6 ᠰᠠᠷ᠎ᠠ ᠶᠢᠨ 28 ᠤ ᠡᠳᠥᠷ᠂ ᠥᠪᠡᠷᠲᠡᠭᠡᠨ ᠵᠠᠰᠠᠬᠤ ᠣᠷᠣᠨ ᠤ ᠮᠣᠩᠭᠤᠯ ᠰᠦᠯᠵᠢᠶᠡᠨ ᠴᠤᠭᠯᠠᠷᠠᠯ ᠤᠨ ᠰᠢᠭᠤᠳ ᠨᠡᠪᠲᠡᠷᠡᠭᠦᠯᠭᠡ ᠶᠢᠨ ᠬᠢᠴᠢᠶᠡᠯ ᠨᠢ | ᠲᠥᠷᠥ ᠶᠢᠨ ᠶᠠᠪᠤᠳᠠᠯ ᠤᠨ ᠬᠤᠷᠢᠶᠠᠨ ᠤ ᠣᠨᠴᠠᠭᠠᠢ ᠬᠠᠷᠠᠭᠠᠯᠵᠠᠯ ᠢ ᠬᠦᠷᠲᠡᠵᠦ ᠪᠠᠶᠢᠭ᠎ᠠ ᠲᠤᠰᠬᠠᠢ ᠮᠡᠷᠭᠡᠵᠢᠯᠲᠡᠨ᠂ ᠳᠤᠮᠳᠠᠳᠤ ᠤᠯᠤᠰ ᠤᠨ ᠦᠨᠳᠦᠰᠦᠲᠡᠨ ᠤ | ᠣᠷᠴᠢᠭᠤᠯᠭ᠎ᠠ ᠶᠢᠨ ᠲᠣᠪᠴᠢᠶᠠᠨ ᠤ ᠬᠢᠨᠠᠨ ᠣᠷᠴᠢᠭᠤᠯᠤᠭᠴᠢ᠂ ᠣᠷᠴᠢᠭᠤᠯᠭ᠎ᠠ ᠶᠢᠨ ᠵᠢᠯᠣᠭᠤᠳᠤᠭᠴᠢ ᠪᠠᠭᠰᠢ ᠠᠯᠲᠠᠨᠪᠠᠭᠠᠨ᠎ᠠ ᠶᠢ ᠤᠷᠢᠵᠤ ︽ᠰᠢᠨ᠎ᠡ ᠨᠡᠷ᠎ᠡ | ᠲᠣᠮᠢᠶᠠᠨ ᠤ ᠣᠷᠴᠢᠭᠤᠯᠭ᠎ᠠ ᠪᠠ ᠳᠦᠷᠢᠮᠵᠢᠭᠦᠯᠦᠯ ᠤᠨ ᠲᠤᠬᠠᠢ︾ ᠭᠡᠬᠦ ᠰᠡᠳᠥᠪ ᠢᠶᠠᠷ ᠬᠢᠴᠢᠶᠡᠯ ᠣᠷᠣᠪᠠ᠃ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠮᠣᠩᠭᠤᠯ ᠰᠦᠯᠵᠢᠶᠡᠨ ᠤ ᠬᠢᠨ ᠴᠠᠭ ᠲᠤᠬᠠᠢ ᠳᠤᠨᠢ ᠬᠢᠴᠢᠶᠡᠯ ᠢ ᠺᠣᠮᠫᠢᠦ᠋ᠲ᠋ᠧᠷ᠂ ᠭᠠᠷ ᠤᠲᠠᠰᠤ ᠵᠡᠷᠭᠡ ᠪᠠᠷ ᠬᠦᠯᠢᠶᠡᠨ ᠠᠪᠴᠤ ᠰᠣᠨᠣᠰᠪᠠ᠃ | ᠲᠤᠰ ᠤᠳᠠᠭᠠᠨ ᠤ ᠬᠢᠴᠢᠶᠡᠯ ᠨᠢ ᠬᠢᠵᠢᠭ ᠤᠨ ᠦᠶ᠎ᠡ ᠶᠢᠨ ᠣᠨᠴᠠᠭᠠᠢ ᠪᠠᠶᠢᠳᠠᠯ ᠳᠤ ᠬᠠᠨᠳᠤᠭᠤᠯᠤᠨ ᠰᠢᠭᠤᠳ ᠨᠡᠪᠲᠡᠷᠡᠭᠦᠯᠭᠡ ᠶᠢᠨ ᠬᠡᠯᠪᠡᠷᠢ ᠪᠠᠷ ᠶᠠᠪᠤᠭᠳᠠᠵᠤ᠂ | ᠥᠩᠭᠡᠷᠡᠭᠰᠡᠨ ᠬᠢᠴᠢᠶᠡᠯ ᠳᠡᠭᠡᠷ᠎ᠡ ᠰᠣᠷᠣᠯᠠᠭᠠᠲᠠᠳ ᠤᠨ ᠳᠤᠷᠠᠳᠤᠭᠰᠠᠨ ᠠᠯᠪᠠᠨ ᠪᠢᠴᠢᠭ ᠤᠨ ᠣᠷᠴᠢᠭᠤᠯᠭ᠎ᠠ ᠶᠢᠨ ᠠᠵᠢᠯ ᠤᠨ ᠳᠤᠮᠳᠠ ᠲᠣᠬᠢᠶᠠᠯᠳᠤᠭᠰᠠᠨ | ᠣᠷᠴᠢᠭᠤᠯᠭ᠎ᠠ ᠶᠢᠨ ᠲᠤᠬᠠᠢ40 ᠠᠰᠠᠭᠤᠳᠠᠯ ᠢᠶᠠᠷ ᠰᠢᠵᠢᠮ ᠪᠣᠯᠭᠠᠨ᠂ ᠬᠢᠲᠠᠳ ᠮᠣᠩᠭᠤᠯ ᠣᠷᠴᠢᠭᠤᠯᠭ᠎ᠠ ᠶᠢᠨ ᠣᠨᠣᠯ ᠮᠡᠷᠭᠡᠵᠢᠯ ᠤᠨ ᠨᠣᠮ᠂ ᠲᠣᠯᠢ ᠪᠢᠴᠢᠭ᠂ | ᠯᠠᠪᠯᠠᠬᠤ ᠮᠠᠲ᠋ᠧᠷᠢᠶᠠᠯ ᠢ ᠲᠠᠨᠢᠯᠴᠠᠭᠤᠯᠤᠨ᠂ ᠣᠷᠴᠢᠭᠤᠯᠭ᠎ᠠ ᠶᠢᠨ ᠬᠡᠯᠡ ᠬᠡᠯᠡᠯᠭᠡ᠂ ᠯᠣᠭᠢᠭ᠂ ᠨᠠᠶᠢᠷᠠᠭᠤᠯᠭ᠎ᠠ᠂ ᠲᠢᠭ ᠵᠠᠭᠪᠤᠷ ᠤᠨ ᠠᠰᠠᠭᠤᠳᠠᠯ ᠤᠨ ᠲᠣᠭᠤᠷᠢᠨ ᠳᠤ | ᠳᠡᠯᠭᠡᠷᠡᠭᠦᠯᠦᠨ ᠲᠣᠭᠠᠴᠢᠵᠤ᠂ ᠨᠡᠷ᠎ᠡ ᠲᠣᠮᠢᠶ᠎ᠠ ᠶᠢ ᠨᠢᠭᠡᠳᠬᠡᠨ ᠳᠦᠷᠢᠮᠵᠢᠭᠦᠯᠬᠦ ᠴᠢᠬᠤᠯᠠ ᠴᠢᠨᠠᠷ ᠢ ᠲᠣᠳᠣᠷᠠᠭᠤᠯᠤᠨ ᠶᠠᠷᠢᠵᠤ᠂ ᠵᠠᠰᠠᠭ ᠤᠨ ᠣᠷᠳᠣᠨ ᠤ ᠮᠣᠩᠭᠤᠯ | ᠰᠦᠯᠵᠢᠶᠡᠨ ᠤ ᠬᠢᠨ ᠳᠤ ᠬᠤᠵᠢᠮ ᠤᠨ ᠠᠵᠢᠯ ᠤᠨ ᠴᠢᠭᠯᠡᠯ ᠢ ᠲᠣᠳᠣᠷᠬᠠᠶᠢᠯᠠᠭᠰᠠᠨ ᠪᠠᠶᠢᠨ᠎ᠠ᠃ |