ᠵᠠᠰᠠᠭ ᠤᠨ ᠣᠷᠳᠣᠨ ᠤ ᠠᠵᠢᠯ ᠤᠨ ᠢᠯᠡᠳᠬᠡᠯ | —— 2020 ᠣᠨ ᠤ 4 ᠰᠠᠷ᠎ᠠ ᠶᠢᠨ 24 ᠤ ᠡᠳᠦᠷ ᠪᠠᠶᠠᠨᠨᠠᠭᠤᠷ ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠠᠩ ᠰᠢᠶᠣᠤ ᠪᠢᠩ | ᠲᠥᠯᠥᠭᠡᠯᠡᠭᠴᠢᠳ ᠡ᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ | ᠲᠡᠷᠡᠴᠢᠯᠡᠨ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2019 ᠣᠨ ᠤ ᠠᠵᠢᠯ ᠤᠨ ᠡᠷᠭᠢᠴᠡᠭᠦᠯᠦᠯ | 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠣᠯᠣᠨ᠎ᠠ᠂ ᠮᠥᠨ ᠴᠤ ᠮᠠᠨ ᠤ ᠬᠤᠲᠠ ᠶᠢᠨ ᠬᠥᠭᠵᠢᠯᠲᠡ ᠶᠢᠨ | ᠶᠠᠪᠤᠴᠠ ᠳᠠᠬᠢ ᠴᠢᠬᠤᠯᠠ ᠠᠴᠢ ᠬᠤᠯᠪᠣᠭᠳᠠᠯ ᠲᠠᠢ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ | ᠤᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠴᠣᠬᠤᠯᠠᠪᠤᠷᠢ ᠥᠭᠴᠡᠢ᠂ ᠢᠯᠠᠩᠭᠤᠶ᠎ᠠ 7 ᠰᠠᠷ᠎ᠠ ᠶᠢᠨ 16 ᠤ ᠡᠳᠦᠷ᠂ ᠶᠡᠷᠦᠩᠬᠡᠢ ᠱᠦᠵᠢ | ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠯᠲᠠ ᠬᠢᠬᠦ ᠳᠡᠭᠡᠨ᠂ ᠤᠯᠠᠭᠠᠨᠰᠤᠬᠠᠢ ᠨᠠᠭᠤᠷ ᠤᠨ ᠵᠠᠰᠠᠯᠲᠠ ᠶᠢᠨ ᠶᠠᠪᠤᠴᠠ ᠳᠤ ᠠᠭᠤᠯᠠ ᠤᠰᠤ ᠤᠢ | ᠲᠠᠷᠢᠶ᠎ᠠ ᠨᠠᠭᠤᠷ ᠪᠡᠯᠴᠢᠭᠡᠷ ᠤᠨ ᠰᠢᠰᠲ᠋ᠧᠮ ᠤᠨ ᠵᠠᠰᠠᠯᠲᠠ ᠶᠢ ᠪᠠᠷᠢᠮᠲᠠᠯᠠᠵᠤ᠂ ᠪᠤᠷᠳᠤᠭᠤᠷ ᠢ ᠬᠢᠵᠠᠭᠠᠷᠯᠠᠬᠤ᠂ ᠡᠮ ᠢ ᠬᠢᠵᠠᠭᠠᠷᠯᠠᠬᠤ᠂ ᠤᠰᠤ ᠶᠢ ᠬᠢᠵᠠᠭᠠᠷᠯᠠᠬᠤ᠂ | ᠰᠦᠯᠢᠶᠣᠣ ᠪᠦᠷᠬᠦᠪᠴᠢ ᠶᠢ ᠬᠢᠵᠠᠭᠠᠷᠯᠠᠬᠤ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠪᠠᠭᠠᠰᠬᠠᠨ᠂ ᠨᠠᠭᠤᠷ ᠲᠤ ᠣᠷᠣᠬᠤ | ᠤᠰᠤᠨ ᠤ ᠴᠢᠨᠠᠷ ᠢ ᠰᠠᠶᠢᠵᠢᠷᠠᠭᠤᠯᠬᠤ ᠮᠥᠷᠲᠡᠭᠡᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ ᠨᠢᠭᠡ ᠯᠡ ᠳᠡᠭᠡᠷ᠎ᠡ | ᠤᠯᠠᠨ ᠦᠷ᠎ᠡ ᠪᠦᠲᠦᠮᠵᠢ ᠣᠯᠣᠨ᠎ᠠ ᠭᠡᠵᠦ ᠵᠢᠭᠠᠵᠤ ᠭᠠᠷᠭᠠᠪᠠ︔ 9 ᠰᠠᠷ᠎ᠠ ᠶᠢᠨ 18 ᠤ ᠡᠳᠦᠷ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠰᠠᠭᠤᠳᠠᠯ ᠤᠨ ᠬᠤᠷᠠᠯ ᠳᠡᠭᠡᠷ᠎ᠡ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠳᠤ ᠣᠲᠣ ᠦᠶ᠎ᠡ ᠶᠢᠨ | ᠲᠠᠷᠢᠶᠠᠯᠠᠩ ᠢ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠰᠢ ᠶᠢᠨ ᠫᠢᠩ ᠬᠤᠶᠠᠷ ᠤᠳᠠᠭ᠎ᠠ ᠮᠠᠨ ᠤ ᠬᠤᠲᠠ ᠶᠢᠨ | ᠠᠵᠢᠯ ᠳᠤ ᠴᠢᠬᠤᠯᠠ ᠵᠢᠭᠠᠪᠤᠷᠢ ᠥᠭᠴᠦ᠂ ᠪᠢᠳᠡᠨ ᠢ ᠶᠡᠬᠡᠪᠡᠷ ᠤᠷᠮᠠᠰᠢᠭᠤᠯᠤᠨ ᠵᠣᠷᠢᠭᠵᠢᠭᠤᠯᠵᠤ᠂ ᠰᠢᠨ᠎ᠡ ᠴᠠᠭ ᠦᠶ᠎ᠡ ᠶᠢᠨ ᠪᠠᠶᠠᠨᠨᠠᠭᠤᠷ ᠤᠨ ᠬᠥᠭᠵᠢᠯᠲᠡ ᠶᠢᠨ | ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠢ ᠣᠯᠭᠤᠵᠠᠢ᠃ | ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠲᠣᠭᠲᠠᠭᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ | ᠬᠥᠭᠵᠢᠯᠲᠡ ᠶᠢᠨ ᠰᠡᠳᠬᠢᠮᠵᠢ ᠶᠣᠰᠣᠭᠠᠷ᠂ ᠣᠳᠣᠬᠢᠴᠢᠯᠠᠭᠰᠠᠨ ᠠᠮᠢ ᠠᠬᠤᠶ ᠶᠢᠨ ᠲᠠᠷᠢᠶ᠎ᠠ ᠬᠦᠷᠢᠶᠡᠯᠡᠩ ᠤᠨ ᠬᠤᠲᠠ ᠶᠢ ᠪᠥᠲᠥᠭᠡᠨ ᠪᠠᠶᠢᠭᠤᠯᠬᠤ᠂ ︽ᠠᠷᠤ | ᠭᠠᠵᠠᠷ ᠤᠨ ᠵᠢᠶᠠᠩᠨᠠᠨ᠂ ᠪᠣᠬᠢᠷᠲᠤᠯ ᠥᠬᠡᠶ ᠪᠠᠷ ᠬᠥᠭᠵᠢᠨ ᠮᠠᠨᠳᠤᠬᠤ︾ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠤᠨ᠂ ᠠᠮᠢ ᠠᠬᠤᠶ ᠶᠢ | ᠤᠷᠢᠳᠠᠪᠠᠷ ᠪᠣᠳᠣᠯᠬᠢᠯᠠᠨ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ ᠲᠣᠭᠲᠠᠭᠤᠨ ᠤ ᠳᠤᠮᠳᠠ ᠯᠠᠪᠳᠠᠭᠤᠨ ᠢᠶᠠᠷ ᠤᠷᠤᠭᠰᠢᠯᠠᠬᠤ ᠠᠵᠢᠯ ᠤᠨ ᠶᠡᠷᠦᠩᠬᠡᠶ | ᠬᠥᠭ ᠠᠶᠠᠰ ᠢ ᠪᠠᠷᠢᠮᠲᠠᠯᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠳᠣᠭᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠡᠷᠦᠩᠬᠡᠢ ᠳᠡᠭᠡᠨ ᠲᠣᠭᠲᠠᠭᠤᠨ᠂ ᠤᠷᠤᠭᠰᠢᠯᠠᠯᠲᠠ ᠲᠠᠢ᠃ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠥᠷᠲᠡᠭ 5.2% ᠢᠶᠠᠷ ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | ᠲᠤᠰᠪᠦᠷᠢ 7%᠂ 10.7% ᠪᠠᠷ ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠭᠤᠤᠯᠳᠠᠭᠤ ᠳᠣᠤᠷᠠᠬᠢ ᠠᠵᠢᠯ ᠤᠳ ᠢ ᠬᠢᠪᠡ᠄ | ︵ᠨᠢᠭᠡ︶ ᠳᠤᠲᠠᠭᠤᠳᠠᠯ ᠢᠶᠠᠨ ᠨᠥᠬᠦᠪᠥᠷᠢᠯᠡᠨ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠳᠤ ᠲᠥᠪᠯᠡᠷᠡᠭᠦᠯᠵᠦ᠂ ᠭᠤᠷᠪᠠᠨ ᠶᠡᠭᠡ ᠰᠢᠪᠲᠤᠯᠤᠯᠲᠠ ᠶᠢᠨ | ᠳᠠᠶᠢᠯᠠᠯᠳᠤᠭᠠᠨ ᠢ ᠪᠦᠬᠦ ᠬᠦᠴᠦᠨ ᠢᠶᠠᠷ ᠰᠠᠶᠢᠲᠤᠷ ᠬᠢᠪᠡ᠃ ᠳᠠᠯᠳᠠ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠶᠢᠨ 120% ᠶᠢ ᠪᠡᠶᠡᠯᠡᠭᠦᠯᠦᠨ᠂ ︽ | ᠠᠷᠪᠠ ᠶᠢ ᠨᠡᠶᠢᠳᠡᠮ ᠪᠦᠷᠬᠦᠭᠦᠯᠬᠦ︾ 10 ᠢᠨᠵᠧᠨᠧᠷᠢᠩ ᠠᠴᠠ ᠭᠠᠳᠠᠨᠠᠬᠢ ᠰᠢᠭᠤᠳ ᠬᠤᠯᠪᠣᠭᠳᠠᠬᠤ ᠲᠥᠷᠥᠯ ᠵᠦᠶᠯ ᠤᠨ ᠥᠷᠢᠲᠦᠵᠦ ᠪᠠᠶᠢᠭᠰᠠᠨ ᠪᠠᠷᠢᠯᠭ᠎ᠠ ᠶᠢᠨ | ᠵᠣᠭᠤᠰ ᠢ ᠴᠥᠮ ᠲᠥᠯᠥᠵᠦ ᠳᠠᠭᠤᠰᠬᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠤᠨ | ᠥᠷᠢᠲᠦᠵᠦ ᠪᠠᠶᠢᠭᠰᠠᠨ ᠳᠠᠩᠰᠠᠨ ᠳᠠᠬᠢ ᠵᠣᠭᠤᠰ ᠢ ᠢᠯᠭᠠᠷᠠᠭᠤᠯᠬᠤ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠥᠷᠢ | ᠥᠭᠴᠡᠭᠡ ᠶᠢ ᠢᠯᠭᠠᠷᠠᠭᠤᠯᠬᠤ ᠱᠠᠩᠨᠠᠵᠤ ᠨᠥᠬᠦᠪᠥᠷᠢᠯᠡᠬᠦ ᠪᠠᠯᠠ ᠮᠥᠩᠭᠦ ᠶᠢᠨ ᠳᠡᠮᠵᠢᠯᠭᠡ ᠶᠢ ᠣᠯᠪᠠ᠃ ᠰᠢᠨ᠎ᠡ ᠪᠠᠷ ᠨᠡᠮᠡᠭᠳᠡᠭᠰᠡᠨ ᠣᠷᠣᠨ ᠨᠤᠲᠤᠭ ᠤᠨ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ 43.1 ᠳ᠋ᠦᠩᠰᠢᠭᠤᠷ ᠲᠥᠭᠦᠷᠢᠭ ᠢ ᠲᠡᠮᠡᠴᠡᠨ ᠣᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠬᠦᠴᠦᠲᠡᠶ ᠳᠡᠮᠵᠢᠪᠡ᠃ ᠮᠥᠩᠭᠦᠨ ᠭᠦᠶᠯᠭᠡᠭᠡᠨ ᠤ ᠲᠦᠭᠰᠢᠭᠦᠷᠢ ᠨᠢ ᠲᠣᠭᠲᠠᠭᠤᠨ ᠪᠥᠭᠡᠳ ᠡᠵᠡᠮᠳᠡᠭᠦᠰᠢᠲᠡᠢ᠃ ᠲᠥᠪ ᠤᠨ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠪᠠ ᠤᠯᠤᠰ ᠤᠨ ᠦᠷ᠎ᠡ | ᠪᠦᠲᠦᠮᠵᠢ ᠶᠢ ᠬᠢᠨᠠᠨ ᠰᠢᠯᠭᠠᠬᠤ ᠳᠤ ᠵᠢᠭᠠᠵᠤ ᠭᠠᠷᠭᠠᠭᠰᠠᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ︽ᠳᠡᠭ ᠪᠣᠯᠭᠠᠵᠤ ᠪᠠᠷᠢᠮᠵᠢᠶ᠎ᠠ ᠳᠤ | ᠬᠦᠷᠭᠡᠬᠦ︾ ᠲᠤᠰᠬᠠᠢ ᠠᠵᠢᠯᠯᠠᠭ᠎ᠠ ᠶᠢᠨ ᠠᠷᠪᠠᠨ ᠡᠭᠦᠷᠭᠡ ᠶᠢ ᠪᠦᠬᠦᠨ ᠢ ᠪᠡᠶᠡᠯᠡᠭᠦᠯᠵᠦ᠂ ᠤᠷᠠᠳ ᠤᠨ ᠡᠮᠦᠨᠡᠲᠦ ᠬᠤᠰᠢᠭᠤ ᠶᠠᠳᠠᠭᠤ ᠠᠴᠠ ᠠᠩᠭᠢᠵᠢᠷᠠᠵᠤ᠂ ᠶᠠᠳᠠᠭᠤ | ᠬᠦᠴᠢᠷᠳᠡᠯᠲᠡᠢ ᠬᠥᠮᠦᠨ ᠠᠮᠠ ᠨᠢ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠯᠲᠠ ᠵᠢᠴᠢ ︽ᠪᠤᠴᠠᠵᠤ ᠪᠠᠶᠢᠴᠠᠭᠠᠨ ᠦᠵᠡᠬᠦ︾ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠲᠦᠮᠵᠢᠲᠡᠶ | ᠨᠠᠶᠢᠳᠠᠪᠤᠷᠢᠵᠢᠭᠤᠯᠵᠤ᠂ ᠬᠥᠬᠡ ᠣᠭᠲᠠᠷᠭᠤᠢ ᠬᠥᠬᠡᠮᠳᠦᠭ ᠤᠰᠤ ᠥᠩ ᠰᠢᠮᠡᠯᠢᠭ ᠬᠥᠷᠥᠰᠥ ᠰᠢᠷᠣᠢ ᠶᠢ ᠬᠠᠮᠠᠭᠠᠯᠠᠬᠤ ᠠᠵᠢᠯ ᠢ ᠤᠷᠤᠭᠰᠢᠲᠠᠶ ᠳᠥᠯᠭᠢᠨ ᠠᠬᠢᠭᠤᠯᠵᠤ | ᠂ ᠬᠤᠲᠠ ᠶᠢᠨ ᠲᠥᠪ ᠲᠣᠭᠤᠷᠢᠭ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠨᠣᠷᠮ᠎ᠠ 90.1% ᠳᠤ ᠬᠦᠷᠴᠦ᠂ ᠤᠯᠤᠰ ᠤᠨ ᠡᠵᠡᠮᠳᠡᠯ ᠤᠨ ᠤᠰᠤᠨ ᠤ | ᠣᠭᠲᠣᠯᠤᠭᠠᠰᠤ ᠶᠢᠨ ᠬᠡᠰᠡᠭ ᠤᠨ ᠤᠰᠤᠨ ᠤ ᠴᠢᠨᠠᠷ ᠨᠢ ᠲᠣᠭᠲᠠᠭᠤᠨ ᠪᠥᠭᠡᠳ ᠪᠠᠷᠢᠮᠵᠢᠶ᠎ᠠ ᠳᠤ ᠬᠦᠷᠴᠦ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ | ᠴᠢᠨᠠᠷ ᠶᠡᠷᠦᠩᠬᠡᠶ ᠳᠡᠭᠡᠨ ᠰᠠᠶᠢᠨ ᠪᠠᠶᠢᠨ᠎ᠠ᠃ | ︵ᠬᠤᠶᠠᠷ︶ ᠭᠤᠤᠯᠳᠠᠯᠭ᠎ᠠ ᠲᠠᠢ ᠣᠷᠣᠨ ᠪᠦᠰᠡ ᠶᠢᠨ ᠵᠠᠰᠠᠯᠲᠠ ᠳᠤ ᠲᠥᠪᠯᠡᠷᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠥᠲᠥᠭᠡᠨ | ᠪᠠᠶᠢᠭᠤᠯᠤᠯᠲᠠ ᠶᠢ ᠴᠢᠩᠭᠠᠳᠬᠠᠪᠠ᠃ ︽ᠤᠯᠠᠭᠠᠨᠰᠤᠬᠠᠢ ᠨᠠᠭᠤᠷ ᠢ ᠶᠡᠷᠦᠩᠬᠡᠶᠢᠯᠡᠨ ᠵᠠᠰᠠᠬᠤ ᠲᠥᠯᠥᠪᠵᠢᠭᠦᠯᠭᠡ ︵ᠵᠠᠰᠠᠪᠤᠷᠢᠯᠠᠨ ᠨᠠᠶᠢᠷᠠᠭᠤᠯᠤᠭᠰᠠᠨ︶︾ ᠶᠢ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠴᠤᠬᠤᠯᠠᠪᠤᠷᠢᠯᠠᠨ ᠬᠠᠷᠢᠭᠤᠯᠪᠠ᠃ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠭᠤᠯᠠ ᠤᠰᠤ ᠣᠢ | ᠲᠠᠷᠢᠶ᠎ᠠ ᠨᠠᠭᠤᠷ ᠪᠡᠯᠴᠢᠭᠡᠷ ᠠᠮᠢ ᠠᠬᠤᠢ ᠶᠢ ᠬᠠᠮᠠᠭᠠᠯᠠᠨ ᠰᠡᠷᠭᠦᠭᠡᠬᠦ ᠤᠯᠤᠰ ᠤᠨ ᠲᠤᠷᠰᠢᠯᠲᠠ ᠶᠢᠨ ᠴᠡᠭ ᠤᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠪᠡ᠃ | ᠪᠤᠷᠳᠤᠭᠤᠷ ᠢ ᠬᠢᠵᠠᠭᠠᠷᠯᠠᠬᠤ᠂ ᠡᠮ ᠢ ᠬᠢᠵᠠᠭᠠᠷᠯᠠᠬᠤ᠂ ᠤᠰᠤ ᠶᠢ ᠬᠢᠵᠠᠭᠠᠷᠯᠠᠬᠤ᠂ ᠰᠦᠯᠢᠶᠣᠣ ᠪᠦᠷᠬᠦᠪᠴᠢ ᠶᠢ ᠬᠢᠵᠠᠭᠠᠷᠯᠠᠬᠤ ᠵᠡᠷᠭᠡ ᠲᠦᠷᠪᠡᠨ ᠶᠡᠭᠡ ᠠᠵᠢᠯᠯᠠᠭ᠎ᠠ ᠶᠢ | ᠪᠦᠬᠦ ᠲᠠᠯ᠎ᠠ ᠪᠠᠷ ᠥᠷᠨᠢᠭᠦᠯᠵᠦ᠂ ᠠᠵᠤ ᠠᠬᠤᠶᠢᠯᠠᠯ ᠪᠠ ᠲᠠᠷᠢᠶᠠᠴᠢᠳ ᠤᠨ ᠪᠣᠬᠢᠷᠲᠤᠯ ᠦᠭᠡᠢ ᠦᠶᠯᠡᠳᠪᠦᠷᠢᠯᠡᠯ ᠢ ᠬᠥᠲᠥᠯᠥᠨ ᠵᠢᠯᠣᠭᠤᠳᠴᠤ᠂ ᠬᠢᠮᠢ ᠶᠢᠨ | ᠪᠤᠷᠳᠤᠭᠤᠷ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠵᠤ᠂ ᠪᠦᠬᠦ ᠤᠯᠤᠰ ᠤᠨ ᠤᠮᠠᠷᠠᠲᠤ ᠣᠷᠣᠨ ᠤ ᠲᠠᠷᠢᠶᠠᠯᠠᠩ ᠤᠨ ᠪᠣᠬᠢᠷᠲᠤᠯ ᠦᠭᠡᠢ | ᠦᠶᠯᠡᠳᠪᠦᠷᠢᠯᠡᠯ ᠵᠢᠴᠢ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠲᠤᠬᠠᠶ ᠶᠢᠨ ᠭᠠᠵᠠᠷ ᠤᠨ ᠦᠵᠡᠭᠦᠯᠭᠡ ᠶᠢᠨ ᠬᠤᠷᠠᠯ ᠢ | ᠠᠮᠵᠢᠯᠲᠠ ᠲᠠᠢ ᠡᠷᠬᠢᠯᠡᠪᠡ᠃ 7 ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠪᠣᠯᠤᠨ ᠳᠠᠬᠢᠯᠲᠠ ᠤᠰᠤᠨ ᠤ ᠦᠶᠯᠡᠳᠪᠦᠷᠢ ᠶᠢ ᠰᠢᠨ᠎ᠡ ᠪᠠᠷ ᠥᠭᠡᠷᠡᠴᠢᠯᠡᠨ | ᠥᠷᠭᠡᠳᠬᠡᠨ ᠪᠠᠶᠢᠭᠤᠯᠵᠤ᠂ ᠴᠡᠪᠡᠷᠵᠢᠭᠦᠨ ᠤᠰᠤᠨ ᠤ ᠬᠡᠷᠡᠭᠯᠡᠵᠦ ᠪᠣᠯᠬᠤ ᠶᠢ ᠨᠢ ᠪᠦᠬᠦᠨ ᠢ ᠬᠡᠷᠡᠭᠯᠡᠬᠦ ᠶᠢ ᠪᠡᠶᠡᠯᠡᠭᠦᠯᠪᠡ᠃ ᠠᠮᠢ ᠠᠬᠤᠢ ᠶᠢᠨ ᠤᠰᠤ | ᠨᠥᠬᠦᠪᠥᠷᠢᠯᠡᠯᠲᠡ ᠶᠢ 6.15 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠡᠶᠡᠯᠡᠭᠦᠯᠪᠡ᠃ ᠤᠯᠤᠰ ᠤᠨ ᠴᠠᠭ ᠠᠭᠤᠷ ᠤᠨ ᠲᠣᠪᠴᠢᠶᠠᠨ ᠤ ᠤᠯᠠᠭᠠᠨᠰᠤᠬᠠᠢ | ᠨᠠᠭᠤᠷ ᠤᠨ ᠨᠤᠭᠤ ᠭᠠᠵᠠᠷ ᠤᠨ ᠠᠮᠢ ᠠᠬᠤᠢ ᠶᠢᠨ ᠴᠠᠭ ᠠᠭᠤᠷ ᠤᠨ ᠬᠡᠭᠡᠷ᠎ᠡ ᠶᠢᠨ ᠰᠢᠨᠵᠢᠯᠡᠬᠦ ᠤᠬᠠᠭᠠᠨ ᠤ ᠲᠤᠷᠰᠢᠯᠲᠠ ᠶᠢᠨ ᠰᠠᠭᠤᠷᠢᠨ ᠭᠠᠵᠠᠷ ᠪᠠᠶᠢᠭᠤᠯᠤᠭᠳᠠᠪᠠ᠃ | ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠦᠨᠡᠯᠡᠨ ᠵᠢᠱᠢᠵᠦ ᠰᠢᠯᠢᠳᠡᠭᠵᠢᠭᠦᠯᠦᠨ ᠲᠣᠬᠢᠷᠠᠭᠤᠯᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ | ᠬᠠᠤᠯᠢ ᠪᠤᠰᠤ ᠪᠠᠷ ᠪᠠᠷᠢᠭᠰᠠᠨᠵᠤᠰᠠᠯᠠᠩ ᠪᠠ ᠲᠠᠷᠢᠶᠠᠨ ᠭᠠᠵᠠᠷ ᠢ ᠨᠡᠷ᠎ᠡ ᠪᠤᠷᠤᠭᠤᠯᠠᠵᠤ ᠡᠵᠡᠯᠡᠭᠰᠡᠨ ᠪᠠᠷᠢᠯᠭ᠎ᠠ ᠶᠢᠨ ᠠᠰᠠᠭᠤᠳᠠᠯ ᠢ ᠪᠠᠶᠢᠴᠠᠭᠠᠵᠤ ᠴᠡᠭᠴᠡᠯᠡᠨ ᠵᠠᠰᠠᠬᠤ | ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ 56 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢ ᠬᠡᠷᠡᠭᠵᠢᠭᠦᠯᠵᠦ᠂ 56 ᠲᠦᠮᠡᠨ | ᠮᠥ ᠬᠤᠵᠢᠷᠯᠢᠭ ᠭᠠᠵᠠᠷ ᠤᠨ ᠰᠠᠶᠢᠵᠢᠷᠠᠭᠤᠯᠤᠯᠲᠠ ᠶᠢ ᠪᠡᠶᠡᠯᠡᠭᠦᠯᠵᠦ᠂ ᠪᠥᠬᠦ ᠣᠷᠣᠨ ᠤ ᠬᠤᠵᠢᠷᠯᠢᠭ ᠭᠠᠵᠠᠷ ᠤᠨ ᠥᠭᠡᠷᠡᠴᠢᠯᠡᠯᠲᠡ ᠵᠢᠴᠢ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠪᠠᠶᠢᠭᠤᠯᠤᠯᠲᠠ ᠶᠢᠨ ᠲᠤᠬᠠᠶ ᠶᠢᠨ ᠭᠠᠵᠠᠷ ᠤᠨ ᠬᠤᠷᠠᠯ ᠢ ᠠᠮᠵᠢᠯᠲᠠ ᠲᠠᠢ ᠡᠷᠭᠢᠯᠡᠪᠡ᠃ ᠤᠯᠤᠰ ᠤᠨ | ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠪᠣᠯᠤᠨ ᠳᠤᠮᠳᠠᠳᠤ ᠤᠯᠤᠰ — ᠢᠰᠷᠧᠯ ︵ᠪᠠᠶᠠᠨᠨᠠᠭᠤᠷ︶ | ᠤᠨ ᠡᠯᠡᠰᠦᠨ ᠮᠠᠩᠬ᠎ᠠ ᠶᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠲᠦᠷᠭᠡᠳᠬᠡᠨ | ᠠᠬᠢᠭᠤᠯᠪᠠ᠃ ᠬᠤᠲᠠ ᠶᠢᠨ ᠨᠠᠮ ᠤᠨ ᠬᠤᠷᠢᠶᠠᠨ ᠤ ᠤᠬᠠᠭᠠᠯᠠᠭ᠎ᠠ ᠲᠥᠯᠥᠪᠯᠡᠭᠡ ᠶᠣᠰᠣᠭᠠᠷ᠂ ᠤᠯᠠᠭᠠᠨᠰᠤᠬᠠᠢ ᠨᠠᠭᠤᠷ ᠤᠨ ᠠᠮᠢ ᠠᠬᠤᠢ ᠶᠢ ᠵᠠᠰᠠᠨ ᠰᠡᠷᠭᠦᠭᠡᠬᠦ ᠤᠰᠤ | ᠨᠥᠬᠦᠪᠥᠷᠢᠯᠡᠬᠦ ᠵᠠᠮ ᠤᠨ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠪᠦᠬᠦ ᠲᠠᠯ᠎ᠠ ᠪᠠᠷ ᠠᠬᠢᠭᠤᠯᠪᠠ᠃ ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠬᠦ | ᠂ ᠥᠩᠭᠡ ᠦᠨᠳᠦᠰᠦ ᠶᠢ ᠨᠢ ᠵᠡᠷᠭᠡᠪᠡᠷ ᠵᠠᠰᠠᠬᠤ ᠪᠠᠷ ᠳᠠᠮᠵᠢᠭᠤᠯᠤᠨ ᠤᠯᠠᠭᠠᠨᠰᠤᠬᠠᠢ ᠨᠠᠭᠤᠷ ᠤᠨ ᠤᠰᠤᠨ ᠤ ᠴᠢᠨᠠᠷ᠂ ᠰᠠᠪᠠ ᠭᠠᠵᠠᠷ ᠤᠨ ᠠᠮᠢ ᠠᠬᠤᠢ ᠶᠢᠨ ᠣᠷᠴᠢᠨ | ᠲᠣᠭᠤᠷᠢᠨ ᠲᠠᠰᠤᠷᠠᠯᠲᠠ ᠥᠬᠡᠶ ᠰᠠᠶᠢᠵᠢᠷᠠᠪᠠ᠃ | ︵ᠭᠤᠷᠪᠠ︶ ᠰᠢᠨ᠎ᠡ ᠬᠠᠭᠤᠴᠢᠨ ᠬᠥᠳᠡᠯᠭᠡᠭᠦᠷ ᠤᠨ ᠵᠠᠯᠭᠠᠯᠳᠤᠨ ᠰᠣᠯᠢᠭᠳᠠᠬᠤ ᠳᠤ ᠲᠥᠪᠯᠡᠷᠡᠭᠦᠯᠵᠦ᠂ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ | ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ | ᠪᠣᠷᠣᠲᠣᠬᠤᠢ ᠶᠢᠨ ᠪᠥᠬᠦ ᠴᠠᠷᠠᠭ᠎ᠠ ᠶᠢᠨ ᠪᠣᠬᠢᠷᠲᠤᠯ ᠥᠬᠡᠶ ᠣᠷᠭᠠᠨᠢᠭ ᠥᠨᠳᠥᠷ ᠲᠠᠰ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠵᠦ | ᠦᠢᠯᠡᠴᠢᠯᠡᠨ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ︽ᠲᠡᠭᠷᠢ ᠶᠢᠨ ᠬᠡᠰᠢᠭᠲᠦ | ᠪᠣᠷᠣᠲᠣᠬᠤᠢ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠪᠥᠬᠦ ᠲᠠᠯ᠎ᠠ ᠪᠠᠷ ᠳᠠᠭᠤᠷᠢᠰᠤᠭᠤᠯᠵᠤ᠂ 2019 ᠣᠨ ᠤ ᠳᠤᠮᠳᠠᠳᠤ | ᠤᠯᠤᠰ ᠤᠨ ᠲᠠᠷᠢᠶᠠᠯᠠᠩ ᠤᠨ ᠬᠠᠮᠤᠭ ᠤᠨ ᠨᠥᠯᠥᠭᠡᠯᠡᠬᠦ ᠬᠦᠴᠦᠨ ᠲᠠᠢ ᠨᠡᠷᠡᠲᠦ ᠲᠡᠮᠳᠡᠭ᠂ ᠳᠤᠮᠳᠠᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠵᠠᠭᠤᠨ | ᠬᠦᠴᠦᠷᠬᠡᠭ ᠲᠥᠯᠥᠭᠡᠯᠡᠬᠦ ᠴᠢᠨᠠᠷᠲᠠᠶ ᠨᠡᠷᠡᠲᠦ ᠲᠡᠮᠳᠡᠭ ᠵᠡᠷᠭᠡ 10 ᠶᠡᠭᠡ ᠱᠠᠩᠨᠠᠯ ᠬᠦᠷᠲᠡᠪᠡ᠃ ︽ᠲᠡᠭᠷᠢ ᠶᠢᠨ ᠬᠡᠰᠢᠭᠲᠦ ᠪᠣᠷᠣᠲᠣᠬᠤᠢ︾ ᠨᠡᠷᠡᠲᠦ ᠲᠡᠮᠳᠡᠭ ᠢ | ᠬᠡᠷᠡᠭᠯᠡᠬᠦ ᠡᠷᠬᠡ ᠶᠢ ᠣᠯᠭᠤᠭᠰᠠᠨ ᠪᠦᠲᠦᠭᠡᠭᠳᠡᠬᠦᠨ ᠨᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ | ᠴᠤᠭᠯᠠᠭᠠᠨ ᠤ ᠲᠤᠰᠬᠠᠶᠢᠯᠠᠨ ᠬᠠᠩᠭᠠᠬᠤ ᠪᠦᠲᠦᠭᠡᠭᠳᠡᠬᠦᠨ ᠪᠣᠯᠵᠠᠶ᠃ ᠨᠡᠷᠡᠲᠦ ᠲᠡᠮᠳᠡᠭ ᠢ ᠬᠡᠷᠡᠭᠯᠡᠬᠦ ᠡᠷᠬᠡ ᠶᠢ ᠣᠯᠭᠤᠭᠰᠠᠨ 12 ᠠᠵᠤ ᠠᠬᠤᠶᠢᠯᠠᠯ ᠤᠨ 53 | ᠪᠦᠲᠦᠭᠡᠭᠳᠡᠬᠦᠨ ᠤ ᠥᠰᠦᠭᠰᠡᠨ ᠦᠨ᠎ᠡ ᠨᠢ 25% ᠠᠴᠠ ᠳᠡᠭᠡᠭᠰᠢ ᠪᠣᠯᠬᠤ ᠶᠢ ᠪᠡᠶᠡᠯᠡᠭᠦᠯᠵᠦ᠂ ᠪᠥᠬᠦ ᠬᠤᠲᠠ ᠶᠢᠨ ᠮᠠᠯ ᠲᠠᠷᠢᠶᠠᠯᠠᠩ ᠤᠨ ᠪᠦᠲᠦᠭᠡᠭᠳᠡᠬᠦᠨ ᠢ | ᠳᠠᠶᠢᠴᠢᠯᠠᠨ ᠶᠡᠷᠦᠩᠬᠡᠢ ᠥᠰᠦᠭᠰᠡᠨ ᠦᠨ᠎ᠡ ᠶᠢ 10 % ᠠᠴᠠ ᠳᠡᠭᠡᠭᠰᠢ ᠪᠣᠯᠭᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ | ᠠᠬᠢᠭᠤᠯᠵᠤ᠂ ᠨᠡᠷᠡᠲᠦ ᠲᠡᠮᠳᠡᠭ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠶᠡᠬᠡᠪᠡᠷ ᠳᠡᠭᠡᠭᠰᠢᠯᠡᠭᠦᠯᠪᠡ᠃ ︽ᠲᠡᠭᠷᠢ ᠶᠢᠨ ᠬᠡᠰᠢᠭᠲᠦ ᠪᠣᠷᠣᠲᠣᠬᠤᠢ︾ ᠶᠢᠨ | ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠬᠠᠮᠲᠤᠷᠠᠭᠰᠠᠨ ᠶᠠᠰᠤ ᠴᠢᠨᠠᠷ ᠤᠨ ᠬᠠᠮᠢᠶᠠᠷᠤᠯᠲᠠ ᠶᠢᠨ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ︽ | ᠵᠠᠭᠤᠨ ᠬᠤᠲᠠ ᠮᠢᠩᠭᠠᠨ ᠳᠡᠯᠭᠡᠭᠦᠷ ᠲᠦᠮᠡᠨ ᠯᠠᠩᠭᠦᠢ︾ ᠢᠨᠵᠧᠨᠧᠷᠢᠩ ᠢ ᠡᠬᠢᠯᠡᠨ ᠬᠡᠷᠡᠭᠵᠢᠭᠦᠯᠪᠡ᠃ ︽ᠲᠡᠭᠷᠢ ᠶᠢᠨ ᠬᠡᠰᠢᠭᠲᠦ ᠪᠣᠷᠣᠲᠣᠬᠤᠢ︾ ᠶᠢᠨ ᠬᠠᠮᠲᠤ | ᠨᠢᠭᠡᠴᠢ ᠶᠢᠨ ᠪᠠᠷᠢᠮᠵᠢᠶ᠎ᠠ ᠶᠢ 93 ᠵᠦᠢᠯ᠂ ᠪᠣᠬᠢᠷᠲᠤᠯ ᠥᠬᠡᠶ ᠣᠷᠭᠠᠨᠢᠭ ᠤᠨ ᠪᠠᠷᠢᠮᠵᠢᠶ᠎ᠠ ᠶᠢ 183 ᠵᠦᠢᠯ ᠲᠣᠭᠲᠠᠭᠠᠪᠠ᠃ ᠤᠯᠤᠰ ᠤᠨ ᠲᠠᠷᠢᠶᠠᠯᠠᠩ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠦᠶᠯᠡᠰ ᠤᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ᠂ ᠳᠤᠮᠳᠠᠳᠤ ᠤᠯᠤᠰ — ᠢᠰᠷᠧᠯ ︵ᠪᠠᠶᠠᠨᠨᠠᠭᠤᠷ︶ ᠤᠨ | ᠣᠲᠣ ᠦᠶ᠎ᠡ ᠶᠢᠨ ᠲᠠᠷᠢᠶᠠᠯᠠᠩ ᠤᠨ ᠠᠵᠤ ᠦᠶᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠳᠤᠮᠳᠠᠳᠤ ᠠᠮᠧᠷᠢᠺᠠ ᠶᠢᠨ | ᠺᠢᠮᠪᠧᠷᠯᠢ ᠲᠠᠷᠢᠶᠠᠯᠠᠩ ᠤᠨ ᠲᠠᠯᠠᠪᠠᠶ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ᠂ 29 ᠲᠠᠷᠢᠶ᠎ᠠ ᠬᠦᠷᠢᠶᠡᠯᠡᠩ ᠤᠨ ᠶᠡᠷᠦᠩᠬᠡᠶᠢᠯᠡᠭᠰᠡᠨ ᠴᠣᠭᠴᠠ᠂ 128 | ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠬᠦᠷᠢᠶᠡᠯᠡᠩ ᠪᠠ 10 ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠢ ᠪᠥᠲᠥᠭᠡᠨ ᠪᠠᠶᠢᠭᠤᠯᠪᠠ | ᠃ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠰᠤᠳᠤᠯᠭᠠᠨ ᠤ ᠬᠦᠷᠢᠶᠡᠯᠡᠩ ᠢ ᠬᠠᠮᠲᠤ ᠪᠠᠷ | ᠪᠠᠶᠢᠭᠤᠯᠬᠤ ᠬᠡᠯᠡᠯᠴᠡᠭᠡᠷ ᠲᠣᠭᠲᠠᠪᠠ᠃ ᠪᠣᠷᠣᠲᠣᠬᠤᠶ ᠶᠢᠨ ᠭᠠᠵᠠᠷ ᠣᠷᠣᠨ ᠢ ᠤᠯᠤᠰ ᠤᠨ ᠴᠠᠭ ᠠᠭᠤᠷ ᠤᠨ ᠲᠣᠪᠴᠢᠶ᠎ᠠ ᠠᠴᠠ ︽ᠰᠢᠵᠢᠷ ᠠᠯᠲᠠᠨ ᠲᠠᠷᠢᠶᠠᠯᠠᠩ ᠤᠨ | ᠲᠠᠷᠢᠮᠠᠯ ᠤᠨ ᠪᠦᠰᠡ︾ ᠭᠡᠵᠦ ᠭᠡᠷᠡᠴᠢᠯᠡᠪᠡ᠃ ᠦᠶᠤᠸᠠᠨ ᠰᠢᠶᠠᠨ᠂ ᠬᠠᠩᠭᠢᠨ ᠬᠤᠶᠢᠲᠤ ᠬᠤᠰᠢᠭᠤ ᠨᠢ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠰᠢᠶᠠᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ ᠠᠵᠤ ᠦᠶᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠨᠡᠮᠡᠭᠳᠡᠯ ᠢ | ᠢᠳᠡᠪᠬᠢᠲᠡᠢ ᠠᠬᠢᠭᠤᠯᠪᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ ᠵᠢᠯ ᠳᠤ 19.9 ᠳ᠋ᠦᠩᠰᠢᠭᠤᠷ ᠲᠥᠭᠦᠷᠢᠭ ᠤᠨ ᠭᠠᠶᠢᠯᠢ | ᠬᠠᠰᠤᠵᠤ ᠵᠠᠷᠤᠳᠠᠯ ᠪᠠᠭᠤᠷᠠᠭᠤᠯᠪᠠ᠃ ᠵᠦᠩ ᠯᠢᠶᠠᠩ ᠭᠤᠯᠢᠷ ᠪᠣᠯᠪᠠᠰᠤᠷᠠᠭᠤᠯᠬᠤ ᠢᠨᠵᠧᠨᠧᠷᠢᠩ ᠤᠨ ᠨᠢᠭᠡᠳᠦᠭᠡᠷ ᠬᠤᠭᠤᠴᠠᠭ᠎ᠠ᠂ ᠰᠢᠤᠢ ᠢ ᠮᠠᠯ ᠠᠵᠤ ᠠᠬᠤᠢ ᠶᠢᠨ | ᠣᠷᠭᠠᠨᠢᠭ ᠪᠣᠷᠳᠣᠭᠤᠷ᠂ ᠬᠠᠩ ᠯᠦᠩ ᠠᠮᠢᠳᠤ ᠪᠣᠳᠠᠰ ᠤᠨ ᠢᠯᠴᠢ ᠴᠠᠬᠢᠯᠭᠠᠨ ᠬᠤᠯᠪᠣᠭᠠᠲᠤ ᠦᠢᠯᠡᠳᠪᠦᠷᠢᠯᠡᠯ᠂ ᠰᠧ ᠬᠤᠸᠠ ᠰᠠᠯᠬᠢᠨ ᠴᠠᠬᠢᠯᠭᠠᠨ ᠤ ᠮᠠᠰᠢᠨ | ᠦᠢᠯᠡᠳᠬᠦ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠤᠨ ᠠᠰᠢᠭᠯᠠᠯᠲᠠ ᠳᠤ ᠣᠷᠣᠭᠤᠯᠪᠠ᠂ ᠾᠧᠢ ᠮᠣᠣ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ᠂ | ᠭᠦᠸᠧ ᠴᠧᠩ ᠬᠦᠬᠦᠷᠲᠦ ᠲᠡᠮᠦᠷ ᠤᠨ ᠲᠢᠲ᠋ᠠᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠵᠦᠩ ᠾᠧ ᠯᠦᠩ ᠲᠧᠩ ᠭᠡᠷᠡᠯ ᠢᠯᠴᠢ᠂ ᠯᠢᠶᠠᠨ ᠶᠤᠸᠠᠨ | ᠢᠯᠴᠢ ᠴᠠᠬᠢᠯᠭᠠ ᠬᠤᠯᠪᠣᠭᠠᠲᠤ ᠦᠢᠯᠡᠳᠪᠦᠷᠢᠯᠡᠯ᠂ ᠰᠢᠶᠣᠤ ᠯᠦᠩ ᠥᠨᠳᠥᠷ ᠨᠡᠭᠦᠷᠡᠰᠦᠲᠥ᠋ᠷᠥᠭᠴᠢᠲᠦ ᠾᠷᠣᠮ ᠲᠡᠮᠦᠷ᠂ ᠾᠧᠩ ᠵᠢᠶᠠ ᠪᠢᠳᠦᠷᠶ᠎ᠡ ᠬᠤᠶᠠᠳᠤᠭᠠᠷ | ᠬᠤᠭᠤᠴᠠᠭ᠎ᠠ ᠶᠢᠨ ᠪᠠᠷᠢᠯᠭ᠎ᠠ᠂ ᠶᠤᠸᠠᠨ ᠵᠢᠩ ᠰᠠᠯᠬᠢᠨ ᠴᠠᠬᠢᠯᠭᠠᠨ ᠤ ᠮᠠᠰᠢᠨ ᠤ ᠲᠣᠨᠤᠭ ᠲᠥᠬᠦᠭᠡᠷᠦᠮᠵᠢ ᠦᠢᠯᠡᠳᠬᠦ᠂ ᠷᠦᠨ ᠬᠠᠢ ᠶᠤᠸᠠᠨ ᠮᠢᠬᠠᠨ ᠳᠠᠬᠢᠶ᠎ᠠ | ᠲᠡᠵᠢᠭᠡᠨ ᠦᠷᠡᠵᠢᠭᠦᠯᠬᠦ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠪᠠ᠃ ᠤᠳᠤ ᠦᠶ᠎ᠡ ᠶᠢᠨ ᠦᠶᠯᠡᠴᠢᠯᠡᠭᠡᠨ ᠤ ᠦᠶᠯᠡᠰ ᠢ ᠶᠡᠬᠡᠪᠡᠷ ᠬᠥᠭᠵᠢᠭᠦᠯᠪᠡ᠃ ᠣᠯᠠᠨ | ᠤᠯᠤᠰ ᠤᠨ ᠨᠡᠷᠡᠨ ᠬᠤᠸᠠᠷ ᠤᠨ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ᠂ ︽ᠲᠢᠶᠠᠨ ᠯᠦ ᠢ ᠵᠧᠨ︾ ᠡᠷᠲᠡᠨ ᠤ ᠪᠢᠴᠢᠭ ᠤᠨ ᠦᠵᠡᠰᠬᠦᠯᠡᠩ᠂ | ᠦᠵᠡᠰᠬᠦᠯᠡᠩᠲᠦ ᠤᠷᠠᠳ · ᠪᠠᠷᠠᠭᠤᠨ ᠣᠷᠣᠨ ᠤ ᠠᠷᠠᠳ ᠤᠨ ᠳᠠᠭᠤᠤ ᠶᠢᠨ ᠴᠤᠭᠯᠠᠭᠠᠨ᠂ ᠭᠤᠪᠢ ᠶᠢᠨ ᠰᠣᠶᠣᠯ ᠤᠨ ᠪᠦᠲᠦᠭᠡᠯᠴᠢ ᠰᠡᠳᠬᠢᠮᠵᠢ ᠶᠢᠨ ᠠᠵᠢᠯᠯᠠᠭ᠎ᠠ᠂ | ᠣᠯᠠᠨ ᠤᠯᠤᠰ ᠤᠨ ᠮᠠᠷᠠᠰᠤᠨ ᠤᠷᠤᠯᠳᠤᠭᠠᠨ ᠵᠡᠷᠭᠡ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠦᠶᠤᠸᠠᠨ ᠤ ᠶᠠᠫᠣᠨ ᠢ ᠡᠰᠡᠷᠭᠦᠴᠡᠭᠰᠡᠨ ᠳᠤᠷᠠᠰᠬᠠᠯ ᠤᠨ | ᠬᠦᠷᠢᠶᠡᠯᠡᠩ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡ᠃ ᠪᠦᠬᠦ ᠵᠢᠯ ᠤᠨ ᠬᠦᠯᠢᠶᠡᠨ ᠠᠪᠴᠤ ᠵᠣᠴᠢᠯᠠᠭᠰᠠᠨ | ᠵᠤᠭᠠᠴᠠᠭᠰᠠᠳ᠂ ᠵᠢᠭᠤᠯᠴᠢᠯᠠᠯ ᠤᠨ ᠣᠷᠣᠯᠭ᠎ᠠ ᠲᠣᠰᠪᠣᠷᠢ 16.3%᠂ 15.3% ᠪᠠᠷ ᠨᠡᠮᠡᠭᠳᠡᠪᠡ᠃ ᠪᠠᠶᠠᠨᠨᠠᠭᠤᠷ ᠠᠴᠠ ᠱᠠᠩᠬᠠᠢ᠂ ᠲᠢᠶᠠᠨᠵᠢᠨ ᠵᠡᠷᠭᠡ ᠭᠠᠵᠠᠷ | ᠬᠦᠷᠬᠦ ᠰᠢᠨ᠎ᠡ ᠠᠶᠠᠯᠠᠯ ᠤᠨ ᠱᠤᠭᠤᠮ ᠢ ᠨᠡᠪᠲᠡᠷᠡᠭᠦᠯᠵᠦ᠂ ᠠᠶᠠᠨᠴᠢᠳ ᠤᠨ ᠬᠡᠮᠵᠢᠶ᠎ᠡ 20% ᠪᠠᠷ ᠨᠡᠮᠡᠭᠳᠡᠪᠡ᠃ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ | ᠥᠷᠲᠡᠭ 70 ᠳ᠋ᠦᠩᠰᠢᠭᠤᠷ ᠲᠥᠭᠦᠷᠢᠭ ᠲᠤ ᠬᠦᠷᠴᠦ᠂ 30% ᠪᠠᠷ ᠨᠡᠮᠡᠭᠳᠡᠪᠡ᠃ ᠭᠤᠤᠯᠳᠠᠯᠭ᠎ᠠ ᠲᠠᠢ ᠠᠵᠤ ᠠᠬᠤᠶᠢᠯᠠᠯ ᠤᠨ ᠪᠠᠶᠢᠭᠤᠯᠤᠮᠵᠢ ᠪᠠᠨ ᠥᠭᠡᠷᠡᠴᠢᠯᠡᠵᠦ | ᠵᠠᠬ᠎ᠠ ᠳᠡᠯᠭᠡᠭᠦᠷ ᠲᠤ ᠭᠠᠷᠬᠤ ᠶᠢ ᠢᠳᠡᠪᠬᠢᠲᠡᠢ ᠪᠠᠷ ᠲᠦᠯᠬᠢᠨ ᠠᠬᠢᠭᠤᠯᠪᠠ᠃ ᠤᠯᠤᠰ ᠤᠨ ︽ᠠᠮᠢᠳᠤ ᠮᠠᠯ ᠤᠨ ᠪᠠᠷᠢᠴᠠᠭᠠᠳᠤ ᠵᠢᠭᠡᠯᠡᠯᠭᠡ + ᠳᠠᠭᠠᠳᠬᠠᠯ︾ | ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠲᠠᠷᠢᠶᠠᠯᠠᠩ ᠢ ᠲᠤᠰᠠᠯᠠᠬᠤ ᠲᠤᠷᠰᠢᠯᠲᠠ ᠶᠢᠨ ᠴᠡᠭ ᠢ ᠲᠡᠮᠡᠴᠡᠨ ᠣᠯᠵᠤ᠂ ᠪᠦᠬᠦ ᠣᠷᠣᠨ ᠳᠤ ᠠᠩᠬᠠᠳᠠᠭᠴᠢ ᠪᠣᠯᠪᠠ᠃ | ᠳᠥᠷᠪᠡᠳᠦᠭᠡᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃ | ︵ᠳᠥᠷᠪᠡ︶ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠬᠢᠷᠢ ᠲᠦᠪᠰᠢᠨ ᠢ ᠳᠡᠭᠡᠭᠰᠢᠯᠡᠭᠦᠯᠬᠦ ᠳᠤ ᠲᠥᠪᠯᠡᠷᠡᠭᠦᠯᠵᠦ᠂ ᠬᠤᠲᠠ ᠬᠥᠳᠡᠭᠡ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠪᠠ᠃ ᠪᠦᠬᠦ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ︽ | ᠬᠤᠲᠠ ᠶᠢᠨ ᠬᠤᠶᠠᠷ ᠵᠠᠰᠠᠯᠲᠠ︾᠂ ᠱᠤᠸᠠᠩ ᠾᠧ ᠲᠣᠭᠤᠷᠢᠭ ᠪᠠ ᠭᠠᠭᠴᠠᠮᠣᠳᠣ ᠬᠢᠯᠢ ᠶᠢᠨ ᠪᠣᠭᠤᠮᠲᠠ ᠶᠢᠨ ᠬᠤᠲᠠ ᠶᠢᠨ ᠵᠢᠷᠤᠭ ᠲᠥᠯᠥᠪᠯᠡᠭᠡ ᠵᠡᠷᠭᠡ | ᠲᠥᠯᠥᠪᠵᠢᠭᠦᠯᠭᠡ ᠶᠢ ᠨᠠᠶᠢᠷᠠᠭᠤᠯᠤᠨ ᠲᠥᠰᠦᠪᠯᠡᠵᠦ ᠳᠠᠭᠤᠰᠬᠠᠪᠠ᠃ ᠪᠣᠷᠣ ᠭᠡᠷᠲᠦ ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠨᠢ ᠪᠦᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠮᠠᠨ ᠤ ᠬᠤᠲᠠ ᠨᠢ ᠤᠯᠤᠰ ᠤᠨ ᠪᠣᠷᠣ ᠭᠡᠷᠲᠦ | ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠤᠨ ᠬᠥᠬᠢᠭᠦᠯᠦᠨ ᠳᠡᠮᠵᠢᠬᠦ ᠬᠤᠲᠠ ᠪᠠᠷ ᠵᠢᠭᠰᠠᠭᠠᠭᠳᠠᠪᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠮᠯᠡᠯ | ᠠᠪᠬᠤ ᠳᠤ ᠬᠦᠴᠢᠷᠲᠡᠶ᠂ ᠣᠷᠣᠵᠤ ᠰᠠᠭᠤᠬᠤ ᠳᠤ ᠬᠦᠴᠢᠷᠲᠡᠶ᠂ ᠪᠤᠴᠠᠵᠤ ᠨᠡᠭᠦᠬᠦ ᠳᠤ ᠬᠦᠴᠢᠷᠲᠡᠶ ᠠᠰᠠᠭᠤᠳᠠᠯ ᠢ 4.88 ᠲᠦᠮᠡᠨ ᠢᠵᠢ ᠰᠢᠶᠳᠪᠦᠷᠢᠯᠡᠵᠦ᠂ | ᠶᠡᠷᠦᠩᠬᠡᠢ ᠬᠡᠮᠵᠢᠶ᠎ᠡ ᠶᠢᠨ 66% ᠶᠢ ᠪᠡᠶᠡᠯᠡᠭᠦᠯᠪᠡ᠃ ᠯᠢᠨ ᠾᠧ ᠲᠣᠭᠤᠷᠢᠭ ᠤᠨ ᠵᠢᠨᠴᠤᠸᠠᠨ ᠶᠡᠭᠡ ᠵᠠᠮ ᠢ ᠬᠤᠶᠢᠰᠢ ᠤᠷᠲᠤᠳᠬᠠᠬᠤ ᠢᠨᠵᠧᠨᠧᠷᠢᠩ ᠢ ᠳᠠᠭᠤᠰᠬᠠᠨ | ᠲᠡᠷᠭᠡ ᠨᠡᠪᠲᠡᠷᠡᠵᠦ᠂ ᠯᠢᠨ ᠾᠧ ᠠᠴᠠ ᠱᠠᠮᠪᠠ ᠬᠦᠷᠬᠦ ᠬᠤᠲᠠ ᠶᠢᠨ ᠬᠤᠭᠤᠷᠣᠨᠳᠣᠬᠢ ᠨᠡᠶᠢᠲᠡ ᠶᠢᠨ ᠮᠠᠰᠢᠨ ᠲᠡᠷᠭᠡ ᠠᠰᠢᠭᠯᠠᠯᠲᠠ ᠳᠤ ᠣᠷᠣᠵᠤ᠂ ᠬᠤᠶᠢᠲᠤ ᠤᠰᠤᠨ | ᠰᠤᠪᠠᠭ ᠤᠨ ᠪᠣᠷᠣ ᠭᠡᠷᠲᠦ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠠᠲᠠᠪᠤᠷᠢᠯᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ᠱᠤᠸᠠᠩ ᠾᠧ ᠲᠣᠭᠤᠷᠢᠭ ᠤᠨ | ᠭᠤᠣᠯ ᠲᠣᠭᠤᠷᠢᠭ ᠤᠨ ︽ᠳᠣᠯᠤᠭ᠎ᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠨᠳᠦᠰᠦᠨ ᠳᠡᠭᠡᠨ | ᠪᠡᠶᠡᠯᠡᠭᠦᠯᠪᠡ᠃ ᠦᠶᠤᠸᠠᠨ ᠰᠢᠶᠠᠨ᠂ ᠤᠷᠠᠳ ᠤᠨ ᠬᠤᠶᠢᠲᠤ ᠬᠤᠰᠢᠭᠤ ᠤᠯᠤᠰ ᠤᠨ ᠲᠠᠰ ᠤᠨ ᠴᠡᠴᠡᠷᠯᠢᠭᠵᠢᠭᠰᠡᠨ ᠰᠢᠶᠠᠨ ᠢᠶᠠᠷ ᠦᠨᠡᠯᠡᠭᠳᠡᠪᠡ᠃ ᠪᠦᠬᠦ ᠣᠷᠣᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠢᠴᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠲᠤᠬᠠᠢ ᠶᠢᠨ ᠭᠠᠵᠠᠷ ᠤᠨ ᠬᠤᠷᠠᠯ ᠢ ᠠᠮᠵᠢᠯᠲᠠ ᠲᠠᠢ ᠡᠷᠬᠢᠯᠡᠵᠦ᠂ ᠦᠶᠤᠸᠠᠨ ᠰᠢᠶᠠᠨ ᠪᠦᠬᠦ ᠤᠯᠤᠰ ᠤᠨ ᠠᠶᠢᠯ ᠲᠣᠰᠬᠤᠨ ᠢ ᠴᠡᠪᠡᠷᠯᠡᠬᠦ | ᠠᠵᠢᠯᠯᠠᠭ᠎ᠠ ᠶᠢᠨ ᠲᠡᠷᠢᠭᠦᠨ ᠤ ᠰᠢᠶᠠᠨ ᠪᠣᠯᠪᠠ᠃ ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠲᠠᠲᠠᠪᠤᠷᠢᠯᠠᠨ ᠨᠤᠷᠠᠭᠠᠬᠤ ᠠᠵᠢᠯ ᠢ ᠪᠦᠬᠦ | ᠲᠠᠯ᠎ᠠ ᠪᠠᠷ ᠥᠷᠨᠢᠭᠦᠯᠵᠦ᠂ 242 ᠭᠠᠭᠴᠠᠮᠣᠳᠣ ᠠᠴᠠ ᠯᠢᠨ ᠾᠧ ᠬᠦᠷᠬᠦ ᠤᠯᠤᠰ ᠤᠨᠨᠢᠭᠡᠳᠦᠭᠡᠷ ᠳᠡᠰ ᠤᠨ ᠵᠠᠰᠠᠮᠠᠯ ᠵᠠᠮ᠂ 311 ᠮᠤᠵᠢ ᠶᠢᠨ ᠵᠠᠮ ᠤᠨ ᠬᠠᠩᠭᠢᠨ | ᠬᠤᠶᠢᠲᠤ ᠬᠤᠰᠢᠭᠤᠨ ᠤ ᠬᠡᠰᠡᠭ ᠤᠨ ᠵᠠᠰᠠᠮᠠᠯ ᠵᠠᠮ ᠢ ᠵᠠᠰᠠᠵᠤ ᠳᠠᠭᠤᠰᠬᠠᠨ ᠲᠡᠷᠭᠡ ᠨᠡᠪᠲᠡᠷᠡᠵᠦ᠂ 1253 ᠺᠢᠯᠣᠮᠧᠲᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠢ ᠰᠢᠨ᠎ᠡ ᠪᠠᠷ ᠥᠭᠡᠷᠡᠴᠢᠯᠡᠨ ᠵᠠᠰᠠᠵᠤ᠂ ᠯᠢᠨ ᠾᠧ ᠲᠣᠭᠤᠷᠢᠭ ᠨᠢ ᠪᠦᠬᠦ ᠣᠷᠣᠨ ᠤ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ | ᠦᠵᠡᠭᠦᠯᠬᠦ ᠰᠢᠶᠠᠨ ᠪᠣᠯᠪᠠ᠃ ᠲᠡᠷᠭᠡ ᠵᠢᠨᠲ᠋ᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠬᠤ ᠶᠢ ᠲᠥᠪᠯᠡᠷᠡᠭᠦᠯᠦᠨ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠵᠦ᠂ | ᠲᠡᠷᠭᠡ ᠶᠢᠨ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠬᠤ ᠨᠣᠷᠮ᠎ᠠ᠂ ᠵᠠᠮ ᠬᠠᠷᠢᠯᠴᠠᠭᠠᠨ ᠤ ᠠᠳᠡᠯ ᠤᠨ ᠲᠤᠭ᠎ᠠ ᠶᠢ ᠶᠡᠬᠡᠪᠡᠷ ᠪᠠᠭᠤᠷᠠᠭᠤᠯᠪᠠ᠃ | ︵ᠲᠠᠪᠤ︶ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠴᠢᠩᠭᠠᠳᠬᠠᠬᠤ ᠳᠤ ᠲᠥᠪᠯᠡᠷᠡᠭᠦᠯᠵᠦ᠂ ᠨᠡᠩ ᠶᠡᠭᠡ ᠡᠷᠴᠢᠮ ᠢᠶᠠᠷ ᠥᠭᠡᠷᠡᠴᠢᠯᠡᠯᠲᠡ | ᠨᠡᠭᠡᠭᠡᠯᠲᠡ ᠶᠢ ᠭᠦᠨᠵᠡᠭᠡᠶᠢᠷᠡᠭᠦᠯᠪᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ | ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ︽ᠲᠠᠯᠪᠢᠬᠤ ᠬᠠᠮᠢᠶᠠᠷᠬᠤ ᠦᠶᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠪᠠᠶᠠᠨᠨᠠᠭᠤᠷ ᠤᠨ ᠶᠠᠪᠤᠳᠠᠯ ᠢ ᠲᠦᠷᠭᠡᠨ ᠭᠦᠶᠴᠡᠳᠬᠡᠬᠦ︾ ᠲᠠᠪᠴᠠᠩ ᠡᠬᠢᠯᠡᠵᠦ ᠠᠵᠢᠯᠯᠠᠪᠠ᠃ ᠡᠵᠡᠩᠨᠡᠨ | ᠠᠷᠠᠯᠵᠢᠶᠠᠯᠠᠬᠤ ᠣᠷᠴᠢᠨ ᠲᠣᠭᠤᠷᠢᠨ ᠤ ᠦᠨᠡᠯᠡᠯᠲᠡ ᠬᠤᠶᠠᠷ ᠵᠢᠯ ᠳᠠᠷᠠᠭᠠᠯᠠᠨ ᠪᠥᠬᠦ ᠣᠷᠣᠨ ᠤ ᠲᠡᠷᠢᠭᠦᠨ ᠳᠤ ᠵᠢᠭᠰᠠᠭᠠᠭᠳᠠᠵᠤ᠂ ︽2019 ᠣᠨ ᠤ | ᠵᠧᠵᠢᠶᠠᠩ ᠤᠨ ᠬᠤᠳᠠᠯᠳᠤᠭᠠᠴᠢᠨ ᠤ ᠬᠠᠮᠤᠭ ᠤᠨ ᠰᠠᠶᠢᠨ ᠪᠠᠯᠠ ᠣᠷᠣᠭᠤᠯᠤᠯᠲᠠ ᠶᠢᠨ ᠬᠤᠲᠠ︾ ᠪᠠᠷ ᠦᠨᠡᠯᠡᠭᠳᠡᠪᠡ᠃ ᠠᠵᠤ ᠠᠬᠤᠶᠢᠯᠠᠯ ᠡᠷᠬᠢᠯᠡᠬᠦ ᠴᠠᠭ | ᠬᠤᠭᠤᠴᠠᠭ᠎ᠠ ᠶᠢ ᠪᠦᠬᠦ ᠣᠷᠣᠨ ᠳᠤ ᠡᠩ ᠲᠡᠷᠢᠭᠦᠨ ᠳᠤ 1 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠶᠯ ᠤᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ 100 ᠠᠵᠢᠯᠯᠠᠬᠤ ᠡᠳᠦᠷ ᠤᠨ ᠳᠣᠲᠣᠷ᠎ᠠ ᠬᠦᠷᠲᠡᠯ᠎ᠡ ᠪᠣᠭᠤᠨᠢᠰᠬᠠᠪᠠ᠃ ᠮᠠᠯᠵᠢᠬᠤ ᠲᠠᠷᠢᠶᠠᠯᠠᠬᠤ ᠣᠷᠣᠨ ᠤ | ᠬᠠᠮᠲᠤ ᠶᠢᠨ ᠥᠮᠴᠢᠯᠡᠬᠦ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠪᠡ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠥᠭᠡᠷᠡᠴᠢᠯᠡᠯᠲᠡ ᠨᠢ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠳᠤᠮᠳᠠ | ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠬᠡᠷᠡᠭ ᠤᠨ ᠵᠢᠱᠢᠶ᠎ᠡ︾ ᠳᠤ ᠰᠣᠩᠭᠤᠭᠳᠠᠵᠤ᠂ ᠦᠶᠤᠸᠠᠨ ᠰᠢᠶᠠᠨ ᠤ ᠲᠣᠰᠬᠤᠨ ᠤ ᠠᠷᠠᠳ ᠤᠨ ᠳᠤᠭᠤᠶᠢᠯᠠᠩ ᠤᠨ ︽ | ᠪᠢᠴᠢᠯ ᠵᠠᠰᠠᠯᠲᠠ︾ ᠨᠢ ᠪᠥᠬᠦ ᠣᠷᠣᠨ ᠤ ᠬᠠᠤᠯᠢ ᠴᠠᠭᠠᠵᠠ ᠶᠢ ᠲᠦᠭᠡᠮᠡᠯᠵᠢᠭᠦᠯᠦᠨ ᠬᠠᠤᠯᠢ ᠶᠣᠰᠣᠭᠠᠷ ᠵᠠᠰᠠᠬᠤ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠳᠤ | ᠰᠣᠩᠭᠤᠭᠳᠠᠪᠠ᠃ ᠪᠦᠬᠦ ᠬᠤᠲᠠ ᠶᠢᠨ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠬᠡᠮᠵᠢᠶ᠎ᠡ 275.9 ᠳ᠋ᠦᠩᠰᠢᠭᠤᠷ ᠲᠥᠭᠦᠷᠢᠭ ᠲᠤ | ᠬᠦᠷᠴᠦ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠳᠤ ᠣᠷᠣᠪᠠ᠃ ᠭᠠᠭᠴᠠᠮᠤᠳᠤ ᠬᠢᠯᠢ ᠶᠢᠨ ᠪᠣᠭᠤᠮᠲᠠ ᠶᠢᠨ ︽ᠳᠣᠯᠤᠭ᠎ᠠ ᠣᠷᠣᠵᠤ ᠳᠣᠯᠤᠭ᠎ᠠ ᠭᠠᠷᠬᠤ︾ | ᠠᠭᠤᠷᠬᠠᠢ ᠶᠢᠨ ᠡᠨᠧᠷᠭᠢ ᠶᠢᠨ ᠨᠡᠪᠲᠡᠷᠡᠬᠦ ᠵᠠᠮ᠂ ᠪᠣᠭᠤᠮᠲᠠ ᠪᠠᠷ ᠨᠡᠪᠲᠡᠷᠡᠬᠦ ᠦᠢᠯᠡᠴᠢᠯᠡᠭᠡᠨ ᠤ ᠵᠢᠯᠣᠭᠤᠳᠬᠤ ᠲᠥᠪ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠵᠤ᠂ ᠪᠦᠬᠦ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢᠨ ᠲᠡᠭᠡᠭᠡᠪᠦᠷᠢ ᠶᠢᠨ ᠬᠡᠮᠵᠢᠶ᠎ᠡ 2100 ᠲᠦᠮᠡᠨ ᠲᠣᠨ ᠢ | ᠳᠠᠪᠠᠵᠤ᠂ ᠪᠣᠭᠤᠮᠲᠠ ᠶᠢᠨ ᠭᠠᠶᠢᠯᠢ ᠶᠢᠨ ᠣᠷᠣᠯᠭ᠎ᠠ 35 ᠳ᠋ᠦᠩᠰᠢᠭᠤᠷ ᠲᠥᠭᠦᠷᠢᠭ ᠲᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠥᠪᠡᠷᠲᠡᠭᠡᠨ | ᠵᠠᠰᠠᠬᠤ ᠣᠷᠣᠨ ᠤ ᠳᠤᠮᠳᠠ ᠪᠠᠷᠠᠭᠤᠨ ᠬᠡᠰᠡᠭ ᠤᠨ ᠠᠩᠬᠠᠳᠠᠭᠴᠢ ᠭᠠᠶᠢᠯᠢ ᠶᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ︵B ᠬᠡᠯᠪᠡᠷᠢ︶ ᠠᠰᠢᠭᠯᠠᠯᠲᠠ ᠳᠤ | ᠣᠷᠣᠪᠠ᠃ ᠴᠢᠨᠠᠷ ᠰᠠᠶᠢᠲᠠᠶ ᠬᠥᠭᠵᠢᠯᠲᠡ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶᠯ ᠤᠨ ᠬᠥᠮᠥᠷᠭᠡ ᠶᠢ ᠪᠠᠶᠢᠭᠤᠯᠵᠤ᠂ ᠢᠯᠢ ᠪᠦᠯᠦᠭᠯᠡᠯ᠂ | ᠮᠧᠩ ᠨᠢᠤ ᠪᠦᠯᠦᠭᠯᠡᠯ᠂ ᠵᠥᠩ ᡁᠢ ᠠᠵᠤ ᠠᠬᠤᠶᠢᠯᠠᠯ ᠤᠨ ᠪᠦᠯᠦᠭᠯᠡᠯ ᠵᠡᠷᠭᠡ ᠨᠢᠭᠡ ᠪᠦᠯᠦᠭ ᠲᠣᠮᠣ ᠠᠵᠤ ᠠᠬᠤᠶᠢᠯᠠᠯ ᠲᠠᠢ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ | ︵ᠵᠢᠷᠭᠤᠭ᠎ᠠ︶ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠳᠤ ᠲᠥᠪᠯᠡᠷᠡᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠪᠠ᠃ | ᠪᠦᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ 300 ᠳ᠋ᠦᠩᠰᠢᠭᠤᠷ ᠲᠥᠭᠦᠷᠢᠭ ᠢ ᠳᠠᠪᠠᠵᠤ᠂ ᠡᠭᠦᠨ ᠳᠤ | ᠠᠷᠠᠳ ᠤᠨ ᠠᠮᠢᠳᠤᠷᠠᠯ ᠤᠨ ᠵᠠᠷᠤᠯᠭ᠎ᠠ 226.1 ᠳ᠋ᠦᠩᠰᠢᠭᠤᠷ ᠲᠥᠭᠦᠷᠢᠭ ᠂ ᠶᠡᠷᠦᠩᠬᠡᠢ ᠵᠠᠷᠤᠯᠭ᠎ᠠ ᠶᠢᠨ 74% ᠶᠢ ᠡᠵᠡᠯᠡᠵᠦ᠂ ᠠᠳᠠᠯᠢ | ᠬᠤᠭᠤᠴᠠᠭᠠᠨ ᠤ ᠬᠢ ᠠᠴᠠ 12.8% ᠪᠠᠷ ᠨᠡᠮᠡᠭᠳᠡᠪᠡ᠃ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ ᠨᠢ 1.1 ᠲᠦᠮᠡᠨ ᠬᠥᠮᠦᠨ ᠳᠤ | ᠬᠦᠷᠴᠦ᠂ 13 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠪᠠ᠃ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠶᠯᠡᠴᠢᠯᠡᠭᠡ | ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠢᠳᠡᠪᠬᠢᠲᠡᠢ ᠪᠠᠷ ᠨᠠᠶᠢᠳᠠᠪᠤᠷᠢᠵᠢᠭᠤᠯᠪᠠ᠃ ᠲᠠᠷᠢᠶᠠᠴᠢᠨ ᠮᠠᠯᠴᠢᠨ ᠬᠥᠯᠥᠰᠥᠨ ᠠᠵᠢᠯᠴᠢᠨ ᠤ ᠴᠠᠯᠢᠩ ᠢ ᠥᠷᠢᠲᠦᠬᠦ | ᠠᠰᠠᠭᠤᠳᠠᠯ ᠢ ᠪᠦᠬᠦᠨ ᠢ ᠰᠢᠢᠳᠪᠦᠷᠢᠯᠡᠪᠡ᠃ ᠪᠦᠬᠦ ᠤᠯᠤᠰ ᠤᠨ ᠬᠡᠪᠴᠢᠶᠡᠨ ᠠᠴᠠ 145 ᠥᠨᠳᠥᠷ ᠲᠡᠰ ᠤᠨ ᠴᠤᠬᠠᠭ ᠴᠢᠳᠠᠪᠤᠷᠢᠲᠠᠨ ᠢ ᠤᠷᠢᠨ ᠣᠷᠣᠭᠤᠯᠪᠠ᠃ | ᠤᠯᠤᠰ ᠤᠨ ᠠᠷᠢᠭᠤᠨ ᠴᠡᠪᠡᠷ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠳᠠᠯᠳᠠᠭᠤᠷ ᠰᠤᠷᠪᠤᠯᠵᠢᠯᠠᠭ᠎ᠠ ᠪᠠᠷ ᠳᠠᠮᠵᠢᠨ᠂ ᠤᠷᠠᠳ ᠤᠨ ᠡᠮᠦᠨᠡᠲᠦ ᠬᠤᠰᠢᠭᠤ᠂ | ᠬᠠᠩᠭᠢᠨ ᠬᠤᠶᠢᠲᠤ ᠬᠤᠰᠢᠭᠤ᠂ ᠦᠶᠤᠸᠠᠨ ᠰᠢᠶᠠᠨ᠂ ᠳ᠋ᠧᠩᠺᠧᠦ ᠰᠢᠶᠠᠨ ᠤᠯᠤᠰ ᠤᠨ ᠠᠷᠢᠭᠤᠨ ᠴᠡᠪᠡᠷ ᠬᠤᠰᠢᠭᠤ ᠰᠢᠶᠠᠨ ᠪᠣᠯᠪᠠ᠃ ᠬᠤᠳᠠ ᠶᠢᠨ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ᠂ ᠰᠢ ᠪᠧᠢ ᠠᠮᠲᠠᠲᠤ ᠢᠳᠡᠭᠡᠨ ᠤ ᠤᠷᠠᠯᠢᠭ ᠤᠨ ᠰᠤᠷᠭᠠᠭᠤᠯᠢ ᠶᠢᠨ ᠰᠢᠨ᠎ᠡ | ᠰᠤᠷᠭᠠᠭᠤᠯᠢ ᠶᠢᠨ ᠲᠣᠭᠤᠷᠢᠭ᠂ ᠯᠢᠨ ᠾᠧ ᠲᠣᠭᠤᠷᠢᠭ ᠤᠨ ᠱᠦᠢ ᠶᠤᠸᠠᠨ ᠵᠠᠮ ᠤᠨ ᠰᠤᠷᠭᠠᠭᠤᠯᠢ ᠶᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠪᠡᠭᠡᠵᠢᠩ | ᠶᠡᠭᠡ ᠰᠤᠷᠭᠠᠭᠤᠯᠢ ᠪᠠ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠠᠰᠫᠢᠷᠠᠨᠲ ᠤᠨ ᠰᠤᠷᠭᠠᠨ ᠬᠥᠮᠦᠵᠢᠯ ᠢ ᠳᠡᠮᠵᠢᠬᠦ ᠪᠦᠯᠬᠦᠮ ᠢ ᠤᠷᠢᠵᠤ ᠮᠠᠨ ᠤ ᠬᠤᠲᠠ ᠶᠢᠨ | ᠰᠤᠷᠭᠠᠨ ᠬᠥᠮᠦᠵᠢᠯ ᠢ ᠳᠡᠮᠵᠢᠭᠦᠯᠵᠦ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠬᠥᠬᠡᠬᠤᠲᠠ ᠶᠢᠨ | ᠬᠤᠶᠠᠳᠤᠭᠠᠷ ᠳᠤᠮᠳᠠᠳᠤ ᠰᠤᠷᠭᠠᠭᠤᠯᠢ ᠵᠡᠷᠭᠡ ᠨᠡᠷᠡᠲᠦ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠬᠢᠯᠡᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ | ᠴᠢᠨᠠᠷ ᠤᠯᠠᠮ ᠨᠢᠭᠡ ᠠᠯᠬᠤᠮ ᠳᠡᠭᠡᠭᠰᠢᠯᠡᠪᠡ᠃ ᠪᠣᠷᠣᠲᠣᠬᠤᠶ ᠳᠡᠭᠡᠳᠦ ᠰᠤᠷᠭᠠᠭᠤᠯᠢ ᠰᠤᠷᠭᠠᠨ ᠬᠥᠮᠦᠵᠢᠯ ᠤᠨ ᠶᠠᠮᠤᠨ ᠤ ᠵᠢᠩᠬᠢᠨᠢ ᠠᠩᠭᠢ ᠶᠢᠨ ᠵᠢᠭᠠᠨ | ᠰᠤᠷᠭᠠᠯᠲᠠ ᠶᠢᠨ ᠠᠵᠢᠯ ᠤᠨ ᠬᠢᠷᠢ ᠲᠡᠩᠴᠡᠭᠰᠡᠨ ᠦᠨᠡᠯᠡᠨ ᠵᠢᠱᠢᠯᠲᠡ ᠶᠢ ᠬᠦᠯᠢᠶᠡᠨ ᠣᠯᠵᠤ᠂ ᠪᠣᠷᠣᠲᠣᠬᠤᠶ ᠳᠡᠭᠡᠳᠦ ᠰᠤᠷᠭᠠᠭᠤᠯᠢ ᠶᠢᠨ ᠡᠮᠴᠢᠯᠡᠭᠡᠨ ᠤ ᠠᠨᠠᠭᠠᠬᠤ | ᠤᠬᠠᠭᠠᠨ ᠤ ᠬᠦᠷᠢᠶᠡᠯᠡᠩ ᠪᠠᠶᠢᠭᠤᠯᠤᠭᠳᠠᠪᠠ᠃ ᠪᠣᠷᠣᠲᠣᠬᠤᠶ ᠶᠢᠨ ᠤᠰᠤᠯᠠᠯᠲᠠ ᠶᠢᠨ ᠣᠷᠣᠨ ᠨᠢ ᠳᠡᠯᠡᠬᠡᠶ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠤᠨ | ᠨᠡᠷᠡᠰ ᠤᠨ ᠵᠢᠭᠰᠠᠭᠠᠯᠲᠠ ᠳᠤ ᠣᠷᠣᠪᠠ᠃ ᠬᠤᠶᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠪᠠᠶᠠᠷ ᠠᠮᠵᠢᠯᠲᠠ ᠲᠠᠢ ᠶᠠᠪᠤᠭᠳᠠᠵᠤ᠂ | ᠪᠣᠷᠣᠲᠣᠬᠤᠶ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ ᠫᠠᠶᠢᠰᠠ ᠡᠯᠭᠦᠨ ᠠᠵᠢᠯ ᠢᠶᠠᠨ ᠡᠬᠢᠯᠡᠭᠦᠯᠪᠡ᠃ ᠪᠥᠬᠦ ᠣᠷᠣᠨ ᠤ ᠠᠩᠬᠠᠳᠠᠭᠴᠢ | ᠰᠦᠯᠵᠢᠶᠡᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠣᠮᠣ ᠳ᠋ᠠᠶᠢᠲ᠋ᠠ ᠶᠢ ᠬᠢᠨᠠᠨ ᠰᠢᠯᠭᠠᠬᠤ ᠲᠥᠪ ᠢ ᠪᠠᠶᠢᠭᠤᠯᠵᠤ | ᠠᠰᠢᠭᠯᠠᠯᠲᠠ ᠳᠤ ᠣᠷᠣᠭᠤᠯᠪᠠ᠃ ︽ᠴᠡᠪᠡᠷ ᠲᠣᠬᠢᠯᠢᠭ ᠲᠣᠭᠤᠭᠠᠨ ᠭᠡᠷ︾ ᠤᠨ ᠪᠦᠷᠬᠦᠴᠡ ᠶᠢᠨ ᠨᠣᠷᠮ᠎ᠠ ᠨᠢ 90% ᠠᠴᠠ ᠳᠡᠭᠡᠭᠰᠢ ᠳᠤ ᠬᠦᠷᠪᠡ᠃ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ᠂ ᠨᠢᠭᠡ ᠪᠦᠯᠦᠭ ᠬᠠᠷ᠎ᠠ ᠪᠦᠯᠦᠭᠲᠡᠨ ᠬᠠᠷᠭᠢᠰ ᠬᠦᠴᠦᠨ ᠵᠢᠴᠢ ᠲᠡᠭᠦᠨ ᠤ | ᠬᠠᠮᠠᠭᠠᠯᠠᠭᠴᠢ ᠶᠢ ᠠᠷᠢᠯᠭᠠᠵᠤ᠂ ᠪᠥᠬᠦ ᠬᠤᠲᠠ ᠶᠢᠨ ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠬᠡᠷᠡᠭ ᠠᠳᠠᠯᠢ ᠬᠤᠭᠤᠴᠠᠭᠠᠨ ᠤ ᠬᠢ ᠠᠴᠠ ᠦᠷᠭᠦᠯᠵᠢᠯᠡᠨ | ᠪᠠᠭᠤᠷᠠᠵᠤ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢᠯᠡᠳᠲᠡ ᠨᠡᠮᠡᠭᠳᠡᠪᠡ᠃ ᠠᠶᠤᠯᠭᠦᠶ ᠦᠶᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠨᠡᠶᠢᠭᠡᠮ ᠤᠨ | ᠠᠮᠤᠷ ᠲᠣᠭᠲᠠᠭᠤᠨ᠂ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠦᠨᠳᠦᠰᠦᠲᠡᠨ ᠪᠦᠯᠬᠦᠮᠳᠡᠯ ᠲᠠᠢ | ᠂ ᠱᠠᠰᠢᠨ ᠰᠤᠷᠲᠠᠬᠤᠨ ᠡᠶᠡᠲᠡᠢ᠂ ᠨᠡᠶᠢᠭᠡᠮ ᠡᠶ᠎ᠡ ᠵᠣᠬᠢᠴᠠᠯᠲᠠᠢ᠂ ᠬᠢᠯᠢ ᠬᠢᠵᠠᠭᠠᠷ ᠠᠮᠤᠷ ᠲᠠᠶᠢᠪᠤᠩ ᠪᠠᠶᠢᠳᠠᠯ ᠤᠯᠠᠮ ᠨᠢᠭᠡ ᠠᠯᠬᠤᠮ ᠪᠠᠬᠢᠵᠢᠪᠡ᠃ | ︵ᠳᠣᠯᠤᠭ᠎ᠠ︶ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠲᠥᠪᠯᠡᠷᠡᠭᠦᠯᠵᠦ᠂ ᠵᠠᠰᠠᠭ ᠤᠨ ᠣᠷᠳᠣᠨ ᠤ ᠲᠣᠰ ᠪᠡᠶ᠎ᠡ ᠶᠢᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ | ᠪᠠᠶᠠᠨᠨᠠᠭᠤᠷ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠢ ᠨᠡᠶᠢᠲᠡᠯᠡᠨ ᠬᠡᠷᠡᠭᠵᠢᠭᠦᠯᠵᠦ᠂ ︽ᠪᠠᠶᠠᠨᠨᠠᠭᠤᠷ ᠬᠤᠲᠠ ᠶᠢᠨ | ᠲᠥᠪᠯᠡᠷᠡᠭᠦᠯᠦᠭᠰᠡᠨ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠲᠦᠷᠢᠮ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠵᠥᠪᠰᠢᠶᠡᠷᠡᠪᠡ᠃ ᠪᠦᠬᠦ ᠵᠢᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | 165 ᠬᠤᠪᠢ ᠰᠠᠨᠠᠭᠤᠯᠭ᠎ᠠ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ 236 ᠬᠤᠪᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠦ᠂ ᠬᠠᠨᠤᠮᠵᠢ ᠶᠢᠨ | ᠨᠣᠷᠮ᠎ᠠ ᠲᠣᠰᠪᠣᠷᠢ 95%᠂ 98% ᠳᠤ ᠬᠦᠷᠪᠡ᠃ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ | ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠨᠠᠮ ᠤᠨ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ | ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠨ︾ ᠤ ᠱᠠᠭᠠᠷᠳᠠᠯᠭ᠎ᠠ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠣᠪᠣᠷ ᠰᠤᠷᠲᠠᠯ ᠤᠯᠠᠮ ᠨᠢᠭᠡ ᠠᠯᠬᠤᠮ ᠰᠠᠶᠢᠵᠢᠷᠠᠵᠤ᠂ ᠠᠵᠢᠯᠲᠠᠨ ᠤ ᠠᠵᠢᠯ ᠬᠢᠵᠦ ᠦᠶᠯᠡᠰ | ᠴᠣᠭᠴᠠᠯᠠᠬᠤ᠂ ᠬᠠᠷᠢᠭᠤᠴᠠᠯᠭ᠎ᠠ ᠡᠭᠦᠷᠭᠡᠯᠡᠨ ᠠᠵᠢᠯᠯᠠᠬᠤ ᠡᠷᠴᠢ ᠵᠣᠷᠢᠭ ᠢ ᠤᠯᠠᠮ ᠨᠢᠭᠡ ᠠᠯᠬᠤᠮ ᠬᠥᠭᠵᠢᠭᠡᠪᠡ᠃ | ᠲᠥᠯᠥᠭᠡᠯᠡᠭᠴᠢᠳ ᠡ᠂ ᠡᠨᠡ ᠵᠢᠯ ᠠᠴᠠ ᠨᠠᠭᠠᠰᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠶᠡᠷᠦᠩᠬᠡᠶ | ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ᠂ ᠣᠨᠣᠪᠴᠢᠲᠠᠶ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠨᠡᠶᠢᠭᠡᠮ ᠤᠨ | ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠵᠤ᠂ ᠡᠪᠡᠳᠴᠢᠲᠡᠨ ᠢ ᠪᠥᠬᠦ ᠬᠦᠴᠦᠨ ᠢᠶᠠᠷ ᠠᠪᠤᠷᠠᠨ ᠵᠠᠰᠠᠵᠤ᠂ ᠬᠢᠵᠢᠭ ᠤᠨ | ᠪᠠᠶᠢᠳᠠᠯ ᠳᠡᠯᠭᠡᠷᠡᠬᠦ ᠶᠢ ᠴᠠᠭ ᠲᠤᠬᠠᠶ ᠳᠤᠨᠢ ᠬᠤᠷᠢᠭᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠪᠠ᠃ ᠡᠭᠦᠨ ᠤ ᠬᠠᠮᠲᠤ᠂ ᠪᠢᠳᠡ ᠬᠤᠶᠠᠷ ᠲᠠᠯ᠎ᠠ ᠶᠢ ᠠᠳᠬᠤᠬᠤ᠂ ᠬᠤᠶᠠᠷ ᠢ | ᠰᠠᠭᠠᠲᠠᠭᠠᠬᠤ ᠦᠭᠡᠢ ᠪᠠᠶᠢᠬᠤ ᠶᠢ ᠪᠠᠷᠢᠮᠲᠠᠯᠠᠵᠤ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ᠂ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ | ᠰᠡᠷᠭᠦᠭᠡᠬᠦ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠲᠠᠷᠢᠶᠠᠯᠠᠩ ᠤᠨ ᠦᠢᠯᠡᠳᠪᠦᠷᠢᠯᠡᠯ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠤᠨ ᠨᠥᠯᠥᠭᠡ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠠᠵᠤ | ᠠᠬᠤᠢ ᠨᠡᠶᠢᠭᠡᠮ ᠤᠨ ᠲᠣᠭᠲᠠᠭᠤᠨ ᠡᠷᠡᠭᠦᠯ ᠬᠥᠭᠵᠢᠯᠲᠡ ᠶᠢ ᠪᠠᠲᠤᠯᠠᠬᠤ ᠪᠠᠷ ᠴᠢᠷᠮᠠᠶᠢᠪᠠ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠤᠨ ᠠᠮᠵᠢᠯᠲᠠ ᠶᠢ ᠬᠢᠯᠪᠠᠷᠬᠠᠨ ᠢᠶᠠᠷ ᠣᠯᠤᠭᠰᠠᠨ ᠪᠢᠰᠢ ᠶᠤᠮ᠃ ᠡᠨᠡ ᠪᠣᠯ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ | ᠦᠷ᠎ᠡ ᠳ᠋ᠦᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ | ᠬᠢᠨᠠᠯᠲᠠ ᠳᠡᠮᠵᠢᠯᠭᠡ ᠶᠢᠨ ᠦᠷ᠎ᠡ ᠳ᠋ᠦᠩ᠂ ᠪᠥᠬᠦ ᠬᠤᠲᠠ ᠶᠢᠨ ᠡᠯ᠎ᠡ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠪᠣᠯᠤᠨ᠎ᠠ᠃ ᠠᠳᠡ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠪᠦᠬᠦ | ᠬᠤᠲᠠ ᠶᠢᠨ ᠡᠯ᠎ᠡ ᠦᠨᠳᠦᠰᠦᠲᠡᠨ ᠨᠦᠭᠦᠳ ᠤᠨ ᠠᠷᠠᠳ ᠲᠦᠮᠡᠨ᠂ ᠪᠠᠶᠠᠨᠨᠠᠭᠤᠷ ᠤᠨ ᠬᠥᠭᠵᠢᠯᠲᠡ ᠶᠢ ᠬᠠᠯᠠᠮᠵᠢᠯᠠᠨ ᠳᠠᠮᠵᠢᠵᠤ ᠪᠠᠶᠢᠭ᠎ᠠ ᠪᠤᠢ ᠪᠦᠬᠦᠢ ᠨᠥᠬᠦᠳ᠂ | ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠡᠭᠦᠨ ᠤ ᠵᠡᠷᠭᠡᠴᠡᠭᠡᠪᠡᠷ᠂ ᠪᠢᠳᠡ ᠠᠵᠤ ᠠᠬᠤᠶ ᠨᠡᠶᠢᠭᠡᠮ ᠤᠨ ᠬᠥᠭᠵᠢᠯᠲᠡ ᠪᠠ ᠵᠠᠰᠠᠭ ᠤᠨ ᠣᠷᠳᠣᠨ ᠤ ᠠᠵᠢᠯ ᠳᠤ ᠪᠠᠰᠠ ᠵᠠᠷᠢᠮ ᠠᠰᠠᠭᠤᠳᠠᠯ ᠣᠷᠣᠰᠢᠵᠤ | ᠪᠠᠶᠢᠬᠤ ᠶᠢ ᠰᠡᠷᠭᠡᠭ ᠢᠶᠠᠷ ᠲᠠᠨᠢᠵᠤ ᠤᠯᠪᠠ᠂ ᠡᠭᠦᠨ ᠳᠤ ᠭᠤᠤᠯᠳᠠᠭᠤ᠄ ᠬᠢᠵᠢᠭ ᠤᠨ ᠨᠥᠯᠥᠭᠡ ᠠᠴᠠ ᠪᠤᠯᠵᠤ᠂ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ | ᠤᠯᠠᠮ ᠨᠢᠭᠡ ᠠᠯᠬᠤᠮ ᠨᠡᠮᠡᠭᠳᠡᠵᠦ᠂ ᠬᠡᠰᠡᠭ ᠠᠵᠤ ᠠᠬᠤᠶᠢᠯᠠᠯ ᠤᠨ ᠦᠶᠯᠡᠳᠪᠦᠷᠢᠯᠡᠯ ᠡᠵᠡᠩᠨᠡᠯᠲᠡ ᠬᠦᠴᠢᠷᠳᠡᠯ ᠲᠠᠢ ᠪᠠᠶᠢᠨ᠎ᠠ︔ ᠴᠢᠬᠤᠯᠠ ᠶᠡᠭᠡ ᠲᠥᠷᠥᠯ | ᠵᠦᠶᠯ ᠤᠨ ᠨᠥᠭᠡᠴᠡ ᠬᠦᠷᠦᠯᠴᠡᠬᠦ ᠥᠬᠡᠶ︔ ᠲᠠᠷᠢᠶᠠᠯᠠᠩ ᠮᠠᠯ ᠠᠵᠤ ᠠᠬᠤᠶ ᠶᠢᠨ ᠦᠶᠯᠡᠳᠪᠦᠷᠢᠯᠡᠯ ᠤᠨ ᠠᠷᠭ᠎ᠠ ᠮᠠᠶ᠋ᠢᠭ ᠪᠠᠰᠠ ᠨᠡᠯᠢᠶᠡᠳ ᠪᠦᠳᠦᠭᠦᠯᠢᠭ ᠪᠠᠶᠢᠨ᠎ᠠ︔ | ᠡᠳ᠋ ᠤᠨ ᠵᠠᠰᠠᠭ ᠤᠨᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠣᠶᠢᠮ᠎ᠠ ᠪᠠᠶᠢᠵᠤ᠂ ︽ᠭᠤᠷᠪᠠ ᠶᠢ ᠪᠠᠲᠤᠯᠠᠬᠤ︾ ᠳᠠᠷᠤᠯᠲᠠ ᠨᠡᠯᠢᠶᠡᠳ ᠶᠡᠭᠡ︔ ᠤᠯᠠᠭᠠᠨᠰᠤᠬᠠᠢ | ᠨᠠᠭᠤᠷ᠂ ᠤᠷᠠᠳ ᠤᠨ ᠲᠠᠯ᠎ᠠ ᠨᠤᠲᠤᠭ᠂ ᠤᠯᠠᠭᠠᠨᠪᠤᠬ᠎ᠠ ᠡᠯᠡᠰᠦᠨ ᠴᠥᠯ᠂ ᠮᠤᠨᠠ ᠠᠭᠤᠯᠠ ᠵᠡᠷᠭᠡ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠤ | ᠣᠷᠴᠢᠨ ᠲᠣᠭᠤᠷᠢᠨ ᠮᠥᠨ ᠬᠦ ᠬᠡᠪᠡᠷᠡᠭ ᠪᠠᠶᠢᠭᠰᠠᠭᠠᠷ︔ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ ᠪᠤᠢ︔ | ᠵᠠᠰᠠᠭ ᠤᠨ ᠣᠷᠳᠣᠨ ᠤ ᠡᠭᠦᠷᠭᠡ ᠴᠢᠳᠠᠮᠵᠢ ᠶᠢᠨ ᠬᠤᠪᠢᠷᠠᠭᠤᠯᠤᠯᠲᠠ ᠬᠠᠷᠠᠬᠠᠨ ᠪᠣᠳᠠᠲᠠᠶᠢᠵᠢᠭᠠ ᠦᠭᠡᠢ᠂ ᠡᠵᠡᠩᠨᠡᠨ ᠠᠷᠠᠯᠵᠢᠶᠠᠯᠠᠬᠤ ᠣᠷᠴᠢᠨ ᠲᠣᠭᠤᠷᠢᠨ ᠢ ᠪᠠᠰᠠ | ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠶ᠂ ᠵᠠᠰᠠᠭ ᠤᠨ ᠣᠷᠳᠣᠨ ᠤ ᠬᠡᠰᠡᠭ ᠠᠵᠢᠯᠳᠠᠨ ᠤ ᠰᠢᠨ᠎ᠡ ᠶᠢ ᠡᠭᠦᠳᠬᠦ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ | ᠵᠣᠷᠢᠭ ᠰᠠᠨᠠᠭ᠎ᠠ ᠴᠢᠩᠭ᠎ᠠ ᠪᠢᠰᠢ᠂ ᠬᠢᠬᠦ ᠰᠠᠨᠠᠭ᠎ᠠ ᠦᠭᠡᠢ᠂ ᠬᠢᠵᠦ ᠴᠢᠳᠠᠬᠤ ᠦᠭᠡᠢ᠂ ᠬᠢᠬᠦ ᠳᠤᠷ᠎ᠠ ᠦᠭᠡᠢ᠂ ᠬᠢᠬᠦ ᠵᠣᠷᠢᠭ ᠦᠭᠡᠢ ᠪᠠᠶᠢᠬᠤ ᠠᠰᠠᠭᠤᠳᠠᠯ ᠮᠥᠨ ᠯᠡ | ᠣᠷᠣᠰᠢᠵᠤ ᠪᠠᠶᠢᠨ᠎ᠠ᠃ ᠪᠢᠳᠡ ᠠᠰᠠᠭᠤᠳᠠᠯ ᠳᠤ ᠰᠢᠭᠤᠳ ᠬᠠᠨᠳᠤᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠦᠨᠡᠨ ᠬᠦ ᠰᠢᠢᠳᠪᠦᠷᠢᠯᠡᠬᠦ ᠬᠡᠷᠡᠭᠲᠡᠶ᠃ | ᠬᠤᠶᠠᠷ᠂ 2020 ᠣᠨ ᠤ ᠭᠤᠣᠯᠳᠠᠯᠭ᠎ᠠ ᠲᠠᠢ ᠠᠵᠢᠯ | ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠪᠠ ︽13·5︾ ᠲᠥᠯᠥᠪᠵᠢᠭᠦᠯᠭᠡ ᠶᠢᠨ ᠡᠴᠦᠰ ᠤᠨ ᠵᠢᠯ ᠪᠣᠯᠤᠨ᠎ᠠ᠃ | ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ | ᠬᠤᠷᠠᠯ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ | ᠨᠢᠭᠡᠳᠦᠭᠡᠷ ᠤᠳᠠᠭᠠᠨ ᠤ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ᠂ | ᠬᠥᠭᠵᠢᠯᠲᠡ ᠶᠢᠨ ᠶᠡᠭᠡ ᠬᠠᠨᠳᠤᠰᠢ ᠶᠢ ᠡᠵᠡᠮᠰᠢᠨ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠰᠢᠨᠵᠢᠯᠡᠬᠦ ᠤᠬᠠᠭᠠᠨᠴᠢ ᠪᠥᠭᠡᠳ | ᠰᠢᠰᠲ᠋ᠧᠮ ᠲᠠᠢ ᠲᠥᠯᠥᠪᠵᠢᠭᠦᠯᠵᠦ᠂ ᠡᠨᠡ ᠵᠢᠯ ᠤᠨ ᠪᠦᠬᠦ ᠬᠤᠲᠠ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ ᠪᠠ ᠭᠤᠤᠯᠳᠠᠯᠭ᠎ᠠ ᠲᠠᠢ ᠡᠭᠦᠷᠭᠡ ᠶᠢ ᠳᠤᠷᠠᠳᠴᠤ᠂ | ᠮᠠᠨ ᠤ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠳᠤ ᠴᠢᠬᠤᠯᠠ ᠵᠢᠷᠤᠮᠯᠠᠯ ᠬᠠᠩᠭᠠᠵᠠᠶ᠃ ᠪᠢᠳᠡ ᠵᠠᠪᠠᠯ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ᠂ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠠ ᠠᠷᠪᠠ ᠶᠢᠰᠦᠳᠦᠬᠡᠷ | ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠬᠡᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠵᠦ᠂ ︽ᠲᠦᠷᠪᠡᠨ ᠦᠵᠡᠯ ᠤᠬᠠᠮᠰᠠᠷ︾ ᠢᠶᠠᠨ ᠴᠢᠩᠭᠠᠳᠬᠠᠵᠦ᠂ ︽ᠲᠦᠷᠪᠡᠨ ᠢᠳᠡᠬᠡᠯ︾ ᠢᠶᠠᠨ ᠪᠠᠳᠤᠳᠬᠠᠵᠦ᠂ ︽ᠬᠤᠶᠠᠷ ᠢ ᠬᠠᠮᠠᠭᠠᠯᠠᠬᠤ︾ ᠶᠢ | ᠪᠡᠶᠡᠯᠡᠬᠦᠯᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠲᠣᠭᠲᠠᠭᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠬᠥᠭᠵᠢᠯᠲᠡ ᠶᠢᠨ ᠰᠡᠳᠬᠢᠮᠵᠢ | ᠶᠣᠰᠣᠭᠠᠷ ᠴᠢᠨᠡᠬᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ᠂ ᠣᠳᠣᠬᠢᠴᠢᠯᠠᠭᠰᠠᠨ ᠠᠮᠢ ᠠᠬᠤᠢ ᠶᠢᠨ ᠬᠥᠳᠡᠭᠡ ᠳᠤᠰᠬᠤᠨ ᠢ ᠪᠦᠲᠦᠭᠡᠨ ᠪᠠᠶᠢᠭᠤᠯᠬᠤ᠂ ︽ᠠᠷᠤ | ᠭᠠᠵᠠᠷ ᠤᠨ ᠵᠢᠶᠠᠩᠨᠠᠨ᠂ ᠪᠤᠬᠢᠷᠳᠤᠯ ᠦᠬᠡᠢ ᠪᠠᠷ ᠬᠦᠭᠵᠢᠨ ᠮᠠᠨᠳᠤᠬᠤ︾ ᠬᠠᠷᠠᠯᠳᠠᠳᠤ ᠡᠭᠦᠷᠬᠡ ᠲᠠᠢ ᠨᠢᠨᠨᠳᠠ ᠤᠶᠠᠯᠳᠤᠭᠤᠯᠤᠨ᠂ ᠳᠤᠭᠳᠠᠭᠤᠨ ᠤ ᠳᠤᠮᠳᠠ | ᠯᠠᠪᠳᠠᠭᠤᠨ ᠢᠶᠠᠷ ᠤᠷᠤᠭᠰᠢᠯᠠᠬᠤ ᠶᠡᠷᠦᠩᠬᠡᠢ ᠬᠦᠭ ᠠᠶᠠᠰ ᠢ ᠪᠠᠷᠢᠮᠳᠠᠯᠠᠵᠦ᠂ ᠰᠢᠨ᠎ᠠ ᠭᠦᠭᠵᠢᠯᠳᠡ ᠶᠢᠨ ᠤᠨᠤᠯᠵᠢᠬᠤᠨ ᠢ ᠪᠠᠷᠢᠮᠳᠠᠯᠠᠨ᠂ ᠪᠣᠬᠢᠷᠲᠤᠯ ᠦᠭᠡᠢ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠳᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ | ᠪᠣᠯᠭᠠᠬᠤ ᠶᠢ ᠪᠠᠷᠢᠮᠳᠠᠯᠠᠨ᠎ᠠ᠃ ᠠᠮᠢ ᠠᠬᠤᠶ ᠶᠢᠨ ᠣᠷᠴᠢᠨ ᠳᠤᠭᠤᠷᠢᠨ ᠤ ᠵᠠᠰᠠᠯᠲᠠ᠂ ᠪᠣᠬᠢᠷᠲᠤᠯ ᠦᠭᠡᠢ ᠠᠵᠤ ᠦᠢᠯᠡᠰ ᠤᠨ ᠬᠥᠭᠵᠢᠯᠲᠡ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠶᠢ ᠨᠢᠭᠡᠳᠦᠯᠲᠡᠶ ᠲᠥᠯᠥᠪᠯᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠶᠢ ᠦᠨᠡᠨ ᠬᠦ ᠪᠠᠳᠤᠯᠠᠬᠤ ᠬᠡᠷᠡᠭᠳᠡᠢ᠃ | ᠡᠨᠡ ᠵᠢᠯ ᠤᠨ ᠠᠵᠢᠯ ᠳᠤ ᠰᠢᠨ᠎ᠡ ᠬᠥᠭᠵᠢᠯᠲᠡ ᠶᠢᠨ ᠤᠨᠤᠯᠵᠢᠬᠤᠨ᠂ ᠠᠮᠢ ᠠᠬᠤᠢ ᠶᠢ ᠤᠷᠢᠳᠠᠪᠠᠷ ᠪᠤᠳᠤᠯᠬᠢᠯᠠᠵᠤ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠤᠯᠭᠠᠬᠤ᠂ ᠴᠢᠨᠡᠬᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠳᠠᠳᠤ ᠡᠭᠦᠷᠭᠡ ᠂ ᠳᠤᠭᠳᠠᠭᠤᠨ ᠤ ᠳᠤᠮᠳᠠ ᠯᠠᠪᠳᠠᠭᠤᠨ ᠢᠶᠠᠷ | ᠤᠷᠤᠭᠰᠢᠯᠠᠬᠤ ᠶᠡᠷᠦᠩᠬᠡᠢ ᠬᠦᠭ ᠠᠶᠠᠰ ᠢ ᠳᠤᠪᠤᠶᠢᠯᠭᠠᠨ᠎ᠠ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠢ 5.5% ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ ᠳᠤᠰᠪᠤᠷᠢ 7.5% ᠣᠷᠴᠢᠮ ᠪᠠ 10% ᠠᠴᠠ ᠳᠡᠭᠡᠭᠰᠢ ᠨᠡᠮᠡᠭᠳᠡᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳ᠋ᠬᠠᠰᠠᠳ ᠤᠨ ᠨᠤᠷᠮ᠎ᠠ ᠶᠢ 4.5% ᠶᠢᠨ ᠳᠣᠲᠣᠷ᠎ᠠ ᠪᠠᠶᠢᠯᠭᠠᠨ᠎ᠠ᠃ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠵᠤ ᠠᠬᠤᠶ | ᠨᠡᠶᠢᠭᠡᠮ ᠤᠨ ᠬᠥᠭᠵᠢᠯᠲᠡ ᠳᠤ ᠨᠡᠯᠢᠶᠡᠳ ᠶᠡᠭᠡ ᠨᠥᠯᠥᠭᠡ ᠦᠵᠡᠭᠦᠯᠦᠭᠰᠡᠨ ᠪᠠᠶᠢᠳᠠᠯ ᠳᠣᠤᠷ᠎ᠠ᠂ ᠡᠨᠡᠬᠦ ᠬᠠᠷᠠᠯᠲᠠ ᠶᠢ ᠲᠣᠭᠲᠠᠭᠠᠭᠰᠠᠨ ᠨᠢ ᠭᠤᠤᠯᠳᠠᠭᠤ ᠡᠨᠡ ᠵᠢᠯ ᠪᠣᠯ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽13·5︾ ᠤᠨ ᠲᠥᠯᠥᠪᠵᠢᠭᠦᠯᠭᠡ ᠶᠢᠨ ᠬᠠᠷᠠᠯᠳᠠᠳᠤ ᠡᠭᠦᠷᠭᠡ ᠶᠢ ᠪᠡᠶᠡᠯᠡᠬᠦᠯᠬᠦ ᠡᠴᠦᠰ ᠤᠨ ᠵᠢᠯ | ᠪᠠᠶᠢᠵᠤ᠂ ︽14·5︾ ᠤᠨ ᠲᠥᠯᠥᠪᠵᠢᠭᠦᠯᠭᠡ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠳᠠᠯᠪᠢᠬᠤ ᠵᠠᠩᠬᠢᠯᠠᠭ᠎ᠠ ᠶᠢᠨ ᠵᠢᠯ ᠪᠤᠯᠤᠨ᠎ᠠ᠃ ᠡᠶᠢᠮᠦ ᠠᠴᠠ ᠪᠢᠳᠡ | ᠥᠪᠡᠷ ᠤᠨ ᠪᠡᠶ᠎ᠡ ᠳᠤ ᠪᠠᠨ ᠳᠠᠷᠤᠯᠳᠠ ᠦᠭᠴᠦ᠂ ᠬᠦᠴᠢᠷ ᠢ ᠰᠥᠷᠦᠨ ᠤᠷᠤᠭᠰᠢᠯᠠᠵᠤ᠂ ᠬᠢᠵᠢᠭ ᠤᠨ ᠪᠠᠶᠢᠳᠠᠯ ᠤᠨ ᠰᠠᠭᠠᠳᠠᠭᠠᠭᠰᠠᠨ ᠴᠠᠭ ᠢ ᠴᠢᠷᠮᠠᠶᠢᠨ ᠨᠦᠬᠦᠵᠦ᠂ | ᠬᠤᠬᠢᠷᠠᠯ ᠢᠶᠠᠨ ᠨᠦᠬᠦᠪᠦᠷᠢᠯᠡᠨ᠂ ᠪᠦᠬᠦ ᠵᠢᠯ ᠤᠨ ᠡᠯ᠎ᠡ ᠲᠦᠷᠦᠯ ᠤᠨ ᠬᠠᠷᠠᠯᠳᠠᠳᠤ ᠡᠭᠦᠷᠭᠡ ᠪᠠᠨ ᠴᠢᠷᠮᠠᠶᠢᠨ ᠪᠡᠶᠡᠯᠡᠬᠦᠯᠦᠨ᠎ᠡ᠃ | ︵ᠨᠢᠭᠡ︶ ᠭᠤᠷᠪᠠᠨ ᠶᠡᠭᠡ ᠰᠢᠪᠳᠤᠯᠤᠯᠳᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠨ᠎ᠡ | ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠡᠷᠴᠢ ᠵᠤᠷᠢᠭ ᠢᠶᠠᠷ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ | ᠰᠢᠢᠳᠪᠦᠷᠢᠳᠦ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠳᠡᠢ᠃ ︽ᠳᠥᠷᠪᠡ ᠶᠢ ᠠᠪᠴᠤ ᠬᠠᠶᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠠᠷᠪᠠᠨ ᠶᠡᠭᠡ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠡᠯ᠎ᠡ ᠲᠥᠷᠥᠯ ᠤᠨ ᠲᠣᠭᠤᠷᠢᠨ | ᠪᠠᠶᠢᠴᠠᠭᠠᠯᠳᠠ ᠬᠢᠨᠠᠨ ᠰᠢᠯᠭᠠᠯᠳᠠ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠬᠦᠴᠦᠨ ᠢᠶᠠᠷ ᠰᠠᠶᠢᠲᠤᠷ ᠠᠳᠬᠤᠵᠤ᠂ | ᠦᠷ᠎ᠡ ᠪᠦᠳᠦᠮᠵᠢ ᠶᠢ ᠪᠠᠬᠢᠵᠢᠭᠦᠯᠦᠨ᠂ ᠶᠠᠰᠤ ᠴᠢᠨᠠᠷ ᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ᠂ ᠪᠥᠬᠦ ᠲᠠᠯ᠎ᠠ ᠪᠠᠷ ᠶᠠᠳᠠᠭᠤ ᠠᠴᠠ | ᠠᠩᠭᠢᠵᠢᠷᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠤᠯᠭᠠᠭᠤᠯᠬᠤ ᠶᠢ ᠪᠥᠬᠦ ᠣᠷᠣᠨ ᠤ ᠡᠮᠦᠨ᠎ᠡ ᠡᠩᠨᠡᠭᠡᠨ ᠳᠤ ᠤᠷᠤᠬᠤ | ᠶᠢ ᠦᠨᠡᠨ ᠬᠦ ᠪᠠᠲᠤᠯᠠᠨ᠎ᠠ᠃ ᠵᠠᠬ᠎ᠠ ᠶᠢᠨ ᠡᠷᠦᠬᠡ ᠪᠠ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠬᠥᠳᠡᠯᠦᠩᠭᠦᠢ ᠪᠠᠷ ᠬᠢᠨᠠᠨ ᠰᠢᠯᠭᠠᠬᠤ ᠶᠢ ᠴᠢᠩᠭᠠᠳᠬᠠᠵᠤ᠂ | ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠳᠡᠢ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ | ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠣᠨᠴᠠᠯᠢᠭᠲᠤ ᠠᠵᠤ ᠦᠢᠯᠡᠰ ᠢ ᠬᠦᠭᠵᠢᠬᠦᠯᠵᠦ᠂ ᠨᠢᠭᠡ ᠪᠦᠯᠦᠭ ᠣᠨᠴᠠᠯᠢᠭ ᠢᠶᠠᠷ ᠢᠯᠡ ᠲᠣᠳᠣ᠂ | ᠳᠠᠶᠢᠴᠢᠯᠠᠬᠤ ᠬᠦᠴᠦᠨ ᠢᠶᠠᠷ ᠴᠢᠩᠭ᠎ᠠ ᠶᠠᠳᠠᠭᠤ ᠶᠢ ᠲᠡᠳᠬᠦᠬᠦ ᠠᠵᠤ ᠦᠢᠯᠡᠰ ᠤᠨ ᠵᠢᠱᠢᠶ᠎ᠡ ᠦᠵᠡᠬᠦᠯᠬᠦ ᠬᠦᠷᠢᠶᠡᠯᠡᠩ ᠢ ᠴᠣᠭᠴᠠᠯᠠᠨ ᠪᠠᠶᠢᠭᠤᠯᠵᠤ᠂ ᠶᠠᠳᠠᠭᠤ | ᠬᠦᠴᠢᠷᠳᠡᠯᠲᠡᠶ ᠡᠷᠦᠬᠡ ᠶᠢ ᠠᠵᠤ ᠦᠢᠯᠡᠰ ᠤᠨ ᠬᠡᠯᠬᠢᠶ᠎ᠡ ᠳᠤ ᠤᠷᠤᠭᠤᠯᠤᠨ᠎ᠠ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ | ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠨᠠᠷᠢᠨ | ᠬᠢᠨᠠᠮᠠᠭᠠᠢ ᠰᠠᠶᠢᠲᠤᠷ ᠬᠢᠵᠦ᠂ ᠴᠠᠭ ᠬᠤᠭᠤᠴᠠᠭ᠎ᠠ ᠪᠠ ᠠᠷᠠᠳ ᠲᠦᠮᠡᠨ ᠤ ᠰᠤᠷᠢᠯᠳᠠ ᠶᠢ ᠳᠠᠭᠠᠭᠠᠵᠤ ᠳᠡᠶᠢᠯᠬᠦ ᠶᠢ ᠪᠠᠳᠤᠯᠠᠬᠤ ᠬᠡᠷᠡᠭᠳᠡᠢ᠃ | ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠᠷ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠬᠡᠷᠡᠭᠳᠡᠢ᠃ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ︽ᠪᠤᠴᠠᠵᠤ ᠪᠠᠶᠢᠴᠠᠭᠠᠨ ᠦᠵᠡᠬᠦ︾᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠬᠤᠭᠤᠴᠠᠭᠠᠨ ᠳᠤ ᠨᠢ ᠳᠠᠭᠤᠰᠬᠠᠬᠤ ᠬᠡᠷᠡᠭᠳᠡᠢ᠃ ᠨᠡᠬᠦᠷᠡᠰᠦᠨ ᠤ ᠬᠡᠷᠡᠭᠯᠡᠯᠳᠡ ᠶᠢ ᠪᠠᠭᠠᠰᠬᠠᠬᠤ᠂ | ᠲᠣᠭᠤᠰᠣ ᠶᠢ ᠳᠠᠷᠤᠬᠤ᠂ ᠣᠽᠣᠨ ᠢ ᠪᠠᠭᠤᠷᠠᠭᠤᠯᠬᠤ ᠪᠠᠷ ᠭᠤᠤᠯᠳᠠᠯᠭ᠎ᠠ ᠪᠣᠯᠭᠠᠨ᠂ ᠬᠠᠮᠤᠭ ᠤᠨ ᠴᠢᠩᠭ᠎ᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠠᠭᠠᠷ ᠤᠨ ᠴᠢᠨᠠᠷ ᠰᠢᠯᠢᠳᠡᠭ ᠡᠳᠤᠷ ᠤᠨ ᠬᠠᠷᠢᠴᠠᠯ ᠢ 83. | 8% ᠠᠴᠠ ᠳᠡᠭᠡᠭᠰᠢ ᠳᠤ ᠬᠦᠷᠦᠭᠦᠯᠬᠦ ᠶᠢ ᠪᠠᠲᠤᠯᠠᠵᠤ᠂ ᠬᠦᠬᠡ ᠣᠭᠲᠠᠷᠭᠤᠶ ᠶᠢ ᠬᠠᠮᠠᠭᠠᠯᠠᠬᠤ ᠲᠠᠶᠢᠨ ᠤ ᠢᠯᠠᠯᠲᠠ ᠶᠢ ᠡᠷᠡᠰ ᠣᠯᠤᠨ᠎ᠠ᠃ ᠪᠣᠭᠤᠮᠲᠠ ᠶᠢᠨ ᠨᠡᠬᠦᠷᠡᠰᠦ | ᠲᠣᠭᠤᠰᠣᠨ ᠤ ᠪᠣᠬᠢᠷᠲᠤᠯ ᠢ ᠵᠠᠰᠠᠬᠤ ᠠᠵᠢᠯ ᠢ ᠰᠠᠶᠢᠲᠤᠷ ᠠᠳᠬᠤᠵᠤ᠂ ᠨᠡᠭᠦᠷᠡᠰᠦ ᠶᠢ ᠪᠢᠲᠡᠭᠦᠮᠵᠢᠯᠡᠨ ᠬᠥᠮᠥᠷᠭᠡᠯᠡᠨ ᠬᠠᠳᠠᠭᠠᠯᠠᠬᠤ ᠪᠠ ᠴᠢᠩᠬᠡᠯᠢᠭᠵᠢᠬᠦᠯᠦᠨ | ᠲᠡᠭᠡᠭᠡᠪᠦᠷᠢᠯᠡᠬᠦ ᠶᠢ ᠲᠦᠬᠡᠮᠡᠯᠵᠢᠬᠦᠯᠵᠦ᠂ ᠬᠢᠨᠠᠨ ᠬᠠᠮᠢᠶᠠᠷᠬᠤ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠪᠣᠭᠤᠮᠲᠠ ᠶᠢᠨ ᠣᠷᠴᠢᠨ | ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠲᠦᠯᠬᠢᠨ ᠠᠬᠢᠭᠤᠯᠤᠨ᠎ᠠ᠃ ᠤᠤᠭᠤᠬᠤ ᠤᠰᠤᠨ ᠤ ᠡᠬᠢ ᠰᠤᠷᠪᠤᠯᠵᠢ ᠶᠢᠨ ᠤᠷᠤᠨ ᠤ ᠪᠠᠷᠢᠮᠵᠢᠶᠠᠵᠢᠭᠰᠠᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠠᠭᠠᠨ ᠯᠤᠤᠯᠢ ᠶᠢᠨ ᠵᠢᠵᠢᠭ ᠦᠢᠯᠡᠳᠪᠦᠷᠢ᠂ ᠬᠠᠲᠠᠭᠠᠭᠰᠠᠨ ᠨᠣᠭᠤᠭ᠎ᠠ ᠶᠢᠨ ᠵᠢᠵᠢᠭ ᠦᠢᠯᠡᠳᠪᠦᠷᠢ᠂ ᠲᠡᠵᠢᠭᠡᠨ | ᠦᠷᠡᠵᠢᠬᠦᠯᠬᠦ ᠲᠠᠯᠠᠪᠠᠶ ᠵᠡᠷᠭᠡ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠴᠡᠭᠴᠡᠯᠡᠨ ᠵᠠᠰᠠᠯᠳᠠ ᠶᠢ ᠴᠢᠩᠭᠠᠷᠠᠭᠤᠯᠵᠤ᠂ | ᠡᠪᠡᠳᠴᠢᠨ ᠢᠶᠠᠷ ᠥᠭᠦᠭᠰᠡᠨ ᠵᠢᠭᠦᠷᠲᠡᠨ ᠮᠠᠯ ᠢ ᠬᠤᠤᠷ ᠦᠬᠡᠶᠢᠵᠢᠬᠦᠯᠦᠨ ᠰᠢᠢᠳᠪᠦᠷᠢᠯᠡᠬᠦ ᠶᠢ ᠰᠠᠶᠢᠲᠤᠷ ᠠᠳᠬᠤᠬᠤ ᠬᠡᠷᠡᠭᠳᠡᠢ᠃ ᠬᠤᠭ ᠨᠣᠪᠰᠢ ᠶᠢ ᠲᠥᠷᠥᠯ | ᠬᠤᠪᠢᠶᠠᠬᠤ ᠪᠠ ᠬᠤᠤᠷ ᠦᠬᠡᠶᠢᠵᠢᠬᠦᠯᠦᠨ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠬᠡᠪᠴᠢᠶ᠎ᠡ ᠶᠢ ᠥᠷᠭᠡᠳᠬᠡᠵᠦ᠂ ᠡᠭᠡᠭᠦᠯᠦᠨ ᠬᠤᠷᠢᠶᠠᠵᠤ ᠪᠣᠯᠬᠤ | ᠠᠮᠢᠳᠤᠷᠠᠯ ᠤᠨ ᠬᠤᠭ ᠨᠣᠪᠰᠢ ᠶᠢ ᠤᠶᠤᠨᠴᠢᠯᠠᠨ ᠴᠤᠭᠯᠠᠭᠤᠯᠵᠤ ᠰᠢᠢᠳᠪᠦᠷᠢᠯᠡᠬᠦ ᠰᠢᠰᠲ᠋ᠧᠮ ᠢ ᠶᠡᠬᠡᠪᠡᠷ ᠳᠡᠯᠭᠡᠷᠡᠭᠦᠯᠵᠦ᠂ ᠶᠢᠨ ᠫᠧᠩ ᠶᠦᠨ ᠠᠮᠢᠳᠤᠷᠠᠯ ᠤᠨ ᠬᠤᠭ | ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠪᠠ ᠯᠢᠨ ᠾᠧ ᠲᠣᠭᠤᠷᠢᠭ ᠤᠨ ᠬᠤᠭᠤᠯᠠᠨ ᠭᠡᠷ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠵᠡᠷᠭᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠡᠮ ᠡᠮᠨᠡᠯᠬᠡ ᠶᠢᠨ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠦᠷᠢᠯᠡᠬᠦ | ᠲᠥᠪ ᠤᠨ ᠮᠡᠷᠭᠡᠵᠢᠯ ᠤᠨ ᠥᠭᠡᠷᠡᠴᠢᠯᠡᠯᠲᠡ ᠪᠠ ᠨᠡᠬᠦᠯᠬᠡᠬᠦ ᠶᠢ ᠪᠡᠶᠡᠯᠡᠬᠦᠯᠦᠨ᠎ᠡ᠃ ᠪᠦᠬᠦ ᠬᠤᠲᠠ ᠨᠢᠬᠡᠳᠦᠯᠳᠡᠢ ᠲᠦᠯᠦᠪᠯᠡᠨ ᠵᠠᠰᠠᠭ ᠵᠠᠬᠢᠷᠭᠠᠨ ᠤ ᠤᠷᠤᠨ ᠤ | ᠬᠢᠵᠠᠭᠠᠷᠯᠠᠯ ᠢ ᠳᠠᠪᠠᠵᠤ᠂ ᠲᠣᠮᠣ ᠬᠡᠯᠪᠡᠷᠢ ᠶᠢᠨ ᠠᠵᠤ ᠠᠬᠤᠶᠢᠯᠠᠯ ᠢ ᠤᠷᠢᠨ ᠣᠷᠣᠭᠤᠯᠵᠤ᠂ ᠮᠠᠯ ᠵᠢᠭᠦᠷᠲᠡᠨ ᠤ ᠢᠯᠭᠠᠳᠠᠰᠤ᠂ ᠲᠠᠷᠢᠮᠠᠯ ᠤᠨ ᠡᠰᠢ ᠰᠦᠷᠡᠯ ᠵᠡᠷᠭᠡ | ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠦᠷᠢᠯᠡᠵᠦ᠂ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ | ᠬᠤᠷᠢᠭ᠎ᠠ ᠱᠤᠭᠤᠮ ᠤᠨ ᠰᠡᠳᠬᠢᠬᠦᠶ ᠪᠠᠷ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠳᠡᠢ᠃ ᠵᠠᠰᠠᠭ ᠤᠨ ᠣᠷᠳᠣᠨ ᠤ ᠥᠷᠢ | ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠬᠦᠯᠦᠨ᠂ ᠳᠠᠯᠳᠠ ᠥᠷᠢ ᠥᠭᠴᠡᠭᠡ ᠶᠢ ᠯᠠᠪᠳᠠᠭᠤᠨ ᠡᠮᠬᠢ | ᠵᠢᠷᠤᠮ ᠲᠠᠢ ᠰᠢᠢᠳᠪᠦᠷᠢᠯᠡᠵᠦ᠂ ᠥᠷᠢ ᠦᠭᠴᠡᠭᠡ ᠶᠢ ᠠᠷᠢᠯᠭᠠᠬᠤ ᠵᠢᠯ ᠤᠨ ᠬᠠᠷᠠᠯᠲᠠ ᠪᠠᠨ ᠴᠠᠭ ᠤᠨ ᠳᠠᠷᠠᠭᠠᠯᠠᠯ ᠢᠶᠠᠷ ᠪᠡᠶᠡᠯᠡᠭᠦᠯᠦᠨ᠎ᠡ᠃ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠤᠨ ᠦᠷᠢᠳᠦᠵᠦ ᠪᠠᠶᠢᠭᠰᠠᠨ ᠳᠠᠩᠰᠠᠨ ᠳᠠᠬᠢ ᠵᠤᠭᠤᠰ ᠢ ᠢᠯᠭᠠᠷᠠᠭᠤᠯᠬᠤ ᠠᠵᠢᠯ ᠢ ᠪᠡᠶᠡᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠥᠷᠢ ᠦᠭᠴᠡᠭᠡ ᠶᠢ ᠢᠯᠭᠠᠷᠠᠭᠤᠯᠬᠤ ᠱᠠᠩᠨᠠᠵᠤ ᠨᠦᠬᠦᠪᠦᠷᠢᠯᠡᠬᠦ ᠪᠡᠯᠡ ᠮᠥᠩᠭᠦ ᠶᠢ ᠣᠯᠬᠤ ᠪᠠᠷ ᠢᠳᠡᠪᠬᠢᠳᠡᠢ ᠴᠢᠷᠮᠠᠶᠢᠨ᠎ᠠ᠃ | ᠠᠯᠪᠠᠨ ᠠᠵᠢᠯᠯᠠᠭ᠎ᠠ᠂ ᠠᠷᠤ ᠲᠠᠯ᠎ᠠ ᠶᠢᠨ ᠦᠢᠯᠡᠴᠢᠯᠡᠬᠡᠨ ᠤ ᠪᠠᠲᠤᠯᠠᠭ᠎ᠠ᠂ ᠠᠯᠪᠠᠨ ᠶᠠᠪᠤᠳᠠᠯ ᠤᠨ ᠵᠣᠴᠢᠯᠠᠯᠭ᠎ᠠ᠂ ᠡᠯ᠎ᠡ ᠲᠥᠷᠥᠯ ᠤᠨ ᠪᠣᠯᠪᠠᠰᠤᠷᠠᠭᠤᠯᠤᠯ᠂ ᠪᠠᠶᠠᠷ | ᠳᠤᠷᠠᠰᠬᠠᠯ ᠤᠨ ᠴᠤᠭᠯᠠᠭᠠᠨ ᠵᠡᠷᠭᠡ ᠵᠠᠷᠤᠯᠭ᠎ᠠ ᠶᠢ ᠴᠢᠩᠭ᠎ᠠ ᠡᠵᠡᠮᠳᠡᠵᠦ᠂ ᠪᠠᠯᠠ ᠮᠥᠩᠭᠦ ᠶᠢ ᠠᠷᠪᠢᠯᠠᠵᠤ ᠥᠷᠢ ᠥᠭᠴᠡᠭᠡ ᠶᠢ ᠢᠯᠭᠠᠷᠠᠭᠤᠯᠬᠤ ᠳᠤ ᠲᠦᠯᠦᠪᠵᠢᠬᠦᠯᠦᠨ | ᠬᠡᠷᠡᠭᠯᠡᠨ᠎ᠡ᠃ ᠬᠤᠭᠤᠴᠠᠭ᠎ᠠ ᠲᠤᠯᠤᠭᠰᠠᠨ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠰᠣᠯᠢᠵᠤ ᠥᠭᠬᠦ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ | ᠰᠡᠷᠭᠡᠶᠢᠯᠡᠨ᠎ᠡ᠃ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠵᠦᠶ ᠪᠤᠰᠤ ᠵᠢᠭᠡᠯᠡᠯᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ | ᠥᠨᠳᠥᠷ ᠬᠦᠤ ᠲᠠᠢ ᠵᠢᠭᠡᠯᠡᠯᠭᠡ᠂ ᠬᠠᠤᠯᠢ ᠪᠤᠰᠤ ᠪᠠᠷ ᠪᠠᠯᠠ ᠴᠤᠭᠯᠠᠭᠤᠯᠬᠤ᠂ ᠮᠥᠩᠭᠦᠨ ᠬᠦᠢᠯᠬᠡᠬᠡᠨ ᠤ ᠮᠡᠬᠡᠯᠡᠯ᠂ ᠴᠥᠷᠬᠡᠯᠡᠭᠡ ᠵᠢᠭᠡᠯᠡᠯᠭᠡ ᠵᠡᠷᠭᠡ ᠦᠢᠯᠡ | ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠣᠬᠢᠯᠲᠠ ᠥᠭᠴᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠠᠷᠠᠳ ᠤᠨ ᠳᠤᠮᠳᠠᠬᠢ ᠵᠢᠬᠡᠯᠡᠯᠬᠡ ᠶᠢᠨ | ᠬᠠᠮᠢᠶ᠎ᠠ ᠪᠥᠬᠦᠶ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠡᠷᠡᠰ ᠴᠢᠩᠭ᠎ᠠ ᠴᠡᠭᠴᠡᠯᠡᠨ ᠵᠠᠰᠠᠵᠤ᠂ ᠮᠥᠩᠭᠦᠨ ᠬᠦᠢᠯᠬᠡᠬᠡᠨ ᠤ ᠲᠦᠭᠰᠢᠭᠦᠷᠢ ᠶᠢ | ᠪᠦᠲᠦᠮᠵᠢᠲᠡᠶ ᠰᠡᠷᠭᠡᠶᠢᠯᠡᠨ᠎ᠡ᠃ | ︵ᠬᠤᠶᠠᠷ︶ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ | ᠲᠥᠯᠥᠪᠯᠡᠨ ᠠᠬᠢᠭᠤᠯᠤᠨ᠎ᠠ | ᠤᠯᠠᠭᠠᠨᠰᠤᠬᠠᠢ ᠨᠠᠭᠤᠷ ᠢ ᠶᠡᠷᠦᠩᠬᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ᠃ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠭᠤᠯᠠ ᠤᠰᠤ ᠣᠢ | ᠲᠠᠷᠢᠶ᠎ᠠ ᠨᠠᠭᠤᠷ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠤᠯᠤᠰ ᠤᠨ ᠲᠤᠷᠰᠢᠯᠲᠠ ᠶᠢᠨ ᠴᠡᠭ ᠤᠨ ᠢᠨᠵᠧᠨᠧᠷᠢᠩ ᠤᠨ ᠰᠢᠪᠲᠤᠯᠤᠯᠲᠠ ᠶᠢᠨ | ᠳᠠᠶᠢᠯᠠᠯᠳᠤᠭᠠᠨ ᠢ ᠪᠦᠬᠦ ᠬᠦᠴᠦᠨ ᠢᠶᠠᠷ ᠰᠠᠶᠢᠲᠤᠷ ᠬᠢᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠠᠮᠢ | ᠠᠬᠤᠢ ᠶᠢᠨ ᠬᠠᠮᠠᠭᠠᠯᠠᠯᠲᠠ ᠶᠢᠨ ᠲᠤᠰᠬᠠᠢ ᠪᠡᠯᠡ ᠮᠦᠩᠬᠦ ᠶᠢ ᠡᠮᠬᠢᠯᠡᠨ ᠨᠢᠭᠡᠳᠬᠡᠵᠦ᠂ ᠨᠡᠶᠢᠭᠡᠮ ᠤᠨ ᠬᠥᠷᠥᠩᠭᠡ ᠶᠢ ᠲᠡᠳᠡᠨ ᠣᠷᠣᠯᠴᠠᠭᠤᠯᠵᠤ᠂ ᠢᠨᠵᠧᠨᠧᠷᠢᠩ ᠤᠨ | ᠪᠦᠳᠦᠬᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠢᠨᠵᠧᠨᠧᠷᠢᠩ ᠤᠨ ︽ᠵᠢᠷᠭᠤᠭᠠᠨ ᠰᠠᠶᠢᠨ︾ ᠪᠠᠷᠢᠮᠵᠢᠶ᠎ᠠ ᠪᠠ ︽ᠬᠤᠣᠰ ᠨᠢᠭᠡᠳᠦᠭᠡᠷ︾ ᠬᠠᠷᠠᠯᠲᠠ ᠶᠢ | ᠪᠡᠶᠡᠯᠡᠭᠦᠯᠬᠦ ᠪᠠᠷ ᠴᠢᠷᠮᠠᠶᠢᠨ᠎ᠠ᠃ ︽ᠤᠯᠠᠭᠠᠨᠰᠤᠬᠠᠢ ᠨᠠᠭᠤᠷ ᠢ ᠶᠡᠷᠦᠩᠬᠡᠶᠢᠯᠡᠨ ᠵᠠᠰᠠᠬᠤ ᠲᠦᠯᠦᠪᠵᠢᠬᠦᠯᠭᠡ ︵ᠵᠠᠰᠠᠪᠤᠷᠢᠯᠠᠨ ᠨᠠᠶᠢᠷᠠᠭᠤᠯᠤᠭᠰᠠᠨ︶︾ ᠶᠢᠨ ᠲᠥᠷᠥᠯ | ᠵᠦᠢᠯ ᠤᠨ ᠬᠡᠷᠡᠭᠵᠢᠭᠦᠯᠦᠯᠲᠡ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠡᠳ᠋ ᠤᠨ ᠵᠠᠰᠠᠭ ᠠᠴᠠ | ᠱᠠᠩᠨᠠᠨ ᠨᠥᠬᠦᠪᠥᠷᠢᠯᠡᠬᠦ᠂ ᠨᠡᠶᠢᠭᠡᠮ ᠠᠴᠠ ᠪᠡᠯᠡ ᠣᠷᠣᠭᠤᠯᠬᠤ᠂ ᠲᠠᠷᠢᠶᠠᠴᠢᠳ ᠥᠪᠡᠷ ᠢᠶᠠᠨ ᠮᠦᠩᠬᠦ ᠴᠤᠭᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ︽ | ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠵᠠᠰᠠᠯᠳᠠ ᠶᠢᠨ ᠦᠷ᠎ᠡ ᠪᠦᠲᠦᠮᠵᠢ ᠶᠢ ᠵᠠᠳᠠᠯᠤᠨ ᠦᠨᠡᠯᠡᠬᠦ ᠶᠢ | ᠴᠢᠩᠭᠠᠷᠠᠭᠤᠯᠵᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠢᠨᠵᠢᠯᠡᠬᠦ ᠤᠬᠠᠭᠠᠨᠴᠢ ᠪᠠᠷ ᠵᠠᠰᠠᠵᠤ᠂ ᠣᠨ ᠤ ᠬᠢᠮᠢ ᠶᠢᠨ ᠪᠣᠷᠳᠣᠭᠤᠷ᠂ ᠲᠠᠷᠢᠶᠠᠨ ᠡᠮ ᠤᠨ | ᠠᠰᠢᠭᠯᠠᠯᠲᠠ ᠶᠢᠨ ᠨᠣᠷᠮ᠎ᠠ ᠶᠢ ᠴᠥᠮ 40% ᠳᠤ ᠬᠦᠷᠭᠡᠨ᠎ᠡ᠃ ᠤᠯᠠᠭᠠᠨᠰᠤᠬᠠᠢ ᠨᠠᠭᠤᠷ ᠤᠨ ᠣᠷᠣᠨ ᠤ ᠨᠤᠭᠤ ᠭᠠᠵᠠᠷ ᠢ ᠵᠠᠰᠠᠨ ᠰᠡᠷᠭᠦᠭᠡᠬᠦ᠂ ᠬᠤᠯᠤᠰᠤ | ᠡᠳ᠋ᠰᠢᠭᠦᠯᠬᠦ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ ᠨᠠᠭᠤᠷ ᠤᠨ ᠣᠷᠣᠨ ᠤ ᠤᠰᠤᠨ ᠤ ᠴᠢᠨᠠᠷ ᠢ ᠰᠠᠶᠢᠵᠢᠷᠠᠭᠤᠯᠤᠨ᠎ᠠ᠃ ᠠᠮᠢ ᠠᠬᠤᠢ ᠶᠢᠨ ᠣᠷᠴᠢᠨ ᠲᠣᠭᠤᠷᠢᠨ | ᠢ ᠬᠢᠨᠠᠨ ᠰᠢᠯᠭᠠᠬᠤ ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠬᠢᠨᠠᠨ ᠰᠢᠯᠭᠠᠬᠤ ᠬᠠᠮᠢᠶᠠᠷᠤᠯᠲᠠ ᠶᠢᠨ ᠮᠡᠳᠡᠭᠡ | ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠮᠵᠢᠯᠭᠡ ᠶᠢ ᠣᠯᠬᠤ ᠪᠠᠷ ᠢᠳᠡᠪᠬᠢᠯᠡᠨ ᠴᠢᠷᠮᠠᠶᠢᠵᠤ᠂ | ᠤᠯᠠᠭᠠᠨᠰᠤᠬᠠᠢ ᠨᠠᠭᠤᠷ ᠤᠨ ᠠᠮᠢ ᠠᠬᠤᠢ ᠶᠢ ᠵᠠᠰᠠᠨ ᠰᠡᠷᠭᠦᠭᠡᠬᠦ ᠤᠰᠤ ᠨᠥᠬᠦᠪᠥᠷᠢᠯᠡᠬᠦ ᠵᠠᠮ ᠤᠨ ᠢᠨᠵᠧᠨᠧᠷᠢᠩ ᠢ ᠡᠷᠲᠡᠬᠡᠨ ᠪᠤᠳᠠᠳᠠᠶᠢᠵᠢᠭᠤᠯᠤᠨ᠎ᠠ᠃ | ᠭᠤᠤᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠨ᠎ᠠ᠃ ᠠᠶᠠᠨᠳᠠᠭᠠᠨ ᠰᠡᠷᠭᠦᠭᠡᠬᠦ ᠪᠠᠷ ᠭᠤᠤᠯ ᠪᠣᠯᠭᠠᠬᠤ ᠶᠢ | ᠪᠠᠷᠢᠮᠲᠠᠯᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠯ᠎ᠡ ᠲᠥᠷᠥᠯ ᠤᠨ | ᠠᠮᠢ ᠠᠬᠤᠶ ᠶᠢᠨ ᠵᠠᠰᠠᠯᠲᠠ ᠶᠢᠨ ᠭᠤᠤᠯᠳᠠᠯᠭ᠎ᠠ ᠲᠠᠢ ᠢᠨᠵᠧᠨᠧᠷᠢᠩ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ | ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠭᠤᠷᠪᠠᠳᠠᠬᠢ ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢ | ᠪᠡᠶᠡᠯᠡᠬᠦᠯᠦᠨ᠎ᠡ᠃ ᠤᠰᠤ ᠠᠷᠪᠢᠯᠠᠬᠤ᠂ ᠠᠮᠢ ᠠᠬᠤᠶ ᠶᠢ ᠤᠷᠢᠳᠠᠪᠠᠷ ᠪᠣᠳᠣᠯᠬᠢᠯᠠᠬᠤ ᠶᠢ ᠪᠠᠷᠢᠮᠲᠠᠯᠠᠵᠤ᠂ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ | ᠮᠠᠶ᠋ᠢᠭ ᠠᠴᠠ ᠠᠷᠪᠢᠯᠠᠬᠤ᠂ ᠡᠷᠴᠢᠮᠵᠢᠭᠦᠯᠦᠭᠰᠡᠨ ᠮᠠᠶ᠋ᠢᠭ ᠪᠣᠯᠭᠠᠨ ᠬᠤᠪᠢᠷᠠᠭᠤᠯᠤᠨ᠎ᠠ᠃ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ | ᠪᠣᠳᠠᠲᠠᠶ ᠠᠬᠢᠭᠤᠯᠵᠤ᠂ ᠵᠦᠷᠢᠶᠡᠴᠢᠯᠡᠭᠰᠡᠨ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ᠰᠤᠪᠠᠭ ᠤᠨ | ᠠᠷᠢᠭᠤᠨ ᠴᠡᠪᠡᠷ᠂ ᠡᠮᠬᠢ ᠴᠡᠭᠴᠡ᠂ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠨ᠎ᠠ᠃ ᠨᠤᠭᠤ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠨᠤᠭᠤ | ᠭᠠᠵᠠᠷ ᠤᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠠᠬᠢᠭᠤᠯᠤᠨ᠎ᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶᠡᠨ ᠳᠠᠬᠢ ᠲᠣᠪᠤᠶᠢᠮ᠎ᠠ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠪᠠ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠢ ᠵᠥᠷᠢᠴᠡᠵᠦ ᠬᠠᠤᠯᠢ ᠶᠢ ᠵᠦᠷᠢᠴᠡᠭᠰᠡᠨ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ᠵᠠᠳᠠᠭᠠᠶ ᠠᠭᠤᠷᠬᠠᠶ ᠶᠢ ᠶᠡᠷᠦᠩᠬᠡᠶᠢᠯᠡᠨ ᠵᠠᠰᠠᠬᠤ ᠡᠷᠴᠢᠮ ᠢᠶᠠᠨ ᠨᠡᠮᠡᠭᠳᠡᠭᠦᠯᠵᠦ᠂ ᠮᠤᠨᠠ | ᠠᠭᠤᠯᠠ ᠶᠢᠨ ᠠᠭᠤᠷᠬᠠᠢ ᠶᠢ ᠵᠠᠰᠠᠵᠤ ᠰᠡᠷᠭᠦᠭᠡᠬᠦ ᠢᠨᠵᠧᠨᠧᠷᠢᠩ ᠢ ᠰᠠᠶᠢᠲᠤᠷ ᠠᠳᠬᠤᠨ᠎ᠠ᠃ ᠬᠠᠳᠤᠨ ᠭᠤᠣᠯ ᠤᠨ ᠭᠤᠣᠯ ᠤᠨ ᠵᠠᠮ ᠪᠠ ᠳᠠᠩ ᠭᠠᠵᠠᠷ ᠤᠨ | ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠬᠠᠳᠤᠨ ᠭᠤᠣᠯ ᠳᠠᠭᠠᠤ ᠶᠢᠨ ᠠᠮᠢ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠳᠠ᠂ ᠬᠠᠳᠤᠨ | ᠭᠤᠣᠯ ᠤᠨ ᠬᠤᠶᠢᠲᠤ ᠡᠷᠭᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠢᠨᠵᠧᠨᠧᠷᠢᠩ ᠢ ᠲᠦᠯᠬᠢᠨ ᠠᠬᠢᠭᠤᠯᠵᠤ᠂ ᠳᠣᠷᠣᠶᠢᠲᠠᠵᠤ ᠮᠠᠭᠤᠳᠠᠭᠰᠠᠨ | ᠨᠤᠲᠤᠭ ᠪᠡᠯᠴᠢᠭᠡᠷ ᠤᠨ ᠬᠥᠮᠦᠨ ᠤ ᠬᠦᠴᠦ ᠪᠠᠷ ᠡᠪᠡᠰᠦ ᠳᠠᠷᠢᠵᠤ ᠠᠮᠢ ᠠᠬᠤᠢ ᠶᠢ ᠰᠡᠷᠭᠦᠭᠡᠬᠦ ᠤᠯᠤᠰ ᠤᠨ ᠲᠤᠷᠰᠢᠯᠲᠠ ᠶᠢᠨ ᠢᠨᠵᠧᠨᠧᠷᠢᠩ ᠢ ᠬᠡᠷᠡᠭᠵᠢᠬᠦᠯᠦᠨ᠎ᠡ᠃ | ᠠᠵᠤ ᠠᠬᠤᠢ ᠶᠢᠨ ᠤᠢ ᠶᠢᠨ ᠲᠠᠷᠢᠬᠤ ᠲᠠᠯᠠᠪᠠᠢ ᠶᠢ ᠯᠠᠪᠳᠠᠭᠤᠨ ᠢᠶᠠᠷ ᠥᠷᠭᠡᠳᠬᠡᠵᠦ᠂ ᠠᠵᠤ ᠠᠬᠤᠢ ᠶᠢᠨ ᠤᠢ ᠶᠢᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ | ᠬᠦᠷᠢᠶᠡᠯᠡᠩ ᠢ 10 ᠪᠠᠶᠢᠭᠤᠯᠤᠨ᠎ᠠ᠃ ᠳᠤᠮᠳᠠᠳᠤ ᠤᠯᠤᠰ — ᠢᠰᠷᠧᠯ ︵ᠪᠠᠶᠠᠨᠨᠠᠭᠤᠷ︶ ᠤᠨ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠬᠦᠯᠬᠦ | ᠣᠷᠣᠨ ᠪᠠ ᠪᠥᠬᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ᠂ ᠣᠶ ᠮᠣᠳᠣᠨ ᠤ ᠦᠷ᠎ᠡ ᠶᠢᠨ ᠬᠥᠮᠥᠷᠭᠡ ᠵᠡᠷᠭᠡ ᠲᠥᠷᠥᠯ | ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠤᠨ᠎ᠠ᠃ ᠠᠮᠢ ᠠᠬᠤᠢ ᠶᠢᠨ ᠵᠠᠰᠠᠯᠲᠠ ᠬᠢᠭᠡᠳ ᠪᠣᠬᠢᠷᠲᠤᠯ ᠦᠭᠡᠢ ᠠᠵᠤ ᠦᠢᠯᠡᠰ ᠤᠨ ᠬᠥᠭᠵᠢᠯᠲᠡ ᠶᠢᠨ | ᠲᠣᠭᠤᠷᠢᠨ ᠳᠤ᠂ ᠨᠢᠭᠡ ᠪᠦᠯᠦᠭ ᠠᠮᠢ ᠠᠬᠤᠢ ᠶᠢᠨ ᠠᠵᠤ ᠦᠢᠯᠡᠰ ᠤᠨ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠠᠮᠢ ᠠᠬᠤᠢ ᠶᠢᠨ ᠠᠵᠤ | ᠦᠢᠯᠡᠰᠵᠢᠯᠲᠡ᠂ ᠠᠵᠤ ᠦᠢᠯᠡᠰ ᠤᠨ ᠠᠮᠢ ᠠᠬᠤᠶᠢᠵᠢᠯᠳᠠ ᠶᠢ ᠠᠬᠢᠭᠤᠯᠤᠨ᠎ᠠ᠃ ᠤᠯᠤᠰ ᠤᠨ ︽ᠬᠦᠬᠡ ᠠᠭᠤᠯᠠ ᠬᠦᠬᠡᠮᠳᠦᠭ ᠤᠰᠤ ᠪᠣᠯ ᠠᠯᠲᠠ ᠮᠥᠩᠭᠦᠨ | ᠠᠭᠤᠯᠠ ᠮᠥᠨ︾ ᠭᠡᠬᠦ ᠦᠢᠯᠡᠳᠦᠯᠬᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ | ︵ᠭᠤᠷᠪᠠ︶ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ᠃ ᠬᠤᠲᠠ ᠶᠢᠨ ᠨᠠᠮ ᠤᠨ ᠬᠤᠷᠢᠶᠠᠨ ᠤ ︽ᠶᠡᠷᠦᠩᠬᠡᠢ ᠱᠦᠵᠢ | ᠰᠢ ᠶᠢᠨ ᠫᠢᠩ ᠤᠨ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠣᠳᠣ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠢ ᠳᠡᠭᠡᠭᠰᠢᠯᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠪᠠ ︽ | ᠮᠦ ᠪᠦᠷᠢ ᠶᠢᠨ ᠳᠤᠮᠳᠠᠴᠢ ᠦᠷ᠎ᠡ ᠠᠰᠢᠭ ᠢᠶᠠᠷ ᠰᠤᠳᠤᠨ ᠰᠢᠯᠭᠠᠷᠠᠭᠤᠯᠬᠤ︾ ᠣᠶᠢᠯᠠᠭᠠᠭᠳᠠᠬᠤᠨ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠷᠪᠠᠨ ᠵᠢᠯ ᠤᠨ | ᠴᠠᠭ ᠢ ᠬᠡᠷᠡᠭᠯᠡᠨ ᠪᠦᠬᠦ ᠬᠤᠲᠠ ᠶᠢᠨ ᠭᠤᠷᠪᠠᠨ ᠤ ᠨᠢᠭᠡ ᠶᠢᠨ ᠰᠢᠯᠢᠳᠡᠭ ᠲᠠᠷᠢᠶᠠᠨ ᠭᠠᠵᠠᠷ ᠤᠨ ᠮᠦ ᠪᠦᠷᠢ ᠶᠢᠨ ᠳᠤᠮᠳᠠᠴᠢ ᠨᠢᠭᠡ ᠬᠤᠶᠠᠷ ᠭᠤᠷᠪᠠᠳᠤᠭᠠᠷ ᠠᠵᠤ | ᠦᠢᠯᠡᠰ ᠤᠨ ᠶᠡᠷᠦᠩᠬᠡᠶᠢᠯᠡᠭᠰᠡᠨ ᠦᠢᠯᠡᠳᠬᠦᠨ ᠤ ᠥᠷᠲᠡᠭ ᠢ 2 ᠲᠦᠮᠡᠨ ᠲᠥᠭᠦᠷᠢᠭ ᠲᠤ ᠬᠦᠷᠭᠡᠵᠦ᠂ ᠤᠯᠤᠰ ᠤᠨ ᠣᠳᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃ | ︽ᠲᠡᠭᠷᠢ ᠶᠢᠨ ᠬᠡᠰᠢᠭᠳᠦ ᠪᠣᠷᠣᠲᠣᠬᠤᠶ︾ ᠨᠡᠷᠡᠲᠦ ᠳᠡᠮᠳᠡᠭ ᠢ ᠤᠯᠠᠮ ᠨᠢᠭᠡ ᠠᠯᠬᠤᠮ ᠪᠤᠵᠠᠭᠠᠶᠢᠷᠠᠭᠤᠯᠤᠨ᠎ᠠ᠃ ᠨᠡᠷᠡᠲᠦ ᠳᠡᠮᠳᠡᠭ ᠤᠨ ᠡᠵᠡᠩᠨᠡᠯᠲᠡ ᠶᠢᠨ ︽ | ᠲᠤᠯᠤᠭᠠᠨ ᠲᠣᠮᠣ ᠰᠢᠰᠲ᠋ᠧᠮ︾ ᠤᠨ ᠪᠥᠲᠥᠭᠡᠨ ᠪᠠᠶᠢᠭᠤᠯᠤᠯᠳᠠ ᠶᠢ ᠠᠬᠢᠭᠤᠯᠵᠤ᠂ ︽ᠵᠠᠭᠤᠨ ᠬᠤᠲᠠ ᠮᠢᠩᠭᠠᠨ ᠳᠡᠯᠭᠡᠭᠦᠷ ᠲᠦᠮᠡᠨ ᠯᠠᠩᠭᠦᠶ︾ ᠶᠢᠨ | ᠪᠠᠶᠢᠷᠢᠯᠠᠭᠤᠯᠤᠯᠲᠠ ᠶᠢ ᠲᠦᠷᠭᠡᠳᠬᠡᠨ᠂ ᠨᠡᠷᠡᠲᠦ ᠳᠡᠮᠳᠡᠭ ᠢ ᠤᠬᠠᠭᠤᠯᠤᠨ ᠲᠠᠨᠢᠯᠴᠠᠭᠤᠯᠬᠤ ᠡᠷᠴᠢᠮ ᠢ ᠴᠢᠩᠭᠠᠷᠠᠭᠤᠯᠵᠤ᠂ ᠨᠡᠷᠡᠲᠦ ᠲᠡᠮᠳᠡᠭ ᠢ ᠬᠡᠷᠡᠭᠯᠡᠬᠦ ᠡᠷᠬᠡ ᠶᠢ | ᠣᠯᠭᠤᠭᠰᠠᠨ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠲᠡᠳᠬᠦᠨ ᠳᠡᠮᠵᠢᠵᠦ᠂ ︽ᠲᠡᠭᠷᠢ ᠶᠢᠨ ᠬᠡᠰᠢᠭᠳᠦ ᠪᠣᠷᠣᠲᠣᠬᠤᠶ︾ ᠨᠡᠷᠡᠲᠦ ᠳᠡᠮᠳᠡᠭ | ᠤᠨ ᠨᠥᠯᠥᠭᠡᠯᠡᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠬᠦᠯᠵᠦ᠂ ᠨᠠᠩ ᠣᠯᠠᠨ ᠠᠵᠤ ᠠᠬᠤᠶᠢᠯᠠᠯ ᠪᠠ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠵᠦ᠂ ᠨᠡᠷᠡᠲᠦ | ᠳᠡᠮᠳᠡᠭᠵᠢᠬᠦᠯᠬᠦ ᠪᠠ ᠴᠢᠨᠠᠷ ᠰᠠᠶᠢᠲᠠᠶ ᠮᠠᠯ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠬᠦ ᠣᠨᠣᠯᠵᠢᠬᠤᠨ ᠢ ᠪᠠᠶᠠᠨᠨᠠᠭᠤᠷ ᠤᠨ ᠬᠥᠮᠦᠨ ᠤ ᠰᠡᠳᠬᠢᠯ ᠳᠤ | ᠰᠠᠭᠤᠭᠳᠠᠭᠤᠯᠤᠨ᠎ᠠ᠃ ︽ᠲᠡᠭᠷᠢ ᠶᠢᠨ ᠬᠡᠰᠢᠭᠳᠦ ᠪᠣᠷᠣᠲᠣᠬᠤᠶ︾ ᠶᠢᠨ ᠣᠯᠠᠨ ᠤᠯᠤᠰ ᠤᠨ ᠲᠠᠸᠠᠷ ᠤᠨ ᠲᠡᠮᠳᠡᠭ ᠢ ᠳᠠᠩᠰᠠᠯᠠᠬᠤ ᠶᠢ ᠪᠡᠶᠡᠯᠡᠭᠦᠯᠵᠦ᠂ ︽ᠲᠡᠭᠷᠢ ᠶᠢᠨ | ᠬᠡᠰᠢᠭᠳᠦ ᠪᠣᠷᠣᠲᠣᠬᠤᠶ︾ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠤᠨ ᠡᠵᠡᠩᠨᠡᠯᠲᠡ ᠶᠢ ᠰᠠᠶᠢᠲᠤᠷ ᠠᠳᠬᠤᠨ᠎ᠠ᠃ ︽ᠲᠡᠭᠷᠢ ᠶᠢᠨ ᠬᠡᠰᠢᠭᠳᠦ ᠪᠣᠷᠣᠲᠣᠬᠤᠶ︾ | ᠶᠢ ᠬᠡᠷᠡᠭᠯᠡᠬᠦ ᠡᠷᠬᠡ ᠶᠢ ᠣᠯᠭᠤᠭᠰᠠᠨ ᠮᠠᠯ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠢ ᠪᠦᠬᠦᠨ ᠢ ᠥᠪᠡᠷᠲᠡᠭᠡᠨ ᠵᠠᠰᠠᠬᠤ ᠣᠷᠣᠨ ᠤ ︽ | ᠵᠠᠭᠤᠨ ᠠᠵᠤ ᠠᠬᠤᠶᠢᠯᠠᠯ ᠳᠤ ᠦᠢᠯᠡᠴᠢᠯᠡᠬᠦ ᠴᠢᠨᠠᠷ ᠰᠠᠶᠢᠲᠠᠶ ᠬᠥᠭᠵᠢᠯᠲᠡ ᠶᠢᠨ ᠠᠵᠢᠯᠯᠠᠭ᠎ᠠ︾ ᠳᠤ ᠣᠷᠣᠭᠤᠯᠬᠤ ᠶᠢ ᠠᠬᠢᠭᠤᠯᠤᠨ᠎ᠠ᠃ ︽ᠲᠡᠭᠷᠢ ᠶᠢᠨ ᠬᠡᠰᠢᠭᠳᠦ | ᠪᠣᠷᠣᠲᠣᠬᠤᠶ︾ ᠶᠢᠨ ᠨᠡᠷ᠎ᠡ ᠳᠡᠮᠳᠡᠭ ᠬᠢᠭᠡᠳ ᠥᠪᠡᠷᠲᠡᠭᠡᠨ ᠵᠠᠰᠠᠬᠤ ᠣᠷᠣᠨ ᠤ ︽ᠮᠧᠩ ᠦᠰᠦᠭᠲᠦ ᠲᠡᠮᠳᠡᠭ︾ ᠲᠠᠢ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ | ︽ᠲᠡᠭᠷᠢ ᠶᠢᠨ ᠬᠡᠰᠢᠭᠳᠦ ᠪᠣᠷᠣᠲᠣᠬᠤᠶ︾ ᠶᠢ ᠬᠡᠷᠡᠭᠯᠡᠬᠦ ᠡᠷᠬᠡ ᠶᠢ ᠣᠯᠭᠤᠭᠰᠠᠨ ᠦᠢᠯᠡᠳᠬᠦᠨ ᠤ ᠶᠠᠰᠤ ᠴᠢᠨᠠᠷ ᠢ ᠪᠠᠲᠤᠯᠠᠬᠤ ᠳᠠᠭᠠᠳᠬᠠᠯ ᠤᠨ ᠳᠦᠷᠢᠮ ᠢ | ᠪᠠᠶᠢᠭᠤᠯᠵᠤ᠂ ᠨᠡᠷ᠎ᠡ ᠳᠡᠮᠳᠡᠭ ᠤᠨ ᠡᠷᠬᠡ ᠠᠰᠢᠭ ᠲᠤ ᠬᠠᠯᠳᠠᠭᠰᠠᠨ ᠡᠯ᠎ᠡ ᠲᠦᠷᠦᠯ ᠤᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ︽ᠲᠡᠭᠷᠢ | ᠶᠢᠨ ᠬᠡᠰᠢᠭᠳᠦ ᠪᠣᠷᠣᠲᠣᠬᠤᠶ︾ ᠶᠢ ᠬᠡᠷᠡᠭᠯᠡᠬᠦ ᠡᠷᠬᠡ ᠶᠢ ᠣᠯᠭᠤᠵᠤ ᠵᠥᠪᠰᠢᠶᠡᠷᠡᠬᠦ ᠶᠢ ᠴᠢᠩᠭ᠎ᠠ ᠠᠳᠬᠤᠵᠤ᠂ ᠪᠠᠷᠢᠮᠵᠢᠶᠠᠵᠢᠭᠰᠠᠨ ᠦᠢᠯᠡᠳᠪᠦᠷᠢᠯᠡᠯ ᠪᠠ ᠪᠥᠬᠦ | ᠶᠠᠪᠤᠴᠠ ᠶᠢᠨ ᠮᠦᠷᠳᠡᠨ ᠬᠠᠮᠢᠶᠠᠷᠤᠯᠲᠠ ᠶᠢ ᠴᠢᠩᠭᠠᠷᠠᠭᠤᠯᠤᠨ᠂ ᠨᠡᠷᠡᠲᠦ ᠳᠡᠮᠳᠡᠭ ᠤᠨ ᠨᠡᠷ᠎ᠡ ᠬᠦᠨᠳᠦ ᠪᠠ ᠦᠢᠯᠡᠳᠬᠦᠨ ᠤ ᠶᠠᠰᠤ ᠴᠢᠨᠠᠷ ᠢ ᠪᠠᠲᠤᠯᠠᠨ᠎ᠠ᠃ | ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠪᠠᠶᠢᠭᠤᠯᠤᠨ᠎ᠠ᠃ ᠠᠮᠤ ᠪᠤᠳᠠᠭ᠎ᠠ ᠢᠳᠡᠰᠢᠨ ᠲᠣᠰᠣ᠂ ᠮᠢᠬ᠎ᠠ ᠰᠦ ᠨᠣᠣᠯᠣᠭᠤᠷ᠂ ᠵᠢᠮᠢᠰ | ᠨᠣᠭᠤᠭ᠎ᠠ᠂ ᠮᠣᠩᠭᠤᠯ ᠬᠢᠲᠠᠳ ᠡᠮ ᠤᠨ ᠮᠠᠲ᠋ᠧᠷᠢᠶᠠᠯ᠂ ᠲᠡᠵᠢᠭᠡᠯ ᠡᠪᠡᠰᠦ᠂ ᠠᠮᠢᠳᠤ ᠪᠣᠳᠠᠰ ᠤᠨ ᠡᠨᠧᠷᠭᠢ ᠵᠡᠷᠭᠡ ᠵᠢᠷᠭᠤᠭᠠᠨ ᠶᠡᠭᠡ ᠳᠠᠪᠠᠭᠤᠯᠢᠭ ᠣᠨᠴᠠᠯᠢᠭᠲᠤ ᠠᠵᠤ | ᠦᠢᠯᠡᠰ ᠤᠨ ᠲᠣᠭᠤᠷᠢᠨ ᠳᠤ᠂ ᠨᠢᠭᠡ ᠪᠦᠯᠦᠭ ᠪᠠᠷᠢᠮᠵᠢᠶᠠᠵᠢᠭᠤᠯᠤᠭᠰᠠᠨ ᠪᠣᠬᠢᠷᠲᠤᠯ ᠦᠭᠡᠢ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠪᠦᠲᠦᠭᠡᠨ ᠪᠠᠶᠢᠭᠤᠯᠵᠤ᠂ ᠣᠷᠣᠨ ᠪᠦᠰᠡᠵᠢᠭᠰᠡᠨ᠂ ᠲᠤᠰᠬᠠᠶᠢᠵᠢᠭᠰᠠᠨ ᠦᠢᠯᠡᠳᠪᠦᠷᠢᠯᠡᠯ ᠤᠨ ᠪᠠᠶᠢᠷᠢᠯᠠᠭᠤᠯᠤᠯᠲᠠ ᠶᠢ ᠪᠤᠢ ᠪᠣᠯᠭᠠᠨ᠎ᠠ᠃ ᠮᠠᠯ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠭᠦᠨᠵᠡᠭᠡᠶ ᠡᠳ᠋ᠰᠢᠭᠦᠯᠬᠦ ᠶᠢ ᠶᠡᠬᠡᠪᠡᠷ ᠬᠥᠭᠵᠢᠭᠦᠯᠵᠦ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ᠂ ᠨᠢᠭᠡ ᠴᠣᠭᠴᠠᠵᠢᠭᠤᠯᠤᠨ | ᠡᠵᠡᠩᠨᠡᠬᠦ ᠶᠢ ᠲᠦᠯᠬᠢᠨ ᠠᠬᠢᠭᠤᠯᠤᠨ᠎ᠠ᠃ ᠢᠯᠢ ᠪᠦᠯᠦᠭᠯᠡᠯ ᠤᠨ ᠥᠨᠳᠥᠷ ᠲᠡᠰ ᠤᠨ ᠣᠷᠭᠠᠨᠢᠭ ᠰᠦᠨ ᠦᠢᠯᠡᠰ ᠤᠨ ᠰᠦᠷᠦᠭᠵᠢᠯ ᠤᠨ ᠵᠠᠭᠪᠤᠷ ᠤᠨ ᠲᠥᠷᠥᠯ ᠵᠦᠢᠯ | ᠪᠠ ᠮᠧᠩ ᠨᠢᠤ ᠪᠦᠯᠦᠭᠯᠡᠯ ᠤᠨ ᠰᠦᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠬᠡᠷᠡᠭᠵᠢᠬᠦᠯᠵᠦ᠂ ᠰᠢᠯᠢᠳᠡᠭ ᠲᠡᠵᠢᠭᠡᠯ ᠡᠪᠡᠰᠦᠨ ᠤ | ᠰᠠᠭᠤᠷᠢᠨ ᠭᠠᠵᠠᠷ ᠪᠠ ᠣᠶᠤᠨᠴᠢᠯᠠᠭᠰᠠᠨ ᠮᠠᠯᠵᠢᠯ ᠤᠨ ᠲᠠᠯᠠᠪᠠᠢ ᠶᠢ ᠪᠦᠳᠦᠬᠡᠨ ᠪᠠᠶᠢᠭᠤᠯᠵᠤ᠂ ᠮᠠᠯ ᠪᠡᠯᠴᠢᠭᠡᠷ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ | ᠲᠦᠷᠭᠡᠳᠬᠡᠵᠦ᠂ ᠰᠦᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠰ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ | ᠲᠠᠷᠢᠶ᠎ᠠ ᠬᠦᠷᠢᠶᠡᠯᠡᠩ ᠤᠨ ᠶᠡᠷᠦᠩᠬᠡᠶᠢᠯᠡᠭᠰᠡᠨ ᠴᠣᠭᠴᠠ ᠵᠡᠷᠭᠡ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠳᠤᠮᠳᠠᠳᠤ | ᠠᠮᠧᠷᠢᠺᠠ ᠶᠢᠨ ᠺᠢᠮᠪᠧᠷᠯᠢ ᠲᠠᠷᠢᠶᠠᠯᠠᠩ ᠤᠨ ᠲᠠᠯᠠᠪᠠᠶ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠵᠦ᠂ ︽ᠬᠤᠤᠰ 15︾ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠦᠷᠢᠶᠡᠯᠡᠩ ᠳᠤᠭᠤᠷᠢᠭ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠳᠤᠮᠳᠠᠳᠤ ᠤᠯᠤᠰ — ᠢᠰᠷᠧᠯ ︵ᠪᠠᠶᠠᠨᠨᠠᠭᠤᠷ︶ | ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠤᠰᠤ ᠠᠷᠪᠢᠯᠠᠬᠤ ᠤᠰᠤᠯᠠᠯᠲᠠ᠂ | ᠪᠥᠬᠦ ᠶᠠᠪᠤᠴᠠ ᠶᠢᠨ ᠮᠠᠰᠢᠨᠴᠢᠯᠠᠯᠲᠠ᠂ ᠣᠶᠤᠨᠯᠢᠭ ᠢᠶᠠᠷ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠰᠢᠨ᠎ᠡ ᠡᠭᠦᠯᠳᠡᠷ ᠤᠨ ᠲᠤᠷᠰᠢᠯᠲᠠ ᠵᠡᠷᠭᠡ ᠢᠰᠷᠧᠯ ᠤᠨ | ᠮᠡᠷᠭᠡᠵᠢᠯ ᠢ ᠲᠥᠪᠯᠡᠷᠡᠭᠦᠯᠦᠭᠰᠡᠨ ᠲᠥᠷᠥᠯ ᠵᠦᠢᠯ ᠢ ᠬᠡᠷᠡᠭᠵᠢᠭᠦᠯᠵᠦ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠡᠷᠲᠡᠬᠡᠨ ᠪᠠᠳᠠᠷᠠᠭᠤᠯᠤᠨ᠎ᠠ᠃ ᠤᠯᠤᠰ ᠤᠨ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠶ ᠬᠤᠳᠠ ᠶᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠳᠤᠮᠳᠠᠳᠤ ᠤᠯᠤᠰ ᠤᠨ ᠤᠯᠠᠨ ᠤᠯᠤᠰ ᠤᠨ | ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠪᠠᠷ ᠴᠢᠷᠮᠠᠶᠢᠨ᠎ᠠ᠃ | ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠪᠣᠯᠤᠨ ᠬᠤᠵᠢᠷᠯᠢᠭ ᠭᠠᠵᠠᠷ ᠢ ᠰᠠᠶᠢᠵᠢᠷᠠᠭᠤᠯᠬᠤ ᠡᠷᠴᠢᠮ ᠢᠶᠠᠨ ᠨᠡᠮᠡᠭᠳᠡᠭᠦᠯᠵᠦ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ᠂ | ᠰᠦᠷᠴᠢᠨ ᠤᠰᠤᠯᠠᠬᠤ ᠳᠤᠰᠤᠯᠠᠭᠤᠯᠵᠤ ᠤᠰᠤᠯᠠᠬᠤ ᠮᠡᠷᠭᠡᠵᠢᠯ ᠤᠨ ᠵᠢᠱᠢᠶ᠎ᠡ ᠦᠵᠡᠭᠦᠯᠬᠦ ᠲᠠᠯᠠᠪᠠᠢ ᠶᠢ ᠥᠷᠭᠡᠳᠬᠡᠨ᠎ᠡ᠃ ᠭᠠᠵᠠᠷ ᠰᠢᠷᠣᠶ ᠶᠢᠨ ᠡᠷᠭᠢᠯᠲᠡ ᠶᠢᠨ | ᠵᠠᠭᠪᠤᠷ ᠲᠤ ᠰᠢᠨ᠎ᠡ ᠶᠢ ᠡᠭᠦᠳᠴᠦ᠂ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠵᠦ᠂ ᠭᠠᠵᠠᠷ ᠰᠢᠷᠣᠶ ᠶᠢᠨ ᠡᠷᠭᠢᠯᠲᠡ ᠶᠢᠨ ᠠᠰᠢᠭ ᠣᠷᠣᠯᠭ᠎ᠠ ᠶᠢ ᠵᠣᠬᠢᠰᠲᠠᠶ | ᠨᠡᠮᠡᠭᠳᠡᠭᠦᠯᠬᠦ ᠳᠤᠭᠳᠠᠴᠠ ᠶᠢ ᠰᠦᠪᠡᠭᠴᠢᠯᠡᠨ ᠪᠠᠶᠢᠭᠤᠯᠵᠤ᠂ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠨᠠᠰᠤᠵᠢᠯ ᠤᠨ ᠳᠠᠭᠠᠳᠬᠠᠯ ᠢ ᠤᠷᠢᠳᠠᠪᠠᠷ | ᠲᠤᠰᠢᠶᠠᠯᠭᠠᠵᠤ᠂ ᠮᠠᠯᠴᠢᠨ ᠲᠠᠷᠢᠶᠠᠴᠢᠳ ᠤᠨ ᠤᠷᠲᠤ ᠬᠤᠭᠤᠴᠠᠭ᠎ᠠ ᠪᠠᠷ ᠦᠷᠭᠦᠯᠵᠢᠯᠡᠨ ᠠᠰᠢᠭ ᠬᠦᠷᠲᠡᠬᠦ ᠶᠢ ᠪᠠᠲᠤᠯᠠᠨ᠎ᠠ᠃ ᠲᠠᠷᠢᠶᠠᠯᠠᠩ ᠮᠠᠯ ᠠᠵᠤ ᠠᠬᠤᠶ ᠳᠤ | ᠬᠤᠯᠪᠣᠭᠳᠠᠬᠤ ᠪᠡᠯᠡ ᠮᠥᠩᠭᠦ ᠶᠢ ᠬᠠᠤᠯᠢ ᠲᠣᠭᠲᠠᠭᠠᠯ ᠶᠣᠰᠣᠭᠠᠷ ᠡᠮᠬᠢᠯᠡᠨ ᠨᠢᠭᠡᠳᠬᠡᠵᠦ᠂ ᠲᠦᠪᠯᠡᠷᠡᠬᠦᠯᠦᠨ ᠤᠷᠤᠭᠤᠯᠵᠤ ᠤᠶᠠᠯᠳᠤᠭᠤᠯᠨ ᠬᠡᠷᠡᠭᠯᠡᠵᠦ ᠪᠡᠯᠡ | ᠮᠥᠩᠭᠦ ᠶᠢᠨ ᠠᠰᠢᠭᠯᠠᠯᠳᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠠᠲᠤᠨ ᠭᠤᠤᠯ ᠤᠨ ᠰᠠᠪᠠ ᠭᠠᠵᠠᠷ ᠤᠨ ᠪᠠᠷᠠᠭᠤᠨ ᠬᠤᠶᠢᠲᠤ ᠭᠠᠵᠠᠷ ᠣᠷᠣᠨ ᠤ | ᠤᠯᠤᠰ ᠤᠨ ᠲᠡᠰ ᠤᠨ ᠦᠷ᠎ᠡ ᠶᠢᠨ ᠡᠬᠢ ᠪᠠᠶᠠᠯᠢᠭ ᠤᠨ ᠬᠥᠮᠥᠷᠭᠡ ᠪᠠ ᠤᠳᠤ ᠦᠶ᠎ᠡ ᠶᠢᠨ ᠦᠷ᠎ᠡ ᠶᠢᠨ ᠦᠢᠯᠡᠰ ᠤᠨ ᠬᠦᠷᠢᠶᠡᠯᠡᠩ ᠲᠣᠭᠤᠷᠢᠭ ᠢ ᠪᠦᠲᠦᠭᠡᠨ | ᠪᠠᠶᠢᠭᠤᠯᠤᠨ᠎ᠠ᠃ ᠮᠥᠩᠭᠦᠨ ᠬᠦᠢᠯᠬᠡᠬᠡᠨ ᠤ ᠳᠠᠭᠠᠳᠬᠠᠯ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠬᠦᠢᠯᠬᠡᠬᠡ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠵᠡᠷᠭᠡ ᠨᠡᠶᠢᠭᠡᠮᠴᠢᠯᠡᠭᠰᠡᠨ ᠦᠢᠯᠡᠴᠢᠯᠡᠬᠡᠨ ᠢ ᠶᠡᠬᠡᠪᠡᠷ ᠬᠥᠭᠵᠢᠭᠦᠯᠵᠦ᠂ ᠣᠳᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠪᠠᠲᠤᠯᠠᠨ᠎ᠠ᠃ | ︵ᠲᠦᠷᠪᠡ︶ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ | ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠪᠣᠯᠤᠨ ᠲᠡᠷᠢᠭᠦᠨ ᠤ ᠬᠡᠷᠡᠭᠯᠡᠭᠡᠨ ᠤ | ᠮᠡᠷᠭᠡᠵᠢᠯ ᠢ ᠬᠡᠷᠡᠭᠯᠡᠬᠦ ᠶᠢ ᠪᠠᠷᠢᠮᠲᠠᠯᠠᠵᠤ᠂ ᠮᠠᠯ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠠᠭᠤᠷᠬᠠᠢ ᠶᠢᠨ ᠲᠡᠮᠦᠷᠯᠢᠭ ᠪᠤᠯᠪᠠᠰᠤᠷᠠᠭᠤᠯᠬᠤ᠂ ᠡᠨᠧᠷᠭᠢ ᠂ | ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠬᠦᠯᠵᠦ᠂ ᠠᠵᠤ ᠦᠢᠯᠡᠰ ᠤᠨ ᠭᠤᠤᠯᠯᠠᠬᠤ ᠥᠷᠢᠰᠦᠯᠳᠦᠬᠦ ᠬᠦᠴᠦᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠭᠠᠳᠠᠭᠠᠳᠤ ᠠᠴᠠ ᠣᠷᠣᠭᠤᠯᠬᠤ ᠨᠡᠭᠦᠷᠡᠰᠦᠨ ᠤ ᠡᠬᠢ ᠪᠠᠶᠠᠯᠢᠭ ᠢ ᠬᠦᠢᠴᠡᠳ ᠠᠰᠢᠭᠯᠠᠨ ᠰᠢᠨ᠎ᠡ ᠬᠡᠯᠪᠡᠷᠢ ᠶᠢᠨ | ᠨᠡᠬᠦᠷᠡᠰᠦᠨ ᠤ ᠬᠢᠮᠢ ᠶᠢᠨ ᠠᠵᠤ ᠦᠢᠯᠡᠳᠪᠦᠷᠢ ᠶᠢ ᠬᠥᠭᠵᠢᠭᠦᠯᠵᠦ᠂ ᠾᠧᠢ ᠮᠤᠤ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ᠂ ᠱᠧᠨ ᠬᠤᠸᠠ ᠨᠢᠭᠡᠳᠦᠭᠡᠷ | ᠬᠤᠭᠤᠴᠠᠭᠠᠨ ᠤ ᠬᠤᠶᠠᠳᠤᠭᠠᠷ ᠱᠤᠭᠤᠮ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠵᠤ᠂ ᠥᠩᠭᠡᠷᠡᠬᠦ ᠠᠵᠤ ᠠᠬᠤᠶ ᠶᠢ ᠰᠠᠭᠤᠷᠢᠰᠢᠭᠰᠠᠨ | ᠠᠵᠤ ᠠᠬᠤᠶ ᠪᠣᠯᠭᠠᠨ ᠬᠤᠪᠢᠷᠠᠭᠤᠯᠤᠨ᠎ᠠ᠃ ᠷᠦᠨ ᠬᠠᠢ ᠶᠤᠸᠠᠨ ᠮᠢᠬᠠᠨ ᠲᠠᠬᠢᠶ᠎ᠠ ᠲᠡᠵᠢᠭᠡᠨ ᠦᠷᠡᠵᠢᠭᠦᠯᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠳᠠ | ᠶᠢ ᠲᠦᠷᠬᠡᠳᠭᠡᠨ᠂ ᠵᠦᠩ ᠯᠢᠶᠠᠩ ᠪᠦᠯᠦᠭᠯᠡᠯ ᠤᠨ ᠭᠤᠯᠢᠷ ᠪᠣᠯᠪᠠᠰᠤᠷᠠᠭᠤᠯᠬᠤ ᠢᠨᠵᠧᠨᠧᠷᠢᠩ ᠤᠨ ᠬᠤᠶᠠᠳᠤᠭᠠᠷ ᠬᠤᠭᠤᠴᠠᠭ᠎ᠠ᠂ ᠺᠠᠩ ᠰᠧ ᠲᠧ ᠤᠨ ᠵᠢᠮᠢᠰ ᠤᠨ | ᠴᠠᠪᠠᠤ ᠦᠢᠯᠡᠳᠪᠦᠷᠢᠯᠡᠬᠦ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠵᠤ᠂ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠬᠦᠯᠦᠨ᠎ᠡ᠃ ᠭᠦᠸᠧ ᠴᠧᠩ ᠤᠨ ᠬᠦᠬᠦᠷᠲᠦ ᠲᠡᠮᠦᠷ ᠤᠨ ᠲᠢᠲ᠋ᠠᠨ ᠤ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ᠂ ᠬᠤᠸᠠ ᠲᠦᠸᠧ ᠠᠭᠤᠷᠬᠠᠢ ᠶᠢᠨ ᠦᠢᠯᠡᠰ ᠤᠨ ᠲᠡᠮᠦᠷ ᠤᠨ ᠬᠦᠳᠡᠷ ᠰᠢᠯᠢᠬᠦ᠂ ᠵᠦᠩ ᠨᠧᠩ ᠠᠮᠢᠳᠤ ᠪᠣᠳᠠᠰ ᠤᠨ ᠲᠦᠯᠡᠰᠢᠨ ᠡᠲ᠋ᠢᠯ | ᠠᠯᠺᠣᠣᠯ᠂ ᠪᠣᠣ ᠵᠢᠩ ᠤᠶᠤᠨᠲᠤ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ | ᠠᠬᠢᠭᠤᠯᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ | ᠰᠢᠨ᠎ᠡ ᠠᠵᠤ ᠦᠢᠯᠡᠰ ᠰᠢᠨ᠎ᠡ ᠬᠦᠳᠡᠯᠭᠡᠬᠦ ᠬᠦᠴᠦᠨ ᠢ ᠶᠡᠬᠡᠪᠡᠷ ᠬᠥᠭᠵᠢᠭᠦᠯᠦᠨ᠎ᠡ᠃ ᠮᠢᠩᠭᠠᠨ ᠲᠦᠮᠡᠨ ᠺᠢᠯᠣᠸᠠᠲ ᠤᠨ ᠲᠠᠰ ᠤᠨ ᠤᠯᠤᠰ ᠤᠨ ᠰᠢᠨ᠎ᠡ | ᠡᠨᠧᠷᠭᠢ ᠶᠢᠨ ᠰᠠᠭᠤᠷᠢᠨ ᠭᠠᠵᠠᠷ ᠪᠣᠯᠤᠨ ᠳᠠᠬᠢᠠ ᠡᠭᠦᠰᠴᠦ ᠪᠣᠯᠬᠤ ᠡᠨᠧᠷᠭᠢ ᠶᠢ ᠭᠠᠳᠠᠭᠰᠢ ᠬᠦᠷᠭᠡᠬᠦ ᠰᠠᠭᠤᠷᠢᠨ ᠭᠠᠵᠠᠷ ᠤᠨ ᠲᠥᠷᠥᠯ ᠵᠦᠢᠯ ᠢ ᠢᠳᠡᠪᠬᠢᠲᠡᠶ | ᠴᠢᠷᠮᠠᠶᠢᠨ ᠣᠯᠵᠤ᠂ ᠱᠠᠩ ᠬᠠᠢ ᠮᠢᠶᠣᠣ ᠠᠴᠠ ᠱᠠᠨᠳᠦ᠋ᠩ ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠨᠡᠪᠲᠡᠷᠡᠬᠦ ᠵᠠᠮ ᠤᠨ ᠢᠵᠢ ᠪᠦᠷᠢᠳᠦᠭᠦᠯᠬᠦ 160 | ᠲᠦᠮᠡᠨ ᠺᠢᠯᠣᠸᠠᠲ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠡᠬᠢᠯᠡᠭᠦᠯᠵᠦ᠂ ᠡᠯᠡᠰᠦᠨ ᠴᠥᠯ ᠤᠨ 5 ᠲᠦᠮᠡᠨ ᠺᠢᠯᠣᠸᠠᠲ ᠤᠨ ᠰᠠᠯᠬᠢᠨ ᠬᠦᠴᠦᠨ ᠤ | ᠴᠠᠬᠢᠯᠭᠠᠨ᠂ ᠰᠠᠯᠬᠢᠨ ᠴᠠᠬᠢᠯᠭᠠᠨ ᠤ ᠮᠠᠰᠢᠨ ᠤ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠲᠥᠷᠥᠯ ᠵᠦᠢᠯ ᠤᠨ ᠪᠦᠳᠦᠬᠡᠨ ᠪᠠᠶᠢᠭᠤᠯᠤᠯᠳᠠ ᠶᠢ ᠲᠦᠷᠭᠡᠳᠭᠡᠵᠦ᠂ | ᠤᠷᠠᠳ ᠤᠨ ᠬᠤᠶᠢᠲᠤ ᠬᠤᠰᠢᠭᠤᠨ ᠤ ᠴᠠᠬᠢᠯᠭᠠᠨ ᠲᠣᠤᠷ ᠤᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ | ᠲᠡᠭᠦᠯᠳᠡᠷᠵᠢᠭᠦᠯᠦᠨ᠎ᠡ᠃ ᠵᠦᠩ ᠴᠤᠸᠠᠨ ᠬᠦᠨᠳᠦ ᠠᠵᠤ ᠦᠢᠯᠡᠳᠪᠦᠷᠢ ᠶᠢᠨ ᠴᠡᠪᠡᠷ ᠡᠨᠧᠷᠭᠢ ᠶᠢᠨ ᠬᠤᠣᠰ ᠡᠬᠦᠳᠦᠯᠳᠡ ᠶᠢᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠤᠯᠤᠰ ᠤᠨ ᠡᠨᠧᠷᠭᠢ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠯᠦᠭᠡ ᠶᠢᠨ ᠬᠠᠮᠲᠤᠷᠠᠯᠴᠠᠭ᠎ᠠ ᠪᠠᠨ | ᠦᠷᠭᠦᠯᠵᠢᠯᠡᠨ ᠬᠦᠨᠵᠡᠬᠡᠶᠢᠷᠡᠬᠦᠯᠦᠨ᠎ᠡ᠃ ᠳ᠋ᠦᠩ ᠯᠢ ᠶᠢᠨ 10 ᠲᠦᠮᠡᠨ ᠲᠣᠨ ᠯᠢᠲ᠋ᠢ ᠳ᠋ᠢᠶᠠᠨ ᡂᠢ ᠶᠢᠨ ᠡᠶᠡᠷᠭᠦ ᠲᠦᠢᠯ ᠤᠨ ᠮᠠᠲ᠋ᠧᠷᠢᠶᠠᠯ᠂ ᠠᠨ ᠰᠢᠶᠦ᠋ᠩ ᠤᠨ 25 | ᠲᠦᠮᠡᠨ ᠲᠣᠨ ᠬᠡᠯᠬᠢᠶ᠎ᠡ ᠳ᠋ᠢᠶᠠᠨ ᡂᠢ ᠶᠢᠨ ᠡᠬᠢ ᠪᠠᠶᠠᠯᠢᠭ ᠢ ᠡᠷᠭᠢᠯᠲᠡᠲᠡᠢ ᠠᠰᠢᠭᠯᠠᠬᠤ ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ ᠳ᠋ᠦᠨ | ᠠᠨ ᠤ ᠤᠯᠠᠨ ᠲᠠᠯᠠᠰᠲᠤ ᠴᠠᠬᠢᠭᠤᠷ ᠤᠨ ᠭᠤᠷᠪᠠᠳᠤᠭᠠᠷ ᠬᠤᠭᠤᠴᠠᠭ᠎ᠠ᠂ ᠾᠧᠩ ᠵᠢᠶᠠ ᠶᠢᠨ ᠪᠢᠳᠦᠷᠶ᠎ᠡ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ | ᠪᠦᠳᠦᠭᠡᠨ ᠪᠠᠶᠢᠭᠤᠯᠤᠯᠳᠠ ᠶᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠪᠠ᠃ ᠪᠠᠯ ᠴᠢᠯᠠᠭᠤᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠪᠠ ᠪᠠᠯ | ᠴᠢᠯᠠᠭᠤᠨ ᠵᠢᠵᠢᠭ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠪᠡᠯᠡ | ᠣᠷᠣᠭᠤᠯᠵᠤ ᠪᠡᠯᠡ ᠬᠤᠷᠠᠮᠳᠤᠭᠤᠯᠬᠤ ᠵᠡᠷᠭᠡ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠠᠵᠤ ᠠᠬᠤᠶᠢᠯᠠᠯ ᠤᠨ ᠠᠵᠢᠯᠯᠠᠭᠠᠨ ᠤ ᠭᠤᠤᠯ ᠬᠦᠢᠴᠡᠳᠬᠡᠯ ᠲᠤᠭ᠎ᠠ ᠶᠢ ᠬᠢᠨᠠᠨ ᠬᠡᠮᠵᠢᠬᠦ ᠶᠢ ᠰᠠᠶᠢᠲᠤᠷ | ᠠᠳᠬᠤᠵᠤ᠂ ᠨᠠᠷᠢᠯᠢᠭ ᠣᠨᠣᠴᠠᠲᠠᠶ ᠪᠠᠷ ᠲᠣᠬᠢᠷᠠᠭᠤᠯᠬᠤ ᠶᠢ ᠴᠢᠩᠭᠠᠷᠠᠭᠤᠯᠤᠨ᠂ ᠠᠵᠤ ᠠᠬᠤᠶᠢᠯᠠᠯ ᠤᠨ ᠬᠦᠢᠴᠡᠳ ᠳᠠᠭᠠᠭᠠᠴᠠ ᠲᠠᠢ ᠦᠢᠯᠡᠳᠪᠦᠷᠢᠯᠡᠯ ᠢ | ᠠᠬᠢᠭᠤᠯᠤᠨ᠎ᠠ᠃ ᠵᠠᠰᠠᠭ ᠤᠨ ᠤᠷᠳᠤᠨ ᠪᠠᠩᠬᠢ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠮᠥᠩᠭᠦᠨ ᠬᠦᠢᠯᠬᠡᠬᠡᠨ ᠤ | ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠲᠥᠷᠥᠯ ᠵᠦᠢᠯ ᠳᠤ ᠰᠢᠨ᠎ᠡ ᠶᠢ ᠡᠭᠦᠳᠬᠦ ᠪᠠ ᠵᠢᠬᠡᠯᠡᠯᠬᠡ ᠶᠢᠨ ᠣᠷᠣᠭᠤᠯᠤᠯᠲᠠ ᠶᠢ ᠨᠡᠮᠡᠭᠳᠡᠭᠦᠯᠬᠦ ᠶᠢ | ᠵᠣᠷᠢᠭᠵᠢᠭᠤᠯᠵᠤ᠂ ᠠᠵᠤ ᠠᠬᠤᠶᠢᠯᠠᠯ ᠢ ᠲᠤᠰᠠᠯᠠᠨ ᠪᠠᠯᠠ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ᠃ ᠠᠵᠤ ᠦᠢᠯᠡᠰ ᠢ | ᠬᠥᠭᠵᠢᠭᠦᠯᠬᠦ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠵᠤ ᠦᠢᠯᠡᠳᠪᠦᠷᠢ ᠶᠢᠨ ᠬᠦᠷᠢᠶᠡᠯᠡᠩ ᠤᠨ ᠬᠥᠭᠵᠢᠯᠲᠡ ᠶᠢᠨ ᠭᠤᠤᠯᠳᠠᠯᠭ᠎ᠠ ᠶᠢᠨ ᠳᠣᠲᠣᠷᠠᠬᠢ | ᠭᠤᠤᠯᠳᠠᠯᠭ᠎ᠠ ᠪᠣᠯᠭᠠᠵᠤ᠂ ᠬᠦᠷᠢᠶᠡᠯᠡᠩ ᠲᠣᠭᠤᠷᠢᠭ ᠤᠨ ᠵᠦᠷᠢᠶᠡᠴᠢᠯᠡᠭᠰᠡᠨ᠂ ᠣᠨᠴᠠᠯᠢᠬᠵᠢᠭᠰᠠᠨ ᠬᠥᠭᠵᠢᠯᠲᠡ ᠶᠢ ᠠᠬᠢᠭᠤᠯᠤᠨ᠎ᠠ᠃ ᠡᠨᠧᠷᠭᠢ ᠶᠢᠨ ᠬᠤᠷᠣᠭᠳᠠᠯ ᠤᠨ | ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ︽ᠬᠤᠶᠠᠷ ᠢ ᠡᠵᠡᠮᠳᠡᠬᠦ︾ ᠠᠵᠢᠯ ᠢ ᠴᠢᠩᠭᠠᠳᠬᠠᠨ᠎ᠠ᠃ | ︵ᠲᠠᠪᠤ︶ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ | ᠲᠠᠷᠢᠶᠠᠯᠠᠩ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠪᠦᠬᠦ ᠣᠷᠣᠨ ᠪᠦᠰᠡ ᠶᠢ ᠨᠢᠭᠡ | ᠴᠣᠭᠴᠠᠵᠢᠭᠤᠯᠬᠤ᠂ ᠣᠷᠭᠠᠨᠢᠭ ᠢᠶᠠᠷ ᠠᠭᠤᠰᠤᠯᠴᠠᠭᠤᠯᠬᠤ ᠶᠢ ᠪᠠᠷᠢᠮᠲᠠᠯᠠᠨ᠂ ᠤᠯᠤᠰ ᠪᠤᠯᠤᠨ ᠥᠪᠡᠷᠲᠡᠭᠡᠨ ᠵᠠᠰᠠᠬᠤ ᠣᠷᠣᠨ ᠤ ᠬᠠᠳᠤᠨ ᠭᠤᠤᠯ ᠤᠨ ︽几︾ | ᠦᠰᠦᠭ ᠤᠨ ᠰᠤᠶᠤᠯ ᠵᠢᠭᠤᠯᠴᠢᠯᠠᠯ ᠤᠨ ᠪᠦᠰᠡ ᠶᠢᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠠᠳᠤᠨ ᠭᠤᠤᠯ ᠤᠨ ᠨᠤᠭᠤ | ᠭᠠᠵᠠᠷ᠂ ᠬᠠᠭᠤᠴᠢᠨ ᠪᠠᠭᠤᠷᠢ ᠲᠡᠤᠬᠡᠨ ᠦᠯᠡᠳᠡᠭᠳᠡᠯ ᠵᠡᠷᠭᠡ ᠡᠬᠢ ᠪᠠᠶᠠᠯᠢᠭ ᠵᠢᠴᠢ ᠲᠡᠤᠬᠡ ᠰᠣᠶᠣᠯ᠂ ᠦᠨᠳᠦᠰᠦᠲᠡᠨ ᠤ ᠵᠠᠩ ᠦᠢᠯᠡ ᠳᠤ ᠲᠦᠰᠢᠭᠯᠡᠨ᠂ ᠬᠠᠳᠤᠨ | ᠭᠤᠤᠯ ᠤᠨ ᠵᠢᠭᠤᠯᠴᠢᠯᠠᠯ ᠢ ᠶᠡᠬᠡᠪᠡᠷ ᠬᠥᠭᠵᠢᠭᠦᠯᠦᠨ᠎ᠡ᠃ ᠪᠣᠷᠣᠲᠣᠬᠤᠶ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ᠂ ᠤᠯᠠᠭᠠᠨᠪᠤᠬ᠎ᠠ ᠡᠯᠡᠰᠦᠨ | ᠴᠥᠯ ᠤᠨ ᠵᠢᠭᠤᠯᠴᠢᠯᠠᠯ ᠤᠨ ᠣᠷᠣᠨ ᠵᠡᠷᠭᠡ ᠦᠵᠡᠮᠵᠢ ᠶᠢᠨ ᠣᠷᠣᠨ ᠤ ᠲᠠᠰ ᠳᠡᠪᠰᠢᠭᠦᠯᠬᠦ ᠶᠢ ᠰᠠᠶᠢᠳᠤᠷ ᠠᠳᠬᠤᠵᠤ᠂ ᠬᠠᠲᠤᠨ ᠭᠤᠤᠯ ᠤᠨ ᠵᠠᠩ ᠦᠢᠯᠡ ᠶᠢᠨ | ᠤᠨᠴᠠᠯᠢᠭᠳᠤ ᠵᠢᠵᠢᠭ ᠪᠠᠯᠭᠠᠰᠤ᠂ ᠦᠶᠤᠸᠠᠨ ᠤ ᠭᠤᠳᠤᠮᠵᠢ ᠶᠢᠨ ᠰᠤᠶᠤᠯ ᠵᠢᠭᠤᠯᠴᠢᠯᠠᠯ ᠤᠨ ᠪᠦᠲᠦᠭᠡᠯᠴᠢ ᠰᠡᠳᠬᠢᠮᠵᠢ ᠶᠢᠨ ᠬᠦᠷᠢᠶᠡᠯᠡᠩ ᠢ ᠪᠠᠶᠢᠭᠤᠯᠵᠤ | ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠨᠢᠭᠡ ᠪᠦᠯᠦᠭ ᠬᠥᠳᠡᠭᠡ ᠲᠣᠰᠬᠤᠨ ᠤ | ᠵᠢᠭᠤᠯᠴᠢᠯᠠᠯ ᠲᠥᠪᠯᠡᠷᠡᠭᠰᠡᠨ ᠣᠷᠣᠨ ᠪᠠ ᠵᠢᠱᠢᠶ᠎ᠡ ᠦᠵᠡᠭᠦᠯᠬᠦ ᠡᠷᠦᠬᠡ ᠶᠢ ᠪᠠᠶᠢᠭᠤᠯᠤᠨ᠎ᠠ᠃ ᠨᠡᠷᠡᠨ ᠬᠤᠸᠠᠷ ᠤᠨ ᠤᠯᠠᠷᠢᠯ ᠤᠨ ᠵᠢᠭᠤᠯᠴᠢᠯᠠᠯ᠂ ᠦᠵᠡᠰᠬᠦᠯᠡᠩᠲᠦ | ᠤᠷᠠᠳ — ᠪᠠᠷᠠᠭᠤᠨ ᠣᠷᠣᠨ ᠤ ᠠᠷᠠᠳ ᠤᠨ ᠳᠠᠭᠤᠨ ᠤ ᠴᠤᠭᠯᠠᠭᠠᠨ᠂ ᠬᠠᠳᠤᠨ ᠭᠤᠣᠯ ᠳᠠᠭᠠᠤ ᠶᠢᠨ ᠣᠯᠠᠨ ᠤᠯᠤᠰ ᠤᠨ ᠮᠠᠷᠠᠰᠤᠨ ᠤᠷᠤᠯᠳᠤᠭᠠᠨ᠂ | ᠭᠤᠪᠢ ᠶᠢᠨ ᠰᠣᠶᠣᠯ ᠤᠨ ᠪᠦᠲᠦᠭᠡᠯᠴᠢ ᠰᠡᠳᠬᠢᠮᠵᠢ᠂ ᠬᠠᠳᠤᠨ ᠭᠤᠣᠯ ᠤᠨ ᠪᠣᠷᠣᠲᠣᠬᠤᠢ ᠶᠢᠨ ᠰᠣᠶᠣᠯ ᠤᠨ ᠵᠢᠭᠤᠯᠴᠢᠯᠠᠯ ᠤᠨ ᠣᠷᠣᠨ ᠤ ᠯᠤᠤᠲᠤ ᠣᠩᠭᠤᠴᠠᠨ ᠤ | ᠤᠷᠤᠯᠳᠤᠭᠠᠨ᠂ ᠤᠯᠠᠭᠠᠨᠰᠤᠬᠠᠢ ᠨᠠᠭᠤᠷ ᠢ ᠳᠤᠭᠤᠷᠢᠬᠤ ᠵᠠᠰᠠᠮᠠᠯ ᠵᠠᠮ ᠤᠨ ᠳᠤᠭᠤᠶ ᠲᠡᠷᠭᠡᠨ ᠤ ᠤᠷᠤᠯᠳᠤᠭᠠᠨ ᠵᠡᠷᠭᠡ ᠠᠵᠢᠯᠯᠠᠭ᠎ᠠ ᠶᠢ ᠰᠠᠶᠢᠲᠤᠷ ᠡᠷᠬᠢᠯᠡᠵᠦ᠂ | ᠬᠦᠯᠢᠶᠡᠨ ᠠᠪᠬᠤ ᠵᠤᠭᠠᠴᠠᠭᠰᠠᠳ ᠤᠨ ᠲᠤᠭ᠎ᠠ ᠪᠠ ᠵᠢᠭᠤᠯᠴᠢᠯᠠᠯ ᠤᠨ ᠣᠷᠣᠯᠭ᠎ᠠ ᠶᠢᠨ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠬᠤ ᠪᠠᠷ ᠴᠢᠷᠮᠠᠶᠢᠨ᠎ᠠ᠃ | ᠬᠦᠷᠦᠩᠭᠡ ᠶᠢᠨ ᠵᠠᠬ᠎ᠠ ᠳᠡᠯᠭᠡᠭᠦᠷ ᠪᠠ ᠤᠳᠤ ᠦᠶ᠎ᠡ ᠶᠢᠨ ᠮᠥᠩᠭᠦᠨ ᠬᠦᠢᠯᠬᠡᠬᠡᠨ ᠤ ᠦᠢᠯᠡᠰ ᠢ ᠲᠦᠷᠭᠡᠪᠴᠢᠯᠡᠨ ᠬᠦᠭᠵᠢᠬᠦᠯᠦᠨ᠎ᠡ᠃ ᠣᠯᠠᠨ ᠳᠡᠰ | ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠢ ᠶᠡᠬᠡᠪᠡᠷ ᠬᠥᠭᠵᠢᠭᠦᠯᠵᠦ᠂ ᠳ᠋ᠠ ᠵᠦᠩ ᠠᠭᠤᠷᠬᠠᠢ ᠶᠢᠨ ᠦᠢᠯᠡᠰ ᠵᠡᠷᠭᠡ ᠭᠤᠣᠯᠳᠠᠯᠭ᠎ᠠ ᠲᠠᠢ ᠠᠵᠤ | ᠠᠬᠤᠶᠢᠯᠠᠯ ᠤᠨ ᠳᠦᠷᠢᠮ ᠢᠶᠠᠨ ᠥᠭᠡᠷᠡᠴᠢᠯᠡᠵᠦ ᠵᠠᠬ᠎ᠠ ᠳᠡᠯᠬᠡᠬᠦᠷ ᠲᠤ ᠭᠠᠷᠬᠤ ᠶᠢ ᠲᠦᠯᠬᠢᠨ ᠠᠬᠢᠭᠤᠯᠵᠤ᠂ ᠮᠠᠨ ᠤ ᠬᠤᠲᠠ ᠶᠢᠨ A ᠰᠲ᠋ᠣᠺ ᠤᠨ ᠵᠠᠬ᠎ᠠ | ᠳᠡᠯᠭᠡᠭᠦᠷ ᠲᠤ ᠭᠠᠷᠤᠭᠰᠠᠨ ᠺᠤᠮᠫᠠᠨᠢ ᠪᠠᠶᠢᠬᠤ ᠦᠭᠡᠢ ᠪᠠᠶᠢᠳᠠᠯ ᠢ ᠥᠭᠡᠷᠡᠴᠢᠯᠡᠵᠦ᠂ ᠰᠠᠨ ᠷᠦᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠢᠨ᠎ᠡ ᠭᠤᠷᠪᠠᠳᠤᠭᠠᠷ | ᠰᠠᠮᠪᠠᠷ᠎ᠠ ᠶᠢᠨ ᠰᠢᠯᠢᠳᠡᠭ ᠢᠶᠠᠷ ᠰᠣᠩᠭᠤᠭᠳᠠᠭᠰᠠᠨ ᠺᠤᠮᠫᠠᠨᠢ ᠪᠣᠯᠬᠤ ᠶᠢ ᠠᠬᠢᠭᠤᠯᠵᠤ᠂ ᠨᠡᠷᠡᠨ ᠬᠤᠸᠠᠷ ᠤᠨ ᠦᠷ᠎ᠡ ᠶᠢ ᠰᠢᠨ᠎ᠡ ᠬᠤᠭᠤᠴᠠᠭᠠᠲᠤ ᠪᠠᠷᠠᠭ᠎ᠠ ᠶᠢᠨ ᠲᠥᠷᠥᠯ | ᠵᠦᠢᠯ ᠪᠣᠯᠭᠠᠵᠤ᠂ ᠵᠧᠩᠵᠧᠦ ᠶᠢᠨ ᠲᠠᠸᠠᠷ ᠤᠨ ᠠᠷᠠᠯᠵᠢᠶᠠᠨ ᠤ ᠭᠠᠵᠠᠷ ᠲᠤ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠭᠠᠬᠤ ᠪᠠᠷ ᠴᠢᠷᠮᠠᠶᠢᠨ᠎ᠠ᠃ ᠲᠠᠷᠢᠶᠠᠯᠠᠩ ᠤᠨ | ᠬᠤᠳᠠᠯᠳᠤᠭᠠᠨ ᠤ ᠪᠠᠩᠬᠢ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠦᠬᠡᠷᠡᠴᠢᠯᠡᠯᠳᠡ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠰᠦᠪᠡᠭᠴᠢᠯᠡᠨ ᠠᠬᠢᠭᠤᠯᠤᠨ᠎ᠠ᠃ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠬᠡᠬᠡ ᠶᠢ ᠢᠳᠡᠪᠬᠢᠲᠡᠶ ᠬᠥᠭᠵᠢᠭᠦᠯᠵᠦ᠂ ᠪᠣᠬᠢᠷᠲᠤᠯ ᠦᠭᠡᠢ ᠮᠥᠩᠭᠦᠨ ᠬᠦᠢᠯᠬᠡᠬᠡ᠂ | ᠬᠠᠩᠭᠠᠯᠭ᠎ᠠ ᠶᠢᠨ ᠬᠡᠯᠬᠢᠶ᠎ᠡ ᠶᠢᠨ ᠮᠥᠩᠭᠦᠨ ᠬᠦᠢᠯᠬᠡᠬᠡ ᠪᠠ ᠮᠥᠩᠭᠦᠨ ᠬᠦᠢᠯᠬᠡᠬᠡᠨ ᠤ ᠰᠢᠨᠵᠢᠯᠡᠬᠦ ᠤᠬᠠᠭᠠᠨ ᠮᠡᠷᠭᠡᠵᠢᠯ ᠢ ᠶᠡᠬᠡᠪᠡᠷ ᠬᠥᠭᠵᠢᠭᠦᠯᠦᠨ᠎ᠡ᠃ | ᠡᠯᠧᠺᠲᠷᠣᠨ ᠬᠤᠳᠠᠯᠳᠤᠭ᠎ᠠ ᠪᠠᠷᠠᠭᠠᠨ ᠤ ᠬᠦᠢᠯᠬᠡᠬᠡᠨ ᠤ ᠠᠵᠤ ᠦᠢᠯᠡᠰ ᠤᠨ ᠳᠡᠰ ᠳᠠᠪᠬᠤᠷᠭ᠎ᠠ ᠶᠢ ᠳᠡᠭᠡᠭᠰᠢᠯᠡᠬᠦᠯᠦᠨ᠎ᠡ᠃ ᠣᠯᠠᠨ ᠤᠯᠤᠰ ᠤᠨ ᠪᠠ | ᠤᠯᠤᠰ ᠤᠨ ᠳᠣᠲᠣᠭᠠᠳᠤ ᠶᠢᠨ ᠡᠯᠧᠺᠲᠷᠣᠨ ᠬᠤᠳᠠᠯᠳᠤᠭᠠᠨ ᠤ ᠲᠠᠪᠴᠠᠩ ᠯᠤᠭ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠵᠤ᠂ ᠲᠣᠰ ᠭᠠᠵᠠᠷ ᠣᠷᠣᠨ ᠤ | ᠡᠯᠧᠺᠲᠷᠣᠨ ᠬᠤᠳᠠᠯᠳᠤᠭᠠᠨ ᠤ ᠨᠡᠷᠡᠲᠦ ᠳᠡᠮᠳᠡᠭ ᠢ ᠬᠥᠭᠵᠢᠭᠦᠯᠦᠨ ᠪᠤᠵᠠᠭᠠᠶᠢᠷᠠᠭᠤᠯᠵᠤ᠂ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ | ᠳᠤᠭᠤᠷᠢᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠭᠠᠶᠢᠯᠢ ᠪᠠᠲᠤᠯᠠᠬᠤ ᠪᠠᠷᠠᠭ᠎ᠠ ᠶᠢᠨ ᠬᠦᠢᠯᠬᠡᠬᠡᠨ ᠤ ᠲᠥᠪ ︵B ᠬᠡᠯᠪᠡᠷᠢ︶ ᠤᠨ ᠡᠵᠡᠩᠨᠡᠯᠲᠡ ᠶᠢᠨ ᠬᠢᠷᠢ | ᠲᠦᠪᠰᠢᠨ ᠢ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠢᠳᠡᠪᠬᠢᠲᠡᠶ ᠪᠠᠷ ᠭᠤᠶᠤᠴᠢᠯᠠᠨ ᠮᠡᠳᠡᠬᠦᠯᠦᠨ᠎ᠡ᠃ ᠮᠣᠩᠭᠤᠯ ᠡᠸᠦ᠋ᠷᠤᠫᠠ | ᠮᠣᠩᠭᠤᠯ ᠬᠢᠲᠠᠳ ᠡᠮ ᠤᠨ ᠮᠠᠲ᠋ᠧᠷᠢᠶᠠᠯ ᠤᠨ ᠪᠠᠷᠠᠭ᠎ᠠ ᠶᠢᠨ ᠬᠦᠢᠯᠬᠡᠬᠡᠨ ᠤ ᠰᠠᠭᠤᠷᠢᠨ ᠭᠠᠵᠠᠷ ᠢ ᠡᠬᠢᠯᠡᠵᠦ ᠪᠠᠶᠢᠭᠤᠯᠤᠨ᠎ᠠ᠃ ᠡᠯᠧᠺᠲᠷᠣᠨ ᠬᠤᠳᠠᠯᠳᠤᠭ᠎ᠠ ᠶᠢ | ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ ᠶᠢ ᠭᠦᠨᠵᠡᠭᠡᠶ ᠲᠦᠯᠬᠢᠨ ᠠᠬᠢᠭᠤᠯᠵᠤ᠂ ᠨᠢᠭᠡ ᠪᠦᠯᠦᠭ ᠡᠯᠧᠺᠲᠷᠣᠨ ᠬᠤᠳᠠᠯᠳᠤᠭ᠎ᠠ᠂ ᠲᠦᠷᠭᠡᠨ ᠬᠦᠷᠭᠡᠯᠲᠡ | ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠦᠢᠯᠡᠴᠢᠯᠡᠬᠡᠨ ᠤ ᠲᠥᠪ ᠢ ᠪᠠᠶᠢᠭᠤᠯᠤᠨ᠎ᠠ᠃ ᠬᠦᠢᠲᠡᠨ ᠬᠡᠯᠬᠢᠶᠡᠲᠦ ᠲᠡᠭᠡᠭᠡᠪᠦᠷᠢ᠂ ᠴᠢᠷᠦᠭᠦᠯ | ᠲᠡᠭᠡᠭᠡᠪᠦᠷᠢ᠂ ᠲᠡᠷᠭᠡ ᠦᠭᠡᠢ ᠲᠡᠭᠡᠭᠡᠪᠦᠷᠢᠯᠡᠯᠲᠡ ᠵᠡᠷᠭᠡ ᠲᠡᠭᠡᠭᠡᠪᠦᠷᠢ ᠶᠢᠨ ᠠᠷᠭ᠎ᠠ ᠮᠠᠶ᠋ᠢᠭ ᠢ ᠳᠡᠯᠭᠡᠷᠡᠭᠦᠯᠵᠦ᠂ ᠪᠠᠷᠠᠭ᠎ᠠ ᠶᠢᠨ ᠬᠦᠢᠯᠬᠡᠬᠡᠨ ᠤ ᠥᠪᠡᠷ ᠤᠨ ᠥᠷᠲᠡᠭ ᠢ | ᠪᠠᠭᠤᠷᠠᠭᠤᠯᠤᠨ᠎ᠠ᠃ ᠬᠡᠷᠡᠭᠯᠡᠭᠡᠨ ᠤ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠳᠥᠭᠦᠮ ᠦᠵᠡᠭᠦᠯᠬᠦ ᠵᠠᠬ᠎ᠠ ᠳᠡᠯᠭᠡᠭᠦᠷ᠂ ᠨᠡᠶᠢᠭᠡᠮ ᠲᠣᠭᠤᠷᠢᠭ ᠤᠨ ᠢᠳᠡᠰᠢᠨ | ᠨᠤᠭᠤᠭᠠᠨ ᠤ ᠵᠠᠬ᠎ᠠ ᠳᠡᠯᠭᠡᠭᠦᠷ ᠵᠡᠷᠭᠡ ᠠᠷᠠᠳ ᠲᠤ ᠳᠥᠭᠦᠮ ᠦᠵᠡᠭᠦᠯᠬᠦ ᠬᠡᠷᠡᠭᠯᠡᠭᠡᠨ ᠤ ᠲᠦᠬᠦᠬᠡᠷᠦᠮᠵᠢ ᠶᠢ ᠲᠡᠭᠦᠯᠳᠡᠷᠵᠢᠭᠦᠯᠦᠨ᠂ ᠬᠠᠮᠲᠤᠪᠠᠷ ᠡᠳ᠋ᠯᠡᠬᠦ ᠠᠵᠤ ᠠᠬᠤᠶ᠂ | ᠲᠣᠭᠲᠠᠭᠰᠠᠨ ᠬᠡᠷᠡᠭᠯᠡᠭᠡ᠂ ᠪᠡᠶᠡᠴᠢᠯᠡᠨ ᠣᠶᠢᠯᠠᠭᠠᠬᠤ ᠬᠡᠷᠡᠭᠯᠡᠭᠡ ᠵᠡᠷᠭᠡ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠵᠤ᠂ ᠬᠡᠷᠡᠭᠯᠡᠭᠡᠨ ᠤ ᠨᠡᠮᠡᠭᠳᠡᠯ ᠢ ᠬᠦᠴᠦᠯᠡᠨ | ᠠᠬᠢᠭᠤᠯᠤᠨ᠎ᠠ᠃ | ︵ᠵᠢᠷᠭᠤᠭ᠎ᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠠᠳᠠᠭᠠᠳᠤ ᠨᠡᠭᠡᠭᠡᠯᠳᠡ ᠶᠢ ᠥᠷᠭᠡᠳᠬᠡᠨ᠎ᠡ | ︽ᠳᠠᠯᠪᠢᠵᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠᠷ ᠭᠤᠤᠯᠳᠠᠯᠭ᠎ᠠ ᠪᠣᠯᠭᠠᠨ ᠡᠵᠡᠩᠨᠡᠨ ᠠᠷᠠᠯᠵᠢᠶᠠᠯᠠᠬᠤ ᠣᠷᠴᠢᠨ ᠲᠣᠭᠤᠷᠢᠨ ᠢ | ᠰᠢᠯᠢᠳᠡᠭᠵᠢᠭᠦᠯᠦᠨ᠎ᠡ᠃ ︽ᠪᠠᠶᠠᠨᠨᠠᠭᠤᠷ ᠤᠨ ᠶᠠᠪᠤᠳᠠᠯ ᠢ ᠲᠦᠷᠭᠡᠨ ᠬᠦᠢᠴᠡᠳᠬᠡᠬᠦ︾ ᠲᠠᠪᠴᠠᠩ ᠤᠨ ᠴᠢᠳᠠᠮᠵᠢ ᠶᠢ ᠪᠠᠶᠠᠯᠢᠭᠵᠢᠭᠤᠯᠵᠤ᠂ ᠣᠶᠤᠨᠯᠢᠭ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠳᠠᠪᠴᠠᠩ ᠢ ᠨᠡᠭᠡᠭᠡᠨ ᠠᠰᠢᠭᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠵᠢᠷᠤᠮᠵᠢᠭᠤᠯᠬᠤ᠂ ᠳᠥᠭᠦᠮᠴᠢᠯᠡᠬᠦ᠂ | ᠤᠶᠤᠨᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠵᠠᠰᠠᠭ ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ︾ ᠶᠢᠨ ᠵᠠᠭᠪᠤᠷ ᠢ ᠢᠳᠡᠪᠬᠢᠲᠡᠢ ᠳᠡᠯᠭᠡᠷᠡᠭᠦᠯᠵᠦ᠂ | ᠪᠠᠩᠬᠢ ᠶᠢᠨ ᠲᠣᠤᠷ ᠴᠡᠭ ᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠴᠡᠭ ᠪᠣᠯᠭᠠᠨ ᠬᠤᠪᠢᠷᠠᠭᠤᠯᠵᠤ᠂ ᠦᠨᠳᠦᠰᠦᠨ ᠱᠠᠲᠤᠨ ᠤ ᠠᠷᠠᠳ ᠲᠤ ᠳᠥᠭᠦᠮ | ᠦᠵᠡᠬᠦᠯᠬᠦ ᠣᠷᠣᠯᠠᠨ ᠬᠦᠢᠴᠡᠳᠬᠡᠬᠦ ᠴᠡᠭ ᠤᠨ ᠦᠢᠯᠡᠴᠢᠯᠡᠬᠡᠨ ᠤ ᠴᠢᠳᠠᠮᠵᠢ ᠶᠢ ᠴᠢᠩᠭᠠᠷᠠᠭᠤᠯᠤᠨ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠵᠦᠢᠯᠡᠰ ᠢ ᠣᠯᠠᠨ ᠲᠠᠯ᠎ᠠ ᠪᠠᠷ ᠬᠦᠢᠴᠡᠳᠬᠡᠬᠦ᠂ ᠰᠦᠯᠵᠢᠶᠡᠨ ᠳᠡᠭᠡᠷ᠎ᠡ ᠬᠦᠢᠴᠡᠳᠬᠡᠬᠦ᠂ ᠦᠢᠷ᠎ᠠ ᠬᠠᠪᠢ ᠳᠤᠨᠢ ᠬᠦᠢᠴᠡᠳᠬᠡᠬᠦ ᠪᠣᠯᠭᠠᠨ᠎ᠠ᠃ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠦᠬᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ ᠴᠠᠭ ᠢ 80 | ᠠᠵᠢᠯᠯᠠᠬᠤ ᠡᠳᠦᠷ ᠤᠨ ᠳᠤᠳᠤᠷ᠎ᠠ ᠬᠦᠷᠲᠡᠯ᠎ᠡ ᠪᠣᠭᠤᠨᠢᠰᠬᠠᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠢᠭᠡᠳᠬᠡᠵᠦ ᠬᠠᠮᠲᠤ ᠪᠠᠷ | ᠡᠳ᠋ᠯᠡᠬᠦ ᠶᠢ ᠲᠦᠷᠭᠡᠳᠬᠡᠵᠦ᠂ ︽ᠰᠦᠯᠵᠢᠶ᠎ᠡ ᠶᠢ ᠨᠡᠪᠲᠡᠷᠡᠭᠦᠯᠬᠦ᠂ ᠲᠤᠭ᠎ᠠ ᠪᠠᠷᠢᠮᠲᠠ ᠶᠢ ᠨᠡᠪᠲᠡᠷᠡᠭᠦᠯᠬᠦ᠂ ᠬᠡᠷᠡᠭᠯᠡᠯᠳᠡ ᠶᠢ ᠨᠡᠪᠲᠡᠷᠡᠭᠦᠯᠬᠦ︾ ᠶᠢ ᠲᠦᠯᠬᠢᠨ ᠠᠬᠢᠭᠤᠯᠤᠨ᠎ᠠ | ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠬᠦᠷᠢᠶᠡᠨ ᠳᠠᠬᠢ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠨᠡᠶᠢᠳᠡᠮ ᠪᠥᠷᠬᠦᠭᠦᠯᠬᠦ᠂ ᠪᠠᠶᠢᠩᠭᠤᠵᠢᠭᠤᠯᠬᠤ ᠶᠢ | ᠠᠬᠢᠭᠤᠯᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠭᠦᠨᠵᠡᠭᠡᠶ ᠲᠦᠯᠬᠢᠨ ᠠᠬᠢᠭᠤᠯᠤᠨ᠎ᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠦᠪᠦᠷ ᠮᠤᠩᠭᠤᠯ ᠢᠶᠠᠨ ᠬᠦᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠠᠭᠤᠷᠢ ᠴᠢᠨᠠᠷᠲᠠᠶ᠂ ᠬᠡᠷᠡᠭᠯᠡᠭᠡᠨ ᠤ ᠴᠢᠨᠠᠷᠲᠠᠶ | ᠰᠤᠳᠤᠯᠭᠠᠨ ᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠮᠵᠢ ᠶᠢ ᠬᠤᠪᠢᠷᠠᠭᠤᠯᠬᠤ ᠶᠢ ᠠᠬᠢᠭᠤᠯᠤᠨ᠎ᠠ᠃ ᠤᠯᠤᠰ ᠤᠨ ᠲᠠᠷᠢᠶᠠᠯᠠᠩ ᠤᠨ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠡᠷᠴᠢᠮ ᠢ ᠴᠢᠩᠭᠠᠷᠠᠭᠤᠯᠤᠨ᠎ᠠ᠃ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ | ᠶᠡᠭᠡ ᠰᠤᠷᠭᠠᠭᠤᠯᠢ᠂ ᠪᠠᠷᠠᠭᠤᠨ ᠬᠤᠶᠢᠲᠤ ᠶᠢᠨ ᠲᠠᠷᠢᠶᠠᠯᠠᠩ ᠣᠶ ᠰᠢᠭᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠥᠪᠥᠷ ᠮᠤᠩᠭᠤᠯ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ᠂ ᠳᠡᠭᠡᠳᠦ ᠰᠤᠷᠭᠠᠭᠤᠯᠢ ᠲᠠᠢ ᠬᠠᠮᠳᠤᠷᠠᠨ | ᠰᠢᠨ᠎ᠡ ᠶᠢ ᠡᠭᠦᠳᠬᠦ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ᠂ ᠢᠨᠵᠧᠨᠧᠷᠢᠩ ᠤᠨ ᠮᠡᠷᠭᠡᠵᠢᠯ ᠤᠨ | ᠰᠤᠳᠤᠯᠤᠯ ᠤᠨ ᠲᠥᠪ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠦᠢᠯᠡᠳᠪᠦᠷᠢᠯᠡᠬᠦ ᠵᠢᠭᠠᠬᠤ ᠰᠤᠳᠤᠯᠬᠤ ᠰᠠᠭᠤᠷᠢᠨ ᠭᠠᠵᠠᠷ ᠵᠡᠷᠭᠡ ᠠᠴᠢᠶᠠᠯᠠᠪᠤᠷᠢ | ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ | ᠠᠷᠪᠠᠨ ᠶᠡᠭᠡ ᠠᠵᠢᠯᠯᠠᠭ᠎ᠠ︾ ᠶᠢ ᠥᠷᠨᠢᠭᠦᠯᠦᠨ᠎ᠡ᠃ ︽ᠳᠡᠭᠡᠳᠤ ᠰᠤᠷᠭᠠᠭᠤᠯᠢ᠂ ᠤᠷᠤᠨ ᠨᠤᠲᠤᠭ ᠬᠠᠮᠲᠤᠷᠠᠨ ᠪᠠᠶᠢᠭᠤᠯᠬᠤ︾᠂ ︽ᠳᠥᠷᠪᠡᠨ ᠱᠠᠲᠤ ᠬᠤᠯᠪᠣᠭᠠᠯᠠᠨ | ᠡᠭᠦᠳᠬᠦ︾᠂ ︽ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ︾ ᠵᠡᠷᠭᠡ ᠲᠤᠷᠰᠢᠯᠭ᠎ᠠ ᠶᠢ ᠶᠡᠬᠡᠪᠡᠷ ᠳᠡᠯᠭᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠣᠨᠴᠠ ᠲᠣᠮᠢᠯᠠᠭᠴᠢ ᠶᠢᠨ ᠲᠦᠷᠢᠮ ᠢ ᠭᠦᠨᠵᠡᠭᠡᠶ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ | ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭ᠎ᠠ ᠶᠢ ᠥᠷᠨᠢᠭᠦᠯᠦᠨ᠎ᠡ᠃ ᠴᠢᠳᠠᠪᠤᠷᠢᠲᠠᠨ ᠢ ᠬᠥᠮᠦᠵᠢᠭᠦᠯᠬᠦ᠂ ᠤᠷᠢᠨ ᠤᠷᠤᠭᠤᠯᠬᠤ᠂ ᠬᠦᠬᠢᠭᠦᠯᠬᠦ | ᠲᠣᠭᠲᠠᠴᠠ ᠶᠢ ᠲᠡᠭᠦᠯᠳᠡᠷᠵᠢᠭᠦᠯᠵᠦ᠂ ᠰᠠᠨᠠᠭᠠᠰᠢᠷᠠᠬᠤ ᠵᠦᠢᠯ ᠢ ᠰᠠᠶᠢᠲᠤᠷ ᠰᠢᠢᠳᠪᠦᠷᠢᠯᠡᠵᠦ᠂ ᠤᠷᠢᠨ ᠤᠷᠤᠭᠤᠯᠵᠤ ᠳᠡᠶᠢᠯᠬᠦ᠂ ᠦᠯᠡᠳᠡᠭᠡᠵᠦ ᠳᠡᠶᠢᠯᠬᠦ᠂ ᠰᠠᠶᠢᠲᠤᠷ | ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠪᠣᠭᠤᠮᠲᠠ ᠶᠢᠨ ᠨᠡᠭᠡᠭᠡᠨ ᠬᠦᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠪᠠ ᠭᠠᠵᠠᠷ | ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ᠂ ᠮᠣᠩᠭᠤᠯ ᠤᠨ ︽ᠨᠢᠭᠡ ᠪᠦᠰᠡ ᠨᠢᠭᠡ ᠵᠠᠮ︾ ᠤᠨ ᠣᠯᠠᠨ ᠤᠯᠤᠰ ᠤᠨ | ᠠᠵᠤ ᠦᠢᠯᠡᠰ ᠤᠨ ᠬᠠᠮᠲᠤᠷᠠᠯᠴᠠᠭᠠᠨ ᠤ ᠬᠦᠷᠢᠶᠡᠯᠡᠩ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ᠭᠠᠭᠴᠠᠮᠤᠳᠤ ᠬᠢᠯᠢ ᠶᠢᠨ ᠪᠣᠭᠤᠮᠲᠠ ᠶᠢ ᠤᠯᠤᠰ ᠤᠨ | ᠲᠠᠰ ᠤᠨ ᠭᠤᠤᠯᠳᠠᠯᠭ᠎ᠠ ᠲᠠᠢ ᠨᠡᠭᠡᠭᠡᠨ ᠬᠦᠭᠵᠢᠭᠦᠯᠬᠦ ᠲᠤᠷᠰᠢᠯᠲᠠ ᠶᠢᠨ ᠣᠷᠣᠨ ᠪᠣᠯᠭᠠᠬᠤ ᠪᠠᠷ ᠴᠢᠷᠮᠠᠶᠢᠨ᠎ᠠ᠃ ᠪᠣᠭᠤᠮᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠢ | ᠤᠯᠠᠮ ᠨᠢᠭᠡ ᠠᠯᠬᠤᠮ ᠰᠢᠯᠤᠭᠤᠳᠬᠠᠵᠤ᠂ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠣᠭᠤᠮᠲᠠ ᠶᠢᠨ ᠰᠠᠭᠤᠷᠢ | ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠣᠭᠤᠮᠲᠠ ᠶᠢᠨ ᠠᠭᠤᠷᠬᠠᠢ ᠶᠢᠨ ᠡᠨᠧᠷᠭᠢ ᠶᠢᠨ ᠨᠡᠪᠲᠡᠷᠡᠬᠦ ᠵᠠᠮ ᠤᠨ ᠬᠤᠶᠠᠳᠤᠭᠠᠷ | ᠬᠤᠭᠤᠴᠠᠭᠠᠨ ᠤ ᠠᠵᠢᠯ᠂ ᠰᠢᠯᠭᠠᠨ ᠪᠠᠶᠢᠴᠠᠭᠠᠬᠤ ᠣᠷᠣᠨ ᠪᠦᠰᠡ ᠶᠢᠨ ᠪᠡᠯᠡᠳᠬᠡᠮᠵᠢ ᠶᠢ ᠦᠭᠡᠷᠡᠴᠢᠯᠡᠬᠦ᠂ ᠪᠣᠭᠤᠮᠲᠠ ᠶᠢᠨ ᠤᠰᠤ ᠬᠠᠩᠭᠠᠬᠤ ᠵᠡᠷᠭᠡ ᠢᠨᠵᠧᠨᠧᠷᠢᠩ ᠢ | ᠭᠦᠢᠴᠡᠳᠭᠡᠵᠦ᠂ ᡂᠢ ᠾᠧᠩ ᠣᠷᠴᠢᠨ ᠲᠣᠭᠤᠷᠢᠨ ᠢ ᠬᠠᠮᠠᠭᠠᠯᠠᠬᠤ ᠬᠢᠨᠠᠨ ᠬᠠᠮᠢᠶᠠᠷᠬᠤ ᠣᠷᠣᠨ᠂ ᠬᠢᠯᠢ ᠠᠴᠠ ᠭᠠᠷᠬᠤ ᠮᠠᠰᠢᠨ ᠲᠡᠷᠭᠡ ᠶᠢᠨ ᠦᠢᠯᠡᠴᠢᠯᠡᠭᠡᠨ ᠤ | ᠣᠷᠣᠨ ᠤ ᠨᠢᠭᠡᠳᠦᠭᠡᠷ ᠬᠤᠭᠤᠴᠠᠭ᠎ᠠ ᠶᠢᠨ ᠠᠵᠢᠯ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠢᠵᠦ᠂ ᠪᠣᠭᠤᠮᠲᠠ ᠶᠢᠨ ᠬᠥᠮᠥᠷᠭᠡᠯᠡᠨ ᠬᠠᠳᠠᠭᠠᠯᠠᠬᠤ | ᠪᠠᠷᠠᠭ᠎ᠠ ᠶᠢᠨ ᠭᠦᠢᠯᠭᠡᠭᠡᠨ ᠪᠠ ᠪᠣᠭᠤᠮᠲᠠ ᠪᠠᠷ ᠨᠡᠪᠲᠡᠷᠡᠬᠦ ᠶᠢ ᠪᠠᠶᠢᠴᠠᠭᠠᠨ ᠰᠢᠯᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠯᠢ ᠶᠢᠨ ᠢᠷᠭᠡᠳ ᠤᠨ ᠬᠤᠳᠠᠯᠳᠤᠭᠠᠨ ᠤ | ᠲᠣᠭᠤᠷᠢᠭ ᠢ ᠡᠬᠢᠯᠡᠨ ᠪᠠᠶᠢᠭᠤᠯᠤᠨ᠎ᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ︽ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠤᠨ︾ ᠤ | ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠠᠵᠤ ᠦᠢᠯᠡᠰ ᠤᠨ ᠪᠠᠶᠢᠷᠢᠯᠠᠭᠤᠯᠤᠯᠲᠠ ᠪᠠ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠣᠲᠣ | ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠵᠢᠷᠭᠤᠭᠠᠨ ᠲᠣᠮᠣ ᠠᠵᠤ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ | ᠦᠢᠯᠡᠰ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠪᠤᠭᠤᠮᠲᠠ ᠶᠢᠨ ᠠᠵᠤ ᠠᠬᠤᠶ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ | ᠬᠦᠷᠢᠶ᠎ᠡ ᠴᠠᠷᠠᠭ᠎ᠠ ᠶᠢᠨ ᠲᠤᠭᠤᠷᠢᠨ ᠳᠤ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠬᠤᠳᠠᠯᠳᠤᠭᠠᠴᠢᠨ ᠤᠷᠢᠬᠤ ᠬᠤᠯᠪᠣᠭ᠎ᠠ ᠠᠪᠬᠤ | ᠭᠠᠵᠠᠷ ᠤᠨ ᠦᠢᠯᠡᠳᠦᠯ ᠢ ᠪᠠᠳᠠᠷᠠᠭᠤᠯᠤᠨ᠂ ᠨᠢᠭᠡ ᠪᠦᠯᠦᠭ ᠠᠵᠤ ᠦᠢᠯᠡᠰ ᠤᠨ ᠬᠠᠷᠢᠯᠴᠠᠨ ᠬᠤᠯᠪᠤᠭᠳᠠᠬᠤ ᠬᠡᠮᠵᠢᠶ᠎ᠡ ᠥᠨᠳᠥᠷ᠂ ᠳᠡᠭᠡᠳᠦ ᠳᠣᠤᠷᠠᠳᠤ ᠤᠷᠤᠰᠬᠠᠯ ᠤᠨ | ᠠᠵᠤ ᠠᠬᠤᠶᠢᠯᠠᠯ ᠢᠵᠢ ᠪᠥᠷᠢᠳᠦᠭᠰᠡᠨ ᠲᠤᠯᠤᠭᠠᠶᠢᠯᠠᠬᠤ᠂ ᠬᠦᠲᠦᠯᠦᠨ ᠵᠢᠯᠤᠭᠤᠳᠬᠤ᠂ ᠥᠨᠳᠥᠷ ᠦᠰᠦᠨ ᠪᠤᠶᠢᠵᠢᠬᠤ ᠬᠡᠯᠪᠡᠷᠢ ᠪᠥᠬᠦᠶ ᠲᠥᠷᠥᠯ ᠵᠦᠢᠯ ᠢ ᠤᠷᠢᠨ | ᠤᠷᠤᠭᠤᠯᠤᠨ᠎ᠠ᠃ ᠨᠢᠭᠡ ᠬᠤᠶᠠᠷ ᠭᠤᠷᠪᠠᠳᠤᠭᠠᠷ ᠠᠵᠤ ᠦᠢᠯᠡᠰ᠂ ᠶᠡᠭᠡ ᠳᠤᠮᠳᠠ ᠪᠠᠭ᠎ᠠ ᠲᠥᠷᠥᠯ ᠵᠦᠢᠯ ᠢ ᠬᠠᠮᠲᠤ ᠳᠤᠨᠢ ᠤᠷᠢᠬᠤ ᠶᠢ ᠪᠠᠷᠢᠮᠲᠠᠯᠠᠨ᠎ᠠ᠃ ᠮᠠᠨ ᠤ | ᠬᠤᠲᠠ ᠶᠢᠨ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ | ᠲᠥᠷᠦ ᠶᠢᠨ ᠪᠣᠳᠣᠯᠭ᠎ᠠ ᠶᠢ ᠰᠠᠶᠢᠲᠤᠷ ᠠᠰᠢᠭᠯᠠᠵᠤ᠂ ᠬᠤᠳᠠᠯᠳᠤᠭᠠᠴᠢᠢᠨ ᠤᠷᠢᠵᠤ ᠪᠡᠯᠡ ᠣᠷᠣᠭᠤᠯᠬᠤ ᠠᠵᠢᠯ ᠢ ᠢᠳᠡᠪᠬᠢᠲᠡᠢ ᠥᠷᠨᠢᠭᠦᠯᠦᠨ᠎ᠡ᠃ ᠬᠥᠷᠥᠩᠭᠡ ᠤᠷᠢᠨ | ᠤᠷᠤᠭᠤᠯᠬᠤ ᠠᠵᠢᠯ ᠢ ᠴᠢᠩᠭᠠᠳᠬᠠᠵᠤ᠂ ᠬᠤᠲᠠ ᠶᠢᠨ ᠭᠠᠳᠠᠨᠠᠬᠢ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ | ᠦᠢᠯᠡᠰ ᠴᠤᠭᠴᠠᠯᠠᠬᠤ ᠪᠡᠯᠡ ᠤᠷᠤᠭᠤᠯᠤᠯᠲᠠ ᠶᠢᠨ ᠪᠠᠶᠢᠭᠤᠯᠤᠮᠵᠢ ᠶᠢ ᠮᠠᠨ ᠤ ᠬᠤᠲᠠ ᠳᠤ ᠤᠷᠢᠨ ᠤᠷᠤᠭᠤᠯᠵᠤ ᠪᠡᠯᠡ ᠤᠷᠤᠭᠤᠯᠤᠯᠲᠠ ᠬᠢᠯᠭᠡᠵᠦ ᠬᠦᠭᠵᠢᠭᠦᠯᠦᠨ᠎ᠡ᠃ | | ︵ᠳᠣᠯᠤᠭ᠎ᠠ︶ ᠬᠤᠲᠠ ᠬᠥᠳᠡᠭᠡ ᠶᠢ ᠨᠢᠭᠡᠳᠦᠯᠲᠡᠶ ᠲᠦᠯᠦᠪᠵᠢᠭᠦᠯᠦᠨ ᠬᠥᠭᠵᠢᠭᠦᠯᠬᠦ ᠠᠯᠬᠤᠴᠠ ᠶᠢ ᠲᠦᠷᠭᠡᠳᠬᠡᠨ᠎ᠡ | ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤᠨ ᠤ ᠵᠠᠮ᠂ ᠭᠠᠵᠠᠷ | ᠳᠣᠣᠷᠠᠬᠢ ᠬᠤᠭᠤᠯᠠᠢ ᠱᠤᠭᠤᠮ ᠤᠨ ᠲᠣᠣᠷ᠂ ᠬᠡᠢ ᠬᠠᠩᠭᠠᠬᠤ᠂ ᠢᠯᠴᠢ ᠬᠠᠩᠭᠠᠬᠤ ᠵᠡᠷᠭᠡ ᠲᠦᠬᠦᠭᠡᠷᠦᠮᠵᠢ ᠶᠢ ᠥᠭᠡᠷᠡᠴᠢᠯᠡᠬᠦ ᠬᠦᠴᠦᠯᠡᠴᠡ ᠪᠠᠨ ᠨᠡᠮᠡᠭᠳᠡᠭᠦᠯᠵᠦ᠂ | ᠭᠡᠷ ᠪᠠᠶᠢᠰᠢᠩ ᠤᠨ ᠲᠣᠭᠤᠷᠢᠭ 8380 ᠢᠵᠢ᠂ 108 ᠲᠦᠮᠡᠨ ᠲᠡᠭᠰᠢ ᠳᠥᠷᠪᠡᠯᠵᠢᠨ ᠮᠧᠲᠷ ᠪᠦᠬᠦᠢ ᠬᠠᠭᠤᠴᠢᠨ ᠲᠣᠭᠤᠷᠢᠭ ᠢ ᠦᠭᠡᠷᠡᠴᠢᠯᠡᠨ | ᠰᠠᠶᠢᠵᠢᠷᠠᠭᠤᠯᠤᠨ᠎ᠠ᠃ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ | ᠴᠢᠩᠭᠠᠷᠠᠭᠤᠯᠤᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠡᠤᠬᠡ ᠶᠢᠨ ᠦᠯᠡᠳᠡᠭᠳᠡᠯ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ | ᠦᠨᠡᠮᠯᠡᠯ ᠠᠪᠬᠤ ᠳᠤ ᠬᠦᠴᠢᠷᠲᠡᠶ᠂ ᠪᠤᠴᠠᠵᠤ ᠨᠡᠭᠦᠬᠦ ᠳᠤ ᠬᠦᠴᠢᠷᠲᠡᠶ᠂ ᠣᠷᠣᠵᠤ ᠰᠠᠭᠤᠬᠤ ᠳᠤ ᠬᠦᠴᠢᠷᠲᠡᠶ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠨ᠎ᠡ᠃ | ᠯᠢᠨ ᠾᠧ ᠲᠣᠭᠤᠷᠢᠭ ᠤᠨ ᠬᠤᠶᠢᠲᠤ ᠰᠤᠪᠠᠭ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠦᠨ᠎ᠡ᠃ ᠱᠤᠸᠠᠩ ᠾᠧ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠣᠶᠣᠯ ᠵᠢᠭᠤᠯᠴᠢᠯᠠᠯ᠂ ᠮᠥᠩᠭᠦᠨ ᠭᠦᠢᠯᠭᠡᠭᠡ᠂ ᠬᠤᠳᠠᠯᠳᠤᠭᠠᠨ ᠤ ᠶᠠᠪᠤᠳᠠᠯ᠂ | ᠡᠷᠡᠭᠦᠯᠵᠢᠯ ᠰᠤᠪᠢᠯᠠᠯᠲᠠ᠂ ᠰᠡᠯᠡᠭᠦᠴᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ᠂ ᠬᠤᠷᠠᠯ ᠦᠵᠡᠰᠬᠦᠯᠡᠩ ᠤᠨ ᠦᠢᠯᠡᠴᠢᠯᠡᠭᠡ ᠵᠡᠷᠭᠡ ᠠᠵᠤ | ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠢᠵᠢ ᠪᠦᠷᠢᠳᠦᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠵᠡᠭᠡᠯᠢ | ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠬᠠᠮᠢᠶᠠᠷᠤᠯᠲᠠ ᠶᠢᠨ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠣᠣᠷᠵᠢᠭᠰᠠᠨ᠂ ᠨᠠᠷᠢᠯᠢᠭᠵᠢᠭᠰᠠᠨ᠂ | ᠬᠥᠮᠥᠡᠯᠢᠭ ᠬᠠᠮᠢᠶᠠᠷᠤᠯᠲᠠ ᠶᠢᠨ ᠬᠢᠷᠢ ᠲᠦᠪᠰᠢᠨ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠶᠠᠰᠤ ᠴᠢᠨᠠᠷ | ᠢ ᠳᠡᠭᠡᠭᠰᠢᠯᠡᠭᠦᠯᠬᠦ ᠤᠨ ᠤ ᠠᠵᠢᠯᠯᠠᠭ᠎ᠠ ᠶᠢ ᠥᠷᠨᠢᠭᠦᠯᠦᠨ᠎ᠡ᠃ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ︽ᠵᠣᠷᠯᠣᠩ ᠤᠨ ᠬᠤᠪᠢᠰᠬᠠᠯ︾ ᠢ ᠲᠤᠬᠠᠶ ᠶᠢᠨ | ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠠᠬᠢᠭᠤᠯᠵᠤ᠂ ᠲᠣᠰᠬᠤᠨ ᠪᠠᠯᠭᠠᠰᠤ ᠶᠢ ᠨᠢᠭᠡ ᠴᠤᠭᠴᠠᠵᠢᠭᠤᠯᠤᠭᠰᠠᠨ ᠪᠣᠬᠢᠷ ᠤᠰᠤ ᠶᠢ ᠰᠢᠢᠳᠪᠦᠷᠢᠯᠡᠬᠦ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ | ᠬᠠᠷᠠᠯᠲᠠ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠠᠩᠬᠠᠨ ᠤ ᠬᠠᠲᠠᠭᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠤᠨ᠎ᠠ | ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ︽ᠵᠠᠮ ᠤᠨ ᠳᠠᠷᠤᠭ᠎ᠠ ᠶᠢᠨ ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ | ᠣᠷᠣᠨ ᠳᠤ 500 ᠺᠢᠯᠣᠮᠧᠲᠷ ᠵᠠᠰᠠᠮᠠᠯ ᠵᠠᠮ ᠵᠠᠰᠠᠵᠤ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠠᠰᠠᠭᠤᠳᠠᠯ ᠢ ᠪᠠᠶᠢᠩᠭᠤᠵᠢᠭᠤᠯᠤᠨ ᠵᠠᠰᠠᠵᠤ᠂ ᠣᠯᠠᠨ | ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ | ᠲᠤᠭᠲᠠᠪᠤᠷᠢᠵᠢᠭᠤᠯᠤᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 5.6 ᠲᠦᠮᠡᠨ ᠮᠠᠯᠴᠢᠨ ᠲᠠᠷᠢᠶᠠᠴᠢᠨ ᠤ ᠤᠤᠭᠤᠬᠤ ᠤᠰᠤᠨ ᠤ ᠶᠠᠰᠤ ᠴᠢᠨᠠᠷ ᠢ | ᠰᠠᠶᠢᠵᠢᠷᠠᠭᠤᠯᠤᠨ᠎ᠠ᠃ ᠪᠣᠯᠪᠠᠰᠤᠨ ᠲᠣᠰᠬᠤᠨ᠂ ᠬᠠᠮᠤᠭ ᠤᠨ ᠭᠤᠶᠣ ᠬᠡᠷ ᠪᠦᠯᠢ ᠵᠡᠷᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ | ᠮᠠᠯᠴᠢᠨ ᠲᠠᠷᠢᠶᠠᠴᠢᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ | ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠤᠭᠤᠲᠤ ᠠᠴᠠ ᠢᠷᠭᠠᠢ ᠬᠦᠷᠬᠦ ᠳᠡᠭᠡᠳᠤ ᠬᠤᠷᠳᠤ ᠶᠢᠨ | ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠳᠡᠭᠡᠳᠤ ᠬᠤᠷᠳᠤ ᠶᠢᠨ ᠲᠡᠮᠦᠷ ᠵᠠᠮ ᠤᠨ ᠠᠵᠤ ᠠᠬᠤᠶ ᠶᠢ | ᠲᠥᠯᠥᠪᠵᠢᠭᠦᠯᠦᠨ ᠬᠥᠭᠵᠢᠭᠦᠯᠦᠨ᠎ᠡ᠃ S39 ᠭᠠᠭᠴᠠᠮᠤᠳᠤ ᠠᠴᠠ ᠮᠤᠨᠠ ᠠᠭᠤᠯᠠ ᠬᠦᠷᠬᠦ ᠲᠦᠷᠭᠡᠨ ᠤ ᠵᠠᠰᠠᠮᠠᠯ ᠵᠠᠮ᠂ 110 ᠤᠯᠤᠰ ᠤᠨ ᠵᠠᠮ ᠤᠨ ᠬᠤᠸᠠᠩ | ᠶᠠᠩ ᠠᠴᠠ ᠳ᠋ᠧᠩᠺᠧᠦ ᠬᠦᠷᠬᠦ ᠬᠡᠰᠡᠭ᠂ ᠳ᠋ᠧᠩᠺᠧᠦ ᠶᠢᠨ ᠬᠠᠳᠤᠨ ᠭᠤᠤᠯ ᠤᠨ ᠶᠡᠭᠡ ᠬᠥᠭᠦᠷᠭᠡ᠂ 110 ᠤᠯᠤᠰ ᠤᠨ ᠵᠠᠮ ᠤᠨ ᠮᠤᠨᠠ ᠠᠭᠤᠯᠠ ᠶᠢᠨ ᠬᠡᠰᠡᠭ᠂ | 242 ᠤᠯᠤᠰ ᠤᠨ ᠵᠠᠮ ᠤᠨ ᠯᠢᠨ ᠾᠧ ᠢᠶᠠᠷ ᠥᠩᠭᠡᠷᠡᠬᠦ ᠬᠡᠰᠡᠭ᠂ 215 ᠮᠤᠵᠢ ᠶᠢᠨ ᠵᠠᠮ ᠤᠨ ᠤᠤᠪᠤᠯᠠᠭ ᠠᠴᠠ ᠰᠢᠨ ᠠᠨ ᠬᠦᠷᠬᠦ ᠬᠡᠰᠡᠭ᠂ 213 | ᠮᠤᠵᠢ ᠶᠢᠨ ᠵᠠᠮ ᠤᠨ ᠱᠠᠮᠪᠠ ᠠᠴᠠ ᠬᠤᠸᠠᠩ ᠶᠠᠩ ᠬᠦᠷᠬᠦ ᠬᠡᠰᠡᠭ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠦᠨ ᠪᠠᠶᠢᠭᠤᠯᠵᠤ᠂ | 335 ᠤᠯᠤᠰ ᠤᠨ ᠵᠠᠮ᠂ 331 ᠤᠯᠤᠰ ᠤᠨ ᠵᠠᠮ᠂ 311 ᠮᠤᠵᠢ ᠶᠢᠨ ᠵᠠᠮ ᠤᠨ ᠵᠠᠰᠠᠮᠠᠯ ᠵᠠᠮ ᠤᠨ ᠪᠠᠶᠠᠨᠨᠠᠭᠤᠷ ᠤᠨ ᠬᠡᠰᠡᠭ ᠵᠡᠷᠭᠡ ᠦᠷᠭᠦᠯᠵᠢᠯᠡᠨ | ᠪᠠᠶᠢᠭᠤᠯᠬᠤ ᠲᠥᠷᠥᠯ ᠵᠦᠢᠯ ᠢ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠬᠦ ᠶᠢ ᠲᠦᠯᠬᠢᠨ ᠠᠬᠢᠭᠤᠯᠤᠨ᠎ᠠ᠃ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ | ᠰᠠᠭᠤᠷᠢ ᠲᠦᠬᠦᠭᠡᠷᠦᠮᠵᠢ ᠶᠢ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠤᠳᠤᠬᠢᠴᠢᠯᠠᠭᠰᠠᠨ ᠥᠭᠡᠷᠡᠴᠢᠯᠡᠯᠲᠡ ᠶᠢᠨ ᠲᠥᠷᠥᠯ ᠵᠦᠢᠯ ᠢ ᠴᠢᠷᠮᠠᠶᠢᠨ | ᠬᠡᠷᠡᠭᠵᠢᠭᠦᠯᠵᠦ᠂ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ᠂ ᠮᠤᠨᠠ ᠠᠭᠤᠯᠠ ᠳᠠᠭᠠᠤ ᠶᠢᠨ ᠠᠭᠤᠯᠠᠨ ᠦᠶᠡᠷ ᠤᠨ ᠭᠤᠤ ᠶᠢ ᠵᠠᠰᠠᠬᠤ᠂ ᠵᠢᠵᠢᠭ | ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠤᠨ᠎ᠠ᠃ ᠵᠦᠩ ᠢ 220 ᠺᠢᠯᠣᠸᠠᠲ᠂ ᠴᠧᠨ ᠭᠤᠸᠠᠩ 110 | ᠺᠢᠯᠣᠸᠠᠲ᠂ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠳᠡᠰ ᠳᠡᠪᠰᠢᠭᠦᠯᠬᠦ ᠵᠡᠷᠭᠡ ᠴᠠᠬᠢᠯᠭᠠᠨ ᠲᠣᠣᠷ ᠤᠨ ᠢᠨᠵᠧᠨᠧᠷᠢᠩ ᠤᠨ ᠪᠠᠶᠢᠭᠤᠯᠤᠯᠲᠠ ᠶᠢ | ᠰᠠᠶᠢᠲᠤᠷ ᠠᠳᠬᠤᠨ᠎ᠠ᠃ 5G ᠰᠦᠯᠵᠢᠶ᠎ᠡ᠂ ᠲᠣᠮᠣ ᠳ᠋ᠠᠶᠢᠲ᠋ᠠ ᠶᠢᠨ ᠲᠥᠪ ᠵᠡᠷᠭᠡ ᠰᠢᠨ᠎ᠡ ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠶ ᠲᠥᠯᠥᠪᠯᠡᠨ ᠬᠡᠷᠡᠭᠵᠢᠭᠦᠯᠦᠨ᠎ᠡ᠃ | ᠲᠥᠷᠥᠯ ᠵᠦᠢᠯ ᠢ ᠲᠥᠰᠦᠪᠯᠡᠨ ᠨᠥᠭᠡᠴᠡᠯᠡᠵᠦ ᠲᠡᠮᠡᠴᠡᠨ ᠣᠯᠬᠤ ᠠᠵᠢᠯ ᠢ ᠰᠠᠶᠢᠲᠤᠷ ᠬᠢᠨ᠎ᠡ᠃ ᠤᠯᠤᠰ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠦᠭᠵᠢᠯᠲᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠰᠢᠭᠯᠠᠨ᠂ ︽ᠠᠷᠤ | ᠭᠠᠵᠠᠷ ᠤᠨ ᠵᠢᠶᠠᠩᠨᠠᠨ᠂ ᠪᠣᠬᠢᠷᠲᠤᠯ ᠦᠭᠡᠢ ᠪᠠᠷ ᠬᠥᠭᠵᠢᠨ ᠮᠠᠨᠳᠤᠬᠤ︾ ᠲᠡᠮᠡᠴᠡᠬᠦ ᠬᠠᠷᠠᠯᠲᠠ ᠶᠢᠨ ᠲᠣᠭᠤᠷᠢᠨ ᠳᠤ᠂ ᠪᠦᠬᠦ ᠬᠤᠲᠠ ᠶᠢᠨ ︽14·5︾ ᠶᠢᠨ | ᠲᠥᠯᠥᠪᠵᠢᠭᠦᠯᠭᠡ ᠶᠢ ᠴᠢᠨᠠᠷ ᠰᠠᠶᠢᠲᠠᠢ ᠲᠦᠯᠦᠪᠯᠡᠨ ᠨᠠᠶᠢᠷᠠᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ︽14·5︾ ᠤᠨ ᠲᠥᠯᠥᠪᠵᠢᠭᠦᠯᠪᠡ᠂ | ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠡᠷᠭᠡ ᠡᠯ᠎ᠡ ᠲᠥᠷᠥᠯ ᠤᠨ | ᠲᠥᠯᠥᠪᠵᠢᠭᠦᠯᠭᠡ ᠲᠠᠢ ᠣᠷᠭᠠᠨᠢᠭ ᠢᠶᠠᠷ ᠵᠣᠯᠭᠠᠭᠤᠯᠬᠤ ᠶᠢ ᠰᠠᠶᠢᠲᠤᠷ ᠬᠢᠵᠦ᠂ ᠮᠠᠨ ᠤ ᠬᠤᠲᠠ ᠶᠢᠨ ᠴᠢᠬᠤᠯᠠ ᠶᠡᠭᠡ ᠲᠥᠷᠦᠯ ᠵᠦᠢᠯ ᠢ ᠤᠷᠤᠭᠤᠯᠵᠤ ᠳᠡᠶᠢᠯᠬᠦ ᠶᠢ ᠨᠢ | ᠪᠦᠬᠦᠨ ᠢ ᠤᠷᠤᠭᠤᠯᠵᠤ᠂ ᠪᠠᠶᠠᠨᠨᠠᠭᠤᠷ ᠤᠨ ᠢᠷᠡᠭᠡᠳᠦᠢ ᠶᠢᠨ ᠬᠥᠭᠵᠢᠯᠲᠡ ᠳᠤ ᠰᠠᠶᠢᠨ ᠰᠠᠭᠤᠷᠢ ᠲᠠᠯᠪᠢᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ | ᠵᠢᠭᠡᠯᠡᠯᠭᠡ ᠶᠢᠨ ᠲᠡᠮᠳᠡᠭᠲᠦ ᠶᠢᠨ ᠲᠦᠷᠦᠯ ᠵᠦᠢᠯ ᠢ ᠲᠦᠰᠦᠪᠯᠡᠬᠦ᠂ ᠰᠤᠷᠲᠠᠯᠴᠢᠯᠠᠨ ᠲᠠᠨᠢᠭᠤᠯᠬᠤ᠂ ᠲᠡᠮᠡᠴᠡᠨ ᠤᠯᠬᠤ ᠵᠡᠷᠭᠡ ᠠᠵᠢᠯ ᠢ ᠰᠠᠶᠢᠲᠤᠷ ᠬᠢᠵᠦ᠂ ᠨᠢᠭᠡ | ᠪᠦᠯᠦᠭ ᠲᠤᠮᠤ ᠮᠦᠷᠲᠡᠭᠡᠨ ᠰᠠᠶᠢᠨ ᠲᠦᠷᠦᠯ ᠵᠦᠢᠯ ᠢ ᠦᠷᠭᠦᠯᠵᠢᠯᠡᠨ ᠨᠥᠭᠡᠴᠡᠯᠡᠵᠦ ᠬᠡᠷᠡᠭᠵᠢᠭᠦᠯᠦᠨ᠎ᠡ᠃ | ︵ᠨᠠᠢᠮᠠ︶ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠤᠨ᠎ᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠢᠮᠠᠭᠲᠠ ᠬᠢᠨᠠᠮᠠᠭᠠᠶ ᠰᠠᠶᠢᠲᠤᠷ | ᠠᠳᠬᠤᠵᠤ᠂ ᠭᠠᠳᠠᠭᠠᠳᠤ ᠠᠴᠠ ᠤᠷᠤᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠬᠠᠯᠳᠠᠪᠤᠷᠢᠯᠠᠬᠤ ᠠᠴᠠ ᠰᠡᠷᠭᠡᠶᠢᠯᠡᠬᠦ ᠶᠢ ᠪᠠᠷᠢᠮᠲᠠᠯᠠᠵᠤ᠂ ᠡᠯ᠎ᠡ ᠵᠦᠢᠯ ᠤᠨ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠣᠨᠣᠪᠴᠢᠲᠠᠶ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠳᠠᠶᠢᠨ ᠤ | ᠢᠯᠠᠯᠲᠠ ᠶᠢ ᠡᠷᠡᠰ ᠤᠯᠤᠨ᠎ᠠ᠃ ᠬᠤᠯᠤᠭᠠᠨ᠎ᠠ ᠶᠢᠨ ᠬᠢᠵᠢᠭ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠵᠡᠷᠭᠡ ᠬᠦᠨᠳᠦ ᠶᠡᠭᠡ | ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠣᠷᠣᠨ ᠪᠦᠰᠡ ᠶᠢᠨ ᠴᠢᠨᠠᠷᠲᠠᠶ ᠬᠦᠨᠳᠦ ᠶᠡᠭᠡ ᠬᠢᠵᠢᠭ ᠡᠭᠦᠰᠬᠦ ᠦᠭᠡᠢ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠶ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠡᠵᠡᠮᠳᠡᠬᠦ ᠪᠠ ᠡᠮᠨᠡᠨ ᠵᠠᠰᠠᠬᠤ ᠰᠠᠭᠤᠷᠢ ᠲᠦᠬᠦᠭᠡᠷᠦᠮᠵᠢ ᠶᠢ ᠳᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ | ᠬᠠᠯᠳᠠᠪᠤᠷᠢᠲᠤ ᠡᠪᠡᠳᠴᠢᠨ ᠢ ᠡᠮᠨᠡᠨ ᠵᠠᠰᠠᠬᠤ ᠲᠥᠪ ᠢ ᠴᠢᠷᠮᠠᠶᠢᠨ ᠪᠦᠲᠦᠭᠡᠨ ᠪᠠᠶᠢᠭᠤᠯᠵᠤ᠂ ᠬᠤᠰᠢᠭᠤ ᠰᠢᠶᠠᠨ ᠲᠣᠭᠤᠷᠢᠭ ᠤᠨ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠢ ᠲᠤᠰᠠᠭᠠᠷᠯᠠᠬᠤ ᠭᠠᠵᠠᠷ ᠢ ᠳᠡᠰ ᠳᠡᠪᠰᠢᠭᠦᠯᠦᠨ ᠥᠭᠡᠷᠡᠴᠢᠯᠡᠬᠦ ᠪᠠ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ | ᠲᠥᠪ ᠤᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠬᠢᠵᠦ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ | ᠠᠷᠭᠠᠴᠠᠬᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ | ᠡᠷᠡᠭᠦᠯ ᠴᠢᠭᠢᠷᠠᠭ ᠪᠠᠶᠠᠨᠨᠠᠭᠤᠷ ᠤᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ᠃ ︽ᠭᠤᠷᠪᠠᠨ ᠡᠮᠨᠡᠯᠭᠡ︾ ᠶᠢᠨ ᠬᠤᠯᠪᠣᠭᠠᠯᠠᠨ ᠬᠥᠳᠡᠯᠦᠯᠴᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠶᠢᠨ ᠬᠡᠪᠴᠢᠶᠡᠨ ᠤ ᠡᠮᠨᠡᠯᠭᠡ ᠶᠢᠨ ᠬᠤᠷᠢᠶ᠎ᠠ ᠶᠢᠨ ᠬᠤᠯᠪᠤᠭ᠎ᠠ ᠠᠴᠠ ᠡᠮ ᠪᠠ ᠲᠦᠬᠦᠭᠡᠷᠦᠮᠵᠢ ᠶᠢ ᠤᠯᠠᠨ ᠢᠶᠠᠷ | ᠲᠦᠪᠯᠡᠷᠡᠭᠦᠯᠦᠨ ᠬᠤᠳᠠᠯᠳᠤᠨ ᠠᠪᠬᠤ ᠶᠢ ᠥᠷᠨᠢᠭᠦᠯᠦᠨ᠎ᠡ᠃ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ | ᠯᠠᠪᠳᠠᠭᠤᠨ ᠢᠶᠠᠷ ᠠᠬᠢᠭᠤᠯᠵᠤ᠂ ᠨᠢᠭᠲᠠ ᠬᠤᠯᠪᠤᠭ᠎ᠠ ᠲᠠᠢ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠂ ᠡᠮᠴᠢᠯᠡᠭᠡᠨ ᠤ | ᠦᠢᠯᠡᠴᠢᠯᠡᠭᠡᠨ ᠤ ᠶᠠᠰᠤ ᠴᠢᠨᠠᠷ ᠢ ᠬᠢᠨᠠᠨ ᠬᠠᠮᠢᠶᠠᠷᠬᠤ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷᠲᠡᠶ | ᠂ ᠡᠪᠡᠳᠴᠢᠨ ᠦᠵᠡᠭᠦᠯᠬᠦ ᠳᠤ ᠦᠨᠡᠲᠡᠶ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ | ᠳᠠᠭᠠᠳᠬᠠᠯ ᠢ ᠬᠤᠲᠠ ᠶᠢᠨ ᠱᠠᠲᠤᠨ ᠳᠤ ᠨᠢᠭᠡᠳᠦᠯᠲᠡᠢ ᠲᠥᠯᠥᠪᠯᠡᠬᠦ ᠶᠢ ᠬᠡᠷᠡᠭᠵᠢᠭᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠬᠥᠭᠵᠢᠯᠲᠡ ᠶᠢ ᠲᠡᠳᠬᠦᠵᠦ᠂ | ᠬᠤᠲᠠ ᠶᠢᠨ ᠮᠣᠩᠭᠤᠯ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠬᠤ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ᠎ᠡ᠃ ᠪᠦᠬᠦ ᠠᠷᠠᠳ ᠤᠨ ᠡᠷᠡᠭᠦᠯ | ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠢ ᠶᠡᠬᠡᠪᠡᠷ ᠥᠷᠨᠢᠭᠦᠯᠵᠦ᠂ ᠤᠯᠤᠰ ᠤᠨ ᠳᠡᠰ ᠤᠨ ᠠᠷᠢᠭᠤᠨ ᠴᠡᠪᠡᠷ ᠬᠤᠲᠠ ᠶᠢ ᠪᠠᠶᠢᠭᠤᠯᠬᠤ ᠠᠵᠢᠯ ᠢ ᠦᠷᠭᠦᠯᠵᠢᠯᠡᠨ ᠲᠦᠯᠬᠢᠨ | ᠠᠬᠢᠭᠤᠯᠤᠨ᠎ᠠ᠃ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢᠨ ᠲᠤᠳᠤᠷᠬᠠᠢ ᠬᠠᠭᠤᠳᠠᠰᠤ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠷᠠᠳ ᠣᠯᠠᠨ ᠤ ᠢᠳᠡᠭᠡᠨ ᠤᠮᠳᠠᠭᠠᠨ ᠡᠮ ᠬᠡᠷᠡᠭᠯᠡᠬᠦ ᠠᠮᠤᠷ | ᠲᠦᠪᠰᠢᠨ ᠢ ᠪᠠᠲᠤᠯᠠᠨ᠎ᠠ᠃ | ᠠᠵᠢᠯ ᠣᠯᠭᠤᠯᠲᠠ ᠪᠠ ᠣᠷᠣᠯᠭ᠎ᠠ ᠶᠢᠨ ᠨᠡᠮᠡᠭᠳᠡᠯ ᠢ ᠤᠯᠠᠨ ᠠᠷᠭ᠎ᠠ ᠵᠠᠮ ᠢᠶᠠᠷ ᠠᠬᠢᠭᠤᠯᠤᠨ᠎ᠠ᠃ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠶᠡᠬᠡᠪᠡᠷ | ᠥᠷᠨᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠᠨ ᠠᠴᠠ ᠬᠠᠯᠠᠭᠳᠠᠭᠰᠠᠳ᠂ ᠲᠠᠷᠢᠶᠠᠴᠢᠨ ᠮᠠᠯᠴᠢᠨ ᠬᠦᠯᠦᠰᠦᠨ ᠠᠵᠢᠯᠴᠢᠨ ᠪᠣᠯᠤᠨ | ᠬᠤᠳᠠ ᠪᠠᠯᠭᠠᠰᠤᠨ ᠤ ᠬᠦᠴᠢᠷᠳᠡᠯᠲᠡᠢ ᠬᠥᠮᠦᠰ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠠᠬᠢᠭᠤᠯᠵᠤ᠂ ᠪᠦᠬᠦ ᠵᠢᠯ ᠤᠨ ᠬᠤᠳᠠ ᠪᠠᠯᠭᠠᠰᠤᠨ ᠤ | ᠰᠢᠨ᠎ᠡ ᠪᠠᠷ ᠠᠵᠢᠯ ᠣᠯᠤᠭᠰᠠᠨ ᠬᠥᠮᠦᠨ ᠤ ᠲᠤᠭ᠎ᠠ ᠶᠢ 9500 ᠪᠠᠷ ᠨᠡᠮᠡᠭᠳᠡᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠰᠢᠯᠵᠢᠭᠦᠯᠦᠨ ᠠᠵᠢᠯ ᠣᠯᠭᠤᠭᠰᠠᠨ | ᠬᠥᠮᠦᠨ ᠤ ᠲᠤᠭ᠎ᠠ ᠶᠢ 12.5 ᠲᠦᠮᠡᠨ ᠬᠥᠮᠦᠨ ᠤᠳᠠᠭ᠎ᠠ ᠪᠠᠷ ᠨᠡᠮᠡᠭᠳᠡᠭᠦᠯᠦᠨ᠎ᠡ᠃ ᠠᠵᠢᠯ ᠠᠯᠳᠠᠯᠲᠠ ᠶᠢᠨ ᠳᠠᠭᠠᠳᠬᠠᠯ ᠤᠨ ᠠᠵᠤ ᠠᠬᠤᠶᠢᠯᠠᠯ ᠢ ᠲᠤᠰᠠᠯᠠᠨ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ︽ᠠᠶᠠᠯᠠᠯ ᠬᠠᠮᠠᠭᠠᠯᠠᠬᠤ ᠠᠵᠢᠯᠯᠠᠭ᠎ᠠ︾ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠦᠨ᠂ ᠠᠵᠢᠯ ᠤᠯᠭᠤᠯᠲᠠ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ᠎ᠠ᠃ ᠣᠷᠣᠯᠭ᠎ᠠ ᠶᠢ ᠨᠡᠮᠡᠭᠳᠡᠭᠦᠯᠬᠦ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ | ᠨᠥᠬᠦᠪᠥᠷᠢ ᠶᠢᠨ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠣᠯᠠᠨ ᠠᠷᠭ᠎ᠠ ᠵᠠᠮ ᠢᠶᠠᠷ ᠠᠬᠢᠭᠤᠯᠤᠨ᠎ᠠ᠃ | | ᠰᠤᠷᠭᠠᠨ ᠬᠥᠮᠦᠵᠢᠯ ᠤᠨ ᠦᠢᠯᠡᠰ ᠢ ᠤᠷᠢᠳᠠᠪᠡᠷ ᠬᠥᠭᠵᠢᠭᠦᠯᠦᠨ᠎ᠡ᠃ ᠭᠤᠷᠪᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠠᠵᠢᠯᠯᠠᠭᠠᠨ ᠤ ᠲᠦᠯᠦᠪᠯᠡᠭᠡ ᠶᠢ ᠭᠦᠨᠵᠡᠭᠡᠶ ᠥᠷᠨᠢᠭᠦᠯᠵᠦ᠂ ᠬᠡᠤᠬᠡᠳ ᠤᠨ ᠴᠡᠴᠡᠷᠯᠢᠭ ᠤᠨ ᠪᠠᠶᠢᠭᠤᠯᠤᠯᠲᠠ ᠶᠢ ᠴᠢᠩᠭᠠᠳᠬᠠᠨ᠂ ᠲᠦᠭᠡᠮᠡᠯ | ᠬᠠᠷᠠᠭᠠᠯᠵᠠᠯ ᠦᠵᠡᠭᠦᠯᠬᠦ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠦᠨ᠎ᠡ᠃ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠤ᠂ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠢᠪᠲᠤᠯᠤᠯᠲᠠ ᠶᠢᠨ ᠲᠦᠯᠦᠪᠯᠡᠭᠡ ᠶᠢ ᠬᠡᠷᠡᠭᠵᠢᠭᠦᠯᠦᠨ᠂ ᠣᠷᠣᠨ ᠪᠦᠰᠡ ᠠᠯᠤᠰᠯᠠᠨ ᠬᠠᠮᠲᠤᠷᠠᠨ ᠰᠤᠷᠭᠠᠭᠤᠯᠢ ᠡᠷᠭᠢᠯᠡᠬᠦ ᠶᠢ ᠵᠣᠷᠢᠭᠵᠢᠭᠤᠯᠵᠤ᠂ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠴᠢᠨᠠᠷ ᠰᠠᠶᠢᠲᠠᠶ ᠠᠷᠠᠳ ᠠᠴᠠ ᠡᠷᠭᠢᠯᠡᠭᠰᠡᠨ | ᠣᠨᠴᠠᠯᠢᠭ ᠲᠠᠢ ᠰᠤᠷᠭᠠᠭᠤᠯᠢ ᠶᠢ ᠤᠷᠢᠨ ᠤᠷᠤᠭᠤᠯᠤᠨ᠎ᠠ᠃ ᠦᠨᠳᠦᠰᠦᠲᠡᠨ ᠤ ᠰᠤᠷᠭᠠᠨ ᠬᠥᠮᠦᠵᠢᠯ ᠤᠨ ︽ᠬᠤᠤᠰ ᠬᠡᠯᠡ︾ ᠶᠢᠨ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠦᠢᠯᠡᠳᠪᠦᠷᠢᠯᠡᠯ | ᠵᠢᠭᠠᠨ ᠰᠤᠷᠭᠠᠯᠲᠠ ᠶᠢᠨ ᠠᠭᠤᠰᠤᠯᠴᠠᠯ ᠢ ᠠᠬᠢᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠤᠲᠤᠭᠠᠲᠤ ᠶᠠᠰᠤ ᠴᠢᠨᠠᠷ ᠤᠨ ᠬᠥᠭᠵᠢᠯᠲᠡ ᠶᠢ | ᠠᠬᠢᠭᠤᠯᠤᠨ᠎ᠠ᠃ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠪᠠᠶᠢᠷᠢ ᠳᠤ ᠤᠷᠢᠨ ᠬᠡᠷᠡᠭᠯᠡᠬᠦ᠂ ᠠᠵᠢᠯ ᠤᠨ ᠪᠦᠲᠦᠮᠵᠢ ᠶᠢᠨ ᠴᠠᠯᠢᠩ᠂ | ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ ᠵᠡᠷᠭᠡ ᠲᠦᠷᠢᠮ ᠢ ᠳᠡᠭᠦᠯᠳᠡᠷᠵᠢᠭᠦᠯᠵᠦ᠂ ᠪᠠᠭᠰᠢ ᠶᠢᠨ ᠣᠯᠭᠤᠮᠵᠢ ᠶᠢ ᠦᠨᠡᠨ ᠬᠦ ᠪᠠᠲᠤᠯᠠᠨ᠎ᠠ᠃ | ᠰᠣᠶᠣᠯ ᠤᠨ ᠦᠢᠯᠡᠰ ᠢ ᠲᠦᠷᠭᠡᠪᠴᠢᠯᠡᠨ ᠬᠥᠭᠵᠢᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠤᠨ᠂ ᠹᠷᠣᠨᠲ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠬᠠᠮ ᠵᠠᠭᠤᠴᠢᠯᠠᠭᠤᠷ ᠤᠨ ᠲᠥᠪ ᠤᠨ ᠪᠠᠶᠢᠭᠤᠯᠤᠯᠲᠠ ᠶᠢ | ᠠᠬᠢᠭᠤᠯᠤᠨ᠎ᠠ᠃ ᠬᠠᠳᠤᠨ ᠭᠤᠤᠯ ᠤᠨ ᠰᠣᠶᠣᠯ ᠢ ᠶᠡᠬᠡᠪᠡᠷ ᠬᠠᠮᠠᠭᠠᠯᠠᠨ ᠤᠯᠠᠮᠵᠢᠯᠠᠨ ᠪᠠᠳᠠᠷᠠᠭᠤᠯᠵᠤ᠂ ᠬᠠᠳᠤᠨ ᠭᠤᠤᠯ ᠤᠨ ᠰᠣᠶᠣᠯ ᠤᠨ ᠰᠤᠳᠤᠷ ᠪᠢᠴᠢᠭ ᠢ | ᠡᠮᠬᠢᠯᠡᠬᠦ ᠠᠵᠢᠯ ᠢ ᠰᠠᠶᠢᠲᠤᠷ ᠠᠳᠬᠤᠵᠤ᠂ ᠨᠢᠭᠡ ᠪᠦᠯᠦᠭ ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠭᠠᠷᠭᠠᠨ᠎ᠠ᠃ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ | ᠤᠯᠠᠭᠠᠨᠮᠥ᠋ᠴᠢᠷ ᠤᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ᠂ ᠪᠣᠷᠣᠲᠣᠬᠤᠢ ᠶᠢᠨ ᠰᠣᠶᠣᠯ ᠤᠷᠠᠯᠢᠭ ᠤᠨ ᠪᠠᠶᠠᠷ ᠵᠢᠴᠢ ᠭᠤᠷᠪᠠᠳᠤᠭᠠᠷ ᠬᠤᠭᠤᠴᠠᠭᠠᠨ ᠤ | ᠤᠯᠠᠭᠠᠨᠮᠥ᠋ᠴᠢᠷ ᠤᠨ ᠤᠷᠠᠯᠢᠭ ᠤᠨ ᠪᠠᠶᠠᠷ ᠢ ᠰᠠᠶᠢᠲᠤᠷ ᠡᠷᠬᠢᠯᠡᠨ᠎ᠡ᠃ ᠮᠤᠨᠠ ᠠᠭᠤᠯᠠ ᠶᠢᠨ ᠬᠠᠳᠠᠨ ᠰᠡᠶᠢᠯᠦᠮᠡᠯ ᠤᠨ ᠪᠤᠳᠠᠰ ᠤᠨ ᠪᠤᠰᠤ ᠰᠣᠶᠣᠯ ᠤᠨ ᠥᠪ ᠢᠶᠠᠷ | ᠮᠡᠳᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠷᠲᠤ ᠴᠠᠭᠠᠨ ᠬᠡᠷᠡᠮ ᠵᠡᠷᠭᠡ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠵᠤ ᠰᠡᠯᠪᠢᠨ ᠵᠠᠰᠠᠬᠤ ᠶᠢ | ᠴᠢᠩᠭᠠᠳᠬᠠᠨ᠂ ᠡᠷᠲᠡᠨ ᠤ ᠨᠣᠮ ᠰᠤᠳᠤᠷ ᠤᠨ ᠬᠤᠪᠤᠷ ᠡᠬᠡ ᠪᠢᠴᠢᠭ ᠢ ᠬᠠᠮᠠᠭᠠᠯᠠᠨ ᠠᠰᠢᠭᠯᠠᠬᠤ ᠠᠵᠢᠯ ᠢ ᠰᠠᠶᠢᠲᠤᠷ ᠬᠢᠨ᠎ᠡ᠃ ᠯᠢᠨ ᠾᠧ ᠲᠣᠭᠤᠷᠢᠭ ᠤᠨ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠰᠢᠨ᠎ᠡ ᠪᠠᠷ ᠪᠠᠶᠢᠭᠤᠯᠤᠨ᠎ᠠ᠃ | ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ | ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ | ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠣᠭᠳᠠᠭᠤᠯᠤᠭᠰᠠᠨ ᠬᠠᠷᠢᠯᠴᠠᠨ ᠬᠤᠯᠪᠤᠯᠳᠤᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠬᠦᠴᠢᠷᠳᠡᠯᠲᠡᠶ | ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ ︽ᠢᠨᠲ᠋ᠧᠷ ᠰᠦᠯᠵᠢᠶ᠎ᠡ + ᠨᠡᠶᠢᠭᠡᠮ ᠲᠣᠭᠤᠷᠢᠭ ᠲᠤ ᠭᠡᠷ ᠲᠡᠭᠡᠨ ᠰᠠᠭᠤᠬᠤ ᠮᠠᠶ᠋ᠢᠭ ᠤᠨ | ᠨᠠᠰᠤᠲᠠᠶᠢᠴᠤᠳ ᠢ ᠠᠰᠠᠷᠠᠬᠤ︾ ᠶᠢ ᠠᠬᠢᠭᠤᠯᠵᠤ᠂ ᠭᠡᠷ ᠲᠡᠭᠡᠨ ᠰᠠᠭᠤᠬᠤ ᠪᠤᠯᠤᠨ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠬᠠᠷᠢᠯᠴᠠᠨ ᠵᠤᠬᠢᠴᠠᠭᠤᠯᠤᠭᠰᠠᠨ᠂ | ᠡᠮᠴᠢᠯᠡᠭᠡ ᠨᠠᠰᠤᠵᠢᠯ ᠡᠷᠡᠭᠦᠯ ᠮᠡᠨᠳᠦ ᠶᠢ ᠬᠠᠷᠢᠯᠴᠠᠨ ᠤᠶᠠᠯᠳᠤᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠬᠤᠲᠠ ᠶᠢᠨ | ᠠᠷᠠᠳ ᠤᠨ ᠶᠠᠪᠤᠳᠠᠯ ᠤᠨ ᠠᠰᠠᠷᠠᠮᠵᠢ ᠶᠢᠨ ᠬᠦᠷᠢᠶᠡᠯᠡᠩ ᠲᠣᠭᠤᠷᠢᠭ ᠢ ᠨᠢᠭᠡᠳᠭᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠴᠡᠷᠢᠭ ᠤᠨ ᠠᠯᠪᠠᠨ ᠠᠴᠠ | ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠭᠡᠨ᠎ᠡ᠃ ᠴᠠᠯᠢᠩ ᠥᠷᠢᠲᠦᠬᠦ ᠶᠢ ᠡᠬᠢ ᠡᠭᠦᠰᠦᠯ ᠠᠴᠠ ᠨᠢ | ᠵᠠᠰᠠᠬᠤ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠳ ᠤᠨ ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠦᠨᠡᠨ ᠬᠦ | ᠪᠠᠲᠤᠯᠠᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠤᠭ᠎ᠠ᠂ ᠤᠯᠠᠭᠠᠨ | ᠵᠠᠭᠠᠯᠮᠠᠢᠲᠠᠨ ᠤ ᠨᠡᠶᠢᠭᠡᠮᠯᠢᠭ᠂ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠦᠪᠯᠡᠯ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ | ᠠᠵᠢᠯ ᠥᠷᠨᠢᠭᠦᠯᠬᠦ ᠶᠢ ᠳᠠᠮᠵᠢᠨ᠎ᠠ᠃ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠨ᠎ᠡ᠃ ᠤᠯᠤᠰ ᠤᠨ | ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠮᠵᠢᠯᠴᠠᠨ ᠰᠠᠶᠢᠲᠤᠷ ᠬᠢᠨ᠎ᠡ᠃ | ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠰᠢᠨ᠎ᠡ ᠶᠢ ᠡᠭᠦᠳᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠰᠤᠷᠤᠯᠴᠠᠨ | ᠬᠡᠷᠡᠭᠯᠡᠵᠦ᠂ ᠵᠠᠬᠢᠳᠠᠯ ᠰᠤᠷᠪᠤᠯᠵᠢᠯᠠᠭ᠎ᠠ ᠶᠢ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠂ ᠵᠥᠷᠢᠴᠡᠯ ᠵᠢᠭᠤᠷᠠᠯᠳᠤᠭᠠᠨ ᠢ ᠣᠯᠠᠨ ᠡᠰᠢᠲᠤ ᠰᠢᠢᠳᠪᠦᠷᠢᠯᠡᠬᠦ | ᠲᠣᠭᠲᠠᠴᠠ ᠶᠢ ᠪᠦᠷᠢᠨᠰᠢᠭᠦᠯᠵᠦ᠂ ᠣᠯᠠᠨ ᠲᠦᠮᠡᠨ ᠤ ᠵᠦᠶ ᠶᠣᠰᠣᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠨ᠎ᠡ᠃ ᠲᠣᠰᠬᠤᠨ ᠤ ᠠᠷᠠᠳ ᠤᠨ ᠳᠤᠭᠤᠶᠢᠯᠠᠩ ᠤᠨ | ︽ᠪᠢᠴᠢᠯ ᠵᠠᠰᠠᠯᠲᠠ︾᠂ ᠲᠠᠪᠤᠨ ᠬᠥᠮᠦᠨ ᠤ ᠳᠤᠭᠤᠶᠢᠯᠠᠩ ᠤᠨ ᠠᠵᠢᠯ ᠤᠨ ᠠᠷᠭ᠎ᠠ ᠶᠢ ᠢᠳᠡᠪᠬᠢᠲᠡᠶ ᠪᠠᠷ ᠶᠠᠪᠤᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠣᠰᠤᠭ᠎ᠠ ᠴᠣᠭᠴᠠᠵᠢᠭᠰᠠᠨ ᠮᠡᠳᠡᠭᠡ ᠵᠠᠩᠭᠢᠵᠢᠯᠲᠠ ᠶᠢᠨ ᠨᠡᠶᠢᠭᠡᠮ ᠤᠨ ᠠᠮᠤᠷ ᠲᠦᠪᠰᠢᠨ ᠤ ᠴᠣᠬᠢᠯᠲᠠ ᠥᠭᠴᠦ ᠰᠡᠷᠭᠡᠶᠢᠯᠡᠨ | ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ︽ᠤᠮᠠᠷᠠᠲᠤ ᠬᠢᠯᠢ ᠶᠢᠨ ᠤᠶᠤᠨᠲᠤ ᠳᠤᠲᠤᠭᠠᠲᠤ ᠶᠢ ᠬᠠᠮᠠᠭᠠᠯᠠᠬᠤ︾ ᠪᠠ ︽ᠭᠡᠭᠡᠨ ᠬᠢᠨᠠᠯᠲᠠ ᠶᠢᠨ ᠢᠨᠵᠧᠨᠧᠷᠢᠩ︾ | ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠭᠰᠠᠨ ᠵᠢᠱᠢᠶ᠎ᠡ ᠦᠵᠡᠭᠦᠯᠬᠦ ᠬᠤᠲᠠ ᠶᠢ | ᠡᠭᠦᠳᠦᠨ ᠪᠠᠶᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶᠢᠷᠡᠭᠦᠯᠵᠦ᠂ ᠬᠡᠷ ᠪᠠᠶᠢᠰᠢᠩ ᠭᠠᠵᠠᠷ ᠰᠢᠷᠣᠶ ᠶᠢᠨ | ᠬᠥᠷᠥᠩᠭᠡ᠂ ᠪᠣᠭᠤᠮᠲᠠ᠂ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ᠂ ᠠᠭᠤᠷᠬᠠᠶ ᠶᠢᠨ ᠡᠬᠢ ᠪᠠᠶᠠᠯᠢᠭ ᠵᠡᠷᠭᠡ ᠠᠵᠢᠯ ᠲᠥᠷᠥᠯ ᠤᠨ | ᠬᠦᠷᠢᠶᠡᠨ ᠳᠠᠬᠢ ᠡᠮᠬᠢ ᠵᠠᠮᠪᠠᠷᠠᠭ᠎ᠠ ᠥᠬᠡᠶ ᠪᠠᠶᠢᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ | ᠶᠢ ᠪᠠᠶᠢᠭᠤᠯᠤᠨ ᠪᠦᠷᠢᠨᠰᠢᠬᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠵᠢᠯᠣᠭᠤᠳᠬᠤ ᠲᠥᠪ ᠢ ᠪᠠᠶᠢᠭᠤᠯᠤᠨ᠂ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠦᠨᠳᠦ ᠣᠨᠴᠠ ᠶᠡᠭᠡ ᠠᠳᠡᠯ ᠢ ᠡᠷᠡᠰ ᠰᠡᠷᠭᠡᠶᠢᠯᠡᠨ | ᠬᠤᠷᠢᠭᠯᠠᠬᠤ ᠬᠡᠷᠡᠭᠲᠡᠶ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠪᠥᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ | ᠪᠠᠶᠠᠵᠢᠭᠤᠯᠬᠤ ᠠᠵᠢᠯᠯᠠᠭ᠎ᠠ ᠶᠢ ᠠᠬᠢᠭᠤᠯᠵᠤ᠂ ᠬᠢᠯᠢ ᠶᠢᠨ ᠱᠤᠭᠤᠮ ᠤᠨ ᠪᠤᠰᠤ ᠠᠷᠠᠳ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ | ᠦᠨᠳᠦᠰᠦᠲᠡᠨ ᠨᠦᠭᠦᠳ ᠬᠠᠮᠲᠤᠪᠠᠷ ᠪᠦᠯᠬᠦᠮᠳᠡᠨ ᠲᠡᠮᠡᠴᠡᠬᠦ᠂ ᠬᠠᠮᠲᠤᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ ᠨᠠᠮ ᠤᠨ ᠱᠠᠰᠢᠨ ᠰᠤᠷᠲᠠᠬᠤᠨ ᠤ ᠠᠵᠢᠯ ᠤᠨ | ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃ ᠤᠯᠤᠰ ᠤᠨ | ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠠᠶᠢᠭᠤᠯᠤᠯᠲᠠ ᠶᠢ ᠲᠡᠮᠵᠢᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠠᠬᠢᠭᠤᠯᠤᠨ᠎ᠠ᠃ | ︵ᠶᠢᠰᠦ︶ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | ᠪᠢᠳᠡ ᠪᠠᠶᠢᠷᠢ ᠰᠠᠭᠤᠷᠢ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ᠪᠢᠳᠡ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠲᠠ ᠶᠢᠨ | ᠬᠡᠷᠡᠭᠵᠢᠭᠦᠯᠬᠦ ᠬᠦᠲᠦᠯᠪᠦᠷᠢ ᠶᠢ ᠨᠠᠶᠢᠳᠠᠪᠤᠷᠢᠵᠢᠭᠤᠯᠵᠤ᠂ ᠳᠣᠯᠣᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠶᠢ ᠰᠢᠯᠭᠠᠨ ᠠᠪᠬᠤ ᠶᠢ ᠪᠦᠬᠦ ᠲᠠᠯ᠎ᠠ ᠪᠠᠷ | ᠪᠡᠶᠡᠯᠡᠭᠦᠯᠵᠦ᠂ ᠵᠢᠯ ᠤᠨ ᠳᠣᠲᠣᠷ᠎ᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠦᠨᠳᠦᠰᠦᠨ ᠳᠡᠭᠡᠨ ᠪᠠᠶᠢᠭᠤᠯᠤᠨ᠎ᠠ᠃ ᠲᠠᠷᠢᠶᠠᠨ ᠡᠮ ᠤᠨ ᠬᠠᠮᠢᠶᠠᠷᠤᠯᠲᠠ ᠶᠢᠨ | ᠳᠦᠷᠢᠮ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠳᠦᠷᠢᠮ᠂ ᠪᠡᠯᠴᠢᠭᠡᠷᠯᠡᠭᠦᠯᠬᠦ ᠶᠢ | ᠵᠤᠭᠰᠤᠭᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠬᠡᠷᠡᠭᠲᠡᠶ᠃ ᠴᠢᠬᠤᠯᠠ ᠶᠡᠭᠡ ᠤᠴᠢᠷ | ᠶᠠᠪᠤᠳᠠᠯ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠤ ᠮᠡᠳᠡᠭᠦᠯᠬᠦ ᠳᠦᠷᠢᠮ ᠢ ᠪᠠᠷᠢᠮᠲᠠᠯᠠᠵᠤ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠬᠤᠲᠠ ᠶᠢᠨ ᠤᠯᠤᠰ ᠲᠥᠷᠦ ᠶᠢᠨ | ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠠᠷᠠᠳᠴᠢᠯᠠᠭᠰᠠᠨ ᠨᠠᠮ ᠪᠦᠯᠦᠭ ᠤᠨ ᠬᠢᠨᠠᠯᠲᠠ ᠶᠢ ᠳᠠᠷᠤᠤ | ᠬᠢᠴᠢᠶᠡᠩᠭᠦᠢ ᠪᠠᠷ ᠬᠦᠯᠢᠶᠡᠨ ᠠᠪᠴᠤ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠳᠦᠷᠢᠮ ᠤᠨ ᠠᠵᠢᠯ ᠢ ᠰᠠᠶᠢᠲᠤᠷ ᠬᠢᠬᠦ ᠶᠢ ᠵᠢᠯᠣᠭᠤᠳᠤᠨ᠎ᠠ᠃ ᠵᠠᠰᠠᠭ ᠤᠨ ᠣᠷᠳᠣᠨ ᠠᠴᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠳᠠᠯ ᠢᠶᠠᠨ | ᠮᠡᠳᠡᠭᠦᠯᠬᠦ ᠲᠦᠷᠢᠮ ᠢ ᠨᠠᠶᠢᠳᠠᠪᠤᠷᠢᠵᠢᠭᠤᠯᠤᠨ᠎ᠠ᠃ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠡᠷᠬᠡ ᠲᠤᠰᠢᠶᠠᠯ ᠢᠶᠠᠨ ᠬᠠᠤᠯᠢ ᠶᠣᠰᠣᠭᠠᠷ ᠬᠡᠷᠡᠭᠵᠢᠭᠦᠯᠬᠦ ᠶᠢ | ᠳᠡᠮᠵᠢᠵᠦ᠂ ᠨᠡᠶᠢᠭᠡᠮ ᠤᠨ ᠡᠷᠬᠡ ᠲᠡᠭᠰᠢ᠂ ᠰᠢᠳᠤᠷᠭᠤ ᠶᠣᠰᠣ ᠶᠢ ᠬᠠᠮᠠᠭᠠᠯᠠᠨ᠎ᠠ᠃ | ᠪᠢᠳᠡ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂ | ᠬᠦᠴᠢᠷ ᠪᠡᠷᠬᠡᠰᠢᠶᠡᠯ ᠲᠤᠯᠭᠠᠷᠠᠪᠠᠯ ᠵᠢᠷᠦᠬᠡᠰᠢᠶᠡᠬᠦ ᠦᠭᠡᠢ᠂ ᠵᠦᠷᠢᠴᠡᠯ ᠲᠤᠯᠭᠠᠷᠠᠪᠠᠯ ᠵᠠᠶᠢᠯᠠᠰᠬᠢᠬᠤ ᠦᠭᠡᠢ᠂ ᠬᠢᠪᠡᠰᠦ ᠬᠢᠵᠦ ᠪᠦᠲᠦᠭᠡᠬᠦ ᠮᠦᠷᠲᠡᠭᠡᠨ ᠰᠠᠶᠢᠨ ᠬᠢᠨ᠎ᠡ᠃ | ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠢ ᠲᠥᠷᠥᠯ ᠵᠦᠢᠯᠴᠢᠯᠡᠬᠦ᠂ ᠨᠠᠷᠢᠨ ᠳᠠᠩᠰᠠᠴᠢᠯᠠᠬᠤ᠂ ᠬᠠᠷᠢᠭᠤᠴᠠᠯᠭᠠᠵᠢᠭᠤᠯᠬᠤ ᠠᠵᠢᠯ ᠢ ᠲᠦᠯᠬᠢᠨ ᠠᠬᠢᠭᠤᠯᠵᠤ᠂ | ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ ᠪᠠ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠤᠰᠬᠠᠶ ᠮᠡᠷᠭᠡᠵᠢᠯ ᠤᠨ ᠴᠢᠳᠠᠪᠤᠷᠢ ᠪᠠ ᠲᠤᠰᠬᠠᠶ | ᠮᠡᠷᠭᠡᠵᠢᠯ ᠤᠨ ᠵᠣᠷᠢᠭ ᠰᠠᠨᠠᠭ᠎ᠠ ᠶᠢ ᠬᠥᠮᠦᠵᠢᠭᠦᠯᠬᠦ ᠶᠢ ᠴᠢᠬᠤᠯᠠᠴᠢᠯᠠᠵᠤ᠂ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠪᠠᠶᠢᠳᠠᠯ ᠤᠨ | ᠲᠤᠬᠠᠶ ᠰᠤᠳᠤᠯᠭᠠᠨ ᠢ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠬᠤᠲᠠ ᠶᠢᠨ ᠨᠠᠮ ᠤᠨ ᠬᠤᠷᠢᠶᠠᠨ ᠤ ︽ᠭᠤᠷᠪᠠ ᠶᠢ ᠶᠡᠬᠡᠪᠡᠷ ᠰᠠᠨᠠᠭᠠᠴᠢᠯᠠᠵᠤ᠂ ᠭᠤᠷᠪᠠ ᠶᠢ ᠡᠷᠡᠰ ᠡᠰᠡᠷᠭᠦᠴᠡᠬᠦ︾ ᠱᠠᠭᠠᠷᠳᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠬᠤ᠂ ᠠᠵᠢᠯ ᠬᠢᠬᠦ ᠰᠠᠨᠠᠭ᠎ᠠ ᠲᠠᠢ᠂ ᠠᠵᠢᠯ ᠬᠢᠬᠦ ᠵᠣᠷᠢᠭ ᠲᠠᠢ᠂ ᠠᠵᠢᠯ ᠬᠢᠵᠦ ᠴᠢᠳᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ | ᠬᠡᠷᠡᠭᠲᠡᠶ᠃ | ᠪᠢᠳᠡ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ | ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠬᠡᠯᠪᠡᠷᠢᠴᠢ ᠶᠢᠨ ᠦᠵᠡᠯ ᠤᠨ | ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠬᠦ ᠲᠤᠬᠠᠶ ᠲᠥᠪ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠤ ᠢᠯᠠᠯᠲᠠ ᠶᠢ ᠤᠯᠬᠤ ᠳᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ | ᠬᠠᠩᠭᠠᠬᠤ ᠬᠡᠷᠡᠭᠲᠡᠶ᠃ ᠠᠷᠪᠢᠯᠠᠵᠤ ᠠᠮᠢᠳᠤᠷᠠᠬᠤ ᠦᠵᠡᠯ ᠰᠠᠨᠠᠭ᠎ᠠ ᠶᠢ ᠡᠷᠡᠰ ᠪᠤᠢ ᠪᠣᠯᠭᠠᠵᠤ᠂ ᠠᠵᠢᠯᠴᠢ ᠠᠷᠪᠢᠴᠢ ᠪᠠᠷ ᠠᠯᠢᠪᠠ ᠦᠢᠯᠡᠰ ᠢ ᠡᠷᠬᠢᠯᠡᠨ᠂ ︽ | ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠨ᠂ ᠡᠨᠡ ᠵᠢᠯ ᠬᠤᠲᠠ ᠶᠢᠨ ᠲᠣᠰ ᠱᠠᠲᠤᠨ ᠤ ᠲᠥᠰᠦᠪ ᠤᠨ ᠡᠩ ᠤᠨ ᠴᠢᠨᠠᠷᠲᠠᠢ ᠵᠠᠷᠤᠯᠭ᠎ᠠ ᠶᠢ | 22% ᠪᠠᠷ ᠪᠠᠭᠠᠰᠬᠠᠨ᠂ ︽ᠭᠤᠷᠪᠠᠨ ᠠᠯᠪᠠᠨ ᠵᠠᠷᠤᠳᠠᠯ︾ ᠢ 20% ᠪᠠᠷ ᠪᠠᠭᠠᠰᠬᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ ︽ᠲᠦᠷᠪᠡᠨ ᠨᠣᠶᠠᠨ︾ ᠤ ᠠᠰᠠᠭᠤᠳᠠᠯ ᠢ ᠭᠦᠨᠵᠡᠭᠡᠶ ᠴᠡᠭᠴᠡᠯᠡᠨ ᠵᠠᠰᠠᠬᠤ ᠶᠢ ᠳᠡᠮᠵᠢᠨ᠎ᠡ᠃ ᠬᠢᠨᠠᠨ ᠪᠤᠳᠤᠵᠤ ᠬᠢᠨᠠᠯᠲᠠ ᠲᠠᠯᠪᠢᠬᠤ ᠶᠢ ᠨᠡᠶᠢᠳᠡᠮ | ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠵᠤ᠂ ᠣᠯᠠᠨ ᠲᠦᠮᠡᠨ ᠤ ᠳᠡᠷᠭᠡᠳᠡᠬᠢ ᠢᠯᠵᠠᠷᠠᠮᠠᠯ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠲᠥᠯᠥᠭᠡᠯᠡᠭᠴᠢᠳ ᠡ᠂ ᠤᠭ ᠰᠠᠨᠠᠭ᠎ᠠ ᠪᠠᠨ ᠦᠯᠦ ᠮᠠᠷᠳᠠᠬᠤ ᠨᠢ ᠪᠢᠳᠡᠨ ᠢ ᠬᠡᠵᠢᠶᠡᠳᠡ ᠬᠤᠶᠢᠷᠭᠤᠰᠢᠭᠤᠯᠬᠤ ᠦᠭᠡᠢ︔ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ ᠨᠢ ᠪᠢᠳᠡᠨ ᠤ ᠪᠤᠴᠠᠯᠲᠠ ᠦᠭᠡᠢ ᠤᠷᠤᠭᠰᠢᠯᠠᠬᠤ ᠶᠢᠨ ᠵᠤᠷᠢᠭᠵᠢᠭᠤᠯᠤᠯ ᠪᠤᠯᠤᠨ᠎ᠠ︕ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠷᠯᠥᠭᠡ ᠦᠳᠡᠰᠢ ᠶᠢ ᠲᠡᠮᠡᠴᠡᠵᠦ᠂ ᠵᠠᠯᠠᠭᠤ ᠨᠠᠰᠤ ᠪᠠᠨ ᠦᠯᠦ | ᠬᠦᠰᠡᠷᠳᠡᠭᠦᠯᠦᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠤ ᠭᠠᠵᠠᠷ ᠤᠨ ᠵᠢᠶᠠᠩᠨᠠᠨ᠂ ᠪᠣᠬᠢᠷᠲᠤᠯ ᠦᠭᠡᠢ ᠪᠠᠷ ᠬᠥᠭᠵᠢᠨ ᠮᠠᠨᠳᠤᠬᠤ︾ | ᠶᠢᠨ ᠠᠤᠭ᠎ᠠ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | |