ᠤᠷᠠᠳ ᠤᠨ ᠡᠮᠦᠨᠡᠳᠦ ᠬᠤᠰᠢᠭᠤ ᠰᠢᠯᠢᠳᠡᠭ ᠡᠭᠦᠯᠳᠡᠷ ᠤᠨ ︽ᠪᠤᠷᠤᠳᠤᠬᠤᠢ ᠲᠡᠮᠳᠡᠭᠳᠦ︾  ᠪᠤᠭᠤᠳᠠᠢ ᠶᠢ ᠪᠤᠶᠢᠵᠢᠭᠤᠯᠪᠠ
ᠨᠡᠶᠢᠲᠡᠯᠡᠭᠰᠡᠨ ᠴᠠᠭ᠄
2020/6/30
     ᠤᠶᠢᠷ᠎ᠠ ᠶᠢᠨ ᠵᠢᠯ ᠠᠴᠠ ᠨᠠᠰᠢ᠂ ᠤᠷᠠᠳ ᠤᠨ ᠡᠮᠦᠨᠡᠳᠦ ᠬᠤᠰᠢᠭᠤ ᠪᠤᠷᠤᠳᠤᠬᠤᠢ ᠤᠷᠤᠨ ᠤ ᠰᠢᠯᠢᠳᠡᠭ ᠡᠭᠦᠯᠳᠡᠷ ᠢ ᠰᠤᠳᠤᠯᠤᠨ ᠨᠡᠬᠡᠬᠡᠬᠦ ᠠᠵᠢᠯ ᠢ ᠲᠠᠰᠤᠷᠠᠯᠳᠠ ᠦᠬᠡᠢ ᠴᠢᠩᠭᠠᠳᠬᠠᠨ᠂ ᠲᠤᠬᠠᠢ ᠶᠢᠨ ᠭᠠᠵᠠᠷ ᠤᠨ ᠪᠤᠭᠤᠳᠠᠢ ᠶᠢᠨ ᠦᠷᠢᠰᠦᠯᠳᠦᠬᠦ ᠬᠦᠴᠦᠨ ᠢ ᠲᠡᠭᠡᠭᠰᠢᠯᠡᠭᠦᠯᠦᠨ᠂ ᠰᠢᠯᠢᠳᠡᠭ ᠡᠭᠦᠯᠳᠡᠷ ᠤᠨ ︽ ᠪᠤᠷᠤᠳᠤᠬᠤᠢ ᠲᠡᠮᠳᠡᠭᠳᠦ︾  ᠶᠢ ᠪᠤᠶᠢᠵᠢᠭᠤᠯᠵᠤ ᠭᠠᠷᠭᠠᠨ᠂ ᠰᠢᠯᠢᠳᠡᠭ ᠡᠭᠦᠯᠳᠡᠷ ᠤᠨ ᠪᠤᠭᠤᠳᠠᠢ ᠭᠡᠮᠡᠬᠦ ᠲᠦᠯᠦᠬᠡᠨ ᠤ ᠨᠡᠷ᠎ᠡ ᠶᠢ ᠤᠷᠤᠯᠠᠵᠤ ᠴᠢᠳᠠᠭᠰᠠᠨ ᠪᠠᠶᠢᠨ᠎ᠠ᠃       ᠤᠷᠠᠳ ᠤᠨ ᠡᠮᠦᠨᠡᠳᠦ ᠬᠤᠰᠢᠭᠤᠨ ᠤ ᠹᠧᠩ ᠳ᠋ᠠ ᠶᠤᠸᠠᠨ ᠲᠠᠷᠢᠶᠠᠯᠠᠩ ᠤᠨ ᠠᠷᠠᠯᠵᠢᠶᠠᠨ ᠤ ᠬᠢᠵᠠᠭᠠᠷᠳᠤ ᠺᠤᠮᠫᠠᠨᠢ ᠶᠢᠨ 500 ᠮᠤ᠋ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠰᠢᠨ᠎ᠡ ᠲᠠᠷᠢᠭᠰᠠᠨ ᠪᠤᠭᠤᠳᠠᠢ ᠶᠢᠨ ᠴᠢᠬᠢ ᠰᠠᠯᠬᠢᠨ ᠤ ᠠᠶᠠᠰ ᠢᠶᠠᠷ ᠨᠠᠶᠢᠭᠤᠨ᠎ᠠ᠃ ᠡᠨᠡ ᠵᠢᠯ ᠺᠤᠮᠫᠠᠨᠢ ᠠᠴᠠ ᠰᠭᠤᠷᠢᠨ ᠭᠠᠵᠠᠷ ᠲᠤ ᠦᠪᠡᠷ ᠤᠨ ᠰᠤᠩᠭᠤᠵᠤ ᠪᠤᠶᠢᠵᠢᠭᠤᠯᠤᠭᠰᠠᠨ ᠪᠤᠭᠤᠳᠠᠢ ᠶᠢᠨ ᠨᠢᠯᠬ᠎ᠠ ᠴᠢᠬᠢ ᠪᠠᠨ ᠲᠠᠷᠢᠵᠤ᠂ ᠰᠢᠨᠵᠢᠯᠡᠬᠦ ᠤᠬᠠᠭᠠᠨᠴᠢ ᠪᠠᠷ ᠲᠠᠷᠢᠶᠠᠨ ᠭᠠᠵᠠᠷ  ᠲᠤ ᠬᠠᠮᠢᠶᠠᠷᠤᠯᠳᠠ ᠬᠢᠭᠰᠡᠨ ᠠᠴᠠ ᠪᠤᠭᠤᠳᠠᠢ ᠨᠢ ᠰᠠᠶᠢᠨ ᠮᠦᠷᠳᠡᠬᠡᠨ ᠡᠰᠢ ᠨᠢ ᠲᠤᠮᠤ ᠪᠠᠶᠢᠬᠤ ᠶᠢ ᠤᠯᠵᠤ ᠬᠠᠷᠠᠯ᠎ᠠ᠃       ᠲᠤᠰ ᠺᠤᠮᠫᠠᠨᠢ ᠰᠢᠯᠢᠳᠡᠭ ᠡᠭᠦᠯᠳᠡᠷ ᠢ ᠰᠤᠩᠭᠤᠨ ᠪᠤᠶᠢᠵᠢᠭᠤᠯᠬᠤ ᠠᠴᠠ ᠭᠠᠳᠠᠨ᠎ᠠ ᠪᠠᠰᠠ ᠲᠠᠷᠢᠶᠠᠨ ᠭᠠᠵᠠᠷ  ᠤᠨ ᠬᠠᠮᠢᠶᠠᠷᠤᠯᠳᠠ ᠶᠢ ᠭᠤᠣᠯᠴᠢᠯᠠᠨ ᠠᠳᠬᠤᠵᠠᠢ᠃ ᠲᠤᠬᠠᠶᠢᠯᠠᠪᠠᠯ᠂ ᠡᠳᠦᠷ ᠪᠦᠷᠢ ᠭᠠᠵᠠᠷ ᠤᠨ ᠭᠠᠳᠠᠷᠭᠤ ᠶᠢᠨ ᠲᠤᠯᠠᠭᠠᠨ ᠤ ᠬᠡᠮᠵᠢᠶ᠎ᠡ᠂ ᠲᠠᠷᠢᠶᠠᠨ ᠭᠠᠵᠠᠷ ᠤᠨ ᠲᠤᠯᠠᠭᠠᠨ ᠤ ᠬᠡᠮᠵᠢᠶ᠎ᠡ᠂ ᠤᠰᠤᠯᠠᠬᠤ ᠠᠷᠭ᠎ᠠ ᠪᠠᠷᠢᠯ ᠵᠡᠷᠭᠡ ᠳᠤ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠯᠳᠠ ᠬᠢᠵᠦ᠂ ᠤᠶᠤᠨᠴᠢ ᠲᠠᠷᠢᠶᠠᠯᠠᠬᠤ ᠪᠠᠷ ᠭᠤᠤᠯ ᠠᠷᠭ᠎ᠠ ᠪᠠᠷᠢᠯ ᠢᠶᠠᠨ ᠪᠤᠯᠭᠠᠭᠰᠠᠨ ᠠᠴᠠ ᠪᠤᠭᠤᠳᠠᠢ ᠶᠢᠨ ᠤᠷᠭᠤᠯᠳᠠ ᠨᠢ ᠣᠯᠠᠮᠵᠢᠯᠠᠯᠳᠤ ᠤᠷᠭᠤᠯᠳᠠ ᠠᠴᠠ ᠵᠢᠯ ᠳᠤ 100 — 400 ᠵᠢᠩ ᠢᠯᠡᠭᠦᠦ ᠬᠤᠷᠢᠶᠠᠯᠳᠠ ᠤᠯᠬᠤ ᠪᠤᠯᠤᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ