ᠤᠷᠠᠳ ᠤᠨ ᠳᠤᠮᠳᠠᠳᠤ ᠬᠤᠰᠢᠭᠤ 2020 ᠣᠨ ᠤ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡᠨ ᠤ  ᠲᠤᠷᠰᠢᠯᠲᠠ ᠶᠢᠨ ᠴᠡᠭ ᠤᠨ ᠲᠥᠷᠥᠯ ᠵᠣᠶᠢᠯ ᠢ ᠲᠡᠮᠡᠴᠡᠨ ᠣᠯᠬᠤ ᠪᠠᠷ ᠢᠳᠡᠪᠬᠢᠯᠡᠨ ᠴᠢᠷᠮᠠᠶᠢᠵᠣ ᠪᠠᠶᠢᠨ᠎ᠠ
ᠨᠡᠶᠢᠲᠡᠯᠡᠭᠰᠡᠨ ᠴᠠᠭ᠄
2020/6/30
     ᠣᠶᠢᠷ᠎ᠠ ᠶᠢᠨ ᠬᠤᠭᠤᠴᠠᠭᠠᠨ ᠳᠤ᠂  ᠤᠷᠠᠳ ᠤᠨ ᠳᠤᠮᠳᠠᠳᠤ ᠬᠤᠰᠢᠭᠤ 2020 ᠣᠨ ᠤ ᠴᠠᠬᠢᠯᠭᠠᠨ ᠬᠤᠯᠪᠣᠭᠠᠨ ᠤ  ᠲᠦᠭᠡᠮᠡᠯ ᠦᠢᠯᠡᠴᠢᠯᠡᠭᠡᠨ ᠤ ᠲᠤᠷᠰᠢᠯᠲᠠ ᠶᠢᠨ ᠴᠡᠭ ᠤᠨ ᠠᠵᠢᠯ ᠤᠨ ᠲᠣᠬᠠᠢ ᠭᠤᠶᠣᠴᠢᠯᠠᠨ ᠮᠡᠳᠡᠭᠦᠯᠵᠦ᠂ ᠰᠢᠯᠵᠢᠮᠡᠯ  ᠬᠤᠯᠪᠣᠭ᠎ᠠ᠂ ᠴᠠᠬᠢᠯᠭᠠᠨ ᠬᠤᠯᠪᠣᠭ᠎ᠠ᠂ ᠨᠢᠭᠡᠳᠦᠮᠡᠯ ᠬᠤᠯᠪᠣᠭ᠎ᠠ ᠵᠢᠴᠢ ᠡᠯ᠎ᠡ ᠰᠤᠮᠤ ᠪᠠᠯᠭᠠᠰᠤ ᠶᠢ ᠵᠣᠬᠢᠴᠠᠭᠤᠯᠵᠤ᠂  ᠤᠷᠠᠳ ᠤᠨ ᠳᠤᠮᠳᠠᠳᠤ ᠬᠤᠰᠢᠭᠤᠨ ᠤ ᠰᠤᠮᠤ ᠪᠠᠯᠭᠠᠰᠤᠨ ᠤ ᠵᠠᠰᠠᠭ ᠵᠠᠬᠢᠷᠭᠠᠨ ᠤ ᠲᠣᠰᠬᠤᠨ ᠪᠠᠶᠢᠭᠠᠯᠢ ᠶᠢᠨ  ᠲᠣᠰᠬᠤᠨ ᠤ ᠭᠡᠷᠡᠯᠯᠢᠭ ᠰᠢᠷᠬᠡᠭ ᠤᠨ ᠥᠷᠭᠡᠨ ᠪᠦᠰᠡᠲᠦ ᠰᠦᠯᠵᠢᠶ᠎ᠡ ᠪᠠ 4G ᠰᠦᠯᠵᠢᠶᠡᠨ ᠤ ᠳᠣᠬᠢᠶᠠᠨ ᠤ  ᠪᠦᠷᠬᠦᠴᠡ ᠶᠢᠨ ᠪᠦᠷᠢᠳᠬᠡᠯ ᠢ ᠥᠷᠨᠢᠭᠦᠯᠪᠡ᠃ ᠪᠦᠷᠢᠳᠬᠡᠯ ᠪᠠ ᠲᠤᠬᠠᠶ ᠶᠢᠨ ᠭᠠᠵᠠᠷ ᠤᠨ ᠵᠢᠭᠰᠠᠭᠠᠨ  ᠪᠠᠶᠢᠴᠠᠭᠠᠯᠲᠠ ᠪᠠᠷ ᠳᠠᠮᠵᠢᠨ᠂ ᠰᠢᠬ᠎ᠠ ᠭᠤᠤᠯ ᠪᠠᠯᠭᠠᠰᠤ᠂ ᠪᠠᠶ᠋ᠬᠠᠤᠯᠠᠭᠠᠨ ᠰᠤᠮᠤ᠂ ᠰᠢᠨᠡᠬᠦ᠋ᠷᠢᠶ᠎ᠡ ᠰᠤᠮᠤ᠂  ᠬᠤᠯᠤᠰᠤᠲᠠᠶ ᠰᠤᠮᠤ᠂ ᠴᠣᠩᠵᠢ ᠰᠤᠮᠤ᠂ ᠤᠩᠭᠤᠨ ᠪᠠᠯᠭᠠᠰᠤ᠂ ᠭᠠᠭᠴᠠᠮᠣᠳᠣ ᠪᠠᠯᠭᠠᠰᠤ᠂ ᠬᠠᠯᠢᠭᠤᠳᠣ ᠪᠠᠯᠭᠠᠰᠤ᠂   ᠲᠣᠭᠤᠯᠲᠠᠢ ᠡᠭᠦᠯᠳᠡᠷ ᠤᠨ ᠮᠠᠯ ᠤᠨ ᠲᠠᠯᠠᠪᠠᠶ ᠂ ᠮᠦᠶᠠᠩᠬᠠᠢ ᠮᠠᠯᠵᠢᠯ ᠤᠨ ᠲᠠᠯᠠᠪᠠᠶ ᠵᠡᠷᠭᠡ 10 ᠰᠤᠮᠤ ᠪᠠᠯᠭᠠᠰᠤᠨ ᠤ  35 ᠵᠠᠰᠠᠭ ᠵᠠᠬᠢᠷᠭᠠᠨ ᠤ ᠲᠣᠰᠬᠤᠨ ᠤ 45 ᠰᠠᠭᠤᠷᠢ ᠥᠷᠲᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠥᠪᠡᠷᠲᠡᠭᠡᠨ  ᠵᠠᠰᠠᠬᠤ ᠣᠷᠣᠨ ᠤ ᠬᠠᠮᠢᠶᠠᠷᠣᠯᠲᠠ ᠶᠢᠨ ᠲᠣᠪᠴᠢᠶ᠎ᠠ ᠳᠤ ᠳᠡᠭᠡᠭᠰᠢ ᠮᠡᠳᠡᠭᠦᠯᠵᠣ᠂ ᠴᠣᠬᠤᠯᠠᠪᠤᠷᠢᠯᠠᠨ ᠬᠠᠷᠢᠭᠤᠯᠬᠤ ᠶᠢ  ᠬᠦᠯᠢᠶᠡᠵᠣ ᠪᠠᠶᠢᠨ᠎ᠠ᠃
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ