ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠥᠷᠪᠡᠳᠦᠭᠡᠷ ᠬᠤᠭᠤᠴᠠᠭᠠᠨ ᠤ ᠠᠷᠪᠠᠨ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠵᠧᠤ ᠢᠦᠶ ᠯᠢᠨ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2020/7/21
     7 ᠰᠠᠷ᠎ᠠ ᠶᠢᠨ 20 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠥᠷᠪᠡᠳᠦᠭᠡᠷ ᠬᠤᠭᠤᠴᠠᠭᠠᠨ ᠤ ᠠᠷᠪᠠᠨ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ  ᠶᠢᠨ ᠬᠤᠷᠠᠯ ᠯᠢᠨ ᠾᠧ ᠳᠤ ᠬᠤᠷᠠᠯᠳᠤᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠧᠤ ᠢᠦᠶ ᠯᠢᠨ ᠬᠤᠷᠠᠯ ᠢ ᠡᠷᠬᠢᠯᠡᠵᠦ᠂ ᠳᠡᠳ᠋ ᠲᠡᠷᠢᠭᠦᠯᠡᠭᠴᠢ ᠸᠠᠩ ᡁᠢ ᠶᠦᠨ᠂ ᠲᠤᠭ᠂ ᠰᠢᠤᠢ ᠺᠠᠩ ᠨᠢᠩ᠂ ᠨᠢᠶᠧ ᠵᠢᠶᠠᠨ ᠵᠥᠩ᠂ ᠶᠢᠨ ᠵᠣᠣ ᠮᠢᠩ᠂ ᠡᠩᠬᠡᠵᠢᠷᠭᠠᠯ᠂ ᠡᠤ ᠴᠢᠩ ᠰᠢᠶᠠ᠂ ᠯᠢᠦᠶ ᠱᠧᠩ ᠹᠦ᠋ ᠬᠤᠷᠠᠯ ᠳᠤ ᠣᠷᠣᠯᠴᠠᠵᠠᠶ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠦᠨ ᠠᠶ ᠹᠠᠩ᠂ ᠬᠤᠲᠠ ᠶᠢᠨ ᠳᠡᠳ᠋ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠮᠠᠨ ᠤ ᠬᠤᠲᠠ ᠶᠢᠨ ᠣᠳᠣ ᠦᠶ᠎ᠡ ᠶᠢᠨ ᠲᠠᠷᠢᠶᠠᠯᠠᠩ ᠢ ᠲᠦᠷᠭᠡᠳᠬᠡᠨ ᠬᠥᠭᠵᠢᠭᠦᠯᠵᠦ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ︽ᠮᠠᠨ ᠤ ᠬᠤᠲᠠ ᠶᠢᠨ ᠣᠳᠣ ᠦᠶ᠎ᠡ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠶᠢ ᠲᠠᠨᠢᠯᠴᠠᠭᠤᠯᠵᠠᠶ᠃ ᠬᠤᠷᠠᠯ ᠳᠤ ᠣᠷᠣᠯᠴᠠᠭᠰᠠᠳ ᠠᠴᠠ ᠰᠠᠨᠠᠯ ᠬᠤᠷᠢᠶᠠᠪᠠ᠃ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠯᠢᠨ ᠾᠧ ᠲᠣᠭᠤᠷᠢᠭ᠂ ᠬᠠᠩᠭᠢᠨ ᠬᠤᠶᠢᠲᠤ ᠬᠤᠰᠢᠭᠤ᠂ ᠦᠶᠤᠸᠠᠨ ᠰᠢᠶᠠᠨ ᠤ ᠵᠠᠰᠠᠭ ᠤᠨ ᠣᠷᠳᠣᠨ ᠤ ᠬᠠᠷᠢᠭᠤᠴᠠᠯᠭᠠᠳᠠᠨ ᠲᠤᠰᠬᠠᠶ ᠰᠡᠳᠦᠪᠲᠦ ᠶᠠᠷᠢᠶ᠎ᠠ ᠲᠠᠯᠪᠢᠪᠠ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ︽ᠳᠥᠷᠪᠡ ᠶᠢ ᠬᠢᠵᠠᠭᠠᠷᠯᠠᠬᠤ︾ ᠵᠡᠷᠭᠡ ᠠᠰᠠᠭᠤᠳᠠᠯ ᠤᠨ ᠲᠤᠬᠠᠶ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠦᠴᠢᠷ ᠤᠨ ᠲᠤᠰᠬᠠᠶ ᠮᠡᠷᠭᠡᠵᠢᠯᠲᠡᠨ ᠲᠠᠢ ᠰᠠᠨᠠᠯ ᠢᠶᠠᠨ ᠰᠣᠯᠢᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠤᠯᠤᠰ ᠲᠥᠷᠥ ᠶᠢᠨ ᠵᠦᠪᠯᠡᠯᠭᠡᠨ ᠳᠤ ᠣᠷᠣᠯᠴᠠᠭᠰᠠᠨ ᠡᠯ᠎ᠡ ᠨᠢᠭᠡᠴᠡ ᠦᠵᠡᠯ ᠰᠠᠨᠠᠭ᠎ᠠ ᠪᠠᠨ ᠨᠢᠭᠡᠳᠬᠡᠵᠦ᠂ ᠬᠠᠷᠢᠭᠤᠴᠠᠯᠭ᠎ᠠ ᠡᠭᠦᠷᠭᠡ  ᠪᠠᠨ ᠴᠢᠩᠭᠠᠳᠬᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠬᠦ ᠡᠯ᠎ᠡ ᠵᠦᠢᠯ ᠤᠨ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠢ ᠤᠬᠠᠭᠤᠯᠵᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠬᠠᠪᠰᠤᠷᠤᠨ ᠰᠡᠵᠢᠭᠯᠡᠯ ᠢ ᠲᠠᠶᠢᠯᠵᠤ ᠪᠦᠯᠬᠦᠮᠳᠡᠨ ᠡᠷᠴᠢ ᠵᠣᠷᠢᠭ ᠢᠶᠠᠨ ᠬᠥᠪᠴᠢᠯᠡᠬᠦ ᠠᠵᠢᠯ ᠢ ᠢᠯᠡᠭᠦᠬᠡᠨ ᠬᠢᠵᠦ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠬᠦ ᠳᠤ ᠠᠰᠢᠭᠲᠠᠶ ᠬᠠᠮᠲᠤ ᠶᠢᠨ ᠲᠠᠨᠢᠯᠲᠠ ᠶᠢ ᠦᠷᠭᠦᠯᠵᠢᠯᠡᠨ ᠨᠢᠭᠲᠠᠷᠠᠭᠤᠯᠵᠤ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃      ᠬᠤᠷᠠᠯ ᠠᠴᠠ ᠪᠠᠰᠠ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠤᠴᠢᠷ ᠶᠠᠪᠤᠳᠠᠯ ᠢ ᠬᠢᠨᠠᠨ ᠵᠥᠪᠯᠡᠵᠦ ᠪᠠᠲᠤᠯᠠᠪᠠ᠃  
ᠢᠷᠡᠯᠲᠡ᠄ ᠲᠤᠰ ᠰᠦᠯᠵᠢᠶ᠎ᠠ