪᠠᠶᠢᠴᠠᠭᠠᠬᠤ ᠬᠡᠷᠡᠭᠲᠡᠢ︔ ᠭᠠᠴᠠᠭ᠎ᠠ ᠲᠣᠰᠬᠤᠨ ᠨᠡᠶᠢᠭᠡᠮ ᠲᠣᠭᠤᠷᠢᠭ ᠡᠵᠡᠮᠳᠡᠨ ᠬᠠᠮᠢᠶᠠᠷᠬᠤ ᠠᠷᠭ᠎ᠠ ᠪᠠᠷᠢᠯ ᠢ ᠦᠷᠭᠦᠯᠵᠢᠯᠡᠨ ᠴᠢᠩᠭ᠎ᠠ | ᠨᠠᠶᠢᠳᠠᠪᠤᠷᠢᠵᠢᠭᠤᠯᠵᠤ᠂ ᠭᠠᠷᠴᠤ ᠣᠷᠣᠬᠤ ᠬᠥᠮᠥᠰ ᠤᠨ ︽ᠬᠤᠣᠰ ᠦᠨᠡᠮᠯᠡᠯ︾ ᠢ ᠴᠢᠩᠭ᠎ᠠ ᠪᠠᠶᠢᠴᠠᠭᠠᠬᠤ ᠬᠡᠷᠡᠭᠲᠡᠢ︔ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ | ᠮᠥᠴᠢᠷ ᠨᠡᠶᠢᠲᠡ ᠶᠢᠨ ᠮᠠᠰᠢᠨ ᠲᠡᠷᠭᠡ᠂ ᠠᠶᠠᠨᠴᠢᠳ ᠤᠨ ᠮᠠᠰᠢᠨ ᠲᠡᠷᠭᠡ᠂ ᠲᠦᠷᠢᠶᠡᠰᠦᠨ ᠮᠠᠰᠢᠨ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ ᠶᠢᠨ ᠬᠢᠨᠠᠨ | ᠬᠠᠮᠢᠶᠠᠷᠤᠯᠲᠠ ᠶᠢ ᠴᠢᠩᠭᠠᠳᠬᠠᠵᠤ᠂ ᠠᠶᠠᠨᠴᠢᠳ ᠤᠨ ︽ᠬᠤᠣᠰ ᠦᠨᠡᠮᠯᠡᠯ︾ ᠢ ᠴᠢᠩᠭ᠎ᠠ ᠪᠠᠶᠢᠴᠠᠭᠠᠬᠤ ᠬᠡᠷᠡᠭᠲᠡᠢ᠃ | ᠵᠢᠷᠭᠤᠭ᠎ᠠ᠂ ︽ᠬᠡᠨ ᠲᠠᠷᠬᠠᠭᠠᠪᠠᠯ ᠬᠡᠨ ᠬᠠᠷᠢᠭᠤᠴᠠᠵᠤ᠂ ᠬᠡᠨ ᠬᠠᠮᠢᠶᠠᠷᠬᠤ︾ ᠵᠠᠷᠴᠢᠮ ᠢ ᠪᠠᠷᠢᠮᠲᠠᠯᠠᠵᠤ᠂ ᠦᠨᠡᠮᠯᠡᠯ ᠣᠯᠭᠤᠬᠤ ᠨᠢᠭᠡᠴᠢ ᠦᠨᠡᠮᠯᠡᠯ ᠠᠪᠬᠤ | ᠬᠥᠮᠥᠨ ᠤ ᠶᠠᠪᠤᠵᠤ ᠰᠠᠭᠤᠭᠰᠠᠨ ᠪᠠᠶᠢᠳᠠᠯ᠂ ᠡᠷᠡᠭᠦᠯ ᠮᠡᠨᠳᠦ ᠶᠢᠨ ᠪᠠᠶᠢᠳᠠᠯ ᠵᠡᠷᠭᠡ ᠶᠢ ᠨᠠᠷᠢᠨ ᠨᠢᠮᠪᠠᠢ ᠣᠶᠢᠯᠠᠭᠠᠵᠤ᠂ ᠳᠠᠩᠰᠠᠯᠠᠨ ᠲᠡᠮᠳᠡᠭᠯᠡᠬᠦ ᠠᠵᠢᠯ ᠢ ᠰᠠᠶᠢᠲᠤᠷ | ᠬᠢᠵᠦ᠂ ᠬᠢᠨᠠᠨ ᠰᠢᠯᠭᠠᠬᠤ ᠪᠣᠭᠤᠮᠲᠠ ᠶᠢ ᠴᠢᠩᠭᠠᠳᠬᠠᠵᠤ᠂ ᠨᠡᠪᠲᠡᠷᠡᠬᠦ ᠦᠨᠡᠮᠯᠡᠯ ᠣᠯᠭᠤᠬᠤ ᠪᠣᠭᠤᠮᠲᠠ ᠶᠢ ᠴᠢᠩᠭ᠎ᠠ ᠰᠠᠬᠢᠬᠤ ᠬᠡᠷᠡᠭᠲᠡᠢ᠃ | ᠳᠣᠯᠤᠭ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ | ᠭᠠᠵᠠᠷ ᠨᠡᠪᠲᠡᠷᠡᠬᠦ ᠦᠨᠡᠮᠯᠡᠯ ᠤᠨ ᠬᠡᠷᠡᠭᠯᠡᠯᠲᠡ ᠶᠢᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠨᠡᠪᠲᠡᠷᠡᠬᠦ ᠦᠨᠡᠮᠯᠡᠯ ᠢ ᠵᠢᠷᠤᠮᠰᠢᠯ ᠶᠣᠰᠣᠭᠠᠷ ᠬᠡᠷᠡᠭᠯᠡᠬᠦ ᠶᠢ ᠪᠠᠲᠤᠯᠠᠵᠤ | ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠴᠢᠬᠤᠯᠠ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠨᠠᠢᠮᠠ᠂ ᠨᠡᠪᠲᠡᠷᠡᠬᠦ ᠦᠨᠡᠮᠯᠡᠯ ᠢ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ | ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠢ ᠦᠨᠳᠥᠰᠦᠯᠡᠨ ᠬᠦᠴᠦᠨ ᠦᠭᠡᠢ ᠪᠣᠯᠭᠠᠬᠤ ᠡᠰᠡᠬᠦ ᠶᠢ ᠲᠣᠭᠲᠠᠭᠠᠨ᠎ᠠ᠃ | | ᠪᠠᠶᠠᠨᠨᠠᠭᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | | 2020 ᠣᠨ ᠤ 3 ᠰᠠᠷ᠎ᠠ ᠶᠢᠨ 4 ᠤ ᠡᠳᠥᠷ | |