ᠵᠠᠩ ᠰᠢᠶᠤᠤ ᠪᠢᠩ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠮᠠᠯ ᠠᠵᠤ ᠠᠬᠤᠢ ᠶᠢᠨ ᠦᠢᠯᠡᠳᠪᠦᠷᠢᠯᠡᠯ᠂ ᠮᠤᠨᠠ ᠠᠭᠤᠯᠠ ᠶᠢᠨ ᠠᠭᠤᠷᠬᠠᠢ ᠶᠢ ᠵᠠᠰᠠᠨ ᠰᠡᠷᠭᠦᠭᠡᠬᠦ ᠪᠠ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/6/11
      6 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠠᠩ ᠰᠢᠶᠤᠤ ᠪᠢᠩ ᠤᠷᠠᠳ ᠤᠨ ᠡᠮᠦᠨᠡᠲᠦ ᠬᠤᠰᠢᠭᠤ᠂ ᠤᠷᠠᠳ ᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠮᠠᠯ ᠠᠵᠤ ᠠᠬᠤᠶ ᠶᠢᠨ ᠦᠶᠯᠡᠳᠪᠦᠷᠢᠯᠡᠯ᠂ ᠮᠤᠨᠠ ᠠᠭᠤᠯᠠᠨ ᠤ ᠠᠭᠤᠷᠬᠠᠶ ᠶᠢ ᠵᠠᠰᠠᠨ ᠰᠡᠷᠭᠦᠭᠡᠬᠦ ᠪᠠ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠲᠠ ᠶᠢᠨ ᠤᠳᠤᠷᠢᠳᠤᠯᠭ᠎ᠠ ᠰᠢᠤᠢ ᠮᠤᠤ ᠯᠦᠩ᠂ ᠭᠦᠸᠧ ᠵᠠᠨ ᠵᠢᠶᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠵᠠᠩ ᠰᠢᠶᠣᠤ ᠪᠢᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ︽ᠠᠷᠠᠳ ᠲᠦᠮᠡᠨ ᠢ ᠳᠡᠭᠡᠳᠦᠯᠡᠬᠦ︾ ᠣᠶᠢᠯᠠᠭᠠᠭᠳᠠᠬᠤᠨ ᠢ ᠪᠠᠲᠤ ᠪᠤᠢ ᠪᠣᠯᠭᠠᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠡᠯ᠎ᠡ ᠵᠦᠢᠯ ᠤᠨ ᠪᠣᠳᠠᠲᠠᠶ ᠠᠵᠢᠯ ᠳᠠᠭᠠᠨ ᠨᠠᠶᠢᠳᠠᠪᠤᠷᠢᠵᠢᠭᠤᠯᠵᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠢᠯ ᠳᠠᠷᠠᠭᠠᠯᠠᠨ ᠠᠵᠢᠯᠯᠠᠵᠤ᠂ ᠤᠯᠠᠨ ᠲᠦᠮᠡᠨ ᠳᠤ ᠬᠤᠪᠢᠷᠠᠯᠲᠠ ᠶᠢ ᠦᠵᠡᠭᠦᠯᠵᠦ᠂ ᠪᠣᠳᠠᠲᠤ ᠠᠰᠢᠭ ᠬᠦᠷᠲᠡᠭᠡᠬᠦ ᠪᠠᠷ ᠴᠢᠷᠮᠠᠶᠢᠬᠤ ᠬᠡᠷᠡᠭᠲᠡᠢ ᠭᠡᠪᠡ᠃      ᠵᠠᠩ ᠰᠢᠶᠣᠤ ᠪᠢᠩ ᠤᠷᠢᠳ ᠬᠤᠵᠢᠳ ᠤᠷᠠᠳ ᠤᠨ ᠡᠮᠦᠨᠡᠲᠦ ᠬᠤᠰᠢᠭᠤᠨ ᠤ ᠡᠷᠳᠡᠨᠢᠪᠤᠯᠠᠭ ᠰᠤᠮᠤ᠂ ᠪᠠᠭ᠎ᠠ ᠰᠢᠭᠡᠲᠡᠢ ᠪᠠᠯᠭᠠᠰᠤ ᠪᠣᠯᠤᠨ ᠤᠷᠠᠳ ᠤᠨ ᠳᠤᠮᠳᠠᠳᠤ ᠬᠤᠰᠢᠭᠤᠨ ᠤ ᠶᠠᠳᠠᠭᠤ ᠶᠢ ᠲᠡᠳᠬᠦᠬᠦ ᠬᠠᠷᠢᠯᠴᠠᠬᠤ ᠴᠡᠭ ᠲᠤ ᠭᠦᠨᠵᠡᠭᠡᠶᠢᠷᠡᠵᠦ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ᠂ ᠶᠠᠳᠠᠭᠤ ᠬᠦᠴᠢᠷᠳᠡᠯᠲᠡᠢ ᠡᠷᠦᠬᠡ ᠶᠢᠨ ᠦᠶᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ 2020 ᠣᠨ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠡᠴᠦᠰ ᠤᠨ ᠵᠢᠯ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠳᠥᠷᠪᠡ ᠶᠢ ᠠᠪᠴᠤ ᠬᠠᠶᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠡᠯ᠎ᠡ ᠲᠥᠷᠥᠯ ᠤᠨ ᠲᠣᠭᠤᠷᠢᠨ ᠪᠠᠶᠢᠴᠠᠭᠠᠯᠲᠠ ᠬᠢᠨᠠᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠦᠷ᠎ᠡ ᠪᠦᠲᠦᠮᠵᠢ ᠪᠠᠨ ᠪᠠᠬᠢᠵᠢᠭᠦᠯᠵᠦ᠂ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠶᠢ ᠦᠷᠭᠦᠯᠵᠢᠯᠡᠨ ᠠᠬᠢᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠪᠦᠬᠦ ᠣᠷᠣᠨ ᠤ ᠡᠮᠦᠨ᠎ᠡ ᠡᠩᠨᠡᠭᠡᠨ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ︽ᠨᠠᠷᠢᠯᠢᠭ ᠣᠨᠣᠴᠠᠲᠠᠶ︾ ᠭᠡᠬᠦ ᠬᠤᠶᠠᠷ ᠦᠰᠦᠭ ᠳᠡᠭᠡᠷ᠎ᠡ ᠬᠦᠴᠦ ᠲᠠᠯᠪᠢᠵᠤ᠂ ᠶᠠᠳᠠᠭᠤ ᠶᠢ ᠲᠡᠳᠬᠦᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠡᠯ᠎ᠡ ᠵᠦᠶᠯ ᠤᠨ ᠠᠵᠢᠯ ᠢᠶᠠᠨ ᠥᠷᠨᠢᠭᠦᠯᠵᠦ᠂ ᠲᠡᠤᠬᠡ ᠪᠣᠯᠤᠨ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢᠨ ᠦᠨᠳᠦᠰᠦᠨ ᠠᠴᠠ ᠨᠢ ᠵᠠᠰᠠᠬᠤ ᠠᠷᠭ᠎ᠠ ᠪᠣᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠣᠯᠠᠨ ᠲᠦᠮᠡᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠠᠲᠤᠯᠠᠬᠤ ᠬᠡᠷᠡᠭᠲᠡᠢ ᠭᠡᠪᠡ᠃      ᠮᠠᠯ ᠠᠵᠤ ᠠᠬᠤᠢ ᠶᠢᠨ ᠦᠢᠯᠡᠳᠪᠦᠷᠢᠯᠡᠯ ᠢ ᠪᠠᠶᠢᠴᠠᠭᠠᠨ ᠰᠤᠳᠤᠯᠬᠤ ᠳᠠᠭᠠᠨ ᠵᠠᠩ ᠰᠢᠶᠣᠤ ᠪᠢᠩ ᠴᠢᠬᠤᠯᠠᠴᠢᠯᠠᠭᠰᠠᠨ ᠨᠢ᠂ ᠠᠮᠢ ᠠᠬᠤᠶ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠶ ᠬᠥᠭᠵᠢᠯᠲᠡ ᠶᠢ ᠪᠠᠷᠢᠮᠲᠠᠯᠠᠵᠤ ᠲᠠᠯ᠎ᠠ ᠨᠤᠲᠤᠭ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠡᠭᠡᠯᠵᠢᠯᠡᠨ ᠮᠠᠯᠵᠢᠬᠤ᠂ ᠮᠠᠯᠵᠢᠬᠤ ᠶᠢ ᠵᠣᠭᠰᠣᠭᠠᠬᠤ ᠶᠢ ᠴᠢᠩᠳᠠᠯᠠᠵᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠴᠢᠩᠭ᠎ᠠ ᠴᠠᠭᠠᠵᠠᠯᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠰᠦᠨ ᠦᠶᠯᠡᠰ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠠᠬᠢᠭᠤᠯᠵᠤ᠂ ᠡᠯ᠎ᠡ ᠲᠥᠷᠥᠯ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠮᠠᠨ ᠤ ᠬᠤᠲᠠ ᠶᠢᠨ ᠴᠠᠭᠠᠨ ᠢᠳᠡᠭᠡᠨ ᠤ ᠦᠢᠯᠡᠰ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠤᠨ᠎ᠠ᠃ ᠤᠯᠠᠮᠵᠢᠯᠠᠯᠲᠤ ᠮᠠᠯ ᠠᠵᠤ ᠠᠬᠤᠢ ᠶᠢᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠪᠴᠢᠯᠡᠨ ᠬᠤᠪᠢᠷᠠᠭᠤᠯᠵᠤ᠂ ᠮᠠᠯᠴᠢᠳ ᠤᠨ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠭᠠᠳᠠᠭᠰᠢ ᠭᠠᠷᠬᠤ ᠵᠡᠷᠭᠡ ᠠᠮᠢᠳᠤᠷᠠᠯ ᠤᠨ ᠬᠦᠴᠢᠷᠳᠡᠯ ᠢ ᠨᠢᠭᠡᠳᠦᠯᠲᠡᠢ ᠲᠥᠯᠥᠪᠯᠡᠨ ᠰᠠᠶᠢᠲᠤᠷ ᠰᠢᠢᠳᠪᠦᠷᠢᠯᠡᠵᠦ᠂ ᠮᠠᠯᠵᠢᠬᠤ ᠣᠷᠣᠨ ᠤ ᠣᠳᠣᠬᠢᠴᠢᠯᠠᠭᠰᠠᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠰᠤᠨ ᠤ ᠡᠬᠢ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢ ᠴᠢᠩᠭᠠᠳᠬᠠᠵᠤ᠂ ᠤᠰᠤᠨ ᠤ ᠴᠢᠨᠠᠷ ᠢ ᠬᠢᠨᠠᠨ ᠬᠡᠮᠵᠢᠬᠦ᠂ ᠠᠮᠢ ᠠᠬᠤᠢ ᠶᠢ ᠰᠡᠷᠭᠦᠭᠡᠬᠦ ᠵᠡᠷᠭᠡ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠪᠡ᠃      ᠮᠤᠨᠠ ᠠᠭᠤᠯᠠ ᠶᠢᠨ ᠠᠭᠤᠷᠬᠠᠢ ᠶᠢ ᠵᠠᠰᠠᠨ ᠰᠡᠷᠭᠦᠭᠡᠬᠦ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠵᠠᠩ ᠰᠢᠶᠤᠤ ᠪᠢᠩ ᠪᠠᠷᠢᠯᠭ᠎ᠠ ᠪᠠᠷᠢᠬᠤ ᠲᠥᠯᠥᠪᠵᠢᠭᠦᠯᠭᠡ ᠂ ᠪᠠᠷᠢᠯᠭ᠎ᠠ ᠶᠢᠨ ᠠᠬᠢᠴᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ︽ᠬᠥᠬᠡ ᠠᠭᠤᠯᠠ ᠬᠥᠬᠡᠮᠳᠦᠭ ᠤᠰᠤ ᠪᠣᠯ ᠠᠯᠳᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠠᠭᠤᠷᠬᠠᠢ ᠶᠢ ᠵᠠᠰᠠᠨ ᠰᠡᠷᠭᠦᠭᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠪᠠ ᠨᠡᠪᠲᠡᠷᠡᠯᠴᠡᠭᠡ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂ ᠵᠠᠰᠠᠨ ᠰᠡᠷᠭᠦᠭᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠰᠢᠶᠳᠪᠦᠷᠢᠯᠡᠵᠦ᠂ ᠢᠨᠵᠧᠨᠧᠷᠢᠩ ᠢ ᠤᠷᠤᠭᠰᠢᠲᠠᠶ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠠᠷᠢᠯᠭ᠎ᠠ ᠪᠠᠷᠢᠬᠤ ᠨᠢᠭᠡᠴᠢ ᠶᠢ ᠰᠢᠪᠠᠳᠠᠵᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠬᠦᠴᠦᠨ ᠢᠶᠠᠨ ᠪᠠᠶᠢᠷᠢᠯᠠᠭᠤᠯᠵᠤ᠂ ᠪᠠᠷᠢᠯᠭ᠎ᠠ ᠪᠠᠷᠢᠬᠤ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠬᠤᠭᠤᠴᠠᠭ᠎ᠠ ᠶᠣᠰᠣᠭᠠᠷ ᠴᠢᠨᠠᠷ ᠢ ᠪᠠᠲᠤᠯᠠᠨ ᠪᠡᠶᠡᠯᠡᠭᠦᠯᠬᠦ ᠬᠡᠷᠡᠭᠲᠡᠢ ᠭᠡᠪᠡ᠃       ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠲᠥᠷᠥᠯ ᠢᠶᠠᠷ ᠴᠡᠭᠴᠡᠯᠡᠨ ᠵᠠᠰᠠᠭᠰᠠᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ᠂ ᠵᠠᠩ ᠰᠢᠶᠣᠤ ᠪᠢᠩ ᠴᠢᠬᠤᠯᠠᠴᠢᠯᠠᠭᠰᠠᠨ ᠨᠢ᠂ ᠣᠳᠣᠬᠠᠨ ᠳᠤ ᠲᠤᠰᠬᠠᠶ ᠴᠡᠭᠴᠡᠯᠡᠨ ᠵᠠᠰᠠᠯᠲᠠ ᠨᠢᠭᠡᠨᠲᠡ ᠠᠰᠠᠭᠤᠳᠠᠯ ᠢ ᠬᠠᠷᠭᠤᠭᠤᠯᠤᠨ ᠪᠠᠶᠢᠴᠠᠭᠠᠬᠤ ᠱᠠᠲᠤᠨ ᠳᠤ ᠣᠷᠣᠵᠤ᠂ ᠡᠷᠬᠡᠪᠰᠢ ᠲᠥᠪ ᠴᠢᠩᠭ᠎ᠠ ᠨᠠᠷᠢᠨ ᠬᠢᠨᠠᠮᠠᠭᠠᠢ᠂ ᠦᠨᠡᠨ ᠪᠣᠳᠠᠲᠠᠢ ᠴᠢᠩᠭ᠎ᠠ ᠬᠠᠲᠠᠭᠤ᠂ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠭᠯᠡᠯ ᠢᠶᠠᠨ ᠣᠨᠢᠯᠠᠵᠤ᠂ ᠴᠠᠭ ᠤᠨ ᠠᠯᠭᠠᠰᠠᠯ᠂ ᠨᠡᠭᠦᠷᠡᠰᠦ ᠲᠠᠢ ᠬᠤᠯᠪᠣᠭᠳᠠᠭᠰᠠᠨ ᠲᠥᠷᠥᠯ ᠵᠦᠶᠯ᠂ ᠨᠡᠭᠦᠷᠡᠰᠦ ᠲᠠᠢ ᠬᠤᠯᠪᠣᠭᠳᠠᠭᠰᠠᠨ ᠠᠵᠤ ᠠᠬᠤᠶᠢᠯᠠᠯ᠂ ᠠᠰᠠᠭᠤᠳᠠᠯ ᠤᠨ ᠡᠬᠢᠯᠡᠯᠲᠡ ᠵᠡᠷᠭᠡ ᠳᠥᠷᠪᠡᠨ ᠲᠠᠯ᠎ᠠ ᠪᠠᠷ ᠪᠦᠬᠦᠨ ᠢ ᠬᠠᠮᠤᠷᠤᠭᠤᠯᠬᠤ ᠱᠠᠭᠠᠷᠳᠠᠯᠭ᠎ᠠ ᠶᠣᠰᠣᠭᠠᠷ᠂ ᠠᠰᠠᠭᠤᠳᠠᠯ ᠢ ᠪᠦᠬᠦ ᠲᠠᠯ᠎ᠠ ᠪᠠᠷ ᠨᠠᠷᠢᠨ ᠨᠢᠭᠲᠠ ᠢᠯᠡᠷᠡᠭᠦᠯᠵᠦ᠂ ᠠᠰᠠᠭᠤᠳᠠᠯ ᠢ ᠪᠠᠶᠢᠴᠠᠭᠠᠨ ᠲᠣᠳᠣᠯᠠᠵᠤ᠂ ᠬᠠᠷᠭᠤᠭᠤᠯᠤᠨ ᠪᠠᠶᠢᠴᠠᠭᠠᠬᠤ ᠱᠠᠲᠤ ᠦᠶ᠎ᠡ ᠳᠠᠭᠤᠰᠬᠤ ᠠᠴᠠ ᠡᠮᠦᠨ᠎ᠡ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠶ᠃ ᠪᠠᠶᠢᠴᠠᠭᠠᠬᠤ ᠶᠢᠨ ᠳᠠᠭᠠᠤ ᠥᠭᠡᠷᠡᠴᠢᠯᠡᠨ ᠰᠠᠶᠢᠵᠢᠷᠠᠭᠤᠯᠵᠤ᠂ ᠪᠠᠶᠢᠴᠠᠭᠠᠭᠰᠠᠨ ᠳᠠᠷᠤᠢ ᠳᠤᠨᠢ ᠥᠭᠡᠷᠡᠴᠢᠯᠡᠬᠦ ᠶᠢ ᠪᠠᠷᠢᠮᠲᠠᠯᠠᠵᠤ᠂ ᠠᠰᠠᠭᠤᠳᠠᠯ ᠨᠢᠭᠡᠪᠦᠷᠢ ᠶᠢ ᠴᠥᠮ ᠭᠦᠨᠵᠡᠭᠡᠢ ᠠᠭᠤᠳᠠᠯᠵᠤ ᠲᠦᠢᠯᠪᠤᠷᠢᠲᠠᠢ ᠪᠠᠶᠢᠴᠠᠭᠠᠵᠤ᠂ ᠴᠡᠭᠴᠡᠯᠡᠨ ᠵᠠᠰᠠᠵᠤ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠪᠡ᠃
ᠢᠷᠡᠯᠲᠡ᠄ ᠲᠤᠰ ᠰᠦᠯᠵᠢᠶ᠎ᠠ