︽ᠪᠠᠶᠠᠨᠨᠠᠭᠤᠷ ᠬᠤᠲᠠ ᠶᠢᠨ ᠭᠡᠨᠡᠳᠲᠡ  ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2020/6/8
     ᠬᠤᠲᠠ ᠶᠢᠨ ᠤᠳᠤᠷᠢᠳᠤᠯᠭ᠎ᠠ ᠶᠢᠨ ᠴᠣᠬᠤᠯᠠᠪᠤᠷᠢᠯᠠᠭᠰᠠᠨ ᠶᠣᠰᠣᠭᠠᠷ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠠᠰᠠᠭ ᠤᠨ ᠣᠷᠳᠣᠨ ᠢ ᠣᠷᠣᠯᠠᠨ ︽ᠪᠠᠶᠠᠨᠨᠠᠭᠤᠷ ᠬᠤᠲᠠ ᠶᠢᠨ ᠭᠡᠨᠡᠳᠲᠡ  ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠢ ᠲᠤᠭᠤᠷᠪᠢᠵᠤ᠂ ᠡᠳᠦᠭᠡ ᠪᠢᠴᠢᠭ ᠮᠠᠲ᠋ᠧᠷᠢᠶᠠᠯ ᠢ ᠲᠤᠭᠤᠷᠪᠢᠭᠰᠠᠨ ᠦᠨᠳᠦᠰᠦᠨ ᠪᠠᠶᠢᠳᠠᠯ ᠤᠨ ᠲᠤᠬᠠᠶ ᠳᠣᠤᠷᠠᠬᠢ ᠮᠡᠲᠦ ᠲᠣᠳᠣᠷᠬᠠᠶᠢᠯᠠᠯᠲᠠ ᠬᠢᠶ᠎ᠡ᠃      ᠨᠢᠭᠡ᠂ ᠪᠢᠴᠢᠭ ᠮᠠᠲ᠋ᠧᠷᠢᠶᠠᠯ ᠲᠤᠭᠤᠷᠪᠢᠭᠰᠠᠨ ᠵᠣᠷᠢᠯᠭ᠎ᠠ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ︽ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ  ᠠᠷᠭᠠᠴᠠᠬᠤ ᠳᠦᠷᠢᠮ︾᠂ ︽ᠤᠯᠤᠰ ᠤᠨ ᠣᠯᠠᠨ  ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠶᠡᠷᠦᠩᠬᠡᠶ ᠪᠠᠴᠢᠮ ᠪᠠᠶᠢᠳᠠᠯ ᠢ ᠠᠷᠭᠠᠴᠠᠬᠤ ᠲᠥᠰᠦᠯ︾᠂ ︽ᠥᠪᠥᠷ ᠮᠣᠩᠭᠤᠯ ᠤᠨ  ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠡᠯᠡᠳᠬᠡᠯ ᠲᠥᠰᠦᠯ ᠢ ᠦᠨᠳᠦᠰᠦᠯᠡᠨ᠂ ᠣᠯᠠᠨ  ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠵᠢᠴᠢ ᠲᠡᠭᠦᠨ ᠤ ᠬᠤᠣᠷ ᠬᠥᠨᠥᠭᠡᠯ ᠢ ᠪᠦᠲᠦᠮᠵᠢᠲᠡᠢ ᠤᠷᠢᠳᠴᠢᠯᠠᠨ ᠰᠡᠷᠭᠡᠶᠢᠯᠡᠵᠦ᠂ ᠴᠠᠭ ᠲᠤᠬᠠᠶ ᠳᠤᠨᠢ ᠬᠢᠵᠠᠭᠠᠷᠯᠠᠬᠤ ᠪᠠ ᠠᠷᠢᠯᠭᠠᠬᠤ ᠶᠢᠨ ᠲᠥᠯᠥᠭᠡ᠂ ᠡᠯ᠎ᠡ ᠲᠥᠷᠥᠯ ᠤᠨ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ  ᠪᠠᠶᠢᠳᠠᠯ ᠢ ᠰᠢᠶᠳᠪᠦᠷᠢᠯᠡᠬᠦ ᠠᠵᠢᠯ ᠢ ᠵᠢᠯᠣᠭᠤᠳᠤᠨ ᠵᠢᠷᠤᠮᠵᠢᠭᠤᠯᠵᠤ᠂ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠣᠯᠠᠨ ᠨᠡᠶᠢᠲᠡ ᠶᠢᠨ ᠡᠷᠡᠭᠦᠯ ᠮᠡᠨᠳᠦ ᠳᠤ ᠤᠴᠠᠷᠠᠭᠤᠯᠤᠭᠰᠠᠨ ᠬᠤᠤᠷ  ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠤᠯᠠᠨ ᠨᠡᠶᠢᠲᠡ ᠶᠢᠨ ᠪᠡᠶ᠎ᠡ ᠰᠡᠳᠬᠢᠯ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠵᠤ᠂  ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠠᠵᠤ ᠠᠬᠤᠶ ᠨᠡᠶᠢᠭᠡᠮ ᠤᠨ ᠪᠦᠬᠦ ᠲᠠᠯ᠎ᠠ ᠶᠢᠨ᠂ ᠵᠣᠬᠢᠴᠠᠩᠭᠤᠶ᠂ ᠦᠷᠭᠦᠯᠵᠢᠯᠡᠬᠦ ᠬᠥᠭᠵᠢᠯᠲᠡ ᠶᠢ ᠠᠬᠢᠭᠤᠯᠤᠨ᠎ᠠ᠃      ᠬᠤᠶᠠᠷ᠂ ᠲᠤᠭᠤᠷᠪᠢᠭᠰᠠᠨ ᠦᠨᠳᠦᠰᠦᠯᠡᠯ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠳᠤ ᠲᠣᠭᠲᠠᠭᠠᠭᠰᠠᠨ ᠨᠢ᠂ ᠬᠤᠰᠢᠭᠤ ᠰᠢᠶᠠᠨ ᠲᠣᠭᠤᠷᠢᠭ ᠵᠢᠴᠢ ᠲᠡᠭᠦᠨ ᠠᠴᠠ ᠳᠡᠭᠡᠭᠰᠢᠬᠢ ᠠᠷᠠᠳ ᠤᠨ ᠵᠠᠰᠠᠭ ‍ᠤᠨ‌ᠣᠷᠳᠣᠨ ᠨᠢ ᠲᠣᠰ ᠪᠡᠯᠡᠳᠬᠡᠯ  ᠲᠥᠰᠦᠯ ᠳᠤ  ᠭᠠᠵᠠᠷ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠭᠠᠵᠠᠷ ᠣᠷᠣᠨ ᠤ ᠪᠠᠨ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠲᠣᠭᠲᠠᠭᠠᠬᠤ ᠬᠡᠷᠡᠭᠲᠡᠶ᠃      ᠭᠤᠷᠪᠠ᠂ ᠲᠤᠭᠤᠷᠪᠢᠭᠰᠠᠨ ᠶᠠᠪᠤᠴᠠ      1. ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠢᠭᠡᠳᠦᠭᠡᠷ ᠳᠡᠰ ᠤᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ  ᠡᠬᠢᠯᠡᠭᠦᠯᠦᠭᠰᠡᠨ ᠤ ᠳᠠᠷᠠᠭ᠎ᠠ᠂ ᠬᠤᠲᠠ ᠶᠢᠨ ᠤᠳᠤᠷᠢᠳᠤᠯᠭ᠎ᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠦᠬᠦ ᠬᠤᠲᠠ  ᠶᠢᠨ ᠭᠡᠨᠡᠳᠲᠡ  ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠤᠭᠤᠷᠪᠢᠬᠤ ᠪᠠᠷ ᠲᠣᠬᠢᠷᠠᠭᠤᠯᠪᠠ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠳᠤᠷᠢᠳᠤᠯᠭ᠎ᠠ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠳᠤ ︽ᠪᠠᠶᠠᠨᠨᠠᠭᠤᠷ ᠬᠤᠲᠠ ᠶᠢᠨ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ︵ᠡᠬᠡ ᠨᠣᠣᠷᠠᠭ︶︾  ᠲᠤᠭᠤᠷᠪᠢᠬᠤ ᠶᠢ ᠲᠣᠬᠢᠷᠠᠭᠤᠯᠤᠭᠰᠠᠨ ᠪᠥᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠳᠤᠷᠢᠳᠤᠯᠭ᠎ᠠ ᠪᠠ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠰᠠᠨᠠᠯ ᠢ ᠬᠤᠷᠢᠶᠠᠪᠠ᠃      2. 1 ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ  ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2020 ︺ 3 ᠳ᠋ᠤᠭᠠᠷ ᠲᠣᠭᠠᠲᠤ︶  ᠢ ᠪᠠᠭᠤᠯᠭᠠᠭᠰᠠᠨ ᠤ ᠳᠠᠷᠠᠭ᠎ᠠ᠂ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠨᠠᠷᠢᠨ ᠪᠢᠴᠢᠭ ᠤᠨ ᠳᠠᠷᠤᠭ᠎ᠠ ᠠᠴᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠦᠬᠦᠢ ᠨᠢᠭᠡᠴᠡ ᠲᠠᠢ ᠬᠠᠮᠲᠤᠷᠠᠨ ᠮᠠᠨ ᠤ ᠬᠤᠲᠠ ᠶᠢᠨ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠨ᠎ᠠ  ᠭᠡᠵᠦ  ᠴᠣᠬᠤᠯᠠᠪᠤᠷᠢ ᠥᠭᠪᠡ᠃      3. ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠦᠨᠳᠦᠰᠦᠯᠡᠨ᠂ ︽ᠪᠠᠶᠠᠨᠨᠠᠭᠤᠷ ᠬᠤᠲᠠ ᠶᠢᠨ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠳᠤ ᠳᠠᠬᠢᠨᠲᠠ ᠵᠠᠰᠠᠪᠤᠷᠢ ᠣᠷᠣᠭᠤᠯᠤᠭᠰᠠᠨ ᠪᠥᠭᠡᠳ ᠲᠥᠪᠯᠡᠷᠡᠭᠦᠯᠦᠨ ᠵᠠᠬᠢᠳᠠᠯ ᠶᠠᠪᠤᠭᠤᠯᠵᠤ  ᠂ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ᠂ ᠤᠯᠤᠰ ᠲᠥᠷᠥ  ᠬᠠᠤᠯᠢ ᠴᠠᠭᠠᠵᠠ ᠶᠢᠨ ᠵᠥᠪᠯᠡᠯ᠂ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢᠨ ᠠᠯᠪᠠᠨ ᠭᠡᠷ᠂ ᠵᠠᠰᠠᠭ ᠤᠨ  ᠣᠷᠳᠣᠨ ᠤ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ  ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠲᠡᠭᠡᠭᠡᠪᠦᠷᠢ ᠶᠢᠨ ᠲᠣᠪᠴᠢᠶ᠎ᠠ᠂  ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋  ᠲᠧᠯᠸᠢᠰ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠵᠠᠰᠠᠭ  ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠴᠠᠭ ᠠᠭᠤᠷ ᠤᠨ ᠬᠠᠮᠢᠶᠠᠷᠤᠯᠲᠠ ᠶᠢᠨ ᠲᠣᠪᠴᠢᠶ᠎ᠠ᠂ ᠤᠯᠠᠭᠠᠨ ᠵᠠᠯᠮᠠᠭᠠᠶᠢᠲᠠᠨ ᠤ ᠨᠡᠶᠢᠭᠡᠮᠯᠢᠭ᠂ ᠪᠠᠶᠠᠨᠨᠠᠭᠤᠷ ᠤᠨ ᠴᠡᠷᠢᠭ ᠤᠨ ᠬᠤᠪᠢᠶᠠᠷᠢ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠪᠠᠶᠠᠨᠨᠠᠭᠤᠷ  ᠤᠨ ᠰᠠᠯᠪᠤᠷᠢ ᠠᠩᠭᠢ᠂ ᠤᠷᠠᠳ ᠪᠣᠭᠤᠮᠲᠠ᠂ ᠯᠢᠨ ᠾᠧ ᠭᠠᠯᠲᠤ ᠲᠡᠷᠭᠡᠨ ᠥᠷᠲᠡᠭᠡ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠰᠠᠨᠠᠯ ᠬᠤᠷᠢᠶᠠᠪᠠ᠃ 1 ᠰᠠᠷ᠎ᠠ ᠶᠢᠨ 27 ᠤ ᠡᠳᠦᠷ᠂ ᠡᠯ᠎ᠡ ᠨᠢᠭᠡᠴᠡ ᠶᠢᠨ ᠰᠠᠨᠠᠯ᠂ ᠰᠠᠨᠠᠭᠤᠯᠭ᠎ᠠ ᠶᠢ ᠡᠮᠬᠢᠳᠬᠡᠨ ᠬᠤᠷᠢᠶᠠᠩᠭᠤᠶᠢᠯᠠᠭᠰᠠᠨ ᠤ ᠳᠠᠷᠠᠭ᠎ᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠳᠠᠬᠢᠨ ᠵᠠᠰᠠᠪᠤᠷᠢ ᠣᠷᠣᠭᠤᠯᠪᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ