ᠪᠠᠶᠠᠨᠨᠠᠭᠤᠷ ᠬᠤᠲᠠ ᠶᠢᠨ ᠠᠵᠢᠯ ᠦᠢᠯᠡᠰ ᠤᠨ ᠨᠢᠭᠡᠴᠢ 887 ᠠᠵᠢᠯᠲᠠᠨ ᠡᠯᠰᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2020/6/24
     ︽ᠪᠠᠶᠠᠨᠨᠠᠭᠤᠷ ᠬᠤᠲᠠ ᠶᠢᠨ ᠠᠵᠢᠯ ᠦᠢᠯᠡᠰ ᠤᠨ ᠨᠢᠭᠡᠴᠢ ᠶᠢᠨ 2020 ᠣᠨ ᠤ ᠢᠯᠡ ᠪᠠᠷ ᠠᠵᠢᠯᠲᠠᠨ ᠡᠯᠰᠡᠬᠦ ᠲᠣᠪᠴᠢ ᠳᠦᠷᠢᠮ︾ ᠢ ᠦᠨᠳᠥᠰᠦᠯᠡᠪᠡᠯ᠂ ᠪᠠᠶᠠᠨᠨᠠᠭᠤᠷ ᠬᠤᠲᠠ ᠶᠢᠨ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠠᠵᠢᠯ 2020 ᠣᠨ ᠤ 6 ᠰᠠᠷ᠎ᠠ ᠶᠢᠨ 23 ᠤ ᠡᠳᠥᠷ ᠠᠴᠠ ᠡᠬᠢᠯᠡᠨ᠎ᠡ ᠃ ᠣᠳᠣ ᠬᠠᠮᠢᠶ᠎ᠠ ᠪᠦᠬᠦᠢ ᠶᠠᠪᠤᠳᠠᠯ ᠢ ᠮᠡᠳᠡᠭᠳᠡᠶ᠎ᠡ᠄      ᠮᠠᠨ ᠤ ᠬᠤᠳᠠ ᠶᠢᠨ ᠠᠵᠢᠯ ᠦᠢᠯᠡᠰ ᠤᠨ ᠨᠢᠭᠡᠴᠢ ᠰᠢᠯᠭᠠᠯᠳᠠ ᠪᠠᠷ ᠳᠠᠮᠵᠢᠨ 887 ᠠᠵᠢᠯᠲᠠᠨ ᠡᠯᠰᠡᠬᠦ ᠪᠠᠷ ᠪᠠᠶᠢᠨ᠎ᠠ᠃ ᠡᠭᠦᠨ ᠳᠤ ᠬᠡᠰᠡᠭ ᠠᠵᠢᠯ ᠤᠨ ᠪᠠᠶᠢᠷᠢ ᠳᠤ ᠦᠢᠯᠡᠴᠢᠯᠡᠭᠡᠨ ᠤ ᠬᠤᠭᠤᠴᠠᠭ᠎ᠠ ᠨᠢ ᠳᠦᠭᠦᠷᠦᠭᠰᠡᠨ ︵ᠨᠠᠭᠠᠳᠤ ᠵᠠᠬ᠎ᠠ ᠳᠤ ᠪᠠᠨ 2 ᠵᠢᠯ ᠦᠢᠯᠡᠴᠢᠯᠡᠭᠰᠡᠨ ᠪᠠᠶᠢᠬᠤ︶ ᠪᠥᠭᠡᠳ ᠰᠢᠯᠭᠠᠨ ᠬᠢᠨᠠᠯᠳᠠ ᠳᠤ ᠬᠢᠷᠢ ᠳᠡᠩᠴᠡᠭᠰᠡᠨ ᠳᠡᠭᠡᠳᠦ ᠰᠤᠷᠭᠠᠭᠤᠯᠢ ᠶᠢᠨ ᠳᠡᠭᠦᠰᠦᠭᠰᠡᠨ ᠤᠶᠤᠳᠠᠨ ᠤ ᠦᠨᠳᠦᠰᠦᠨ ᠱᠠᠳᠤᠨ ᠳᠤ ᠦᠢᠯᠡᠴᠢᠯᠡᠬᠦ ᠲᠦᠷᠦᠯ ᠵᠦᠢᠯ ᠤᠨ ᠬᠦᠮᠦᠰ᠂ ᠦᠨᠳᠥᠰᠦᠨ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠦᠢᠯᠡᠴᠢᠯᠡᠭᠰᠡᠨ ᠬᠥᠮᠥᠰ ᠪᠠ ᠴᠡᠷᠢᠭ ᠠᠴᠠ ᠬᠠᠯᠠᠭᠳᠠᠭᠰᠠᠨ ᠣᠶᠤᠲᠠᠨ ︵ᠲᠤᠰ ᠭᠤᠷᠪᠠᠨ ᠲᠥᠷᠥᠯ ᠤᠨ ᠬᠥᠮᠦᠰ ᠢ ᠳᠣᠣᠷ᠎ᠠ ︿ᠲᠥᠷᠥᠯ ᠵᠦᠢᠯ ᠤᠨ ᠬᠥᠮᠦᠰ﹀ ᠬᠡᠮᠡᠨ ᠨᠡᠷᠡᠶᠢᠳᠥᠨ᠎ᠡ︶ ᠢ ᠳᠤᠭᠳᠠᠭᠰᠠᠨ ᠴᠢᠭᠯᠡᠯ ᠢᠶᠠᠷ ᠡᠯᠰᠡᠨ᠎ᠡ︔ ᠬᠡᠰᠡᠭ ᠠᠵᠢᠯ ᠤᠨ ᠪᠠᠶᠢᠷᠢ ᠳᠤ ᠮᠤᠩᠭᠤᠯ ᠬᠢᠳᠠᠳ ᠬᠤᠣᠰ ᠬᠡᠯᠡᠨ ᠳᠤ ᠨᠡᠪᠲᠡᠷᠡᠭᠰᠡᠳ ᠪᠠ ᠮᠣᠩᠭᠤᠯ ᠢᠶᠠᠷ ᠬᠢᠴᠢᠶᠡᠯᠯᠡᠬᠦ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠣᠶᠤᠲᠠᠨ ᠢ ᠲᠣᠭᠲᠠᠭᠰᠠᠨ ᠴᠢᠭᠯᠡᠯ ᠢᠶᠠᠷ ᠡᠯᠰᠡᠨ᠎ᠡ︔ ᠬᠡᠰᠡᠭ ᠠᠵᠢᠯ ᠤᠨ ᠪᠠᠶᠢᠷᠢ ᠳᠤ ᠥᠨᠥ ᠵᠢᠯ ᠤᠨ ᠲᠡᠭᠦᠰᠬᠦ ᠣᠶᠤᠲᠠᠨ ᠪᠠ ᠠᠵᠢᠯ ᠰᠣᠩᠭᠤᠬᠤ ᠬᠤᠭᠤᠴᠠᠭᠠᠨ ᠳᠤ ︵2018᠂ 2019 ᠣᠨ ᠤ ᠲᠡᠭᠦᠰᠦᠭᠰᠡᠳ︶ ᠠᠵᠢᠯ ᠣᠯᠣᠭᠰᠠᠨ ᠦᠭᠡᠢ ᠣᠶᠤᠲᠠᠨ ᠢ ᠳᠤᠭᠳᠠᠭᠰᠠᠨ ᠴᠢᠭᠯᠡᠯ ᠢᠶᠠᠷ ᠡᠯᠰᠡᠨ᠎ᠡ᠃      ★ ᠨᠡᠷ᠎ᠡ ᠮᠡᠳᠡᠭᠦᠯᠦᠭᠰᠡᠳ ᠤᠨ ᠰᠤᠷᠤᠯᠭ᠎ᠠ ᠶᠢᠨ ᠨᠠᠮᠲᠠᠷ᠂ ᠨᠠᠰᠤ ᠵᠢᠯ ᠤᠨ ᠱᠠᠭᠠᠷᠳᠠᠯᠭ᠎ᠠ᠄       ᠵᠠᠷᠴᠢᠮ ᠳᠡᠭᠡᠷ᠎ᠡ ᠪᠠᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠠᠶᠢᠬᠤ ᠶᠢ ᠱᠠᠭᠠᠷᠳᠠᠵᠤ ᠂ ᠪᠤᠳᠠᠳᠠᠢ ᠰᠤᠷᠤᠯᠭ᠎ᠠ ᠶᠢᠨ ᠨᠠᠮᠳᠠᠷ ᠤᠨ ᠱᠠᠭᠠᠷᠳᠠᠯᠭ᠎ᠠ ᠶᠢ ᠠᠵᠢᠯ ᠤᠨ ᠪᠠᠶᠢᠷᠢ ᠶᠢᠨ ᠬᠦᠰᠦᠨᠦᠭᠲᠦ ᠪᠠᠷ ᠪᠠᠷᠢᠮᠵᠢᠶ᠎ᠠ ᠪᠤᠯᠭᠠᠨ᠎ᠠ᠃       ᠨᠡᠷ᠎ᠡ ᠮᠡᠳᠡᠭᠦᠯᠦᠭᠰᠡᠳ ᠤᠨ ᠨᠠᠰᠤ ᠵᠢᠯ ᠡᠷᠬᠡᠪᠰᠢ 18 ᠪᠦᠬᠦᠯᠢ ᠨᠠᠰᠤ ᠠᠴᠠ ᠳᠡᠭᠡᠭᠰᠢ᠂ 35 ᠪᠦᠬᠦᠯᠢ ᠨᠠᠰᠤᠨ ᠠᠴᠠ ᠳᠤᠷᠤᠭᠰᠢ ︵1984 ᠤᠨ ᠤ 6 ᠰᠠᠷ᠎ᠠ ᠶᠢᠨ 16 ᠤ ᠡᠳᠦᠷ ᠠᠴᠠ 2002 ᠤᠨ ᠤ 6 ᠰᠠᠷ᠎ᠠ ᠶᠢᠨ 16 ᠤ ᠡᠳᠦᠷ ᠤᠨ ᠬᠤᠭᠤᠷᠤᠨᠳᠤ ᠲᠦᠷᠦᠭᠰᠡᠳ᠂ 18 ᠪᠦᠬᠦᠯᠢ ᠨᠠᠰᠤ ᠪᠠ 35 ᠪᠦᠬᠦᠯᠢ ᠨᠠᠰᠤ ᠶᠢ ᠪᠠᠭᠳᠠᠭᠠᠨ᠎ᠠ︶ ᠪᠠᠶᠢᠬᠤ ᠬᠡᠷᠡᠭᠳᠠᠢ︔ ᠪᠤᠳᠠᠳᠠᠢ ᠱᠠᠭᠠᠷᠳᠠᠯᠭ᠎ᠠ ᠶᠢ ᠠᠵᠢᠯ ᠤᠨ ᠪᠠᠶᠢᠷᠢ ᠶᠢᠨ ᠬᠦᠰᠦᠨᠦᠭᠲᠦ ᠪᠠᠷ ᠪᠠᠷᠢᠮᠵᠢᠶ᠎ᠠ ᠪᠤᠯᠭᠠᠨ᠎ᠠ᠃      ★ ︽ᠲᠥᠷᠥᠯ ᠵᠦᠢᠯ ᠤᠨ ᠬᠥᠮᠦᠰ︾᠂ ︽ᠮᠤᠩᠭᠤᠯ ᠬᠢᠳᠠᠳ ᠬᠤᠣᠰ ᠬᠡᠯᠡᠨ ᠳᠤ ᠨᠡᠪᠲᠡᠷᠡᠭᠰᠡᠳ︾᠂ ︽ᠮᠣᠩᠭᠤᠯ ᠢᠶᠠᠷ ᠬᠢᠴᠢᠶᠡᠯᠯᠡᠬᠦ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠣᠶᠤᠲᠠᠨ︾ ᠪᠣᠯᠤᠨ ︽ᠥᠨᠥ ᠵᠢᠯ ᠤᠨ ᠲᠡᠭᠦᠰᠬᠦ ᠣᠶᠤᠲᠠᠨ ᠪᠠ ᠠᠵᠢᠯ ᠰᠣᠩᠭᠤᠬᠤ ᠬᠤᠭᠤᠴᠠᠭᠠᠨ ᠳᠠᠬᠢ ᠣᠶᠤᠲᠠᠨ︾ ᠤ ᠨᠡᠷ᠎ᠡ ᠮᠡᠳᠡᠭᠦᠯᠬᠦ ᠴᠠᠭ᠄      2020 ᠤᠨ ᠤ 6 ᠰᠠᠷ᠎ᠠ ᠶᠢᠨ 23 ᠤ ᠡᠳᠦᠷ ᠤᠨ 9᠄ 00 ᠠᠴᠠ 6 ᠰᠠᠷ᠎ᠠ ᠶᠢᠨ 28 ᠤ ᠡᠳᠦᠷ ᠤᠨ 18᠄ 00 ᠪᠣᠯᠲᠠᠯ᠎ᠠ᠃      ★ ᠡᠩ ᠤᠨ ᠠᠵᠢᠯ ᠤᠨ ᠪᠠᠶᠢᠷᠢ ᠶᠢᠨ ᠨᠡᠷ᠎ᠡ ᠮᠡᠳᠡᠭᠦᠯᠬᠦ ᠴᠠᠭ᠄       2020 ᠤᠨ ᠤ 7 ᠰᠠᠷ᠎ᠠ ᠶᠢᠨ 3 ᠤ ᠡᠳᠦᠷ ᠤᠨ 9᠄ 00 ᠠᠴᠠ 7 ᠰᠠᠷ᠎ᠠ ᠶᠢᠨ 7 ᠤ ᠡᠳᠦᠷ ᠤᠨ 18᠄ 00 ᠪᠣᠯᠲᠠᠯ᠎ᠠ᠃      ★ ᠨᠡᠷ᠎ᠡ ᠮᠡᠳᠡᠭᠦᠯᠬᠦ ᠰᠦᠯᠵᠢᠶ᠎ᠡ᠄       ᠪᠠᠶᠠᠨᠨᠠᠭᠤᠷ ᠬᠤᠳᠠ ᠶᠢᠨ ᠠᠵᠢᠯᠳᠠᠨ ᠤ ᠶᠠᠪᠤᠳᠠᠯ ᠤᠨ ᠰᠢᠯᠭᠠᠯᠳᠠ ᠶᠢᠨ ᠰᠦᠯᠵᠢᠶ᠎ᠠ᠄       http://www.bskszx.com       ᠬᠠᠮᠢᠶ᠎ᠠ ᠪᠦᠬᠦᠢ ᠰᠤᠷᠠᠭ ᠵᠠᠩᠭᠢ ᠶᠢ ᠪᠠᠰᠠ ᠪᠠᠶᠠᠨᠨᠠᠭᠤᠷ ᠤᠨ ᠴᠢᠳᠠᠪᠤᠷᠢᠲᠠᠨ ᠤ ᠰᠦᠯᠵᠢᠶ᠎ᠡ ᠳᠡᠭᠡᠷ᠎ᠡ ᠨᠡᠶᠢᠲᠡᠯᠡᠨ᠎ᠡ᠄       http://www.bynerc.com       ᠲᠦᠷᠦ ᠶᠢᠨ ᠪᠤᠳᠤᠯᠭ᠎ᠠ ᠶᠢᠨ ᠯᠠᠪᠯᠠᠨ ᠠᠰᠠᠭᠤᠬᠤ ᠤᠳᠠᠰᠤ᠄       0478-8527233᠂ 0478-8655717       ᠰᠦᠯᠵᠢᠶᠡᠨ ᠳᠤ ᠨᠡᠷ᠎ᠡ ᠮᠡᠳᠡᠭᠦᠯᠬᠦ ᠮᠡᠷᠭᠡᠵᠢᠯ ᠤᠨ ᠯᠠᠪᠯᠠᠨ ᠠᠰᠠᠭᠤᠬᠤ ᠤᠳᠠᠰᠤ᠄       0478-8527233᠂ 0478-8527225       ᠬᠢᠨᠠᠯᠳᠠ ᠳᠠᠯᠪᠢᠵᠤ ᠢᠯᠡᠴᠢᠯᠡᠨ ᠮᠡᠳᠡᠭᠦᠯᠬᠦ ᠤᠳᠠᠰᠤ᠄       0478-8527259᠂ 0478-8772115
ᠢᠷᠡᠯᠲᠡ᠄ ᠪᠠᠶᠠᠨᠨᠠᠭᠤᠷ ᠤᠨ ᠡᠳᠦᠷ ᠤᠨ ᠰᠣᠨᠢᠨ