ᠭᠤᠤᠯ ᠨᠠᠭᠤᠷ ᠭᠤᠤ ᠰᠤᠪᠠᠭ ᠤᠨ ᠤᠷᠴᠢᠨ ᠲᠤᠭᠤᠷᠢᠨ ᠢ ᠭᠤᠶᠤᠵᠢᠭᠤᠯᠵᠤ᠂ ᠬᠦᠮᠦᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ | ᠤᠯᠠᠮ ᠲᠠᠭᠠᠯᠠᠮᠵᠢᠳᠠᠢ ᠪᠤᠯᠭᠠᠬᠤ ᠶᠢᠨ ᠲᠤᠰᠠᠳᠠ᠂ ᠤᠶᠢᠷ᠎ᠠ ᠶᠢᠨ ᠡᠳᠦᠷ ᠤᠷᠠᠳ ᠤᠨ ᠡᠮᠦᠨᠡᠳᠦ ᠬᠤᠰᠢᠭᠤ ᠨᠢ ᠤᠯᠠᠨ ᠠᠷᠭ᠎ᠠ ᠪᠠᠷᠢᠯ ᠢ ᠬᠠᠮᠳᠤ ᠳᠤᠨᠢ ᠬᠡᠷᠡᠭᠯᠡᠵᠦ᠂ | 2020 ᠣᠨ ᠤ ᠭᠤᠤᠯ ᠨᠠᠭᠤᠷ ᠤᠨ ︽ᠲᠦᠷᠪᠡᠨ ᠲᠤᠷᠠᠪᠠᠷ︾ ᠪᠠᠶᠢᠬᠤ ᠵᠢᠴᠢ ᠤᠷᠴᠢᠨ ᠲᠤᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠲᠤᠰᠬᠠᠢ | ᠠᠵᠢᠯᠯᠠᠭ᠎ᠠ ᠶᠢ ᠦᠷᠨᠢᠭᠦᠯᠵᠦ᠂ ᠪᠦᠬᠦ ᠬᠤᠰᠢᠭᠤᠨ ᠤ ᠭᠤᠣᠯ ᠤᠨ ᠵᠠᠮ ᠤᠨ ᠲᠤᠳᠤᠷ᠎ᠠ ᠲᠤᠷᠠᠪᠠᠷ ᠡᠵᠡᠯᠡᠬᠦ᠂ ᠲᠤᠷᠠᠪᠠᠷ ᠮᠠᠯᠳᠠᠬᠤ᠂ ᠲᠤᠷᠠᠪᠠᠷ ᠤᠪᠤᠭ᠎ᠠ ᠪᠤᠰᠬᠠᠬᠤ᠂ | ᠲᠤᠷᠠᠪᠠᠷ ᠪᠠᠶᠢᠭᠤᠯᠬᠤ ᠵᠡᠷᠭᠡ ᠲᠤᠪᠤᠶᠢᠮ᠎ᠠ ᠠᠰᠠᠭᠤᠳᠠᠯ ᠢ ᠵᠠᠰᠠᠨ ᠴᠡᠭᠴᠡᠯᠡᠵᠦ᠂ ᠭᠤᠤᠯ ᠤᠨ ᠲᠠᠷᠤᠭ᠎ᠠ ᠶᠢᠨ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠵᠠᠢ᠃ | ᠤᠷᠠᠳ ᠤᠨ ᠡᠮᠦᠨᠡᠳᠦ ᠬᠤᠰᠢᠭᠤ ᠨᠢ ᠨᠡᠶᠢᠳᠡ 312 ᠭᠤᠤᠯ ᠨᠠᠭᠤᠷ ᠭᠤᠤ ᠰᠤᠪᠠᠭ ᠲᠠᠢ ᠪᠠᠶᠢᠵᠤ᠂ ᠡᠭᠦᠨ ᠳᠤ ᠬᠠᠳᠤᠨ ᠭᠤᠤᠯ ᠨᠢᠬᠡ ᠵᠤᠷᠪᠤᠰ ᠢ | ᠡᠵᠡᠯᠡᠵᠦ᠂ ᠠᠭᠤᠯᠠᠨ ᠤ ᠦᠶᠡᠷ ᠤᠨ ᠭᠤᠤ 125᠂ ᠦᠶᠡᠷ ᠢ ᠲᠤᠭᠳᠠᠭᠠᠬᠤ ᠬᠤᠳᠤᠭᠤᠷ 6᠂ ᠤᠰᠤᠯᠠᠯᠳᠠ ᠶᠢᠨ ᠰᠤᠪᠠᠭ 73᠂ ᠤᠰᠤ ᠵᠠᠯᠠᠬᠤ ᠰᠤᠪᠠᠭ 99᠂ | ᠵᠢᠵᠢᠭ ᠨᠠᠭᠤᠷ 2᠂ ᠴᠦᠬᠦᠷᠤᠮ 7 ᠪᠠᠶᠢᠳᠠᠭ᠃ | ᠡᠮᠦᠨᠡᠳᠦ ᠬᠤᠰᠢᠭᠤ ᠤᠶᠢᠷ᠎ᠠ ᠳᠤ 5 ᠲᠤᠮᠤ ᠬᠡᠯᠪᠡᠷᠢ ᠶᠢᠨ ᠮᠠᠯᠳᠠᠭᠤᠷ ᠮᠠᠰᠢᠨ᠂ 10 ᠠᠴᠢᠬᠤ ᠮᠠᠰᠢᠨ ᠢ ᠬᠦᠳᠡᠯᠭᠡᠨ ᠭᠤᠤ ᠰᠤᠪᠠᠭ ᠢ ᠯᠠᠶᠢᠳᠠᠨ | ᠴᠡᠪᠡᠷᠯᠡᠬᠦ ᠶᠢᠨ ᠬᠠᠮᠳᠤ ᠡᠮᠡᠭᠳᠡᠶᠢᠴᠦᠳ ᠤᠨ ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠭᠢ ᠨᠢ ᠬᠤᠭ ᠨᠤᠪᠰᠢ ᠶᠢ ᠴᠡᠪᠡᠷᠯᠡᠪᠡ᠃ | ᠤᠷᠠᠳ ᠤᠨ ᠡᠮᠦᠨᠡᠳᠦ ᠬᠤᠰᠢᠭᠤ ᠨᠢ ᠵᠠᠰᠠᠭ ᠤᠨ ᠤᠷᠳᠤᠨ ᠤ ᠨᠢᠬᠡᠳᠦᠯᠳᠡᠢ ᠪᠠᠶᠢᠷᠢᠯᠠᠭᠤᠯᠤᠯᠳᠠ ᠪᠠᠷ ᠪᠠᠯᠭᠠᠰᠤ ᠲᠤᠰᠬᠤᠨ ᠬᠤᠶᠠᠷ ᠱᠠᠳᠣᠨ ᠤ ᠭᠤᠤᠯ ᠤᠨ | ᠲᠠᠷᠤᠭ᠎ᠠ ᠨᠢ ᠴᠦᠮ ᠱᠠᠭᠠᠷᠳᠠᠯᠭ᠎ᠠ ᠶᠤᠰᠤᠭᠠᠷ ᠬᠠᠷᠢᠶᠠᠯᠠᠭᠳᠠᠵᠤ ᠪᠠᠶᠢᠭ᠎ᠠ ᠭᠤᠤ ᠰᠤᠪᠠᠭ ᠢᠶᠠᠨ ᠴᠠᠭᠳᠠᠨ ᠪᠠᠶᠢᠴᠠᠭᠠᠬᠤ ᠠᠵᠢᠯ ᠢ ᠴᠠᠭ ᠲᠤᠬᠠᠢ ᠳᠤᠨᠢ | ᠰᠡᠶᠢᠳᠪᠦᠷᠢᠯᠡᠵᠦ᠂ ᠨᠢᠬᠡ ᠬᠡᠰᠡᠭ ᠢ ᠴᠡᠪᠡᠷᠯᠡᠪᠡᠯ ᠡᠨᠡᠬᠦ ᠬᠡᠰᠡᠭ ᠢ ᠴᠡᠪᠡᠷᠯᠡᠭᠰᠡᠨ ᠲᠤᠭ᠎ᠠ ᠪᠠᠷᠢᠮᠳᠠ ᠶᠢ ᠲᠤᠳᠤᠷᠬᠠᠢ ᠪᠢᠴᠢᠵᠦ᠂ ᠲᠤᠰ ᠬᠤᠰᠢᠭᠤᠨ ᠤ ᠬᠠᠷᠢᠶᠠᠳᠤ | ᠤᠷᠤᠨ ᠤ ᠬᠡᠰᠡᠭ ᠲᠠᠬᠢ ᠭᠤᠤ ᠰᠤᠪᠠᠭ ᠢ ᠬᠠᠮᠢᠶᠠᠷᠬᠤ ᠬᠦᠮᠦᠨ ᠲᠠᠢ᠂ ᠱᠠᠭᠠᠷᠳᠠᠨ ᠪᠠᠶᠢᠴᠠᠭᠠᠬᠤ ᠬᠦᠮᠦᠨ ᠲᠠᠢ ᠪᠠᠶᠢᠬᠤ ᠶᠢ ᠪᠠᠳᠤᠯᠠᠵᠠᠢ᠃ | ᠲᠤᠰ ᠬᠤᠰᠢᠭᠤ ᠨᠢ ᠭᠤᠷᠪᠠᠨ ᠰᠠᠷ᠎ᠠ ᠶᠢᠨ ᠬᠤᠭᠤᠴᠠᠭ᠎ᠠ ᠶᠢ ᠬᠡᠷᠡᠭᠰᠡᠨ᠂ ᠲᠤᠰᠬᠠᠢ ᠲᠦᠷᠦᠯ ᠢᠶᠠᠷ ᠭᠤᠤᠯ ᠨᠠᠭᠤᠷ ᠭᠤᠤ ᠰᠤᠪᠠᠭ ᠤᠨ ︽ᠲᠤᠷᠠᠪᠠᠷ ᠡᠵᠡᠯᠡᠬᠦ᠂ | ᠲᠤᠷᠠᠪᠠᠷ ᠮᠠᠯᠳᠠᠬᠤ᠂ ᠲᠤᠷᠠᠪᠠᠷ ᠤᠪᠤᠭ᠎ᠠ ᠪᠤᠰᠬᠠᠬᠤ᠂ ᠲᠤᠷᠠᠪᠠᠷ ᠪᠠᠶᠢᠭᠤᠯᠬᠤ ︾ ᠵᠡᠷᠭᠡ ᠲᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠦᠷᠨᠢᠬᠦᠯᠵᠦ᠂ | ᠴᠡᠭᠴᠡᠯᠡᠨ ᠵᠠᠰᠠᠭᠰᠠᠨ ᠪᠠᠶᠢᠳᠠᠯ ᠳᠤ ᠲᠤᠬᠠᠢ ᠶᠢᠨ ᠲᠠᠯᠠᠪᠠᠢ ᠶᠢᠨ ᠬᠢᠨᠠᠨ ᠪᠠᠶᠢᠴᠠᠭᠠᠯᠳᠠ ᠬᠢᠵᠦ᠂ ᠪᠠᠶᠢᠴᠠᠭᠠᠯᠳᠠ ᠠᠴᠠ ᠭᠤᠭᠤᠵᠢᠭᠳᠠᠭᠰᠠᠨ᠂ ᠴᠡᠭᠴᠡᠯᠡᠨ | ᠵᠠᠰᠠᠭᠰᠠᠨ ᠨᠢ ᠬᠦᠷᠦᠯᠴᠡᠬᠦ ᠦᠬᠡᠢ᠂ ᠲᠤᠰᠬᠠᠢ ᠵᠠᠰᠠᠯᠳᠠ ᠬᠢᠭᠰᠡᠨ ᠤ ᠲᠠᠷᠠᠭ᠎ᠠ ᠲᠠᠬᠢᠨ ᠰᠡᠷᠭᠦᠬᠦ ᠵᠡᠷᠭᠡ ᠠᠰᠠᠭᠤᠳᠠᠯ ᠢ ᠭᠤᠤᠯᠳᠠᠯᠠᠭ᠎ᠠ ᠲᠠᠢ ᠬᠢᠨᠠᠨ ᠪᠠᠶᠢᠴᠠᠭᠠᠵᠤ᠂ | ᠠᠮᠠᠷᠬᠠᠨ ᠲᠠᠬᠢᠨ ᠲᠠᠪᠳᠠᠬᠤ ᠴᠡᠭ ᠤᠨ ᠵᠠᠰᠠᠨ ᠴᠡᠭᠴᠡᠯᠡᠯᠳᠡ ᠶᠢᠨ ᠡᠷᠴᠢᠮ ᠢ ᠴᠢᠩᠭᠠᠷᠠᠭᠤᠯᠤᠨ᠂ ᠴᠡᠪᠡᠷᠯᠡᠭᠰᠡᠨ ᠤ ᠲᠠᠷᠠᠭ᠎ᠠ ᠬᠦᠮᠦᠨ ᠲᠤᠭᠳᠠᠭᠠᠬᠤ ᠠᠵᠢᠯ ᠤᠨ | ᠪᠠᠶᠢᠷᠢ ᠲᠤᠭᠳᠠᠭᠠᠬᠤ᠂ ᠬᠠᠷᠢᠭᠤᠴᠠᠯᠭ᠎ᠠ ᠲᠤᠭᠳᠠᠭᠠᠬᠤ ᠶᠢ ᠬᠡᠷᠡᠭᠵᠢᠭᠦᠯᠵᠦ᠂ ᠠᠰᠠᠭᠤᠳᠠᠯ ᠲᠠᠬᠢᠨ ᠢᠯᠡᠷᠡᠬᠦ ᠶᠢ ᠰᠡᠷᠬᠡᠶᠢᠯᠡᠪᠡ᠃ |