ᠪᠦᠬᠦ ᠤᠯᠤᠰ ᠤᠨ ᠬᠤᠶᠠᠷ ᠬᠤᠷᠠᠯ ᠤᠨ ︽ᠣᠷᠣᠨ ᠨᠤᠲᠤᠭ  ᠤᠨ ᠤᠳᠤᠷᠢᠳᠤᠯᠭ᠎ᠠ︾ ᠶᠢᠨ ᠰᠢᠷᠢᠰ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2020/5/28
     ᠲᠥᠯᠥᠭᠡᠯᠡᠭᠴᠢ ᠵᠠᠩ ᠰᠢᠶᠤᠤ ᠪᠢᠩ᠄ ︽ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠᠨ ᠬᠢᠴᠢᠶᠡᠩᠭᠦ᠋ᠢᠯᠡᠨ ᠰᠠᠬᠢᠵᠤ᠂ ᠣᠯᠠᠨ ᠲᠦᠮᠡᠨ ᠳᠤ ᠬᠤᠪᠢᠷᠠᠯᠲᠠ ᠶᠢ ᠦᠵᠡᠭᠦᠯᠵᠦ᠂ ᠪᠣᠳᠠᠲᠤ ᠠᠰᠢᠭ ᠬᠦᠷᠲᠡᠭᠡᠨ᠎ᠡ︾      — ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠥᠷ ᠮᠣᠩᠭᠤᠯ ᠤᠨ ᠪᠠᠶᠠᠨᠨᠠᠭᠤᠷ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠵᠠᠩ ᠰᠢᠶᠤᠤ ᠪᠢᠩ       ︽ᠪᠢᠳᠡ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠᠨ ᠬᠢᠴᠢᠶᠡᠩᠭᠦ᠋ᠢᠯᠡᠨ ᠰᠠᠬᠢᠵᠤ᠂ ᠠᠷᠠᠳ ᠤᠨ ᠲᠦᠯᠦᠭᠡ ᠬᠠᠷᠢᠭᠤᠴᠠᠯᠭ᠎ᠠ ᠡᠭᠦᠷᠭᠡᠯᠡᠬᠦ ᠪᠠᠨ ᠪᠠᠲᠤᠳᠬᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠯᠠᠨ ᠲᠦᠮᠡᠨ ᠳᠤ ᠬᠤᠪᠢᠷᠠᠯᠲᠠ ᠶᠢ ᠦᠵᠡᠭᠦᠯᠵᠦ᠂ ᠪᠣᠳᠠᠲᠤ ᠠᠰᠢᠭ ᠬᠦᠷᠲᠡᠭᠡᠨ᠎ᠡ︾ ᠭᠡᠵᠤ ᠣᠶᠢᠷ᠎ᠠ ᠳᠤ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠥᠷ ᠮᠤᠩᠭᠤᠯ ᠤᠨ ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠠᠩ ᠰᠢᠶᠤᠤ ᠪᠢᠩ ᠠᠷᠠᠳ ᠤᠨ ᠰᠦᠯᠵᠢᠶ᠎ᠡ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠪᠡ᠃      ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ᠄ 5 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠶᠡᠷᠦᠩᠭᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃ ᠪᠦᠬᠦ ᠤᠯᠤᠰ ᠤᠨ ︽ᠬᠤᠶᠠᠷ ᠬᠤᠷᠠᠯ︾ ᠤᠨ ᠠᠬᠤᠢ ᠲᠠᠯᠠᠪᠠᠢ ᠳᠤ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠶᠢ ᠰᠤᠨᠤᠰᠴᠤ᠂ ᠲᠠ ᠶᠠᠮᠠᠷ ᠲᠦᠷᠦᠭᠳᠡᠯ ᠲᠠᠢ ᠪᠠᠶᠢᠨ᠎ᠠ︖      ᠵᠠᠩ ᠰᠢᠶᠣᠤ ᠪᠢᠩ᠄ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠵᠤ ᠶᠠᠷᠢᠯᠴᠠᠬᠤ ᠳᠤ ᠤᠷᠤᠯᠴᠠᠵᠤ ᠪᠢᠳᠡᠨ ᠲᠠᠢ ᠬᠠᠮᠲᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠬᠦ ᠶᠢᠨ ᠬᠠᠮᠲᠤ ᠴᠢᠬᠤᠯᠠ ᠶᠠᠷᠢᠶ᠎ᠠ ᠲᠠᠯᠪᠢᠵᠤ᠂ ᠪᠢ ᠮᠠᠰᠢ ᠣᠯᠠᠨ ᠲᠥᠷᠥᠭᠳᠡᠯ ᠲᠠᠢ ᠪᠠᠶᠢᠨ᠎ᠠ᠃ ᠶᠡᠷᠦᠩᠬᠡᠶ ᠳᠤᠨᠢ ᠠᠪᠴᠤ ᠬᠡᠯᠡᠪᠡᠯ᠂ ᠭᠤᠷᠪᠠᠨ ᠲᠥᠷᠥᠭᠳᠡᠯ ᠬᠠᠮᠤᠭ ᠳᠣᠪᠤᠶᠢᠮ᠎ᠠ᠄ ᠨᠢᠭᠡ ᠳᠤ᠂ ᠰᠡᠳᠬᠢᠯ ᠮᠠᠰᠢ ᠶᠡᠭᠡ ᠬᠦᠳᠡᠯᠵᠡᠢ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠡᠷᠬᠢᠮ ᠳᠡᠭᠡᠳᠦ ᠠᠷᠠᠳ ᠲᠦᠮᠡᠨ ᠤ ᠲᠦᠯᠦᠭᠡ ᠭᠡᠬᠦ ᠰᠡᠳᠬᠢᠯᠭᠡ ᠪᠣᠯᠤᠨ ᠠᠷᠠᠳ ᠲᠦᠮᠡᠨ ᠢ ᠳᠡᠭᠡᠳᠦᠯᠡᠬᠦ ᠲᠥᠷᠥ ᠪᠠᠷᠢᠬᠤ ᠣᠶᠢᠯᠠᠭᠠᠭᠳᠠᠬᠤᠨ ᠢ ᠭᠦᠢᠴᠡᠳ ᠢᠯᠡᠷᠡᠭᠦᠯᠵᠦ᠂ ᠲᠣᠮᠣ ᠤᠯᠤᠰ ᠤᠨ ᠤᠳᠤᠷᠢᠳᠤᠭᠴᠢ ᠶᠢᠨ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠦᠪᠡᠷ ᠢ ᠪᠠᠨ ᠤᠮᠠᠷᠳᠠᠬᠤ ᠡᠷᠬᠢᠮ ᠳᠡᠭᠡᠳᠦ ᠨᠠᠮᠪᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠦᠯᠦᠭᠡ ᠭᠡᠬᠦ ᠤᠭ ᠰᠠᠨᠠᠭ᠎ᠠ ᠡᠭᠦᠷᠭᠡ ᠶᠢ ᠭᠦᠢᠴᠡᠳ ᠢᠯᠡᠷᠡᠭᠦᠯᠵᠡᠶ᠃ ᠮᠦᠨ ᠴᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠭᠦᠨ ᠰᠠᠳᠬᠢᠯ ᠠᠴᠠ ᠪᠠᠨ ᠰᠠᠨᠠᠭᠠᠯᠵᠠᠵᠤ᠂ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠢᠯᠡᠷᠡᠭᠦᠯᠵᠦ᠂ ᠪᠢᠳᠡ ᠲᠦᠢᠯ ᠢᠶᠠᠷ ᠰᠡᠳᠬᠢᠯ ᠳᠣᠭᠳᠣᠯᠵᠤ ᠪᠠᠶᠢᠨ᠎ᠠ᠃ ᠬᠤᠶᠠᠷ ᠲᠤ᠂ ᠶᠡᠬᠡᠪᠡᠷ ᠵᠣᠷᠢᠭᠵᠢᠪᠠ᠃ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠨᠢᠭᠡ ᠵᠢᠯ ᠤᠨ ᠲᠤᠷᠰᠢᠬᠢ ᠠᠵᠢᠯ ᠤᠨ ᠠᠮᠵᠢᠯᠲᠠ ᠪᠦᠲᠦᠮᠵᠢ ᠶᠢ ᠨᠤᠲᠠᠯᠠᠵᠤ᠂ ᠣᠨᠴᠠᠭᠠᠶᠢᠯᠠᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠡᠭᠦᠰᠦᠭᠰᠡᠨ ᠤ ᠳᠠᠷᠠᠭ᠎ᠠ᠂ ᠥᠪᠥᠷ ᠮᠣᠩᠭᠤᠯ ᠨᠢ ᠨᠠᠮ ᠤᠨ ᠲᠦᠪ ᠬᠤᠷᠢᠶᠠᠨ ᠤ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠬᠢᠵᠢᠭ ᠳᠡᠯᠭᠡᠷᠡᠬᠦ ᠶᠢ ᠲᠡᠷᠡ ᠳᠠᠷᠤᠢ ᠳᠤᠨᠢ ᠬᠢᠵᠠᠭᠠᠷᠯᠠᠨ ᠡᠵᠡᠮᠳᠡᠵᠦ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠶᠡᠭᠡ ᠲᠠᠯ᠎ᠠ ᠳᠤ ᠦᠢᠯᠡᠴᠢᠯᠡᠬᠦ᠂ ᠪᠡᠭᠡᠵᠢᠩ ᠢ ᠪᠠᠲᠤᠯᠠᠬᠤ᠂ ᠬᠤᠪᠸᠢ ᠶᠢ ᠳᠡᠮᠵᠢᠵᠤ ᠬᠠᠷᠢᠭᠤᠴᠠᠯᠭ᠎ᠠ ᠡᠭᠦᠷᠭᠡᠯᠡᠭᠰᠡᠨ ᠵᠢᠳᠬᠦᠯ ᠴᠢᠷᠮᠠᠶᠢᠯᠭ᠎ᠠ ᠶᠢ ᠭᠦᠢᠴᠡᠳ ᠨᠤᠲᠠᠯᠠᠵᠤ᠂ ᠪᠢᠳᠡᠨ ᠳᠤ ᠮᠠᠰᠢ ᠶᠡᠭᠡ ᠵᠣᠷᠢᠭᠵᠢᠭᠤᠯᠤᠯ ᠪᠣᠯᠪᠠ᠃ ᠭᠤᠷᠪᠠ ᠳᠤ᠂ ᠬᠠᠷᠢᠭᠤᠴᠠᠯᠭ᠎ᠠ ᠨᠠᠩ ᠬᠦᠨᠳᠦ ᠪᠤᠯᠪᠠ᠃ ᠶᠡᠷᠦᠩᠬᠡᠶ ᠱᠦᠵᠢ ᠰᠢ ᠶᠢᠨ ᠫᠢᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠣᠯ ᠠᠷᠠᠳ ᠲᠦᠮᠡᠨ ᠳᠤ ᠪᠤᠶᠠᠨ ᠦᠢᠯᠡᠳᠬᠦ ᠵᠠᠭᠤᠨ ᠵᠢᠯ ᠤᠨ ᠶᠡᠭᠡ ᠪᠤᠳᠤᠯᠭ᠎ᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ︽ᠭᠤᠷᠪᠠᠨ ᠨᠠᠭᠤᠷ︾ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠨ᠎ᠠ᠃ ᠡᠨᠡ ᠪᠣᠯ ᠶᠡᠷᠦᠩᠬᠡᠢ ᠱᠦᠵᠢ ᠤᠯᠠᠭᠠᠨᠰᠤᠬᠠᠢ ᠶᠢ ᠵᠠᠰᠠᠬᠤ ᠳᠤ ᠳᠠᠬᠢᠨᠲᠠ ᠴᠢᠬᠤᠯᠠ ᠵᠢᠭᠠᠪᠤᠷᠢ ᠥᠭᠴᠦ᠂ ᠪᠢᠳᠡᠨ ᠤ ᠮᠥᠷᠥᠨ ᠳᠡᠭᠡᠷᠡᠬᠢ ᠬᠠᠷᠢᠭᠤᠴᠠᠯᠭ᠎ᠠ ᠨᠡᠩ ᠬᠦᠨᠳᠦ ᠪᠣᠯᠤᠭᠰᠠᠨ ᠢ ᠮᠡᠳᠡᠷᠡᠭᠦᠯᠵᠦ ᠪᠠᠶᠢᠭ᠎ᠠ ᠶᠠᠪᠤᠳᠠᠯ ᠪᠣᠯᠤᠨ᠎ᠠ᠃ ᠪᠢᠳᠡ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠣᠶᠢᠯᠠᠭᠠᠵᠤ᠂ ᠰᠠᠶᠢᠲᠤᠷ ᠲᠤᠭᠤᠰᠢᠯᠠᠭᠤᠯᠵᠤ᠂ ᠮᠠᠨ ᠤ ᠠᠯᠢᠪᠠ ᠠᠵᠢᠯ ᠢᠶᠠᠨ ᠥᠷᠨᠢᠭᠦᠯᠬᠦ ᠶᠢᠨ ᠦᠨᠳᠦᠰᠦᠨ ᠵᠢᠷᠤᠮᠯᠠᠯ ᠪᠣᠯᠭᠠᠬᠤ ᠬᠡᠷᠡᠭᠲᠡᠶ᠃      ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ᠄ ᠶᠡᠷᠦᠩᠬᠡᠶ ᠱᠦᠵᠢ ᠰᠢ ᠶᠢᠨ ᠫᠢᠩ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃ ᠨᠢᠭᠡ ᠵᠢᠯ ᠤᠨ ᠲᠤᠷᠰᠢ᠂ ᠪᠠᠶᠠᠨᠨᠠᠭᠤᠷ ᠬᠤᠲᠠ ᠶᠢᠨ ᠪᠣᠷᠣᠲᠣᠬᠤᠶ ᠶᠢᠨ ᠪᠥᠬᠦ ᠴᠠᠷᠠᠭᠠᠨ ᠤ ᠪᠣᠬᠢᠷᠲᠤᠯ ᠥᠬᠡᠶ ᠣᠷᠭᠠᠨᠢᠭ ᠦᠨᠳᠦᠷ ᠲᠠᠰ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠵᠦ ᠦᠢᠯᠡᠴᠢᠯᠡᠨ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠳᠣᠪᠤᠶᠢᠮ᠎ᠠ᠂ ︽ᠲᠡᠭᠷᠢ ᠶᠢᠨ ᠬᠡᠰᠢᠭᠲᠦ ᠪᠣᠷᠣᠲᠣᠬᠤᠶ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠪᠥᠬᠦ ᠲᠠᠯ᠎ᠠ ᠪᠠᠷ ᠠᠯᠳᠠᠷᠰᠢᠭᠤᠯᠪᠠ᠃ ᠪᠠᠶᠠᠨᠨᠠᠭᠤᠷ ᠬᠤᠲᠠ ᠶᠢᠨ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠲᠠᠯ ᠎ᠠ ᠪᠠᠷ ᠬᠢ ᠲᠤᠷᠰᠢᠯᠭ᠎ᠠ ᠠᠷᠭ᠎ᠠ ᠵᠠᠮ ᠢᠶᠠᠨ ᠲᠠᠨᠢᠯᠴᠠᠭᠤᠯᠤᠨ᠎ᠠ ᠤᠤ︖      ᠵᠠᠩ ᠰᠢᠶᠣᠤ ᠪᠢᠩ᠄ ︽ᠪᠣᠷᠣᠲᠣᠬᠤᠶ︾ ᠶᠢᠨ ᠲᠤᠰ ᠪᠡᠶ᠎ᠡ ᠨᠢ ᠳᠠᠷᠤᠶ ᠠᠯᠲᠠᠨ ᠦᠰᠦᠭᠲᠦ ᠫᠠᠶᠢᠰᠠ ᠪᠣᠯᠤᠨ᠎ᠠ᠃ ᠭᠡᠪᠡᠴᠦ ᠨᠡᠷ᠎ᠡ ᠶᠢ ᠨᠢ ᠳᠠᠭᠤᠷᠢᠰᠬᠠᠵᠤ ᠭᠠᠷᠭᠠᠭᠰᠠᠨ ᠦᠭᠡᠢ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠮᠠᠰᠢ ᠣᠯᠠᠨ ᠲᠡᠷᠢᠭᠦᠨ ᠵᠡᠷᠭᠡ ᠶᠢᠨ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠭᠰᠡᠨ ᠪᠣᠯᠪᠠᠴᠤ ᠰᠠᠶᠢᠨ ᠦᠨ᠎ᠡ ᠪᠠᠷ ᠬᠤᠳᠠᠯᠳᠤᠵᠤ ᠴᠢᠳᠠᠭᠰᠠᠨ ᠦᠭᠡᠢ᠃ ᠡᠨᠡ ᠬᠦ ᠬᠦᠴᠢᠷᠳᠡᠯ ᠢ ᠳᠠᠪᠠᠭ᠋ᠤ ᠶᠢᠨ ᠲᠥᠯᠥᠭᠡ᠂ ᠪᠢᠳᠡ ︽ᠲᠡᠭᠷᠢ ᠶᠢᠨ ᠬᠡᠰᠢᠭᠲᠦ ᠪᠣᠷᠣᠲᠣᠬᠤᠶ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠡᠭᠦᠳᠦᠨ ᠪᠠᠶᠢᠭᠤᠯᠵᠤ᠂ ᠰᠢᠯᠢᠳᠡᠭ ᠠᠵᠤ ᠠᠬᠤᠶᠢᠯᠠᠯ ᠤᠨ ᠨᠠᠷᠠᠲᠤ ᠲᠡᠮᠳᠡᠭ᠂ ᠪᠦᠲᠦᠭᠡᠭᠳᠡᠬᠦᠨ ᠤ ᠨᠠᠷᠠᠲᠤ ᠲᠡᠮᠳᠡᠭ ᠢ ᠶᠡᠷᠦᠩᠬᠡᠢ ᠳᠤᠨᠢ ᠳᠠᠭᠠᠭᠤᠯᠤᠨ ᠵᠢᠯᠤᠭᠤᠳᠴᠤ᠂ ᠵᠠᠬ᠎ᠠ ᠳᠡᠯᠭᠡᠭᠦᠷ ᠲᠤ ᠤᠷᠤᠵᠤ᠂ ᠦᠨᠳᠦᠷ ᠳᠡᠰ ᠵᠦᠭ ᠤᠷᠤᠭᠰᠢᠯᠠᠵᠤ᠂ ᠡᠭᠦᠨ ᠤ ᠬᠠᠮᠲᠤ ᠨᠠᠷᠠᠲᠤ ᠲᠡᠮᠳᠡᠭ ᠢᠶᠠᠷ ᠬᠥᠲᠥᠯᠦᠨ ᠳᠠᠭᠠᠭᠤᠯᠵᠤ ᠲᠠᠷᠢᠶᠠᠯᠠᠩ ᠤᠨ ᠪᠣᠬᠢᠷᠲᠤᠯ ᠥᠬᠡᠶ ᠲᠡᠶᠢᠰᠢᠬᠢ ᠬᠡᠯᠪᠡᠷᠢ ᠶᠢᠨ ᠬᠤᠪᠢᠷᠠᠯᠲᠠ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠬᠦᠯᠬᠦ ᠶᠢ ᠭᠡᠳᠡᠷᠭᠦ ᠰᠢᠬᠠᠮᠳᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠤᠨ᠎ᠠ᠃ ᠪᠢᠳᠡ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠪᠠ ᠮᠥᠷᠳᠡᠨ ᠨᠡᠬᠡᠮᠵᠢᠯᠡᠬᠦ ᠰᠢᠰᠲ᠋ᠧᠮ ᠢ ᠪᠠᠶᠢᠭᠤᠯᠵᠤ᠂ ᠨᠠᠷᠠᠲᠤ ᠲᠡᠮᠳᠡᠭ ᠤᠨ ᠢᠲᠡᠭᠡᠯ ᠬᠦᠨᠳᠦ ᠪᠠ ᠪᠦᠲᠦᠭᠡᠭᠳᠡᠬᠦᠨ ᠤ ᠶᠠᠰᠤ ᠴᠢᠨᠠᠷ ᠢ ᠪᠠᠲᠤᠯᠠᠵᠤ᠂ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠨᠠᠷᠠᠲᠤ ᠲᠡᠮᠳᠡᠭ ᠤᠨ ᠠᠮᠤᠷ ᠲᠦᠪᠰᠢᠨ ᠢ ᠬᠠᠮᠠᠭᠠᠯᠠᠨ᠎ᠠ᠃ ᠨᠡᠷᠡᠲᠦ ᠲᠡᠮᠳᠡᠭ ᠢ ᠡᠭᠦᠳᠦᠨ ᠪᠠᠶᠢᠭᠤᠯᠤᠭᠰᠠᠨ ᠲᠤᠬᠠᠶ ᠶᠢᠨ ᠵᠢᠯ ᠳᠤ ᠳᠤᠮᠳᠠᠳᠤ ᠤᠯᠤᠰ ᠤᠨ ᠣᠷᠣᠨ ᠪᠦᠰᠡ ᠶᠢᠨ ᠲᠠᠷᠢᠶᠠᠯᠠᠩ ᠤᠨ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠤ ᠵᠢᠭᠰᠠᠭᠠᠯᠲᠠ ᠳᠤ ᠬᠤᠶᠠᠳᠤᠭᠠᠷ ᠲᠤ ᠣᠷᠣᠵᠤ᠂ ᠨᠢᠳᠤᠨᠤᠨ ᠪᠠᠰᠠ ᠳᠤᠮᠳᠠᠳᠤ ᠤᠯᠤᠰ ᠤᠨ ᠲᠠᠷᠢᠶᠠᠯᠠᠩ ᠤᠨ ᠬᠠᠮᠤᠭ ᠶᠡᠭᠡ ᠨᠥᠯᠥᠭᠡᠯᠡᠬᠦ ᠬᠦᠴᠦᠨ ᠲᠠᠢ ᠨᠠᠷᠠᠲᠤ ᠲᠡᠮᠳᠡᠭ᠂ ᠳᠤᠮᠳᠠᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠵᠠᠭᠤᠨ ᠬᠦᠴᠦᠷᠬᠡᠭ ᠪᠡᠯᠭᠡ ᠲᠡᠮᠳᠡᠭ ᠤᠨ ᠴᠢᠨᠠᠷᠲᠠᠢ ᠨᠠᠷᠠᠲᠤ ᠲᠡᠮᠳᠡᠭ ᠵᠡᠷᠭᠡ ᠠᠷᠪᠠᠨ ᠲᠣᠮᠣ ᠱᠠᠩᠨᠠᠯ ᠢ ᠭᠥᠷᠳᠡᠪᠡ᠃ ᠣᠳᠣᠬᠠᠨ ᠳᠤ ᠡᠷᠬᠡ ᠣᠯᠭᠤᠭᠰᠠᠨ 12 ᠠᠵᠤ ᠠᠬᠤᠶᠢᠯᠠᠯ ᠤᠨ 53 ᠵᠦᠢᠯ ᠤᠨ ᠦᠢᠯᠡᠳᠬᠦᠨ ᠤ ᠦᠰᠦᠭᠰᠡᠨ ᠦᠨ᠎ᠡ ᠶᠢ 25% ᠠᠴᠠ ᠳᠡᠭᠡᠭᠰᠢ ᠪᠠᠷ ᠪᠡᠶᠡᠯᠡᠭᠦᠯᠵᠦ᠂ ᠪᠥᠬᠦ ᠬᠤᠲᠠ ᠶᠢᠨ ᠮᠠᠯ ᠲᠠᠷᠢᠶᠠᠯᠠᠩ ᠤᠨ ᠪᠦᠲᠦᠭᠡᠭᠳᠡᠬᠦᠨ ᠤ ᠦᠰᠦᠭᠰᠡᠨ ᠦᠨ᠎ᠡ ᠶᠢ 10% ᠠᠴᠠ ᠳᠡᠭᠡᠭᠰᠢᠬᠢ ᠪᠤᠯᠭᠠᠨ ᠳᠠᠶᠢᠴᠢᠯᠠᠪᠠ᠃ ᠮᠠᠰᠢ ᠣᠯᠠᠨ ᠴᠢᠨᠠᠷ ᠰᠠᠶᠢᠲᠠᠢ ᠮᠠᠯ ᠲᠠᠷᠢᠶᠠᠯᠠᠩ ᠤᠨ ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠪᠠ ᠰᠦᠯᠵᠢᠶᠡᠨ ᠳᠤᠤᠷ᠎ᠠ ᠶᠡᠭᠡ ᠪᠠᠷ ᠬᠤᠳᠠᠯᠳᠤᠵᠠᠢ᠃ ᠵᠢᠱᠢᠶᠡᠯᠡᠪᠡᠯ᠂ ᠨᠢᠭᠡ ᠪᠠᠯᠲᠤ ᠬᠡᠮᠬᠡ 80 ᠲᠥᠭᠦᠷᠢᠭ᠂ ᠨᠢᠭᠡ ᠵᠢᠩ ᠨᠠᠷᠠᠨᠬᠤᠸᠠᠷ ᠤᠨ ᠦᠷ᠎ᠡ 100 ᠭᠠᠷᠤᠢ ᠲᠥᠭᠦᠷᠢᠭ᠂ 1 ᠵᠢᠩ ᠭᠤᠯᠢᠷ 200 ᠭᠠᠷᠤᠶ ᠲᠥᠭᠦᠷᠢᠭ ᠲᠤ ᠬᠦᠷᠴᠤ ᠲᠠᠷᠢᠶᠠᠴᠢᠳ ᠪᠣᠯᠤᠨ ᠠᠵᠤ ᠠᠬᠤᠶᠢᠯᠠᠯ ᠪᠦᠷ ᠨᠡᠷᠡᠲᠦ ᠲᠡᠮᠳᠡᠭ ᠤᠨ ᠳᠠᠭᠠᠤ ᠨᠡᠷᠡᠲᠦ ᠲᠡᠮᠳᠡᠭ ᠤᠨ ᠤᠬᠠᠮᠰᠠᠷ᠂ ᠶᠠᠰᠤ ᠴᠢᠨᠠᠷ ᠤᠨ ᠤᠬᠠᠮᠰᠠᠷ ᠢᠯᠡᠳᠲᠡ ᠳᠡᠭᠡᠭᠰᠢᠯᠡᠵᠦ᠂ ᠨᠢᠭᠡ ᠪᠦᠯᠦᠭ ᠨᠠᠷᠡᠲᠠᠢ ᠲᠠᠷᠢᠶᠠᠯᠠᠩ ᠤᠨ ᠠᠵᠤ ᠠᠬᠤᠶᠢᠯᠠᠯ ᠪᠣᠯᠤᠨ ᠪᠦᠲᠦᠭᠡᠭᠳᠡᠬᠦᠨ ᠤ ᠨᠠᠷᠠᠲᠤ ᠲᠡᠮᠳᠡᠭ ᠢ ᠪᠤᠶᠢᠵᠢᠭᠤᠯᠵᠤ᠂ ᠪᠥᠬᠦ ᠬᠤᠲᠠ ᠶᠢᠨ 239 ᠲᠠᠷᠢᠶᠠᠯᠠᠩ ᠤᠨ ᠪᠦᠲᠦᠭᠡᠭᠳᠡᠬᠦᠨ ᠢ ᠪᠣᠬᠢᠷᠲᠤᠯ ᠥᠬᠡᠶ᠂ ᠣᠷᠭᠠᠨᠢᠭ᠂ ᠭᠠᠵᠠᠷ ᠵᠦᠶ ᠶᠢᠨ ᠲᠡᠮᠳᠡᠭ ᠢ ᠳᠡᠩᠰᠡᠯᠡᠨ ᠬᠠᠮᠠᠭᠠᠯᠠᠬᠤ ᠪᠠᠷ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ︽ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ + ᠠᠵᠤ ᠠᠬᠤᠶᠢᠯᠠᠯ ᠤᠨ ᠨᠡᠷᠡᠲᠦ ᠲᠡᠮᠳᠡᠭ + ᠪᠦᠲᠦᠭᠡᠭᠳᠡᠬᠦᠨ ᠤ ᠨᠡᠷᠡᠲᠦ ᠲᠡᠮᠳᠡᠭ︾ ᠤᠨ ᠡᠬᠡ ᠬᠡᠦᠬᠡᠳ ᠤᠨ ᠨᠡᠷᠡᠲᠦ ᠲᠡᠮᠳᠡᠭ ᠤᠨ ᠰᠢᠰᠲ᠋ᠧᠮ ᠢ ᠪᠦᠷᠢᠯᠳᠥᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠢ ᠥᠷᠭᠡᠳᠬᠡᠭᠰᠡᠨ ᠮᠥᠷᠲᠡᠭᠡᠨ ᠪᠠᠰᠠ ᠭᠠᠵᠠᠷ ᠣᠷᠣᠨ ᠤ ᠠᠯᠳᠠᠷᠰᠢᠯ ᠢ ᠳᠡᠭᠡᠭᠰᠢᠯᠡᠭᠦᠯᠦᠭᠰᠡᠨ ᠪᠠᠶᠢᠨ᠎ᠠ᠃      ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ᠄ ᠪᠠᠶᠠᠨᠨᠠᠭᠤᠷ ᠬᠤᠲᠠ ᠬᠤᠶᠢᠰᠢᠳᠠ ᠶᠢᠨ ᠠᠵᠢᠯ ᠤᠨ ᠳᠤᠮᠳᠠ ᠪᠠᠨ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠭᠤᠯᠠ ᠤᠰᠤ ᠣᠶ ᠲᠠᠷᠢᠶ᠎ᠠ ᠨᠠᠭᠤᠷ ᠪᠡᠯᠴᠢᠭᠡᠷ ᠢ ᠶᠡᠷᠦᠩᠬᠡᠶᠢᠯᠡᠨ ᠵᠠᠰᠠᠬᠤ ᠶᠢ ᠬᠡᠷᠬᠢᠨ ᠨᠢᠭᠡᠳᠦᠯᠲᠡᠶ ᠲᠥᠯᠥᠪᠯᠡᠨ ᠠᠬᠢᠭᠤᠯᠬᠤ ᠪᠣᠶ︖      ᠵᠠᠩ ᠰᠢᠶᠣᠤ ᠪᠢᠩ᠄ ᠡᠨᠡ ᠬᠡᠳᠦᠨ ᠵᠢᠯ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ᠭᠤᠷᠪᠠᠨ ᠨᠠᠭᠤᠷ︾ ᠤᠨ ᠵᠠᠰᠠᠯᠲᠠ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠠᠨ ᠡᠬᠢᠲᠦ᠂ ᠴᠡᠭᠲᠦ ᠡᠬᠢᠲᠦ᠂ ᠳᠣᠲᠣᠭᠠᠳᠤ ᠡᠭᠦᠰᠦᠯᠳᠦ ᠵᠠᠰᠠᠯᠲᠠ ᠵᠡᠷᠭᠡ ᠪᠠᠷ ᠬᠦᠴᠦᠯᠡᠪᠡ᠃ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠵᠠᠰᠠᠨ ᠰᠡᠷᠭᠦᠭᠡᠬᠦ ᠤᠯᠤᠰ ᠤᠨ ᠲᠤᠷᠰᠢᠯᠲᠠ ᠶᠢᠨ ᠢᠨᠵᠧᠨᠧᠷᠢᠩ ᠢ ᠪᠦᠬᠦ ᠬᠦᠴᠦᠨ ᠢᠶᠠᠷ ᠬᠡᠷᠡᠭᠵᠢᠭᠦᠯᠵᠦ᠂ ᠵᠣᠬᠢᠬᠤ ᠠᠮᠵᠢᠯᠲᠠ ᠪᠦᠲᠦᠮᠵᠢ ᠣᠯᠵᠤ᠂ ᠣᠳᠣᠬᠠᠨ ᠳᠤ ᠤᠯᠠᠭᠠᠨᠰᠤᠬᠠᠢ ᠨᠠᠭᠤᠷ ᠤᠨ ᠤᠰᠤᠨ ᠤ ᠴᠢᠨᠠᠷ V ᠲᠦᠷᠦᠯ ᠳᠤ ᠲᠣᠭᠲᠠᠪᠤᠷᠢᠵᠢᠵᠤ᠂ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠪᠢᠳᠡ ᠠᠯᠤᠰ ᠬᠡᠳᠦ ᠶᠢ ᠪᠣᠳᠣᠯᠬᠢᠯᠠᠨ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠢᠳᠡᠪᠬᠢᠲᠡᠶ ᠪᠠᠷ ᠰᠤᠳᠤᠯᠤᠨ ᠲᠥᠯᠥᠪᠯᠡᠵᠦ᠂ ᠪᠦᠬᠦ ᠰᠠᠪᠠ ᠭᠠᠵᠠᠷ ᠤᠨ ᠪᠦᠬᠦ ᠡᠯᠧᠮᠧᠨ᠋ᠲ ᠢ ᠶᠡᠷᠦᠩᠬᠡᠶᠢᠯᠡᠨ ᠵᠠᠰᠠᠬᠤ ᠶᠢ ᠤᠯᠠᠮ ᠨᠢᠭᠡ ᠠᠯᠬᠤᠮ ᠠᠬᠢᠭᠤᠯᠪᠠ᠃ ᠰᠠᠪᠠ ᠭᠠᠵᠠᠷ ᠤᠨ ᠳᠡᠭᠡᠳᠦ ᠤᠷᠤᠰᠬᠠᠯ ᠤᠨ ᠤᠯᠠᠭᠠᠨᠪᠤᠬ᠎ᠠ ᠶᠢᠨ ᠡᠯᠡᠰᠦᠨ ᠴᠥᠯ ᠳᠤ ᠪᠦᠬᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠵᠤ᠂ ᠢᠰᠷᠧᠯ ᠲᠠᠢ ᠬᠠᠮᠲᠤᠷᠠᠨ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠣᠷᠣᠨ᠂ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠵᠤ᠂ ᠤᠯᠤᠰ ᠤᠨ ︽ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ︾ ᠶᠢᠨ ᠦᠶᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ ᠪᠣᠷᠣᠲᠣᠬᠤᠶ ᠶᠢᠨ ᠤᠰᠤᠯᠠᠯᠲᠠ ᠶᠢᠨ ᠣᠷᠣᠨ ᠳᠤ ᠪᠤᠷᠳᠤᠭᠤᠷ ᠢ ᠬᠢᠵᠠᠭᠠᠷᠯᠠᠬᠤ᠂ ᠡᠮ ᠢ ᠬᠢᠵᠠᠭᠠᠷᠯᠠᠬᠤ᠂ ᠤᠰᠤ ᠶᠢ ᠬᠢᠵᠠᠭᠠᠷᠯᠠᠬᠤ᠂ ᠰᠦᠯᠢᠶᠣᠣ ᠪᠦᠷᠬᠦᠪᠴᠢ ᠶᠢ ᠬᠢᠵᠠᠭᠠᠷᠯᠠᠬᠤ ᠵᠡᠷᠭᠡ ᠲᠦᠷᠪᠡᠨ ᠶᠡᠭᠡ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠰᠢᠨᠵᠢᠯᠡᠬᠦ ᠤᠬᠠᠭᠠᠨᠴᠢ ᠪᠠᠷ ᠵᠠᠰᠠᠨ᠎ᠠ᠃ ᠰᠠᠪᠠ ᠭᠠᠵᠠᠷ ᠤᠨ ᠰᠡᠭᠦᠯ ᠤᠨ ᠬᠡᠰᠡᠭ ᠲᠤ᠂ ᠮᠤᠨᠠ ᠠᠭᠤᠯᠠ ᠶᠢᠨ ᠡᠪᠳᠡᠭᠳᠡᠭᠰᠡᠨ ᠠᠭᠤᠯᠠᠨ ᠴᠣᠭᠴᠠ ᠶᠢ ᠵᠠᠰᠠᠵᠤ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠤᠨ᠎ᠠ︔ ᠤᠷᠠᠳ ᠤᠨ ᠮᠠᠭᠤᠳᠠᠭᠰᠠᠨ ᠨᠤᠲᠤᠭ ᠪᠡᠯᠴᠢᠭᠡᠷ ᠤᠨ ᠬᠥᠮᠦᠨ ᠤ ᠬᠦᠴᠦ ᠪᠠᠷ ᠡᠪᠡᠰᠦ ᠲᠠᠷᠢᠬᠤ ᠠᠮᠢ ᠠᠬᠤᠶ ᠶᠢ ᠰᠡᠷᠭᠦᠭᠡᠬᠦ ᠤᠯᠤᠰ ᠤᠨ ᠲᠤᠷᠰᠢᠯᠲᠠ ᠶᠢᠨ ᠢᠨᠵᠧᠨᠧᠷᠢᠩ ᠢ ᠰᠠᠶᠢᠲᠤᠷ ᠠᠳᠬᠤᠵᠤ᠂ ᠬᠠᠳᠤᠨ ᠭᠤᠤᠯ ᠳᠠᠭᠠᠤ ᠶᠢᠨ ᠠᠮᠢ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠷᠭᠤᠮᠠᠯ ᠬᠤᠴᠢᠯᠭ᠎ᠠ ᠶᠢᠨ ᠪᠦᠷᠬᠦᠴᠡ ᠶᠢᠨ ᠨᠣᠷᠮ᠎ᠠ ᠪᠣᠯᠤᠨ ᠬᠥᠷᠥᠰᠥ ᠰᠢᠷᠣᠶ ᠶᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ ᠤᠯᠠᠭᠠᠨᠰᠤᠬᠠᠢ ᠨᠠᠭᠤᠷ ᠤᠨ ᠠᠮᠢ ᠠᠬᠤᠶ ᠶᠢ ᠰᠡᠷᠭᠦᠭᠡᠨ ᠤᠰᠤ ᠨᠥᠬᠦᠪᠥᠷᠢᠯᠡᠬᠦ ᠢᠨᠵᠧᠨᠧᠷᠢᠩ ᠢ ᠢᠳᠡᠪᠬᠢᠲᠡᠢ ᠠᠬᠢᠭᠤᠯᠵᠠᠶ᠃ ᠭᠤᠣᠯ ᠮᠥᠷᠡᠨ ᠨᠠᠭᠤᠷ ᠴᠥᠭᠦᠷᠥᠮ ᠢ ᠬᠤᠯᠪᠣᠨ ᠨᠡᠪᠲᠡᠷᠡᠭᠦᠯᠵᠦ᠂ ᠤᠯᠠᠭᠠᠨᠪᠤᠬ᠎ᠠ ᠶᠢᠨ ᠡᠯᠡᠰᠦᠨ ᠴᠥᠯ᠂ ᠮᠤᠨᠠ ᠠᠭᠤᠯᠠ ᠳᠠᠭᠠᠤ ᠬᠠᠲᠤᠨ ᠭᠤᠣᠯ ᠤᠨ ᠬᠠᠭᠤᠴᠢᠨ ᠵᠠᠮ ᠢᠶᠠᠷ ᠤᠰᠤ ᠲᠠᠲᠠᠬᠤ ᠴᠢᠳᠠᠪᠬᠢ ᠶᠢ ᠰᠡᠷᠭᠦᠭᠡᠨ᠎ᠡ᠃ ᠤᠯᠠᠭᠠᠨᠰᠤᠬᠠᠢ ᠨᠠᠭᠤᠷ ᠤᠨ ᠦᠷᠭᠦᠯᠵᠢ ᠤᠰᠤ ᠤᠷᠤᠰᠬᠤ ᠶᠢ ᠪᠡᠶᠡᠯᠡᠭᠦᠯᠵᠦ᠂ ᠬᠠᠳᠤᠨ ᠭᠤᠤᠯ ᠤᠨ ᠰᠦᠩ ᠬᠠᠯᠢᠶ᠎ᠠ ᠦᠶᠡᠷ ᠤᠨ ᠬᠤᠭᠤᠴᠠᠭ᠎ᠠ᠂ ᠭᠤᠤᠯ ᠦᠶᠡᠷ ᠤᠨ ᠬᠤᠭᠤᠴᠠᠭᠠᠨ ᠳᠤ ᠰᠦᠩ ᠬᠠᠯᠢᠶ᠎ᠠ ᠰᠠᠯᠭᠠᠵᠤ ᠦᠶᠡᠷ ᠰᠠᠯᠠᠭᠠᠨ ᠤᠰᠤ ᠬᠠᠳᠠᠭᠠᠯᠠᠵᠤ᠂ ᠤᠰᠤ ᠰᠢᠷᠭᠢᠬᠦ ᠬᠤᠭᠤᠴᠠᠭᠠᠨ ᠳᠤ ᠤᠰᠤ ᠲᠤᠬᠢᠷᠠᠭᠤᠯᠤᠨ ᠬᠠᠳᠠᠭᠠᠯᠠᠵᠤ ᠨᠥᠬᠦᠪᠥᠷᠢᠯᠡᠨ᠎ᠡ᠃ ᠣᠳᠣᠬᠠᠨ ᠳᠤ ᠪᠠᠶᠠᠨᠨᠠᠭᠤᠷ ᠬᠤᠲᠠ ᠨᠢᠭᠡᠨᠲᠡ ᠲᠥᠷᠥᠯ ᠵᠦᠢᠯ ᠲᠣᠭᠲᠠᠭᠠᠨ ᠬᠡᠷᠡᠭᠵᠢᠭᠦᠯᠵᠦ᠂ ᠤᠯᠤᠰ ᠤᠨ ᠲᠥᠷᠥᠯ ᠵᠦᠶᠯ ᠤᠨ ᠳᠡᠮᠵᠢᠯᠭᠡ ᠶᠢ ᠭᠤᠶᠤᠴᠢᠯᠠᠵᠤ ᠪᠠᠶᠢᠨ᠎ᠠ᠂ ᠡᠨᠡ ᠤᠳᠠᠭ᠎ᠠ ᠪᠠᠰᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠰᠠᠨᠠᠭᠤᠯᠭ᠎ᠠ ᠪᠣᠯᠭᠠᠨ ᠶᠡᠭᠡ ᠬᠤᠷᠠᠯ ᠳᠤ ᠳᠡᠪᠰᠢᠭᠦᠯᠵᠦ ᠪᠠᠶᠢᠨ᠎ᠠ᠃          ᠠᠷᠠᠳ ᠤᠨ ᠰᠦᠯᠵᠢᠶᠡᠨ ᠤ ᠰᠤᠷᠪᠤᠯᠵᠢᠯᠠᠭᠴᠢ᠄ ᠠᠷᠠᠳ ᠤᠨ ᠠᠮᠢᠳᠤᠷᠠᠯ ᠤᠨ ᠠᠵᠢᠯ ᠪᠣᠯ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠤ ᠰᠦᠯᠵᠢᠶᠡᠨ ᠠᠨᠳᠠ ᠨᠠᠷ ᠤᠨ ᠠᠩᠬᠠᠷᠤᠯ ᠲᠠᠯᠪᠢᠭᠰᠠᠭᠠᠷ ᠢᠷᠡᠭᠰᠡᠨ ᠬᠠᠯᠠᠭᠤᠨ ᠰᠡᠳᠦᠪ ᠤᠳ ᠪᠣᠯᠤᠭᠰᠠᠭᠠᠷ ᠢᠷᠡᠵᠡᠶ᠃ ᠡᠨᠡ ᠵᠢᠯ ᠪᠠᠶᠠᠨᠨᠠᠭᠤᠷ ᠬᠤᠲᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖      ᠵᠠᠩ ᠰᠢᠶᠣᠤ ᠪᠢᠩ᠄ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ᠂ ᠡᠷᠬᠡᠪᠰᠢ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠵᠠᠰᠠᠭ ᠤᠨ ᠠᠵᠢᠯ ᠤᠨ ᠦᠷ᠎ᠡ ᠪᠦᠲᠦᠮᠵᠢ ᠪᠣᠯᠭᠠᠵᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ᠂ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠢᠮᠠᠭᠲᠠ ᠰᠡᠳᠬᠢᠯ ᠳᠡᠭᠡᠨ ᠪᠤᠳᠤᠬᠤ ᠬᠡᠷᠡᠭᠲᠡᠢ ᠭᠡᠪᠡ᠃ ᠪᠢᠳᠡ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠᠨ ᠬᠢᠴᠢᠶᠡᠩᠭᠦ᠋ᠢᠯᠡᠨ ᠰᠠᠬᠢᠵᠤ᠂ ᠠᠷᠠᠳ ᠤᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ ᠪᠠᠨ ᠪᠠᠲᠤᠳᠬᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠯᠠᠨ ᠲᠦᠮᠡᠨ ᠳᠤ ᠬᠤᠪᠢᠷᠠᠯᠲᠠ ᠶᠢ ᠦᠵᠡᠭᠦᠯᠵᠦ᠂ ᠪᠣᠳᠠᠲᠤ ᠠᠰᠢᠭ ᠬᠦᠷᠲᠡᠭᠡᠬᠦ ᠪᠠᠷ ᠴᠢᠷᠮᠠᠶᠢᠨ᠎ᠠ᠃      ᠨᠢᠭᠡ ᠳᠤ᠂ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠰᠦᠷ ᠬᠦᠴᠦᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠡᠬᠢᠯᠡᠭᠰᠡᠨ ᠠᠴᠠ ᠨᠠᠭᠠᠰᠢ᠂ ᠪᠠᠶᠠᠨᠨᠠᠭᠤᠷ ᠬᠤᠲᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠢᠮᠠᠭᠲᠠ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠ ᠠᠷᠠᠳ ᠤᠨ ᠠᠮᠢᠳᠤᠷᠠᠯ ᠤᠨ ᠨᠢᠭᠡᠳᠦᠭᠡᠷ ᠢᠨᠵᠧᠨᠧᠷᠢᠩ ᠪᠣᠯᠭᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠣᠳᠣᠬᠠᠨ ᠳᠤ 5 ᠥᠪᠡᠷᠲᠡᠭᠡᠨ ᠵᠠᠰᠠᠬᠤ ᠣᠷᠣᠨ ᠤ ᠲᠡᠰ ᠤᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ 162 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠢ ᠪᠦᠬᠦᠨ ᠢ ᠵᠢᠭᠰᠠᠭᠠᠵᠤ᠂ 58611 ᠨᠡᠷᠡᠰ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃      ᠳᠠᠷᠠᠭ᠎ᠠ ᠠᠯᠬᠤᠮ ᠳᠤ᠂ ᠪᠢᠳᠡ ︽ᠳᠥᠷᠪᠡ ᠶᠢ ᠥᠯᠥ ᠬᠠᠶᠠᠬᠤ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠶᠢ ᠦᠷᠭᠦᠯᠵᠢᠯᠡᠨ ᠠᠬᠢᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠪᠦᠬᠦ ᠣᠷᠣᠨ ᠤ ᠡᠮᠦᠨ᠎ᠡ ᠡᠩᠨᠡᠭᠡᠨ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠢᠮᠠᠭᠲᠠ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠪᠣᠷᠣᠲᠣᠬᠤᠢ ᠶᠢᠨ ᠪᠦᠬᠦ ᠴᠠᠷᠠᠭ᠎ᠠ ᠶᠢᠨ ᠪᠣᠬᠢᠷᠲᠤᠯ ᠦᠭᠡᠢ ᠣᠷᠭᠠᠨᠢᠭ ᠥᠨᠳᠥᠷ ᠲᠡᠰ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠵᠦ ᠦᠢᠯᠡᠴᠢᠯᠡᠨ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠮᠤ ᠲᠣᠰᠣ᠂ ᠮᠢᠬ᠎ᠠ ᠰᠦ᠂ ᠵᠢᠮᠢᠰ ᠨᠣᠭᠤᠭ᠎ᠠ᠂ ᠮᠣᠩᠭᠤᠯ ᠬᠢᠲᠠᠳ ᠡᠮ ᠤᠨ ᠮᠠᠲ᠋ᠧᠷᠢᠶᠠᠯ᠂ ᠲᠡᠵᠢᠭᠡᠯ ᠡᠪᠡᠰᠦ᠂ ᠠᠮᠢᠳᠤ ᠪᠣᠳᠠᠰ ᠤᠨ ᠮᠠᠰ ᠡᠨᠧᠷᠭᠢ ᠵᠡᠷᠭᠡ ᠵᠢᠷᠭᠤᠭᠠᠨ ᠶᠡᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠲᠥᠯᠥᠪᠵᠢᠭᠦᠯᠦᠨ ᠪᠤᠶᠢᠵᠢᠭᠤᠯᠤᠨ᠎ᠠ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠨᠢᠭᠡ ᠪᠦᠯᠦᠭ ᠣᠨᠴᠠᠯᠢᠭ ᠢᠶᠠᠷ ᠢᠯᠡ ᠲᠣᠳᠣ᠂ ᠳᠠᠶᠢᠴᠢᠯᠠᠬᠤ ᠬᠦᠴᠦᠨ ᠢᠶᠠᠷ ᠴᠢᠩᠭ᠎ᠠ ᠶᠠᠳᠠᠭᠤ ᠶᠢ ᠲᠡᠳᠬᠦᠬᠦ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠪᠠᠶᠢᠭᠤᠯᠵᠤ᠂ ︽ᠡᠷᠦᠬᠡ ᠠᠮᠠ ᠨᠢ ᠠᠵᠤ ᠠᠬᠤᠶᠢᠯᠠᠯ ᠳᠤ ᠲᠦᠰᠢᠭᠯᠡᠬᠦ︾᠂ ︽ᠠᠵᠢᠯ ᠦᠢᠯᠡᠰ ᠤᠨ ᠲᠠᠯ᠎ᠠ ᠪᠠᠷ ᠬᠡᠯᠬᠢᠶᠡᠵᠢᠭᠦᠯᠬᠦ︾ ᠶᠢ ᠠᠬᠢᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢ ᠠᠵᠤ ᠦᠢᠯᠡᠰ ᠤᠨ ᠬᠡᠯᠬᠢᠶ᠎ᠡ ᠳᠤ ᠲᠠᠲᠠᠨ ᠳᠠᠭᠠᠭᠤᠯᠤᠨ᠎ᠠ᠃ ᠬᠢᠵᠢᠭ ᠤᠨ ᠪᠠᠶᠢᠳᠠᠯ ᠳᠤ ᠴᠢᠭᠯᠡᠭᠦᠯᠦᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠵᠢᠯ ᠣᠯᠬᠤ ᠳᠤ ᠦᠵᠡᠭᠦᠯᠬᠦ ᠨᠥᠯᠥᠭᠡ ᠳᠤ ᠴᠢᠭᠯᠡᠭᠦᠯᠦᠨ᠂ ᠶᠠᠳᠠᠭᠤ ᠶᠢ ᠲᠡᠳᠬᠦᠬᠦ ᠠᠵᠤ ᠠᠬᠤᠶᠢᠯᠠᠯ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠨ ᠦᠶᠯᠡᠳᠪᠦᠷᠢᠯᠡᠬᠦ ᠴᠢᠳᠠᠪᠤᠷᠢ ᠶᠢ ᠰᠡᠷᠭᠦᠭᠡᠨ᠂ ᠠᠷᠭ᠎ᠠ ᠪᠦᠬᠦᠨ ᠢ ᠰᠦᠪᠡᠭᠴᠢᠯᠡᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢᠨ ᠣᠷᠣᠯᠭ᠎ᠠ ᠶᠢ ᠨᠡᠮᠡᠭᠳᠡᠭᠦᠯᠵᠦ᠂ ︽ᠬᠢᠵᠢᠭ ᠠᠴᠠ ᠪᠣᠯᠵᠣ ᠶᠠᠳᠠᠭᠤᠷᠠᠬᠤ︾᠂ ︽ᠬᠢᠵᠢᠭ ᠠᠴᠠ ᠪᠣᠯᠵᠣ ᠳᠠᠬᠢᠨ ᠶᠠᠳᠠᠭᠤᠷᠠᠬᠤ︾ ᠶᠢ ᠰᠡᠷᠭᠡᠶᠢᠯᠡᠨ᠎ᠡ᠃      ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠯᠳᠤᠭᠤᠯᠬᠤ ᠲᠣᠭᠲᠠᠴᠠ ᠶᠢ ᠭᠦᠨᠵᠡᠭᠡᠶᠢᠷᠡᠭᠦᠯᠦᠨ᠎ᠡ᠃ ᠢᠯᠢ ᠪᠦᠯᠦᠭᠯᠡᠯ ᠤᠨ ᠥᠨᠳᠥᠷ ᠲᠡᠰ ᠤᠨ ᠣᠷᠭᠠᠨᠢᠭ ᠰᠦ ᠶᠢᠨ ᠠᠵᠤ ᠦᠢᠯᠡᠰ ᠤᠨ ᠰᠦᠷᠦᠭᠵᠢᠯ ᠤᠨ ᠵᠠᠭᠪᠤᠷ ᠤᠨ ᠲᠥᠷᠥᠯ ᠵᠦᠢᠯ ᠪᠠ ᠮᠧᠩ ᠨᠢᠤ ᠪᠦᠯᠦᠭᠯᠡᠯ ᠤᠨ ᠰᠦᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠲᠠᠷᠢᠶᠠᠴᠢᠳ ᠣᠯᠠᠨ ᠢᠶᠠᠷ ᠢᠶᠠᠨ ᠪᠡᠯᠡ ᠴᠤᠭᠯᠠᠭᠤᠯᠬᠤ᠂ ᠪᠡᠯᠡ ᠴᠤᠭᠯᠠᠭᠤᠯᠵᠤ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠯᠴᠢᠨ ᠲᠠᠷᠢᠶᠠᠴᠢᠳ ᠢ ᠡᠪᠡᠰᠦ ᠪᠣᠷᠳᠤᠭ᠎ᠠ ᠲᠠᠷᠢᠬᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠵᠡᠷᠭᠡ ᠭᠤᠭᠴᠤᠭ᠎ᠠ ᠳᠤ ᠣᠷᠣᠯᠴᠠᠭᠤᠯᠵᠤ᠂ ᠮᠠᠯᠴᠢᠨ ᠲᠠᠷᠢᠶᠠᠴᠢᠳ ᠲᠤ ᠠᠵᠤ ᠦᠢᠯᠡᠰ ᠤᠨ ᠬᠡᠯᠬᠢᠶ᠎ᠡ ᠶᠢᠨ ᠥᠷᠲᠡᠭ ᠤᠨ ᠬᠡᠯᠬᠢᠶ ᠎ᠡ ᠶᠢᠨ ᠠᠰᠢᠭ ᠣᠯᠵᠠᠪᠤᠷᠢ ᠶᠢ ᠬᠦᠷᠲᠡᠭᠡᠨ᠎ᠡ᠃ ᠠᠵᠤ ᠦᠢᠯᠡᠰ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠵᠡᠷᠭᠡ ᠲᠠᠪᠴᠠᠩ ᠤᠨ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠠᠮᠧᠷᠢᠺᠠ ᠶᠢᠨ ᠺᠢᠮᠪᠧᠷᠯᠢ ᠲᠠᠷᠢᠶᠠᠯᠠᠩ ᠤᠨ ᠲᠠᠯᠠᠪᠠᠢ ᠲᠠᠢ ᠬᠠᠮᠲᠤᠷᠠᠨ ᠣᠳᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠢ ᠪᠠᠷ ᠴᠢᠷᠮᠠᠶᠢᠨ ᠪᠠᠶᠢᠭᠤᠯᠵᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠶᠯᠡᠳᠦᠯ ᠢ ᠪᠠᠳᠠᠷᠠᠭᠤᠯᠵᠤ᠂ ᠶᠠᠳᠠᠭᠤ ᠬᠦᠴᠢᠷᠳᠡᠯᠲᠡᠶ ᠤᠯᠠᠨ ᠲᠦᠮᠡᠨ ᠢ ᠳᠠᠶᠢᠴᠢᠯᠠᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠣᠷᠣᠯᠭ᠎ᠠ ᠶᠢ ᠨᠢ ᠦᠷᠭᠦᠯᠵᠢᠯᠡᠨ ᠨᠡᠮᠡᠭᠳᠡᠭᠦᠯᠦᠨ᠎ᠡ᠃      ᠬᠤᠶᠠᠷ ᠲᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠩᠬᠠᠨ ᠤ ᠬᠠᠲᠠᠭᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠪᠠ᠃ ᠣᠶᠢᠷ᠎ᠠ ᠶᠢᠨ ᠵᠢᠯ ᠳᠤ᠂ ᠪᠠᠶᠠᠨᠨᠠᠭᠤᠷ ᠬᠤᠲᠠ ᠨᠢ ᠲᠠᠷᠢᠶᠠᠴᠢᠳ ᠤᠨ ᠬᠠᠮᠤᠭ ᠤᠨ ᠪᠠᠴᠢᠮ ᠬᠡᠷᠡᠭᠴᠡᠭᠡ ᠲᠠᠢ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠬᠠᠮᠤᠭ ᠤᠨ ᠳᠣᠪᠤᠶᠢᠮ᠎ᠠ ᠠᠰᠠᠭᠤᠳᠠᠯ ᠠᠴᠠ ᠭᠠᠷᠳᠠᠵᠤ᠂ ᠨᠢᠭᠡ ᠪᠦᠯᠦᠭ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠳᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠰᠢᠶᠳᠪᠦᠷᠢᠯᠡᠪᠡ᠃ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ 2019 ᠣᠨ ᠳᠤ ᠬᠤᠯᠪᠣᠭᠳᠠᠯ ᠪᠦᠬᠦᠢ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠦᠨᠡᠨᠬᠦ ᠠᠳᠬᠤᠵᠤ ᠪᠣᠳᠠᠲᠠᠶ ᠠᠵᠢᠯᠯᠠᠭᠠᠳ ᠢᠯᠡᠳᠲᠡ ᠦᠷ᠎ᠡ ᠪᠦᠲᠦᠮᠵᠢ ᠣᠯᠤᠭᠰᠠᠨ ᠣᠷᠣᠨ ᠨᠤᠲᠤᠭ ᠤᠨ ᠨᠡᠷᠡᠰ ᠲᠤ ᠵᠢᠭᠰᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠠᠶᠢᠴᠠᠭᠠᠵᠤ ᠤᠷᠮᠠᠰᠢᠭᠤᠯᠪᠠ᠃ ᠳᠠᠷᠠᠭ᠎ᠠ ᠠᠯᠬᠤᠮ ᠳᠤ᠂ ᠪᠠᠶᠠᠨᠨᠠᠭᠤᠷ ᠬᠤᠲᠠ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ︽ᠵᠣᠷᠯᠣᠩ ᠤᠨ ᠬᠤᠪᠢᠰᠬᠠᠯ︾ ᠢ ᠠᠬᠢᠭᠤᠯᠵᠤ᠂ ᠬᠤᠭ ᠨᠣᠪᠰᠢ ᠪᠣᠬᠢᠷ ᠤᠰᠤ ᠰᠢᠶᠳᠪᠦᠷᠢᠯᠡᠬᠦ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ︽ᠭᠤᠷᠪᠠ ᠶᠢ ᠴᠡᠪᠡᠷᠯᠡᠵᠦ ᠨᠢᠭᠡ ᠶᠢ ᠥᠭᠡᠷᠡᠴᠢᠯᠡᠬᠦ︾ ᠴᠡᠭᠴᠡᠯᠡᠨ ᠵᠠᠰᠠᠯᠲᠠ ᠶᠢ ᠦᠷᠭᠦᠯᠵᠢᠯᠡᠨ ᠥᠷᠨᠢᠭᠦᠯᠵᠦ ︵ᠬᠤᠭ ᠨᠣᠪᠰᠢ ᠶᠢ ᠴᠡᠪᠡᠷᠯᠡᠬᠦ᠂ ᠴᠥᠭᠦᠷᠥᠮ ᠤᠨ ᠭᠤᠤ ᠶᠢ ᠴᠡᠪᠡᠷᠯᠡᠬᠦ᠂ ᠮᠠᠯ ᠵᠢᠭᠦᠷᠲᠡᠨ ᠤ ᠪᠠᠭᠠᠰᠤ ᠰᠢᠭᠡᠰᠦ ᠶᠢ ᠴᠡᠪᠡᠷᠯᠡᠬᠦ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠨᠥᠯᠥᠭᠡᠯᠡᠬᠦ ᠮᠠᠭᠤ ᠳᠠᠳᠬᠠᠯ ᠢ ᠬᠤᠪᠢᠷᠠᠭᠤᠯᠤᠨ᠎ᠠ︶᠂ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠵᠢᠯ ᠤᠨ ᠳᠣᠲᠣᠷ᠎ᠠ 90% ᠣᠷᠴᠢᠮ ᠤᠨ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠴᠡᠭᠴᠡᠯᠡᠬᠦ ᠶᠢ ᠪᠠᠲᠤᠯᠠᠵᠤ᠂ ᠠᠷᠢᠭᠤᠨ ᠴᠡᠪᠡᠷ ᠵᠣᠷᠯᠣᠩ ᠤᠨ ᠲᠦᠭᠡᠮᠡᠯᠵᠢᠯᠲᠡ ᠶᠢᠨ ᠨᠣᠷᠮ᠎ᠠ ᠶᠢ 85% ᠠᠴᠠ ᠳᠡᠭᠡᠭᠰᠢ ᠳᠤ ᠬᠦᠷᠦᠭᠦᠯᠵᠦ᠂ ᠲᠠᠷᠢᠶᠠᠴᠢᠨ ᠮᠠᠯᠴᠢᠳ ᠲᠤ ᠨᠢᠭᠡᠨ ᠠᠷᠢᠭᠤᠨ ᠴᠡᠪᠡᠷ ᠡᠮᠬᠢ ᠵᠢᠷᠤᠮ ᠲᠠᠢ ᠦᠶᠯᠡᠳᠪᠦᠷᠢᠯᠡᠯ ᠠᠮᠢᠳᠤᠷᠠᠯ ᠤᠨ ᠣᠷᠴᠢᠨ ᠨᠥᠬᠦᠴᠡᠯ ᠢ ᠪᠤᠢ ᠪᠣᠯᠭᠠᠵᠤ ᠥᠭᠭᠦᠨ᠎ᠡ᠃      ᠭᠤᠷᠪᠠ ᠳᠤ ᠠᠵᠢᠯ ᠣᠯᠭᠤᠯᠲᠠ᠂ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠪᠡ᠃ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠠᠵᠢᠯᠯᠠᠭ᠎ᠠ ᠪᠣᠯᠤᠨ ᠠᠵᠢᠯ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠡᠶ᠃ ᠪᠦᠬᠦ ᠵᠢᠯ ᠳᠤ ᠬᠤᠲᠠ ᠪᠠᠯᠭᠠᠰᠤᠨ ᠤ 9500 ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠪᠠᠲᠤᠯᠠᠵᠤ᠂ 12.5 ᠲᠦᠮᠡᠨ ᠬᠥᠮᠦᠨ ᠤᠳᠠᠭ᠎ᠠ ᠮᠠᠯᠵᠢᠬᠤ ᠲᠠᠷᠢᠶᠠᠯᠠᠬᠤ ᠣᠷᠣᠨ ᠳᠤ ᠰᠢᠯᠵᠢᠭᠦᠯᠦᠨ ᠠᠵᠢᠯ ᠣᠯᠭᠤᠪᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠭᠤᠷᠢ ᠲᠥᠬᠦᠭᠡᠷᠦᠮᠵᠢ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤᠮᠳᠠ ᠢᠯᠡᠷᠡᠭᠦᠯᠦᠭᠰᠡᠨ ᠪᠠᠭᠤᠷᠠᠶ ᠲᠠᠯ᠎ᠠ ᠳᠤ ᠴᠢᠭᠯᠡᠭᠦᠯᠦᠨ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠ ᠡᠮ ᠡᠮᠨᠡᠯᠭᠡ ᠶᠢᠨ ᠠᠪᠤᠷᠠᠨ ᠵᠠᠰᠠᠬᠤ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠡᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠬᠠᠯᠳᠠᠪᠤᠷᠢᠲᠤ ᠡᠪᠡᠳᠴᠢᠨ ᠢ ᠡᠮᠨᠡᠨ ᠵᠠᠰᠠᠬᠤ ᠲᠥᠪ ᠢ ᠴᠢᠷᠮᠠᠶᠢᠨ ᠪᠠᠶᠢᠭᠤᠯᠵᠤ᠂ ᠭᠡᠨᠡᠳᠲᠡ ᠶᠢᠨ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠶᠡᠭᠡ ᠬᠡᠷᠡᠭ ᠢ ᠠᠷᠭᠠᠴᠠᠬᠤ ᠴᠢᠳᠠᠪᠤᠷᠢ ᠪᠣᠯᠤᠨ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠶ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠣᠭᠤᠮᠲᠠ ᠰᠢᠪᠲᠤᠯᠬᠤ ᠲᠥᠯᠥᠪᠯᠡᠭᠡ ᠶᠢ ᠬᠡᠷᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠶᠡᠷᠦᠩᠬᠡᠶᠢᠯᠡᠭᠡᠳ ᠬᠡᠯᠡᠪᠡᠯ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠵᠠᠪᠠᠯ ᠡᠷᠡᠰ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠨ᠂ ᠠᠷᠠᠳ ᠲᠦᠮᠡᠨ ᠳᠤ ᠪᠤᠶᠠᠨ ᠦᠢᠯᠡᠳᠬᠦ ᠶᠢ ᠢᠮᠠᠭᠲᠠ ᠬᠠᠮᠤᠭ ᠤᠨ ᠴᠢᠬᠤᠯᠠ ᠠᠵᠢᠯ ᠤᠨ ᠪᠦᠲᠦᠮᠵᠢ ᠪᠣᠯᠭᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠪᠣᠳᠠᠲᠠᠶ ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠢᠶᠳᠪᠦᠷᠢᠯᠡᠵᠦ᠂ ᠨᠢᠭᠡ ᠨᠢᠭᠡ ᠪᠠᠷ ᠨᠠᠶᠢᠳᠠᠪᠤᠷᠢᠵᠢᠭᠤᠯᠬᠤ ᠶᠢ ᠠᠳᠬᠤᠵᠤ᠂ ᠵᠢᠯ ᠳᠠᠷᠠᠭᠠᠯᠠᠨ ᠠᠵᠢᠯᠯᠠᠵᠤ᠂ ᠤᠯᠠᠨ ᠲᠦᠮᠡᠨ ᠳᠤ ᠬᠤᠪᠢᠷᠠᠯᠲᠠ ᠶᠢ ᠦᠵᠡᠭᠦᠯᠵᠦ᠂ ᠪᠣᠳᠠᠲᠤ ᠠᠰᠢᠭ ᠬᠦᠷᠲᠡᠭᠡᠬᠦ ᠪᠠᠷ ᠴᠢᠷᠮᠠᠶᠢᠨ᠎ᠠ᠃
ᠢᠷᠡᠯᠲᠡ᠄ ᠲᠣᠰ ᠰᠦᠯᠵᠢᠶ᠎ᠠ