ᠬᠠᠳᠤᠨ ᠭᠤᠤᠯ ᠤᠨ ᠯᠢᠨ ᠾᠧ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠢᠨᠵᠧᠨᠧᠷᠢᠩ 7 ᠰᠠᠷ᠎ᠠ ᠶᠢᠨ ᠳᠤᠮᠳᠠᠴᠢ ᠪᠠᠷ ᠠᠵᠢᠯ ᠢᠶᠠᠨ ᠳᠠᠭᠤᠰᠬᠠᠬᠤ ᠪᠠᠷ ᠲᠥᠯᠥᠪᠯᠡᠵᠦ ᠪᠠᠶᠢᠨ᠎ᠠ
ᠨᠡᠶᠢᠲᠡᠯᠡᠭᠰᠡᠨ ᠴᠠᠭ᠄
2020/6/29
     ᠣᠶᠢᠷ᠎ᠠ ᠳᠤ᠂ ᠪᠠᠶᠠᠨᠨᠠᠭᠤᠷ ᠬᠤᠲᠠ ᠶᠢᠨ  ᠯᠢᠨ  ᠾᠧ ᠲᠣᠭᠤᠷᠢᠭ ᠤᠨ ᠤᠰᠤᠨ ᠠᠰᠢᠭᠯᠠᠯᠲᠠ ᠶᠢᠨ  ᠲᠤᠪᠴᠢᠶᠠᠨ ᠠᠴᠠ ᠣᠶᠢᠯᠠᠭᠠᠭᠰᠠᠨ ᠢᠶᠠᠷ᠂ ᠬᠠᠲᠤᠨ ᠭᠤᠣᠯ ᠤᠨ ᠯᠢᠨ ᠾᠧ ᠤᠨ ᠬᠡᠰᠡᠭ ᠨᠢ ᠯᠢᠨ ᠾᠧ ᠲᠣᠭᠤᠷᠢᠭ ᠤᠨ ᠬᠠᠮᠤᠭ ᠡᠮᠦᠨ᠎ᠡ ᠦᠵᠦᠭᠦᠷ ᠤᠨ ᠱᠤᠸᠠᠩ ᠾᠧ ᠪᠠᠯᠭᠠᠰᠤᠨ ᠳᠤ ᠪᠠᠶᠢᠷᠢᠯᠠᠵᠤ᠂ ᠪᠦᠬᠦ ᠣᠷᠳᠣ ᠨᠢ 50 ᠺᠢᠯᠣᠮᠧᠲᠷ ᠪᠣᠯᠤᠨ᠎ᠠ᠃ ᠯᠢᠨ ᠾᠧ ᠲᠣᠭᠤᠷᠢᠭ ᠤᠨ ᠮᠠ ᠴᠠᠩ ᠳ᠋ᠢ ᠶᠢᠨ ᠯᠢᠦ ᠪᠠ ᠱᠧ ᠶᠢᠨ  ᠪᠠᠷᠲᠠᠭᠠᠲᠤ ᠬᠡᠰᠡᠭ   ᠨᠢ ᠱᠤᠸᠠᠩ ᠾᠧ ᠪᠠᠯᠭᠠᠰᠤᠨ ᠤ ᠮᠠ ᠴᠠᠩ ᠳ᠋ᠢ ᠲᠣᠰᠬᠤᠨ ᠤ ᠬᠢᠯᠢ ᠳᠣᠲᠣᠷ᠎ᠠ ᠪᠠᠶᠢᠷᠢᠯᠠᠵᠤ  ᠨᠡᠶᠢᠲᠠ ᠣᠷᠳᠣ ᠨᠢ 6.5 ᠺᠢᠯᠣᠮᠧᠲᠷ᠃      2020  ᠤᠨ ᠳᠤ ᠯᠢᠨ ᠾᠧ ᠲᠣᠭᠤᠷᠢᠭ ᠠᠴᠠ  ᠯᠢᠨ ᠾᠧ   ᠶᠢᠨ ᠬᠠᠲᠤᠨ ᠭᠤᠤᠯ ᠤᠨ ᠬᠡᠰᠡᠭ   ᠤᠨ ᠮᠠ ᠴᠠᠩ ᠳ᠋ᠢ ᠶᠢᠨ ᠵᠢᠷᠭᠤᠭ᠎ᠠ  ᠪᠤᠯᠤᠨ ᠨᠠᠢᠮᠠᠳᠤᠭᠠᠷ ᠬᠤᠷᠢᠶ᠎ᠠ ᠶᠢᠨ ᠠᠶᠤᠯ ᠠᠴᠠ ᠠᠪᠤᠷᠠᠬᠤ ᠪᠠᠷᠢᠯᠭ᠎ᠠ ᠶᠢᠨ ᠤᠷᠲᠤᠳᠬᠠᠭᠰᠠᠨ ᠬᠡᠰᠡᠭ ᠤᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠢᠨᠵᠧᠨᠧᠷᠢᠩ ᠢ ᠦᠷᠭᠦᠯᠵᠢᠯᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠲᠠ1150 ᠮᠧᠲᠷ ᠤᠷᠲᠤ ᠵᠠᠰᠠᠵᠤ᠂ 17 ᠬᠠᠰᠢᠯᠭ᠎ᠠ ᠲᠠᠯᠠᠩ ᠪᠠᠷᠢᠬᠤ ᠪᠠᠷ ᠪᠠᠶᠢᠨ᠎ᠠ ᠃ ᠢᠨᠵᠧᠨᠧᠷᠢᠩ ᠨᠢ 2020 ᠣᠨ ᠤ 4 ᠰᠠᠷ᠎ᠠ ᠶᠢᠨ 28 ᠤ ᠡᠳᠦᠷ ᠠᠴᠠ ᠡᠬᠢᠯᠡᠵᠦ᠂ ᠢᠨᠵᠧᠨᠧᠷᠢᠩ ᠤᠨ ᠲᠥᠰᠦᠪ ᠤᠨ ᠪᠠᠯᠠ ᠣᠷᠣᠭᠤᠯᠤᠯᠲᠠ ᠨᠢ 605 ᠲᠦᠮᠡᠨ ᠲᠥᠭᠦᠷᠢᠭ ᠪᠣᠯᠤᠨ᠎ᠠ᠃ ᠣᠳᠣ ᠤᠰᠤᠨ ᠳᠣᠤᠷᠠᠬᠢ ᠪᠠᠷᠢᠯᠭ᠎ᠠ ᠶᠢᠨ ᠶᠡᠬᠡᠩᠬᠢ ᠨᠢ ᠳᠠᠭᠤᠰᠴᠤ᠂ ᠣᠳᠣᠬᠠᠨ ᠳᠤ 350 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠬᠢᠵᠦ᠂ 7 ᠰᠠᠷ᠎ᠠ ᠶᠢᠨ ᠳᠤᠮᠳᠠᠴᠢ ᠪᠠᠷ ᠠᠵᠢᠯ ᠢᠶᠠᠨ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃      ᠪᠠᠷᠢᠯᠭ᠎ᠠ ᠳᠠᠭᠤᠰᠤᠭᠰᠠᠨ ᠤ ᠳᠠᠷᠠᠭ᠎ᠠ ᠲᠤᠰ ᠬᠡᠰᠡᠭ ᠭᠤᠤᠯ ᠤᠨ ᠵᠠᠮ ᠤᠨ ᠲᠣᠨᠣᠯᠵᠢᠨ ᠤ ᠮᠤᠷᠦ᠋ᠢᠯᠲᠠ ᠶᠢ ᠡᠵᠡᠮᠳᠡᠵᠦ ︽ᠳᠠᠩ ᠭᠠᠵᠠᠷ᠂ ᠭᠤᠤᠯ ᠢ ᠲᠤᠭᠲᠠᠪᠤᠷᠢᠵᠢᠭᠤᠯᠵᠤ᠂ ᠬᠠᠰᠢᠯᠭ᠎ᠠ ᠶᠢ ᠬᠠᠮᠠᠭᠠᠯᠠᠬᠤ︾ ᠦᠢᠯᠡᠳᠦᠯ ᠭᠠᠷᠭᠠᠵᠤ᠂ ᠯᠢᠨ ᠾᠧ ᠲᠣᠭᠤᠷᠢᠭ ᠤᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃  
ᠢᠷᠡᠯᠲᠡ᠄ ᠲᠤᠰ ᠰᠦᠯᠵᠢᠶ᠎ᠠ