ᠬᠠᠩᠭᠢᠨ ᠬᠤᠶᠢᠲᠤ ᠬᠤᠰᠢᠭᠤᠨ ᠤ 1285 ᠲᠦᠮᠡᠨ ᠶᠠᠳᠠᠭᠤ ᠶᠢ ᠲᠡᠳᠬᠦᠬᠦ ᠵᠢᠭᠡᠯᠡᠯᠭᠡ ᠨᠢ 290 ᠶᠠᠳᠠᠭᠤ ᠬᠦᠴᠢᠷᠳᠡᠯᠲᠡᠢ ᠡᠷᠦᠬᠡ ᠳᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2020/5/12
     ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠴᠦᠰ ᠤᠨ ᠵᠢᠯ ᠪᠣᠯᠤᠨ᠎ᠠ᠂ ᠱᠠᠮᠪᠠ ᠶᠢᠨ ᠲᠠᠷᠢᠶᠠᠯᠠᠩ ᠬᠤᠳᠠᠯᠳᠤᠭᠠᠨ ᠤ ᠪᠠᠩᠬᠢ ᠦᠷᠭᠦᠯᠵᠢᠯᠡᠨ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠪᠠᠷ ᠭᠠᠷᠳᠠᠴᠠ ᠪᠣᠯᠭᠠᠵᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠶᠢ ᠪᠦᠬᠦ ᠲᠠᠯ᠎ᠠ ᠪᠠᠷ  ᠠᠬᠢᠭᠤᠯᠵᠤ᠂ 3 ᠰᠠᠷ᠎ᠠ ᠶᠢᠨ ᠰᠡᠭᠦᠯᠴᠢ ᠪᠣᠯᠲᠠᠯ᠎ᠠ᠂ ᠱᠠᠮᠪᠠ ᠶᠢᠨ ᠲᠠᠷᠢᠶᠠᠯᠠᠩ ᠬᠤᠳᠠᠯᠳᠤᠭᠠᠨ ᠤ ᠪᠠᠩᠬᠢ ᠨᠢᠭᠡᠨᠲᠡ 290  ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠳᠤ 1285 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠲᠠᠷᠬᠠᠭᠠᠵᠤ᠂ ᠬᠠᠩᠭᠢᠨ ᠬᠤᠶᠢᠲᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠪᠠᠲᠤ ᠪᠠᠬᠢ ᠮᠥᠩᠭᠦᠨ ᠭᠦᠢᠯᠭᠡᠭᠡᠨ ᠤ ᠲᠤᠯᠭᠠᠭᠤᠷᠢᠯᠠᠯ ᠬᠠᠩᠭᠠᠵᠠᠢ᠃      ᠮᠠᠨ ᠬᠤᠢ ᠪᠠᠯᠭᠠᠰᠤᠨ ᠤ ᠾᠧ ᠹᠧᠩ ᠲᠣᠰᠬᠤᠨ ᠤ ᠨᠢᠭᠡᠳᠦᠭᠡᠷ ᠳᠤᠭᠤᠶᠢᠯᠠᠩ ᠤᠨ  ᠶᠠᠳᠠᠭᠤ ᠬᠦᠴᠢᠷᠳᠡᠯᠲᠡᠢ ᠡᠷᠦᠬᠡ ᠼᠠᠢ ᠶᠢᠨ ᠱᠠᠨ ᠤ ᠭᠡᠷ ᠲᠤ ᠬᠦᠷᠬᠦ ᠳᠤ᠂ ᠤᠯᠠᠭᠠᠨ  ᠲᠣᠭᠤᠰᠬᠠᠨ ᠬᠤᠨᠢᠨ ᠤ ᠬᠠᠰᠢᠶ᠎ᠠ᠂ ᠬᠦᠬᠡ ᠥᠩᠭᠡᠲᠦ ᠪᠤᠯᠤᠳ ᠬᠤᠨᠢᠨ ᠤ ᠬᠠᠰᠢᠶ᠎ᠠ᠂ ᠲᠠᠷᠭᠤᠨ ᠰᠠᠶᠢᠬᠠᠨ ᠬᠤᠨᠢ ᠁ ᠣᠨᠴᠠ ᠲᠣᠳᠣᠬᠠᠨ ᠬᠠᠷᠠᠭᠳᠠᠵᠤ᠂ ᠼᠠᠢ ᠶᠢᠨ ᠱᠠᠨ ᠶᠠᠭ ᠲᠡᠭᠦᠨ ᠤ ᠠᠷᠪᠠᠨ ᠬᠡᠳᠦᠨ ︽ᠠᠮᠢᠨᠳᠠᠶ︾  ᠪᠠᠨ ᠲᠡᠵᠢᠭᠡᠵᠦ ᠪᠠᠶᠢᠯ᠎ᠠ᠃ ︽ᠪᠢ ᠤᠳᠤ  ᠡᠳᠦᠷ ᠪᠦᠷᠢ ᠬᠤᠨᠢᠨ  ᠤ ᠬᠠᠰᠢᠶᠠᠨ ᠳᠤ ᠪᠠᠨ ᠢᠷᠡᠵᠦ ᠦᠵᠡᠳᠡᠭ᠂ ᠬᠤᠨᠢᠨ ᠰᠦᠷᠦᠭ ᠡᠳᠦᠷ ᠠᠴᠠ ᠡᠳᠦᠷ ᠣᠯᠠᠰᠢᠷᠠᠵᠤ ᠪᠠᠶᠢᠬᠤ ᠶᠢ ᠣᠯᠵᠤ ᠬᠠᠷᠠᠭᠠᠳ᠂ ᠳᠣᠲᠣᠷ᠎ᠠ ᠪᠠᠨ ᠶᠡᠭᠡ ᠪᠠᠶᠠᠷᠯᠠᠳᠠᠭ︾ ᠭᠡᠵᠦ ᠣᠳᠣᠬᠠᠨ ᠤ ᠠᠮᠢᠳᠤᠷᠠᠯ ᠢ ᠶᠠᠷᠢᠬᠤ ᠳᠤ ᠼᠠᠢ ᠶᠢᠨ ᠱᠠᠨ ᠴᠢᠷᠠᠶ ᠳᠦᠭᠦᠷᠡᠩ ᠢᠨᠢᠶᠡᠮᠰᠦᠭᠯᠡᠪᠡ᠃      ᠡᠨᠡ ᠵᠢᠯ ᠪᠣᠯ ᠱᠠᠮᠪᠠ ᠶᠢᠨ ᠲᠠᠷᠢᠶᠠᠯᠠᠩ ᠬᠤᠳᠠᠯᠳᠤᠭᠠᠨ ᠤ ᠪᠠᠩᠬᠢ ᠠᠴᠠ ᠼᠠᠢ ᠶᠢᠨ ᠱᠠᠨ ᠳᠤ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ  ᠬᠠᠩᠭᠠᠭᠰᠠᠨ ᠭᠤᠷᠪᠠᠳᠤᠭᠠᠷ ᠵᠢᠯ ᠪᠣᠯᠣᠨ᠎ᠠ᠂ ᠡᠨᠡ ᠬᠦ ᠪᠡᠯᠡ ᠮᠥᠩᠭᠦ ᠶᠢ ᠠᠰᠢᠭᠯᠠᠨ ᠼᠠᠢ ᠶᠢᠨ ᠱᠠᠨ ᠬᠤᠶᠠᠷ ᠪᠤᠯᠤᠳ ᠲᠡᠮᠦᠷ ᠤᠨ ᠰᠠᠷᠠᠪᠴᠢ ᠪᠠᠶᠢᠭᠤᠯᠵᠤ᠂ ᠲᠠᠷᠢᠶ᠎ᠠ ᠲᠠᠷᠢᠬᠤ ᠳᠤ ᠬᠡᠷᠡᠭᠰᠡᠬᠦ  ᠲᠠᠷᠢᠶᠠᠯᠠᠩ  ᠤᠨ ᠬᠡᠷᠡᠭᠰᠡᠯ ᠢ ᠬᠤᠳᠠᠯᠳᠤᠨ ᠠᠪᠴᠤ᠂ ᠦᠯᠡᠳᠡᠭᠰᠡᠨ ᠪᠡᠯᠡ ᠮᠥᠩᠭᠦ ᠨᠢ ᠪᠠᠰᠠ ᠢᠯᠡᠭᠦᠤ ᠰᠢᠭ ᠬᠤᠨᠢ ᠬᠤᠳᠠᠯᠳᠤᠨ ᠠᠪᠴᠤ᠂ ᠬᠤᠨᠢᠨ ᠤ ᠠᠵᠤ ᠦᠶᠯᠡᠰ ᠢ ᠬᠥᠭᠵᠢᠭᠦᠯᠦᠨ᠂ ᠣᠷᠣᠯᠭ᠎ᠠ ᠪᠠᠨ ᠨᠡᠮᠡᠭᠳᠡᠭᠦᠯᠪᠡ᠃ ᠼᠠᠢ ᠶᠢᠨ ᠱᠠᠨ᠄ ︽ᠤᠤᠯ ᠨᠢ ᠠᠵᠤ ᠦᠶᠯᠡᠰ ᠢ ᠬᠥᠭᠵᠢᠭᠦᠯᠬᠦ ᠪᠣᠳᠣᠯ ᠲᠠᠢ ᠪᠠᠶᠢᠭᠰᠠᠨ᠂ ᠪᠠᠯᠠ ᠮᠥᠩᠭᠦ ᠥᠬᠡᠶ᠂  ᠵᠢᠭᠡᠯᠡᠯᠭᠡ ᠣᠯᠤᠶ᠎ᠠ ᠭᠡᠪᠡᠯ ᠪᠠᠲᠤᠯᠠᠭᠴᠢ ᠥᠬᠡᠶ᠂ ᠣᠳᠣᠬᠠᠨ ᠳᠤ ᠤᠯᠤᠰ ᠤᠨ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠨᠢ ᠨᠠᠳᠠ ᠳᠤ ᠶᠡᠭᠡ ᠲᠤᠰᠠ ᠪᠣᠯᠤᠭᠰᠠᠨ᠂ ᠳᠠᠭᠠᠭᠠᠯᠲᠠ ᠬᠢᠬᠦ ᠬᠥᠮᠦᠨ ᠬᠡᠷᠡᠭ ᠥᠬᠡᠶ ᠮᠥᠷᠲᠡᠭᠡᠨ ᠵᠠᠰᠠᠭ ᠤᠨ ᠣᠷᠳᠣᠨ ᠤ ᠳᠠᠮ ᠬᠦᠤ ᠮᠥᠩᠭᠦ ᠴᠦ ᠬᠡᠷᠡᠭ ᠥᠬᠡᠶ᠂ ᠪᠢᠳᠡ ᠨᠢᠭᠡ ᠮᠥᠩᠭᠦ ᠶᠢᠨ ᠬᠦᠤ  ᠮᠥᠩᠭᠦ ᠶᠢ ᠴᠦ ᠡᠭᠦᠷᠭᠡᠯᠡᠬᠦ ᠬᠡᠷᠡᠭ ᠥᠬᠡᠶ︾ ᠭᠡᠵᠦ ᠬᠡᠯᠡᠪᠡ᠃      ᠡᠨᠡ ᠵᠢᠯ᠂ ᠱᠠᠮᠪᠠ ᠶᠢᠨ ᠲᠠᠷᠢᠶᠠᠯᠠᠩ ᠬᠤᠳᠠᠯᠳᠤᠭᠠᠨ ᠤ ᠪᠠᠩᠬᠢ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ᠂ ᠨᠠᠷᠢᠯᠢᠭ ᠣᠨᠣᠴᠠᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢᠨ ᠲᠣᠭᠤᠷᠢᠨ ᠳᠤ᠂ ᠵᠠᠰᠠᠭ ᠤᠨ ᠣᠷᠳᠣᠨ ᠤ ᠬᠥᠲᠥᠯᠥᠨ ᠵᠢᠯᠣᠭᠤᠳᠬᠤ ᠦᠶᠯᠡᠳᠦᠯ ᠢ ᠦᠨᠡᠨ ᠬᠦ ᠪᠠᠳᠠᠷᠠᠭᠤᠯᠵᠤ᠂ ᠲᠥᠷᠥ ᠶᠢᠨ ᠪᠣᠳᠣᠯᠭ ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠮᠥᠩᠭᠦᠨ ᠭᠦᠶᠯᠭᠡᠭᠡᠨ ᠢᠶᠠᠷ ᠶᠠᠳᠠᠭᠤ ᠶᠢ ᠲᠡᠳᠬᠦᠬᠦ ᠨᠠᠷᠢᠯᠢᠭ ᠣᠨᠣᠴᠠᠲᠠᠶ ᠪᠠᠷ ᠦᠶᠯᠡᠴᠢᠯᠡᠬᠦ ᠲᠣᠭᠲᠠᠴᠠ ᠶᠢ ᠪᠠᠶᠢᠭᠤᠯᠵᠤ᠂ ᠮᠥᠩᠭᠦᠨ ᠭᠦᠶᠯᠭᠡᠭᠡᠨ ᠢ  ᠬᠥᠲᠥᠯᠦᠨ ᠵᠢᠯᠣᠭᠤᠳᠴᠤ ᠪᠠᠶᠢᠭᠠᠳ ᠶᠠᠳᠠᠭᠤ ᠬᠦᠴᠢᠷᠳᠡᠯᠲᠡᠶ ᠭᠠᠵᠠᠷ ᠣᠷᠣᠨ ᠪᠠ ᠶᠠᠳᠠᠭᠤ ᠬᠦᠴᠢᠷᠳᠡᠯᠲᠡᠶ ᠡᠷᠦᠬᠡ ᠳᠤ  ᠣᠷᠣᠭᠤᠯᠵᠤ᠂ ᠤᠯᠤᠰ ᠤᠨ ᠲᠣᠭᠲᠠᠭᠠᠭᠰᠠᠨ ᠵᠢᠭᠡᠯᠡᠯᠭᠡ ᠶᠢᠨ ᠵᠣᠭᠤᠰ ᠤᠨ ᠲᠤᠭ᠎ᠠ ᠬᠠᠮᠤᠭ ᠤᠨ ᠥᠨᠳᠥᠷ 5 ᠲᠦᠮᠡᠨ ᠲᠥᠭᠦᠷᠢᠭ᠂ 3 ᠵᠢᠯ ᠤᠨ ᠬᠤᠭᠤᠴᠠᠭ᠎ᠠ ᠲᠠᠢ ᠬᠦᠤ ᠮᠥᠩᠭᠦ ᠶᠢᠨ ᠨᠣᠷᠮ᠎ᠠ ᠥᠬᠡᠶ ᠪᠠᠶᠢᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠬᠤᠰᠢᠭᠤ ᠨᠠᠮ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ᠂ ᠪᠠᠯᠭᠠᠰᠤᠨ ᠤ ᠵᠠᠰᠠᠭ ᠤᠨ ᠣᠷᠳᠣᠨ ᠪᠠ ᠭᠠᠴᠠᠭᠠᠨ ᠤ ᠠᠷᠠᠳ ᠤᠨ ᠵᠥᠪᠯᠡᠯ ᠤᠨ ᠭᠤᠷᠪᠠᠨ ᠱᠠᠲᠤᠨ ᠤ ᠲᠠᠨᠢᠯᠴᠠᠭᠤᠯᠭ᠎ᠠ ᠶᠣᠰᠣᠭᠠᠷ᠂ ᠲᠠᠩᠰᠠ ᠡᠪᠬᠡᠮᠡᠯ ᠪᠠᠶᠢᠭᠤᠯᠤᠭᠰᠠᠨ ᠶᠠᠳᠠᠭᠤ ᠬᠦᠴᠢᠷᠳᠡᠯᠲᠡᠢ ᠡᠷᠦᠬᠡ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠦᠨ᠎ᠡ  ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ