ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠳᠠᠬᠢ ᠬᠢᠵᠢᠭ ᠤᠨ ᠪᠠᠶᠢᠳᠠᠯ ᠬᠡᠰᠡᠭ ᠭᠠᠵᠠᠷ ᠲᠤ ᠳᠠᠬᠢᠨ ᠬᠦᠨᠳᠦᠷᠡᠭᠰᠡᠨ ᠪᠣᠳᠠᠲᠤ ᠪᠠᠶᠢᠳᠠᠯ ᠳᠤ | ᠴᠢᠭᠯᠡᠭᠦᠯᠦᠨ᠂ ︽ᠭᠠᠳᠠᠨ᠎ᠠ ᠠᠴᠠ ᠬᠠᠯᠳᠠᠪᠤᠷᠢᠯᠠᠨ ᠣᠷᠣᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠬᠦᠨᠳᠦᠷᠡᠬᠦ ᠶᠢ ᠰᠡᠷᠭᠡᠶᠢᠯᠡᠬᠦ︾ ᠬᠠᠮᠢᠶᠠᠷᠤᠨ ᠡᠵᠡᠮᠳᠡᠬᠦ | ᠠᠷᠭ᠎ᠠ ᠪᠠᠷᠢᠯ ᠢ ᠴᠢᠨᠠᠭᠰᠢᠳᠠ ᠴᠢᠩᠭᠠᠳᠬᠠᠵᠤ᠂ ᠮᠠᠨ ᠤ ᠬᠤᠲᠠ ᠶᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠦᠷᠭᠦᠯᠵᠢᠯᠡᠨ | ᠰᠠᠶᠢᠵᠢᠷᠠᠵᠤ ᠪᠠᠶᠢᠭ᠎ᠠ ᠣᠷᠴᠢᠨ ᠪᠠᠶᠢᠳᠠᠯ ᠢ ᠪᠠᠬᠢᠵᠢᠭᠦᠯᠬᠦ ᠶᠢᠨ ᠲᠥᠯᠥᠭᠡ᠂ ᠬᠢᠵᠢᠭ ᠤᠨ ᠳᠤᠮᠳᠠ ᠥᠨᠳᠥᠷ ᠲᠦᠭᠰᠢᠭᠦᠷᠢᠲᠦ ᠣᠷᠣᠨ ᠠᠴᠠ ᠮᠠᠨ ᠤ ᠬᠤᠲᠠ ᠳᠤ | ᠢᠷᠡᠭᠰᠡᠳ ᠤᠨ ᠬᠠᠮᠢᠶᠠᠷᠤᠯᠲᠠ ᠡᠵᠡᠮᠳᠡᠯ ᠢ ᠴᠢᠨᠠᠭᠰᠢᠳᠠ ᠴᠢᠩᠭᠠᠳᠬᠠᠬᠤ ᠲᠤᠬᠠᠢ ᠳᠣᠣᠷᠠᠬᠢ ᠮᠡᠲᠦ ᠪᠠᠷ ᠵᠠᠷᠯᠠᠰᠤᠭᠠᠢ᠄ | ᠨᠢᠭᠡ᠂ 6 ᠰᠠᠷ᠎ᠠ ᠶᠢᠨ 13 ᠤ ᠡᠳᠦᠷ ᠤᠨ ᠲᠡᠭ ᠴᠠᠭ ᠠᠴᠠ ᠬᠤᠶᠢᠰᠢ ᠪᠡᠭᠡᠵᠢᠩ ᠬᠤᠲᠠ ᠶᠢᠨ ᠰᠢ ᠴᠧᠩ ᠲᠣᠭᠤᠷᠢᠭ᠂ ᠹᠧᠩ ᠲᠠᠢ ᠲᠣᠭᠤᠷᠢᠭ᠂ ᠹᠠᠩ | ᠱᠠᠨ ᠲᠣᠭᠤᠷᠢᠭ ᠵᠡᠷᠭᠡ ᠬᠢᠵᠢᠭ ᠤᠨ ᠳᠤᠮᠳᠠ ᠥᠨᠳᠥᠷ ᠲᠦᠭᠰᠢᠭᠦᠷᠢᠲᠦ ᠣᠷᠣᠨ ᠠᠴᠠ ᠮᠠᠨ ᠤ ᠬᠤᠲᠠ ᠳᠤ ᠢᠷᠡᠭᠰᠡᠳ ᠵᠠᠪᠠᠯ ᠪᠠᠶᠢᠭ᠎ᠠ ᠭᠠᠵᠠᠷ ᠤᠨ ᠢᠶᠠᠨ | ᠲᠣᠮᠢᠯᠠᠭᠰᠠᠨ ᠰᠠᠯᠪᠤᠷᠢ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠥᠪᠡᠷ ᠤᠨ ᠡᠷᠡᠭᠦᠯ ᠮᠡᠨᠳᠦ ᠶᠢᠨ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ | ᠮᠡᠳᠡᠭᠦᠯᠬᠦ ᠶᠢᠨ ᠬᠠᠮᠲᠤ ︽14 ᠬᠤᠨᠤᠭ ᠲᠥᠪᠯᠡᠷᠡᠭᠦᠯᠦᠨ ᠲᠤᠰᠠᠭᠠᠷᠯᠠᠨ ᠠᠵᠢᠭᠯᠠᠵᠤ᠂ 2 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠵᠦ᠂ 1 ᠤᠳᠠᠭ᠎ᠠ | ᠴᠢᠰᠤᠨ ᠴᠠᠶᠢᠪᠠᠩ ᠤᠨ ᠡᠰᠡᠷᠭᠦᠴᠡᠭᠴᠢ ᠶᠢᠨ ᠪᠠᠶᠢᠴᠠᠭᠠᠯᠲᠠ ᠬᠢᠯᠭᠡᠬᠦ︾ ᠬᠠᠮᠢᠶᠠᠷᠤᠨ ᠡᠵᠡᠮᠳᠡᠬᠦ ᠠᠷᠭ᠎ᠠ ᠪᠠᠷᠢᠯ ᠢ ᠬᠡᠷᠡᠭᠵᠢᠭᠦᠯᠬᠦ ᠬᠡᠷᠡᠭᠲᠡᠢ᠃ 6 ᠰᠠᠷ᠎ᠠ ᠶᠢᠨ 13 ᠤ | ᠡᠳᠦᠷ ᠤᠨ ᠲᠡᠭ ᠴᠠᠭ ᠠᠴᠠ ᠡᠮᠦᠨ᠎ᠡ ᠳᠡᠭᠡᠷᠡᠬᠢ ᠬᠢᠵᠢᠭ ᠤᠨ ᠳᠤᠮᠳᠠ ᠥᠨᠳᠥᠷ ᠲᠦᠭᠰᠢᠭᠦᠷᠢᠲᠦ ᠣᠷᠣᠨ ᠠᠴᠠ ᠮᠠᠨ ᠤ ᠬᠤᠲᠠ ᠳᠤ ᠢᠷᠡᠭᠰᠡᠳ ᠪᠦᠬᠦᠯᠢ 14 | ᠬᠤᠨᠤᠭ ᠪᠣᠯᠣᠭᠠᠳᠤᠢ ᠪᠣᠯ ᠵᠠᠪᠠᠯ ᠪᠦᠷ ᠭᠡᠷ ᠲᠡᠭᠡᠨ 14 ᠬᠤᠨᠤᠭ ᠤᠨ ᠲᠤᠰᠠᠭᠠᠷᠯᠠᠨ ᠠᠵᠢᠭᠯᠠᠯᠲᠠ ᠶᠢ ᠳᠦᠭᠦᠷᠭᠡᠬᠦ ᠬᠡᠷᠡᠭᠲᠡᠢ᠃ | ᠬᠤᠶᠠᠷ᠂ ᠳᠡᠭᠡᠷ᠎ᠡ ᠳᠤᠷᠠᠳᠤᠭᠰᠠᠨ ᠬᠥᠮᠦᠰ ᠬᠡᠷᠪᠡ ᠲᠤᠰᠠᠭᠠᠷᠯᠠᠯᠲᠠ ᠶᠢᠨ ᠬᠤᠭᠤᠴᠠᠭᠠᠨ ᠳᠤ ᠬᠠᠯᠠᠭᠤᠷᠠᠬᠤ᠂ ᠬᠠᠨᠢᠶᠠᠬᠤ᠂ ᠠᠮᠢᠰᠬᠤᠯ ᠴᠢᠬᠤᠯᠳᠠᠬᠤ ᠵᠡᠷᠭᠡ | ᠠᠮᠢᠰᠬᠤᠯ ᠤᠨ ᠵᠠᠮ ᠤᠨ ᠡᠪᠡᠳᠴᠢᠨ ᠤ ᠪᠠᠶᠢᠳᠠᠯ ᠢᠯᠡᠷᠡᠪᠡᠯ ᠲᠡᠷᠡ ᠳᠠᠷᠤᠢ ᠳᠤᠨᠢ ᠪᠠᠶᠢᠭ᠎ᠠ ᠭᠠᠵᠠᠷ ᠲᠠᠬᠢ ᠲᠣᠮᠢᠯᠠᠭᠰᠠᠨ ᠰᠠᠯᠪᠤᠷᠢ᠂ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶᠂ ᠪᠠᠭᠤᠳᠠᠯᠯᠠᠭᠰᠠᠨ ᠪᠠᠭᠤᠳᠠᠯ ᠳᠠᠭᠠᠨ ᠮᠡᠳᠡᠭᠳᠡᠵᠦ᠂ ᠲᠣᠭᠲᠠᠮᠠᠯ ᠴᠡᠭ ᠤᠨ ᠡᠮᠴᠢᠯᠡᠭᠡᠨ ᠤ ᠪᠠᠶᠢᠭᠤᠯᠤᠮᠵᠢ ᠳᠤ ᠳᠠᠷᠤᠢ ᠳᠤᠨᠢ ᠰᠢᠯᠵᠢᠭᠦᠯᠦᠨ ᠬᠦᠷᠭᠡᠵᠦ | ᠪᠠᠶᠢᠴᠠᠭᠠᠬᠤ ᠬᠡᠷᠡᠭᠲᠡᠢ᠃ | ᠭᠤᠷᠪᠠ᠂ ᠬᠢᠵᠢᠭ ᠤᠨ ᠲᠦᠭᠰᠢᠭᠦᠷᠢᠲᠦ ᠣᠷᠣᠨ ᠠᠴᠠ ᠮᠠᠨ ᠤ ᠬᠤᠲᠠ ᠳᠤ ᠢᠷᠡᠭᠰᠡᠳ ᠵᠠᠪᠠᠯ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ᠃ ᠰᠤᠷᠠᠭ ᠵᠠᠩᠭᠢ ᠪᠠᠨ ᠮᠡᠳᠡᠭᠦᠯᠬᠦ ᠪᠠᠨ ᠤᠳᠠᠭᠠᠰᠢᠷᠠᠭᠤᠯᠬᠤ᠂ ᠨᠢᠭᠤᠬᠤ ᠪᠠ | ᠬᠠᠭᠤᠷᠮᠠᠭᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠲᠠᠢ ᠬᠠᠮᠵᠢᠯᠴᠠᠬᠤ ᠦᠭᠡᠢ ᠪᠠᠶᠢᠭᠠᠳ ᠬᠢᠵᠢᠭ ᠢ ᠬᠠᠯᠳᠠᠪᠤᠷᠢᠯᠠᠭᠤᠯᠤᠭᠰᠠᠨ ᠵᠡᠷᠭᠡ | ᠨᠣᠴᠢᠲᠠᠢ ᠦᠷ᠎ᠡ ᠨᠥᠯᠥᠭᠡ ᠭᠠᠷᠭᠠᠪᠠᠯ ᠬᠠᠤᠯᠢ ᠶᠣᠰᠣᠭᠠᠷ ᠬᠠᠮᠢᠶᠠᠲᠠᠢ ᠬᠠᠷᠢᠭᠤᠴᠠᠯᠭ᠎ᠠ ᠶᠢ ᠨᠢ ᠨᠡᠬᠡᠮᠵᠢᠯᠡᠨ᠎ᠡ᠃ | ᠳᠥᠷᠪᠡ᠂ ᠥᠷᠭᠡᠨ ᠣᠯᠠᠨ ᠬᠤᠲᠠ ᠶᠢᠨ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠠᠮ ᠳᠡᠮ ᠪᠣᠯᠵᠤ᠂ ᠬᠢᠵᠢᠭ ᠤᠨ ᠳᠤᠮᠳᠠ | ᠥᠨᠳᠥᠷ ᠲᠦᠭᠰᠢᠭᠦᠷᠢᠲᠦ ᠣᠷᠣᠨ ᠠᠴᠠ ᠮᠠᠨ ᠤ ᠬᠤᠲᠠ ᠳᠤ ᠢᠷᠡᠬᠦ ᠪᠠᠷ ᠪᠠᠶᠢᠭ᠎ᠠ ᠬᠥᠮᠦᠰ ᠤᠨ ᠪᠠᠶᠢᠳᠠᠯ ᠢ ᠮᠡᠳᠡᠪᠡᠯ ᠳᠠᠷᠤᠢ ᠳᠤᠨᠢ ᠪᠠᠶᠢᠭ᠎ᠠ ᠭᠠᠵᠠᠷ ᠲᠠᠬᠢ | ᠲᠣᠮᠢᠯᠠᠭᠰᠠᠨ ᠰᠠᠯᠪᠤᠷᠢ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠮᠡᠳᠡᠭᠳᠡᠬᠦ ᠬᠡᠷᠡᠭᠲᠡᠢ᠃ ᠡᠭᠦᠨ ᠤ ᠬᠠᠮᠲᠤ᠂ ᠥᠷᠭᠡᠨ ᠣᠯᠠᠨ ᠬᠤᠲᠠ ᠶᠢᠨ ᠠᠷᠠᠳ | ᠬᠢᠨᠠᠯᠲᠠ ᠲᠠᠯᠪᠢᠨ ᠢᠯᠡᠴᠢᠯᠡᠨ ᠮᠡᠳᠡᠭᠦᠯᠬᠦ ᠶᠢ ᠪᠠᠶᠠᠷᠯᠠᠨ ᠤᠭᠲᠤᠨ᠎ᠠ᠃ ᠬᠠᠮᠢᠶᠠᠲᠠᠢ ᠰᠦᠪᠡᠭᠴᠢ ᠶᠢ ᠮᠡᠳᠡᠪᠡᠯ ᠳᠠᠷᠤᠢ ᠳᠤᠨᠢ ᠳᠣᠲᠣᠭᠠᠳᠤ ᠶᠢ ᠬᠠᠮᠠᠭᠠᠯᠠᠬᠤ ᠰᠠᠯᠠᠭ᠎ᠠ | ᠮᠥᠴᠢᠷ ᠪᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠲᠤᠰᠬᠠᠭᠠᠷᠠᠢ᠂ ᠰᠢᠯᠭᠠᠨ ᠪᠠᠶᠢᠴᠠᠭᠠᠭᠠᠳ ᠦᠨᠡᠨ ᠪᠣᠳᠠᠲᠠᠢ ᠪᠣᠯ ᠨᠢᠭᠡ ᠯᠡ ᠳᠡᠭᠡᠷ᠎ᠡ ᠱᠠᠩᠨᠠᠨ᠎ᠠ᠃ | ᠲᠠᠪᠤ᠂ ᠬᠤᠶᠢᠰᠢᠳᠠ᠂ ᠤᠯᠤᠰ ᠤᠨ ᠳᠣᠲᠣᠭᠠᠳᠤ ᠳᠠᠬᠢ ᠬᠢᠵᠢᠭ ᠤᠨ ᠳᠣᠣᠷ᠎ᠠ ᠲᠦᠭᠰᠢᠭᠦᠷᠢᠲᠦ ᠣᠷᠣᠨ ᠪᠠᠶᠢᠭᠰᠠᠨ ᠠᠴᠠ ᠪᠠᠨ ᠳᠤᠮᠳᠠ ᠪᠠ ᠥᠨᠳᠥᠷ | ᠲᠦᠭᠰᠢᠭᠦᠷᠢᠲᠦ ᠣᠷᠣᠨ ᠪᠣᠯᠣᠭᠰᠠᠨ ᠭᠠᠵᠠᠷ ᠠᠴᠠ ᠮᠠᠨ ᠤ ᠬᠤᠲᠠ ᠳᠤ ᠢᠷᠡᠭᠰᠡᠳ ᠲᠤ ᠪᠦᠷ ᠳᠡᠭᠡᠷᠡᠬᠢ ᠲᠣᠭᠲᠠᠭᠠᠯ ᠢ ᠴᠢᠩᠭ᠎ᠠ ᠬᠡᠷᠡᠭᠵᠢᠭᠦᠯᠦᠨ᠎ᠡ᠃ | ᠪᠠᠶᠠᠨᠨᠠᠭᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2020 ᠣᠨ ᠤ 6 ᠰᠠᠷ᠎ᠠ ᠶᠢᠨ 14 ᠤ ᠡᠳᠦᠷ |