5 ᠰᠠᠷ᠎ᠠ ᠶᠢᠨ 29 ᠤ ᠡᠳᠦᠷ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠲᠤᠭᠤᠰᠢᠯᠠᠭᠤᠯᠬᠤ ᠺᠠᠳ᠋ᠷ ᠤᠨ ᠶᠡᠭᠡ ᠬᠤᠷᠠᠯ ᠢ ᠵᠣᠬᠢᠶᠠᠨ ᠪᠠᠶᠢᠭᠤᠯᠤᠨ ᠰᠣᠨᠣᠰᠤᠭᠰᠠᠨ ᠤ ᠳᠠᠷᠠᠭ᠎ᠠ᠂ ᠲᠡᠷᠡ ᠳᠠᠷᠤᠶ ᠳᠤᠨᠢ ᠸᠢᠳᠢᠤ᠋ ᠶᠢᠨ ᠬᠡᠯᠪᠡᠷᠢ ᠪᠠᠷ ᠪᠦᠬᠦ | ᠬᠤᠲᠠ ᠶᠢᠨ ᠺᠠᠳ᠋ᠷ ᠤᠨ ᠶᠡᠭᠡ ᠬᠤᠷᠠᠯ ᠢ ᠬᠤᠷᠠᠯᠳᠤᠭᠤᠯᠵᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠪᠠ᠃ | ᠬᠤᠳᠠ ᠶᠢᠨ ᠨᠠᠮ ᠤᠨ ᠬᠤᠷᠢᠶᠠᠨ ᠤ ᠱᠦᠵᠢ ᠴᠠᠩ ᡁᠢ ᠭᠠᠩ ᠬᠤᠷᠠᠯ ᠢ ᠡᠷᠬᠢᠯᠡᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠤᠨᠴᠠᠭᠠᠶᠢᠯᠠᠨ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ | ᠴᠢᠬᠤᠯᠠ ᠶᠠᠷᠢᠶ᠎ᠠ ᠲᠠᠯᠪᠢᠵᠠᠢ᠃ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠵᠠᠩ ᠰᠢᠶᠤᠤ ᠪᠢᠩ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠫᠧᠩ᠂ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠧᠤ ᠢᠦᠶ ᠯᠢᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠨᠠᠷᠢᠨ ᠪᠢᠴᠢᠭ ᠤᠨ | ᠳᠠᠷᠤᠭ᠎ᠠ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠵᠥᠩ ᠽᠧᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠦᠨ | ᠠᠶ ᠹᠠᠩ᠂ ᠸᠠᠩ ᠶᠦᠨ ᠯᠢᠶᠠᠩ᠂ ᠵᠤᠤ ᠽᠢ ᠪᠢᠨ᠂ ᠸᠠᠩ ᡁᠢ ᠫᠢᠩ᠂ ᠼᠦᠢ ᠵᠧᠨ ᠡᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ᠂ ᠪᠣᠷᠣᠲᠣᠬᠤᠶ ᠶᠢᠨ ᠳᠡᠭᠡᠳᠦ ᠰᠤᠷᠭᠠᠭᠤᠯᠢ᠂ | ᠪᠤᠷᠤᠲᠤᠬᠤᠢ ᠶᠢᠨ ᠤᠰᠤᠯᠠᠯᠲᠠ ᠶᠢᠨ ᠤᠷᠤᠨ ᠤ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ | ᠴᠠᠩ ᡁᠢ ᠭᠠᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠰᠠᠶ᠋ᠢᠬᠠᠨ ᠲᠡᠭᠦᠰᠦᠭᠰᠡᠨ ᠪᠦᠬᠦ ᠤᠯᠤᠰ ᠤᠨ ᠬᠤᠶᠠᠷ ᠬᠤᠷᠠᠯ ᠪᠤᠯ ᠣᠨᠴᠠᠭᠠᠢ ᠠᠬᠤᠢ ᠪᠠᠶᠢᠳᠠᠯ | ᠳᠣᠣᠷ᠎ᠠ ᠬᠤᠷᠠᠯᠳᠤᠭᠰᠠᠨ ᠨᠢᠭᠡ ᠤᠳᠠᠭ᠎ᠠ ᠶᠢᠨ ᠣᠨᠴᠠᠭᠠᠢ ᠴᠢᠬᠤᠯᠠ ᠬᠤᠷᠠᠯ ᠪᠣᠯᠤᠨ᠎ᠠ᠂ ᠡᠨᠡ ᠨᠢ ᠪᠢᠳᠡᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠦᠨᠳᠦ | ᠶᠡᠭᠡ ᠠᠶᠤᠯ ᠲᠦᠭᠰᠢᠭᠦᠷᠢ ᠶᠢ ᠢᠯᠠᠨ ᠳᠠᠪᠠᠭ᠋ᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ᠂ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠣᠨᠴᠠᠭᠠᠶᠢᠯᠠᠨ ᠶᠡᠷᠦᠩᠬᠡᠶ ᠱᠦᠵᠢ ᠰᠢ ᠶᠢᠨ ᠫᠢᠩ ᠤᠨ ᠪᠦᠬᠦ | ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠦᠪᠦᠷ ᠮᠣᠩᠭᠤᠯ ᠵᠡᠷᠭᠡ ᠬᠠᠮᠢᠶ᠎ᠠ ᠪᠦᠬᠦᠢ ᠪᠦᠯᠬᠦᠮ ᠳᠤᠭᠤᠶᠢᠯᠠᠩ ᠤᠨ ᠬᠢᠨᠠᠨ ᠵᠦᠪᠯᠡᠬᠦ ᠬᠤᠷᠠᠯ ᠳᠤ | ᠣᠷᠣᠯᠴᠠᠬᠤ ᠦᠶ ᠡ ᠶᠢᠨ ᠴᠢᠬᠤᠯᠠ ᠶᠠᠷᠢᠶ᠎ᠠ᠂ ᠪᠢᠳᠡᠨ ᠤ ᠨᠠᠷᠢᠨ ᠪᠤᠳᠤᠯᠢᠶᠠᠨᠲᠠᠶ ᠬᠦᠨᠳᠦ ᠬᠡᠴᠡᠭᠦᠤ ᠪᠠᠶᠢᠳᠠᠯ ᠳᠣᠤᠷ᠎ᠠ ᠡᠯ᠎ᠡ ᠵᠦᠢᠯ ᠤᠨ ᠠᠵᠢᠯ ᠢᠶᠠᠨ ᠰᠠᠶᠢᠲᠤᠷ | ᠬᠢᠬᠦ ᠳᠤ ᠦᠨᠳᠦᠰᠦᠨ ᠵᠢᠷᠤᠮᠯᠠᠯ ᠬᠠᠩᠭᠠᠵᠠᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠷᠠᠳ ᠲᠦᠮᠡᠨ ᠢ ᠳᠡᠭᠡᠳᠦᠯᠡᠬᠦ ᠭᠦᠨ ᠠᠭᠤᠯᠤᠭᠳᠠᠬᠤᠨ᠂ ᠨᠠᠮ | ᠪᠣᠯᠤᠨ ᠤᠯᠤᠰ ᠤᠨ ᠣᠯᠤᠭᠰᠠᠨ ᠴᠢᠬᠤᠯᠠ ᠶᠡᠭᠡ ᠠᠮᠵᠢᠯᠲᠠ ᠪᠣᠯᠤᠨ ᠣᠳᠣᠬᠠᠨ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠭᠦᠢᠴᠡᠳ ᠲᠠᠨᠢᠵᠤ ᠡᠵᠡᠮᠰᠢᠬᠦ | ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ | ᠴᠢᠬᠤᠯᠠ ᠶᠠᠷᠢᠶ᠎ᠠ ᠪᠠ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠨᠢᠭᠡᠨ ᠴᠢᠬᠤᠯᠠ ᠶᠡᠭᠡ | ᠤᠯᠤᠰ ᠲᠥᠷᠥ ᠶᠢᠨ ᠡᠭᠦᠷᠭᠡ ᠪᠤᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠣᠨᠣᠯ ᠤᠨ ᠭᠤᠤᠯ ᠳᠤᠭᠤᠶᠢᠯᠠᠩ ᠤᠨ ᠰᠤᠷᠤᠯᠴᠠᠯᠭ᠎ᠠ᠂ ᠨᠠᠮ ᠤᠨ | ᠰᠤᠷᠭᠠᠭᠤᠯᠢ ᠶᠢᠨ ᠪᠣᠯᠪᠠᠰᠤᠷᠠᠭᠤᠯᠤᠯ᠂ ᠵᠠᠭᠤᠴᠢᠯᠠᠭᠤᠷ ᠤᠨ ᠤᠬᠠᠭᠤᠯᠭ᠎ᠠ ᠵᠡᠷᠭᠡ ᠬᠡᠯᠪᠡᠷᠢ ᠪᠠᠷ ᠳᠠᠮᠵᠢᠭᠤᠯᠤᠨ᠂ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠵᠦ ᠬᠥᠲᠥᠯᠥᠨ | ᠵᠢᠯᠣᠭᠤᠳᠴᠤ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠪᠠᠲᠤ ᠪᠤᠢ ᠪᠣᠯᠭᠠᠵᠤ᠂ ︽ | ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃ | ᠴᠠᠩ ᡁᠢ ᠭᠠᠩ ᠴᠢᠬᠤᠯᠠᠴᠢᠯᠠᠭᠰᠠᠨ ᠨᠢ᠂ ᠪᠢᠳᠡ ᠵᠠᠪᠠᠯ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠠᠵᠢᠯ ᠤᠨ ᠪᠦᠲᠦᠮᠵᠢ | ᠪᠣᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠬᠠᠷᠠᠯᠲᠠ ᠡᠭᠦᠷᠭᠡ ᠶᠢᠨ | ᠲᠣᠭᠤᠷᠢᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ | ᠵᠢᠷᠭᠤᠭ᠎ᠠ ᠶᠢ ᠲᠤᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠬᠦᠴᠢᠷ ᠢ ᠰᠦᠷᠦᠨ ᠤᠷᠤᠭᠰᠢᠯᠠᠵᠤ᠂ ᠪᠠᠶᠠᠨᠨᠠᠭᠤᠷ ᠤᠨ ᠬᠥᠭᠵᠢᠯᠲᠡ ᠶᠢᠨ ᠳᠠᠬᠢᠨ ᠰᠢᠨ᠎ᠡ | ᠳᠡᠭᠲᠡᠷ ᠲᠤ ᠭᠠᠷᠬᠤ ᠶᠢ ᠠᠬᠢᠭᠤᠯᠤᠨ᠎ᠠ᠃ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ᠃ ᠤᠯᠠᠭᠠᠨᠰᠤᠬᠠᠢ | ᠨᠠᠭᠤᠷ ᠤᠨ ᠰᠠᠪᠠ ᠭᠠᠵᠠᠷ ᠤᠨ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ | ᠬᠡᠷᠡᠭᠲᠡᠢ᠃ ᠪᠣᠷᠣᠲᠣᠬᠤᠶ ᠶᠢᠨ ᠪᠥᠬᠦ ᠴᠠᠷᠠᠭᠠᠨ ᠤ ᠪᠣᠬᠢᠷᠲᠤᠯ ᠥᠬᠡᠶ ᠣᠷᠭᠠᠨᠢᠭ ᠦᠨᠳᠦᠷ ᠲᠠᠰ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ | ᠡᠳ᠋ᠰᠢᠭᠦᠯᠵᠦ ᠦᠢᠯᠡᠴᠢᠯᠡᠨ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠬᠦᠴᠦᠯᠡᠨ ᠲᠦᠷᠭᠡᠳᠬᠡᠬᠦ ᠬᠡᠷᠡᠭᠲᠡᠶ᠃ ᠴᠢᠬᠤᠯᠠ ᠶᠡᠭᠡ | ᠲᠦᠷᠦᠯ ᠵᠦᠢᠯ ᠪᠠ ᠪᠡᠯᠡ ᠮᠥᠩᠭᠦ ᠶᠢ ᠲᠡᠮᠡᠴᠡᠨ ᠤᠯᠬᠤ ᠡᠷᠴᠢᠮ ᠢ ᠴᠢᠩᠭᠠᠷᠠᠭᠤᠯᠬᠤ ᠬᠡᠷᠡᠭᠲᠡᠶ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ | ᠥᠷᠭᠡᠳᠬᠡᠬᠦ ᠬᠡᠷᠡᠭᠲᠡᠶ᠃ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠬᠤ ᠬᠡᠷᠡᠭᠲᠡᠢ᠃ | ᠴᠠᠩ ᡁᠢ ᠭᠠᠩ ᠱᠠᠭᠠᠷᠳᠠᠭᠰᠠᠨ ᠨᠢ᠂ ᠵᠦᠪ ᠡᠷᠬᠡ ᠶᠢᠨ ᠲᠤᠬᠠᠶ ᠦᠵᠡᠯᠲᠡ᠂ ᠠᠵᠢᠯ ᠤᠨ ᠪᠦᠲᠦᠮᠵᠢ ᠶᠢᠨ ᠲᠤᠬᠠᠶ ᠦᠵᠡᠯᠲᠡ᠂ ᠠᠵᠢᠯ ᠦᠢᠯᠡᠰ ᠤᠨ | ᠦᠵᠡᠯᠲᠡ ᠶᠢ ᠪᠤᠢ ᠪᠣᠯᠭᠠᠵᠤ᠂ ᠠᠷᠠᠳ ᠲᠦᠮᠡᠨ ᠤ ᠰᠠᠳᠬᠢᠯ ᠬᠠᠨᠤᠮᠵᠢ ᠪᠠᠷ ᠠᠵᠢᠯ ᠤᠨ ᠦᠷ᠎ᠡ ᠪᠦᠲᠦᠮᠵᠢ ᠶᠢ ᠬᠡᠮᠵᠢᠬᠦ ᠬᠡᠮᠵᠢᠭᠦᠷ ᠪᠣᠯᠭᠠᠵᠤ᠂ ᠪᠠᠶᠠᠨᠨᠠᠭᠤᠷ ᠤᠨ | ᠠᠯᠤᠰ ᠬᠡᠲᠦ ᠶᠢᠨ ᠬᠥᠭᠵᠢᠯᠲᠡ᠂ ᠦᠷᠭᠦᠯᠵᠢᠯᠡᠬᠦ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠳᠤ ᠬᠤᠯᠪᠣᠭᠳᠠᠬᠤ ᠨᠢᠭᠡ ᠪᠦᠯᠦᠭ ᠶᠡᠭᠡ ᠴᠢᠬᠤᠯᠠ ᠶᠠᠪᠤᠳᠠᠯ ᠢ | ᠰᠠᠶᠢᠲᠤᠷ ᠬᠢᠬᠦ ᠬᠡᠷᠡᠭᠲᠡᠶ᠃ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠲᠤᠭᠲᠠᠭᠠᠭᠰᠠᠨ ᠬᠠᠷᠠᠯᠲᠠ | ᠡᠭᠦᠷᠭᠡ ᠲᠠᠢ ᠨᠢᠭᠲᠠ ᠤᠶᠠᠯᠳᠤᠭᠤᠯᠤᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠠᠵᠢᠯᠯᠠᠵᠤ᠂ ᠣᠷᠭᠢᠯᠤᠮ᠎ᠠ ᠰᠡᠳᠬᠢᠯᠭᠡ ᠪᠠᠷ | ᠠᠵᠢᠯ ᠬᠢᠵᠦ᠂ ᠰᠢᠨ᠎ᠡ ᠶᠢ ᠡᠭᠦᠳᠦᠨ᠂ ᠠᠵᠢᠯ ᠪᠦᠬᠦᠨ ᠢ ᠴᠥᠬᠦᠷᠡᠰᠢ ᠦᠭᠡᠢ ᠰᠠᠶᠢᠲᠤᠷ ᠠᠳᠬᠤᠨ᠎ᠠ᠃ ᠠᠵᠢᠯ ᠤᠨ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ | ᠬᠡᠯᠪᠡᠷᠢᠴᠢ ᠦᠵᠡᠯ᠂ ᠨᠣᠶᠠᠨᠴᠢ ᠰᠤᠷᠲᠠᠯ ᠵᠡᠷᠭᠡ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ | ᠬᠡᠷᠡᠭᠲᠡᠢ᠃ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠠᠬᠢ ᠪᠣᠯᠭᠠᠵᠤ᠂ ᠳᠦᠷᠪᠡᠨ ᠰᠤᠷᠲᠠᠯ ᠢ ᠡᠷᠡᠰ ᠡᠰᠡᠷᠭᠦᠴᠡᠵᠦ᠂ ᠠᠵᠢᠯ ᠤᠨ ᠰᠤᠷᠲᠠᠯ ᠢᠶᠠᠨ | ᠬᠤᠪᠢᠷᠠᠭᠤᠯᠵᠤ᠂ ᠰᠢᠨ᠎ᠡ ᠰᠤᠷᠲᠠᠯ ᠢ ᠪᠤᠢ ᠪᠣᠯᠭᠠᠬᠤ ᠬᠡᠷᠡᠭᠲᠡᠢ᠃ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ | ᠡᠰᠡᠷᠭᠦᠴᠡᠬᠦ ᠲᠡᠮᠡᠴᠡᠯ ᠢ ᠴᠢᠩᠭᠠᠳᠬᠠᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠢᠯᠵᠠᠷᠠᠯ ᠤᠨ ᠠᠰᠠᠭᠤᠳᠠᠯ ᠢ ᠡᠷᠡᠰ | ᠪᠠᠶᠢᠴᠠᠭᠠᠨᠰᠢᠢᠳᠪᠦᠷᠢᠯᠡᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠶ ᠶᠢ ᠪᠤᠢ ᠪᠣᠯᠭᠠᠨ᠎ᠠ᠃ |